ᠳ᠋ᠠ ᠯᠦ ᠪᠠᠯᠭᠠᠰᠤᠨ ᠤ ᠳᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/10/31
    ᠨᠢᠬᠡ᠂ ᠦᠨᠳᠦᠰᠦᠨ ᠪᠠᠶᠢᠳᠠᠯ     ᠳ᠋ᠠ ᠯᠦ ᠪᠠᠯᠭᠠᠰᠤ ᠵᠡᠬᠦᠨᠭᠠᠷ ᠬᠤᠰᠢᠭᠤᠨ ᠤ ᠵᠡᠬᠦᠨ ᠪᠡᠶ᠎ᠠ ᠳᠤ ᠪᠠᠶᠢᠷᠢᠯᠠᠳᠠᠭ ᠪᠤᠯᠬᠤᠷ ᠲᠡᠬᠦᠨ ᠢ ᠤᠷᠳᠤᠰ ᠤᠨ ᠵᠡᠬᠦᠨ   ᠲᠤᠮᠤ ᠬᠠᠭᠠᠯᠭ᠎ᠠ ᠬᠡᠮᠡᠭᠳᠡᠳᠡᠭ᠃ ᠪᠠᠯᠭᠠᠰᠤᠨ ᠤ ᠶᠡᠷᠦᠩᠬᠡᠢ ᠳᠠᠯᠠᠪᠠᠢ 733.9 ᠬᠠᠪᠳᠠᠭᠠᠢ ᠳᠦᠷᠪᠡᠯᠵᠢᠨ ᠺᠢᠯᠤᠮᠧᠲᠷ ᠪᠠᠶᠢᠵᠦ᠂ ᠬᠠᠷᠢᠶᠡᠨ ᠳᠤ  ᠨᠢ 12 ᠵᠠᠰᠠᠬ ᠵᠠᠬᠢᠷᠭᠠᠨ ᠤ ᠳᠤᠰᠬᠤᠨ᠂ 1 ᠨᠡᠶᠢᠬᠡᠮ ᠳᠤᠭᠤᠷᠢᠬ᠂ 112 ᠳᠠᠷᠢᠶᠠᠯᠠᠩ ᠤᠨ ᠬᠤᠷᠰᠢᠶ᠎ᠠ  ᠪᠠᠶᠢᠳᠠᠭ᠃ ᠡᠷᠦᠬᠡ ᠠᠮᠠ ᠶᠢᠨ   ᠲᠠᠩᠰᠠ ᠲᠠᠢ ᠨᠢ 10197 ᠡᠷᠦᠬᠡ᠂ 23102 ᠬᠦᠮᠦᠨ ᠠᠮᠠ  ᠪᠠᠶᠢᠵᠦ᠂  ᠡᠬᠦᠨ ᠳᠤ ᠪᠠᠶᠢᠡᠭᠭᠤ ᠰᠠᠭᠤᠭ᠎ᠠ ᠨᠢ 5128 ᠡᠷᠦᠬᠡ ᠂ 13423 ᠬᠦᠮᠦᠨ᠂ ᠴᠦᠬᠡᠨ ᠳᠤᠭᠠᠳᠤ ᠦᠨᠳᠦᠰᠦᠳᠡᠨ ᠨᠢ 1315 ᠡᠷᠦᠬᠡ᠂ 3170 ᠬᠦᠮᠦᠨ ᠪᠤᠢ᠃ ᠳ᠋ᠠ ᠯᠦ ᠪᠠᠯᠭᠠᠰᠤᠨ ᠤ ᠨᠠᠮ ᠤᠨ ᠬᠤᠷᠢᠶ᠎ᠠ ᠶᠢᠨ ᠬᠠᠷᠢᠶᠡᠨ ᠳᠤ 15 ᠨᠠᠮ ᠤᠨ ᠡᠬᠦᠷ ᠲᠠᠢ ︵1 ᠠᠯᠪᠠᠨ ᠪᠠᠶᠢᠭᠤᠯᠭ᠎ᠠ ᠶᠢᠨ ᠨᠠᠮ ᠤᠨ ᠡᠬᠦᠷ᠂ 1 ᠨᠡᠶᠢᠬᠡᠮ ᠳᠤᠭᠤᠷᠢᠬ ᠤᠨ ᠨᠠᠮ ᠤᠨ ᠡᠬᠦᠷ᠂ 12 ᠬᠦᠳᠡᠭᠡ ᠳᠤᠰᠬᠤᠨ ᠤ ᠨᠠᠮ ᠤᠨ ᠡᠬᠦᠷ᠂ 1 ᠠᠵᠤ ᠠᠬᠤᠢᠢᠯᠡᠯ ᠤᠨ ᠨᠠᠮ ᠤᠨ ᠡᠬᠦᠷ ᠲᠠᠢ︶᠂ ᠨᠠᠮ ᠤᠨ ᠬᠡᠰᠢᠬᠦᠨ   ᠤ  ᠪᠦᠬᠦ ᠲᠤᠭ᠎ᠠ   ᠨᠢ 682  ᠪᠠᠶᠢᠵᠦ᠂ ᠡᠬᠦᠨ ᠳᠤ ᠵᠢᠩᠬᠢᠨᠢ ᠨᠠᠮ ᠤᠨ ᠬᠡᠰᠢᠬᠦᠨ  676  ᠂ ᠪᠡᠯᠡᠳᠬᠡᠯ ᠨᠠᠮ ᠤᠨ ᠬᠡᠰᠢᠬᠦᠨ 6  ᠪᠤᠢ᠃ ᠪᠠᠯᠭᠠᠰᠤᠨ ᠤ ᠳᠠᠷᠢᠶᠡᠨ ᠭᠠᠵᠠᠷ ᠤᠨ ᠳᠠᠯᠠᠪᠠᠢ ᠨᠢ 6.7 ᠳᠦᠮᠡᠨ ᠮᠦ᠂ ᠡᠬᠦᠨ ᠳᠤ 4.5 ᠳᠦᠮᠡᠨ ᠮᠦ ᠶᠢᠨ ᠤᠰᠤᠨ ᠭᠠᠵᠠᠷ ᠲᠠᠢ  ᠪᠠᠶᠢᠵᠦ᠂ ᠲᠡᠷᠡᠪᠡᠷ ᠮᠠᠰᠢᠨᠴᠢᠯᠡᠯᠳᠡ ᠪᠠᠷ ᠳᠡᠷᠢᠬᠤ ᠶᠢ ᠦᠨᠳᠦᠰᠦᠨ ᠳᠤ ᠪᠠᠨ ᠪᠡᠶᠡᠯᠡᠬᠦᠯᠳ᠂ ᠳᠤᠯᠠᠭᠠᠨ ᠬᠦᠯᠡᠮᠵᠢ ᠶᠢ 905 ᠰᠠᠭᠤᠷᠢ 590 ᠭᠠᠷᠤᠢ ᠮᠦ ᠪᠠᠶᠢᠭᠤᠯᠵᠦ᠂ ᠵᠢᠭᠠᠰᠤ ᠳᠡᠵᠢᠬᠡᠬᠦ ᠳᠠᠯᠠᠪᠠᠢ ᠶᠢ 4500 ᠮᠦ ᠬᠦᠭᠵᠢᠬᠦᠯᠵᠦ᠂  ᠬᠠᠰᠢᠶᠠᠨ ᠳᠤ ᠪᠠᠶᠢᠭ᠎ᠠ  ᠪᠤᠳᠠ ᠪᠤᠭ ᠮᠠᠯ 10 ᠭᠠᠷᠤᠢ ᠳᠦᠮᠡᠨ ᠲᠤᠯᠤᠭᠠᠢ   ᠳᠤ ᠬᠦᠷᠴᠤ᠂  ᠪᠦᠬᠦ  ᠪᠠᠯᠭᠠᠰᠤᠨ ᠳᠤ ᠤᠳᠤ ᠪᠠᠶᠢᠭ᠎ᠠ  ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 544  ᠪᠤᠢ᠃      ᠳ᠋ᠠ ᠯᠦ ᠪᠠᠯᠭᠠᠰᠤᠨ ᠤ ᠡᠬᠢ ᠪᠠᠶᠠᠯᠢᠬ᠂ ᠤᠷᠴᠢᠨ ᠳᠤᠭᠤᠷᠢᠨ᠂ ᠤᠷᠤᠨ ᠲᠤᠭᠤᠷᠢᠭ ᠤᠨ ᠪᠠᠶᠢᠷᠢᠰᠢᠯ ᠪᠠ ᠵᠠᠮ ᠬᠠᠷᠢᠯᠴᠠᠭᠠᠨ ᠤ ᠳᠠᠪᠠᠭᠤᠯᠢᠬ ᠨᠢ ᠳᠤᠪᠤᠶᠢᠮ᠎ᠠ ᠪᠠᠶᠢᠵᠦ᠂ ᠪᠦᠬᠦ ᠪᠠᠯᠭᠠᠰᠤᠨ ᠤ ᠤᠢ ᠰᠢᠭᠤᠢ ᠶᠢᠨ ᠪᠦᠷᠬᠦᠴᠡ ᠨᠢ 33% ᠲᠤ ᠬᠦᠷᠴᠦ᠂ ᠨᠡᠬᠦᠷᠡᠰᠦ᠂ ᠬᠠᠶᠢᠷ ᠴᠢᠯᠠᠭᠤ᠂ ᠤᠰᠤᠨ ᠤ ᠡᠬᠢ ᠪᠠᠶᠠᠯᠢᠬ ᠤᠨ ᠬᠠᠳᠠᠭᠠᠯᠠᠬᠳᠠᠴᠠ ᠴᠤ ᠳᠤᠩ ᠡᠯᠪᠡᠭ ᠪᠠᠶᠢᠳᠠᠭ᠃ ᠪᠦᠬᠦ  ᠬᠤᠰᠢᠭᠤ ᠪᠠᠷ   ᠢᠶᠠᠨ ᠨᠡᠬᠦᠷᠡᠰᠦ᠂ ᠨᠡᠬᠦᠷᠡᠰᠦ ᠬᠢᠮᠢ ᠶᠢᠨ ᠠᠵᠤ ᠦᠢᠯᠡᠳᠪᠤᠷᠢ᠂ ᠨᠡᠬᠦᠷᠡᠰᠦ ᠴᠠᠬᠢᠯᠭᠠᠨ ᠬᠦᠡᠭᠬᠡᠨᠴᠠᠭᠠᠨ᠂ ᠸᠠᠭᠠᠷ ᠱᠠᠭᠠᠵᠠᠩ ᠳᠦᠷᠪᠡᠨ ᠳᠤᠮᠤ ᠠᠵᠤ ᠦᠢᠯᠡᠰ ᠤᠨ ᠰᠦᠷᠦᠭᠵᠢᠯ ᠢ ᠶᠠᠭ ᠰᠠᠶᠢᠬᠠᠨ ᠪᠠᠶᠢᠭᠤᠯᠵᠦ ᠪᠠᠶᠢᠬᠤ ᠳᠤ᠂ ᠮᠠᠨ ᠤ  ᠪᠠᠯᠭᠠᠰᠤᠨ ᠳᠤ ᠬᠤᠯᠪᠤᠬᠳᠠᠬᠤ ᠭᠤᠷᠪᠡᠨ ᠳᠤᠮᠤ ᠰᠦᠷᠦᠭᠵᠢᠯ ᠪᠤᠯᠬᠤ ᠳ᠋ᠠ ᠯᠦ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠨᠡᠬᠦᠷᠡᠰᠦ ᠴᠠᠬᠢᠯᠭᠠᠨ ᠬᠦᠡᠭᠬᠡᠨᠴᠠᠭᠠᠨ ᠤ ᠬᠦᠷᠢᠶᠡᠯᠡᠩ ᠳᠤᠭᠤᠷᠢᠬ᠂ ᠨᠡᠬᠦᠷᠡᠰᠦ ᠪᠠᠷ ᠰᠠᠭᠤᠷᠢᠯᠠᠬᠰᠠᠨ ᠴᠡᠪᠡᠷ ᠡᠨᠧᠷᠬᠢ ᠶᠢᠨ ᠰᠠᠭᠤᠷᠢᠨ ᠭᠠᠵᠠᠷ ᠪᠠᠶᠢᠵᠦ᠂ ᠲᠡᠳᠡᠬᠡᠷ ᠨᠢ ᠪᠠᠯᠭᠠᠰᠤᠨ ᠤ  ᠲᠤᠮᠳᠠ ᠪᠠᠷᠠᠭᠤᠨ ᠪᠡᠶ᠎ᠠ ᠳᠤ ᠪᠠᠶᠢᠷᠢᠯᠠᠵᠦ ᠪᠤᠢ᠃ ᠬᠦᠬᠡᠬᠤᠳᠠ ᠠᠴᠠ ᠵᠡᠬᠦᠨᠭᠠᠷ ᠬᠦᠷᠬᠦ ᠳᠠᠮᠤᠷ ᠵᠠᠮ᠂ 103 ᠮᠤᠵᠢ ᠶᠢᠨ ᠵᠠᠮ ᠱᠤᠭᠤᠮ᠂ ᠶᠠᠩ ᠵᠢᠢ ᠵᠠᠮ ᠱᠤᠭᠤᠮ ᠂ ᠬᠠᠳᠤᠨ ᠭᠤᠤᠯ ᠳᠠᠭᠠᠤ ᠨᠢᠬᠡᠳᠦᠬᠡᠷ ᠳᠡᠰ ᠤᠨ ᠵᠠᠰᠠᠮᠠᠯ ᠵᠠᠮ᠂ ᠵᠡᠬᠦᠨᠭᠠᠷ ᠠᠴᠠ ᠰᠢᠩ ᠪᠠ ᠬᠦᠷᠬᠦ ᠬᠦᠨᠳᠦ ᠠᠴᠢᠶᠡᠨ ᠤ  ᠲᠡᠭᠡᠳᠤ ᠬᠤᠷᠳᠤᠴᠠᠳᠤ ᠵᠠᠰᠠᠮᠠᠯ ᠵᠠᠮ᠂ ᠰᠢᠤᠸᠡᠢ ᠵᠢᠶᠠ ᠸᠡᠨ ᠠᠴᠠ ᠳ᠋ᠠ ᠯᠦ ᠬᠦᠷᠬᠦ ᠳᠦᠷᠬᠡᠨ ᠵᠠᠮ᠂ ᠴᠸᠡᠭ ᠳ᠋ᠠ ᠬᠤᠳᠠ ᠳᠤᠭᠤᠷᠢᠬᠰᠠᠨ ᠵᠠᠮ ᠱᠤᠭᠤᠮ ᠬᠢᠵᠠᠭᠠᠷ ᠢᠶᠠᠷ ᠨᠢ  ᠦᠡᠭᠬᠡᠷᠡᠵᠦ᠂ ᠬᠦᠬᠡᠬᠤᠳᠠ ᠪᠤᠭᠤᠳᠤ ᠤᠷᠳᠤᠰ ᠤᠨ ᠳᠦᠷᠬᠡᠨ ᠬᠤᠷᠳᠤᠴᠠᠳᠤ ᠳᠠᠮᠤᠷ ᠵᠠᠮ ᠴᠤ ᠨᠡᠪᠳᠡᠷᠡᠭᠰᠡᠨ ᠪᠠᠶᠢᠨ᠎ᠠ᠃ ︽ᠭᠤᠷᠪᠡᠨ ᠤᠷᠤᠨ︾    ᠤ ᠬᠤᠪᠢᠶᠠᠷᠢᠯᠠᠯᠳᠠ ᠶᠢ ᠦᠨᠳᠦᠰᠦᠯᠡᠪᠡᠯ᠂ ᠰᠢᠶᠤᠤ ᠳᠠᠨ ᠽᠢ᠂ ᠴᠢᠶᠠᠨ ᠹᠠᠨᠭ᠌ ᠽᠢ᠂ ᠴᠸᠡᠭ ᠬᠤᠤ᠂ ᠳ᠋ᠠ ᠭᠸᠤ᠂ ᠤᠯᠠᠭᠠᠨᠪᠤᠯᠠᠭ ᠳᠤᠰᠬᠤᠨ ᠨᠢ ᠰᠢᠯᠢᠳᠡᠭᠵᠢᠬᠦᠯᠦᠨ ᠬᠦᠭᠵᠢᠬᠦᠯᠬᠦ ᠤᠷᠤᠨ ᠪᠤᠯᠪᠠ᠃ ᠤᠷᠭᠢᠭᠤᠴᠢ᠂  ᠯᠤᠤᠰ ᠤᠨ ᠭᠤᠤᠯ᠂ ᠾᠧ ᠵᠢᠶᠠ ᠲᠠ ᠭᠤᠷᠪᠡᠨ ᠳᠤᠰᠬᠤᠨ ᠨᠢ ᠬᠦᠭᠵᠢᠬᠦᠯᠬᠦ   ᠶᠢ  ᠬᠢᠵᠠᠭᠠᠷᠯᠠᠬᠤ ᠤᠷᠤᠨ ᠪᠤᠯᠪᠠ᠃  ᠵᠢᠰᠠ ᠶᠢᠨ ᠰᠢᠯᠢ᠂  ᠵᠡᠭᠦᠨ ᠭᠦᠨᠳᠠᠢ᠂ ᠹᠠᠨᠭ᠌ ᠽᠢ ᠲᠡᠨ᠂ ᠡᠯ ᠳ᠋ᠠᠨ ᠴᠢᠶᠤᠤ ᠳᠦᠷᠪᠡᠨ ᠳᠤᠰᠬᠤᠨ ᠨᠢ ᠬᠦᠭᠵᠢᠬᠦᠯᠬᠦ ᠶᠢ ᠬᠤᠷᠢᠬᠯᠠᠬᠤ ᠤᠷᠤᠨ ᠪᠤᠯᠪᠠ᠃ ᠪᠠᠯᠭᠠᠰᠤ ᠨᠢ ︽ᠭᠤᠷᠪᠡᠨ ᠳᠠᠷᠢᠶᠠᠯᠠᠯ ᠳᠤ ᠦᠢᠯᠡᠴᠢᠯᠡᠵᠦ᠂ ᠬᠦᠷᠢᠶᠡᠯᠡᠩ ᠳᠤᠭᠤᠷᠢᠬ ᠲᠤ ᠦᠢᠯᠡᠴᠢᠯᠡᠵᠦ᠂ ᠠᠵᠤ ᠠᠬᠤᠢᠢᠯᠡᠯ ᠳᠤ ᠦᠢᠯᠡᠴᠢᠯᠡᠬᠦ︾ ᠵᠠᠷᠴᠢᠮ ᠶᠤᠰᠤᠭᠠᠷ᠂ ᠬᠦᠬᠡᠬᠤᠳᠠ ᠪᠤᠭᠤᠳᠤ ᠤᠷᠳᠤᠰ ᠤᠨ ᠵᠤᠬᠢᠴᠠᠩᠭᠤᠢ ᠬᠦᠭᠵᠢᠯᠳᠡ ᠶᠢᠨ ᠠᠵᠠ ᠳᠤᠬᠢᠶᠠᠯ ᠢ ᠠᠳᠬᠤᠵᠤ᠂ ︽ᠬᠤᠶᠡᠷ ᠳᠤᠮᠤ ᠰᠠᠭᠤᠷᠢᠨ ᠭᠠᠵᠠᠷ︾᠂ ︽ᠭᠤᠷᠪᠡᠨ ᠳᠤᠮᠤ ᠠᠵᠤ ᠦᠢᠯᠡᠰ ᠤᠨ ᠰᠦᠷᠦᠭᠵᠢᠯ︾ ᠤᠨ ᠪᠦᠳᠦᠬᠡᠨ ᠪᠠᠶᠢᠭᠤᠯᠤᠯᠳᠠ ᠶᠢᠨ ᠳᠤᠭᠤᠷᠢᠨ ᠳᠤ᠂ ︽ᠳᠠᠷᠢᠶᠠᠯᠠᠩ ᠢᠶᠠᠷ ᠠᠷᠡᠳ ᠢᠶᠠᠨ ᠪᠠᠶᠠᠵᠢᠭᠤᠯᠵᠦ᠂ ᠠᠵᠤ ᠦᠢᠯᠡᠳᠪᠦᠷᠢ ᠪᠠᠷ ᠪᠠᠯᠭᠠᠰᠤ ᠪᠠᠨ ᠬᠦᠴᠦᠷᠭᠡᠭᠵᠢᠬᠦᠯᠤᠨ᠂ ᠭᠤᠷᠪᠠᠨ ᠠᠵᠤ ᠦᠢᠯᠡᠰ ᠢᠶᠠᠷ ᠪᠠᠯᠭᠠᠰᠤ ᠪᠠᠨ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠬᠡᠳ ᠪᠦᠬᠦ ᠪᠠᠯᠭᠠᠰᠤᠨ ᠤ ᠠᠵᠤ ᠠᠬᠤᠢ ᠨᠡᠶᠢᠬᠡᠮ ᠪᠦᠬᠦ ᠳᠠᠯ᠎ᠠ ᠪᠠᠷ ᠬᠦᠭᠵᠢᠵᠡᠢ᠃ 2017 ᠤᠨ ᠳᠤ ᠪᠦᠬᠦ ᠪᠠᠯᠭᠠᠰᠤᠨ ᠤ ᠬᠦᠳᠡᠭᠡ ᠳᠤᠰᠬᠤᠨ ᠳᠤ ᠪᠠᠶᠢᠡᠭᠭᠤ ᠰᠠᠭᠤᠭ᠎ᠠ ᠬᠦᠮᠦᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠨᠢ 17200 ᠳᠦᠬᠦᠷᠢᠭ ᠲᠤ ᠬᠦᠷᠴᠡᠢ᠃      ᠬᠤᠶᠠᠷ᠂ ︽ᠭᠤᠷᠪᠡᠨ ᠳᠤᠮᠤ  ᠪᠤᠭᠤᠮᠳᠠ ᠰᠢᠪᠳᠤᠯᠬᠤ ᠳᠠᠶᠢᠯᠠᠯᠳᠤᠭᠠᠨ︾ ᠤ ᠪᠠᠶᠢᠳᠠᠯ      ᠨᠢᠬᠡ ᠳᠤ ᠴᠢᠬᠤᠯᠠ ᠲᠤᠮᠤ ᠠᠶᠤᠯ ᠳᠦᠭᠰᠢᠬᠦᠷᠢ ᠶᠢ ᠰᠡᠷᠬᠡᠶᠢᠯᠡᠨ ᠨᠠᠮᠳᠠᠭᠤᠯᠬᠤ  ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠪᠡ᠃ ᠳ᠋ᠠ ᠯᠦ ᠪᠠᠯᠭᠠᠰᠤᠨ ᠤ ︽ᠠᠷᠪᠡ ᠶᠢ ᠪᠦᠷᠬᠦᠬᠦᠯᠬᠦ︾ ᠵᠢᠴᠢ ᠰᠢᠨ᠎ᠡ ᠬᠦᠳᠡᠭᠡ ᠳᠤᠰᠬᠤᠨ ᠤ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ  ᠪᠠᠷᠢᠯᠭ᠎ᠠ ᠶᠢᠨ  ᠦᠷᠢ ᠦᠭᠴᠡᠭᠡ ᠶᠢ ᠳᠦᠯᠦᠪᠦᠷᠢᠯᠡᠬᠦ ᠳᠦᠰᠦᠯ ᠶᠤᠰᠤᠭᠠᠷ ᠦᠷᠢ ᠦᠭᠴᠡᠭᠡ ᠪᠠᠨ   ᠲᠦᠯᠦᠵᠦ᠂ ᠳᠦᠰᠦᠪ ᠤᠨ ᠲᠤᠬᠢᠷᠠᠭᠤᠯᠭ᠎ᠠ ᠪᠠ ᠬᠢᠨᠠᠨ ᠪᠤᠳᠤᠵᠦ ᠬᠠᠰᠤᠬᠤ᠂ ᠡᠳ᠋ ᠬᠦᠷᠦᠩᠬᠡ ᠪᠠᠷ ᠲᠤᠯᠭᠠᠨ ᠤᠷᠤᠯᠠᠭᠤᠯᠬᠤ ᠵᠡᠷᠬᠡ ᠠᠷᠭ᠎ᠠ ᠪᠠᠷᠢᠯ ᠢᠶᠠᠷ ᠲᠠᠮᠵᠢᠭᠤᠯᠤᠨ ᠵᠠᠰᠠᠬ ᠤᠨ ᠤᠷᠳᠤᠨ ᠤ ᠦᠷᠢ ᠦᠭᠴᠡᠭᠡ ᠶᠢᠨ 30% ᠶᠢ ᠳᠦᠯᠦᠪᠦᠷᠢᠯᠡᠬᠦ ᠪᠠᠷ ᠳᠦᠯᠦᠪᠯᠡᠪᠠ᠃  ᠨᠠᠷᠢᠯᠠᠵᠦ ᠠᠮᠢᠳᠤᠷᠠᠬᠤ ᠦᠵᠡᠯ ᠰᠠᠨᠠᠭ᠎ᠠ ᠶᠢ ᠪᠤᠢ ᠪᠤᠯᠭᠠᠵᠤ᠂ ᠡᠩ ᠤᠨ ᠴᠢᠨᠡᠷᠳᠡᠢ ᠵᠠᠷᠤᠳᠠᠯ ᠢ ᠠᠷᠪᠢᠯᠠᠪᠠ᠃ 2018 ᠤᠨ ᠤ 3 ᠰᠠᠷ᠎ᠡ ᠶᠢᠨ ᠰᠡᠬᠦᠯᠴᠢ ᠪᠤᠯᠳᠠᠯ᠎ᠠ ᠡᠳ᠋ ᠤᠨ ᠵᠠᠰᠠᠬ ᠤᠨ ᠶᠠᠮᠤᠨ ᠤ ᠤᠷᠤᠨ  ᠨᠤᠳᠤᠭ ᠤᠨ  ᠴᠢᠨᠡᠷᠳᠡᠢ ᠦᠷᠢ ᠦᠭᠴᠡᠭᠡ ᠶᠢᠨ ᠰᠢᠰᠲ᠋ᠧᠮ ᠤᠨ  ᠬᠠᠳᠠᠭᠠᠯᠠᠬᠰᠠᠨ  ᠦᠯᠡᠳᠡᠪᠤᠷᠢ ᠦᠷᠢ ᠦᠭᠴᠡᠭᠡ ᠨᠢ 230. 54 ᠳᠦᠮᠡᠨ ᠳᠦᠬᠦᠷᠢᠭ ᠲᠤ ᠬᠦᠷᠪᠡ᠃ ᠤᠳᠤ ᠪᠦᠬᠦᠨ ᠢ ᠵᠢᠬᠡᠯᠡᠯᠬᠡ ᠶᠢᠨ ᠲᠡᠮᠳᠡᠭᠳᠤ ᠪᠤᠯᠭᠠᠨ ᠰᠤᠯᠢᠬᠤ ᠪᠠᠷ ᠭᠤᠶᠤᠴᠢᠯᠠᠪᠠ᠃      ᠬᠤᠶᠠᠷ ᠲᠤ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ  ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠪᠠ᠃ 2014 ᠤᠨ ᠳᠤ᠂ ᠪᠦᠬᠦ ᠪᠠᠯᠭᠠᠰᠤᠨ ᠤ   ᠬᠢᠨ169 ᠡᠷᠦᠬᠡ ᠶᠢ ᠶᠠᠳᠠᠭᠤ ᠬᠦᠴᠷᠢᠳᠡᠯᠳᠡᠢ ᠡᠷᠦᠬᠡ ᠪᠠᠷ ᠢᠯᠭᠠᠨ ᠳᠤᠳᠤᠯᠠᠵᠤ᠂ ᠬᠢᠨᠠᠨ ᠪᠤᠳᠤᠵᠤ ᠰᠢᠯᠭᠠᠨ ᠪᠠᠶᠢᠴᠠᠭᠠᠬᠤ ᠪᠠᠷ ᠳᠡᠮᠵᠢᠨ 24 ᠡᠷᠦᠬᠡ ᠶᠢ ᠬᠠᠰᠤᠵᠤ 76 ᠡᠷᠦᠬᠡ ᠶᠢ ᠶᠠᠳᠠᠭᠤ ᠠᠴᠠ ᠠᠩᠬᠢᠵᠢᠷᠠᠭᠤᠯᠪᠠ᠃ 2015 ᠤᠨ ᠳᠤ   ᠶᠠᠳᠠᠭᠤ ᠬᠦᠴᠢᠷᠳᠡᠯᠳᠡᠢ ᠡᠷᠦᠬᠡ ᠶᠢ ᠢᠯᠭᠠᠨ ᠲᠤᠳᠤᠯᠠᠬᠰᠠᠨ ᠦᠬᠡᠢ᠂  ᠮᠥᠨ ᠵᠢᠯ ᠳᠤ 63 ᠡᠷᠦᠬᠡ ᠶᠢ ᠶᠠᠳᠠᠭᠤ ᠠᠴᠠ ᠠᠩᠬᠢᠵᠢᠷᠠᠭᠤᠯᠪᠠ᠃ 2016 ᠤᠨ ᠳᠤ 20 ᠡᠷᠦᠬᠡ ᠶᠢ ᠰᠢᠨ᠎ᠠ ᠪᠠᠷ ᠤᠯᠤᠰ ᠤᠨ ᠳᠡᠰ ᠤᠨ ᠶᠠᠳᠠᠭᠤ ᠬᠦᠴᠢᠷᠳᠡᠯᠳᠡᠢ ᠡᠷᠦᠬᠡ ᠪᠤᠯᠭᠠᠨ ᠢᠯᠭᠠᠨ ᠳᠤᠳᠤᠯᠠᠵᠤ᠂ ᠳᠤᠰ ᠵᠢᠯ ᠤᠨ ᠰᠡᠬᠦᠯᠴᠢ ᠪᠤᠯᠬᠤ ᠳᠤ ᠪᠦᠬᠦᠨ ᠢ ᠶᠠᠳᠠᠭᠤ ᠠᠴᠠ ᠠᠩᠬᠢᠵᠢᠷᠠᠭᠤᠯᠪᠠ᠃ ᠡᠬᠦᠨ ᠳᠤ ᠶᠠᠳᠠᠭᠤᠷᠠᠬᠰᠠᠨ ᠭᠤᠤᠯ ᠰᠢᠯᠳᠠᠭᠠᠨ ᠬᠡᠪᠡᠯ᠂ ᠡᠪᠡᠳᠴᠢᠨ ᠡᠮᠬᠡᠭ ᠠᠴᠠ ᠪᠤᠯᠵᠦ ᠶᠠᠳᠠᠭᠤᠷᠠᠬᠰᠠᠨ ᠨᠢ 64 ᠡᠷᠦᠬᠡ᠂ ᠵᠡᠮᠳᠡᠭ ᠠᠴᠠ  ᠪᠤᠯᠵᠦ ᠶᠠᠳᠠᠭᠤᠷᠠᠬᠰᠠᠨ   ᠨᠢ 12 ᠡᠷᠦᠬᠡ᠂ ᠮᠡᠷᠬᠡᠵᠢᠯ ᠳᠤᠳᠠᠬᠳᠠᠬᠰᠠᠨ  ᠠᠴᠠ   ᠪᠤᠯᠵᠦ ᠶᠠᠳᠠᠭᠤᠷᠠᠬᠰᠠᠨ ᠨᠢ 6 ᠡᠷᠦᠬᠡ᠂ ᠬᠦᠳᠡᠯᠮᠤᠷᠢ ᠬᠦᠴᠦᠨ ᠳᠤᠳᠠᠬᠳᠠᠬᠰᠠᠨ  ᠠᠴᠠ ᠪᠤᠯᠵᠦ  ᠶᠠᠳᠠᠭᠤᠷᠠᠬᠰᠠᠨ ᠨᠢ 22 ᠡᠷᠦᠬᠡ᠂ ᠰᠤᠷᠤᠯᠭ᠎ᠠ ᠠᠴᠠ  ᠪᠤᠯᠵᠦ ᠶᠠᠳᠠᠭᠤᠷᠠᠬᠰᠠᠨ ᠨᠢ 17 ᠡᠷᠦᠬᠡ᠂ ᠪᠡᠯᠡ ᠮᠦᠡᠭᠬᠦ ᠳᠤᠳᠠᠬᠳᠠᠬᠰᠠᠨ  ᠠᠴᠠ ᠪᠤᠯᠵᠦ  ᠶᠠᠳᠠᠭᠤᠷᠠᠬᠰᠠᠨ  ᠨᠢ 28 ᠡᠷᠦᠬᠡ᠂ ᠭᠠᠵᠠᠷ ᠨᠤᠳᠤᠬ ᠬᠦᠷᠦᠯᠴᠡᠬᠦ ᠦᠬᠡᠢ  ᠠᠴᠠ ᠪᠤᠯᠵᠦ ᠶᠠᠳᠠᠭᠤᠷᠠᠬᠰᠠᠨ ᠨᠢ 13 ᠡᠷᠦᠬᠡ᠂ ᠦᠪᠡᠷ ᠤᠨ  ᠪᠡᠶ᠎ᠠ ᠶᠢᠨ ᠬᠦᠭᠵᠢᠯᠳᠡ ᠶᠢᠨ ᠬᠦᠳᠡᠯᠬᠡᠬᠦ ᠬᠦᠴᠦᠨ ᠬᠦᠢᠴᠡᠳ ᠪᠤᠰᠤ  ᠠᠴᠠ ᠪᠤᠯᠵᠦ  ᠶᠠᠳᠠᠭᠤᠷᠠᠬᠰᠠᠨ ᠨᠢ 2 ᠡᠷᠦᠬᠡ᠂ ᠭᠠᠮᠰᠢᠬ ᠠᠴᠠ  ᠪᠤᠯᠵᠦ ᠶᠠᠳᠠᠭᠤᠷᠠᠬᠰᠠᠨ ᠨᠢ 1 ᠡᠷᠦᠬᠡ ᠪᠠᠶᠢᠪᠠ᠃ 2018 ᠤᠨ ᠳᠤ ᠮᠠᠨ ᠤ ᠪᠠᠯᠭᠠᠰᠤ ᠶᠠᠳᠠᠭᠤ ᠠᠴᠠ  ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠳᠦᠷᠦᠯ ᠤᠨ ᠢᠵᠢ ᠪᠦᠷᠢᠳᠦᠭᠰᠡᠨ ᠳᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠡᠷᠡᠬᠦᠯ ᠮᠠᠨᠳᠤ   ᠪᠠᠷ ᠶᠠᠳᠠᠭᠤ  ᠶᠢ ᠳᠡᠳᠬᠦᠬᠦ ᠶᠢ ᠠᠬᠢᠭᠤᠯᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠡᠮ ᠡᠮᠨᠡᠯᠬᠡ ᠶᠢᠨ ᠪᠠᠳᠤᠯᠠᠭ᠎ᠠ ᠪᠠ ᠠᠪᠤᠷᠡᠨ ᠳᠤᠰᠠᠯᠠᠬᠤ ᠬᠢᠷᠢ ᠳᠦᠪᠰᠢᠨ ᠢ ᠳᠡᠭᠡᠭᠰᠢᠯᠡᠬᠦᠯᠦᠨ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠪᠠ ᠨᠡᠶᠢᠬᠡᠮ ᠤᠨ ᠪᠠᠳᠤᠯᠠᠭ᠎ᠠ ᠶᠢᠨ ᠠᠵᠢᠯ ᠢ ᠦᠷᠬᠦᠯᠵᠢᠯᠡᠨ ᠠᠬᠢᠭᠤᠯᠤᠬᠰᠠᠭᠠᠷ  ᠢᠷᠡᠪᠡ᠃ ᠳᠠᠭᠠᠭᠠᠴᠢᠯᠡᠨ ᠳᠡᠳᠬᠦᠬᠦ ᠺᠠᠳ᠋ᠷ ᠲᠤ ᠪᠤᠯᠪᠠᠰᠤᠷᠡᠯ ᠬᠦᠷᠳᠡᠬᠡᠬᠦ᠂ ᠶᠠᠳᠠᠭᠤ ᠶᠢ ᠳᠡᠳᠬᠦᠬᠦ ᠠᠯᠤᠰ ᠬᠡᠳᠦ ᠶᠢᠨ ᠳᠦᠯᠦᠪᠵᠢᠬᠦᠯᠬᠡ ᠶᠢ ᠳᠤᠬᠳᠠᠭᠠᠬᠤ᠂ ᠳᠠᠩᠰᠠ ᠮᠠᠲ᠋ᠧᠷᠢᠶᠡᠯ ᠤᠨ ᠬᠠᠮᠢᠶᠠᠷᠤᠯᠳᠠ ᠪᠠ ᠶᠠᠳᠠᠭᠤ ᠬᠦᠴᠢᠷᠳᠡᠯᠳᠡᠢ ᠡᠷᠦᠬᠡ ᠶᠢᠨ ᠠᠷᠢᠭᠤᠨ ᠬᠦᠳᠡᠯᠮᠤᠷᠢ ᠪᠠᠷ ᠢᠶᠠᠨ ᠪᠠᠶᠠᠵᠢᠬᠤ ᠴᠢᠳᠠᠪᠤᠷᠢ ᠶᠢ ᠳᠡᠭᠡᠭᠰᠢᠯᠡᠬᠦᠯᠬᠦ ᠵᠡᠷᠬᠡ ᠠᠵᠢᠯ ᠢ ᠰᠠᠶᠢᠳᠤᠷ ᠠᠳᠬᠤᠪᠠ᠃ ᠤᠯᠠᠨ ᠠᠷᠭ᠎ᠠ ᠵᠠᠮ ᠢᠶᠠᠷ ᠶᠠᠳᠠᠭᠤ ᠶᠢ ᠳᠡᠳᠬᠦᠵᠤ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠪᠠᠨ ᠴᠢᠩᠭᠠᠳᠬᠠᠪᠠ᠃ ᠬᠦᠭᠵᠢᠯᠳᠡ ᠶᠢᠨ ᠳᠠᠯᠳᠠ ᠬᠦᠴᠦᠨ ᠲᠠᠢ ᠶᠠᠳᠠᠭᠤ ᠬᠦᠴᠢᠷᠳᠡᠯᠳᠡᠢ ᠡᠷᠦᠬᠡ ᠶᠢ ᠰᠤᠩᠭᠤᠨ ᠠᠵᠤ ᠦᠢᠯᠡᠰ ᠢᠶᠠᠷ ᠳᠡᠳᠬᠦᠵᠤ᠂ ᠮᠡᠷᠬᠡᠵᠢᠯ ᠤᠨ ᠪᠤᠯᠪᠠᠰᠤᠷᠡᠯ ᠬᠦᠷᠳᠡᠬᠡᠬᠦ᠂ ᠺᠠᠳ᠋ᠷ ᠡᠷᠦᠬᠡ ᠶᠢ ᠳᠠᠭᠠᠭᠠᠴᠢᠯᠠᠬᠤ᠂ ᠳᠦᠷᠦ ᠶᠢᠨ ᠪᠤᠳᠤᠯᠭ᠎ᠠ ᠪᠠᠷ ᠲᠡᠳᠬᠦᠨ ᠳᠡᠮᠵᠢᠬᠦ᠂ ᠴᠢᠳᠠᠪᠤᠷᠢᠳᠠᠨ ᠳᠠᠶᠢᠴᠢᠯᠡᠨ ᠳᠠᠭᠠᠭᠤᠯᠬᠤ ᠵᠡᠷᠬᠡ ᠨᠠᠶᠢᠯᠠᠯ ᠠᠷᠭ᠎ᠠ ᠪᠠᠷᠢᠯ ᠢᠶᠠᠷ ᠳ᠋ᠠ ᠯᠦ ᠪᠠᠯᠭᠠᠰᠤᠨ ᠤ ᠠᠵᠤ ᠦᠢᠯᠡᠰ ᠢᠶᠠᠷ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠬᠦᠭᠵᠢᠯᠳᠡ ᠶᠢᠨ ᠳᠦᠯᠦᠪᠵᠢᠬᠦᠯᠬᠡ ᠶᠢ ᠲᠤᠭᠤᠷᠪᠢᠵᠦ᠂ ᠶᠠᠳᠠᠭᠤ ᠬᠦᠴᠢᠷᠳᠡᠯᠳᠡᠢ ᠡᠷᠦᠬᠡ  ᠪᠠᠷ ᠲᠠᠷᠢᠮᠠᠯ ᠤᠨ ᠦᠢᠯᠡᠰ᠂ ᠲᠡᠵᠢᠬᠡᠬᠦ ᠦᠢᠯᠡᠰ ᠢ ᠡᠷᠬᠢᠯᠡᠬᠦᠯᠵᠦ᠂ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠠᠬᠢᠭᠤᠯᠪᠠ᠃ ᠳᠠᠩᠰᠠᠯᠠᠭᠤᠯᠵᠦ ᠺᠠᠷᠲ ᠪᠠᠶᠢᠭᠤᠯᠤᠨ ᠤᠨᠢᠨ ᠲᠡᠭᠡᠷ᠎ᠠ ᠨᠢ ᠬᠠᠷᠭᠤᠭᠤᠯᠤᠨ ᠪᠠᠶᠢᠴᠠᠭᠠᠬᠤ ᠠᠵᠢᠯ  ᠤᠳ ᠢ ᠰᠠᠶᠢᠳᠤᠷ ᠬᠢᠪᠠ᠃  ᠲᠡᠳᠬᠦᠬᠦ ᠡᠳᠡᠬᠡᠳ᠂ ᠶᠠᠳᠠᠭᠤᠷᠠᠬᠰᠠᠨ ᠰᠢᠯᠳᠠᠭᠠᠨ᠂ ᠲᠡᠳᠬᠦᠭᠰᠡᠨ ᠠᠷᠭ᠎ᠠ ᠪᠠᠷᠢᠯ᠂  ᠲᠠᠭᠠᠭᠠᠴᠢᠯᠠᠨ  ᠶᠠᠳᠠᠭᠤ   ᠠᠴᠠ  ᠠᠩᠬᠢᠵᠢᠷᠠᠬᠤ ᠬᠠᠷᠢᠭᠤᠴᠠᠯᠭ᠎ᠠ ᠨᠢ ᠤᠨᠢᠨ ᠲᠡᠭᠡᠷ᠎ᠠ ᠨᠢ ᠪᠠᠶᠢᠵᠦ᠂ ᠶᠠᠳᠠᠭᠤ ᠶᠢ ᠲᠡᠳᠬᠦᠬᠦ ᠲᠠᠩᠰᠡ ᠲᠡᠮᠳᠡᠭᠯᠡᠯ ᠨᠢ ᠲᠦᠷᠢᠮᠵᠢᠯ ᠲᠠᠢ ᠮᠦᠷᠳᠡᠬᠡᠨ ᠲᠡᠳᠬᠦᠭᠰᠡᠨ ᠠᠷᠭ᠎ᠠ ᠪᠠᠷᠢᠯ ᠤᠨ ᠪᠦᠬᠦ ᠶᠠᠪᠤᠴᠠ ᠶᠢ ᠲᠡᠮᠳᠡᠭᠯᠡᠬᠦ ᠶᠢ ᠪᠠᠳᠤᠯᠠᠪᠠ᠃ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠷᠠᠭᠤᠯᠵᠦ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠰᠠᠨᠠᠭᠠᠴᠢᠯᠠᠭᠠᠳᠤ ᠴᠢᠨᠠᠷ ᠢ ᠲᠡᠬᠡᠭᠰᠢᠯᠡᠬᠦᠯᠪᠡ᠃ ᠳᠤᠰᠬᠤᠨ ᠪᠠᠯᠭᠠᠰᠤ ᠬᠤᠶᠠᠷ ᠱᠠᠳᠤᠨ ᠤ ᠱᠦᠵᠢ ᠶᠢᠨ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠪᠠᠶᠢᠷᠢᠰᠢᠯᠠᠭᠤᠯᠤᠯᠳᠠ ᠶᠢ ᠳᠡᠬᠦᠯᠳᠡᠷᠵᠢᠬᠦᠯᠵᠤ᠂ ᠬᠠᠷᠢᠭᠤᠴᠠᠯᠭ᠎ᠠ ᠪᠠᠨ ᠲᠤᠳᠤᠳᠬᠠᠨ᠂ ᠬᠠᠷᠢᠭᠤᠴᠠᠯᠭ᠎ᠠ ᠶᠢ ᠬᠤᠪᠢ ᠬᠦᠮᠦᠨ ᠳᠤ ᠤᠷᠤᠨᠵᠢᠭᠤᠯᠪᠠ᠃ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠬᠢᠨᠠᠨ ᠰᠢᠯᠭᠠᠬᠤ ᠳᠤᠬᠳᠠᠯᠴᠠᠭ᠎ᠠ ᠶᠢ ᠴᠢᠨᠠᠬᠰᠢᠳᠠ ᠳᠡᠬᠦᠯᠳᠡᠷᠵᠢᠬᠦᠯᠵᠤ᠂ ᠠᠯᠪᠠᠨ ᠪᠠᠶᠢᠭᠤᠯᠭ᠎ᠠ ᠳᠤᠰᠬᠤᠨ ᠢ ᠳᠠᠭᠠᠭᠠᠴᠢᠯᠠᠵᠦ᠂ ᠺᠠᠳ᠋ᠷ ᠡᠷᠦᠬᠡ  ᠶᠢ  ᠲᠠᠭᠠᠭᠠᠴᠢᠯᠠᠬᠤ ᠪᠠ ᠳᠤᠰᠬᠤᠨ ᠳᠤ ᠰᠠᠭᠤᠬᠤ ᠠᠵᠢᠯᠠᠬᠤ ᠠᠩᠬᠢ ᠶᠢᠨ ᠦᠢᠯᠡᠳᠦᠯ ᠢ ᠪᠠᠳᠠᠷᠠᠭᠤᠯᠵᠤ᠂ ᠪᠠᠯᠭᠠᠰᠤ ᠲᠤᠰᠬᠤᠨ ᠤ ᠺᠠᠳ᠋ᠷ ᠤᠨ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠢᠳᠡᠪᠬᠢᠵᠢᠯ ᠢ ᠳᠠᠶᠢᠴᠢᠯᠡᠪᠡ᠃ ᠳᠠᠷᠢᠶᠠᠴᠢᠳ ᠤᠨ ᠶᠠᠳᠠᠭᠤ ᠠᠴᠠ ᠠᠩᠬᠢᠵᠢᠷᠡᠨ ᠴᠢᠨᠡᠬᠡᠯᠢᠭᠵᠢᠬᠦ ᠢᠳᠡᠪᠬᠢᠵᠢᠯ ᠢ ᠳᠠᠶᠢᠴᠢᠯᠡᠨ᠂ ᠲᠠᠯᠳᠠ ᠬᠦᠴᠦᠨ ᠢ ᠪᠠᠳᠠᠷᠠᠭᠤᠯᠵᠤ᠂ ᠰᠠᠨᠠᠭᠠᠴᠢᠯᠠᠭᠠᠳᠤ ᠴᠢᠨᠠᠷ ᠢ   ᠨᠢ  ᠲᠠᠶᠢᠴᠢᠯᠠᠨ᠂ ᠦᠪᠡᠷᠰᠡᠳ ᠤᠨ ᠴᠢᠷᠮᠠᠶᠢᠯᠭ᠎ᠠ ᠪᠠᠷ  ᠶᠠᠳᠠᠭᠤ ᠠᠴᠠ   ᠪᠠᠨ ᠠᠩᠬᠢᠵᠢᠷᠠᠵᠦ᠂ ᠬᠠᠳᠠᠭᠤᠵᠢᠯᠳᠡᠢ  ᠬᠦᠳᠡᠯᠮᠤᠷᠢ ᠪᠠᠷ ᠴᠢᠨᠡᠬᠡᠯᠢᠭᠵᠢᠨ᠂ ︽ᠬᠦᠯᠢᠶᠡᠬᠦ ᠳᠦᠰᠢᠭᠯᠡᠬᠦ ᠠᠪᠬᠤ︾ ᠬᠤᠶᠢᠷᠭᠤ ᠦᠵᠡᠯ ᠰᠠᠨᠠᠭ᠎ᠠ ᠶᠢ ᠢᠯᠠᠨ ᠲᠠᠪᠠᠵᠦ᠂ ᠰᠠᠨᠠᠭᠠᠴᠢᠯᠠᠭ᠎ᠠ ᠦᠬᠡᠢ ᠪᠠᠷ ᠶᠠᠳᠠᠭᠤ    ᠶᠢ ᠲᠡᠳᠬᠦᠬᠦ ᠶᠢ ᠰᠡᠷᠬᠡᠶᠢᠯᠡᠨ ᠬᠤᠷᠢᠬᠯᠠᠵᠦ᠂ ᠲᠡᠭᠡᠳᠤ ᠲᠤᠤᠷᠠᠳᠤ ᠱᠠᠳᠤ ᠪᠠᠷ ᠢᠶᠠᠨ ᠬᠠᠷᠢᠯᠴᠠᠨ ᠬᠦᠳᠡᠯᠦᠯᠴᠡᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠪᠠ᠃    ᠭᠤᠷᠪᠡ ᠳᠤ ᠪᠤᠬᠢᠷᠳᠤᠯ ᠢ ᠰᠡᠷᠬᠡᠶᠢᠯᠡᠨ  ᠵᠠᠰᠠᠵᠦ   ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠪᠡ᠃      ᠨᠡᠬᠦᠷᠡᠰᠦᠨ ᠠᠭᠤᠷᠬᠠᠢ ᠶᠢᠨ ᠨᠡᠬᠦᠷᠡᠰᠦᠨ ᠴᠢᠯᠠᠭᠤ ᠶᠢ ᠳᠤᠷ᠎ᠡ ᠪᠠᠷ ᠤᠪᠤᠭᠠᠯᠠᠬᠤ᠂ ᠠᠭᠤᠷ ᠤᠨ ᠵᠤᠤᠬ᠎ᠠ ᠶᠢᠨ ᠠᠭᠠᠷ ᠮᠠᠨᠳᠠᠯ ᠤᠨ ᠳᠠᠪᠬᠤᠷᠭ᠎ᠠ ᠳᠤ ᠲᠠᠯᠪᠢᠬᠰᠠᠨ ᠪᠤᠬᠢᠷᠳᠤᠯ  ᠪᠠᠷᠢᠮᠵᠢᠶᠡᠨ ᠳᠤ ᠬᠦᠷᠬᠦ ᠦᠬᠡᠢ ᠪᠠᠶᠢᠬᠤ ᠵᠡᠷᠬᠡ  ᠶᠢ ᠪᠠᠶᠢᠴᠠᠭᠠᠬᠤ ᠬᠦᠴᠦᠯᠡᠴᠡ ᠪᠠᠨ  ᠨᠡᠮᠡᠭᠳᠡᠬᠦᠯᠦᠨ᠂ ᠳᠠᠷᠢᠮᠠᠯ ᠤᠨ ᠡᠰᠢ ᠰᠦᠷᠡᠯ ᠢ ᠰᠢᠳᠠᠭᠠᠬᠤ ᠶᠢ ᠬᠤᠷᠢᠬᠯᠠᠵᠤ᠂ ᠱᠠᠩᠨᠠᠨ ᠳᠤᠷᠭᠠᠬᠤ ᠠᠷᠭ᠎ᠠ ᠪᠠᠷᠢᠯ ᠢ ᠳᠤᠬᠳᠠᠭᠠᠨ᠂ ᠡᠰᠢ ᠰᠦᠷᠡᠯ ᠢ ᠳᠠᠷᠢᠶᠡᠨ ᠳᠤ ᠨᠢ ᠪᠤᠴᠠᠭᠠᠬᠤ ᠶᠢ ᠵᠤᠷᠢᠬᠵᠢᠭᠤᠯᠪᠠ᠃ ᠤᠰᠤᠨ ᠤ ᠪᠤᠵᠠᠷᠳᠤᠯ ᠢ ᠰᠡᠷᠬᠡᠶᠢᠯᠡᠨ ᠵᠠᠰᠠᠬᠤ  ᠶᠢ ᠴᠢᠩᠭᠠᠳᠬᠠᠵᠤ᠂ ᠭᠤᠤᠯ ᠤᠨ ᠳᠠᠷᠤᠭ᠎ᠠ ᠶᠢᠨ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠬᠢᠵᠠᠭᠠᠷ ᠲᠤᠳᠤᠷᠠᠬᠢ ᠤᠰᠤᠨ ᠴᠦᠬᠦᠷᠦᠮ᠂ ᠤᠷᠤᠰᠬᠠᠯ ᠤᠰᠤᠨ ᠤ ᠴᠢᠨᠠᠷᠵᠢᠯ ᠤᠨ ᠪᠠᠷᠢᠮᠵᠢᠶ᠎ᠠ ᠳᠤ ᠬᠦᠷᠴᠤ ᠲᠤᠭᠳᠠᠪᠤᠷᠢᠵᠢᠬᠤ ᠶᠢ ᠪᠠᠳᠤᠯᠠᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠶᠢ ᠴᠢᠩᠭᠠᠳᠬᠠᠨ᠂ ᠤᠤᠭᠤᠬᠤ ᠤᠰᠤᠨ ᠤ ᠠᠶᠤᠯᠬᠦᠢ ᠶᠢ ᠪᠠᠳᠤᠯᠠᠪᠠ᠃ ᠬᠦᠷᠦᠰᠤ ᠰᠢᠷᠤᠢ ᠶᠢᠨ ᠪᠤᠬᠢᠷᠳᠤᠯ ᠢ ᠰᠡᠷᠬᠡᠶᠢᠯᠠᠨ ᠵᠠᠰᠠᠬᠤ ᠠᠵᠢᠯᠯᠠᠭ᠎ᠠ ᠶᠢ ᠠᠬᠢᠭᠤᠯᠵᠦ᠂ ᠬᠦᠷᠦᠰᠤ ᠰᠢᠷᠤᠢ ᠶᠢ ᠬᠠᠮᠠᠭᠠᠯᠬᠠᠤ  ᠴᠢᠩᠭ᠎ᠠ ᠲᠦᠷᠢᠮ ᠢ ᠲᠤᠭᠳᠠᠭᠠᠵᠦ᠂ ᠠᠶᠤᠯᠳᠡᠢ ᠬᠠᠶᠠᠬᠳᠠᠮᠠᠯ ᠡᠳ᠋ ᠢ ᠦᠢᠯᠡᠳᠪᠤᠷᠢᠯᠡᠬᠦ ᠠᠵᠤ ᠠᠬᠤᠢᠢᠯᠠᠯ ᠳᠠᠬᠢ ᠬᠢᠨᠠᠨ ᠬᠠᠮᠢᠶᠠᠷᠤᠯᠳᠠ ᠪᠠᠨ ᠴᠢᠩᠭᠠᠳᠬᠠᠪᠠ︔ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠡᠮᠵᠢᠶ᠎ᠠ ᠶᠢ ᠪᠠᠭᠠᠰᠬᠠᠬᠤ ᠠᠵᠢᠯᠯᠠᠭ᠎ᠠ ᠶᠢ ᠦᠷᠨᠢᠬᠦᠯᠵᠦ᠂ ᠲᠠᠷᠢᠶᠠᠯᠠᠩ ᠤᠨ ᠪᠤᠬᠢᠷᠳᠤᠯ ᠤᠨ ᠡᠬᠢ ᠰᠤᠷᠪᠤᠯᠵᠢ ᠶᠢ ᠪᠦᠳᠦᠮᠵᠢᠳᠡᠢ ᠬᠤᠷᠢᠬᠯᠠᠪᠠ᠃ ᠤᠳᠤᠬᠠᠨ ᠳᠤ ᠮᠠᠨ ᠤ ᠪᠠᠯᠭᠠᠰᠤᠨ ᠳᠤ ᠭᠤᠷᠪᠠᠨ ᠨᠡᠬᠦᠷᠡᠰᠦᠨ ᠠᠭᠤᠷᠬᠠᠢ᠂ ᠵᠢᠷᠭᠤᠭᠠᠨ ᠲᠤᠰᠤ ᠨᠡᠮᠡᠬᠦ ᠦᠷᠳᠡᠭᠡ᠂ ᠨᠢᠬᠡ  ᠴᠢᠯᠠᠭᠤ ᠶᠢᠨ  ᠦᠢᠯᠡᠳᠪᠤᠷᠢ ︵ᠦᠢᠯᠡᠳᠪᠤᠷᠢᠯᠡᠯ ᠢ ᠨᠢ ᠵᠤᠬᠰᠤᠭᠠᠪᠠ︶᠂ ᠨᠢᠬᠡ ᠯᠠ ᠶᠢᠨ ᠦᠢᠯᠡᠳᠪᠤᠷᠢ ︵ᠦᠢᠯᠡᠳᠪᠤᠷᠢ ᠶᠢ ᠨᠢ ᠵᠤᠬᠰᠤᠭᠠᠪᠠ︶᠂ ᠨᠢᠬᠡ ᠤᠰᠤ ᠨᠡᠬᠦᠷᠡᠰᠤᠨ ᠡᠬᠡᠳᠠᠩ ᠤᠨ ᠨᠡᠮᠡᠯᠳᠡ ᠡᠳ᠋ ᠤᠨ ᠦᠢᠯᠡᠳᠪᠤᠷᠢ ︵ᠦᠢᠯᠡᠳᠪᠤᠷᠢ ᠶᠢ ᠨᠢ ᠵᠤᠬᠰᠤᠭᠠᠪᠠ︶᠂ 1 ᠱᠦᠢᠨᠢ ᠶᠢᠨ ᠦᠢᠯᠡᠳᠪᠤᠷᠢ ︵ᠦᠢᠯᠡᠳᠪᠤᠷᠢ ᠶᠢ ᠨᠢ ᠵᠤᠬᠰᠤᠭᠠᠪᠠ︶᠂ ᠬᠤᠶᠠᠷ ᠦᠡᠭᠬᠡᠳᠤ ᠪᠤᠯᠤᠳ ᠤᠨ ᠦᠢᠯᠡᠳᠪᠤᠷᠢ ︵ᠦᠢᠯᠡᠳᠪᠤᠷᠢ ᠶᠢ   ᠨᠢ ᠵᠤᠭᠰᠤᠭᠠᠪᠠ︶᠂ ᠭᠤᠷᠪᠠᠨ ᠲᠤᠭᠤᠰᠬᠠᠨ ᠦᠢᠯᠡᠳᠪᠤᠷᠢ ︵ᠨᠢᠬᠡ ᠨᠢ ᠬᠡᠪ ᠤᠨ ᠶᠤᠰᠤᠭᠠᠷ ᠡᠵᠠᠩᠨᠠᠵᠦ᠂ ᠬᠤᠶᠠᠷ ᠨᠢ ᠦᠢᠯᠡᠳᠪᠤᠷᠢᠯᠡᠯ ᠵᠤᠬᠰᠤᠪᠠ︶᠂ 7 ᠨᠠᠩᠬᠢ ᠰᠢᠷᠤᠢ ᠶᠢᠨ ᠲᠤᠭᠤᠰᠬᠠᠨ ᠦᠢᠯᠡᠳᠪᠤᠷᠢ ︵ᠦᠢᠯᠡᠳᠪᠤᠷᠢ ᠶᠢ ᠨᠢ ᠵᠤᠬᠰᠤᠭᠠᠪᠠ︶ ᠵᠡᠷᠬᠡ 25 ᠠᠵᠤ ᠠᠬᠤᠢᠢᠯᠠᠯ ᠪᠠᠶᠢᠵᠦ᠂ ᠡᠬᠦᠨ ᠳᠤ 15 ᠠᠵᠤ ᠠᠬᠤᠢᠢᠯᠠᠯ ᠤᠨ ᠡᠵᠡᠩᠨᠡᠯᠳᠡ ᠶᠢ ᠨᠢ ᠨᠢᠬᠡᠨᠳᠡ ᠵᠤᠬᠰᠤᠭᠠᠪᠠ᠃ ᠦᠢᠷ᠎ᠠ ᠶᠢᠨ ᠬᠤᠭᠤᠴᠠᠭᠠᠨ ᠳᠤ᠂ ᠮᠠᠨ ᠤ ᠪᠠᠯᠭᠠᠰᠤ ᠤᠷᠤᠨ ᠨᠤᠳᠤᠭ ᠤᠨ ᠬᠤᠪᠢ ᠶᠢᠨ  ᠡᠵᠡᠩᠨᠡᠯᠳᠡ ᠶᠢᠨ  ᠨᠡᠬᠦᠷᠡᠰᠤᠨ  ᠲᠠᠯᠠᠪᠤᠷ  ᠢ ᠭᠤᠤᠯᠳᠠᠯᠭ᠎ᠠ ᠲᠠᠢ ᠴᠡᠭᠴᠡᠯᠡᠵᠦ ᠪᠤᠢ᠃ ᠦᠢᠷ᠎ᠠ ᠶᠢᠨ ᠬᠤᠭᠤᠴᠠᠭᠠᠨ ᠳᠤ ᠨᠡᠬᠦᠷᠡᠰᠤᠨ   ᠤ ᠦᠨ᠎ᠠ ᠦᠰᠦᠭᠰᠡᠨ ᠠᠴᠠ ᠤᠷᠴᠢᠨ ᠲᠤᠭᠤᠷᠢᠨ ᠢ ᠴᠠᠬᠳᠠᠨ  ᠪᠠᠶᠢᠴᠠᠭᠠᠬᠤ ᠶᠠᠪᠤᠴᠠ ᠳᠤ᠂ ᠵᠠᠷᠢᠮ ᠬᠤᠪᠢ ᠶᠢᠨ ᠪᠠᠶᠢᠭᠤᠯᠤᠬᠰᠠᠨ ᠨᠡᠬᠦᠷᠡᠰᠦᠨ  ᠲᠠᠯᠠᠪᠤᠷ  ᠨᠢ ᠨᠡᠬᠦᠷᠡᠰᠤ  ᠬᠠᠳᠠᠭᠠᠯᠠᠬᠤ᠂ ᠨᠡᠬᠦᠷᠡᠰᠤ  ᠵᠦᠬᠡᠬᠡᠪᠦᠷᠢᠯᠡᠬᠦ  ᠦᠵᠡᠭᠳᠡᠯ ᠭᠠᠷᠴᠤ᠂ ᠤᠷᠴᠢᠨ ᠲᠤᠭᠤᠷᠢᠨ ᠢ ᠪᠤᠬᠢᠷᠳᠤᠭᠤᠯᠵᠡᠢ᠃ ᠮᠠᠨ ᠤ ᠪᠠᠯᠭᠠᠰᠤᠨ ᠤ ᠤᠷᠴᠢᠨ ᠲᠤᠭᠤᠷᠢᠨ ᠢ ᠬᠠᠮᠠᠭᠠᠯᠠᠬᠤ ᠠᠵᠢᠯᠳᠠᠨ  ᠴᠠᠭ ᠲᠠᠷᠤᠢ ᠳᠤ ᠨᠢ  ᠂ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠳᠤ ᠮᠡᠳᠡᠬᠦᠯᠦᠨ᠂  ᠲᠡᠳᠡᠨ ᠲᠠᠢ  ᠬᠠᠮᠳᠤᠷᠠᠨ ᠬᠠᠷᠢᠶ᠎ᠠ ᠲᠤᠭᠤᠷᠢᠭ ᠤᠨ 9 ᠬᠤᠪᠢ ᠶᠢᠨ  ᠡᠵᠡᠩᠨᠡᠯᠳᠡ ᠶᠢᠨ  ᠨᠡᠬᠦᠷᠡᠰᠤᠨ ᠤ  ᠲᠠᠯᠠᠪᠤᠷ  ᠢ ᠬᠠᠤᠯᠢ ᠶᠤᠰᠤᠭᠠᠷ  ᠪᠢᠳᠡᠬᠦᠮᠵᠢᠯᠡᠨ ᠬᠠᠭᠠᠵᠦ᠂ ᠨᠡᠬᠦᠷᠡᠰᠤ ᠰᠢᠪᠠᠷ ᠨᠡᠬᠦᠷᠡᠰᠦᠨ ᠴᠢᠯᠠᠭᠤ ᠶᠢ 32000 ᠲᠦᠮᠡᠨ ᠲᠤᠨ᠋ᠨᠠ ᠴᠡᠪᠡᠷᠯᠡᠨ ᠠᠷᠢᠯᠭᠠᠵᠦ᠂ ᠤᠷᠴᠢᠨ ᠲᠤᠭᠤᠷᠢᠨ ᠢ ᠪᠤᠬᠢᠷᠳᠤᠭᠤᠯᠤᠬᠰᠠᠨ ᠠᠰᠠᠭᠤᠳᠠᠯ ᠢ ᠴᠢᠨᠠᠬᠰᠢᠳᠠ  ᠴᠡᠭᠴᠡᠯᠡᠵᠦ ᠴᠢᠳᠠᠵᠡᠢ  ᠃
ᠢᠷᠡᠯᠲᠡ᠄ ᠲᠤᠰ ᠰᠦᠯᠵᠢᠶ᠎ᠡ