ᠠᠰᠬ᠎ᠠ᠄ ᠨᠠᠮ ᠤᠨ ᠬᠠᠶᠢᠷ᠎ᠠ ᠶᠢ ᠲᠦᠭ ᠲᠦᠮᠠᠨ ᠡᠷᠦᠭᠡ ᠳᠤ ᠲᠠᠮᠵᠢᠭᠤᠯᠤᠨ᠎ᠠ
ᠨᠡᠶᠢᠲᠡᠯᠡᠭᠰᠡᠨ ᠴᠠᠭ᠄
2018/11/7
     ᠠᠰᠬ᠎ᠠ ᠱᠦᠵᠢ ᠶᠢ ᠰᠤᠷᠪᠤᠯᠵᠢᠯᠠᠬᠰᠠᠨ ᠴᠠᠭ ᠮᠠᠨᠢ ᠶᠠᠭ ᠪᠦᠭᠦ ᠬᠤᠳᠠ ᠶᠢᠨ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠶᠢᠨ ᠬᠤᠭᠤᠴᠠᠭ᠎ᠠ ᠰᠤᠯᠢᠬᠤ ᠰᠤᠩᠭᠤᠭᠤᠯᠢ ᠰᠠᠶ᠋ᠢᠬᠠᠨ ᠲᠡᠭᠦᠰᠴᠦ ᠪᠠᠶᠢᠬᠤ ᠳᠤ ᠲᠤᠭᠢᠶᠠᠵᠤ ᠪᠢᠯᠠ᠃ ᠲᠠᠷᠠ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠲᠠᠭᠢᠨᠳᠠ ᠬᠠᠷᠢᠭᠤᠴᠠᠵᠤ᠂ ᠤᠯᠠᠨ ᠲᠦᠮᠠᠨ ᠤ ᠢᠳᠡᠭᠡᠯ ᠨᠠᠶᠢᠳᠠᠯᠭ᠎ᠠ ᠶᠢ ᠲᠠᠭᠢᠨᠳᠠ ᠤᠯᠤᠬᠰᠠᠨ ᠳᠠᠭᠠᠨ ᠤᠷᠮ᠎ᠠ ᠵᠤᠷᠢᠭ ᠨᠢ ᠨᠠᠩ ᠭᠦᠪᠴᠢᠯᠡᠭᠳᠡᠵᠤ᠂ ᠢᠳᠡᠭᠡᠯ ᠲᠡᠭᠦᠯᠳᠡᠷ ᠪᠠᠶᠢᠯ᠎ᠠ᠃ ᠠᠵᠢᠯ ᠳᠠᠭᠠᠨ ᠴᠠᠭᠠᠷᠠᠬᠰᠠᠨ ᠠᠰᠬ᠎ᠠ ᠱᠦᠵᠢ ᠰᠤᠷᠪᠤᠯᠵᠢᠯᠠᠭ᠎ᠠ ᠶᠢ ᠮᠢᠨᠢ ᠲᠠᠷᠤᠤ ᠭᠢᠴᠢᠶᠡᠩᠭᠦᠢ ᠭᠦᠯᠢᠶᠠᠨ ᠠᠪᠴᠦ᠂ ᠡᠷᠡᠭᠡ ᠵᠢᠷᠤᠭ᠎ᠠ ᠦᠭᠡᠢ ᠵᠤᠭᠤᠬᠳᠠᠵᠤ ᠡᠭᠢᠯᠡᠭᠰᠡᠨ ᠢᠶᠠᠷ ︽ᠶᠠᠭᠠᠭᠢᠵᠤ ᠰᠤᠷᠪᠤᠯᠵᠢᠯᠠᠵᠤ ᠶᠠᠭᠤ ᠠᠰᠠᠭᠤᠳᠠᠭ ᠪᠢᠯᠠ︾ ᠭᠡᠰᠡᠨ ᠠᠩᠬᠠᠨ ᠤ ᠡᠷᠡᠭᠡᠯᠵᠡᠭᠡ ᠮᠢᠨᠢ ᠲᠠᠶᠢᠯᠤᠬᠳᠠᠵᠤ᠂ ᠰᠤᠷᠪᠤᠯᠵᠢᠯᠠᠭ᠎ᠠ ᠲᠤᠩ ᠢᠯᠭᠤᠮ ᠶᠠᠪᠤᠬᠳᠠᠯ᠎ᠠ᠃     ᠠᠰᠬ᠎ᠠ ᠪᠤᠯ ᠳ᠋ᠥᠡᠭᠱᠸᠡᠭ ᠲᠤᠭᠤᠷᠢᠭ ᠤᠨ ᠢ ᠯᠢ ᠶᠢᠨ ᠸᠧᠢ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ᠃ 2007 ᠤᠨ ᠳᠤ ᠶᠡᠭᠡ ᠰᠤᠷᠭᠠᠭᠤᠯᠢ ᠪᠠᠨ ᠲᠡᠭᠦᠰᠭᠡᠭᠡᠳ ᠠᠵᠤ ᠠᠬᠤᠶᠢᠢᠯᠠᠯ ᠳᠤ ᠭᠡᠳᠦᠨ ᠵᠢᠯ ᠠᠵᠢᠯᠯᠠᠪᠠ᠂ ᠦᠪᠡᠷ ᠢᠶᠠᠨ ᠠᠷᠠᠯᠵᠢᠶ᠎ᠠ ᠮᠠᠶᠢᠮᠠᠢ ᠡᠷᠭᠢᠭᠦᠯᠵᠤ ᠶᠠᠪᠤᠪᠠ᠂ ᠶᠡᠷᠦ ᠨᠢ ᠦᠪᠡᠰᠦᠪᠠᠨ ᠴᠦ ᠡᠶᠢᠮᠦᠷᠭᠦᠦ ᠴᠢᠯᠦᠭᠡᠳᠦ ᠭᠡᠯᠪᠠᠷᠢ ᠶᠢᠨ ᠠᠵᠢᠯ ᠳᠤ ᠲᠤᠷᠠᠳᠠᠢ ᠭᠡᠨ᠎ᠠ᠃ ᠭᠡᠪᠡᠴᠦ ᠭᠡᠷ ᠤᠨ ᠭᠦᠮᠦᠰ ᠤᠨ ᠢᠶᠠᠨ ︽ᠭᠦᠦ ᠮᠢᠨᠢ ᠨᠠᠮ ᠤᠨ ᠠᠵᠢᠯ ᠢᠶᠠᠨ ᠭᠢᠴᠢᠭᠡ︾ ᠭᠡᠰᠡᠨ ᠢᠳᠬᠠᠯ ᠰᠠᠨᠠᠭᠤᠯᠭ᠎ᠠ ᠪᠠᠷ 2012 ᠤᠨ ᠳᠤ ᠰᠢᠯᠭᠠᠯᠳᠠ ᠪᠠᠷ ᠲᠠᠮᠵᠢᠭᠠᠳ ᠳ᠋ᠥᠡᠭᠱᠸᠡᠭ ᠲᠤᠭᠤᠷᠢᠭ ᠤᠨ ᠪᠦᠳᠦᠭᠡᠨ ᠪᠠᠶᠢᠭᠤᠯᠤᠯᠳᠠ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠲᠤ ᠰᠢᠯᠭᠠᠨ ᠤᠷᠤᠵᠤ᠂ ᠨᠡᠶᠢᠭᠡᠮ ᠲᠤᠭᠤᠷᠢᠭ ᠤᠨ ᠠᠵᠢᠯᠳᠠᠨ ᠪᠤᠯᠪᠠ᠃ ᠲᠡᠭᠡᠭᠡᠳ ᠯᠠ ᠨᠡᠶᠢᠭᠡᠮ ᠲᠤᠭᠤᠷᠢᠭ ᠤᠨ ᠠᠵᠢᠯ ᠤᠨ ᠲᠤᠬᠠᠢ ᠶᠠᠮᠠᠷ ᠴᠦ ᠤᠶᠢᠢᠯᠠᠭᠠᠯᠳᠠ ᠦᠭᠡᠢ ᠪᠠᠶᠢᠬᠰᠠᠨ ᠰᠢᠨ᠎ᠠ ᠠᠵᠢᠯ ᠳᠤ ᠪᠠᠨ ᠲᠠᠰᠴᠦ ᠡᠭᠢᠯᠡᠯ᠎ᠠ᠃ ᠨᠡᠶᠢᠭᠡᠮ ᠲᠤᠭᠤᠷᠢᠭ ᠤᠨ ᠠᠵᠢᠯ ᠭᠡᠭᠴᠢ ᠰᠠᠭᠤᠭᠠᠯᠢ ᠠᠷᠠᠳ ᠲᠠᠢ ᠨᠢᠬᠳᠠ ᠤᠶᠢᠢᠷᠠᠳᠤᠵᠤ ᠤᠶᠢᠢᠯᠠᠭᠠᠯᠴᠠᠬᠤ ᠴᠢᠬᠤᠯᠠ ᠲᠠᠢ ᠠᠵᠢᠯ᠂ ᠠᠶᠢᠯ ᠭᠡᠷ ᠤᠨ ᠡᠳᠦᠷ ᠲᠤᠳᠤᠮ ᠤᠨ ᠭᠡᠷᠡᠭᠯᠡᠭᠡ ᠠᠴᠠ ᠡᠭᠢᠯᠡᠭᠡᠳ ᠶᠡᠭᠡ ᠪᠠᠭ᠎ᠠ ᠤᠴᠢᠷ ᠲᠤ ᠴᠦᠮ ᠦᠢᠯᠡᠴᠢᠯᠡᠭᠡ ᠬᠠᠨᠭ᠍ᠭᠠᠳᠠᠭ᠃ ᠡᠶᠢᠮᠦᠷᠭᠦᠦ ᠠᠵᠢᠯ ᠤᠨ ᠰᠢᠨᠵᠢ ᠴᠢᠨᠠᠷ ᠨᠢ ᠤᠤᠯ ᠳᠠᠭᠠᠨ ᠲᠠᠨᠢᠯ ᠪᠤᠰᠤ ᠭᠦᠮᠦᠨ ᠠᠴᠠ ᠡᠷᠡᠭᠡᠯᠵᠠᠵᠤ ᠪᠦᠱᠦᠭᠦᠷᠭᠡᠳᠡᠭ ᠪᠠᠶᠢᠬᠰᠠᠨ ᠠᠰᠬ᠎ᠠ ᠶᠢᠨ ᠵᠠᠩ ᠢ ᠶᠠᠭᠠᠭᠢᠬᠤ ᠶᠢᠨ ᠠᠷᠭ᠎ᠠ ᠦᠭᠡᠢ ᠬᠤᠪᠢᠷᠠᠭᠤᠯᠵᠤ᠂ ᠤᠳᠤ ᠪᠤᠯᠬᠤ ᠳᠤ ᠨᠠᠷᠭᠢᠶ᠎ᠠ ᠭᠦᠭᠡᠷᠦᠭᠡ ᠶᠡᠭᠡᠲᠠᠢ ᠭᠦᠮᠦᠨ ᠪᠤᠯᠵᠤ᠂ ᠵᠠᠷᠢᠮ ᠨᠠᠰᠤᠳᠠᠶᠢᠴᠤᠳ ᠤᠨ ᠭᠡᠷ ᠲᠤᠨᠢ ᠪᠠᠭ᠎ᠠ ᠯᠠ ᠤᠴᠢᠷ ᠲᠠᠢ ᠪᠤᠯᠤᠬᠰᠠᠭᠠᠷ ᠲᠡᠭᠦᠨ ᠢ ᠡᠷᠢᠵᠤ ᠢᠷᠡᠳᠡᠭ ᠪᠤᠯᠵᠤ᠂ ᠰᠠᠭᠤᠭᠠᠯᠢ ᠠᠷᠠᠳ ᠯᠤᠭ᠎ᠠ ᠨᠢᠬᠳᠠ ᠬᠠᠷᠢᠴᠠᠭ᠎ᠠ ᠲᠠᠢ ᠪᠤᠯᠪᠠ᠃ ᠡᠨᠡ ᠪᠤᠯ ᠲᠡᠭᠦᠨ ᠤ ᠠᠩᠬᠠᠨ ᠤ ᠠᠯᠬᠤᠮ᠃      2016 ᠤᠨ ᠳᠤ ᠲᠡᠷᠠ ᠢ ᠯᠢ ᠶᠢᠨ ᠸᠧᠢ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠪᠠᠷ ᠲᠤᠮᠢᠯᠠᠬᠳᠠᠨ ᠢᠷᠡᠭᠰᠡᠨ ᠠᠴᠠ ᠨᠠᠭᠠᠰᠢ᠂ ᠡᠭᠦᠷᠭᠡᠯᠠᠯ ᠬᠠᠷᠢᠭᠤᠴᠠᠯᠭ᠎ᠠ ᠶᠢ ᠵᠤᠷᠢᠬᠳᠠᠢ ᠭᠦᠯᠢᠶᠠᠨ ᠠᠪᠴᠦ᠂ ᠪᠤᠳᠠᠳᠤ ᠠᠵᠢᠯᠯᠠᠭ᠎ᠠ ᠪᠠᠷ ᠢᠶᠠᠨ ᠤᠯᠠᠨ ᠲᠦᠮᠠᠨ ᠳᠤ ᠦᠢᠯᠡᠴᠢᠯᠡᠵᠤ ᠭᠡᠷᠡᠭᠴᠡᠭᠡ ᠱᠠᠭᠠᠷᠳᠠᠯᠭ᠎ᠠ ᠶᠢ ᠨᠢ ᠬᠠᠨᠭ᠍ᠭᠠᠬᠤ ᠪᠠᠷ ᠴᠢᠷᠮᠠᠶᠢᠯ᠎ᠠ᠃ ᠨᠡᠶᠢᠭᠡᠮ ᠲᠤᠭᠤᠷᠢᠭ ᠨᠢ 8 ᠠᠵᠢᠯᠳᠠᠨ ᠲᠠᠢ᠂ ᠲᠤᠰ ᠨᠡᠶᠢᠭᠡᠮ ᠲᠤᠭᠤᠷᠢᠭ ᠲᠤ 2100 ᠭᠠᠷᠤᠢ ᠠᠶᠢᠯ᠂ 6000 ᠭᠠᠷᠤᠢ ᠭᠦᠮᠦᠨ᠂ 3 ᠲᠤᠮᠤ ᠠᠵᠤ ᠠᠬᠤᠶᠢᠢᠯᠠᠯ᠂ 23 ᠵᠢᠵᠢᠭ ᠠᠵᠤ ᠠᠬᠤᠶᠢᠢᠯᠠᠯ᠂ 127 ᠬᠤᠪᠢ ᠶᠢᠨ ᠡᠵᠡᠩᠨᠡᠯᠳᠠ ᠶᠢᠨ ᠡᠷᠦᠭᠡ ᠲᠠᠢ᠃ ᠲᠡᠭᠦᠨ ᠠᠴᠠ᠄ ︽ᠨᠠᠶᠢᠮᠠᠬᠠᠨ ᠭᠦᠮᠦᠨ ᠲᠡᠷᠡ ᠤᠯᠠᠨ ᠠᠶᠢᠯ ᠡᠷᠦᠭᠡ ᠭᠦᠮᠦᠨ ᠬᠠᠷ᠎ᠠ ᠳᠤ ᠶᠠᠭᠠᠭᠢᠵᠤ ᠦᠢᠯᠡᠴᠢᠯᠡᠵᠤ ᠠᠮᠵᠢᠳᠠᠭ ᠪᠤᠢ︾ ᠭᠡᠵᠤ ᠬᠠᠴᠢᠷᠬᠠᠨ ᠠᠰᠠᠭᠤᠬᠤ ᠳᠤ᠄ ︽ᠲᠠᠶᠢᠮᠦ ᠰᠢᠦ᠂ ᠪᠢ ᠰᠠᠶ᠋ᠢ ᠡ᠊ᠨᠳᠡ ᠢᠷᠡᠭᠡᠳ ᠡᠨᠡ ᠲᠠᠯ᠎ᠠ ᠪᠠᠷ ᠭᠦᠴᠢᠷᠳᠡᠭᠰᠡᠨ᠃ ᠨᠢᠭᠡ ᠠᠵᠢᠯᠯᠠᠭ᠎ᠠ ᠭᠢᠭᠦ ᠳᠤ ᠴᠦ ᠨᠠᠶᠢᠮᠠᠨ ᠭᠦᠮᠦᠨ ᠭᠡᠳᠦᠨ ᠲᠡᠶᠢᠰᠢ ᠪᠠᠨ ᠬᠠᠨᠳᠤᠭᠠᠳ ᠭᠦᠶᠦᠭᠰᠡᠨ ᠴᠦ ᠠᠮᠵᠢᠬᠤ ᠦᠭᠡᠢ᠃ ᠭᠡᠪᠡᠴᠦ ᠶᠠᠭᠠᠭᠢᠬᠤ ᠪᠤᠢ᠂ ᠲᠤᠭᠤᠯᠵᠤ ᠭᠠᠷᠬᠤ ᠯᠠ ᠭᠡᠷᠡᠭ ᠁︾ ᠭᠡᠵᠤ ᠦᠭᠡ ᠪᠠᠨ ᠲᠡᠯᠭᠡᠨ᠎ᠠ᠃ ᠲᠡᠶᠢᠮᠦ ᠡ᠂ ᠡᠨᠡ ᠨᠢ ᠠᠰᠬ᠎ᠠ ᠳᠤ ᠲᠤᠯᠭᠠᠷᠠᠬᠰᠠᠨ ᠭᠦᠴᠢᠷ᠂ ᠮᠦᠨ ᠴᠦ ᠲᠤᠭᠤᠯᠵᠤ ᠭᠠᠷᠤᠬᠰᠠᠨ ᠠᠮᠵᠢᠯᠳᠠ ᠪᠠᠶᠢᠯ᠎ᠠ᠃ ᠲᠡᠷᠠ ᠨᠡᠶᠢᠭᠡᠮ ᠲᠤᠭᠤᠷᠢᠭ ᠤᠨ ᠬᠠᠮᠳᠤ ᠠᠵᠢᠯᠯᠠᠬᠰᠠᠳ ᠢᠶᠠᠨ ᠲᠠᠭᠠᠭᠤᠯᠵᠤ᠂ ᠠᠵᠢᠯ ᠤᠨ ᠭᠡᠪ ᠵᠠᠬᠪᠤᠷ ᠲᠡᠭᠡᠨ ᠵᠤᠷᠢᠬᠳᠠᠢ ᠡᠭᠦᠳᠦᠯᠳᠠ ᠰᠢᠨᠠᠴᠢᠯᠠᠯᠳᠠ ᠭᠢᠯ᠎ᠠ᠃ ᠬᠠᠮᠤᠭ ᠡᠴᠦᠰ ᠲᠤ ︽ᠵᠤᠭᠢᠶᠠᠨ ᠪᠠᠶᠢᠭᠤᠯᠤᠯᠳᠠ ᠶᠢ ᠠᠭᠤᠰᠤᠯᠴᠠᠭᠤᠯᠵᠤ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠬᠠᠮᠳᠤ ᠪᠠᠷ ᠠᠳᠬᠤᠬᠤ︔ ᠡᠩᠨᠡᠭᠡ ᠶᠢ ᠠᠭᠤᠰᠤᠯᠴᠠᠭᠤᠯᠵᠤ᠂ ᠤᠯᠠᠨ ᠲᠦᠮᠠᠨ ᠳᠤ ᠬᠠᠮᠳᠤ ᠪᠠᠷ ᠦᠢᠯᠡᠴᠢᠯᠡᠭᠦ︔ ᠦᠵᠠᠯ ᠰᠠᠨᠠᠭ᠎ᠠ ᠶᠢ ᠠᠭᠤᠰᠤᠯᠴᠠᠭᠤᠯᠵᠤ᠂ ᠡᠶ᠎ᠡ ᠵᠤᠭᠢᠴᠠᠯ ᠢ ᠬᠠᠮᠳᠤ ᠪᠠᠷ ᠴᠤᠬᠴᠠᠯᠠᠬᠤ︾ ᠠᠵᠢᠯ ᠤᠨ ᠭᠡᠪ ᠵᠠᠬᠪᠤᠷ ᠢ ᠡᠭᠦᠳᠦᠨ ᠭᠠᠷᠭᠠᠵᠤ᠂ ᠵᠡᠭᠡᠯᠢ ᠭᠤᠳᠤᠮᠵᠢ᠂ ᠠᠵᠤ ᠠᠬᠤᠶᠢᠢᠯᠠᠯ᠂ ᠨᠠᠮ ᠤᠨ ᠲᠤᠭᠤᠶᠢᠢᠯᠠᠩ᠂ ᠰᠠᠭᠤᠭᠠᠯᠢ ᠠᠷᠠᠳ ᠤᠨ ᠵᠦᠪᠯᠡᠯ᠂ ᠨᠡᠶᠢᠭᠡᠮ ᠤᠨ ᠵᠤᠭᠢᠶᠠᠨ ᠪᠠᠶᠢᠭᠤᠯᠤᠯᠳᠠ᠂ ᠰᠠᠶᠢᠨ ᠲᠤᠷᠠᠴᠤᠤᠯ ᠤᠨ ᠦᠢᠯᠡᠴᠢᠯᠡᠭᠡᠨ ᠤ ᠡᠩᠨᠡᠭᠡ᠂ ᠪᠤᠶᠠᠨᠰᠠᠭ ᠰᠡᠳᠭᠢᠯᠳᠡᠨ ᠵᠡᠷᠭᠡ ᠤᠯᠠᠨ ᠲᠠᠯ᠎ᠠ ᠶᠢᠨ ᠡᠭᠢ ᠪᠠᠶᠠᠯᠢᠭ ᠪᠠ ᠭᠦᠴᠦᠨ ᠢ ᠬᠠᠮᠳᠤᠷᠠᠭᠤᠯᠤᠨ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠳᠤ ᠤᠷᠤᠯᠴᠠᠭᠤᠯᠵᠤ᠂ ᠨᠡᠭᠡᠭᠡᠯᠳᠡ ᠲᠠᠢ ᠴᠢᠯᠦᠭᠡᠳᠡᠢ ᠭᠡᠯᠪᠠᠷᠢ ᠶᠢᠨ ᠨᠡᠶᠢᠭᠡᠮ ᠲᠤᠭᠤᠷᠢᠭ ᠢ ᠪᠠᠶᠢᠭᠤᠯᠵᠤ᠂ ᠨᠡᠶᠢᠭᠡᠮ ᠲᠤᠭᠤᠷᠢᠭ ᠤᠨ ᠦᠢᠯᠡᠴᠢᠯᠡᠭᠡ ᠳ᠋ᠠᠩ ᠴᠤᠯᠭᠤᠢ ᠪᠠᠶᠢᠬᠰᠠᠨ ᠠᠴᠠ ᠪᠠᠨ ᠤᠯᠠᠨ ᠲᠦᠷᠦᠯᠰᠢᠵᠤ᠂ ᠲᠠᠷᠠᠬᠠᠢ ᠪᠤᠳᠠᠷᠬᠠᠢ ᠪᠠᠶᠢᠬᠰᠠᠨ ᠠᠴᠠ ᠪᠠᠨ ᠲᠦᠷᠢᠮᠵᠢᠵᠤ᠂ ᠲᠦᠪᠯᠡᠷᠡᠩᠭᠦᠢ ᠪᠠᠶᠢᠬᠰᠠᠨ ᠠᠴᠠ ᠪᠠᠨ ᠪᠠᠶᠢᠡᠭᠭᠤᠵᠢᠵᠤ᠂ ᠪᠦᠳᠦᠭᠦᠯᠢᠭ ᠪᠠᠶᠢᠬᠰᠠᠨ ᠠᠴᠠ ᠪᠠᠨ ᠲᠤᠷᠪᠢᠯᠢᠬᠵᠢᠯ᠎ᠠ᠃        ᠠᠰᠬ᠎ᠠ ᠶᠢᠨ ᠶᠦᠮᠦᠷᠯᠢᠭ ᠦᠭᠡ ᠪᠠᠷ ᠪᠤᠯ ︽ᠬᠤᠳᠠ ᠭᠠᠵᠠᠷ ᠲᠤ ᠨᠢᠭᠡ ᠭᠦᠮᠦᠨ ᠡᠵᠢ ᠶᠢᠨ ᠭᠡᠳᠡᠰᠦᠨ ᠳᠤ ᠪᠠᠶᠢᠬᠤ ᠠᠴᠠ ᠡᠭᠢᠯᠡᠭᠡᠳ ᠦᠳᠡᠯᠵᠤ ᠡᠪᠤᠭᠡᠷᠠᠳᠠᠯ᠎ᠠ ᠨᠡᠶᠢᠭᠡᠮ ᠲᠤᠭᠤᠷᠢᠭ ᠤᠨ ᠦᠢᠯᠡᠴᠢᠯᠡᠭᠡ ᠠᠴᠠ ᠰᠠᠯᠵᠤ ᠴᠢᠳᠠᠬᠤ ᠦᠭᠡᠢ︾᠃ ᠡᠶᠢᠨ ᠭᠦ ᠠᠰᠬ᠎ᠠ ᠨᠡᠶᠢᠭᠡᠮ ᠲᠤᠭᠤᠷᠢᠭ ᠲᠤ ᠪᠠᠶᠢᠭ᠎ᠠ ᠰᠤᠷᠬᠤ ᠨᠠᠰᠤᠨ ᠠᠴᠠ ᠡᠮᠤᠨᠡᠭᠢ ᠭᠡᠤᠭᠡᠳ ᠤᠨ ᠦᠰᠦᠯᠳᠠ ᠪᠤᠶᠢᠵᠢᠯᠳᠠ᠂ ᠰᠤᠷᠬᠤ ᠨᠠᠰᠤᠨ ᠤ ᠭᠡᠤᠭᠡᠳ ᠰᠤᠷᠭᠠᠭᠤᠯᠢ ᠰᠤᠶᠤᠯ ᠤᠨ ᠮᠦᠷ ᠢᠶᠠᠨ ᠶᠠᠭᠠᠭᠢᠵᠤ ᠭᠦᠭᠡᠭᠡᠵᠤ ᠪᠠᠶᠢᠬᠤ᠂ ᠰᠤᠷᠤᠯᠭ᠎ᠠ ᠪᠠᠨ ᠲᠡᠭᠦᠰᠭᠡᠭᠰᠡᠨ ᠤᠶᠤᠳᠠᠳ ᠠᠵᠢᠯ ᠤᠯᠵᠤ ᠪᠠᠶᠢᠬᠤ ᠡᠰᠡᠭᠦ᠂ ᠠᠶᠢᠯ ᠭᠡᠷ ᠤᠨ ᠠᠮᠢᠳᠤᠷᠠᠯ ᠤᠨ ᠪᠠᠳᠤᠯᠠᠭ᠎ᠠ ᠶᠠᠮᠠᠷ ᠪᠠᠶᠢᠬᠤ᠂ ᠠᠬᠠᠮᠠᠳ ᠨᠠᠰᠤᠳᠠᠳ ᠦᠳᠡᠯᠦᠭᠡ ᠨᠠᠰᠤ ᠪᠠᠨ ᠭᠡᠷᠭᠢᠨ ᠦᠡᠭᠭᠡᠷᠡᠭᠦᠯᠵᠤ ᠪᠠᠶᠢᠬᠤ ᠁ ᠵᠡᠷᠭᠡ ᠦᠰᠦᠨ ᠠᠴᠠ ᠤᠯᠠᠨ ᠤᠴᠢᠷ ᠢ ᠦᠷᠭᠦᠯᠵᠢ ᠪᠤᠳᠤᠯᠭᠢᠯᠠᠵᠤ ᠶᠠᠪᠤᠳᠠᠭ᠃ ᠨᠠᠶᠢᠭᠡᠮ ᠲᠤᠭᠤᠷᠢᠭ ᠲᠡᠭᠡᠨ ᠴᠦ ᠯᠧ ᠭᠤᠤ ᠲᠤᠬᠯᠠᠭᠠᠮ ᠤᠨ ᠭᠠᠵᠠᠷ᠂ ᠤᠷᠠᠨ ᠵᠢᠷᠤᠭ ᠤᠨ ᠭᠠᠵᠠᠷ᠂ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠭᠢᠴᠢᠶᠠᠯ ᠲᠦᠷᠦᠯ ᠤᠨ ᠵᠢᠯᠤᠭᠤᠳᠤᠯᠭ᠎ᠠ ᠶᠢᠨ ᠭᠠᠵᠠᠷ᠂ ᠰᠢᠳᠠᠷ᠎ᠠ ᠨᠠᠭᠠᠳᠬᠤ ᠭᠠᠵᠠᠷ ᠁ ᠭᠡᠳ ᠭᠡᠤᠭᠡᠳ ᠪᠠᠭᠠᠴᠤᠳ᠂ ᠨᠠᠰᠤᠳᠠᠶᠢᠴᠤᠳ ᠲᠤ ᠵᠤᠷᠢᠭᠤᠯᠤᠬᠰᠠᠨ ᠤᠯᠠᠨ ᠤᠯᠠᠨ ᠠᠵᠢᠯᠯᠠᠭᠠᠨ ᠤ ᠲᠠᠰᠤᠭ ᠢ ᠨᠡᠭᠡᠭᠡᠭᠰᠡᠨ ᠢ ᠰᠤᠷᠪᠤᠯᠵᠢᠯᠠᠭ᠎ᠠ ᠲᠤᠮᠳᠠ ᠤᠯᠵᠤ ᠬᠠᠷᠠᠯ᠎ᠠ᠃      ᠲᠤᠰ ᠨᠡᠶᠢᠭᠡᠮ ᠲᠤᠭᠤᠷᠢᠭ ᠤᠨ ᠫᠢᠡᠭ ᠾᠧ ᠸᠠᠨ ᠰᠠᠭᠤᠭᠠᠯᠢ ᠠᠷᠠᠳ ᠤᠨ ᠲᠤᠭᠤᠷᠢᠭ ᠲᠤ ᠪᠠᠶᠢᠭ᠎ᠠ ᠯᠢ ᠤᠪᠤᠬᠳᠤ ᠬᠠᠷᠠᠭ᠎ᠠ ᠮᠠᠭᠤ᠂ ᠪᠦᠰᠡᠭᠦᠢ ᠨᠢ ᠬᠤᠶᠠᠷ ᠤᠳᠠᠭ᠎ᠠ ᠮᠠᠰᠨ ᠵᠠᠰᠠᠯ ᠭᠢᠵᠤ ᠬᠤᠭᠤᠯᠠ ᠭᠢᠭᠦ ᠳᠤ ᠴᠦ ᠭᠦᠴᠢᠷᠳᠡᠳᠡᠭ ᠪᠤᠯᠬᠤᠷ ᠡᠨᠡ ᠠᠶᠢᠯ ᠤᠨ ᠬᠢ ᠭᠦᠳᠡᠯᠮᠤᠷᠢ ᠭᠦᠴᠦ ᠭᠡᠵᠤ ᠦᠭᠡᠢ᠃ ᠬᠤᠶᠠᠷ ᠭᠦᠦ ᠲᠠᠢ᠂ ᠶᠡᠭᠡ ᠭᠦᠦ ᠨᠢ ᠲᠡᠭᠡᠳᠤ ᠲᠤᠮᠳᠠᠳᠤ ᠳᠤ ᠰᠤᠷᠤᠯᠴᠠᠵᠤ ᠪᠤᠢ᠃ ᠡᠳᠡᠨ ᠤ ᠬᠢ ᠰᠠᠷ᠎ᠠ ᠪᠦᠷᠢ 1200 ᠲᠦᠭᠦᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠡᠭᠭᠦ ᠤᠯᠬᠤ ᠠᠴᠠ ᠭᠠᠳᠠᠨ᠎ᠠ ᠤᠨᠳᠤᠤ ᠤᠷᠤᠯᠭ᠎ᠠ ᠶᠢᠨ ᠢᠷᠠᠯᠳᠠ ᠭᠡᠵᠤ ᠪᠠᠷᠤᠭ ᠦᠭᠡᠢ ᠪᠠᠶᠢᠯ᠎ᠠ᠃ ᠶᠡᠭᠡ ᠭᠦᠦ ᠶᠢᠨ ᠭᠢᠨᠢ ᠬᠤᠭᠤᠯᠠᠨ ᠤ ᠰᠦᠢᠳᠭᠡᠯ ᠨᠢᠭᠡ ᠰᠠᠷ᠎ᠠ 800 ᠲᠦᠭᠦᠷᠢᠭ ᠲᠤ ᠭᠦᠷᠳᠡᠭ᠃ ︽ᠭᠦᠴᠢᠷ ᠲᠠᠢ ᠦᠰᠦᠭᠰᠡᠨ ᠭᠡᠤᠭᠡᠳ ᠡᠷᠳᠡ ᠲᠤᠮᠤᠭᠠᠵᠢᠳᠠᠭ︾ ᠭᠡᠳᠡᠭᠴᠢᠯᠠᠨ ᠡᠨᠡ ᠭᠡᠤᠭᠡᠳ ᠮᠦᠡᠭᠭᠦ ᠪᠠᠨ ᠠᠷᠪᠢᠯᠠᠵᠤ ᠡᠳᠦᠷ ᠲᠤ ᠨᠢᠭᠡ ᠡᠷᠢᠨ ᠤ ᠬᠤᠭᠤᠯᠠ ᠢᠳᠡᠳᠡᠭ ᠭᠡᠨ᠎ᠠ᠃ ᠪᠠᠶᠢᠳᠠᠯ ᠢ ᠤᠶᠢᠢᠯᠠᠭᠠᠬᠰᠠᠨ ᠤ ᠲᠠᠷᠠᠭ᠎ᠠ ᠠᠰᠬ᠎ᠠ ᠲᠤᠰ ᠨᠡᠶᠢᠭᠡᠮ ᠲᠤᠭᠤᠷᠢᠭ ᠲᠤ ᠪᠠᠶᠢᠭ᠎ᠠ ᠠᠵᠤ ᠠᠬᠤᠶᠢᠢᠯᠠᠯ ᠠᠴᠠ ᠲᠡᠮᠵᠢᠯᠭᠡ ᠭᠤᠶᠤᠵᠤ᠂ ᠠᠵᠤ ᠠᠬᠤᠶᠢᠢᠯᠠᠯ ᠭᠦᠦ ᠶᠢᠨ ᠭᠢᠨᠢ ᠭᠤᠷᠪᠠᠨ ᠵᠢᠯ ᠤᠨ ᠬᠤᠭᠤᠯᠠᠨ ᠤ ᠰᠦᠢᠳᠭᠡᠯ ᠢ ᠲᠠᠭᠠᠭᠠᠴᠢᠯᠠᠵᠤ᠂ ᠯᠢ ᠤᠪᠤᠬᠳᠤ ᠶᠢᠨ ᠬᠢᠨ ᠤ ᠳᠤ ᠠᠵᠤ ᠠᠬᠤᠶᠢᠢᠯᠠᠯ ᠤᠨ ᠠᠵᠢᠯᠳᠠᠨ ᠤ ᠬᠤᠭᠤᠯᠠᠨ ᠺᠠᠷᠲ ᠦᠭᠴᠦ᠂ ᠲᠡᠳᠡᠨ ᠤ ᠬᠢᠨ ᠤ ᠬᠠᠮᠤᠭ ᠨᠠᠭᠠᠳᠤ ᠵᠠᠬ ᠎ᠠ ᠶᠢᠨ ᠭᠦᠴᠢᠷᠳᠠᠯ ᠢ ᠨᠢ ᠰᠢᠢᠳᠪᠤᠷᠢᠯᠡᠭᠰᠡᠨ ᠪᠠᠶᠢᠨ᠎ᠠ᠃ ᠡᠶᠢᠮᠦᠷᠭᠦᠦ ᠦᠢᠯᠠ ᠶᠢ ᠠᠰᠬ᠎ᠠ ᠤᠯᠠᠨ ᠭᠢᠵᠤ᠂ ᠤᠷᠢᠳ ᠬᠤᠵᠢᠳ ᠶᠠᠳᠠᠭᠤ ᠭᠦᠴᠢᠷᠳᠠᠯᠳᠠᠢ ᠶᠢ ᠨᠢ ᠲᠡᠮᠵᠢᠭᠦ᠂ ᠭᠦᠮᠦᠵᠢᠯ ᠪᠤᠯᠪᠠᠰᠤᠷᠠᠯ ᠭᠦᠷᠳᠡᠭᠡᠭᠦ᠂ ᠠᠷᠠᠳ ᠲᠤ ᠦᠢᠯᠡᠴᠢᠯᠡᠭᠦ ᠵᠡᠷᠭᠡ ᠭᠦᠷᠢᠶ᠎ᠠ ᠭᠡᠪᠴᠢᠶᠠᠨ ᠤ ᠰᠠᠶᠢᠨ ᠲᠤᠷᠠᠴᠤᠤᠯ ᠤᠨ ᠦᠢᠯᠡᠴᠢᠯᠡᠭᠡ ᠶᠢ 200 ᠭᠠᠷᠤᠢ ᠤᠳᠠᠭ᠎ᠠ ᠦᠷᠨᠢᠭᠦᠯᠵᠤ᠂ ᠠᠮᠢᠳᠤᠷᠠᠯ ᠭᠦᠴᠢᠷᠳᠡᠯᠳᠠᠢ 50 ᠭᠠᠷᠤᠢ ᠡᠷᠦᠭᠡ ᠶᠢ ᠬᠠᠪᠰᠤᠷᠣᠨ ᠲᠡᠳᠭᠦᠵᠤ ᠪᠤᠯᠭᠤᠭᠠᠨ ᠲᠤᠬᠤᠨᠢᠭᠤᠯᠵᠤ᠂ ᠡᠯ᠎ᠠ ᠲᠦᠷᠦᠯ ᠤᠨ ᠤᠳᠬ᠎ᠠ ᠤᠷᠠᠯᠢᠭ ᠪᠡᠶ᠎ᠠ ᠶᠢᠨ ᠲᠠᠮᠢᠷ ᠤᠨ ᠠᠵᠢᠯᠯᠠᠭ᠎ᠠ ᠶᠢ 150 ᠭᠠᠷᠤᠢ ᠤᠳᠠᠭ᠎ᠠ ᠦᠷᠨᠢᠭᠦᠯᠵᠤ᠂ ᠨᠡᠶᠢᠭᠡᠮ ᠲᠤᠭᠤᠷᠢᠭ ᠤᠨ ᠤᠯᠠᠨ ᠲᠦᠮᠠᠨ ᠳᠤ ᠨᠠᠮ ᠤᠨ ᠠᠴᠢ ᠬᠠᠶᠢᠷ᠎ᠠ ᠶᠢ ᠦᠨᠠᠨ ᠭᠦ ᠮᠡᠳᠡᠷᠡᠭᠦᠯᠭᠦ ᠪᠠᠷ ᠴᠢᠷᠮᠠᠶᠢᠵᠠᠢ᠃ ᠢ ᠯᠢ ᠶᠢᠨ ᠸᠧᠢ ᠨᠡᠶᠢᠭᠡᠮ ᠲᠤᠭᠤᠷᠢᠭ ᠢᠶᠠᠷ ᠲᠤᠭᠤᠷᠢᠵᠤ ᠶᠠᠪᠤᠬᠤ ᠳᠤ ᠴᠠᠭᠠᠨ᠎ᠠ ᠪᠠᠨ ᠨᠢᠭᠡ ᠯᠠ ᠴᠡᠪᠠᠷ ᠲᠤᠭᠢᠳᠠᠢ ᠰᠠᠨᠠᠬᠳᠠᠵᠤ᠂ ᠲᠤᠰ ᠨᠡᠶᠢᠭᠡᠮ ᠲᠤᠭᠤᠷᠢᠭ ᠤᠨ ᠦᠡᠭᠭᠡ ᠪᠤᠳᠤᠭ ᠢ ᠲᠤᠳᠤᠷᠠᠭᠤᠯᠤᠨ᠎ᠠ᠃ ᠡᠨᠡ ᠨᠢ ᠲᠤᠰ ᠨᠡᠶᠢᠭᠡᠮ ᠲᠤᠭᠤᠷᠢᠭ ᠤᠨ ᠠᠵᠢᠯᠳᠠᠳ ᠤᠨ ᠬᠠᠶᠢᠷ᠎ᠠ ᠬᠠᠯᠠᠮᠵᠢ᠂ ᠭᠦᠳᠡᠯᠮᠤᠷᠢ ᠭᠦᠴᠦ᠂ ᠤᠶᠤᠨ ᠤᠬᠠᠭᠠᠨ ᠠᠴᠠ ᠭᠡᠷᠭᠢᠨ ᠰᠠᠯᠵᠤ ᠴᠢᠳᠠᠬᠤ ᠪᠢᠯᠠ᠃ ᠲᠡᠭᠡᠭᠦ ᠳᠡᠭᠡᠨ ᠠᠰᠬ᠎ᠠ ᠨᠡᠶᠢᠭᠡᠮ ᠲᠤᠭᠤᠷᠢᠭ ᠤᠨ ᠢᠶᠠᠨ ᠨᠢᠭᠡ ᠭᠡᠰᠡᠭ ᠲᠤᠭᠤᠰᠬ᠎ᠠ ᠶᠢ ᠨᠢ ᠭᠦᠷᠳᠡᠯ᠎ᠠ ᠠᠩᠵᠠᠭᠠᠷᠠᠵᠤ ᠶᠠᠪᠤᠳᠠᠭ᠃ ᠲᠤᠰ ᠨᠡᠶᠢᠭᠡᠮ ᠲᠤᠭᠤᠷᠢᠭ ᠲᠤ ᠢᠷᠡᠭᠰᠡᠨ ᠤ ᠲᠠᠷᠠᠭ᠎ᠠ ᠲᠡᠷᠠ ᠤᠯᠠᠨ ᠲᠠᠯ᠎ᠠ ᠶᠢᠨ ᠲᠡᠮᠵᠢᠯᠭᠡ ᠬᠠᠪᠰᠤᠷᠤᠯᠭ᠎ᠠ ᠶᠢ ᠴᠢᠷᠮᠠᠶᠢᠨ ᠤᠯᠵᠤ᠂ ᠰᠠᠭᠤᠭᠠᠯᠢ ᠠᠷᠠᠳ ᠤᠨ ᠲᠤᠭᠤᠷᠢᠭ ᠲᠤ ᠤᠰᠤ ᠬᠠᠨᠭ᠍ᠭᠠᠬᠤ᠂ ᠲᠤᠯᠠᠭᠠᠯᠠᠮᠵᠢ ᠬᠠᠨᠭ᠍ᠭᠠᠬᠤ᠂ ᠭᠡᠢ ᠬᠠᠨᠭ᠍ᠭᠠᠬᠤ ᠬᠤᠭᠤᠯᠠᠢ ᠲᠤᠤᠷ ᠮᠠᠭᠤ ᠪᠠᠶᠢᠬᠰᠠᠨ ᠠᠰᠠᠭᠤᠳᠠᠯ ᠢ ᠰᠢᠢᠳᠪᠤᠷᠢᠯᠠᠵᠤ᠂ ᠮᠡᠷᠭᠡᠵᠢᠯ ᠤᠨ ᠰᠡᠷᠭᠡᠶᠢᠯᠠᠯᠳᠠ ᠶᠢᠨ ᠲᠤᠨᠤᠭ ᠲᠦᠭᠦᠭᠡᠷᠤᠮᠵᠢ ᠶᠢ ᠰᠠᠶᠢᠵᠢᠷᠠᠭᠤᠯᠬᠤ᠂ ᠭᠡᠷ ᠤᠨ ᠤᠷᠤᠢ ᠠᠴᠠ ᠤᠰᠤ ᠭᠤᠭᠤᠵᠢᠬᠤ ᠶᠢ ᠰᠡᠯᠪᠢᠨ ᠵᠠᠰᠠᠬᠤ᠂ ᠲᠤᠭᠤᠢ ᠲᠡᠷᠭᠡ ᠵᠤᠬᠰᠤᠭᠠᠬᠤ ᠰᠠᠷᠠᠪᠴᠢ ᠪᠠᠶᠢᠭᠤᠯᠬᠤ᠂ ᠴᠠᠭᠢᠯᠭᠠᠨ ᠭᠦᠳᠡᠯᠭᠡᠭᠦᠷᠢᠳᠤ ᠲᠡᠷᠭᠡᠨ ᠳᠤ ᠴᠠᠭᠢᠯᠭᠠᠨ ᠴᠡᠨᠡᠭᠯᠡᠭᠦ ᠲᠦᠭᠦᠭᠡᠷᠤᠮᠵᠢ ᠭᠠᠷᠭᠠᠬᠤ ᠵᠡᠷᠭᠡ 90 ᠭᠠᠷᠤᠢ ᠵᠦᠢᠯ ᠤᠨ ᠤᠴᠢᠷ ᠶᠠᠪᠤᠳᠠᠯ ᠢ ᠪᠦᠳᠦᠭᠡᠵᠡᠢ᠃ ︽ᠠᠷᠠᠳ ᠤᠨ ᠪᠤᠳᠤᠯ ᠰᠡᠳᠭᠢᠯ ᠳᠤ ᠨᠡᠶᠢᠴᠡᠭᠰᠡᠨ ᠤᠴᠢᠷ ᠢ ᠭᠢᠵᠤ ᠪᠦᠳᠦᠭᠡᠪᠡᠯ ᠰᠠᠶ᠋ᠢ ᠠᠷᠠᠳ ᠤᠨ ᠭᠦᠷᠢᠶᠠᠯᠠᠯ ᠢ ᠤᠯᠵᠤ ᠴᠢᠳᠠᠨ᠎ᠠ᠂ ᠠᠵᠢᠯ ᠴᠦ ᠦᠷ᠎ᠠ ᠪᠦᠳᠦᠮᠵᠢ ᠪᠠᠷ ᠦᠨᠳᠦᠷ ᠪᠤᠯᠴᠢᠬᠠᠨ᠎ᠠ︾ ᠭᠡᠵᠤ ᠪᠤᠳᠤᠵᠤ ᠭᠢᠵᠤ ᠶᠠᠪᠤᠳᠠᠭ ᠠᠴᠠ ᠠᠰᠬ᠎ᠠ ᠠᠷᠠᠳ ᠤᠨ ᠰᠠᠶᠢᠨ ᠱᠦᠵᠢ ᠪᠤᠯᠤᠯ᠎ᠠ᠃ ᠨᠢᠭᠡᠨ ᠵᠠᠯᠠᠭᠤ ᠱᠦᠵᠢ ᠪᠤᠯᠤᠬᠰᠠᠨ ᠤ ᠬᠤᠪᠢ ᠳᠤ ᠲᠡᠷᠠ ︽ᠤᠭ ᠰᠠᠨᠠᠭ᠎ᠠ ᠪᠠᠨ ᠮᠠᠷᠳᠠᠯ ᠦᠭᠡᠢ ᠪᠠᠷ ᠨᠢᠭᠡ ᠡᠳᠦᠷ ᠠᠵᠢᠯ ᠤᠨ ᠪᠠᠶᠢᠷᠢᠨ ᠳᠤ ᠪᠠᠶᠢᠪᠠᠯ ᠨᠢᠭᠡ ᠡᠳᠦᠷ ᠠᠷᠠᠳ ᠲᠤ ᠦᠢᠯᠡᠴᠢᠯᠡᠨ᠎ᠠ᠂ ᠨᠠᠮ ᠤᠨ ᠬᠠᠶᠢᠷ᠎ᠠ ᠬᠠᠯᠠᠮᠵᠢ ᠶᠢ ᠠᠷᠠᠳ ᠲᠤ ᠲᠠᠮᠵᠢᠭᠤᠯᠤᠨ᠎ᠠ︾ ᠭᠡᠰᠡᠨ ᠦᠨᠡᠨᠴᠢᠭᠡᠨ ᠵᠤᠷᠢᠯᠳᠠ ᠶᠢ ᠡᠪᠤᠷᠯᠠᠵᠤ ᠭᠠᠪᠰᠢᠭᠠᠶᠢᠢᠯᠠᠨ ᠠᠵᠢᠯᠯᠠᠭᠰᠠᠭᠠᠷ ᠁
ᠢᠷᠡᠯᠲᠡ᠄ ᠤᠷᠳᠤᠰ ᠮᠤᠩᠭᠤᠯ ᠰᠦᠯᠵᠢᠶ᠎ᠠ