ᠨᠠᠷᠡᠰᠦᠨ ᠪᠠᠯᠭᠠᠰᠤ ᠶᠢᠨ ᠳᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/10/31
     ᠨᠡᠷᠡᠰᠦᠨ ᠪᠠᠯᠭᠠᠰᠤᠨ ᠳᠤ ᠮᠢᠩᠭᠠᠨ ᠤᠨ ᠤ ᠲᠤᠮᠳᠠᠳᠤ ᠶᠢᠨ ᠲᠤᠰᠤᠯᠢᠭ ᠨᠠᠷᠡᠰᠦᠨ ᠮᠤᠳᠤ ᠪᠠᠶᠢᠳᠠᠭ ᠠᠴᠠ ᠳᠡᠬᠡᠵᠤ ᠨᠡᠷᠡᠯᠡᠭᠳᠡᠵᠡᠢ᠃ 2005 ᠤᠨ ᠤ 7
ᠰᠠᠷ᠎ᠡ ᠳᠤ᠂ ᠴᠤᠸᠠᠨ ᠵᠠᠩ ᠪᠠᠯᠭᠠᠰᠤ᠂ ᠰᠢᠷᠭ᠎ᠠ ᠶᠢᠨ ᠲᠠᠯ᠎ᠠ ᠪᠠᠯᠭᠠᠰᠤ ᠶᠢ ᠨᠢᠬᠡᠳᠬᠡᠬᠡᠳ ᠨᠠᠷᠡᠰᠤᠨ ᠪᠠᠯᠭᠠᠰᠤ ᠶᠢ ᠪᠦᠷᠢᠯᠳᠦᠬᠦᠯᠵᠡᠢ᠂ ᠪᠠᠯᠭᠠᠰᠤᠨ ᠤ ᠠᠷᠡᠳ ᠤᠨ ᠵᠠᠰᠠᠬ ᠤᠨ ᠤᠷᠳᠤᠨ ᠨᠢ ᠡᠦ ᠲᠤ ᠮᠧᠨ ᠳᠤᠰᠬᠤᠨ ᠳᠤ ᠪᠠᠶᠢᠷᠢᠰᠢᠵᠦ ᠪᠤᠢ᠃ ᠨᠠᠷᠡᠰᠦᠨ ᠪᠠᠯᠭᠠᠰᠤ ᠮᠤᠤᠡᠤᠰᠤ ᠶᠢᠨ ᠡᠯᠡᠰᠦᠷᠬᠡᠭ ᠭᠠᠵᠠᠷ ᠤᠨ ᠵᠡᠬᠦᠨ ᠬᠦᠪᠡᠭᠡ᠂ ᠵᠡᠬᠦᠨᠭᠠᠷ ᠬᠤᠰᠢᠭᠤᠨ ᠤ ᠪᠠᠷᠠᠭᠤᠨ ᠡᠮᠦᠨ᠎ᠡ  ᠬᠡᠰᠡᠭ   ᠢᠶᠠᠷ ᠪᠠᠶᠢᠷᠢᠰᠢᠵᠤ᠂ ᠵᠡᠬᠦᠨᠰᠢ ᠪᠠᠨ ᠱᠠᠬᠳᠠᠷ ᠪᠠᠯᠭᠠᠰᠤ ᠲᠠᠢ  ᠰᠠᠪᠠᠯᠠᠵᠦ᠂ ᠡᠮᠦᠨᠡᠰᠢ ᠪᠠᠨ  ᠱᠠᠨᠰᠢ ᠮᠤᠵᠢ ᠶᠢᠨ ᠹᠦ᠋ ᠭᠦ᠋ ᠰᠢᠶᠡᠨ ᠲᠠᠢ ᠵᠠᠯᠭᠠᠯᠳᠤᠵᠦ᠂ ᠪᠠᠷᠠᠭᠤᠨᠰᠢ ᠪᠠᠨ ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤ ᠲᠠᠢ ᠨᠢᠭᠤᠷᠯᠡᠨ᠂ ᠤᠮᠠᠷᠠᠰᠢ ᠪᠠᠨ ᠨᠤᠸᠠᠨ ᠱᠦᠢ ᠰᠢᠶᠡᠩ ᠲᠠᠢ ᠵᠠᠯᠭᠠᠯᠳᠤᠵᠤ ᠪᠤᠢ᠃      ᠪᠠᠯᠭᠠᠰᠤ ᠶᠢᠨ  ᠶᠡᠷᠦᠩᠬᠡᠢ ᠳᠠᠯᠠᠪᠠᠢ 838 ᠬᠠᠪᠳᠠᠭᠠᠢ ᠳᠦᠷᠪᠡᠯᠵᠢᠨ ᠺᠢᠯᠤᠮᠧᠲᠷ ᠪᠠᠶᠢᠵᠦ᠂ ᠬᠠᠷᠢᠶᠡᠨ ᠳᠤ  ᠨᠢ 19 ᠵᠠᠰᠠᠬ ᠵᠠᠬᠢᠷᠭᠠᠨ ᠤ ᠳᠤᠰᠬᠤᠨ᠂ 201 ᠪᠠᠶᠢᠭᠠᠯᠢᠯᠢᠬ ᠳᠤᠰᠬᠤᠨ ᠲᠠᠢ᠂ ᠡᠷᠦᠬᠡ ᠠᠮᠠ ᠶᠢᠨ ᠲᠤᠭᠠᠨ ᠳᠤ ᠪᠠᠶᠢᠭ᠎ᠠ ᠨᠢ 9030 ᠡᠷᠦᠬᠡ᠂ 24511 ᠬᠦᠮᠦᠨ ᠠᠮᠠ᠂ ᠪᠠᠶᠢᠡᠭᠭᠤ ᠰᠠᠭᠤᠭ᠎ᠠ ᠨᠢ 4672 ᠡᠷᠦᠬᠡ᠂ 12866 ᠬᠦᠮᠦᠨ ᠠᠮᠠ᠂ ᠨᠡᠬᠦᠳᠡᠯ ᠬᠦᠮᠦᠨ ᠠᠮᠠ ᠨᠢ 2.7 ᠳᠦᠮᠡ ᠪᠤᠢ᠃ ᠨᠠᠷᠡᠰᠦᠨ ᠪᠠᠯᠭᠠᠰᠤ ᠶᠢᠨ ᠨᠡᠬᠦᠷᠡᠰᠦᠨ ᠤ ᠡᠬᠢ ᠪᠠᠶᠠᠯᠢᠬ ᠡᠯᠪᠡᠭ ᠪᠤᠯᠬᠤᠷ ᠪᠦᠬᠦ ᠬᠤᠰᠢᠭᠤ ᠴᠢᠨᠠᠬᠰᠢᠯᠡᠨ ᠪᠦᠬᠦ ᠬᠤᠳᠠ ᠶᠢᠨ ᠬᠠᠮᠤᠬ ᠶᠡᠭᠡ ᠠᠭᠤᠷᠬᠠᠢ ᠶᠢᠨ ᠤᠷᠤᠨ ᠲᠠᠢ ᠪᠠᠯᠭᠠᠰᠤ ᠪᠤᠯᠵᠦ᠂ 477.09 ᠬᠠᠪᠳᠠᠭᠠᠢ ᠳᠦᠷᠪᠡᠯᠵᠢᠨ  ᠺᠢᠯᠤᠮᠧᠲᠷ ᠤᠨ ᠠᠭᠤᠷᠬᠠᠢ ᠶᠢᠨ ᠤᠷᠤᠨ  ᠳᠤ᠂ 17 ᠵᠠᠰᠠᠬ ᠵᠠᠬᠢᠷᠭᠠᠨ ᠤ ᠳᠤᠰᠬᠤᠨ ᠪᠠ 134 ᠪᠠᠶᠢᠭᠠᠯᠢᠯᠢᠬ ᠳᠤᠰᠬᠤᠨ ᠲᠠᠢ ᠪᠠᠶᠢᠬᠤ ᠮᠦᠷᠳᠡᠬᠡᠨ ᠪᠦᠬᠦᠨ ᠢᠶᠠᠷ ᠢᠶᠠᠨ ᠪᠤᠶᠤ ᠵᠠᠷᠢᠮ ᠬᠡᠰᠡᠭ ᠤᠳ ᠨᠢ ᠠᠭᠤᠷᠬᠠᠢ ᠶᠢᠨ ᠦᠢᠷᠠᠯᠴᠠᠭ᠎ᠠ ᠪᠠᠶᠢᠵᠤ᠂ ᠬᠢᠵᠠᠭᠠᠷ ᠲᠤᠳᠤᠷ᠎ᠠ ᠨᠢᠬᠡᠨᠳᠡ ᠬᠠᠶᠢᠨ ᠳᠤᠳᠤᠯᠠᠬᠰᠠᠨ ᠨᠡᠬᠦᠷᠡᠰᠦᠨ ᠤ ᠬᠠᠳᠠᠭᠠᠯᠠᠬᠳᠠᠴᠠ ᠨᠢ 91 ᠳ᠋ᠦᠡᠭᠰᠢᠭᠤᠷ ᠳᠤᠨ᠋᠊ᠨ᠋ᠨ ᠳᠤ ᠬᠦᠷᠴᠤ᠂ ᠪᠦᠬᠦ ᠬᠤᠰᠢᠭᠤᠨ ᠤ ᠵᠢᠷᠭᠤᠭᠠᠨ ᠤ ᠨᠢᠬᠡ ᠬᠤᠪᠢ ᠶᠢ ᠡᠵᠡᠯᠡᠪᠡ᠃ ᠪᠦᠬᠦ ᠪᠠᠯᠭᠠᠰᠤᠨ ᠳᠤ ᠤᠳᠤᠬᠠᠨ ᠳᠤ ᠪᠠᠨ 58 ᠨᠡᠬᠦᠷᠡᠰᠦᠨ ᠠᠭᠤᠷᠬᠠᠢ ᠪᠠᠶᠢᠵᠦ᠂ ᠡᠬᠦᠨ ᠳᠤ 30 ᠰᠠᠭᠤᠷᠢ ᠶᠢ ᠨᠢ ᠶᠡᠷᠦᠩᠬᠡᠶᠢᠯᠡᠨ ᠨᠡᠬᠡᠬᠡᠨ ᠠᠰᠢᠬᠯᠠᠵᠦ᠂ 20 ᠰᠠᠭᠤᠷᠢ ᠨᠢ ᠵᠠᠳᠠᠭᠠᠢ ᠨᠡᠬᠦᠷᠡᠰᠦᠨ ᠠᠭᠤᠷᠬᠠᠢ ᠪᠠᠶᠢᠵᠦ᠂ 2017 ᠤᠨ ᠳᠤ 8900 ᠳᠦᠮᠡᠨ ᠳᠤᠨ᠋᠊ᠨ᠋ᠨ ᠲᠦᠬᠦᠬᠡᠢ ᠨᠡᠬᠦᠷᠡᠰᠦ ᠶᠢ ᠪᠤᠷᠤᠯᠠᠭᠤᠯᠵᠤ᠂ ᠬᠦᠮᠦᠨ ᠲᠤᠮᠳᠠᠴᠢ   ᠶᠢᠨ ᠳᠤᠬᠢᠷᠠᠭᠤᠯᠵᠤ ᠪᠤᠯᠬᠤ ᠤᠷᠤᠯᠭ᠎ᠠ ᠨᠢ 16900 ᠳᠦᠬᠦᠷᠢᠭ ᠲᠤ ᠬᠦᠷᠪᠠ᠃ ᠵᠢᠭᠤᠯᠴᠢᠯᠡᠯ ᠤᠨ ᠡᠬᠢ ᠪᠠᠶᠠᠯᠢᠬ ᠨᠢ ᠦᠪᠡᠷᠮᠢᠴᠠ ᠤᠨᠴᠠᠯᠢᠭ ᠲᠠᠢ᠂ ᠤᠯᠤᠰ ᠤᠨ 4A ᠳᠡᠰ ᠤᠨ ᠵᠢᠭᠤᠯᠴᠢᠯᠡᠯ ᠤᠨ ᠤᠷᠤᠨ ᠪᠤᠯᠬᠤ ︽ᠨᠠᠷᠡᠰᠦᠨ ᠸᠠᠩ︾ ᠤᠨ ᠦᠵᠡᠮᠵᠢ ᠶᠢᠨ ᠤᠷᠤᠨ ᠨᠢ ᠵᠢᠯ ᠪᠦᠷᠢ10 ᠳᠦᠮᠡ ᠭᠠᠷᠤᠢ ᠬᠦᠮᠦᠨ ᠤᠳᠠᠭ᠎ᠠ ᠶᠢᠨ ᠵᠢᠭᠤᠯᠴᠢᠳ ᠢ ᠬᠦᠯᠢᠶᠠᠨ ᠠᠪᠴᠤ ᠪᠤᠢ᠃ ᠠᠭᠤᠢ ᠶᠢᠨ ᠰᠦᠮ᠎ᠡ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠤᠢ ᠰᠢᠭᠤᠢ ᠨᠢ ᠢᠬᠴᠤ ᠰᠠᠬᠤᠯᠢᠬ᠂ ᠲᠤᠳᠤᠷ᠎ᠠ ᠨᠢ 2000 ᠢᠯᠡᠬᠦᠦ ᠮᠦ ᠶᠢᠨ ᠡᠬᠦᠰᠦᠮᠡᠯ ᠤᠢ ᠪᠠᠶᠢᠵᠦ᠂ ᠲᠡᠷᠡ ᠨᠢ ᠤᠷᠳᠤᠰ ᠤᠨ ᠡᠷᠳᠡᠨ ᠤ ᠡᠬᠡ ᠬᠠᠭᠤᠷᠡᠢ ᠶᠢᠨ ᠪᠠᠯᠠᠷᠯᠢᠬ ᠤᠷᠭᠤᠮᠠᠯ ᠤᠨ ᠬᠤᠴᠢᠯᠭ᠎ᠠ ᠶᠢᠨ ᠤᠷᠤᠨ ᠪᠤᠯᠪᠠ᠃
ᠢᠷᠡᠯᠲᠡ᠄ ᠲᠤᠰ ᠰᠦᠯᠵᠢᠶ᠎ᠡ