ᠵᠠᠰᠠᠭ ᠤᠨ ᠤᠷᠳᠤᠨ ᠤ ᠠᠵᠢᠯ ᠤᠨ ᠢᠯᠡᠳᠭᠡᠯ | -- 2018 ᠤᠨ ᠤ 3 ᠰᠠᠷ᠎ᠠ ᠶᠢᠨ 27 ᠤ ᠡᠳᠤᠷ ᠵᠡᠬᠦᠨᠭᠠᠷ ᠬᠤᠰᠢᠭᠤᠨ ᠤ ᠠᠷᠪᠠᠨ ᠳᠤᠯᠤᠳᠤᠭᠠᠷ ᠬᠤᠭᠤᠴᠠᠭᠠᠨ ᠤ | ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷ᠎ᠠ | ᠵᠡᠬᠦᠨᠭᠠᠷ ᠬᠤᠰᠢᠭᠤᠨ ᠤ ᠬᠤᠰᠢᠭᠤᠨ ᠳᠠᠷᠤᠭ᠎ᠠ ᠡᠷᠳᠡᠨᠢᠪᠢᠯᠢᠭ | ᠳᠦᠯᠦᠭᠡᠯᠡᠭᠴᠢᠳ ᠡ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠠᠨ ᠵᠦᠪᠯᠡᠬᠦ ᠪᠤᠯᠪᠠᠤ᠂ | ᠳᠡᠷᠡᠴᠢᠯᠡᠨ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠰᠤᠯᠠ ᠤᠷᠤᠯᠴᠠᠬᠰᠠᠨ ᠬᠦᠮᠤᠰ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2017 ᠤᠨ ᠤ ᠠᠵᠢᠯ ᠤᠨ ᠡᠷᠬᠢᠴᠡᠬᠦᠯᠤᠯ | ᠦᠩᠭᠡᠷᠡᠭᠰᠡᠨ ᠨᠢᠭᠡ ᠵᠢᠯ ᠳᠤ᠂ ᠪᠢᠳᠠ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠭᠡᠢ ᠬᠦᠭ ᠢ ᠪᠠᠳᠤ | ᠡᠵᠡᠮᠳᠡᠨ᠂ ᠳᠡᠭᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠡᠯ᠎ᠡ ᠳᠦᠷᠤᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ | ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠬᠳᠠᠭᠤᠨ ᠢᠶᠠᠷ ᠨᠡᠮᠡᠭᠳᠡᠬᠦᠯᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠤᠴᠡ ᠶᠢ ᠳᠤᠬᠢᠷᠠᠭᠤᠯᠬᠤ᠂ | ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠳᠦᠭᠰᠢᠬᠦᠷᠢ ᠶᠢ ᠰᠡᠷᠭᠡᠶᠢᠯᠡᠬᠦ ᠵᠡᠷᠭᠡ ᠡᠯ᠎ᠡ ᠳᠦᠷᠤᠯ ᠤᠨ ᠠᠵᠢᠯ ᠤᠳ ᠢ ᠨᠢᠭᠡᠳᠤᠯᠳᠡᠢ ᠳᠦᠯᠦᠪᠵᠢᠬᠦᠯᠤᠨ | ᠰᠠᠶᠢᠳᠤᠷ ᠬᠢᠭᠡᠳ᠂ ᠡᠯ᠎ᠠ ᠳᠦᠷᠤᠯ ᠤᠨ ᠠᠵᠢᠯ ᠤᠶᠢᠯᠡᠰ ᠳᠡᠭᠡᠷ᠎ᠠ ᠪᠠᠨ ᠴᠢᠬᠤᠯᠠ ᠰᠢᠨ᠎ᠠ ᠠᠬᠢᠴᠠ ᠲᠠᠢ ᠪᠤᠯᠵᠠᠢ᠃ | ︵ᠨᠢᠭᠡ︶ ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠤᠨ ᠳᠤᠬᠳᠠᠭᠤᠨ ᠢᠶᠠᠷ ᠳᠡᠰᠵᠢᠪᠡ᠃ ᠦᠨᠡᠨ ᠠᠴᠠ ᠪᠤᠳᠠᠳᠠᠢ ᠶᠢ ᠡᠷᠢᠬᠦ᠂ ᠬᠦᠭᠵᠢᠯᠳᠡ ᠶᠢᠨ | ᠴᠢᠨᠠᠷ ᠴᠢᠨᠰᠠᠭ᠎ᠠ ᠶᠢ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠂ ᠰᠠᠭᠤᠷᠢ ᠳᠤᠭ᠎ᠠ ᠶᠢ ᠪᠤᠳᠠᠳᠠᠶᠢᠵᠢᠭᠤᠯᠵᠤ ᠬᠤᠯᠢᠴᠠ ᠲᠠᠢ ᠭᠡᠰᠡᠭ ᠢ ᠨᠢ ᠰᠢᠬᠠᠵᠤ ᠭᠠᠷᠭᠠᠬᠤ ᠪᠠᠷ | ᠵᠤᠷᠢᠭ ᠰᠢᠭᠤᠳᠴᠡᠢ᠃ ᠪᠦᠬᠦ ᠬᠤᠰᠢᠭᠤᠨ ᠤ ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠦᠩᠭᠡᠢ ᠦᠷᠳᠡᠭ ᠢ 6.1% ᠪᠠᠷ ᠨᠡᠮᠡᠭᠳᠡᠬᠦᠯᠪᠡ︔ ᠡᠩ ᠤᠨ | ᠤᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠤᠪ ᠤᠨ ᠤᠷᠤᠯᠭ᠎ᠠ ᠶᠢ 67.4 ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠠᠳᠠᠯᠢᠳᠬᠠᠵᠤ ᠪᠤᠯᠬᠤ ᠬᠠᠷᠢᠴᠠᠯ | ᠨᠢ85 % ᠪᠠᠷ ᠨᠡᠮᠡᠭᠳᠡᠪᠡ︔ ᠨᠡᠶᠢᠭᠡᠮ ᠤᠨ ᠭᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠢ ᠳᠤᠭ᠎ᠠ ᠨᠢ 125.8 ᠳ᠋ᠦᠩᠰᠢᠭᠤᠷ ᠳᠦᠬᠦᠷᠢᠭ | ᠲᠤ ᠬᠦᠷᠴᠤ᠂ 7% ᠪᠠᠷ ᠨᠡᠮᠡᠭᠳᠡᠪᠡ᠃ ᠠᠵᠤ ᠠᠬᠤᠢ ᠶᠢᠨ ᠡᠷᠬᠢᠯᠳᠡ ᠶᠢᠨ ᠪᠦᠬᠦᠶᠢᠯᠡ ᠪᠠᠶᠢᠳᠠᠯ ᠠᠴᠠ ᠦᠵᠡᠪᠡᠯ᠂ ᠴᠠᠬᠢᠯᠭᠠᠨ ᠬᠦᠴᠤᠨ᠂ ᠨᠡᠬᠦᠷᠡᠰᠤ᠂ | ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠵᠡᠷᠭᠡ ᠳᠠᠪᠠᠭᠤᠯᠢᠭ ᠠᠵᠤ ᠤᠶᠢᠯᠡᠰ ᠤᠨ ᠦᠨ᠎ᠠ ᠬᠠᠩᠰᠢ ᠳᠤᠬᠳᠠᠭᠤᠨ ᠢᠶᠠᠷ ᠨᠡᠮᠡᠭᠳᠡᠵᠤ᠂ ᠭᠡᠪᠴᠢᠶᠡᠵᠢᠯ ᠠᠴᠠ | ᠳᠡᠭᠡᠭᠰᠢᠬᠢ ᠠᠵᠤ ᠤᠶᠢᠯᠡᠳᠪᠤᠷᠢ ᠶᠢᠨ ᠶᠡᠷᠦᠩᠭᠡᠢ ᠤᠶᠢᠯᠡᠳᠬᠦᠨ ᠤ ᠦᠷᠳᠡᠭ ᠢ36.9 % ᠪᠠᠷ ᠨᠡᠮᠡᠭᠳᠡᠬᠦᠯᠪᠡ᠃ ᠠᠵᠢᠯ ᠤᠯᠭᠤᠯᠳᠠ ᠤᠯᠠᠮ ᠳᠡᠬᠦᠯᠳᠡᠷᠵᠢᠵᠤ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠳᠤᠰᠪᠤᠷᠢ 8.3% ᠪᠠ 8.1% ᠪᠠᠷ ᠨᠡᠮᠡᠭᠳᠡᠨ᠂ ᠠᠵᠤ | ᠠᠬᠤᠢ ᠳᠤᠬᠳᠠᠭᠤᠨ ᠤ ᠳᠤᠮᠳᠠ ᠰᠠᠶᠢᠵᠢᠷᠠᠨ᠂ ᠠᠷᠠᠳ ᠤᠨ ᠠᠮᠢᠳᠤᠷᠠᠯ ᠤᠨ ᠬᠢᠷᠢ ᠳᠦᠪᠰᠢᠨ ᠦᠷᠬᠦᠯᠵᠢᠯᠡᠨ ᠨᠡᠮᠡᠭᠳᠡᠭᠰᠡᠨ ᠰᠠᠶᠢᠨ ᠬᠠᠨᠳᠤᠰᠢ ᠲᠠᠢ ᠪᠤᠯᠵᠤ᠂ | ᠢᠳᠡᠪᠬᠢ ᠬᠦᠴᠤᠨ ᠵᠤᠶᠢᠯ ᠪᠠ ᠰᠢᠨ᠎ᠠ ᠬᠦᠳᠡᠯᠭᠡᠭᠴᠢ ᠬᠦᠴᠤᠨ ᠤ ᠡᠨᠧᠷᠬᠢ ᠶᠠᠭ ᠰᠠᠶᠢᠬᠠᠨ ᠳᠦᠷᠭᠡᠨ ᠬᠤᠷᠠᠮᠳᠤᠵᠤ ᠪᠤᠢ᠃ | ︵ᠬᠤᠶᠠᠷ︶ ᠪᠤᠳᠠᠳᠤ ᠠᠵᠤ ᠠᠬᠤᠢ ᠦᠷᠬᠦᠯᠵᠢᠯᠡᠨ ᠡᠷᠡᠬᠦᠯ ᠢᠶᠠᠷ ᠬᠦᠭᠵᠢᠪᠡ᠃ ᠪᠡᠯᠡ ᠤᠷᠤᠭᠤᠯᠤᠯᠳᠠ ᠶᠢ ᠦᠷᠭᠡᠳᠭᠡᠬᠦ᠂ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠬᠦᠯᠬᠦ ᠡᠯ᠎ᠡ ᠳᠦᠷᠤᠯ ᠤᠨ ᠠᠵᠢᠯ ᠢ ᠦᠨᠡᠨᠬᠦ ᠰᠠᠶᠢᠳᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ | ᠶᠢᠨ ᠡᠷᠬᠢᠯᠳᠡ ᠶᠢ ᠳᠤᠬᠳᠠᠭᠤᠨ ᠪᠤᠯᠭᠠᠬᠰᠠᠨ ᠪᠠᠶᠢᠨ᠎ᠠ᠃ ᠳᠦᠷᠤᠯ ᠵᠤᠶᠢᠯ ᠢᠶᠠᠷ ᠳᠠᠭᠠᠭᠤᠯᠬᠤ ᠶᠢ ᠳᠤᠪᠤᠶᠢᠯᠭᠠᠨ᠂ ᠪᠦᠬᠦ ᠵᠢᠯ ᠳᠤ ᠭᠤᠤᠯᠳᠠᠯᠭ᠎ᠠ ᠲᠠᠢ ᠳᠦᠷᠤᠯ | ᠵᠤᠶᠢᠯ ᠢ 123 ᠭᠡᠷᠡᠭᠵᠢᠬᠦᠯᠵᠤ᠂ 327.2 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠡ᠃ ᠢ ᠲᠠᠢ ᠶᠢᠨ 200 ᠳᠦᠮᠡᠨ ᠳᠤᠨ ᠤ | ᠨᠡᠬᠦᠷᠡᠰᠤ ᠪᠠᠷ ᠳᠤᠰᠤ ᠤᠶᠢᠯᠡᠳᠪᠤᠷᠢᠯᠡᠬᠦ᠂ ᠪᠡᠭᠡᠵᠢᠩ ᠤᠨ ᠬᠤᠪᠢ ᠡᠵᠡᠮᠰᠢᠯ ᠤᠨ ᠪᠦᠷᠢᠨ ᠪᠤᠰᠤ ᠺᠤᠮᠫᠠᠨᠢ ᠶᠢᠨ40 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ | ᠤᠨ ᠨᠡᠬᠦᠷᠡᠰᠤ ᠪᠠᠷ ᠪᠠᠶᠢᠭᠠᠯᠢ ᠶᠢᠨ ᠰᠢᠳᠠᠮᠠᠬᠠᠢ ᠭᠡᠢ ᠤᠶᠢᠯᠡᠳᠪᠤᠷᠢᠯᠡᠬᠦ᠂ ᠮᠧᠩ ᠰᠢ ᠠᠴᠠ ᠲᠢᠶᠠᠨᠵᠢᠨ ᠤ ᠡᠮᠤᠨ᠎ᠡ ᠭᠡᠰᠡᠭ ᠬᠦᠷᠬᠦ ᠴᠠᠬᠢᠯᠭᠠᠨ ᠬᠦᠴᠤᠨ ᠤ ᠱᠤᠭᠤᠮ | ᠤᠨ ᠳᠦᠬᠦᠷᠵᠢᠬᠦᠯᠦᠭᠰᠡᠨ ᠴᠠᠬᠢᠯᠭᠠᠨ ᠢᠷᠡᠯᠳᠡ ᠶᠢᠨ ᠭᠠᠵᠠᠷ ᠤᠨ ᠵᠤ᠋ ᠵᠢᠶᠠ ᠫᠢᠩ ᠤᠨ ᠴᠠᠬᠢᠯᠭᠠᠨ ᠤᠶᠢᠯᠡᠳᠪᠤᠷᠢ᠂ ᠵᠢᠩ ᠲᠠᠢ ᠴᠠᠬᠢᠯᠭᠠᠨ ᠭᠠᠷᠭᠠᠬᠤ ᠰᠤᠸᠠᠨ ᠼᠧ | ᠭᠸᠤ ᠴᠠᠬᠢᠯᠭᠠᠨ ᠤᠶᠢᠯᠡᠳᠪᠤᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠨᠢᠭᠡ ᠪᠦᠯᠦᠭ ᠶᠡᠭᠡ ᠳᠠᠯ᠎ᠠ ᠪᠠ ᠠᠯᠤᠰ ᠭᠡᠳᠤ ᠶᠢᠨ ᠠᠴᠢ ᠬᠤᠯᠪᠤᠬᠳᠠᠯ ᠲᠠᠢ | ᠴᠢᠬᠤᠯᠠ ᠶᠡᠭᠡ ᠠᠵᠤ ᠤᠶᠢᠯᠡᠳᠪᠤᠷᠢ ᠶᠢᠨ ᠳᠦᠷᠤᠯ ᠵᠤᠶᠢᠯ ᠤᠨ ᠪᠠᠷᠢᠯᠭ᠎ᠠ ᠶᠢ ᠡᠬᠢᠯᠡᠬᠦᠯᠬᠦ ᠪᠦᠳᠤᠭᠡᠨ ᠪᠠᠶᠢᠭᠤᠯᠤᠯᠳᠠ ᠨᠤᠭᠤᠳ ᠨᠢ ᠬᠤᠶᠢᠰᠢᠳᠠ ᠶᠢᠨ ᠪᠦᠬᠦ | ᠬᠤᠰᠢᠭᠤᠨ ᠤ ᠠᠵᠤ ᠠᠬᠤᠢ ᠶᠢᠨ ᠬᠦᠭᠵᠢᠯᠳᠡ ᠪᠠ ᠠᠵᠤ ᠤᠶᠢᠯᠡᠰ ᠤᠨ ᠭᠡᠯᠪᠡᠷᠢ ᠪᠠᠨ ᠬᠤᠪᠢᠷᠠᠭᠤᠯᠬᠤ ᠳᠤ ᠪᠠᠳᠤ ᠰᠠᠭᠤᠷᠢ ᠶᠢ ᠳᠠᠯᠪᠢᠪᠠ᠃ ᠠᠵᠤ ᠤᠶᠢᠯᠡᠰ ᠤᠨ | ᠭᠡᠯᠪᠡᠷᠢ ᠪᠠᠨ ᠬᠤᠪᠢᠷᠠᠭᠤᠯᠬᠤ ᠶᠢ ᠳᠦᠷᠭᠡᠳᠭᠡᠨ᠂ ᠰᠢ ᠶᠢᠨ ᠫᠢᠩ ᠶᠡᠷᠦᠩᠭᠡᠢ ᠱᠦᠵᠢ ᠶᠢᠨ ︽ᠳᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠦᠭᠵᠢᠯᠳᠡ ᠶᠢᠨ ᠠᠷᠭ᠎ᠠ ᠭᠡᠯᠪᠡᠷᠢ ᠶᠢ ᠴᠢᠷᠮᠠᠶᠢᠨ ᠬᠤᠪᠢᠷᠠᠭᠤᠯᠤᠨ᠂ ᠡᠬᠢ ᠪᠠᠶᠠᠯᠢᠭ ᠢ ᠬᠤᠪᠢᠷᠠᠭᠤᠯᠵᠤ ᠦᠷᠳᠡᠭ ᠢ ᠨᠢ ᠨᠡᠮᠡᠭᠳᠡᠬᠦᠯᠬᠦ ᠶᠢ | ᠠᠬᠢᠭᠤᠯᠪᠠ᠃ ᠤᠯᠠᠮᠵᠢᠯᠠᠯᠳᠤ ᠠᠵᠤ ᠤᠶᠢᠯᠡᠰ ᠢ ᠰᠢᠯᠢᠳᠡᠭᠵᠢᠬᠦᠯᠤᠨ ᠳᠡᠰ ᠳᠡᠪᠰᠢᠬᠦᠯᠵᠤ᠂ ᠨᠡᠬᠦᠷᠡᠰᠤᠨ ᠤ ᠪᠤᠰᠤ ᠠᠵᠤ ᠤᠶᠢᠯᠡᠰ182.2 ᠳ᠋ᠦᠩᠰᠢᠭᠤᠷ | ᠳᠦᠬᠦᠷᠢᠭ ᠤᠨ ᠤᠶᠢᠯᠡᠳᠬᠦᠨ ᠤ ᠦᠷᠳᠡᠭ ᠢ ᠪᠡᠶᠡᠯᠡᠬᠦᠯᠤᠨ᠂ ᠭᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠶᠡᠷᠦᠩᠭᠡᠢ ᠤᠶᠢᠯᠡᠳᠬᠦᠨ ᠤ ᠦᠷᠳᠡᠭ | ᠤᠨ19.2% ᠢ ᠡᠵᠡᠯᠡᠪᠡ᠃ ᠤᠳᠤ ᠦᠶ᠎ᠠ ᠶᠢᠨ ᠮᠠᠯ ᠳᠠᠷᠢᠶᠠᠯᠠᠩ ᠯᠠᠪᠳᠠᠭᠤᠨ ᠢᠶᠠᠷ ᠠᠬᠢᠵᠤ᠂ ᠠᠮᠤ ᠪᠤᠳᠠᠭᠠᠨ ᠤ ᠤᠨᠠᠯᠳᠠ ᠪᠠ ᠮᠠᠯ ᠤᠨ ᠳᠤᠭ᠎ᠠ ᠳᠤᠯᠤᠭᠠᠢ ᠨᠢ | ᠳᠤᠬᠳᠠᠭᠤᠨ ᠢᠶᠠᠷ ᠨᠡᠮᠡᠭᠳᠡᠪᠡ᠃ ᠤᠳᠤ ᠦᠶ᠎ᠠ ᠶᠢᠨ ᠤᠶᠢᠯᠡᠴᠢᠯᠡᠭᠡᠨ ᠤ ᠤᠶᠢᠯᠡᠰ ᠤᠨ ᠬᠦᠭᠵᠢᠯᠳᠡ ᠳᠦᠷᠭᠡᠳᠴᠤ᠂ ᠵᠤᠭᠠᠴᠠᠯ ᠤᠨ ᠬᠦᠭᠵᠢᠯᠳᠡ ᠶᠢᠨ ᠶᠡᠷᠦᠩᠭᠡᠢ | ᠳᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ︽ᠨᠢᠭᠡ ᠪᠦᠰᠡ ᠳᠦᠷᠪᠡᠨ ᠵᠤᠭᠠᠴᠠᠯ︾ ᠤᠨ ᠵᠤᠭᠠᠴᠠᠯ ᠤᠨ ᠬᠦᠭᠵᠢᠯᠳᠡ ᠶᠢᠨ ᠪᠠᠶᠢᠷᠢᠰᠢᠯ ᠢ ᠳᠤᠬᠳᠠᠭᠠᠨ᠂ | ᠬᠠᠳᠤᠨ ᠭᠤᠤᠯ ᠤᠨ ᠳᠤᠮᠤ ᠬᠠᠪᠴᠢᠯ᠂ ᠵᠡᠬᠦᠨᠭᠠᠷ ᠵᠤᠤ᠂ ᠪᠠᠢ ᠯᠢ ᠴᠠᠩ ᠴᠤᠸᠠᠨ ᠵᠡᠷᠭᠡ ᠨᠢᠭᠡ ᠪᠦᠯᠦᠭ ᠵᠤᠭᠠᠴᠠᠯ ᠤᠨ ᠳᠦᠷᠤᠯ ᠵᠤᠶᠢᠯ ᠤᠨ ᠪᠦᠳᠤᠭᠡᠨ | ᠪᠠᠶᠢᠭᠤᠯᠤᠯᠳᠠ ᠶᠢ ᠠᠬᠢᠭᠤᠯᠵᠤ᠂ ᠬᠦᠢᠯᠡᠰᠤᠨ ᠴᠡᠴᠡᠭ ᠤᠨ ᠨᠠᠶᠢᠷ᠂ ᠨᠠᠭᠠᠳᠤᠮ ᠤᠨ ᠶᠡᠭᠡ ᠬᠤᠷᠠᠯ ᠵᠢᠴᠢ ᠬᠦᠳᠡᠭᠡ ᠳᠤᠰᠬᠤᠨ ᠤ ᠰᠤᠶᠤᠯ ᠵᠤᠭᠠᠴᠠᠯ ᠤᠨ ᠨᠠᠶᠢᠷ᠂ | ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠤ᠂ ᠪᠦᠬᠦ ᠵᠢᠯ ᠳᠤ ᠵᠤᠭᠠᠴᠠᠬᠰᠠᠳ ᠤᠨ ᠳᠤᠭ᠎ᠠ᠂ ᠵᠤᠭᠠᠴᠠᠯ | ᠤᠨ ᠤᠷᠤᠯᠭ᠎ᠠ ᠳᠤᠰᠪᠤᠷᠢ 11.4% ᠪᠠ 10.4% ᠪᠠᠷ ᠨᠡᠮᠡᠭᠳᠡᠪᠡ᠃ ᠶᠠᠰᠤ ᠴᠢᠨᠠᠷ ᠦᠷ᠎ᠠ ᠠᠰᠢᠭ ᠢ ᠳᠡᠭᠡᠭᠰᠢᠯᠡᠬᠦᠯᠵᠤ᠂ ᠠᠵᠤ ᠠᠬᠤᠶᠢᠯᠠᠯ ᠤᠨ ᠠᠰᠢᠭ | ᠬᠤᠨᠵᠢᠪᠤᠷᠢ ᠶᠡᠬᠡᠪᠠᠷ ᠨᠡᠮᠡᠭᠳᠡᠨ᠂ ᠭᠠᠶᠢᠯᠢ ᠶᠢᠨ ᠤᠷᠤᠯᠭ᠎ᠠ ᠨᠢ ᠵᠠᠭᠤᠨ ᠤ ᠬᠤᠪᠢ ᠶᠢᠨ ᠬᠠᠷᠢᠴᠠᠯ ᠢᠶᠠᠷ 26 ᠨᠡᠮᠡᠭᠳᠡᠪᠡ︔ ᠭᠠᠶᠢᠯᠢ ᠶᠢᠨ ᠪᠤᠰᠤ ᠤᠷᠤᠯᠭ᠎ᠠ ᠶᠢᠨ | ᠬᠠᠷᠢᠴᠠᠯ ᠨᠢ 2016 ᠤᠨ ᠳᠤ 47% ᠪᠠᠶᠢᠬᠰᠠᠨ ᠠᠴᠠ ᠪᠠᠭᠤᠷᠠᠭᠠᠳ 21% ᠪᠤᠯᠵᠤ᠂ ᠡᠳ᠋ ᠤᠨ ᠵᠠᠰᠠᠭ ᠤᠨ ᠤᠷᠤᠯᠭ᠎ᠠ ᠶᠢᠨ ᠴᠢᠨᠠᠷ ᠴᠢᠨᠠᠰᠠᠭ᠎ᠠ ᠢᠯᠡᠷᠭᠡᠢ | ᠰᠠᠶᠢᠵᠢᠷᠠᠬᠰᠠᠨ ᠪᠠᠶᠢᠨ᠎ᠠ᠃ | ︵ᠭᠤᠷᠪᠠ︶ ᠬᠦᠭᠵᠢᠯᠳᠡ ᠶᠢᠨ ᠠᠮᠢᠳᠤᠯᠢᠭ ᠬᠦᠴᠤᠨ ᠪᠠ ᠳᠠᠯᠳᠠ ᠬᠦᠴᠤᠨ ᠳᠠᠰᠤᠷᠠᠯᠳᠠ ᠦᠭᠡᠢ ᠴᠢᠩᠭᠠᠷᠠᠪᠠ᠃ ︽ᠭᠤᠷᠪᠠ ᠶᠢ ᠪᠠᠭᠠᠰᠬᠠᠨ ᠨᠢᠭᠡ ᠶᠢ | ᠪᠠᠭᠤᠷᠠᠭᠤᠯᠵᠤ ᠨᠢᠭᠡ ᠶᠢ ᠨᠦᠬᠦᠪᠤᠷᠢᠯᠡᠬᠦ︾ ᠶᠢ ᠯᠠᠪᠳᠠᠭᠤᠨ ᠪᠠᠳᠤᠳᠠᠢ ᠠᠬᠢᠭᠤᠯᠵᠤ᠂ ᠨᠡᠬᠦᠷᠡᠰᠤᠨ ᠤ ᠤᠶᠢᠯᠡᠳᠪᠤᠷᠢᠯᠡᠯ ᠤᠨ ᠴᠢᠳᠠᠪᠤᠷᠢ ᠶᠢ 240 ᠳᠦᠮᠡᠨ ᠳᠤᠨ | ᠰᠤᠯᠢᠵᠤ᠂ ᠤᠳᠤ ᠪᠠᠶᠢᠭ᠎ᠠ 42.72 ᠳᠦᠮᠡᠨ ᠳᠡᠭᠰᠢ ᠳᠦᠷᠪᠡᠯᠵᠢᠨ ᠮᠧᠲᠷ ᠤᠨ ᠳᠠᠸᠠᠷ ᠤᠨ ᠭᠡᠷ ᠪᠠᠶᠢᠰᠢᠩ ᠢ ᠰᠢᠢᠳᠪᠤᠷᠢᠯᠡᠨ᠂ ᠮᠦᠩᠬᠦᠨ ᠬᠦᠢᠯᠭᠡᠭᠡᠨ ᠤ | ᠬᠦᠰᠢᠬᠦᠷᠭᠡ ᠶᠢ ᠪᠠᠭᠠᠰᠬᠠᠬᠤ ᠪᠠᠷ ᠦᠷᠬᠦᠯᠵᠢᠯᠡᠨ ᠬᠦᠴᠤᠯᠡᠵᠤ᠂ ᠠᠵᠤ ᠠᠬᠤᠶᠢᠯᠠᠯ ᠤᠨ ᠡᠷᠬᠢᠯᠳᠡ ᠶᠢᠨ ᠦᠪᠡᠷ ᠤᠨ ᠦᠷᠳᠡᠭ ᠢ 2.3 ᠳ᠋ᠦᠩᠰᠢᠭᠤᠷ ᠳᠦᠬᠦᠷᠢᠭ | ᠪᠠᠭᠤᠷᠠᠭᠤᠯᠤᠨ᠂ ᠮᠠᠯ ᠳᠠᠷᠢᠶᠠᠯᠠᠩ ᠬᠦᠳᠡᠭᠡ ᠳᠤᠰᠬᠤᠨ᠂ ᠠᠮᠢ ᠠᠬᠤᠢ ᠶᠢᠨ ᠤᠷᠴᠢᠨ ᠳᠤᠭᠤᠷᠢᠨ᠂ ᠠᠷᠠᠳ ᠤᠨ ᠠᠮᠢᠳᠤᠷᠠᠯ ᠤᠨ ᠪᠠᠳᠤᠯᠠᠭ᠎ᠠ᠂ ᠤᠳᠤ ᠦᠶ᠎ᠠ | ᠶᠢᠨ ᠤᠶᠢᠯᠡᠴᠢᠯᠡᠭᠡ ᠵᠡᠷᠭᠡ ᠳᠠᠯ᠎ᠠ ᠪᠠᠷ ᠬᠢ ᠳᠤᠳᠠᠭᠤᠳᠠᠯ ᠢ ᠨᠦᠬᠦᠪᠤᠷᠢᠯᠡᠨ ᠴᠢᠩᠭᠠᠳᠬᠠᠪᠠ᠃ ︽ᠳᠠᠯᠪᠢᠬᠤ ᠬᠠᠮᠢᠶᠠᠷᠬᠤ ᠤᠶᠢᠯᠡᠴᠢᠯᠡᠬᠦ︾ ᠦᠭᠡᠷᠡᠴᠢᠯᠡᠯᠳᠡ ᠶᠢ | ᠬᠦᠨᠵᠡᠭᠡᠶᠢᠷᠡᠬᠦᠯᠤᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠴᠢᠳᠠᠪᠬᠢ ᠶᠢ ᠶᠡᠬᠡᠪᠠᠷ ᠳᠡᠭᠡᠭᠰᠢᠯᠡᠬᠦᠯᠤᠭᠡᠳ᠂ ︽ᠳᠠᠯᠪᠢᠬᠤ ᠬᠠᠮᠢᠶᠠᠷᠬᠤ ᠤᠶᠢᠯᠡᠴᠢᠯᠡᠬᠦ︾ ᠪᠦᠬᠦ | ᠤᠯᠤᠰ ᠤᠨ ︽ᠵᠠᠭᠤᠨ ᠰᠢᠯᠢᠳᠡᠭ︾ ᠨᠡᠶᠢᠳᠡᠯᠢᠭ ᠵᠢᠱᠢᠶ᠎ᠠ ᠶᠢᠨ ᠨᠢᠭᠡ ᠨᠢ ᠪᠤᠯᠤᠬᠰᠠᠨ ᠪᠠᠶᠢᠨ᠎ᠠ᠃ ︽ᠤᠷᠢᠳᠠᠪᠠᠷ ᠡᠵᠡᠩᠨᠡᠯᠳᠡ ᠶᠢᠨ ᠦᠨᠡᠮᠯᠡᠯ ᠢ ᠭᠤᠶᠤᠴᠢᠯᠠᠵᠤ | ᠳᠠᠷᠠᠭ᠎ᠠ ᠨᠢ ᠬᠠᠮᠢᠶ᠎ᠠ ᠪᠦᠬᠦᠢ ᠵᠦᠪᠰᠢᠶᠡᠷᠡᠯ ᠤᠨ ᠭᠡᠷᠡᠴᠢ ᠶᠢ ᠬᠢᠯᠭᠡᠬᠦ᠂ ᠤᠯᠠᠨ ᠦᠨᠡᠮᠯᠡᠯ ᠢ ᠨᠡᠶᠢᠳᠭᠡᠵᠤ ᠨᠢᠭᠡ ᠦᠨᠡᠮᠯᠡᠯ ᠪᠤᠯᠭᠠᠬᠤ︾ ᠦᠭᠡᠷᠡᠴᠢᠯᠡᠯᠳᠡ ᠶᠢ ᠪᠦᠬᠦ | ᠳᠠᠯ᠎ᠠ ᠪᠠᠷ ᠶᠠᠪᠤᠬᠳᠠᠭᠤᠯᠤᠨ᠂ ᠵᠠᠬ᠎ᠠ ᠳᠡᠯᠭᠡᠬᠦᠷ ᠤᠨ ᠭᠤᠤᠯ ᠴᠤᠬᠴᠠ ᠶᠢ 5837 ᠡᠷᠤᠭᠡ᠂ ᠳᠠᠩᠰᠠᠯᠠᠭᠤᠯᠤᠬᠰᠠᠨ ᠪᠡᠯᠡ ᠮᠦᠩᠬᠦ ᠶᠢ 135.2 ᠳ᠋ᠦᠩᠰᠢᠭᠤᠷ | ᠳᠦᠬᠦᠷᠢᠭ ᠰᠢᠨ᠎ᠠ ᠪᠠᠷ ᠨᠡᠮᠡᠭᠳᠡᠬᠦᠯᠵᠤ᠂ ᠳᠤᠰᠪᠤᠷᠢ 44% ᠪᠠ 93.4% ᠪᠠᠷ ᠨᠡᠮᠡᠭᠳᠡᠬᠦᠯᠤᠨ᠂ ᠵᠠᠬ᠎ᠠ ᠳᠡᠯᠭᠡᠬᠦᠷ ᠤᠨ ᠠᠮᠢᠳᠤᠯᠢᠭ ᠬᠦᠴᠤᠨ ᠢ ᠴᠢᠨᠠᠬᠰᠢᠳᠠ | ᠬᠦᠭᠵᠢᠭᠡᠭᠰᠡᠨ ᠪᠠᠶᠢᠨ᠎ᠠ᠃ ︽ᠤᠯᠠᠨ ᠳᠦᠷᠢᠮ ᠢ ᠨᠢᠭᠡ ᠳᠦᠷᠢᠮ ᠪᠤᠯᠭᠠᠬᠤ︾ ᠳᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ᠵᠠᠰᠠᠭ ᠵᠠᠬᠢᠷᠭᠠᠨ ᠤ ᠬᠠᠤᠯᠢ | ᠬᠦᠢᠴᠡᠳᠭᠡᠬᠦ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠳᠠᠯ᠎ᠠ ᠪᠠᠷ ᠪᠦᠬᠦ ᠤᠷᠤᠨ ᠳᠤ ᠳᠤᠯᠢᠳᠠᠭᠤᠯᠤᠰᠢᠳᠠᠢ ᠳᠡᠯᠭᠡᠷᠡᠬᠦᠯᠦᠰᠢᠳᠡᠢ ᠳᠤᠷᠰᠢᠯᠭ᠎ᠠ ᠶᠢ ᠬᠠᠩᠭᠠᠨ ᠦᠭᠪᠡ | ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠴᠢᠳᠠᠪᠤᠷᠢ ᠦᠷᠬᠦᠯᠵᠢᠯᠡᠨ ᠴᠢᠩᠭᠠᠷᠠᠵᠤ᠂ ᠤᠯᠠᠨ ᠠᠷᠪᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ ᠤ ᠳᠦᠷᠤᠯ ᠵᠤᠶᠢᠯ ᠤᠯᠤᠰ᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠳᠠ ᠶᠢᠨ ᠱᠠᠩᠨᠠᠯ ᠢ ᠬᠦᠷᠳᠡᠵᠡᠢ᠃ | ︵ᠳᠦᠷᠪᠡ︶ ᠬᠤᠳᠠ ᠬᠦᠳᠡᠭᠡ ᠶᠢᠨ ᠬᠦᠭᠵᠢᠯᠳᠡ ᠰᠢᠨ᠎ᠠ ᠰᠢᠪᠳᠤᠯᠤᠯᠳᠠ ᠲᠠᠢ ᠪᠤᠯᠪᠠ᠃ ᠬᠦᠮᠤᠨ ᠢᠶᠠᠷ ᠭᠤᠤᠯ ᠪᠤᠯᠭᠠᠬᠤ ᠰᠢᠨ᠎ᠠ ᠭᠡᠯᠪᠡᠷᠢ ᠶᠢᠨ ᠬᠤᠳᠠ | ᠪᠠᠯᠭᠠᠰᠤᠵᠢᠯᠳᠠ ᠪᠠ ᠦᠵᠡᠰᠬᠦᠯᠡᠩᠳᠤ ᠰᠠᠶᠢᠬᠠᠨ ᠬᠦᠳᠡᠭᠡ ᠳᠤᠰᠬᠤᠨ ᠤ ᠪᠦᠳᠤᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠠᠷᠠᠳ ᠤᠯᠠᠨ ᠤ | ᠤᠶᠢᠯᠡᠳᠪᠤᠷᠢᠯᠡᠯ ᠠᠮᠢᠳᠤᠷᠠᠯ ᠤᠨ ᠨᠦᠬᠦᠴᠡᠯ ᠶᠡᠬᠡᠪᠠᠷ ᠰᠠᠶᠢᠵᠢᠷᠠᠪᠠ᠃ ᠬᠤᠳᠠ ᠪᠠᠯᠭᠠᠰᠤᠵᠢᠯᠳᠠ ᠶᠢᠨ ᠪᠦᠳᠤᠭᠡᠨ ᠪᠠᠶᠢᠭᠤᠯᠤᠯᠳᠠ ᠶᠢᠨ ᠠᠯᠬᠤᠴᠠ ᠳᠦᠷᠭᠡᠳᠤᠨ᠂ | ᠬᠤᠳᠠ ᠶᠢᠨ ︽ᠬᠤᠶᠠᠷ ᠢ ᠵᠠᠰᠠᠬᠤ︾ ᠪᠠ ᠬᠤᠳᠠ ᠶᠢᠨ ᠶᠠᠪᠤᠳᠠᠯ ᠤᠨ ᠰᠠᠭᠤᠷᠢ ᠳᠦᠬᠦᠭᠡᠷᠤᠮᠵᠢ ᠶᠢ ᠦᠭᠡᠷᠡᠴᠢᠯᠡᠨ ᠵᠠᠰᠠᠵᠤ ᠰᠠᠶᠢᠵᠢᠷᠠᠭᠤᠯᠬᠤ ᠪᠠᠷᠢᠯᠭ᠎ᠠ ᠶᠢ | ᠭᠡᠷᠡᠭᠵᠢᠬᠦᠯᠵᠤ᠂ ᠴᠢᠨᠠᠷᠯᠢᠭ ᠬᠤᠳᠠ ᠶᠢᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠂ ᠪᠦᠬᠦ ᠤᠯᠤᠰ ᠤᠨ ᠪᠤᠯᠪᠠᠰᠤᠨ ᠰᠢᠶᠠᠨ ᠤ ᠬᠤᠳᠠ᠂ ᠤᠯᠤᠰ ᠤᠨ | ᠴᠡᠴᠡᠷᠯᠢᠭᠵᠢᠬᠦᠯᠦᠯᠳᠡ ᠶᠢᠨ ᠬᠤᠳᠠ ᠶᠢ ᠠᠮᠵᠢᠯᠳᠠ ᠲᠠᠢ ᠡᠬᠦᠳᠤᠨ ᠪᠠᠶᠢᠭᠤᠯᠵᠤ᠂ ᠵᠠᠯᠭᠠᠭᠠᠪᠠᠷ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠪᠠᠷ ᠨᠡᠷᠡᠶᠢᠳᠦᠭᠳᠡᠨ᠂ | 2017 ᠤᠨ ᠳᠤ ᠪᠦᠬᠦ ᠤᠯᠤᠰ ᠤᠨ ᠰᠢᠨ᠎ᠠ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠴᠢᠨᠠᠷ ᠴᠢᠨᠠᠰᠠᠭ᠎ᠠ ᠶᠢᠨ ᠵᠠᠭᠤᠨ ᠬᠦᠴᠦᠷᠭᠡᠭ ᠰᠢᠶᠠᠨ ᠤ ᠬᠤᠳᠠ ᠪᠠᠷ | ᠴᠤᠯᠠᠯᠠᠬᠳᠠᠪᠠ᠃ ᠤᠶᠤᠨᠴᠢ ᠬᠤᠳᠠ ᠶᠢ ᠡᠬᠢᠯᠡᠬᠦᠯᠤᠨ ᠪᠦᠳᠤᠭᠡᠨ ᠪᠠᠶᠢᠭᠤᠯᠵᠠᠢ᠃ ᠦᠵᠡᠰᠬᠦᠯᠡᠩᠳᠤ ᠰᠠᠶᠢᠬᠠᠨ ᠬᠦᠳᠡᠭᠡ ᠳᠤᠰᠬᠤᠨ ᠤ ᠪᠦᠳᠤᠭᠡᠨ ᠪᠠᠶᠢᠭᠤᠯᠤᠯᠳᠠ | ᠶᠢᠨ ᠦᠷ᠎ᠠ ᠪᠦᠳᠤᠮᠵᠢ ᠢᠯᠡᠷᠭᠡᠢ ᠪᠤᠯᠵᠤ᠂ ᠬᠦᠳᠡᠭᠡ ᠳᠤᠰᠬᠤᠨ ᠤ ᠤᠰᠤ ᠴᠠᠬᠢᠯᠭᠠᠨ ᠵᠠᠮ ᠵᠡᠷᠭᠡ ᠴᠢᠬᠤᠯᠠ ᠰᠠᠭᠤᠷᠢ ᠳᠦᠬᠦᠭᠡᠷᠤᠮᠵᠢ ᠶᠢ ᠦᠷᠬᠦᠯᠵᠢᠯᠡᠨ | ᠰᠠᠶᠢᠵᠢᠷᠠᠭᠤᠯᠵᠤ᠂ ᠬᠦᠳᠡᠭᠡ ᠳᠤᠰᠬᠤᠨ ᠤ ᠬᠤᠭ ᠨᠤᠪᠰᠢ ᠶᠢ ᠴᠤᠬᠯᠠᠭᠤᠯᠬᠤ᠂ ᠪᠤᠬᠢᠷ ᠤᠰᠤ ᠶᠢ ᠰᠢᠢᠳᠪᠤᠷᠢᠯᠡᠬᠦ ᠳᠤᠷᠰᠢᠯᠳᠠ ᠶᠢᠨ ᠴᠡᠭ ᠢ ᠡᠬᠢᠯᠡᠬᠦᠯᠤᠨ᠂ ᠯᠦᠩ | ᠺᠸᠤ ᠪᠠᠯᠭᠠᠰᠤ ᠶᠢᠨ ᠮᠠ ᠳ᠋ᠢ ᠯᠢᠶᠠᠩ ᠵᠡᠷᠭᠡ 6 ᠳᠤᠰᠬᠤᠨ ᠦᠪᠡᠷᠳᠡᠭᠡᠨ ᠵᠠᠰᠠᠬᠤ ᠤᠷᠤᠨ ᠤ ᠰᠢᠨ᠎ᠠ ᠬᠦᠳᠡᠭᠡ ᠳᠤᠰᠬᠤᠨ ᠰᠢᠨ᠎ᠠ ᠮᠠᠯᠵᠢᠬᠤ ᠤᠷᠤᠨ ᠤ ᠵᠢᠱᠢᠶ᠎ᠠ | ᠦᠵᠡᠬᠦᠯᠬᠦ ᠴᠡᠭ ᠢᠶᠠᠷ ᠳᠤᠬᠳᠠᠭᠠᠬᠳᠠᠵᠠᠢ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢᠨ ᠬᠦᠳᠡᠭᠡ ᠳᠤᠰᠬᠤᠨ ᠳᠤ ᠦᠨᠳᠤᠰᠤ ᠬᠠᠳᠬᠤᠬᠤ | ᠶᠢ ᠠᠬᠢᠭᠤᠯᠤᠨ᠂ ᠪᠦᠬᠦ ᠤᠯᠤᠰ ᠤᠨ ᠬᠦᠳᠡᠭᠡ ᠳᠤᠰᠬᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ 31 ᠵᠢᠱᠢᠶ᠎ᠠ ᠦᠵᠡᠬᠦᠯᠬᠦ ᠰᠢᠶᠠᠨ ᠤ | ᠨᠢᠭᠡ ᠨᠢ ᠪᠤᠯᠪᠠ᠃ ᠰᠠᠭᠤᠷᠢ ᠳᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠦᠷᠬᠦᠯᠵᠢᠯᠡᠨ ᠠᠬᠢᠵᠤ᠂ ᠸᠠᠨ ᠵᠢᠶᠠ ᠵᠠᠢ ᠶᠢᠨ ᠬᠠᠳᠤᠨ ᠭᠤᠤᠯ ᠤᠨ ᠤᠰᠤ ᠶᠢ | ᠳᠠᠳᠠᠨ ᠤᠰᠤ ᠬᠠᠩᠭᠠᠬᠤ᠂ ᠲᠠ ᠬᠠ ᠯᠠ ᠴᠤᠸᠠᠨ ᠭᠤᠤᠯ ᠢ ᠶᠡᠷᠦᠩᠭᠡᠶᠢᠯᠡᠨ ᠵᠠᠰᠠᠬᠤ᠂ ᠳ᠋ᠠ ᠯᠤ᠋ ᠶᠢᠨ500 ᠺᠢᠯᠤᠸᠤᠯᠲ ᠶᠢᠨ ᠴᠠᠬᠢᠯᠭᠠᠨ ᠬᠤᠪᠢᠰᠬᠠᠬᠤ᠂ ᠳ᠋ᠠ | ᠯᠦᠩ ᠤᠨ ᠳᠡᠭᠡᠳᠤ ᠬᠤᠷᠳᠤᠴᠠᠳᠤ ᠵᠠᠰᠠᠮᠠᠯ ᠵᠠᠮ ᠢ ᠵᠠᠰᠠᠬᠤ ᠵᠡᠷᠭᠡ ᠨᠢᠭᠡ ᠪᠦᠯᠦᠭ ᠤᠰᠤᠨ ᠠᠰᠢᠬᠯᠠᠯᠳᠠ᠂ ᠴᠠᠬᠢᠯᠭᠠᠨ ᠬᠦᠴᠤᠨ᠂ ᠵᠠᠮ ᠬᠠᠷᠢᠯᠴᠠᠭᠠᠨ ᠤ | ᠳᠦᠷᠤᠯ ᠵᠤᠶᠢᠯ ᠢ ᠭᠡᠷᠡᠭᠵᠢᠬᠦᠯᠵᠤ᠂ ᠵᠠᠰᠠᠮᠠᠯ ᠵᠠᠮ ᠢ ᠰᠢᠨ᠎ᠠ ᠪᠠᠷ 68.2 ᠺᠢᠯᠤᠮᠧᠲᠷ ᠵᠠᠰᠠᠨ᠂ ᠱᠠᠨᠰᠢ ᠠᠴᠠ ᠪᠡᠭᠡᠵᠢᠩ ᠬᠦᠷᠬᠦ ᠳᠦᠷᠪᠡᠨ ᠱᠤᠭᠤᠮ ᠪᠠᠶᠢᠭᠠᠯᠢ ᠶᠢᠨ | ᠰᠢᠳᠠᠮᠠᠬᠠᠢ ᠭᠡᠢ ᠶᠢᠨ ᠬᠤᠭᠤᠯᠠᠢ ᠳᠤᠤᠷ ᠢ ᠪᠦᠳᠤᠭᠡᠨ ᠪᠠᠶᠢᠭᠤᠯᠵᠤ᠂ ᠬᠦᠬᠡᠬᠤᠳᠠ ᠵᠡᠬᠦᠨᠭᠠᠷ ᠤᠷᠳᠤᠰ ᠤᠨ ᠳᠡᠮᠤᠷ ᠵᠠᠮ ᠢᠶᠠᠷ ᠭᠠᠯᠳᠤ ᠳᠡᠷᠭᠡ ᠨᠡᠪᠳᠡᠷᠡᠬᠦᠯᠤᠨ᠂ | ᠬᠦᠭᠵᠢᠯᠳᠡ ᠶᠢᠨ ᠳᠤᠯᠭᠠᠭᠤᠷᠢᠯᠠᠬᠤ ᠴᠢᠳᠠᠪᠤᠷᠢ ᠦᠷᠬᠦᠯᠵᠢᠯᠡᠨ ᠴᠢᠩᠭᠠᠷᠠᠬᠰᠠᠨ ᠪᠠᠶᠢᠨ᠎ᠠ᠃ | ︵ᠳᠠᠪᠤ︶ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠦᠷ᠎ᠠ ᠪᠦᠳᠤᠮᠵᠢ ᠢᠯᠡᠷᠭᠡᠢ ᠰᠠᠶᠢᠵᠢᠷᠠᠬᠰᠠᠨ ᠪᠠᠶᠢᠨ᠎ᠠ᠃ ︽ᠬᠦᠭᠡᠮᠳᠦᠭ ᠠᠭᠤᠯᠠ ᠴᠡᠩᠭᠡᠭ | ᠤᠰᠤ ᠪᠤᠯ ᠠᠯᠳᠠ ᠮᠦᠩᠬᠦ ᠠᠭᠤᠯᠠ ᠮᠦᠨ︾ ᠭᠡᠬᠦ ᠤᠶᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠨ ᠤᠶᠢᠯᠡᠳᠤᠯᠭᠡᠵᠢᠬᠦᠯᠵᠤ᠂ ᠠᠮᠢ ᠠᠬᠤᠢ ᠶᠢ ᠰᠡᠷᠬᠦᠭᠡᠬᠦ | ᠪᠠᠷᠢᠯᠭ᠎ᠠ ᠶᠢ ᠪᠦᠬᠦ ᠬᠦᠴᠤᠨ ᠢᠶᠠᠷ ᠢᠶᠠᠨ ᠠᠬᠢᠭᠤᠯᠤᠨ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠢᠷᠡᠯᠳᠡ ᠶᠢ ᠵᠠᠰᠠᠬᠤ᠂ ᠪᠠᠶᠢᠭᠠᠯᠢ ᠶᠢᠨ ᠤᠢ ᠶᠢ ᠬᠠᠮᠠᠭᠠᠯᠠᠬᠤ | ᠂ ᠳᠠᠷᠢᠶᠠᠯᠠᠬᠤ ᠶᠢ ᠵᠤᠬᠰᠤᠭᠠᠨ ᠤᠢ ᠮᠤᠳᠤ ᠳᠠᠷᠢᠬᠤ᠂ ᠬᠦᠷᠦᠰᠤ ᠰᠢᠷᠤᠢ ᠶᠢᠨ ᠢᠳᠡᠭᠳᠡᠯ ᠢ ᠬᠠᠮᠠᠭᠠᠯᠠᠬᠤ ᠭᠤᠤᠯᠳᠠᠯᠭ᠎ᠠ ᠲᠠᠢ ᠰᠠᠪᠠ ᠭᠠᠵᠠᠷ ᠢ ᠵᠠᠰᠠᠬᠤ ᠵᠡᠷᠭᠡ | ᠠᠮᠢ ᠠᠬᠤᠢ ᠶᠢᠨ ᠢᠨᠵᠧᠨᠧᠷᠢᠩ ᠢ ᠭᠡᠷᠡᠭᠵᠢᠬᠦᠯᠤᠨ᠂ ᠬᠤᠳᠠ ᠪᠠᠯᠭᠠᠰᠤᠨ ᠤ ᠡᠷᠬᠢᠨ ᠳᠤᠭᠤᠷᠢᠨ᠂ ᠵᠠᠮ ᠱᠤᠭᠤᠮ ᠳᠠᠭᠠᠤ ᠵᠡᠷᠭᠡ ᠭᠤᠤᠯᠳᠠᠯᠭ᠎ᠠ ᠲᠠᠢ ᠤᠷᠤᠨ ᠤ | ᠨᠤᠭᠤᠭᠠᠷᠠᠭᠤᠯᠤᠯᠳᠠ ᠶᠢ ᠴᠢᠩᠭᠠᠳᠬᠠᠵᠤ᠂ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠶᠢ 17 ᠳᠦᠮᠡᠨ ᠮᠤ᠋᠂ ᠤᠷᠤᠨ ᠳᠤᠭᠤᠷᠢᠭ ᠤᠨ ᠨᠤᠭᠤᠭᠠᠷᠠᠭᠤᠯᠤᠯᠳᠠ | ᠶᠢ 12.8 ᠳᠦᠮᠡᠨ ᠮᠤ᠋ ᠪᠡᠶᠡᠯᠡᠬᠦᠯᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 35.1% ᠳᠤ ᠬᠦᠷᠭᠡᠭᠡᠳ᠂ ᠪᠦᠬᠦ ᠤᠷᠤᠨ ᠤ ᠠᠮᠢ ᠠᠬᠤᠢ ᠶᠢᠨ | ᠤᠷᠤᠰᠢᠨ ᠰᠠᠭᠤᠷᠢᠰᠢᠬᠤ ᠳᠤ ᠳᠠᠭᠠᠯᠠᠮᠵᠢᠳᠠᠢ ᠰᠢᠶᠠᠨ ᠤ ᠬᠤᠳᠠ ᠶᠢᠨ ᠵᠢᠱᠢᠶᠡᠴᠢ ᠬᠤᠰᠢᠭᠤ ᠰᠢᠶᠠᠨ ︵ᠬᠤᠳᠠ︶ ᠪᠠᠷ ᠬᠦᠬᠢᠬᠦᠯᠦᠭᠳᠡᠭᠰᠡᠨ ᠪᠠᠶᠢᠨ᠎ᠠ᠃ ᠭᠤᠤᠯ ᠤᠨ | ᠳᠠᠷᠤᠭ᠎ᠠ ᠶᠢᠨ ᠳᠦᠷᠢᠮ ᠢ ᠪᠦᠬᠦ ᠳᠠᠯ᠎ᠠ ᠪᠠᠷ ᠭᠡᠷᠡᠭᠵᠢᠬᠦᠯᠵᠤ᠂ ᠭᠤᠤᠯ ᠨᠠᠭᠤᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠴᠢᠩᠭᠠᠳᠬᠠᠪᠠ᠃ ᠠᠭᠤᠷᠬᠠᠢ ᠶᠢᠨ | ᠤᠷᠤᠨ ᠤ ᠤᠷᠴᠢᠨ ᠳᠤᠭᠤᠷᠢᠨ ᠢ ᠵᠠᠰᠠᠬᠤ ᠶᠢ ᠭᠤᠤᠯᠳᠠᠯᠭ᠎ᠠ ᠲᠠᠢ ᠴᠢᠩᠭᠠᠳᠬᠠᠨ᠂ ᠠᠭᠤᠷᠬᠠᠢ ᠶᠢᠨ ᠤᠷᠤᠨ ᠤ ᠳᠠᠬᠢᠨ ᠬᠠᠭᠠᠯᠪᠤᠷᠢᠯᠠᠵᠤ ᠨᠤᠭᠤᠭᠠᠷᠠᠭᠤᠯᠬᠤ | ᠪᠠᠷᠢᠯᠭ᠎ᠠ ᠶᠢ 1.1 ᠳᠦᠮᠡᠨ ᠮᠤ᠋ ᠪᠡᠶᠡᠯᠡᠬᠦᠯᠪᠡ︔ ᠵᠡᠬᠦᠨᠭᠠᠷ ᠤᠨ ᠡᠨᠧᠷᠬᠢ ᠶᠢᠨ ᠺᠤᠮᠫᠠᠨᠢ ᠲᠠᠢ ᠬᠠᠮᠳᠤᠷᠠᠨ ᠦᠷᠨᠢᠬᠦᠯᠦᠭᠰᠡᠨ ᠠᠭᠤᠷᠬᠠᠢ ᠶᠢᠨ ᠤᠷᠤᠨ ᠤ ᠠᠮᠢ | ᠠᠬᠤᠢ ᠶᠢ ᠵᠠᠰᠠᠬᠤ ᠠᠵᠢᠯ ᠤᠨ ᠦᠷ᠎ᠠ ᠪᠦᠳᠤᠮᠵᠢ ᠢᠯᠡᠷᠭᠡᠢ ᠰᠠᠶᠢᠵᠢᠷᠠᠵᠤ᠂ ᠵᠡᠬᠦᠨᠭᠠᠷ ᠤᠯᠤᠰ ᠤᠨ ᠠᠭᠤᠷᠬᠠᠢ ᠶᠢᠨ ᠴᠡᠴᠡᠷᠯᠢᠭ ᠢ ᠪᠠᠶᠢᠭᠤᠯᠬᠤ ᠠᠵᠢᠯ ᠨᠢ | ᠠᠮᠵᠢᠯᠳᠠ ᠲᠠᠢ ᠵᠦᠪᠰᠢᠶᠡᠷᠡᠭᠳᠡᠪᠡ᠃ ᠠᠭᠠᠷ ᠮᠠᠨᠳᠠᠯ᠂ ᠤᠰᠤ᠂ ᠬᠦᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠳᠦᠯᠦᠪᠯᠡᠭᠡ ᠶᠢ ᠪᠦᠬᠦ ᠳᠠᠯ᠎ᠠ ᠪᠠᠷ | ᠭᠡᠷᠡᠭᠵᠢᠬᠦᠯᠤᠨ᠂ ᠨᠢᠭᠡ ᠪᠦᠯᠦᠭ ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠢ ᠰᠢᠢᠳᠪᠤᠷᠢᠯᠡᠵᠤ᠂ ᠡᠨᠧᠷᠬᠢ ᠠᠷᠪᠢᠯᠠᠵᠤ ᠭᠠᠳᠠᠬᠰᠢᠯᠠᠭᠤᠯᠤᠯ ᠢ ᠪᠠᠭᠠᠰᠬᠠᠬᠤ | ᠡᠬᠦᠷᠭᠡ ᠶᠢ ᠳᠠᠪᠠᠭᠤᠯᠤᠨ ᠪᠡᠶᠡᠯᠡᠬᠦᠯᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠳᠤ ᠪᠤᠶᠠᠨ ᠭᠡᠰᠢᠭ ᠤᠶᠢᠯᠡᠳᠬᠦ ᠶᠢ ᠦᠷᠬᠦᠯᠵᠢᠯᠡᠨ ᠨᠡᠮᠡᠭᠳᠡᠬᠦᠯᠪᠡ᠃ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠠ | ᠶᠢ ᠦᠷᠬᠦᠯᠵᠢᠯᠡᠨ ᠨᠡᠮᠡᠭᠳᠡᠬᠦᠯᠵᠤ᠂ ᠪᠦᠬᠦ ᠵᠢᠯ ᠳᠤ ᠠᠷᠠᠳ ᠤᠨ ᠠᠮᠢᠳᠤᠷᠠᠯ ᠪᠠ ᠨᠡᠶᠢᠭᠡᠮ ᠤᠨ ᠬᠦᠷᠢᠶ᠎ᠠ ᠭᠡᠪᠴᠢᠶᠠᠨ ᠤ ᠵᠠᠷᠤᠳᠠᠯ ᠤᠨ ᠡᠳ᠋ ᠤᠨ ᠵᠠᠰᠠᠭ ᠤᠨ | ᠶᠡᠷᠦᠩᠭᠡᠢ ᠵᠠᠷᠤᠳᠠᠯ ᠳᠤ ᠡᠵᠡᠯᠡᠬᠦ ᠬᠠᠷᠢᠴᠠᠯ ᠢ 82.3% ᠳᠤ ᠬᠦᠷᠭᠡᠵᠡᠢ᠃ ᠤᠨᠢᠨ ᠳᠡᠭᠡᠷ᠎ᠠ ᠨᠢ ᠶᠠᠳᠠᠭᠤ ᠶᠢ ᠳᠡᠳᠬᠦᠬᠦ᠂ ᠤᠨᠢᠨ ᠳᠡᠭᠡᠷ᠎ᠠ ᠨᠢ ᠶᠠᠳᠠᠭᠤ ᠠᠴᠠ | ᠠᠩᠬᠢᠵᠢᠷᠠᠭᠤᠯᠬᠤ ᠶᠢ ᠪᠠᠷᠢᠮᠳᠠᠯᠠᠨ᠂ ᠵᠢᠯ ᠤᠨ ᠶᠠᠳᠠᠭᠤ ᠡᠷᠤᠭᠡ ᠶᠢ ᠪᠠᠭᠠᠰᠬᠠᠬᠤ ᠳᠦᠯᠦᠪᠯᠡᠭᠡ ᠶᠢ ᠪᠦᠬᠦ ᠳᠠᠯ᠎ᠠ ᠪᠠᠷ ᠪᠡᠶᠡᠯᠡᠬᠦᠯᠪᠡ᠃ ᠤᠯᠠᠨ ᠢᠶᠠᠷ ᠢᠶᠠᠨ ᠤᠶᠢᠯᠡᠰ | ᠪᠦᠳᠤᠭᠡᠵᠤ ᠳᠦᠮᠡᠨ ᠢᠶᠠᠷ ᠢᠶᠠᠨ ᠰᠢᠨ᠎ᠠ ᠶᠢ ᠡᠬᠦᠳᠬᠦ ᠶᠢ ᠶᠡᠬᠡᠪᠠᠷ ᠠᠬᠢᠭᠤᠯᠤᠭᠠᠳ᠂ 2017 ᠤᠨ ᠳᠤ ᠪᠦᠬᠦ ᠤᠯᠤᠰ ᠤᠨ ᠰᠢᠨ᠎ᠠ ᠶᠢ ᠡᠬᠦᠳᠴᠤ ᠤᠶᠢᠯᠡᠰ | ᠪᠦᠳᠤᠭᠡᠭᠰᠡᠨ ᠵᠠᠭᠤᠨ ᠬᠦᠴᠦᠷᠭᠡᠭ ᠰᠢᠶᠠᠨ ᠤ ᠬᠤᠳᠠ ᠪᠠᠷ ᠨᠡᠷᠡᠶᠢᠳᠦᠭᠳᠡᠭᠰᠡᠨ ᠪᠠᠶᠢᠨ᠎ᠠ᠃ ᠰᠤᠷᠭᠠᠨ ᠬᠦᠮᠤᠵᠢᠯ ᠢ ᠳᠦᠪ ᠭᠤᠤᠯᠴᠢ ᠪᠠᠷ ᠬᠦᠭᠵᠢᠬᠦᠯᠬᠦ ᠪᠠ ᠴᠢᠨᠠᠷ | ᠴᠢᠨᠠᠰᠠᠭ᠎ᠠ ᠶᠢ ᠳᠡᠭᠡᠭᠰᠢᠯᠡᠬᠦᠯᠬᠦ ᠶᠢ ᠴᠢᠬᠤᠯᠠᠴᠢᠯᠠᠨ᠂ 11 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠪᠠᠶᠢᠭᠤᠯᠵᠤ᠂ 260 ᠪᠠᠭᠰᠢ ᠶᠢ | ᠤᠷᠢᠵᠤ ᠡᠯᠰᠡᠨ᠂ ᠳᠦᠪ ᠤᠨ ᠦᠨᠳᠤᠰᠤᠳᠡᠨ ᠤ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠲᠠᠢ ᠰᠤᠷᠭᠠᠨ ᠬᠦᠮᠤᠵᠢᠯ ᠤᠨ ᠬᠠᠮᠳᠤᠷᠠᠨ | ᠠᠵᠢᠯᠯᠠᠵᠤ ᠬᠠᠮᠳᠤᠪᠠᠷ ᠪᠠᠶᠢᠭᠤᠯᠬᠤ ᠠᠵᠢᠯᠯᠠᠭ᠎ᠠ ᠶᠢ ᠦᠷᠨᠢᠬᠦᠯᠵᠤ᠂ ᠡᠯ᠎ᠠ ᠳᠦᠷᠤᠯ ᠤᠨ ᠰᠤᠷᠭᠠᠨ ᠬᠦᠮᠤᠵᠢᠯ ᠢ ᠵᠤᠬᠢᠴᠠᠩᠭᠤᠢ ᠪᠠᠷ ᠬᠦᠭᠵᠢᠬᠦᠯᠪᠡ᠃ ᠮᠤᠵᠢ | ᠤᠷᠤᠨ ᠠᠯᠤᠰᠯᠠᠬᠰᠠᠨ ᠡᠮᠴᠢᠯᠡᠭᠡ ᠶᠢᠨ ᠬᠤᠤᠰ ᠴᠢᠭᠯᠡᠯᠳᠤ ᠰᠢᠭᠤᠳ ᠳᠤᠭᠠᠴᠠᠭ᠎ᠠ ᠬᠢᠬᠦ ᠳᠤᠬᠠᠶᠢᠯᠠᠬᠰᠠᠨ ᠠᠵᠢᠯ ᠢ ᠦᠷᠨᠢᠬᠦᠯᠤᠨ᠂ ᠬᠤᠰᠢᠭᠤᠨ ᠤ ᠱᠠᠳᠤᠨ ᠤ | ᠠᠯᠪᠠᠨ ᠠᠴᠠ ᠪᠠᠶᠢᠭᠤᠯᠤᠬᠰᠠᠨ ᠡᠮᠨᠡᠯᠭᠡ ᠶᠢᠨ ᠬᠤᠷᠢᠶ᠎ᠠ ᠶᠢᠨ ᠰᠢᠭᠤᠳ ᠬᠠᠮᠢᠶᠠᠷᠤᠯᠳᠠᠳᠤ ᠦᠨᠳᠤᠰᠤᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠢ ᠦᠷᠨᠢᠬᠦᠯᠵᠤ᠂ ᠤᠯᠤᠰ ᠤᠨ ᠳᠡᠰ ᠤᠨ ᠠᠯᠪᠠᠨ ᠠᠴᠠ ᠪᠠᠶᠢᠭᠤᠯᠤᠬᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠵᠢᠱᠢᠶ᠎ᠠ ᠦᠵᠡᠬᠦᠯᠬᠦ ᠬᠤᠰᠢᠭᠤ ᠪᠤᠯᠤᠬᠰᠠᠨ ᠪᠠᠶᠢᠨ᠎ᠠ᠃ ︽ ᠠᠷᠪᠠ ᠨᠢᠭᠡ︾ ᠶᠢᠨ ᠰᠤᠶᠤᠯ ᠤᠨ ᠢᠨᠵᠧᠨᠧᠷᠢᠩ ᠢ | ᠭᠡᠷᠡᠭᠵᠢᠬᠦᠯᠤᠨ᠂ ᠬᠤᠰᠢᠭᠤᠨ ᠤ ᠤᠯᠠᠭᠠᠨᠮᠦ᠋ᠴᠢᠷ ᠤᠯᠤᠰ ᠤᠨ ᠭᠠᠳᠠᠭᠠᠳᠤ ᠳᠤ ᠳᠤᠬᠯᠠᠯᠳᠠ ᠭᠠᠷᠭᠠᠵᠤ᠂ ᠢᠨᠳᠤᠨᠧᠰᠢᠶ᠎ᠠ ᠳᠤ ᠬᠦᠷᠴᠤ ᠳᠤᠯᠤᠳᠤᠭᠠᠷ | ᠬᠤᠭᠤᠴᠠᠭᠠᠨ ᠤ ︽ ᠫᠠᠯᠦ᠋ᠸᠧᠹᠦᠲ︾ ᠤᠯᠠᠨ ᠤᠯᠤᠰ ᠤᠨ ᠤᠷᠠᠯᠢᠭ ᠤᠨ ᠨᠠᠶᠢᠷ ᠲᠤ ᠤᠷᠤᠯᠴᠠᠵᠠᠢ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠳᠦᠷᠢᠮ ᠢ ᠨᠢᠭᠡᠳᠭᠡᠬᠦ ᠶᠢ ᠪᠡᠶᠡᠯᠡᠬᠦᠯᠵᠤ᠂ ᠬᠦᠳᠡᠭᠡ ᠳᠤᠰᠬᠤᠨ ᠤ ᠤᠨᠴᠠ ᠬᠦᠴᠢᠷᠳᠡᠯᠳᠡᠢ ᠬᠦᠮᠤᠰ ᠢ ᠳᠦᠪᠯᠡᠷᠡᠬᠦᠯᠤᠨ ᠠᠰᠠᠷᠠᠨ | ᠬᠠᠷᠠᠭᠠᠯᠵᠠᠬᠤ ᠪᠠ ᠳᠠᠷᠠᠬᠠᠢ ᠪᠠᠷ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠵᠢᠯ ᠪᠤᠯᠭᠠᠨ ᠬᠦᠮᠤᠨ ᠪᠦᠷᠢ ᠳᠤ 10000 ᠳᠦᠬᠦᠷᠢᠭ ᠪᠠ 6852 ᠳᠦᠬᠦᠷᠢᠭ | ᠪᠤᠯᠭᠠᠨ ᠨᠡᠮᠡᠭᠳᠡᠬᠦᠯᠵᠡᠢ᠃ ᠴᠢᠬᠤᠯᠠ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠠᠵᠤ᠂ ᠪᠠᠩᠬᠢ ᠶᠢᠨ ᠪᠤᠴᠠᠭᠠᠯ ᠦᠭᠡᠢ ᠵᠢᠭᠡᠯᠡᠯᠭᠡ ᠶᠢ 38 ᠳ᠋ᠦᠩᠰᠢᠭᠤᠷ | ᠳᠦᠬᠦᠷᠢᠭ ᠰᠢᠢᠳᠪᠤᠷᠢᠯᠡᠨ᠂ ᠵᠠᠰᠠᠭ ᠤᠨ ᠤᠷᠳᠤᠨ ᠤ ᠦᠷᠢ ᠰᠢᠷᠢ ᠶᠢ 27.56 ᠳ᠋ᠦᠩᠰᠢᠭᠤᠷ ᠳᠦᠬᠦᠷᠢᠭ ᠨᠠᠮᠳᠠᠭᠤᠯᠤᠨ ᠰᠢᠢᠳᠪᠤᠷᠢᠯᠡᠵᠡᠢ᠃ ᠠᠮᠤᠭᠤᠯᠠᠩ | ᠵᠡᠬᠦᠨᠭᠠᠷ ᠤᠨ ᠪᠦᠳᠤᠭᠡᠨ ᠪᠠᠶᠢᠭᠤᠯᠤᠯᠳᠠ ᠶᠢ ᠬᠦᠨᠵᠡᠭᠡᠶᠢᠷᠡᠬᠦᠯᠤᠨ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠭᠡᠢ ᠭᠡᠮᠵᠢᠶ᠎ᠠ ᠪᠠ ᠠᠮᠤᠷ ᠳᠦᠪᠰᠢᠨ | ᠢ ᠬᠠᠮᠠᠭᠠᠯᠠᠬᠤ ᠭᠡᠷᠡᠭ ᠶᠠᠪᠤᠳᠠᠯ᠂ ᠡᠷᠡᠬᠦᠦ ᠶᠢᠨ ᠭᠡᠷᠡᠭ ᠤᠨ ᠳᠤᠭ᠎ᠠ ᠭᠡᠮᠵᠢᠶ᠎ᠠ ᠶᠢ ᠴᠦᠮ ᠪᠠᠭᠤᠷᠠᠯᠳᠠ ᠲᠠᠢ ᠪᠤᠯᠭᠠᠵᠤ᠂ ᠠᠶᠤᠯᠬᠦᠢ ᠤᠶᠢᠯᠡᠳᠪᠤᠷᠢᠯᠡᠯ ᠤᠨ ᠪᠠᠶᠢᠳᠠᠯ | ᠢᠯᠡᠷᠭᠡᠢ ᠰᠠᠶᠢᠵᠢᠷᠠᠨ᠂ ᠬᠤᠰᠢᠭᠤᠨ ᠤ ᠠᠶᠤᠯᠬᠦᠢ ᠤᠶᠢᠯᠡᠳᠪᠤᠷᠢᠯᠡᠯ ᠢ ᠬᠢᠨᠠᠨ ᠬᠠᠮᠢᠶᠠᠷᠬᠤ ᠳᠤᠪᠴᠢᠶ᠎ᠠ ᠪᠦᠬᠦ ᠤᠯᠤᠰ ᠤᠨ ᠠᠶᠤᠯᠬᠦᠢ ᠤᠶᠢᠯᠡᠳᠪᠤᠷᠢᠯᠡᠯ ᠤᠨ ᠬᠢᠨᠠᠨ | ᠬᠠᠮᠢᠶᠠᠷᠤᠯᠳᠠ ᠬᠢᠨᠠᠨ ᠪᠠᠶᠢᠴᠠᠭᠠᠯᠳᠠ ᠶᠢᠨ ᠳᠡᠷᠢᠬᠦᠨ ᠤ ᠨᠢᠭᠡᠴᠢ ᠪᠠᠷ ᠬᠦᠬᠢᠬᠦᠯᠦᠭᠳᠡᠭᠰᠡᠨ ᠪᠠᠶᠢᠨ᠎ᠠ᠃ | ︵ᠳᠤᠯᠤᠭ᠎ᠠ︶ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠷᠠᠭᠤᠯᠪᠠ᠃ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ | ᠱᠠᠭᠠᠷᠳᠠᠯᠭ᠎ᠠ ᠶᠢ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ ᠳᠤ ᠳᠤᠤᠱᠯᠠᠭᠤᠯᠬᠤ ᠶᠢ ᠪᠠᠷᠢᠮᠳᠠᠯᠠᠨ᠂ ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ | ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠤᠨ ᠳᠦᠷᠢᠮᠵᠢᠬᠦᠯᠬᠦ ᠶᠢ ᠠᠬᠢᠭᠤᠯᠵᠤ᠂ ᠳᠤᠭᠤᠷᠢᠨ ᠪᠠᠶᠢᠴᠠᠭᠠᠯᠳᠠ ᠶᠢᠨ ᠬᠠᠷᠢᠭᠤ | ᠳᠤᠰᠬᠠᠬᠰᠠᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠳᠠ ᠶᠢ ᠪᠦᠬᠦ | ᠳᠠᠯ᠎ᠠ ᠪᠠᠷ ᠠᠬᠢᠭᠤᠯᠤᠨ᠂ ᠰᠢᠢᠳᠪᠤᠷᠢᠳᠤ ᠪᠤᠳᠤᠯᠭ᠎ᠠ ᠶᠢ ᠠᠰᠠᠭᠤᠨ ᠯᠠᠪᠯᠠᠬᠤ ᠵᠦᠪᠯᠡᠯ ᠢ ᠪᠠᠶᠢᠭᠤᠯᠵᠤ᠂ ︽ᠭᠤᠷᠪᠠᠨ ᠴᠢᠬᠤᠯᠠ ᠨᠢᠭᠡ ᠳᠤᠮᠤ︾ ᠶᠢᠨ ᠬᠠᠮᠳᠤ ᠪᠠᠷ | ᠪᠤᠳᠤᠯᠭ᠎ᠠ ᠳᠤᠬᠳᠠᠭᠠᠬᠤ ᠵᠡᠷᠭᠡ ᠳᠦᠷᠢᠮ ᠢ ᠴᠢᠩᠭ᠎ᠠ ᠭᠡᠷᠡᠭᠵᠢᠬᠦᠯᠤᠨ᠂ ᠰᠢᠢᠳᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠪᠠ ᠠᠷᠠᠳᠴᠢᠯᠠᠯᠳᠤ ᠴᠢᠨᠠᠷ ᠲᠠᠢ | ᠪᠠᠶᠢᠬᠤ ᠶᠢ ᠠᠬᠢᠭᠤᠯᠪᠠ᠃ ᠵᠠᠰᠠᠭ ᠤᠨ ᠤᠷᠳᠤᠨ ᠤ ᠳᠦᠰᠤᠪ᠂ ᠠᠯᠪᠠᠨ ᠤ ᠭᠤᠷᠪᠠᠨ ᠵᠠᠷᠤᠳᠠᠯ ᠢ ᠴᠦᠮ ᠨᠡᠶᠢᠭᠡᠮ ᠳᠤ ᠢᠯᠡ ᠨᠡᠶᠢᠳᠡᠯᠡᠪᠡ᠃ ᠳᠤᠰᠬᠠᠢ | ᠱᠠᠭᠠᠷᠳᠠᠨ ᠪᠠᠶᠢᠴᠠᠭᠠᠬᠤ ᠶᠢ ᠴᠢᠩᠭᠠᠳᠬᠠᠨ᠂ ᠴᠢᠬᠤᠯᠠ ᠶᠡᠭᠡ ᠳᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠪᠠ᠃ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠳᠤᠬᠳᠠᠭᠠᠯ ᠰᠢᠢᠳᠪᠤᠷᠢ ᠶᠢ ᠨᠠᠷᠢᠨ ᠬᠢᠨᠠᠮᠠᠭᠠᠢ ᠭᠡᠷᠡᠭᠵᠢᠬᠦᠯᠤᠨ᠂ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ᠂ ᠤᠯᠤᠰ ᠳᠦᠷᠦ ᠶᠢᠨ ᠵᠦᠪᠯᠡᠯᠭᠡᠨ ᠪᠠ ᠨᠡᠶᠢᠭᠡᠮ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠰᠠᠨᠠᠯ | ᠰᠠᠨᠠᠭᠤᠯᠭ᠎ᠠ ᠰᠠᠨᠠᠯ ᠳᠤᠷᠠᠳᠤᠯᠭ᠎ᠠ ᠶᠢ 138 ᠰᠢᠢᠳᠪᠤᠷᠢᠯᠡᠨ ᠬᠦᠢᠴᠡᠳᠭᠡᠵᠡᠢ᠃ | ᠡᠬᠦᠨ ᠤ ᠬᠠᠮᠳᠤ ᠦᠨᠳᠤᠰᠤᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠬᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠠᠷᠠᠳ ᠤᠨ ᠠᠭᠠᠷ | ᠤᠨ ᠰᠡᠷᠭᠡᠶᠢᠯᠡᠯᠳᠡ᠂ ᠤᠯᠠᠨ ᠳᠦᠮᠡᠨᠴᠢ ᠪᠡᠶ᠎ᠡ ᠶᠢᠨ ᠳᠠᠮᠢᠷ᠂ ᠡᠮᠡᠭᠳᠡᠶᠢᠴᠤᠳ ᠬᠡᠤᠬᠡᠳ᠂ ᠳᠠᠩᠰᠠ ᠡᠪᠭᠡᠮᠡᠯ ᠳᠡᠤᠭᠡ ᠳᠤᠪᠴᠢᠶᠠᠨ᠂ ᠵᠡᠮᠳᠡᠭ ᠬᠦᠮᠤᠰ ᠤᠨ | ᠪᠠᠳᠤᠯᠠᠭ᠎ᠠ᠂ ᠭᠠᠳᠠᠭᠠᠳᠤ ᠬᠠᠷᠢᠯᠴᠠᠭ᠎ᠠ ᠬᠠᠷᠢᠶᠠᠳᠤ ᠨᠠᠷ ᠤᠨ ᠶᠠᠪᠤᠳᠠᠯ᠂ ᠨᠠᠰᠤᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠳᠦᠭᠡᠮᠡᠯᠵᠢᠯᠳᠡ ᠵᠡᠷᠭᠡ ᠡᠯ᠎ᠡ ᠳᠦᠷᠤᠯ | ᠤᠨ ᠠᠵᠢᠯ ᠤᠶᠢᠯᠡᠰ ᠦᠷᠬᠦᠯᠵᠢᠯᠡᠨ ᠡᠷᠡᠬᠦᠯ ᠢᠶᠠᠷ ᠬᠦᠭᠵᠢᠵᠤ᠂ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠮᠦᠩᠬᠦᠨ ᠬᠦᠢᠯᠭᠡᠭᠡᠨ ᠤ ᠪᠠᠶᠢᠭᠤᠯᠤᠮᠵᠢ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠦᠴᠦᠷᠭᠡᠭ ᠶᠡᠭᠡ ᠳᠤᠯᠭᠠᠭᠤᠷᠢᠯᠠᠯ ᠪᠠ ᠪᠠᠳᠤᠯᠠᠭ᠎ᠠ ᠬᠠᠩᠭᠠᠨ ᠦᠭᠴᠡᠢ᠃ | ᠳᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠳᠦᠷᠤᠯ ᠤᠨ ᠠᠵᠢᠯ ᠤᠶᠢᠯᠡᠰ ᠴᠢᠬᠤᠯᠠ | ᠮᠦᠷᠳᠡᠭᠡᠨ ᠰᠢᠨ᠎ᠠ ᠬᠦᠭᠵᠢᠯᠳᠡ ᠲᠠᠢ ᠪᠤᠯᠪᠡ᠂ ᠡᠨᠡ ᠨᠢ ᠳᠡᠭᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶᠡᠨ ᠤ | ᠪᠦᠬᠦ ᠳᠠᠯ᠎ᠠ ᠶᠢ ᠨᠢᠭᠡᠳᠤᠯᠳᠡᠢ ᠳᠦᠯᠦᠪᠵᠢᠬᠦᠯᠤᠨ᠂ ᠵᠦᠪ ᠤᠨᠤᠪᠴᠢᠳᠠᠢ ᠤᠳᠤᠷᠢᠳᠤᠬᠰᠠᠨ ᠤ ᠦᠷ᠎ᠠ ᠳ᠋ᠦᠩ ᠪᠤᠯᠬᠤ ᠶᠤᠮ᠂ ᠪᠦᠬᠦ ᠬᠤᠰᠢᠭᠤᠨ ᠤ ᠡᠯ᠎ᠡ | ᠦᠨᠳᠤᠰᠤᠳᠡᠨ ᠤ ᠺᠠᠳ᠋ᠷ ᠳᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠳᠡᠮᠡᠴᠡᠭᠰᠡᠨ ᠤ ᠦᠷ᠎ᠠ ᠳ᠋ᠦᠩ ᠪᠤᠯᠬᠤ ᠶᠤᠮ᠂ ᠮᠦᠨ ᠴᠤ | ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠯᠠᠮᠵᠢᠯᠠᠵᠤ ᠳᠡᠮᠵᠢᠨ ᠬᠠᠪᠰᠤᠷᠤᠯᠴᠠᠬᠰᠠᠨ ᠤ ᠦᠷ᠎ᠠ ᠳ᠋ᠦᠩ ᠪᠤᠯᠬᠤ ᠶᠤᠮ᠃ ᠠᠳᠡ ᠪᠢ ᠬᠤᠰᠢᠭᠤᠨ ᠤ ᠠᠷᠠᠳ ᠤᠨ | ᠵᠠᠰᠠᠭ ᠤᠨ ᠤᠷᠳᠤᠨ ᠢ ᠳᠦᠯᠦᠭᠡᠯᠡᠨ᠂ ᠡᠯ᠎ᠡ ᠠᠷᠠᠳᠴᠢᠯᠠᠬᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠦᠮᠤᠰ᠂ ᠡᠯ᠎ᠡ ᠠᠷᠠᠳ ᠤᠨ ᠪᠦᠯᠬᠦᠮ᠂ ᠬᠤᠰᠢᠭᠤᠨ | ᠳᠤ ᠰᠠᠭᠤᠭ᠎ᠠ ᠭᠠᠯ ᠤᠨᠳᠠᠷᠠᠭᠠᠵᠤ ᠰᠡᠷᠭᠡᠶᠢᠯᠡᠬᠦ᠂ ᠵᠡᠪᠰᠡᠭᠳᠤ ᠴᠠᠬᠳᠠᠭᠠᠨ ᠤ ᠳᠠᠷᠤᠭ᠎ᠠ ᠪᠠᠶᠢᠯᠳᠤᠬᠴᠢᠳ ᠪᠠ ᠤᠯᠤᠰ ᠳᠦᠷᠦ ᠬᠠᠤᠯᠢ ᠴᠠᠭᠠᠵᠠ ᠶᠢᠨ ᠺᠠᠳ᠋ᠷ | ᠴᠠᠬᠳᠠᠭ᠎ᠠ᠂ ᠵᠡᠬᠦᠨᠭᠠᠷ ᠬᠤᠰᠢᠭᠤᠨ ᠳᠤ ᠪᠡᠯᠡ ᠤᠷᠤᠭᠤᠯᠵᠤ ᠤᠶᠢᠯᠡᠰ ᠪᠦᠳᠤᠭᠡᠵᠤ ᠪᠠᠶᠢᠭ᠎ᠠ ᠠᠵᠤ ᠠᠬᠤᠶᠢᠯᠠᠯᠳᠠᠨ᠂ ᠵᠡᠬᠦᠨᠭᠠᠷ ᠤᠨ ᠬᠦᠭᠵᠢᠯᠳᠡ ᠶᠢ ᠬᠠᠯᠠᠮᠵᠢᠯᠠᠵᠤ | ᠳᠡᠮᠵᠢᠵᠤ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠨᠦᠬᠦᠳ ᠲᠤ ᠴᠢᠩ ᠰᠡᠳᠬᠢᠯ ᠤᠨ ᠳᠠᠯᠠᠷᠬᠠᠯ ᠢᠶᠠᠨ ᠢᠯᠡᠳᠭᠡᠨ᠂ ᠡᠷᠬᠢᠮ ᠳᠡᠭᠡᠳᠤ ᠬᠦᠨᠳᠤᠳᠭᠡᠯ ᠢᠶᠠᠨ | ᠳᠡᠪᠰᠢᠬᠦᠯᠵᠤ ᠪᠠᠶᠢᠨ᠎ᠠ︕ | ᠠᠵᠢᠯ ᠢᠶᠠᠨ ᠳ᠋ᠦᠩᠨᠡᠬᠦ ᠶᠢᠨ ᠬᠠᠮᠳᠤ᠂ ᠪᠢᠳᠠ ᠪᠠᠰᠠ ᠮᠠᠨ ᠤ ᠬᠤᠰᠢᠭᠤ ᠪᠤᠯ ᠬᠦᠭᠵᠢᠵᠤ ᠪᠠᠶᠢᠭ᠎ᠠ ᠬᠤᠰᠢᠭᠤ ᠪᠤᠯᠬᠤ ᠦᠨᠳᠤᠰᠤᠨ ᠪᠠᠶᠢᠳᠠᠯ ᠨᠢ ᠬᠠᠷᠠᠬᠠᠨ | ᠬᠤᠪᠢᠷᠠᠭ᠎ᠠ ᠦᠭᠡᠢ᠂ ᠬᠦᠭᠵᠢᠯᠳᠡ ᠨᠢ ᠳᠡᠩᠴᠡᠬᠦᠷᠢ ᠦᠭᠡᠢ᠂ ᠬᠦᠢᠴᠡᠳ ᠦᠭᠡᠢ ᠪᠠᠶᠢᠬᠤ ᠠᠰᠠᠭᠤᠳᠠᠯ ᠮᠦᠨ ᠯᠠ ᠳᠤᠪᠤᠶᠢᠮ᠎ᠠ ᠤᠷᠤᠰᠢᠵᠤ᠂ ᠤᠯᠠᠮᠵᠢᠯᠠᠯᠳᠤ | ᠠᠵᠤ ᠤᠶᠢᠯᠡᠰ ᠠᠷᠪᠢᠨ᠂ ᠰᠢᠨ᠎ᠠ ᠪᠠᠷ ᠮᠠᠨᠳᠤᠬᠰᠠᠨ ᠠᠵᠤ ᠤᠶᠢᠯᠡᠰ ᠴᠦᠭᠡᠨ᠂ ᠳᠤᠤᠷᠠᠳᠤ ᠳᠦᠪᠰᠢᠨ ᠲᠠᠢ ᠠᠵᠤ ᠤᠶᠢᠯᠡᠰ ᠠᠷᠪᠢᠨ᠂ ᠳᠡᠭᠡᠳᠤ ᠳᠦᠪᠰᠢᠨ ᠲᠠᠢ | ᠠᠵᠤ ᠤᠶᠢᠯᠡᠰ ᠴᠦᠭᠡᠨ᠂ ᠡᠬᠢ ᠪᠠᠶᠠᠯᠢᠭ ᠤᠨ ᠭᠡᠯᠪᠡᠷᠢᠳᠤ ᠠᠵᠤ ᠤᠶᠢᠯᠡᠰ ᠠᠷᠪᠢᠨ᠂ ᠦᠨᠳᠤᠷ ᠳᠠᠭᠠᠯᠳᠠ ᠨᠡᠮᠡᠭᠳᠡᠯ ᠦᠷᠳᠡᠭ ᠲᠠᠢ ᠠᠵᠤ ᠤᠶᠢᠯᠡᠰ ᠴᠦᠭᠡᠨ᠂ | ᠬᠦᠳᠡᠯᠮᠤᠷᠢ ᠬᠦᠴᠤᠨ ᠨᠢᠬᠳᠠᠷᠠᠬᠰᠠᠨ ᠮᠠᠶ᠋ᠢᠭ ᠤᠨ ᠠᠵᠤ ᠤᠶᠢᠯᠡᠰ ᠠᠷᠪᠢᠨ᠂ ᠬᠦᠷᠦᠩᠭᠡ ᠰᠢᠨᠵᠢᠯᠡᠬᠦ ᠤᠬᠠᠭᠠᠨ ᠮᠡᠷᠭᠡᠵᠢᠯ ᠨᠢᠬᠳᠠᠷᠠᠬᠰᠠᠨ ᠮᠠᠶ᠋ᠢᠭ ᠤᠨ ᠠᠵᠤ | ᠤᠶᠢᠯᠡᠰ ᠴᠦᠭᠡᠨ ᠪᠠᠶᠢᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠪᠠᠰᠠ ᠮᠠᠰᠢ ᠠᠷᠪᠢᠨ ᠬᠦᠴᠢᠷᠳᠡᠯ ᠪᠠ ᠦᠷᠢᠰᠦᠯᠳᠦᠭᠡᠨ ᠳᠤᠯᠭᠠᠷᠠᠵᠤ ᠪᠤᠢ︔ | ᠬᠦᠷᠢᠶᠡᠯᠡᠩ ᠳᠤᠭᠤᠷᠢᠭ ᠤᠨ ᠳᠦᠯᠦᠪᠵᠢᠬᠦᠯᠭᠡ ᠶᠢ ᠠᠵᠤ ᠤᠶᠢᠯᠡᠰ ᠤᠨ ᠪᠠᠶᠢᠷᠢ ᠳᠤᠬᠳᠠᠭᠠᠯᠳᠠ ᠶᠢᠨ ᠳᠤᠭᠤᠷᠢᠨ ᠳᠤ ᠴᠢᠨᠠᠬᠰᠢᠳᠠ ᠳᠡᠬᠦᠯᠳᠡᠷᠵᠢᠬᠦᠯᠵᠤ᠂ ᠰᠢᠨ᠎ᠠ | ᠠᠵᠤ ᠤᠶᠢᠯᠡᠰ᠂ ᠰᠢᠨ᠎ᠠ ᠬᠦᠳᠡᠯᠭᠡᠬᠦᠷ ᠡᠨᠧᠷᠬᠢ᠂ ᠰᠢᠨ᠎ᠠ ᠨᠡᠮᠡᠭᠳᠡᠯ ᠴᠡᠭ ᠤᠨ ᠳᠤᠭᠤᠷᠢᠨ ᠳᠤ ᠠᠷᠠᠯᠵᠢᠶᠠᠴᠢᠨ ᠤᠷᠢᠵᠤ ᠪᠡᠯᠡ ᠳᠠᠳᠠᠬᠤ ᠠᠷᠭ᠎ᠠ ᠪᠠᠷᠢᠯ ᠢᠶᠠᠨ | ᠰᠢᠨᠡᠴᠢᠯᠡᠵᠤ᠂ ᠬᠦᠴᠤᠯᠡᠴᠡ ᠪᠠᠨ ᠨᠡᠮᠡᠭᠳᠡᠬᠦᠯᠬᠦ ᠴᠢᠬᠤᠯᠠᠳᠠᠢ ᠪᠠᠶᠢᠨ᠎ᠠ︔ ᠠᠮᠢ ᠠᠬᠤᠢ ᠶᠢᠨ ᠤᠷᠴᠢᠨ ᠳᠤᠭᠤᠷᠢᠨ ᠮᠦᠨ ᠯᠠ ᠭᠡᠪᠡᠷᠡᠭ ᠪᠠᠭᠤᠷᠠᠢ ᠪᠠᠶᠢᠵᠤ᠂ ᠭᠠᠵᠠᠷ | ᠰᠢᠷᠤᠢ᠂ ᠤᠰᠤ᠂ ᠤᠷᠴᠢᠨ ᠳᠤᠭᠤᠷᠢᠨ ᠤ ᠪᠠᠭᠳᠠᠭᠠᠮᠵᠢ ᠵᠡᠷᠭᠡ ᠪᠠᠶᠢᠳᠠᠯ ᠭᠡᠴᠡᠬᠦᠳᠡᠨ᠂ ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠢ ᠵᠠᠰᠠᠬᠤ ᠡᠬᠦᠷᠭᠡ | ᠬᠦᠨᠳᠤ ᠵᠠᠮ ᠬᠤᠯᠠ ᠪᠠᠶᠢᠬᠰᠠᠭᠠᠷ︔ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶ᠎ᠡ ᠭᠡᠪᠴᠢᠶᠡᠨ ᠳᠤ ᠮᠦᠨ ᠯᠠ ᠴᠦᠭᠡᠨ ᠪᠤᠰᠤ ᠳᠤᠳᠠᠭᠤᠳᠠᠯ ᠲᠠᠢ ᠳᠠᠯ᠎ᠠ | ᠪᠠᠶᠢᠵᠤ᠂ ᠢᠯᠠᠩᠭᠤᠶ᠎ᠠ ᠰᠢᠯᠢᠳᠡᠭ ᠰᠤᠷᠭᠠᠨ ᠬᠦᠮᠤᠵᠢᠯ᠂ ᠡᠮ ᠡᠮᠨᠡᠯᠭᠡ ᠶᠢᠨ ᠡᠬᠢ ᠪᠠᠶᠠᠯᠢᠭ ᠤᠨ ᠳᠠᠯ᠎ᠠ ᠳᠠᠬᠢ ᠳᠤᠳᠠᠭᠤᠳᠠᠯ ᠲᠠᠢ ᠳᠠᠯ᠎ᠠ ᠨᠡᠯᠢᠶᠡᠳ ᠪᠠᠶᠢᠵᠤ᠂ | ᠠᠷᠠᠳ ᠤᠯᠠᠨ ᠤ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ︔ ᠨᠡᠶᠢᠭᠡᠮ ᠤᠨ | ᠵᠦᠷᠢᠴᠡᠯ ᠪᠠ ᠠᠰᠠᠭᠤᠳᠠᠯ ᠳᠠᠪᠬᠤᠴᠠᠨ ᠤᠷᠤᠰᠢᠵᠤ᠂ ᠨᠡᠶᠢᠭᠡᠮ ᠤᠨ ᠳᠤᠪᠤᠶᠢᠮ᠎ᠠ ᠵᠦᠷᠢᠴᠡᠯ ᠢ ᠬᠠᠤᠯᠢ ᠶᠤᠰᠤᠭᠠᠷ ᠨᠠᠮᠳᠠᠭᠤᠯᠬᠤ ᠠᠷᠭ᠎ᠠ ᠪᠠᠷᠢᠯ ᠢ ᠴᠢᠩᠭᠠᠳᠬᠠᠬᠤ | ᠴᠢᠬᠤᠯᠠᠳᠠᠢ ᠪᠠᠶᠢᠨ᠎ᠠ︔ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠮᠦᠨ ᠦᠷᠬᠦᠯᠵᠢᠯᠡᠨ ᠴᠢᠩᠭᠠᠳᠬᠠᠬᠤ | ᠴᠢᠬᠤᠯᠠᠳᠠᠢ ᠪᠠᠶᠢᠨ᠎ᠠ ᠭᠡᠳᠡᠭ ᠢ ᠰᠡᠷᠭᠡᠭ ᠢᠶᠠᠷ ᠤᠯᠵᠤ ᠬᠠᠷᠠᠬᠤ ᠭᠡᠷᠡᠭᠳᠡᠢ ᠪᠠᠶᠢᠨ᠎ᠠ᠃ ᠡᠳᠡᠭᠡᠷ ᠠᠰᠠᠭᠤᠳᠠᠯ ᠤᠳ ᠢ ᠪᠢᠳᠠ ᠬᠦᠨᠵᠡᠭᠡᠢ ᠰᠡᠳᠬᠢᠨ ᠪᠤᠳᠤᠯᠬᠢᠯᠠᠵᠤ | ᠰᠤᠳᠤᠯᠤᠭᠠᠳ᠂ ᠬᠦᠴᠤᠳᠡᠢ ᠠᠷᠭ᠎ᠠ ᠭᠡᠮᠵᠢᠶ᠎ᠠ ᠠᠪᠴᠤ ᠨᠠᠷᠢᠨ ᠬᠢᠨᠠᠮᠠᠭᠠᠢ ᠴᠢᠷᠮᠠᠶᠢᠨ ᠰᠢᠢᠳᠪᠤᠷᠢᠯᠡᠨ᠎ᠠ᠃ | ᠬᠤᠶᠠᠷ᠂ 2018 ᠤᠨ ᠤ ᠠᠵᠢᠯ ᠤᠨ ᠳᠤᠬᠢᠷᠠᠭᠤᠯᠤᠯᠳᠠ | 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ ᠪᠤᠯᠤᠨ᠎ᠠ᠂ | ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠪᠤᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠰᠢᠢᠳᠪᠤᠷᠢᠳᠤ ᠢᠯᠠᠯᠳᠠ ᠶᠢ | ᠤᠯᠵᠤ᠂ ︽ ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠭᠡ ᠶᠢ ᠭᠡᠷᠡᠭᠵᠢᠬᠦᠯᠬᠦ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠂ ᠮᠦᠨ ᠴᠦ ᠰᠢᠨ᠎ᠠ ᠨᠢᠭᠡ | ᠡᠭᠡᠯᠵᠢ ᠶᠢᠨ ᠵᠠᠰᠠᠭ ᠤᠨ ᠤᠷᠳᠤᠨ ᠤ ᠠᠵᠢᠯ ᠢᠶᠠᠨ ᠡᠬᠢᠯᠡᠵᠤ ᠪᠠᠶᠢᠷᠢᠯᠠᠭᠤᠯᠤᠨ᠂ ᠵᠤᠷᠢᠬᠳᠠᠢ ᠡᠬᠦᠷᠭᠡᠯᠡᠨ ᠠᠵᠢᠯᠯᠠᠬᠤ ᠡᠬᠢᠯᠡᠯᠳᠡ ᠶᠢᠨ ᠵᠢᠯ ᠪᠤᠯᠤᠨ᠎ᠠ᠃ ᠡᠨᠡ ᠵᠢᠯ | ᠤᠨ ᠡᠯ᠎ᠡ ᠳᠦᠷᠤᠯ ᠤᠨ ᠠᠵᠢᠯ ᠢ ᠰᠠᠶᠢᠳᠤᠷ ᠬᠢᠬᠦ ᠶᠢᠨ ᠠᠴᠢ ᠬᠤᠯᠪᠤᠬᠳᠠᠯ ᠨᠢ ᠳᠤᠩ ᠶᠡᠭᠡ ᠶᠤᠮ᠃ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠠᠪᠤᠳᠤᠭᠠᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠪᠦᠬᠦᠳᠡ ᠬᠤᠷᠠᠯ ᠤᠨ ᠪᠠᠶᠢᠷᠢᠯᠠᠭᠤᠯᠤᠯᠳᠠ ᠶᠢ | ᠦᠨᠳᠤᠰᠤᠯᠡᠨ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠰᠡᠳᠬᠢᠴᠡ ᠶᠢ ᠢᠩᠬᠢᠵᠤ ᠳᠤᠬᠳᠠᠭᠠᠪᠠ᠄ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ | ᠰᠢ ᠶᠢᠨ ᠫᠢᠩ ᠶᠡᠷᠦᠩᠭᠡᠢ ᠱᠦᠵᠢ ᠶᠢᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶᠡᠰ ᠤᠨ ᠴᠢᠬᠤᠯᠠ ᠶᠠᠷᠢᠶ᠎ᠠ ᠪᠠ ᠦᠪᠤᠷ ᠮᠤᠩᠭᠤᠯ ᠤᠨ | ᠳᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠡᠷᠡᠰ ᠳᠤᠤᠱᠯᠠᠭᠤᠯᠤᠨ᠂ | ᠳᠡᠭᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶᠠᠨ ᠤ ᠡᠯ᠎ᠠ ᠳᠦᠷᠤᠯ ᠤᠨ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠭᠡᠢ ᠬᠦᠭ ᠢ ᠪᠠᠷᠢᠮᠳᠠᠯᠠᠨ᠂ ᠰᠢᠨ᠎ᠠ | ᠬᠦᠭᠵᠢᠯᠳᠡ ᠶᠢᠨ ᠤᠶᠢᠯᠠᠭᠠᠬᠳᠠᠬᠤᠨ ᠢ ᠪᠠᠷᠢᠮᠳᠠᠯᠠᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢ ᠪᠠᠳᠤ ᠡᠵᠡᠮᠳᠡᠨ᠂ ᠴᠢᠨᠠᠷ | ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ︽ᠳᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ | ᠶᠢ ᠨᠢᠭᠡᠳᠤᠯᠳᠡᠢ ᠳᠦᠯᠦᠪᠵᠢᠬᠦᠯᠬᠦ ᠪᠠ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠪᠠᠷ ᠠᠬᠢᠭᠤᠯᠵᠤ᠂ | ᠬᠠᠩᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂ ᠳᠤᠬᠳᠠᠭᠤᠨ ᠢᠶᠠᠷ ᠨᠡᠮᠡᠭᠳᠡᠬᠦᠯᠬᠦ᠂ | ᠦᠭᠡᠷᠡᠴᠢᠯᠡᠯᠳᠡ ᠶᠢ ᠠᠬᠢᠭᠤᠯᠬᠤ᠂ ᠪᠦᠳᠤᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠳᠦᠭᠰᠢᠬᠦᠷᠢ ᠶᠢ ᠰᠡᠷᠭᠡᠶᠢᠯᠡᠬᠦ ᠡᠯ᠎ᠡ | ᠳᠦᠷᠤᠯ ᠤᠨ ᠠᠵᠢᠯ ᠤᠳ ᠢ ᠨᠢᠭᠡᠳᠤᠯᠳᠡᠢ ᠳᠦᠯᠦᠪᠵᠢᠬᠦᠯᠤᠨ ᠠᠬᠢᠭᠤᠯᠵᠤ᠂ ᠴᠢᠨᠠᠷ ᠢ ᠬᠤᠪᠢᠷᠠᠭᠤᠯᠬᠤ᠂ ᠦᠷ᠎ᠠ ᠠᠰᠢᠭ ᠢ ᠬᠤᠪᠢᠷᠠᠭᠤᠯᠬᠤ᠂ ᠬᠦᠳᠡᠯᠭᠡᠭᠴᠢ | ᠬᠦᠴᠤᠨ ᠢ ᠬᠤᠪᠢᠷᠠᠭᠤᠯᠬᠤ ᠶᠢ ᠠᠬᠢᠭᠤᠯᠤᠨ᠂ ᠴᠢᠬᠤᠯᠠ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ᠂ ᠤᠨᠢᠨ ᠳᠡᠭᠡᠷ᠎ᠠ ᠨᠢ ᠶᠠᠳᠠᠭᠤ ᠠᠴᠠ | ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠤ᠂ ᠬᠦᠭᠵᠢᠯᠳᠡ᠂ ᠠᠷᠠᠳ | ᠤᠨ ᠠᠮᠢᠳᠤᠷᠠᠯ᠂ ᠠᠮᠢ ᠠᠬᠤᠢ ᠶᠢᠨ ᠭᠤᠷᠪᠠᠨ ᠬᠤᠷᠢᠭ᠎ᠠ ᠱᠤᠭᠤᠮ ᠢ ᠪᠠᠳᠤ ᠰᠠᠬᠢᠨ᠂ ᠪᠦᠬᠦ ᠬᠤᠰᠢᠭᠤᠨ ᠤ ᠠᠵᠤ ᠠᠬᠤᠢ ᠶᠢᠨ ᠳᠤᠬᠳᠠᠭᠤᠨ ᠡᠷᠡᠬᠦᠯ | ᠭᠦᠭᠵᠢᠯᠳᠡ ᠪᠠ ᠨᠡᠶᠢᠭᠡᠮ ᠤᠨ ᠡᠶ᠎ᠡ ᠵᠤᠬᠢᠴᠠᠯ ᠳᠤᠬᠳᠠᠭᠤᠨ ᠢ ᠠᠬᠢᠭᠤᠯᠤᠨ᠎ᠠ᠃ | ᠵᠢᠱᠢᠭᠰᠡᠨ ᠬᠤᠭᠤᠴᠠᠭᠠᠨ ᠤ ᠭᠤᠤᠯ ᠬᠠᠷᠠᠯᠳᠠ ᠨᠢ ᠪᠤᠯ᠄ ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠦᠩᠭᠡᠢ ᠦᠷᠳᠡᠭ ᠢ 6.5% ᠤᠷᠴᠢᠮ ᠢᠶᠠᠷ | ᠨᠡᠮᠡᠭᠳᠡᠬᠦᠯᠤᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠶᠢ ᠳᠤᠰᠪᠤᠷᠢ 7.5% ᠤᠷᠴᠢᠮ ᠢᠶᠠᠷ | ᠨᠡᠮᠡᠭᠳᠡᠬᠦᠯᠵᠤ᠂ ᠬᠤᠳᠠ ᠪᠠᠯᠭᠠᠰᠤᠨ ᠤ ᠳᠠᠩᠰᠠᠯᠠᠭᠤᠯᠤᠬᠰᠠᠨ ᠠᠵᠢᠯ ᠠᠯᠳᠠᠬᠰᠠᠳ ᠤᠨ ᠨᠤᠷᠮ᠎ᠠ ᠶᠢ 3.1% ᠶᠢᠨ ᠳᠤᠳᠤᠷ᠎ᠠ ᠬᠢᠵᠠᠭᠠᠷᠯᠠᠨ᠂ ᠡᠨᠧᠷᠬᠢ ᠠᠷᠪᠢᠯᠠᠵᠤ | ᠭᠠᠳᠠᠬᠰᠢᠯᠠᠭᠤᠯᠤᠯ ᠢ ᠪᠠᠭᠠᠰᠬᠠᠬᠤ ᠬᠠᠷᠠᠯᠳᠠᠳᠤ ᠡᠬᠦᠷᠭᠡ ᠶᠢ ᠪᠦᠬᠦ ᠳᠠᠯ᠎ᠠ ᠪᠠᠷ ᠪᠡᠶᠡᠯᠡᠬᠦᠯᠵᠤ᠂ ᠬᠠᠩᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ | ᠦᠭᠡᠷᠡᠴᠢᠯᠡᠯᠳᠡ ᠳᠡᠭᠡᠷ᠎ᠠ ᠪᠠᠨ ᠪᠤᠳᠠᠳᠤ ᠠᠬᠢᠴᠠ ᠲᠠᠢ ᠪᠤᠯᠵᠤ᠂ ᠡᠳ᠋ ᠤᠨ ᠵᠠᠰᠠᠭ ᠮᠦᠩᠬᠦᠨ ᠬᠦᠢᠯᠭᠡᠭᠡᠨ ᠤ ᠠᠶᠤᠯ ᠳᠦᠭᠰᠢᠬᠦᠷᠢ ᠶᠢ ᠪᠦᠳᠤᠮᠵᠢᠳᠡᠢ ᠬᠤᠷᠢᠬᠯᠠᠨ᠂ | ᠵᠠᠰᠠᠭ ᠤᠨ ᠤᠷᠳᠤᠨ ᠤ ᠦᠷᠢ ᠰᠢᠷᠢ ᠶᠢ ᠨᠠᠮᠳᠠᠭᠤᠯᠬᠤ ᠵᠢᠯ ᠤᠨ ᠡᠬᠦᠷᠭᠡ ᠶᠢ ᠪᠦᠬᠦ ᠳᠠᠯ᠎ᠠ ᠪᠠᠷ ᠪᠡᠶᠡᠯᠡᠬᠦᠯᠤᠨ᠎ᠠ᠃ | ᠳᠡᠭᠡᠷ᠎ᠠ ᠳᠤᠷᠠᠳᠤᠬᠰᠠᠨ ᠬᠠᠷᠠᠯᠳᠠ ᠶᠢᠨ ᠳᠤᠭᠤᠷᠢᠨ ᠳᠤ᠂ ᠡᠨᠡ ᠵᠢᠯ ᠶᠢᠰᠤᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠃ | ︵ᠨᠢᠭᠡ︶ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠠ᠃ ᠳᠡᠭᠡᠳᠤ ᠭᠡᠮᠵᠢᠶᠠᠨ ᠤ ᠤᠯᠤᠰ ᠳᠦᠷᠦ ᠶᠢᠨ ᠡᠬᠦᠷᠭᠡ ᠬᠠᠷᠢᠭᠤᠴᠠᠯᠭᠠᠳᠤ | ᠰᠡᠳᠬᠢᠯᠭᠡ ᠪᠠᠷ ᠳᠤᠰ ᠭᠤᠷᠪᠠᠨ ᠴᠢᠬᠤᠯᠠ ᠶᠡᠭᠡ ᠦᠨᠳᠤᠰᠤᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠤᠯᠤᠰ ᠳᠦᠷᠦ ᠶᠢᠨ ᠢᠨᠵᠧᠨᠧᠷᠢᠩ | ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠨ᠎ᠠ᠃ | ᠴᠢᠬᠤᠯᠠ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠠ᠃ ᠦᠷᠢ ᠰᠢᠷᠢ ᠶᠢ ᠨᠠᠮᠳᠠᠭᠤᠯᠤᠨ | ᠰᠢᠢᠳᠪᠤᠷᠢᠯᠡᠬᠦ ᠵᠢᠯ ᠤᠨ ᠳᠦᠰᠤᠯ ᠢ ᠴᠢᠩᠭ᠎ᠠ ᠭᠡᠷᠡᠭᠵᠢᠬᠦᠯᠤᠨ᠂ ᠳᠦᠰᠤᠪ ᠢ ᠳᠤᠬᠢᠷᠠᠭᠤᠯᠬᠤ᠂ ᠵᠢᠭᠡᠯᠡᠯᠭᠡ ᠶᠢᠨ ᠳᠡᠮᠳᠡᠭᠳᠤ ᠶᠢ ᠬᠤᠪᠢᠳᠠᠨ ᠤᠯᠬᠤ᠂ ᠬᠦᠷᠦᠩᠭᠡ | ᠶᠢ ᠡᠷᠬᠢᠯᠳᠡ ᠳᠤ ᠤᠷᠤᠭᠤᠯᠬᠤ ᠵᠡᠷᠭᠡ ᠠᠷᠭ᠎ᠠ ᠭᠡᠮᠵᠢᠶ᠎ᠠ ᠶᠢ ᠠᠪᠬᠤ ᠪᠠᠷ ᠳᠠᠮᠵᠢᠨ᠂ ᠵᠠᠰᠠᠭ ᠤᠨ ᠤᠷᠳᠤᠨ ᠤ ᠦᠷᠢ ᠰᠢᠷᠢ ᠶᠢ 33.37 ᠳ᠋ᠦᠩᠰᠢᠭᠤᠷ | ᠳᠦᠬᠦᠷᠢᠭ ᠨᠠᠮᠳᠠᠭᠤᠯᠤᠨ ᠰᠢᠢᠳᠪᠤᠷᠢᠯᠡᠨ᠎ᠠ᠃ ᠠᠷᠪᠢᠯᠠᠵᠤ ᠭᠠᠮᠨᠠᠬᠤ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠵᠤ᠂ ᠡᠩ ᠤᠨ ᠴᠢᠨᠠᠷᠳᠠᠢ ᠵᠠᠷᠤᠳᠠᠯ ᠢ ᠪᠠᠭᠠᠰᠬᠠᠨ᠂ | ᠦᠷᠢ ᠳᠠᠯᠪᠢᠬᠤ ᠠᠵᠢᠯᠯᠠᠭ᠎ᠠ ᠶᠢ ᠪᠦᠬᠦ ᠳᠠᠯ᠎ᠠ ᠪᠠᠷ ᠳᠦᠷᠢᠮᠵᠢᠬᠦᠯᠵᠤ᠂ ᠵᠠᠰᠠᠭ ᠤᠨ ᠤᠷᠳᠤᠨ ᠤ ᠰᠢᠨ᠎ᠠ ᠪᠠᠷ ᠨᠡᠮᠡᠭᠳᠡᠬᠦᠯᠬᠦ ᠪᠡᠯᠡ ᠤᠷᠤᠭᠤᠯᠤᠯᠳᠠ ᠶᠢᠨ ᠳᠦᠷᠤᠯ | ᠵᠤᠶᠢᠯ ᠳᠤ ᠦᠷᠢ ᠰᠢᠷᠢ ᠶᠢᠨ ᠠᠶᠤᠯ ᠳᠦᠭᠰᠢᠬᠦᠷᠢ ᠶᠢ ᠦᠨᠡᠯᠡᠬᠦ ᠪᠠ ᠬᠠᠤᠯᠢ ᠶᠤᠰᠤᠨ ᠤ ᠬᠢᠨᠠᠨ ᠪᠠᠶᠢᠴᠠᠭᠠᠯᠳᠠ ᠬᠢᠬᠦ ᠶᠢ ᠴᠢᠩᠭ᠎ᠠ ᠭᠡᠷᠡᠭᠵᠢᠬᠦᠯᠤᠨ᠎ᠠ᠃ ᠵᠠᠰᠠᠭ ᠤᠨ | ᠤᠷᠳᠤᠨ ᠪᠤᠯᠤᠨ ᠨᠡᠶᠢᠭᠡᠮ ᠤᠨ ᠬᠦᠷᠦᠩᠭᠡ ᠶᠢᠨ ᠬᠠᠮᠳᠤᠷᠠᠨ ᠠᠵᠢᠯᠯᠠᠬᠤ᠂ ᠵᠠᠰᠠᠭ ᠤᠨ ᠤᠷᠳᠤᠨ ᠤ ᠪᠡᠯᠡ ᠤᠷᠤᠭᠤᠯᠤᠬᠰᠠᠨ ᠰᠠᠭᠤᠷᠢ ᠮᠦᠩᠬᠦ ᠭᠠᠷᠭᠠᠬᠤ᠂ ᠵᠠᠰᠠᠭ | ᠤᠨ ᠤᠷᠳᠤᠨ ᠤ ᠤᠶᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭ᠎ᠠ ᠶᠢ ᠬᠠᠤᠯᠢ ᠶᠤᠰᠤᠭᠠᠷ ᠳᠦᠷᠢᠮᠵᠢᠬᠦᠯᠤᠨ᠂ ᠪᠡᠯᠡ ᠴᠤᠬᠯᠠᠭᠤᠯᠬᠤ ᠳᠠᠪᠴᠠᠩ ᠤᠨ ᠺᠤᠮᠫᠠᠨᠢ | ᠶᠢᠨ ᠵᠠᠬ᠎ᠠ ᠳᠡᠯᠭᠡᠬᠦᠷᠴᠢᠯᠡᠨ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ︽ᠭᠡᠨ ᠦᠷᠢ ᠳᠠᠯᠪᠢᠪᠠᠯ ᠭᠡᠨ ᠳᠦᠯᠦᠬᠦ︾ ᠶᠢ ᠪᠠᠷᠢᠮᠳᠠᠯᠠᠨ᠂ ᠬᠠᠤᠯᠢ ᠳᠦᠷᠢᠮ | ᠠᠴᠠ ᠵᠦᠷᠢᠴᠡᠭᠰᠡᠨ ᠦᠷᠢ ᠳᠠᠯᠪᠢᠬᠤ ᠠᠵᠢᠯᠯᠠᠭ᠎ᠠ ᠶᠢ ᠡᠷᠡᠰ ᠬᠤᠷᠢᠬᠯᠠᠨ ᠵᠤᠬᠰᠤᠭᠠᠨ᠎ᠠ᠃ ᠦᠷᠢ ᠰᠢᠷᠢ ᠶᠢᠨ ᠠᠶᠤᠯ ᠳᠦᠭᠰᠢᠬᠦᠷᠢ ᠶᠢ ᠤᠷᠢᠳᠴᠢᠯᠡᠨ | ᠰᠡᠷᠭᠡᠶᠢᠯᠡᠬᠦ ᠪᠠ ᠪᠠᠴᠢᠮ ᠠᠷᠭᠠᠴᠠᠵᠤ ᠰᠢᠢᠳᠪᠤᠷᠢᠯᠡᠬᠦ ᠳᠤᠬᠳᠠᠴᠠ ᠶᠢ ᠳᠡᠬᠦᠯᠳᠡᠷᠵᠢᠬᠦᠯᠤᠨ᠂ ᠵᠠᠰᠠᠭ ᠤᠨ ᠤᠷᠳᠤᠨ ᠤ ᠡᠳ᠋ ᠤᠨ ᠵᠠᠰᠠᠭ ᠮᠦᠩᠬᠦᠨ ᠬᠦᠢᠯᠭᠡᠭᠡᠨ ᠤ | ᠠᠶᠤᠯ ᠳᠦᠭᠰᠢᠬᠦᠷᠢ ᠶᠢ ᠰᠡᠷᠭᠡᠶᠢᠯᠡᠬᠦ ᠨᠦᠭᠡᠴᠡ ᠮᠦᠩᠬᠦ ᠭᠠᠷᠭᠠᠨ᠎ᠠ᠃ ᠮᠦᠩᠬᠦᠨ ᠬᠦᠢᠯᠭᠡᠭᠡᠨ ᠤ ᠠᠶᠤᠯ ᠳᠦᠭᠰᠢᠬᠦᠷᠢ ᠶᠢ ᠰᠡᠷᠭᠡᠶᠢᠯᠡᠬᠦ ᠠᠵᠢᠯ ᠢ ᠨᠢᠭᠡᠳᠤᠯᠳᠡᠢ | ᠳᠦᠯᠦᠪᠵᠢᠬᠦᠯᠤᠨ ᠰᠠᠶᠢᠳᠤᠷ ᠬᠢᠵᠤ᠂ ᠤᠷᠤᠨ ᠨᠤᠳᠤᠭ ᠤᠨ ᠮᠦᠩᠬᠦᠨ ᠬᠦᠢᠯᠭᠡᠭᠡᠨ ᠤ ᠬᠢᠨᠠᠨ ᠬᠠᠮᠢᠶᠠᠷᠬᠤ ᠬᠦᠴᠤᠯᠡᠴᠡ ᠪᠠᠨ ᠨᠡᠮᠡᠭᠳᠡᠬᠦᠯᠤᠨ᠂ ᠬᠠᠤᠯᠢ ᠳᠦᠷᠢᠮ | ᠠᠴᠠ ᠵᠦᠷᠢᠴᠡᠭᠰᠡᠨ ᠮᠦᠩᠬᠦᠨ ᠬᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠮᠦᠩᠬᠦᠨ ᠬᠦᠢᠯᠭᠡᠭᠡᠨ ᠤ ᠰᠢᠰᠲ᠋ᠧᠮᠳᠤ ᠴᠢᠨᠠᠷᠳᠠᠢ ᠠᠶᠤᠯ | ᠳᠦᠭᠰᠢᠬᠦᠷᠢ ᠡᠬᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠰᠠᠬᠢᠨ᠎ᠠ᠃ | ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠠ᠃ ᠮᠠᠨ ᠤ ᠬᠤᠰᠢᠭᠤᠨ ᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠷᠪᠠᠨ ᠵᠢᠯ ᠤᠨ ᠠᠵᠢᠯᠯᠠᠭᠠᠨ ᠤ ᠳᠦᠯᠤᠪᠯᠡᠭᠡ ᠶᠢᠨ45 ᠵᠤᠷᠪᠤᠰ ᠠᠷᠭ᠎ᠠ ᠭᠡᠮᠵᠢᠶ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠮᠦᠷᠳᠡᠭᠡᠨ ᠪᠠᠰᠠ ᠦᠨᠳᠤᠷ ᠪᠠᠶᠢᠯᠭᠠᠵᠤ᠂ ᠤᠳᠤᠬᠠᠨ ᠤ ᠭᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠪᠠᠷ | ᠶᠠᠳᠠᠭᠤ ᠠᠴᠠ ᠠᠩᠬᠢᠵᠢᠷᠠᠭᠤᠯᠬᠤ ᠴᠢᠨᠠᠷ ᠴᠢᠨᠰᠠᠭ᠎ᠠ ᠶᠢ ᠪᠠᠳᠤᠯᠠᠨ᠎ᠠ᠃ ᠶᠠᠳᠠᠭᠤ ᠠᠴᠠ ᠪᠠᠨ ᠠᠩᠬᠢᠵᠢᠷᠠᠭᠠᠳᠤᠢ 18 ᠡᠷᠤᠭᠡ ᠶᠢᠨ43 ᠶᠠᠳᠠᠭᠤ ᠬᠦᠴᠢᠷᠳᠡᠯᠳᠡᠢ | ᠬᠦᠮᠤᠨ ᠠᠮᠠ ᠶᠢ ᠳᠤᠬᠳᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠵᠤ᠂ ᠨᠢᠭᠡᠨᠳᠡ ᠶᠠᠳᠠᠭᠤ ᠠᠴᠠ ᠪᠠᠨ ᠠᠩᠬᠢᠵᠢᠷᠠᠬᠰᠠᠨ ᠶᠡᠳᠠᠭᠤ ᠬᠦᠴᠢᠷᠳᠡᠯᠳᠡᠢ ᠡᠷᠤᠭᠡ ᠶᠢᠨ | ᠶᠠᠳᠠᠭᠤ ᠠᠴᠠ ᠪᠠᠨ ᠠᠩᠬᠢᠵᠢᠷᠠᠬᠰᠠᠨ ᠦᠷ᠎ᠠ ᠪᠦᠳᠤᠮᠵᠢ ᠶᠢ ᠪᠠᠬᠢᠵᠢᠬᠦᠯᠤᠨ ᠳᠡᠭᠡᠭᠰᠢᠯᠡᠬᠦᠯᠵᠤ᠂ ᠪᠤᠭᠤᠮᠳᠠ ᠰᠢᠪᠳᠤᠯᠬᠤ ᠬᠤᠭᠤᠴᠠᠭᠠᠨ ᠳᠤ ᠶᠠᠳᠠᠭᠤ ᠠᠴᠠ | ᠠᠩᠬᠢᠵᠢᠷᠠᠬᠤ ᠡᠷᠤᠭᠡ ᠶᠢ ᠳᠦᠷᠦ ᠶᠢᠨ ᠪᠤᠳᠤᠯᠭ᠎ᠠ ᠠᠴᠠ ᠰᠠᠯᠭᠠᠬᠤ ᠦᠭᠡᠢ ᠪᠠᠶᠢᠵᠤ᠂ ᠰᠢᠨ᠎ᠠ ᠪᠠᠷ ᠪᠤᠢ ᠪᠤᠯᠬᠤ ᠶᠠᠳᠠᠭᠤ ᠬᠦᠴᠢᠷᠳᠡᠯᠳᠡᠢ ᠬᠦᠮᠤᠨ ᠠᠮᠠ ᠪᠠ | ᠳᠠᠬᠢᠨ ᠶᠠᠳᠠᠭᠤᠷᠠᠬᠰᠠᠨ ᠬᠦᠮᠤᠨ ᠠᠮᠠ ᠶᠢ ᠴᠠᠭ ᠳᠠᠷᠤᠢ ᠳᠤᠨᠢ ᠬᠠᠪᠰᠤᠷᠬᠤ ᠡᠳᠡᠭᠡᠳ ᠢᠶᠠᠨ ᠪᠤᠯᠭᠠᠨ᠎ᠠ᠃ ᠬᠦᠳᠡᠯᠮᠤᠷᠢᠯᠡᠬᠦ ᠴᠢᠳᠠᠪᠤᠷᠢ ᠲᠠᠢ ᠶᠠᠳᠠᠭᠤ ᠡᠷᠤᠭᠡ ᠶᠢᠨ | ᠬᠢᠨ ᠳᠤ ᠪᠡᠯᠡ ᠮᠦᠩᠬᠦ ᠪᠠ ᠳᠦᠷᠤᠯ ᠵᠤᠶᠢᠯ ᠢ ᠨᠡᠶᠢᠯᠡᠬᠦᠯᠬᠦ ᠪᠠᠷ ᠳᠠᠮᠵᠢᠨ᠂ ᠠᠵᠤ ᠤᠶᠢᠯᠡᠰ᠂ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠬᠦᠴᠤᠯᠡᠴᠡ ᠶᠢ | ᠨᠡᠮᠡᠭᠳᠡᠬᠦᠯᠤᠨ᠎ᠠ︔ ᠠᠵᠤ ᠤᠶᠢᠯᠡᠰ ᠢᠶᠠᠷ ᠶᠠᠳᠠᠭᠤ ᠶᠢ ᠳᠡᠳᠬᠦᠬᠦ ᠤᠶᠢᠯᠠᠭᠠᠬᠳᠠᠬᠤᠨ ᠢ ᠴᠢᠨᠠᠬᠰᠢᠳᠠ ᠬᠤᠪᠢᠷᠠᠭᠤᠯᠤᠨ᠂ ᠠᠵᠤ ᠤᠶᠢᠯᠡᠰ ᠢᠶᠠᠷ ᠬᠠᠪᠰᠤᠷᠤᠨ ᠳᠡᠳᠬᠦᠬᠦ | ᠳᠤ ᠡᠷᠤᠭᠡ ᠪᠠᠷ ᠨᠢᠭᠡᠴᠢ ᠪᠤᠯᠭᠠᠵᠤ ᠪᠠᠶᠢᠬᠰᠠᠨ ᠢ ᠳᠤᠰᠬᠠᠢ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠵᠡᠷᠭᠡ ᠠᠵᠤ ᠤᠶᠢᠯᠡᠰ ᠤᠨ ᠴᠤᠬᠴᠠ ᠪᠤᠶᠤ ᠠᠵᠤ | ᠤᠶᠢᠯᠡᠰ ᠲᠠᠢ ᠬᠠᠮᠢᠶᠠᠳᠠᠬᠰᠠᠨ ᠳᠤᠰᠬᠤᠨ ᠬᠤᠷᠰᠢᠶ᠎ᠠ ᠪᠠᠷ ᠨᠢᠭᠡᠴᠢ ᠪᠤᠯᠭᠠᠨ ᠬᠤᠪᠢᠷᠠᠭᠤᠯᠵᠤ᠂ ︽ ᠠᠵᠤ ᠠᠬᠤᠶᠢᠯᠠᠯ + ᠨᠠᠮ ᠤᠨ ᠡᠬᠦᠷ + ᠳᠤᠰᠬᠠᠢ | ᠬᠤᠷᠰᠢᠶᠠᠵᠢᠯ + ᠳᠠᠷᠢᠶᠠᠴᠢᠨ ᠡᠷᠤᠭᠡ︾ ᠶᠢᠨ ᠠᠵᠤ ᠤᠶᠢᠯᠡᠰ ᠤᠨ ᠬᠦᠭᠵᠢᠯᠳᠡ ᠶᠢᠨ ᠵᠠᠬᠪᠤᠷ ᠢ ᠭᠤᠤᠯᠳᠠᠯᠭ᠎ᠠ ᠲᠠᠢ ᠳᠡᠯᠭᠡᠷᠡᠬᠦᠯᠤᠨ᠂ ᠳᠤᠰᠬᠤᠨ ᠤ ᠬᠠᠮᠳᠤ ᠶᠢᠨ | ᠠᠵᠤ ᠠᠬᠤᠢ ᠶᠢ ᠬᠦᠭᠵᠢᠬᠦᠯᠤᠨ ᠪᠤᠵᠠᠭᠠᠶᠢᠷᠠᠭᠤᠯᠵᠤ᠂ ᠤᠷᠤᠯᠭ᠎ᠠ ᠶᠢ ᠦᠷᠬᠦᠯᠵᠢᠯᠡᠨ ᠳᠤᠬᠳᠠᠭᠤᠨ ᠢᠶᠠᠷ ᠨᠡᠮᠡᠭᠳᠡᠬᠦᠯᠬᠦ ᠶᠢ ᠪᠠᠳᠤᠯᠠᠨ᠎ᠠ᠃ ᠬᠦᠳᠡᠯᠮᠤᠷᠢᠯᠡᠬᠦ ᠴᠢᠳᠠᠪᠤᠷᠢ | ᠪᠠᠨ ᠠᠯᠳᠠᠬᠰᠠᠨ ᠶᠠᠳᠠᠭᠤ ᠬᠦᠴᠢᠷᠳᠡᠯᠳᠡᠢ ᠡᠷᠤᠭᠡ ᠶᠢᠨ ᠬᠢᠨ ᠳᠤ ᠬᠠᠮᠤᠭ ᠨᠠᠭᠠᠳᠤ ᠵᠠᠬ᠎ᠠ ᠶᠢᠨ ᠪᠠᠳᠤᠯᠠᠭ᠎ᠠ ᠤᠯᠭᠤᠬᠤ ᠶᠢ ᠴᠢᠩᠭᠠᠳᠬᠠᠨ᠂ ᠡᠷᠡᠬᠦᠯ ᠮᠡᠨᠳᠤ ᠪᠠᠷ | ᠶᠠᠳᠠᠭᠤ ᠶᠢ ᠳᠡᠳᠬᠦᠬᠦ ᠶᠢ ᠭᠤᠤᠯᠳᠠᠯᠭ᠎ᠠ ᠲᠠᠢ ᠠᠬᠢᠭᠤᠯᠵᠤ᠂ ︽ ᠬᠤᠶᠠᠷ ᠲᠤ ᠰᠠᠨᠠᠭᠠᠰᠢᠷᠠᠬᠤ ᠦᠭᠡᠢ ᠭᠤᠷᠪᠠ ᠶᠢ ᠪᠠᠳᠤᠯᠠᠬᠤ︾ ᠶᠢ ᠪᠡᠶᠡᠯᠡᠬᠦᠯᠤᠨ᠎ᠠ᠃ ᠶᠠᠳᠠᠭᠤ | ᠶᠢ ᠳᠡᠳᠬᠦᠬᠦ ᠳᠤ ᠵᠤᠷᠢᠭ ᠤᠬᠠᠭᠠᠨ ᠢ ᠳᠡᠳᠬᠦᠬᠦ ᠲᠠᠢ ᠤᠶᠠᠯᠳᠤᠭᠤᠯᠬᠤ ᠶᠢ ᠪᠠᠷᠢᠮᠳᠠᠯᠠᠨ᠂ ᠦᠵᠡᠯ ᠰᠠᠨᠠᠭᠠᠨ ᠤ ᠬᠦᠮᠤᠵᠢᠯ ᠢ ᠴᠢᠩᠭᠠᠳᠬᠠᠵᠤ᠂ | ᠴᠢᠨᠡᠭᠡᠯᠢᠭᠵᠢᠭᠰᠡᠨ ᠨᠡᠶᠢᠳᠡᠯᠢᠭ ᠵᠢᠱᠢᠶ᠎ᠠ ᠶᠢ ᠶᠡᠬᠡᠪᠠᠷ ᠤᠬᠠᠭᠤᠯᠤᠨ᠂ ︽ᠬᠦᠯᠢᠶᠡᠬᠦ ᠳᠦᠰᠢᠭᠯᠡᠬᠦ ᠠᠪᠬᠤ︾ ᠦᠵᠡᠯ ᠰᠠᠨᠠᠭ᠎ᠠ ᠶᠢ ᠡᠷᠡᠰ ᠳᠡᠪᠴᠢᠵᠤ᠂ ︽ᠵᠠᠯᠬᠠᠭᠤ | ᠬᠦᠮᠤᠨ ᠢ ᠳᠡᠵᠢᠭᠡᠬᠦ︾ ᠶᠢ ᠡᠷᠡᠰ ᠬᠤᠷᠢᠬᠯᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠶᠢ ᠭᠤᠷᠪᠠᠨ ᠶᠡᠭᠡ | ᠪᠤᠭᠤᠮᠳᠠ ᠰᠢᠪᠳᠤᠯᠬᠤ ᠳᠠᠶᠢᠯᠠᠯᠳᠤᠭᠠᠨ ᠤ ᠨᠢᠭᠡᠳᠤᠭᠡᠷ ᠳᠤᠮᠤ ᠪᠤᠭᠤᠮᠳᠠ ᠪᠤᠯᠭᠠᠨ᠎ᠠ᠃ ᠳᠦᠪ᠂ ᠦᠪᠡᠷᠳᠡᠭᠡᠨ ᠵᠠᠰᠠᠬᠤ ᠤᠷᠤᠨ ᠤ ᠤᠷᠴᠢᠨ ᠳᠤᠭᠤᠷᠢᠨ ᠤ | ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠪᠠᠶᠢᠴᠠᠭᠠᠵᠤ ᠦᠯᠡᠳᠡᠭᠡᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠳᠦᠷᠭᠡᠳᠭᠡᠨ᠂ ᠬᠤᠳᠠ ᠶᠢᠨ ᠵᠠᠰᠠᠭ | ᠤᠨ ᠤᠷᠳᠤᠨ ᠤ ᠫᠠᠶᠢᠰᠠ ᠡᠯᠬᠦᠨ ᠱᠠᠭᠠᠷᠳᠠᠨ ᠬᠦᠢᠴᠡᠳᠭᠡᠯᠭᠡᠬᠦ ᠤᠴᠢᠷ ᠶᠠᠪᠤᠳᠠᠯ ᠢ ᠳᠤᠭᠳᠠᠬᠰᠠᠨ ᠬᠤᠭᠤᠴᠠᠭᠠᠨ ᠳᠤ ᠬᠠᠯᠠᠨ ᠰᠠᠶᠢᠵᠢᠷᠠᠭᠤᠯᠵᠤ ᠤᠷᠤᠨᠵᠢᠭᠤᠯᠬᠤ ᠶᠢ | ᠪᠠᠳᠤᠯᠠᠨ᠎ᠠ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠨᠡᠬᠦᠷᠡᠰᠤ ᠪᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠶᠢ ᠮᠠᠰᠢ | ᠳᠤᠤᠷ᠎ᠠ ᠭᠠᠳᠠᠬᠰᠢᠯᠠᠭᠤᠯᠤᠯᠳᠠ ᠲᠠᠢ ᠪᠤᠯᠭᠠᠨ ᠦᠭᠡᠷᠡᠴᠢᠯᠡᠨ ᠵᠠᠰᠠᠬᠤ ᠪᠠ ᠨᠡᠬᠦᠷᠡᠰᠤᠨ ᠳᠠᠯᠠᠪᠤᠷ᠂ ᠮᠠᠲ᠋ᠧᠷᠢᠶᠠᠯ ᠤᠨ ᠳᠠᠯᠠᠪᠤᠷ᠂ ᠬᠠᠳᠠᠭᠤ ᠪᠡᠶᠡᠳᠤ ᠬᠠᠶᠠᠬᠳᠠᠮᠠᠯ | ᠪᠤᠳᠠᠰ ᠵᠡᠷᠭᠡ ᠡᠯ᠎ᠡ ᠳᠦᠷᠤᠯ ᠤᠨ ᠨᠤᠨᠳᠠᠭ ᠪᠤᠳᠠᠰ ᠢ ᠤᠪᠤᠭᠠᠯᠠᠬᠤ ᠳᠠᠯᠠᠪᠤᠷ ᠢ ᠪᠦᠬᠦᠨ ᠢ ᠪᠢᠳᠡᠬᠦᠮᠵᠢᠯᠡᠬᠦ ᠪᠠ ᠳᠡᠰ ᠳᠡᠪᠰᠢᠬᠦᠯᠵᠤ ᠦᠭᠡᠷᠡᠴᠢᠯᠡᠨ ᠵᠠᠰᠠᠬᠤ ᠠᠬᠢᠴᠠ | ᠶᠢ ᠳᠦᠷᠭᠡᠳᠭᠡᠵᠤ᠂ ᠳᠤᠶᠢᠮᠠᠷ ᠤᠨ ᠠᠶᠤᠯ ᠡᠬᠦᠰᠬᠦ ᠳᠤᠭᠤᠷᠢᠭ ᠢ ᠵᠠᠰᠠᠬᠤ ᠶᠢ ᠢᠳᠡᠪᠬᠢᠳᠡᠢ ᠠᠬᠢᠭᠤᠯᠤᠨ᠎ᠠ᠃ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠭᠤᠤᠯ ᠤᠨ ᠳᠠᠷᠤᠭ᠎ᠠ ᠶᠢᠨ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠯᠦᠩ ᠸᠠᠩ ᠭᠸᠤ᠂ ᠫᠦᠸᠧ ᠨᠢᠤ ᠴᠤᠸᠠᠨ᠂ ᠬᠤᠸᠠᠩ ᠫᠦ᠋ | ᠴᠤᠸᠠᠨ ᠤ ᠰᠠᠪᠠ ᠭᠠᠵᠠᠷ ᠤᠨ ᠤᠰᠤᠨ ᠤ ᠴᠢᠨᠠᠷ ᠢ ᠪᠠᠷᠢᠮᠵᠢᠶᠠᠨ ᠳᠤ ᠬᠦᠷᠭᠡᠬᠦ ᠶᠢ ᠪᠠᠳᠤᠯᠠᠵᠤ᠂ ᠤᠤᠭᠤᠬᠤ ᠤᠰᠤᠨ ᠤ ᠢᠷᠡᠯᠳᠡ ᠶᠢᠨ ᠤᠷᠤᠨ ᠤ ᠬᠠᠮᠠᠭᠠᠯᠠᠯᠳᠠ | ᠶᠢ ᠴᠢᠩᠭᠠᠳᠬᠠᠨ᠂ ᠤᠤᠭᠤᠬᠤ ᠤᠰᠤᠨ ᠤ ᠠᠮᠤᠷ ᠳᠦᠪᠰᠢᠨ ᠢ ᠪᠠᠳᠤᠯᠠᠨ᠎ᠠ᠃ ᠬᠦᠷᠦᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ | ᠠᠬᠢᠭᠤᠯᠵᠤ᠂ ᠬᠦᠷᠦᠰᠤ ᠰᠢᠷᠤᠢ ᠶᠢ ᠬᠠᠮᠠᠭᠠᠯᠠᠬᠤ ᠴᠢᠩᠭ᠎ᠠ ᠳᠦᠷᠢᠮ ᠢ ᠭᠡᠷᠡᠭᠵᠢᠬᠦᠯᠤᠨ᠂ ᠠᠶᠤᠯᠳᠠᠢ ᠬᠠᠶᠠᠬᠳᠠᠮᠠᠯ ᠪᠤᠳᠠᠰ ᠭᠠᠷᠭᠠᠳᠠᠭ ᠠᠵᠤ ᠠᠬᠤᠶᠢᠯᠠᠯ ᠳᠤ ᠬᠢᠨᠠᠨ | ᠬᠠᠮᠢᠶᠠᠷᠤᠯᠳᠠ ᠬᠢᠬᠦ ᠪᠠᠨ ᠴᠢᠩᠭᠠᠳᠬᠠᠨ᠎ᠠ︔ ᠬᠢᠮᠢ ᠶᠢᠨ ᠪᠤᠷᠳᠤᠭᠤᠷ᠂ ᠳᠠᠷᠢᠶᠠᠨ ᠡᠮ ᠢ ᠪᠠᠭᠠᠰᠬᠠᠬᠤ ᠠᠵᠢᠯᠯᠠᠭ᠎ᠠ ᠶᠢ ᠦᠷᠨᠢᠬᠦᠯᠵᠤ᠂ ᠳᠠᠷᠢᠶᠠᠯᠠᠩ ᠤᠨ ᠦᠩᠭᠡᠨ | ᠳᠠᠯ᠎ᠠ ᠠᠴᠠ ᠪᠠ ᠦᠨᠳᠤᠰᠤᠨ ᠠᠴᠠ ᠨᠢ ᠪᠤᠬᠢᠷᠳᠤᠬᠤ ᠶᠢ ᠪᠦᠳᠤᠮᠵᠢᠳᠡᠢ ᠬᠤᠷᠢᠬᠯᠠᠨ᠎ᠠ᠃ ᠠᠭᠤᠷᠬᠠᠢ ᠶᠢᠨ ᠤᠷᠤᠨ ᠢ ᠵᠠᠰᠠᠨ ᠴᠡᠭᠴᠡᠯᠡᠬᠦ ᠰᠠᠭᠤᠷᠢ ᠮᠦᠩᠬᠦ ᠶᠢ | ᠰᠦᠪᠡᠭᠴᠢᠯᠡᠨ ᠪᠠᠶᠢᠭᠤᠯᠵᠤ᠂ ᠪᠤᠬᠢᠷᠳᠤᠯ ᠦᠭᠡᠢ ᠠᠭᠤᠷᠬᠠᠢ ᠶᠢ ᠪᠦᠳᠤᠭᠡᠨ ᠪᠠᠶᠢᠭᠤᠯᠬᠤ ᠶᠢ ᠳᠦᠷᠭᠡᠳᠭᠡᠨ᠂ ᠵᠢᠯ ᠤᠨ ᠳᠤᠳᠤᠷ᠎ᠠ ᠠᠭᠤᠷᠬᠠᠢ ᠶᠢᠨ ᠤᠷᠤᠨ ᠤ | ᠤᠷᠴᠢᠨ ᠳᠤᠭᠤᠷᠢᠨ ᠤ ᠶᠡᠷᠦᠩᠭᠡᠶᠢᠯᠡᠭᠰᠡᠨ ᠵᠠᠰᠠᠯᠳᠠ ᠶᠢ 1.5 ᠳᠦᠮᠡᠨ ᠮᠤ᠋ ᠪᠡᠶᠡᠯᠡᠬᠦᠯᠤᠨ᠎ᠠ᠃ ᠪᠤᠬᠢᠷᠳᠤᠯ ᠢ ᠭᠠᠳᠠᠬᠰᠢᠯᠠᠭᠤᠯᠬᠤ ᠶᠢ ᠵᠦᠪᠰᠢᠶᠡᠷᠡᠬᠦ ᠦᠨᠡᠮᠯᠡᠯ ᠤᠨ | ᠳᠦᠷᠢᠮ ᠢ ᠭᠡᠷᠡᠭᠵᠢᠬᠦᠯᠬᠦ ᠠᠯᠬᠤᠴᠠ ᠪᠠᠨ ᠳᠦᠷᠭᠡᠳᠭᠡᠵᠤ᠂ ︽ᠭᠤᠷᠪᠠᠨ ᠱᠤᠭᠤᠮ ᠨᠢᠭᠡ ᠳᠠᠩᠰᠠ︾ ᠶᠢᠨ ᠤᠷᠴᠢᠨ ᠳᠤᠭᠤᠷᠢᠨ ᠤ ᠵᠦᠪᠰᠢᠶᠡᠷᠡᠯ ᠤᠨ ᠨᠠᠷᠢᠨ | ᠳᠠᠩᠰᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠤᠬᠢᠷᠳᠤᠯ ᠢ ᠭᠠᠳᠠᠬᠰᠢᠯᠠᠭᠤᠯᠬᠤ᠂ ᠪᠤᠬᠢᠷᠳᠤᠯ ᠢ ᠵᠠᠰᠠᠨ ᠰᠢᠢᠳᠪᠤᠷᠢᠯᠡᠬᠦ ᠳᠠᠯ᠎ᠠ ᠪᠠᠷ ᠴᠢᠩᠭ᠎ᠠ ᠠᠳᠬᠤᠬᠰᠠᠨ | ᠦᠭᠡᠢ ᠨᠢᠭᠡᠴᠢ ᠪᠤᠯᠤᠨ ᠬᠤᠯᠪᠤᠬᠳᠠᠯ ᠪᠦᠬᠦᠢ ᠬᠦᠮᠤᠰ ᠢ ᠶᠠᠯᠠᠯᠠᠨ ᠳᠤᠷᠭᠠᠬᠤ ᠬᠦᠴᠤᠯᠡᠴᠡ ᠪᠠᠨ ᠨᠡᠮᠡᠭᠳᠡᠬᠦᠯᠤᠨ᠎ᠠ᠃ ᠡᠨᠧᠷᠬᠢ ᠠᠷᠪᠢᠯᠠᠵᠤ ᠤᠷᠴᠢᠨ ᠳᠤᠭᠤᠷᠢᠨ ᠢ | ᠬᠠᠮᠠᠭᠠᠯᠠᠬᠤ ᠠᠵᠤ ᠤᠶᠢᠯᠡᠰ ᠢ ᠬᠦᠭᠵᠢᠬᠦᠯᠤᠨ ᠪᠤᠵᠠᠭᠠᠶᠢᠷᠠᠭᠤᠯᠵᠤ᠂ ᠡᠬᠢ ᠪᠠᠶᠠᠯᠢᠭ ᠢ ᠡᠷᠬᠢᠯᠳᠦᠬᠦᠯᠤᠨ ᠠᠰᠢᠬᠯᠠᠬᠤ ᠠᠵᠤ ᠤᠶᠢᠯᠡᠰ ᠢ ᠬᠦᠭᠵᠢᠬᠦᠯᠤᠨ᠂ ᠤᠷᠴᠢᠨ | ᠳᠤᠭᠤᠷᠢᠨ ᠢ ᠰᠠᠶᠢᠵᠢᠷᠠᠭᠤᠯᠬᠤ ᠪᠠ ᠠᠵᠤ ᠠᠬᠤᠢ ᠶᠢ ᠬᠦᠭᠵᠢᠬᠦᠯᠬᠦ ᠬᠤᠤᠰ ᠦᠷ᠎ᠠ ᠠᠰᠢᠭ ᠢ ᠡᠬᠦᠳᠤᠨ᠎ᠠ᠃ | ︵ᠬᠤᠶᠠᠷ︶ ᠬᠠᠩᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠢ ᠠᠬᠢᠭᠤᠯᠤᠨ᠎ᠠ᠃ ᠠᠵᠤ ᠠᠬᠤᠢ ᠶᠢ ᠬᠦᠭᠵᠢᠬᠦᠯᠬᠦ | ᠬᠦᠴᠤᠯᠡᠴᠡ ᠪᠠᠨ ᠪᠤᠳᠠᠳᠤ ᠠᠵᠤ ᠠᠬᠤᠢ ᠳᠡᠭᠡᠷ᠎ᠠ ᠳᠠᠯᠪᠢᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠰᠢᠰᠲ᠋ᠧᠮ ᠤᠨ ᠴᠢᠨᠠᠷ ᠴᠢᠨᠠᠰᠠᠭ᠎ᠠ ᠪᠠ ᠦᠷ᠎ᠠ ᠪᠦᠳᠤᠮᠵᠢ ᠶᠢ | ᠳᠠᠰᠤᠷᠠᠯᠳᠠ ᠦᠭᠡᠢ ᠨᠡᠮᠡᠭᠳᠡᠬᠦᠯᠵᠤ᠂ ᠠᠵᠤ ᠠᠬᠤᠢ ᠶᠢᠨ ᠦᠷᠬᠦᠯᠵᠢᠯᠡᠭᠰᠡᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ | ︽ᠭᠤᠷᠪᠠ ᠶᠢ ᠪᠠᠭᠤᠷᠠᠭᠤᠯᠤᠨ ᠨᠢᠭᠡ ᠶᠢ ᠪᠠᠭᠠᠰᠬᠠᠵᠤ ᠨᠢᠭᠡ ᠶᠢ ᠨᠦᠬᠦᠪᠤᠷᠢᠯᠡᠬᠦ︾ ᠶᠢ ᠦᠷᠬᠦᠯᠵᠢᠯᠡᠨ ᠰᠠᠶᠢᠳᠤᠷ ᠠᠳᠬᠤᠨ᠎ᠠ᠃ ᠨᠡᠬᠦᠷᠡᠰᠤᠨ ᠤ ᠤᠶᠢᠯᠡᠳᠪᠤᠷᠢᠯᠡᠯ | ᠢ ᠪᠠᠭᠠᠰᠬᠠᠵᠤ ᠰᠤᠯᠢᠬᠤ᠂ ᠭᠡᠳᠤᠷᠡᠬᠦᠯᠤᠨ ᠤᠶᠢᠯᠡᠳᠪᠤᠷᠢᠯᠡᠬᠦ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠷ᠎ᠠ ᠪᠦᠳᠤᠮᠵᠢ ᠦᠭᠡᠢ ᠬᠠᠩᠭᠠᠯᠭ᠎ᠠ ᠶᠢ | ᠦᠭᠡᠶᠢᠰᠭᠡᠵᠤ᠂ ᠳᠡᠷᠢᠬᠦᠨ ᠤ ᠤᠶᠢᠯᠡᠳᠪᠤᠷᠢᠯᠡᠯ ᠤᠨ ᠴᠢᠳᠠᠪᠤᠷᠢ ᠶᠢ ᠡᠮᠬᠢ ᠳᠢᠭᠯᠢᠮ ᠲᠠᠢ ᠪᠠᠳᠠᠷᠠᠭᠤᠯᠤᠨ᠎ᠠ᠃ ᠭᠡᠷ ᠪᠠᠶᠢᠰᠢᠩ ᠤᠨ ᠬᠦᠮᠤᠷᠭᠡᠯᠡᠯᠳᠡ ᠶᠢ ᠪᠠᠭᠠᠰᠬᠠᠬᠤ | ᠠᠵᠢᠯ ᠢ ᠬᠠᠭᠤᠴᠢᠨ ᠤᠷᠤᠨ ᠰᠠᠭᠤᠴᠠ ᠶᠢ ᠵᠠᠰᠠᠨ ᠦᠭᠡᠷᠡᠴᠢᠯᠡᠬᠦ ᠠᠵᠢᠯ ᠲᠠᠢ ᠤᠶᠠᠯᠳᠤᠭᠤᠯᠤᠨ᠂ ᠵᠢᠯ ᠤᠨ ᠳᠤᠳᠤᠷ᠎ᠠ ᠬᠦᠮᠤᠷᠭᠡᠯᠡᠯᠳᠡ ᠳᠤ ᠪᠠᠶᠢᠭ᠎ᠠ 25 | ᠳᠦᠮᠡᠨ ᠳᠡᠭᠰᠢ ᠳᠦᠷᠪᠡᠯᠵᠢᠨ ᠮᠧᠲᠷ ᠠᠴᠠ ᠳᠡᠭᠡᠭᠰᠢᠬᠢ ᠳᠠᠸᠠᠷ ᠤᠨ ᠭᠡᠷ ᠪᠠᠶᠢᠰᠢᠩ ᠢ ᠰᠢᠩᠭᠡᠭᠡᠨ ᠰᠢᠢᠳᠪᠤᠷᠢᠯᠡᠵᠤ᠂ 2000 ᠬᠠᠭᠤᠴᠢᠨ ᠤᠷᠤᠨ ᠰᠠᠭᠤᠴᠠ ᠶᠢ | ᠵᠠᠰᠠᠨ ᠦᠭᠡᠷᠡᠴᠢᠯᠡᠨ᠎ᠠ᠃ ᠴᠠᠬᠢᠯᠭᠠᠨ ᠬᠦᠴᠤᠨ ᠤ ᠤᠯᠠᠨ ᠳᠠᠯᠠᠳᠤ ᠠᠷᠠᠯᠵᠢᠶ᠎ᠠ ᠬᠢᠬᠦ ᠪᠠ ᠶᠡᠭᠡ ᠭᠡᠷᠡᠭᠯᠡᠭᠡ ᠲᠠᠢ ᠡᠷᠤᠭᠡ ᠳᠤ ᠰᠢᠭᠤᠳ ᠴᠠᠬᠢᠯᠭᠠᠨ ᠬᠠᠩᠭᠠᠬᠤ ᠶᠢ | ᠦᠷᠬᠦᠯᠵᠢᠯᠡᠨ ᠠᠬᠢᠭᠤᠯᠵᠤ᠂ ᠭᠠᠶᠢᠯᠢ ᠰᠤᠶᠢᠳᠭᠡᠯ ᠢ ᠪᠠᠭᠠᠰᠬᠠᠬᠤ ᠵᠡᠷᠭᠡ ᠡᠯ᠎ᠡ ᠳᠦᠷᠤᠯ ᠤᠨ ᠠᠵᠤ ᠠᠬᠤᠶᠢᠯᠠᠯ ᠳᠤ ᠬᠠᠷᠠᠭᠠᠯᠵᠠᠯ ᠦᠵᠡᠬᠦᠯᠬᠦ ᠳᠦᠷᠦ ᠶᠢᠨ | ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠎ᠠ᠃ ᠬᠦᠭᠵᠢᠯᠳᠡ ᠶᠢᠨ ᠳᠤᠳᠠᠭᠤᠳᠠᠯ ᠢ ᠨᠦᠬᠦᠪᠤᠷᠢᠯᠡᠨ᠂ ᠤᠯᠠᠨ ᠨᠡᠶᠢᠳᠡ ᠶᠢᠨ ᠤᠶᠢᠯᠡᠳᠬᠦᠨ ᠪᠠ ᠤᠯᠠᠨ ᠨᠡᠶᠢᠳᠡ | ᠶᠢᠨ ᠤᠶᠢᠯᠡᠴᠢᠯᠡᠭᠡ ᠶᠢᠨ ᠪᠦᠳᠤᠮᠵᠢᠳᠡᠢ ᠬᠠᠩᠭᠠᠯᠭ᠎ᠠ ᠶᠢ ᠳᠠᠰᠤᠷᠠᠯᠳᠠ ᠦᠭᠡᠢ ᠦᠷᠭᠡᠳᠭᠡᠵᠤ᠂ ᠬᠠᠩᠭᠠᠯᠭ᠎ᠠ ᠶᠢᠨ ᠳᠤᠬᠳᠠᠯᠴᠠᠭᠠᠨ ᠤ ᠴᠢᠨᠠᠷ ᠴᠢᠠᠰᠠᠭ᠎ᠠ ᠪᠠ ᠦᠷ᠎ᠠ | ᠪᠦᠳᠤᠮᠵᠢ ᠶᠢ ᠦᠨᠡᠨᠬᠦ ᠰᠠᠶᠢᠵᠢᠷᠠᠭᠤᠯᠤᠨ᠎ᠠ᠃ | ᠪᠦᠳᠤᠮᠵᠢᠳᠡᠢ ᠪᠡᠯᠡ ᠤᠷᠤᠭᠤᠯᠤᠯᠳᠠ ᠶᠢ ᠦᠷᠬᠦᠯᠵᠢᠯᠡᠨ ᠦᠷᠭᠡᠳᠭᠡᠨ᠎ᠠ᠃ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠬᠦᠭᠵᠢᠯᠳᠡ ᠶᠢᠨ ᠴᠢᠨᠠᠷᠵᠢᠯ ᠢ | ᠰᠠᠶᠢᠵᠢᠷᠠᠭᠤᠯᠬᠤ ᠭᠤᠤᠯ ᠭᠠᠷᠳᠠᠴᠠ ᠪᠤᠯᠭᠠᠨ᠂ ᠭᠤᠤᠯᠳᠠᠯᠭ᠎ᠠ ᠲᠠᠢ ᠳᠦᠷᠤᠯ ᠵᠤᠶᠢᠯ ᠢ 257 ᠭᠡᠷᠡᠭᠵᠢᠬᠦᠯᠵᠤ᠂ 350 ᠳ᠋ᠦᠩᠰᠢᠭᠤᠷ ᠳᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠬᠦ ᠪᠠᠷ ᠳᠦᠯᠦᠪᠯᠡᠵᠤ᠂ ᠡᠬᠦᠨ ᠳᠤ ᠳ᠋ᠦᠩᠰᠢᠭᠤᠷ ᠳᠦᠬᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠳᠦᠷᠤᠯ ᠵᠤᠶᠢᠯ 74 ᠪᠠᠶᠢᠵᠤ᠂ | 317.5 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠳᠦᠯᠦᠪᠯᠡᠵᠤ ᠪᠤᠢ︔ ᠳ᠋ᠠ ᠹᠠᠨ ᠫᠦ᠋ ᠠᠴᠠ ᠯᠦᠩ ᠺᠸᠤ ᠬᠦᠷᠬᠦ ᠳᠡᠭᠡᠳᠤ | ᠬᠤᠷᠳᠤᠴᠠᠳᠤ ᠵᠠᠰᠠᠮᠠᠯ ᠵᠠᠮ᠂ ᠬᠠᠳᠤᠨ ᠭᠤᠤᠯ ᠳᠠᠭᠠᠤ ᠨᠢᠭᠡᠳᠤᠭᠡᠷ ᠳᠡᠰ ᠤᠨ ᠵᠠᠰᠠᠮᠠᠯ ᠵᠠᠮ ᠢ ᠳᠡᠭᠡᠳᠤ ᠬᠤᠷᠳᠤᠴᠠᠳᠤ ᠵᠠᠰᠠᠮᠠᠯ ᠵᠠᠮ ᠪᠤᠯᠭᠠᠬᠤ ᠵᠡᠷᠭᠡ 9 ᠳᠦᠷᠤᠯ | ᠤᠨ ᠭᠤᠤᠯᠳᠠᠯᠭ᠎ᠠ ᠲᠠᠢ ᠵᠠᠰᠠᠮᠠᠯ ᠵᠠᠮ ᠪᠤᠯᠤᠨ ᠵᠡᠬᠦᠨᠭᠠᠷ ᠠᠴᠠ ᠱᠦᠸᠧᠵᠸᠤ ᠬᠦᠷᠬᠦ ᠳᠡᠮᠤᠷ ᠵᠠᠮ᠂ ᠴᠢᠩ ᠴᠦᠨ ᠲᠠ ᠨᠡᠬᠦᠷᠡᠰᠤᠨ ᠠᠭᠤᠷᠬᠠᠢ ᠶᠢᠨ ᠳᠡᠮᠤᠷ ᠵᠠᠮ | ᠵᠡᠷᠭᠡ 3 ᠳᠦᠷᠤᠯ ᠤᠨ ᠭᠤᠤᠯᠳᠠᠯᠭ᠎ᠠ ᠲᠠᠢ ᠳᠡᠮᠤᠷ ᠵᠠᠮ ᠤᠨ ᠳᠦᠷᠤᠯ ᠵᠤᠶᠢᠯ ᠢ ᠭᠡᠷᠡᠭᠵᠢᠬᠦᠯᠵᠤ᠂ ᠴᠠᠬᠢᠯᠭᠠᠨ ᠳᠤᠤᠷ ᠤᠨ ᠳᠦᠷᠤᠯ ᠵᠤᠶᠢᠯ ᠢ 15 ᠪᠦᠳᠤᠭᠡᠨ | ᠪᠠᠶᠢᠭᠤᠯᠵᠤ᠂ ᠬᠠᠳᠤᠨ ᠭᠤᠤᠯ ᠤᠨ ᠵᠡᠬᠦᠨᠭᠠᠷ ᠤᠨ ᠭᠡᠰᠡᠭ ᠲᠠᠬᠢ ᠬᠤᠶᠠᠳᠤᠭᠠᠷ ᠬᠤᠭᠤᠴᠠᠭᠠᠨ ᠤ ᠦᠶᠡᠷ ᠰᠡᠷᠭᠡᠶᠢᠯᠡᠬᠦ᠂ ᠦᠨᠳᠤᠷ ᠪᠦᠳᠤᠮᠵᠢᠳᠤ ᠤᠰᠤ | ᠠᠷᠪᠢᠯᠠᠨ ᠤᠰᠤᠯᠠᠯᠳᠠ ᠬᠢᠬᠦ ᠵᠡᠷᠭᠡ ᠭᠤᠤᠯᠳᠠᠯᠭ᠎ᠠ ᠲᠠᠢ ᠤᠰᠤᠨ ᠠᠰᠢᠬᠯᠠᠯᠳᠠ ᠶᠢᠨ ᠪᠠᠷᠢᠯᠭ᠎ᠠ ᠶᠢ ᠠᠬᠢᠭᠤᠯᠤᠨ᠎ᠠ᠃ ᠳᠡᠭᠡᠳᠤ ᠱᠠᠳᠤᠨ ᠠᠴᠠ ᠳᠦᠷᠤᠯ ᠵᠤᠶᠢᠯ ᠤᠨ | ᠪᠡᠯᠡ ᠮᠦᠩᠬᠦ ᠶᠢ 20 ᠳ᠋ᠦᠩᠰᠢᠭᠤᠷ ᠳᠦᠬᠦᠷᠢᠭ ᠠᠴᠠ ᠳᠡᠭᠡᠭᠰᠢ ᠬᠤᠪᠢᠳᠠᠨ ᠤᠯᠵᠤ᠂ ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ | ᠳᠦᠷᠭᠡᠳᠭᠡᠨ᠎ᠠ᠃ ᠳᠦᠷᠤᠯ ᠵᠤᠶᠢᠯ ᠤᠨ ᠪᠠᠳᠤᠯᠠᠭ᠎ᠠ ᠶᠢᠨ ᠤᠶᠢᠯᠡᠴᠢᠯᠡᠭᠡ ᠶᠢ ᠴᠢᠩᠭᠠᠳᠬᠠᠨ᠂ ᠭᠤᠤᠯᠳᠠᠯᠭ᠎ᠠ ᠲᠠᠢ ᠳᠦᠷᠤᠯ ᠵᠤᠶᠢᠯ ᠢ ᠳᠦᠪᠯᠡᠷᠡᠬᠦᠯᠤᠨ ᠠᠬᠢᠭᠤᠯᠬᠤ | ᠪᠠ ᠰᠢᠶᠠᠨ ᠤ ᠱᠠᠳᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠤᠭᠠᠯᠠᠬᠤ ᠳᠦᠷᠢᠮ ᠢ ᠦᠷᠬᠦᠯᠵᠢᠯᠡᠨ ᠭᠡᠷᠡᠭᠵᠢᠬᠦᠯᠵᠤ᠂ ᠳᠦᠷᠤᠯ ᠵᠤᠶᠢᠯ ᠤᠨ ᠨᠤᠳᠤᠬᠰᠢᠨ | ᠪᠠᠷᠢᠯᠭ᠎ᠠ ᠡᠬᠢᠯᠡᠬᠦᠯᠬᠦ᠂ ᠪᠦᠳᠤᠭᠡᠨ ᠪᠠᠶᠢᠭᠤᠯᠤᠬᠳᠠᠵᠤ ᠠᠰᠢᠬᠯᠠᠯᠳᠠ ᠳᠤ ᠤᠷᠤᠬᠤ ᠠᠬᠢᠴᠠ ᠶᠢ ᠳᠦᠷᠭᠡᠳᠭᠡᠨ᠂ ᠠᠯᠪᠠᠳᠠᠯᠭ᠎ᠠ ᠪᠠᠷ ᠪᠠᠷᠢᠯᠭ᠎ᠠ ᠶᠢ ᠰᠠᠭᠠᠳᠠᠭᠠᠬᠰᠠᠨ | ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠵᠠᠬ᠎ᠠ ᠳᠡᠯᠭᠡᠬᠦᠷ ᠤᠨ ᠪᠡᠯᠡ ᠤᠷᠤᠭᠤᠯᠤᠯᠳᠠ ᠶᠢᠨ ᠤᠳᠤᠷᠢᠳᠤᠮᠵᠢ ᠶᠢ | ᠳᠤᠪᠤᠶᠢᠯᠭᠠᠨ᠂ ᠵᠢᠭᠡᠯᠡᠯᠭᠡ ᠶᠢᠨ ᠳᠡᠮᠳᠡᠭᠳᠤ ᠴᠤᠬᠯᠠᠭᠤᠯᠬᠤ᠂ PPP᠂ EPC ᠵᠡᠷᠭᠡ ᠵᠠᠬᠪᠤᠷ ᠢ ᠭᠡᠷᠡᠭᠯᠡᠬᠦ ᠪᠠᠷ ᠳᠠᠮᠵᠢᠨ᠂ ᠠᠷᠠᠳ ᠤᠨ ᠳᠤᠮᠳᠠᠬᠢ ᠪᠡᠯᠡ | ᠤᠷᠤᠭᠤᠯᠤᠯᠳᠠ ᠶᠢᠨ ᠨᠢᠭᠤᠬᠳᠠᠮᠠᠯ ᠬᠦᠴᠤᠨ ᠢ ᠬᠦᠭᠵᠢᠭᠡᠵᠤ᠂ ᠳᠦᠷᠤᠯ ᠵᠤᠶᠢᠯ ᠤᠨ ᠪᠡᠯᠡ ᠮᠦᠩᠬᠦᠨ ᠤ ᠱᠠᠭᠠᠷᠳᠠᠯᠭ᠎ᠠ ᠶᠢ ᠬᠠᠩᠭᠠᠨ᠎ᠠ᠃ ᠵᠠᠰᠠᠭ ᠤᠨ ᠤᠷᠳᠤᠨ | ᠪᠠᠩᠬᠢ ᠠᠵᠤ ᠠᠬᠤᠶᠢᠯᠠᠯ ᠬᠠᠮᠳᠤᠷᠠᠨ ᠠᠵᠢᠯᠯᠠᠬᠤ ᠶᠢ ᠴᠢᠩᠭᠠᠳᠬᠠᠨ᠂ ᠠᠵᠤ ᠠᠬᠤᠶᠢᠯᠠᠯ ᠤᠨ ᠪᠡᠯᠡ ᠮᠦᠩᠬᠦᠨ ᠤ ᠳᠠᠷᠤᠭᠠᠰᠤ ᠶᠢ ᠨᠠᠮᠳᠠᠭᠤᠯᠤᠨ᠎ᠠ᠃ | ᠪᠤᠳᠠᠳᠤ ᠠᠵᠤ ᠠᠬᠤᠢ ᠶᠢ ᠪᠤᠳᠠᠳᠠᠶᠢᠵᠢᠭᠤᠯᠤᠨ ᠬᠦᠴᠦᠷᠭᠡᠭᠵᠢᠬᠦᠯᠵᠤ ᠰᠢᠯᠢᠳᠡᠭᠵᠢᠬᠦᠯᠤᠨ᠎ᠠ᠃ ᠪᠤᠳᠠᠳᠤ ᠠᠵᠤ ᠠᠬᠤᠢ ᠶᠢᠨ ᠬᠦᠭᠵᠢᠯᠳᠡ ᠶᠢ ᠨᠡᠩ ᠴᠢᠬᠤᠯᠠᠴᠢᠯᠠᠵᠤ | ᠂ ᠵᠠᠬ᠎ᠠ ᠳᠡᠯᠭᠡᠬᠦᠷ ᠲᠤ ᠦᠯᠦ ᠤᠷᠤᠭᠤᠯᠬᠤ ᠨᠠᠷᠢᠨ ᠳᠠᠩᠰᠠ ᠶᠢᠨ ᠳᠦᠷᠢᠮ ᠢ ᠪᠦᠬᠦ ᠳᠠᠯ᠎ᠠ ᠪᠠᠷ ᠭᠡᠷᠡᠭᠵᠢᠬᠦᠯᠬᠦ ᠶᠢᠨ ᠬᠠᠮᠳᠤ ᠳᠠᠰᠤᠷᠠᠯᠳᠠ ᠦᠭᠡᠢ | ᠳᠡᠬᠦᠯᠳᠡᠷᠵᠢᠬᠦᠯᠤᠨ᠂ ᠡᠯ᠎ᠠ ᠵᠤᠶᠢᠯ ᠤᠨ ᠨᠢᠭᠤᠬᠳᠠᠮᠠᠯ ᠴᠢᠨᠠᠷᠳᠠᠢ ᠬᠢᠵᠠᠭᠠᠷᠯᠠᠯ ᠪᠠ ᠰᠠᠭᠠᠳ ᠬᠠᠷᠰᠢ ᠶᠢ ᠠᠷᠢᠯᠭᠠᠵᠤ᠂ ᠪᠡᠯᠡ ᠤᠷᠤᠭᠤᠯᠤᠯᠳᠠ ᠶᠢᠨ ᠤᠶᠢᠯᠡᠴᠢᠯᠡᠭᠡᠨ ᠤ | ᠤᠷᠴᠢᠨ ᠳᠤᠭᠤᠷᠢᠨ ᠢ ᠴᠢᠷᠮᠠᠶᠢᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠪᠡᠯᠡ ᠤᠷᠤᠭᠤᠯᠬᠤ ᠢᠳᠡᠭᠡᠯ ᠢ ᠨᠡᠮᠡᠭᠳᠡᠬᠦᠯᠤᠨ᠎ᠠ᠃ ᠪᠠᠶᠢᠯᠳᠤᠬᠤ ᠪᠤᠳᠤᠯᠭ᠎ᠠ ᠶᠢᠨ | ᠳᠠᠬᠢᠨ ᠵᠤᠬᠢᠶᠠᠨ ᠪᠠᠶᠢᠭᠤᠯᠬᠤ᠂ ᠦᠷᠢ ᠰᠢᠷᠢ ᠶᠢ ᠰᠲ᠋ᠤᠺ ᠪᠤᠯᠭᠠᠨ ᠬᠤᠪᠢᠷᠠᠭᠤᠯᠬᠤ᠂ ᠪᠡᠯᠡ ᠴᠤᠬᠯᠠᠭᠤᠯᠬᠤ ᠶᠢ ᠵᠤᠬᠢᠴᠠᠭᠤᠯᠬᠤ ᠵᠡᠷᠭᠡ ᠠᠷᠭ᠎ᠠ ᠭᠡᠮᠵᠢᠶ᠎ᠠ ᠠᠪᠬᠤ | ᠪᠠᠷ ᠳᠠᠮᠵᠢᠨ᠂ ᠪᠦᠳᠤᠭᠡᠨ ᠪᠠᠶᠢᠭᠤᠯᠤᠯᠳᠠ ᠪᠠᠨ ᠵᠤᠬᠰᠤᠭᠠᠬᠰᠠᠨ᠂ ᠤᠶᠢᠯᠡᠳᠪᠤᠷᠢᠯᠡᠯ ᠢᠶᠠᠨ ᠵᠤᠬᠰᠤᠭᠠᠬᠰᠠᠨ ᠵᠢᠴᠢ ᠬᠦᠴᠢᠷᠳᠡᠯ ᠲᠠᠢ ᠠᠵᠤ ᠠᠬᠤᠶᠢᠯᠠᠯ ᠤᠨ | ᠠᠯᠢ ᠳᠦᠷᠭᠡᠨ ᠢᠶᠠᠷ ᠪᠠᠷᠢᠯᠭ᠎ᠠ ᠤᠶᠢᠯᠡᠳᠪᠤᠷᠢᠯᠡᠯ ᠡᠷᠬᠢᠯᠳᠡ ᠪᠠᠨ ᠡᠬᠢᠯᠡᠬᠦᠯᠬᠦ ᠶᠢ ᠠᠬᠢᠭᠤᠯᠤᠨ᠎ᠠ᠃ ᠠᠵᠤ ᠠᠬᠤᠶᠢᠯᠠᠯᠳᠠᠨ ᠤ ᠵᠤᠷᠢᠭ ᠰᠠᠨᠠᠭ᠎ᠠ᠂ ︽ᠤᠷᠠᠨ ᠳᠠᠷᠬᠠᠨ | ᠤ ᠵᠤᠷᠢᠭ ᠰᠠᠨᠠᠭ᠎ᠠ︾ ᠶᠢ ᠵᠢᠯᠤᠭᠤᠳᠤᠨ ᠪᠤᠢ ᠪᠤᠯᠭᠠᠵᠤ᠂ ᠮᠡᠷᠭᠡᠵᠢᠯ᠂ ᠤᠶᠢᠯᠡᠳᠬᠦᠨ᠂ ᠬᠠᠮᠢᠶᠠᠷᠤᠯᠳᠠ᠂ ᠬᠤᠳᠠᠯᠳᠤᠭᠠᠨ ᠤ ᠵᠠᠬᠪᠤᠷ ᠵᠡᠷᠭᠡ ᠶᠢᠨ ᠰᠢᠨ᠎ᠠ ᠶᠢ | ᠡᠬᠦᠳᠬᠦ ᠶᠢ ᠳᠦᠷᠭᠡᠳᠭᠡᠨ᠂ ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠰᠠᠨ ᠭᠤᠤᠯᠳᠠᠯᠭ᠎ᠠ ᠲᠠᠢ ᠦᠷᠢᠰᠦᠯᠳᠦᠭᠡᠨ ᠤ ᠰᠢᠨ᠎ᠠ ᠳᠠᠪᠠᠭᠤᠯᠢᠭ ᠢ ᠪᠤᠢ ᠪᠤᠯᠭᠠᠨ᠎ᠠ᠃ | ᠳᠤᠮᠳᠠ ᠪᠠᠭ᠎ᠠ ᠠᠵᠤ ᠠᠬᠤᠶᠢᠯᠠᠯ ᠢ ᠳᠡᠮᠵᠢᠬᠦ ᠡᠯ᠎ᠡ ᠳᠦᠷᠤᠯ ᠤᠨ ᠳᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠡᠯᠡ | ᠴᠤᠬᠯᠠᠭᠤᠯᠬᠤ ᠳᠤ ᠬᠦᠴᠢᠷ᠂ ᠪᠡᠯᠡ ᠴᠤᠬᠯᠠᠭᠤᠯᠬᠤ ᠳᠤ ᠦᠨᠡᠳᠡᠢ ᠠᠰᠠᠭᠤᠳᠠᠯ ᠤᠳ ᠢ ᠤᠯᠠᠨ ᠠᠷᠭ᠎ᠠ ᠵᠠᠮ ᠢᠶᠠᠷ ᠰᠢᠢᠳᠪᠤᠷᠢᠯᠡᠨ᠎ᠠ᠃ ᠤᠯᠤᠰ ᠤᠨ ᠦᠮᠴᠢᠯᠡᠯᠳᠤ | ᠠᠵᠤ ᠠᠬᠤᠶᠢᠯᠠᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠤᠨ᠂ ᠠᠵᠤ ᠠᠬᠤᠶᠢᠯᠠᠯ ᠳᠤ ᠨᠡᠩ ᠤᠯᠠᠨ ᠪᠡᠶ᠎ᠡ ᠪᠠᠨ ᠳᠠᠭᠠᠭᠠᠵᠤ ᠡᠵᠡᠩᠨᠡᠯᠳᠡ ᠬᠢᠬᠦ ᠡᠷᠭᠡ ᠶᠢ | ᠤᠯᠭᠤᠵᠤ᠂ ᠪᠦᠳᠤᠮᠵᠢᠳᠡᠢ ᠳᠡᠩᠴᠡᠪᠤᠷᠢᠳᠡᠢ ᠬᠠᠤᠯᠢ ᠶᠢᠨ ᠳᠦᠯᠦᠭᠡᠯᠡᠭᠴᠢ ᠶᠢᠨ ᠵᠠᠰᠠᠯᠳᠠ ᠶᠢᠨ ᠪᠦᠳᠤᠴᠡ ᠪᠠ ᠠᠮᠢᠳᠤᠯᠢᠭ ᠦᠨᠳᠤᠷ ᠪᠦᠳᠤᠮᠵᠢᠳᠡᠢ ᠵᠠᠬ᠎ᠠ | ᠳᠡᠯᠭᠡᠬᠦᠷᠵᠢᠯᠳᠡ ᠶᠢᠨ ᠡᠵᠡᠩᠨᠡᠯᠳᠡ ᠶᠢᠨ ᠳᠤᠬᠳᠠᠴᠠ ᠶᠢ ᠳᠦᠷᠭᠡᠨ ᠪᠦᠷᠢᠯᠳᠦᠬᠦᠯᠵᠤ᠂ ᠠᠰᠢᠭ ᠤᠯᠬᠤ ᠴᠢᠳᠠᠪᠤᠷᠢ ᠶᠢ ᠳᠡᠭᠡᠭᠰᠢᠯᠡᠬᠦᠯᠤᠨ᠎ᠠ᠃ ᠳᠤᠳᠤᠨᠤᠰᠤᠭ ᠰᠢᠨ᠎ᠠ | ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠢᠳᠡᠪᠬᠢᠳᠡᠢ ᠪᠤᠢ ᠪᠤᠯᠭᠠᠵᠤ᠂ ᠡᠯ᠎ᠡ ᠳᠦᠷᠤᠯ ᠤᠨ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ | ᠢᠳᠡᠪᠬᠢᠵᠢᠯ᠂ ᠰᠠᠨᠠᠭᠠᠴᠢᠯᠠᠭᠠᠳᠤ ᠴᠢᠨᠠᠷ ᠪᠠ ᠡᠬᠦᠳᠤᠨ ᠪᠦᠳᠤᠭᠡᠬᠦ ᠴᠢᠨᠠᠷ ᠢ ᠨᠡᠩ ᠰᠠᠶᠢᠳᠤᠷ ᠪᠠᠳᠠᠷᠠᠭᠤᠯᠤᠨ᠎ᠠ᠃ | ᠬᠦᠷᠢᠶᠡᠯᠡᠩ ᠳᠤᠭᠤᠷᠢᠭ ᠢ ᠬᠦᠭᠵᠢᠬᠦᠯᠤᠨ ᠮᠠᠨᠳᠤᠭᠤᠯᠬᠤ ᠳᠦᠯᠦᠪᠯᠡᠭᠡ ᠶᠢ ᠡᠷᠴᠢᠮᠳᠡᠢ ᠭᠡᠷᠡᠭᠵᠢᠬᠦᠯᠤᠨ᠎ᠠ᠃ ᠬᠦᠷᠢᠶᠡᠯᠡᠩ ᠳᠤᠭᠤᠷᠢᠭ ᠢ ᠤᠷᠤᠨ ᠳᠤᠭᠤᠷᠢᠭ ᠤᠨ | ᠵᠤᠬᠢᠴᠠᠩᠭᠤᠢ ᠬᠦᠭᠵᠢᠯᠳᠡ ᠶᠢᠨ ᠡᠮᠤᠨ᠎ᠠ ᠹᠷᠤᠨᠲ ᠪᠠ ᠰᠢᠨ᠎ᠠ ᠬᠠᠭᠤᠴᠢᠨ ᠬᠦᠳᠡᠯᠭᠡᠬᠦᠷ ᠤᠨ ᠰᠤᠯᠢᠬᠳᠠᠯ ᠢ ᠠᠬᠢᠭᠤᠯᠬᠤ ᠭᠤᠤᠯ ᠵᠢᠬᠰᠠᠭᠠᠯ ᠤᠨ ᠭᠠᠵᠠᠷ ᠪᠤᠯᠭᠠᠵᠤ | ᠂ ᠠᠵᠤ ᠤᠶᠢᠯᠡᠰ ᠤᠨ ᠪᠦᠳᠤᠴᠡ ᠶᠢᠨ ᠭᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦᠯᠬᠦ ᠶᠢ ᠠᠬᠢᠭᠤᠯᠤᠨ᠎ᠠ᠃ ᠮᠢᠩᠭᠠᠨ ᠳ᠋ᠦᠩᠰᠢᠭᠤᠷ ᠳᠦᠬᠦᠷᠢᠭ ᠤᠨ ᠬᠦᠷᠢᠶᠡᠯᠡᠩ | ᠳᠤᠭᠤᠷᠢᠭ ᠤᠨ ᠪᠦᠳᠤᠭᠡᠨ ᠪᠠᠶᠢᠭᠤᠯᠤᠯᠳᠠ ᠶᠢᠨ ᠬᠠᠷᠠᠯᠳᠠ ᠶᠢᠨ ᠳᠤᠭᠤᠷᠢᠨ ᠳᠤ᠂ ᠡᠷᠬᠢᠨ ᠳᠤᠭᠤᠷᠢᠨ ᠤ ᠬᠤᠯᠪᠤᠬᠳᠠᠯᠳᠤ ᠠᠵᠤ ᠤᠶᠢᠯᠡᠰ ᠢ ᠨᠡᠶᠢᠯᠡᠬᠦᠯᠤᠨ | ᠬᠦᠷᠢᠶᠡᠯᠡᠩ ᠳᠤᠭᠤᠷᠢᠭ ᠤᠨ ᠬᠦᠷᠢᠶ᠎ᠠ ᠭᠡᠪᠴᠢᠶ᠎ᠠ ᠶᠢ ᠦᠷᠭᠡᠳᠭᠡᠵᠤ᠂ ᠮᠠᠨ ᠤ ᠬᠤᠰᠢᠭᠤᠨ ᠤ ᠬᠦᠷᠢᠶᠡᠯᠡᠩ ᠳᠤᠭᠤᠷᠢᠭ ᠢ ᠬᠦᠭᠵᠢᠬᠦᠯᠤᠨ ᠮᠠᠨᠳᠤᠭᠤᠯᠬᠤ ᠶᠢ | ᠭᠡᠷᠡᠭᠵᠢᠬᠦᠯᠬᠦ ᠳᠦᠰᠤᠯ ᠢ ᠠᠯᠢ ᠳᠦᠷᠭᠡᠨ ᠢᠶᠠᠷ ᠰᠤᠳᠤᠯᠤᠨ ᠳᠤᠬᠳᠠᠭᠠᠵᠤ᠂ ᠨᠠᠷᠢᠯᠢᠭ ᠬᠢᠮᠢ᠂ ᠰᠢᠨ᠎ᠠ ᠮᠠᠲ᠋ᠧᠷᠢᠶᠠᠯ ᠵᠡᠷᠭᠡ ᠠᠵᠤ ᠤᠶᠢᠯᠡᠰ ᠤᠨ ᠳᠦᠯᠦᠪᠵᠢᠬᠦᠯᠭᠡ | ᠶᠢ ᠨᠠᠶᠢᠷᠠᠭᠤᠯᠤᠨ ᠵᠤᠬᠢᠶᠠᠨ᠎ᠠ᠃ ᠤᠨᠢᠨ ᠳᠡᠭᠡᠷ᠎ᠠ ᠨᠢ ᠠᠷᠠᠯᠵᠢᠶᠠᠴᠢᠨ ᠳᠠᠳᠠᠬᠤ ᠶᠢ ᠯᠠᠪᠳᠠᠭᠤᠨ ᠢᠶᠠᠷ ᠠᠬᠢᠭᠤᠯᠵᠤ᠂ ᠵᠢᠯ ᠤᠨ ᠳᠤᠳᠤᠷ᠎ᠠ 150 ᠳ᠋ᠦᠩᠰᠢᠭᠤᠷ | ᠳᠦᠬᠦᠷᠢᠭ ᠠᠴᠠ ᠳᠡᠭᠡᠭᠰᠢᠬᠢ ᠪᠡᠯᠡ ᠮᠦᠩᠬᠦ ᠶᠢ ᠤᠷᠤᠭᠤᠯᠤᠨ ᠠᠪᠴᠢᠷᠠᠨ᠎ᠠ᠃ ᠨᠡᠩ ᠬᠠᠷᠠᠭᠠᠯᠵᠠᠯ ᠲᠠᠢ ᠳᠦᠷᠦ ᠶᠢᠨ ᠪᠤᠳᠤᠯᠭ᠎ᠠ ᠶᠢ ᠳᠤᠬᠳᠠᠭᠠᠵᠤ᠂ ᠤᠯᠤᠰ ᠤᠨ | ᠳᠤᠳᠤᠭᠠᠳᠤ ᠭᠠᠳᠠᠭᠠᠳᠤ ᠶᠢᠨ ᠰᠢᠨᠵᠢᠯᠡᠭᠡ ᠰᠤᠳᠤᠯᠭᠠᠨ ᠤ ᠪᠠᠶᠢᠭᠤᠯᠤᠮᠵᠢ ᠪᠠ ᠳᠡᠭᠡᠳᠤ ᠰᠤᠷᠭᠠᠭᠤᠯᠢ ᠳᠡᠬᠦᠰᠦᠭᠰᠡᠨ ᠴᠢᠳᠠᠪᠤᠷᠢᠳᠠᠨ ᠢ ᠳᠠᠳᠠᠨ ᠠᠪᠴᠢᠷᠠᠵᠤ | ᠬᠦᠷᠢᠶᠡᠯᠡᠩ ᠳᠤᠭᠤᠷᠢᠭ ᠲᠤ ᠨᠤᠳᠤᠭᠰᠢᠭᠤᠯᠤᠨ᠂ ᠢ ᠭᠤᠤ ᠶᠢᠨ ᠨᠡᠬᠦᠷᠡᠰᠤᠨ ᠮᠠᠲ᠋ᠧᠷᠢᠶᠠᠯ ᠵᠡᠷᠭᠡ ᠠᠵᠤ ᠠᠬᠤᠶᠢᠯᠠᠯ ᠤᠨ ᠰᠤᠳᠤᠯᠭᠠᠨ ᠤ ᠳᠦᠪ ᠤᠨ ᠪᠦᠳᠤᠭᠡᠨ | ᠪᠠᠶᠢᠭᠤᠯᠤᠯᠳᠠ ᠶᠢ ᠳᠡᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠤᠭᠡᠯ ᠤᠨ ︽ᠬᠤᠳᠤᠭᠤᠷ ᠭᠠᠵᠠᠷ︾ ᠢ ᠡᠷᠴᠢᠮᠳᠡᠢ ᠪᠦᠳᠤᠭᠡᠨ ᠪᠠᠶᠢᠭᠤᠯᠤᠨ᠎ᠠ᠃ | ᠬᠦᠭᠵᠢᠯᠳᠡ ᠶᠢᠨ ᠤᠷᠴᠢᠨ ᠳᠤᠭᠤᠷᠢᠨ ᠢ ᠴᠢᠨᠠᠬᠰᠢᠳᠠ ᠬᠦᠭᠵᠢᠬᠦᠯᠤᠨ᠂ ᠬᠦᠷᠢᠶᠡᠯᠡᠩ ᠳᠤᠭᠤᠷᠢᠭ ᠢ ᠪᠤᠳᠠᠳᠤ ᠴᠤᠬᠴᠠ ᠶᠢᠨ ᠠᠵᠤ ᠠᠬᠤᠢ ᠶᠢᠨ ᠬᠦᠭᠵᠢᠯᠳᠡ | ᠶᠢᠨ ᠭᠤᠤᠯ ᠠᠴᠢᠶᠠᠯᠠᠪᠤᠷᠢ ᠪᠤᠯᠭᠠᠨ᠎ᠠ᠃ | ︵ᠭᠤᠷᠪᠠ︶ ᠠᠵᠤ ᠠᠬᠤᠢ ᠶᠢᠨ ᠬᠦᠭᠵᠢᠯᠳᠡ ᠶᠢᠨ ᠴᠢᠨᠠᠷᠵᠢᠯ ᠪᠠ ᠦᠷ᠎ᠠ ᠠᠰᠢᠭ ᠢ ᠶᠡᠬᠡᠪᠡᠷ ᠳᠡᠭᠡᠭᠰᠢᠯᠡᠬᠦᠯᠤᠨ᠎ᠠ᠃ ᠠᠵᠤ ᠠᠬᠤᠢ ᠶᠢᠨ ᠬᠦᠭᠵᠢᠯᠳᠡ ᠶᠢᠨ | ᠠᠷᠭ᠎ᠠ ᠭᠡᠯᠪᠡᠷᠢ ᠶᠢ ᠬᠤᠪᠢᠷᠠᠭᠤᠯᠬᠤ ᠶᠢ ᠳᠦᠷᠭᠡᠳᠭᠡᠨ᠂ ᠤᠯᠠᠨ ᠡᠰᠢᠳᠤ ᠬᠦᠭᠵᠢᠯᠳᠡ᠂ ᠤᠯᠠᠨ ᠳᠤᠯᠭᠠᠭᠤᠷᠢᠯᠠᠯ ᠲᠠᠢ ᠤᠳᠤ ᠦᠶ᠎ᠠ ᠶᠢᠨ ᠠᠵᠤ ᠤᠶᠢᠯᠡᠰ ᠤᠨ | ᠳᠤᠬᠳᠠᠯᠴᠠᠭ᠎ᠠ ᠶᠢ ᠪᠠᠶᠢᠭᠤᠯᠤᠨ᠎ᠠ᠃ | ᠳᠠᠪᠠᠭᠤᠯᠢᠭ ᠲᠠᠭᠠᠨ ᠳᠦᠰᠢᠭᠯᠡᠨ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢ ᠬᠦᠭᠵᠢᠬᠦᠯᠤᠨ᠎ᠠ᠃ ᠨᠡᠬᠦᠷᠡᠰᠤ ᠪᠠᠷ ᠰᠠᠭᠤᠷᠢ ᠪᠤᠯᠭᠠᠬᠰᠠᠨ᠂ | ᠬᠤᠪᠢᠷᠠᠭᠤᠯᠵᠤ ᠦᠷᠳᠡᠭ ᠢ ᠨᠢ ᠨᠡᠮᠡᠭᠳᠡᠬᠦᠯᠬᠦ ᠰᠢᠨ᠎ᠠ ᠮᠠᠶ᠋ᠢᠭ ᠤᠨ ᠠᠵᠤ ᠤᠶᠢᠯᠡᠳᠪᠤᠷᠢᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠨ᠂ ᠨᠡᠬᠦᠷᠡᠰᠤ᠂ | ᠨᠡᠬᠦᠷᠡᠰᠤ ᠬᠢᠮᠢ ᠶᠢᠨ ᠠᠵᠤ ᠤᠶᠢᠯᠡᠳᠪᠤᠷᠢ᠂ ᠨᠡᠬᠦᠷᠡᠰᠤ ᠴᠠᠬᠢᠯᠭᠠᠨ ᠬᠦᠩᠭᠡᠨᠴᠠᠭᠠᠨ᠂ ᠱᠠᠵᠠᠩ ᠳᠤᠭᠤᠰᠬ᠎ᠠ ︽ᠳᠦᠷᠪᠡᠨ ᠳᠤᠮᠤ ᠠᠵᠤ ᠤᠶᠢᠯᠡᠰ︾ ᠢ ᠬᠦᠴᠤᠨ | ᠪᠠᠨ ᠳᠦᠪᠯᠡᠷᠡᠬᠦᠯᠤᠨ ᠪᠤᠵᠠᠭᠠᠶᠢᠷᠠᠭᠤᠯᠤᠨ ᠰᠢᠯᠢᠳᠡᠭᠵᠢᠬᠦᠯᠤᠨ᠎ᠠ᠃ ᠨᠡᠬᠦᠷᠡᠰᠤᠨ ᠤ ᠠᠵᠢᠯ ᠳᠦᠷᠤᠯ ᠤᠨ ᠶᠡᠷᠦᠩᠭᠡᠶᠢᠯᠡᠭᠰᠡᠨ ᠦᠷᠢᠰᠦᠯᠳᠦᠬᠦ ᠬᠦᠴᠤᠨ ᠢ | ᠳᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ ᠶᠢ ᠰᠠᠶᠢᠳᠤᠷ ᠨᠠᠶᠢᠳᠠᠪᠤᠷᠢᠵᠢᠭᠤᠯᠤᠨ᠂ ᠨᠡᠬᠦᠷᠡᠰᠤᠨ ᠠᠭᠤᠷᠬᠠᠢ ᠶᠢᠨ ᠳᠦᠷᠤᠯ ᠵᠤᠶᠢᠯ ᠢ 5 ᠂ | ᠨᠡᠬᠦᠷᠡᠰᠤ ᠤᠬᠢᠶᠠᠵᠤ ᠰᠢᠯᠢᠬᠦ ᠤᠶᠢᠯᠡᠳᠪᠤᠷᠢ ᠶᠢ 11 ᠰᠢᠨ᠎ᠠ ᠪᠠᠷ ᠪᠠᠶᠢᠭᠤᠯᠬᠤ ᠪᠤᠶᠤ ᠦᠷᠬᠦᠯᠵᠢᠯᠡᠨ ᠪᠠᠶᠢᠭᠤᠯᠤᠨ᠎ᠠ᠃ ᠳᠡᠯᠡᠭᠡᠢ ᠶᠢᠨ ᠡᠨᠧᠷᠬᠢ ᠶᠢᠨ ᠠᠵᠤ ᠠᠬᠤᠢ | ᠶᠢᠨ ᠬᠤᠪᠢᠰᠬᠠᠯ ᠤᠨ ᠰᠢᠨ᠎ᠠ ᠬᠠᠨᠳᠤᠰᠢ ᠶᠢ ᠳᠠᠭᠠᠵᠤ᠂ ᠤᠳᠤ ᠦᠶ᠎ᠠ ᠶᠢᠨ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ ᠤᠨ ᠭᠡᠯᠬᠢᠶ᠎ᠠ ᠶᠢ | ᠤᠷᠳᠤᠳᠬᠠᠨ᠂ ᠪᠡᠭᠡᠵᠢᠩ ᠤᠨ ᠬᠤᠪᠢ ᠡᠵᠡᠮᠰᠢᠯ ᠤᠨ ᠺᠤᠮᠫᠠᠨᠢ ᠶᠢᠨ 40 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤᠨ ᠨᠡᠬᠦᠷᠡᠰᠤ ᠪᠠᠷ ᠰᠢᠳᠠᠮᠠᠬᠠᠢ ᠭᠡᠢ | ᠤᠶᠢᠯᠡᠳᠪᠤᠷᠢᠯᠡᠬᠦ᠂ ᠢ ᠲᠠᠢ ᠶᠢᠨ 200 ᠳᠦᠮᠡᠨ ᠳᠤᠨ ᠤ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠵᠡᠷᠭᠡ 3 ᠳᠦᠷᠤᠯ ᠵᠤᠶᠢᠯ ᠤᠨ ᠪᠦᠳᠤᠭᠡᠨ | ᠪᠠᠶᠢᠭᠤᠯᠤᠯᠳᠠ ᠶᠢ ᠳᠦᠷᠭᠡᠨ ᠠᠬᠢᠭᠤᠯᠵᠤ᠂ ᠵᠢᠤ ᠲᠠᠢ ᠶᠢᠨ 60 ᠳᠦᠮᠡᠨ ᠳᠤᠨ ᠤ ᠠᠯᠺᠧᠨ᠂ ᠢ ᠭᠤᠤ ᠶᠢᠨ 24 ᠳᠦᠮᠡᠨ ᠳᠤᠨ ᠤ ᠡᠲ᠋ᠡ ᠬᠤᠶᠠᠷᠴᠢ | ᠠᠯᠺᠤᠤᠯ ᠤᠨ ᠳᠦᠷᠤᠯ ᠵᠤᠶᠢᠯ ᠢ ᠵᠢᠯ ᠤᠨ ᠳᠤᠳᠤᠷ᠎ᠠ ᠪᠠᠶᠢᠭᠤᠯᠵᠤ ᠠᠰᠢᠬᠯᠠᠯᠳᠠ ᠳᠤ ᠤᠷᠤᠭᠤᠯᠤᠨ᠂ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ | ᠤᠶᠢᠯᠡᠳᠪᠤᠷᠢᠯᠡᠯ ᠤᠨ ᠴᠢᠳᠠᠪᠤᠷᠢ ᠶᠢ 72 ᠳᠦᠮᠡᠨ ᠳᠤᠨ ᠰᠢᠨ᠎ᠠ ᠪᠠᠷ ᠨᠡᠮᠡᠭᠳᠡᠬᠦᠯᠤᠨ᠎ᠠ᠃ ᠡᠨᠧᠷᠬᠢ ᠶᠢᠨ ᠡᠬᠢ ᠪᠠᠶᠠᠯᠢᠭ ᠢ ᠶᠡᠷᠦᠩᠭᠡᠶᠢᠯᠡᠨ ᠨᠡᠭᠡᠭᠡᠨ ᠠᠰᠢᠬᠯᠠᠬᠤ | ᠦᠷ᠎ᠠ ᠪᠦᠳᠤᠮᠵᠢ ᠶᠢ ᠳᠡᠭᠡᠭᠰᠢᠯᠡᠬᠦᠯᠤᠨ᠂ ᠳ᠋ᠢᠶᠠᠨᠱᠢ ᠶᠢᠨ ᠠᠵᠤ ᠤᠶᠢᠯᠡᠰ ᠢ ᠳᠡᠰ ᠳᠡᠪᠰᠢᠬᠦᠯᠬᠦ ᠳᠦᠷᠤᠯ ᠵᠤᠶᠢᠯ᠂ ᠤᠯᠤᠰ ᠤᠨ ᠴᠠᠬᠢᠯᠭᠠᠨ ᠤ ᠴᠠᠩ ᠲᠠᠨ | ᠴᠠᠬᠢᠯᠭᠠᠨ ᠤᠶᠢᠯᠡᠳᠪᠤᠷᠢ ᠵᠡᠷᠭᠡ ᠴᠢᠬᠤᠯᠠ ᠳᠦᠷᠤᠯ ᠵᠤᠶᠢᠯ ᠢ ᠵᠦᠪᠰᠢᠶᠡᠷᠡᠬᠦᠯᠬᠦ ᠪᠠᠷ ᠴᠢᠷᠮᠠᠶᠢᠵᠤ᠂ ᠱᠧᠩ ᠬᠤᠸᠠ ᠶᠢᠨ ᠢᠰᠦᠯᠳᠦᠬᠦᠯᠦᠭᠰᠡᠨ ᠬᠦᠩᠭᠡᠨᠴᠠᠭᠠᠨ᠂ | ᠳᠦᠬᠦᠷᠵᠢᠬᠦᠯᠦᠭᠰᠡᠨ ᠴᠠᠬᠢᠯᠭᠠᠨ ᠢᠷᠡᠯᠳᠡ ᠶᠢᠨ ᠴᠡᠭ᠂ ᠨᠤᠨᠳᠠᠭ ᠨᠡᠬᠦᠷᠡᠰᠤᠨ ᠤ ᠦᠨᠡᠰᠤ ᠶᠢ ᠡᠬᠢ ᠪᠠᠶᠠᠯᠢᠬᠵᠢᠭᠤᠯᠤᠨ ᠬᠠᠳᠠᠭᠠᠯᠠᠬᠤ ᠵᠢᠴᠢ ᠶᠡᠷᠦᠩᠭᠡᠶᠢᠯᠡᠨ | ᠠᠰᠢᠬᠯᠠᠬᠤ ᠵᠡᠷᠭᠡ ᠳᠦᠷᠤᠯ ᠵᠤᠶᠢᠯ ᠢ ᠪᠦᠬᠦ ᠳᠠᠯ᠎ᠠ ᠪᠠᠷ ᠪᠠᠷᠢᠯᠭ᠎ᠠ ᠡᠬᠢᠯᠡᠬᠦᠯᠵᠤ ᠪᠦᠳᠤᠭᠡᠨ ᠪᠠᠶᠢᠭᠤᠯᠤᠨ᠎ᠠ᠃ ᠱᠠᠵᠠᠩ ᠳᠤᠭᠤᠰᠬ᠎ᠠ ᠶᠢᠨ ᠠᠵᠤ ᠤᠶᠢᠯᠡᠰ ᠤᠨ | ᠬᠦᠭᠵᠢᠯᠳᠡ ᠶᠢᠨ ᠳᠦᠯᠦᠪᠵᠢᠬᠦᠯᠭᠡ ᠶᠢ ᠵᠤᠬᠢᠶᠠᠵᠤ᠂ ᠢᠳᠡᠪᠬᠢᠳᠡᠢ ᠳᠦᠷᠦ ᠶᠢᠨ ᠪᠤᠳᠤᠯᠭ᠎ᠠ ᠳᠤᠬᠳᠠᠭᠠᠨ᠂ ᠱᠠᠵᠠᠩ ᠳᠤᠭᠤᠰᠬ᠎ᠠ ᠶᠢᠨ ᠠᠵᠤ ᠤᠶᠢᠯᠡᠰ ᠤᠨ | ᠬᠦᠭᠵᠢᠯᠳᠡ ᠶᠢᠨ ᠰᠠᠭᠤᠷᠢ ᠮᠦᠩᠬᠦᠨ ᠤ ᠤᠶᠢᠯᠡᠳᠤᠯ ᠢ ᠪᠠᠳᠠᠷᠠᠭᠤᠯᠵᠤ᠂ ᠵᠢᠷᠤᠭ ᠳᠦᠯᠤᠪᠯᠡᠭᠡ ᠬᠢᠵᠤ ᠰᠤᠳᠤᠯᠤᠨ ᠬᠦᠭᠵᠢᠬᠦᠯᠬᠦ ᠬᠦᠴᠤᠯᠡᠴᠡ ᠪᠠᠨ ᠨᠡᠮᠡᠭᠳᠡᠬᠦᠯᠤᠨ | ᠂ ᠱᠠᠵᠠᠩ ᠳᠤᠭᠤᠰᠬ᠎ᠠ ᠶᠢᠨ ᠠᠵᠤ ᠤᠶᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠬᠦᠯᠤᠨ᠎ᠠ᠃ | ᠨᠢᠭᠤᠬᠳᠠᠮᠠᠯ ᠬᠦᠴᠤᠨ ᠢ ᠠᠭᠤᠳᠠᠯᠯᠠᠵᠤ᠂ ᠤᠳᠤ ᠦᠶ᠎ᠠ ᠶᠢᠨ ᠤᠶᠢᠯᠡᠴᠢᠯᠡᠭᠡᠨ ᠤ ᠤᠶᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠬᠦᠯᠤᠨᠠ᠃ ᠤᠳᠤ ᠦᠶ᠎ᠠ ᠶᠢᠨ | ᠤᠶᠢᠯᠡᠴᠢᠯᠡᠭᠡᠨ ᠤ ᠤᠶᠢᠯᠡᠰ ᠤᠨ ᠬᠦᠭᠵᠢᠯᠳᠡ ᠶᠢᠨ ᠳᠦᠯᠦᠪᠵᠢᠬᠦᠯᠭᠡ ᠶᠢ ᠡᠬᠢᠯᠡᠨ ᠳᠤᠬᠳᠠᠭᠠᠵᠤ᠂ ᠠᠵᠤ ᠤᠶᠢᠯᠡᠰ ᠤᠨ ᠬᠦᠭᠵᠢᠯᠳᠡ ᠶᠢ ᠨᠠᠷᠢᠯᠢᠭ ᠰᠦᠪᠡᠭᠴᠢᠯᠡᠨ᠎ᠠ | ᠃ ᠪᠦᠬᠦ ᠭᠡᠪᠴᠢᠶᠡᠨ ᠤ ᠵᠤᠭᠠᠴᠠᠯ ᠢ ᠶᠡᠬᠡᠪᠠᠷ ᠬᠦᠭᠵᠢᠬᠦᠯᠵᠤ᠂ ᠤᠯᠤᠰ ᠤᠨ ᠠᠭᠤᠷᠬᠠᠢ ᠶᠢᠨ ᠴᠡᠴᠡᠷᠯᠢᠭ᠂ ᠯᠢᠶᠠᠨ ᠬᠤᠸᠠ ᠴᠠᠨ ᠭᠠᠵᠠᠷ ᠰᠢᠨᠵᠢᠯᠡᠭᠡᠨ ᠤ ᠴᠡᠴᠡᠷᠯᠢᠭ | ᠵᠡᠷᠭᠡ 6 ᠵᠤᠭᠠᠴᠠᠯ ᠤᠨ ᠳᠦᠷᠤᠯ ᠵᠤᠶᠢᠯ ᠢ ᠡᠬᠢᠯᠡᠨ ᠭᠡᠷᠡᠭᠵᠢᠬᠦᠯᠵᠤ᠂ ᠬᠠᠳᠤᠨ ᠭᠤᠤᠯ ᠤᠨ ᠳᠤᠮᠤ ᠬᠠᠪᠴᠢᠯ᠂ ᠵᠡᠬᠦᠨᠭᠠᠷ ᠵᠤᠤ ᠵᠡᠷᠭᠡ ᠦᠵᠡᠮᠵᠢ ᠶᠢᠨ ᠤᠷᠤᠨ ᠤ | ᠪᠦᠳᠤᠭᠡᠨ ᠪᠠᠶᠢᠭᠤᠯᠤᠯᠳᠠ ᠶᠢ ᠠᠰᠢᠬᠯᠠᠯᠳᠠ ᠳᠤ ᠤᠷᠤᠭᠤᠯᠤᠨ᠎ᠠ︔ ᠵᠤᠭᠠᠴᠠᠯ ᠤᠨ ᠭᠠᠵᠠᠷ ᠤᠨ ᠵᠤᠷᠯᠦᠩ᠂ ᠤᠯᠠᠭ᠎ᠠ ᠦᠷᠳᠡᠭᠡ ᠵᠡᠷᠭᠡ ᠳᠦᠬᠦᠷᠴᠢᠯᠡᠭᠰᠡᠨ | ᠤᠶᠢᠯᠡᠴᠢᠯᠡᠭᠡᠨ ᠤ ᠳᠦᠬᠦᠭᠡᠷᠤᠮᠵᠢ ᠶᠢ ᠦᠷᠬᠦᠯᠵᠢᠯᠡᠨ ᠳᠡᠬᠦᠯᠳᠡᠷᠵᠢᠬᠦᠯᠤᠨ᠂ ᠰᠦᠩ ᠱᠤ᠋ ᠶᠠᠨ ᠠᠴᠠ ᠠᠭᠤᠢ ᠶᠢᠨ ᠰᠦᠮ᠎ᠠ ᠬᠦᠷᠬᠦ᠂ ᠯᠢᠤ ᠴᠢᠩ ᠯᠢᠶᠠᠩ ᠠᠴᠠ | ᠪᠤᠤ ᠽᠢ ᠲᠠ ᠬᠦᠷᠬᠦ ᠵᠡᠷᠭᠡ 4 ᠵᠤᠷᠪᠤᠰ ᠵᠤᠭᠠᠴᠠᠯ ᠤᠨ ᠵᠠᠰᠠᠮᠠᠯ ᠵᠠᠮ ᠤᠨ ᠪᠦᠳᠤᠭᠡᠨ ᠪᠠᠶᠢᠭᠤᠯᠤᠯᠳᠠ ᠶᠢ ᠳᠦᠷᠭᠡᠨ ᠠᠬᠢᠭᠤᠯᠵᠤ᠂ ᠵᠤᠭᠠᠴᠠᠯ ᠤᠨ ᠤᠶᠢᠯᠡᠳᠬᠦᠨ | ᠤ ᠶᠡᠷᠦᠩᠭᠡᠶᠢᠯᠡᠭᠰᠡᠨ ᠦᠷᠢᠰᠦᠯᠳᠦᠬᠦ ᠬᠦᠴᠤᠨ ᠢ ᠰᠠᠶᠢᠵᠢᠷᠠᠭᠤᠯᠵᠤ᠂ ᠪᠦᠬᠦ ᠵᠢᠯ ᠳᠤ ᠵᠤᠭᠠᠴᠠᠯ ᠤᠨ ᠬᠦᠯᠢᠶᠡᠨ ᠠᠪᠬᠤ ᠬᠦᠮᠤᠨ ᠤ ᠳᠤᠭ᠎ᠠ᠂ ᠵᠤᠭᠠᠴᠠᠯ ᠤᠨ | ᠤᠷᠤᠯᠭ᠎ᠠ ᠶᠢ ᠳᠤᠰᠪᠤᠷᠢ 15% ᠠᠴᠠ ᠳᠡᠭᠡᠭᠰᠢ ᠪᠠᠷ ᠨᠡᠮᠡᠭᠳᠡᠬᠦᠯᠤᠨ᠎ᠠ᠃ ᠤᠳᠤ ᠦᠶ᠎ᠠ ᠶᠢᠨ ᠮᠦᠩᠬᠦᠨ ᠬᠦᠢᠯᠭᠡᠭᠡᠨ ᠤ ᠠᠵᠤ ᠤᠶᠢᠯᠡᠰ ᠢ ᠶᠡᠬᠡᠪᠡᠷ ᠬᠦᠭᠵᠢᠬᠦᠯᠵᠤ᠂ | ᠤᠷᠤᠨ ᠨᠤᠳᠤᠭ ᠤᠨ ᠬᠤᠳᠠᠯᠳᠤᠭᠠᠨ ᠤ ᠪᠠᠩᠬᠢ ᠶᠢᠨ ᠪᠡᠯᠡ ᠤᠷᠤᠭᠤᠯᠤᠯᠳᠠ ᠶᠢ ᠨᠡᠮᠡᠭᠳᠡᠬᠦᠯᠤᠨ ᠬᠤᠪᠢ ᠡᠵᠡᠮᠰᠢᠯ ᠢ ᠦᠷᠭᠡᠳᠭᠡᠬᠦ ᠶᠢ ᠳᠡᠮᠵᠢᠨ᠂ ᠵᠡᠬᠦᠨᠭᠠᠷ ᠤᠨ | ᠨᠡᠬᠦᠷᠡᠰᠤᠨ ᠠᠭᠤᠷᠬᠠᠢ ᠶᠢᠨ ᠬᠤᠯᠪᠤᠭᠠᠳᠤ ᠬᠤᠷᠰᠢᠶ᠎ᠠ ᠶᠢ ᠬᠦᠳᠡᠭᠡ ᠳᠤᠰᠬᠤᠨ ᠤ ᠬᠤᠳᠠᠯᠳᠤᠭᠠᠨ ᠤ ᠪᠠᠩᠬᠢ ᠪᠤᠯᠭᠠᠨ ᠬᠤᠪᠢᠷᠠᠭᠤᠯᠬᠤ ᠶᠢ ᠠᠬᠢᠭᠤᠯᠵᠤ᠂ ᠫᠦ᠋ | ᠬᠤᠢ ᠮᠦᠩᠬᠦᠨ ᠬᠦᠢᠯᠭᠡᠭᠡ ᠪᠠ ︽ᠤᠯᠠᠨ ᠠᠵᠢᠯ ᠤᠶᠢᠯᠡᠰ︾ ᠤᠨ ᠳᠤᠮᠳᠠ ᠪᠠᠭ᠎ᠠ ᠵᠢᠵᠢᠭ ᠮᠦᠩᠬᠦᠨ ᠬᠦᠢᠯᠭᠡᠭᠡᠨ ᠤ ᠵᠤᠬᠢᠶᠠᠨ ᠪᠠᠶᠢᠭᠤᠯᠤᠯᠳᠠ ᠶᠢ ᠬᠦᠭᠵᠢᠬᠦᠯᠤᠨ᠂ | ᠤᠯᠠᠨ ᠳᠡᠰ ᠳᠠᠪᠬᠤᠷᠭᠠᠨ ᠤ ᠬᠦᠷᠦᠩᠭᠡ ᠶᠢᠨ ᠵᠠᠬ᠎ᠠ ᠳᠡᠯᠭᠡᠬᠦᠷ ᠤᠨ ᠬᠦᠭᠵᠢᠯᠳᠡ ᠶᠢ ᠠᠬᠢᠭᠤᠯᠤᠨ᠎ᠠ᠃ ᠤᠳᠤ ᠦᠶ᠎ᠠ ᠶᠢᠨ ᠪᠠᠷᠠᠭᠠᠨ ᠤ ᠬᠦᠢᠯᠭᠡᠭᠡ ᠶᠢ ᠶᠡᠬᠡᠪᠡᠷ | ᠬᠦᠭᠵᠢᠬᠦᠯᠵᠤ᠂ ᠭᠠᠵᠠᠷ ᠢ ᠤᠳᠠᠭᠠᠨ ᠡᠵᠡᠯᠡᠵᠤ ᠪᠦᠳᠤᠭᠡᠨ ᠪᠠᠶᠢᠭᠤᠯᠤᠭᠠᠳᠤᠢ ᠪᠠᠷᠠᠭᠠᠨ ᠤ ᠬᠦᠢᠯᠭᠡᠭᠡ ᠶᠢᠨ ᠬᠦᠷᠢᠶᠡᠯᠡᠩ᠂ ᠳᠦᠪᠯᠡᠷᠡᠬᠦᠯᠤᠨ ᠵᠦᠭᠡᠭᠡᠪᠤᠷᠢᠯᠡᠬᠦ | ᠦᠷᠳᠡᠭᠡ ᠵᠡᠷᠭᠡ ᠳᠦᠷᠤᠯ ᠵᠤᠶᠢᠯ ᠤᠨ ᠡᠵᠡᠨᠳᠡᠨ ᠢ ᠴᠡᠪᠡᠷᠯᠡᠨ ᠴᠡᠭᠴᠡᠯᠡᠵᠤ᠂ ᠰᠧ ᠳ᠋ᠤᠤ ᠯᠢᠤ᠂ ᠳ᠋ᠠ ᠶᠤᠸᠠᠨ ᠳ᠋ᠦᠩ ᠵᠡᠷᠭᠡ 5 ᠳᠦᠪᠯᠡᠷᠡᠬᠦᠯᠤᠨ ᠵᠦᠭᠡᠭᠡᠪᠤᠷᠢᠯᠡᠬᠦ | ᠦᠷᠳᠡᠭᠡ ᠶᠢᠨ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠂ ᠪᠦᠬᠦ ᠬᠤᠰᠢᠭᠤᠨ ᠤ ᠶᠡᠷᠦᠩᠭᠡᠶᠢᠯᠡᠭᠰᠡᠨ ᠪᠠᠷᠠᠭᠠᠨ ᠤ ᠬᠦᠢᠯᠭᠡᠭᠡ ᠶᠢᠨ ᠳᠤᠤᠷ ᠢ | ᠪᠠᠶᠢᠭᠤᠯᠤᠨ ᠪᠦᠷᠬᠦᠬᠦᠯᠤᠨᠠ᠃ | ᠳᠠᠪᠠᠭᠤᠯᠢᠭ ᠢᠶᠠᠨ ᠪᠠᠳᠠᠷᠠᠭᠤᠯᠤᠨ ᠬᠦᠷᠦᠯᠴᠡᠬᠦ ᠦᠭᠡᠢ ᠳᠠᠯ᠎ᠠ ᠪᠠᠨ ᠨᠦᠬᠦᠪᠤᠷᠢᠯᠡᠵᠤ᠂ ᠬᠦᠭᠵᠢᠯᠳᠡ ᠶᠢᠨ ᠰᠢᠨ᠎ᠠ ᠬᠦᠳᠡᠯᠭᠡᠬᠦᠷ ᠢ ᠪᠤᠶᠢᠵᠢᠭᠤᠯᠤᠨ᠎ᠠ᠃ ᠰᠢᠨ᠎ᠠ | ᠪᠠᠷ ᠮᠠᠨᠳᠤᠬᠰᠠᠨ ᠠᠵᠤ ᠤᠶᠢᠯᠡᠰ᠂ ᠳᠡᠭᠡᠳᠤ ᠵᠡᠷᠭᠡ ᠶᠢᠨ ᠠᠵᠤ ᠤᠶᠢᠯᠡᠰ᠂ ᠦᠨᠳᠤᠷ ᠳᠠᠭᠠᠯᠳᠠ ᠨᠡᠮᠡᠭᠳᠡᠯ ᠦᠷᠳᠡᠭ ᠲᠠᠢ ᠠᠵᠤ ᠤᠶᠢᠯᠡᠰ᠂ ᠬᠦᠷᠦᠩᠭᠡ ᠰᠢᠨᠵᠢᠯᠡᠬᠦ | ᠤᠬᠠᠭᠠᠨ ᠮᠡᠷᠭᠡᠵᠢᠯ ᠨᠢᠬᠳᠠᠷᠠᠬᠰᠠᠨ ᠮᠠᠶ᠋ᠢᠭ ᠤᠨ ᠠᠵᠤ ᠤᠶᠢᠯᠡᠰ ᠢ ᠶᠡᠬᠡᠪᠡᠷ ᠪᠤᠶᠢᠵᠢᠭᠤᠯᠤᠨ᠎ᠠ᠃ ᠵᠢᠤ ᠲᠠᠢ ᠶᠢᠨ150 ᠳᠦᠮᠡᠨ ᠳᠤᠨ ᠤ PTA᠂ ᠢ ᠭᠤᠤ | ᠶᠢᠨ 1 ᠳᠦᠮᠡᠨ ᠳᠤᠨ ᠤ ᠨᠡᠬᠦᠷᠡᠰᠤᠨ ᠮᠠᠲ᠋ᠧᠷᠢᠶᠠᠯ᠂ ᠮᠠ ᠳ᠋ᠢ ᠯᠢᠶᠠᠩ ᠨᠡᠬᠦᠷᠡᠰᠤᠨ ᠠᠭᠤᠷᠬᠠᠢ ᠶᠢᠨ ᠤᠶᠤᠨᠴᠢ ᠠᠭᠤᠷᠬᠠᠢ ᠵᠡᠷᠭᠡ ᠳᠦᠷᠤᠯ ᠵᠤᠶᠢᠯ ᠤᠨ ᠪᠦᠳᠤᠭᠡᠨ | ᠪᠠᠶᠢᠭᠤᠯᠤᠯᠳᠠ ᠶᠢ ᠳᠦᠷᠭᠡᠳᠭᠡᠵᠤ᠂ ᠾᠧᠩ ᠵᠢᠢ ᠬᠢᠮᠢ ᠶᠢᠨ ᠠᠵᠤ ᠤᠶᠢᠯᠡᠳᠪᠤᠷᠢ ᠶᠢᠨ10 ᠳᠦᠮᠡᠨ ᠳᠤᠨ ᠤ ᠹᠸᠢ ᠲᠦᠸᠧ ᠯᠠ᠂ ᠵᠢᠶᠠ ᠬᠤᠢ ᠶᠢᠨ 6 | ᠳᠦᠮᠡᠨ ᠳᠤᠨ ᠤ ᠭᠠᠯ ᠳᠤ ᠳᠡᠰᠪᠤᠷᠢᠳᠡᠢ ᠰᠢᠨ᠎ᠠ ᠮᠠᠲ᠋ᠧᠷᠢᠶᠠᠯ ᠪᠠ ᠱᠠᠵᠠᠩ ᠳᠤᠭᠤᠰᠬ᠎ᠠ ᠰᠢᠷᠭᠡᠭᠯᠢᠭ ᠵᠡᠬᠦᠦ ᠶᠢᠨ ᠬᠠᠳᠬᠤᠮᠠᠯ ᠲᠠᠢ ᠭᠡᠪᠢᠰ ᠵᠡᠷᠭᠡ ᠳᠦᠷᠤᠯ ᠵᠤᠶᠢᠯ | ᠢ ᠠᠰᠢᠬᠯᠠᠯᠳᠠ ᠳᠤ ᠤᠷᠤᠭᠤᠯᠤᠨ ᠦᠷ᠎ᠠ ᠠᠰᠢᠭ ᠤᠯᠵᠤ᠂ ᠬᠦᠭᠵᠢᠯᠳᠡ ᠶᠢᠨ ᠰᠢᠨ᠎ᠠ ᠬᠦᠳᠡᠯᠭᠡᠬᠦᠷ ᠢ ᠪᠦᠷᠢᠯᠳᠦᠬᠦᠯᠤᠨ᠎ᠠ᠃ ᠬᠠᠳᠠᠭᠤ ᠪᠡᠶᠡᠳᠤ ᠠᠶᠤᠯᠳᠠᠢ | ᠬᠠᠶᠠᠬᠳᠠᠮᠠᠯ ᠪᠤᠳᠠᠰ ᠢ ᠰᠢᠢᠳᠪᠤᠷᠢᠯᠡᠬᠦ ᠪᠠᠷ ᠭᠤᠤᠯ ᠪᠤᠯᠭᠠᠬᠰᠠᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠤ ᠤᠶᠢᠯᠡᠰ ᠢ ᠤᠷᠤᠭᠤᠯᠤᠨ ᠠᠪᠴᠢᠷᠠᠵᠤ᠂ | ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠤ ᠤᠶᠢᠯᠡᠰ ᠤᠨ ᠬᠦᠷᠢᠶᠡᠯᠡᠩ ᠢ ᠪᠠᠶᠢᠭᠤᠯᠤᠨ᠂ ᠨᠠᠷᠢᠯᠢᠭ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ | ᠤᠨ ᠬᠦᠭᠵᠢᠯᠳᠡ ᠶᠢ ᠳᠤᠯᠭᠠᠭᠤᠷᠢᠯᠠᠨᠠ᠃ ᠳᠤᠨᠤᠬᠯᠠᠯ ᠤᠶᠢᠯᠡᠳᠬᠦ᠂ ᠡᠬᠢ ᠪᠠᠶᠠᠯᠢᠭ ᠢ ᠶᠡᠷᠦᠩᠭᠡᠶᠢᠯᠡᠨ ᠨᠡᠭᠡᠭᠡᠨ ᠠᠰᠢᠬᠯᠠᠬᠤ᠂ ᠠᠭᠤᠷᠬᠠᠢ ᠶᠢᠨ ᠤᠷᠤᠨ ᠤ | ᠬᠠᠭᠠᠯᠪᠤᠷᠢᠯᠠᠬᠤ ᠭᠠᠵᠠᠷ ᠰᠢᠷᠤᠢ ᠶᠢ ᠨᠡᠭᠡᠭᠡᠨ ᠬᠦᠭᠵᠢᠬᠦᠯᠬᠦ ᠵᠡᠷᠭᠡ ᠠᠵᠤ ᠤᠶᠢᠯᠡᠰ ᠢ ᠳᠡᠮᠵᠢᠬᠦ ᠬᠦᠴᠤᠯᠡᠴᠡ ᠪᠠᠨ ᠦᠷᠬᠦᠯᠵᠢᠯᠡᠨ ᠨᠡᠮᠡᠭᠳᠡᠬᠦᠯᠤᠨ᠎ᠠ᠃ ᠡᠷᠡᠬᠦᠯ ᠮᠡᠨᠳᠤ | ᠨᠠᠰᠤᠳᠠᠨ ᠤ ᠠᠰᠠᠷᠠᠮᠵᠢ᠂ ᠡᠷᠡᠬᠦᠯᠵᠢᠯ ᠰᠡᠯᠡᠬᠦᠴᠡᠯ᠂ ᠮᠡᠳᠡᠭᠡ ᠵᠠᠩᠬᠢ ᠶᠢᠨ ᠤᠶᠢᠯᠡᠴᠢᠯᠡᠭᠡ᠂ ᠡᠯᠧᠺᠲᠷᠤᠨ ᠬᠤᠳᠠᠯᠳᠤᠭ᠎ᠠ᠂ ᠬᠤᠳᠠ ᠶᠢᠨ ᠰᠡᠯᠡᠬᠦᠴᠡᠨ ᠳᠤᠭᠤᠷᠢᠬᠤ | ᠵᠡᠭᠡᠯᠢ ᠵᠡᠷᠭᠡ ᠰᠢᠨ᠎ᠠ ᠮᠠᠶ᠋ᠢᠭ ᠤᠨ ᠭᠡᠷᠡᠭᠯᠡᠭᠡ ᠬᠢᠬᠦ ᠤᠶᠢᠯᠡᠰ ᠤᠨ ᠬᠦᠭᠵᠢᠯᠳᠡ ᠶᠢ ᠳᠦᠷᠭᠡᠳᠭᠡᠵᠤ᠂ ᠠᠷᠠᠳ ᠤᠯᠠᠨ ᠤ ᠭᠡᠷᠡᠭᠯᠡᠭᠡ ᠶᠢ ᠤᠯᠠᠨ ᠶᠠᠩᠵᠤᠵᠢᠭᠤᠯᠬᠤ᠂ | ᠤᠨᠴᠠᠯᠢᠬᠵᠢᠭᠤᠯᠬᠤ ᠱᠠᠭᠠᠷᠳᠠᠯᠭ᠎ᠠ ᠶᠢ ᠴᠢᠷᠮᠠᠶᠢᠨ ᠬᠠᠩᠭᠠᠨ᠎ᠠ᠃ | ︵ᠳᠦᠷᠪᠡ︶ ᠦᠭᠡᠷᠡᠴᠢᠯᠡᠯᠳᠡ ᠰᠢᠨᠡᠴᠢᠯᠡᠯᠳᠡ ᠪᠠ ᠨᠡᠭᠡᠭᠡᠯᠳᠡ ᠵᠤᠬᠢᠴᠠᠭᠤᠯᠭ᠎ᠠ ᠬᠢᠬᠦ ᠶᠢ ᠴᠢᠷᠮᠠᠶᠢᠨ ᠠᠬᠢᠭᠤᠯᠤᠨ᠎ᠠ᠃ ᠦᠭᠡᠷᠡᠴᠢᠯᠡᠯᠳᠡ ᠶᠢ ᠪᠦᠬᠦ ᠳᠠᠯ᠎ᠠ ᠪᠠᠷ | ᠬᠦᠨᠵᠡᠭᠡᠶᠢᠷᠡᠬᠦᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠶᠢ ᠴᠢᠩᠭᠠᠳᠬᠠᠨ᠂ ᠭᠠᠳᠠᠬᠰᠢ ᠪᠠᠨ ᠨᠡᠭᠡᠭᠡᠯᠳᠡ ᠬᠢᠬᠦ ᠶᠢ ᠦᠷᠭᠡᠳᠭᠡᠵᠤ᠂ | ᠬᠦᠭᠵᠢᠯᠳᠡ ᠶᠢᠨ ᠬᠦᠳᠡᠯᠭᠡᠭᠴᠢ ᠬᠦᠴᠤᠨ ᠠᠮᠢᠳᠤᠯᠢᠭ ᠬᠦᠴᠤᠨ ᠢ ᠪᠦᠳᠤᠮᠵᠢᠳᠡᠢ ᠨᠡᠮᠡᠭᠳᠡᠬᠦᠯᠤᠨ᠎ᠠ᠃ | ᠦᠨᠳᠤᠰᠤᠨ ᠴᠢᠨᠠᠷᠳᠠᠢ ᠵᠠᠩᠬᠢᠯᠠᠭ᠎ᠠ ᠶᠢᠨ ᠬᠦᠷᠢᠶ᠎ᠠ ᠭᠡᠪᠴᠢᠶᠠᠨ ᠤ ᠦᠭᠡᠷᠡᠴᠢᠯᠡᠯᠳᠡ ᠶᠢ ᠬᠦᠨᠵᠡᠭᠡᠶᠢᠷᠡᠬᠦᠯᠤᠨ᠎ᠠ᠃ ︽ᠳᠠᠯᠪᠢᠬᠤ ᠬᠠᠮᠢᠶᠠᠷᠬᠤ ᠤᠶᠢᠯᠡᠴᠢᠯᠡᠬᠦ︾ | ᠦᠭᠡᠷᠡᠴᠢᠯᠡᠯᠳᠡ ᠶᠢ ᠬᠦᠨᠵᠡᠭᠡᠢ ᠠᠬᠢᠭᠤᠯᠤᠨ᠂ ︽ᠭᠤᠷᠪᠠᠨ ᠱᠠᠳᠤ ᠬᠤᠯᠪᠤᠭᠠᠯᠠᠨ ᠬᠦᠳᠡᠯᠤᠯᠴᠡᠬᠦ᠂ ᠪᠦᠬᠦ ᠬᠤᠰᠢᠭᠤᠨ ᠳᠤ ᠨᠢᠭᠡᠳᠤᠯᠳᠡᠢ ᠬᠦᠢᠴᠡᠳᠭᠡᠬᠦ᠂ ᠬᠠᠮᠤᠭ | ᠠᠷᠪᠢᠨ ᠳᠠᠭᠠᠨ ᠨᠢᠭᠡ ᠤᠳᠠᠭ᠎ᠠ ᠬᠦᠶᠦᠬᠦ︾ ᠳᠦᠷᠢᠮ ᠢ ᠪᠦᠬᠦ ᠳᠠᠯ᠎ᠠ ᠪᠠᠷ ᠭᠡᠷᠡᠭᠵᠢᠬᠦᠯᠵᠤ᠂ ᠭᠡᠷᠡᠴᠢ ᠦᠨᠡᠮᠯᠡᠯ ᠢ ᠰᠠᠯᠭᠠᠬᠤ᠂ ᠰᠦᠯᠵᠢᠶᠠᠨ ᠳᠡᠭᠡᠷ᠎ᠠ ᠬᠢᠨᠠᠨ | ᠵᠦᠪᠰᠢᠶᠡᠷᠡᠬᠦᠯᠬᠦ ᠵᠡᠷᠭᠡ ᠠᠷᠭ᠎ᠠ ᠪᠠᠷᠢᠯ ᠢ ᠳᠡᠯᠭᠡᠷᠡᠬᠦᠯᠤᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢᠨ ᠪᠦᠬᠦ ᠶᠠᠪᠤᠴᠠ ᠶᠢ ᠰᠦᠯᠵᠢᠶᠡᠨ ᠳᠡᠭᠡᠷ᠎ᠠ | ᠬᠦᠢᠴᠡᠳᠭᠡᠵᠤ ᠪᠤᠯᠬᠤ ᠶᠢ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ︽ | ᠬᠤᠶᠠᠷ ᠢ ᠳᠤᠬᠢᠶᠠᠯ ᠪᠤᠯᠭᠠᠨ᠂ ᠨᠢᠭᠡ ᠶᠢ ᠢᠯᠡ ᠨᠡᠶᠢᠳᠡᠯᠡᠬᠦ︾ ᠬᠢᠨᠠᠨ ᠬᠠᠮᠢᠶᠠᠷᠬᠤ ᠬᠦᠷᠢᠶ᠎ᠠ ᠭᠡᠪᠴᠢᠶ᠎ᠠ ᠶᠢ ᠦᠷᠭᠡᠳᠭᠡᠨ᠂ ᠢᠳᠡᠭᠡᠮᠵᠢ ᠶᠢᠨ ᠬᠢᠨᠠᠨ ᠬᠠᠮᠢᠶᠠᠷᠤᠯᠳᠠ | ᠬᠢᠬᠦ ᠪᠠ ᠰᠡᠬᠦᠯᠡᠷ ᠨᠢ ᠦᠨᠡᠯᠡᠬᠦ ᠵᠠᠬᠪᠤᠷ ᠢ ᠳᠡᠯᠭᠡᠷᠡᠬᠦᠯᠤᠨᠠ᠃ ᠵᠠᠰᠠᠭ ᠵᠠᠬᠢᠷᠭᠠᠨ ᠤ ᠶᠡᠷᠦᠩᠭᠡᠶᠢᠯᠡᠭᠰᠡᠨ ᠬᠠᠤᠯᠢ ᠬᠦᠢᠴᠡᠳᠭᠡᠬᠦ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠬᠠᠮᠢᠶᠠᠷᠤᠯᠳᠠ ᠶᠢᠨ ᠴᠢᠳᠠᠪᠬᠢ ᠶᠢ ᠳᠤᠬᠢᠷᠠᠭᠤᠯᠤᠨ ᠰᠢᠯᠢᠳᠡᠭᠵᠢᠬᠦᠯᠵᠤ᠂ ᠬᠠᠤᠯᠢ ᠬᠦᠢᠴᠡᠳᠭᠡᠬᠦ ᠪᠠᠶᠢᠭᠤᠯᠤᠮᠵᠢ ᠶᠢᠨ | ᠳᠤᠬᠳᠠᠴᠠ ᠶᠢ ᠦᠷᠬᠦᠯᠵᠢᠯᠡᠨ ᠰᠢᠯᠤᠭᠤᠳᠬᠠᠨ᠂ ᠤᠷᠴᠢᠨ ᠳᠤᠭᠤᠷᠢᠨ ᠤ ᠪᠤᠬᠢᠷᠳᠤᠯ᠂ ᠳᠤᠷᠠᠪᠠᠷ ᠮᠠᠯᠳᠠᠬᠤ ᠬᠤᠯᠠᠭᠠᠶᠢᠯᠠᠨ ᠮᠠᠯᠳᠠᠬᠤ ᠵᠡᠷᠭᠡ ᠠᠵᠢᠯᠯᠠᠭ᠎ᠠ ᠳᠤ | ᠴᠤᠬᠢᠯᠳᠠ ᠦᠭᠬᠦ ᠬᠦᠴᠤᠯᠡᠴᠡ ᠪᠠᠨ ᠨᠡᠮᠡᠭᠳᠡᠬᠦᠯᠵᠤ᠂ ᠬᠠᠮᠢᠶᠠᠷᠬᠤ ᠴᠢᠬᠤᠯᠠᠳᠠᠢ ᠤᠴᠢᠷ ᠶᠠᠪᠤᠳᠠᠯ ᠢ ᠰᠠᠶᠢᠳᠤᠷ ᠬᠠᠮᠢᠶᠠᠷᠤᠨ᠎ᠠ᠃ ᠡᠳ᠋ ᠤᠨ ᠵᠠᠰᠠᠭ ᠭᠠᠶᠢᠯᠢ ᠶᠢᠨ | ᠶᠠᠪᠤᠳᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠡᠯ᠎ᠡ ᠳᠦᠷᠤᠯ ᠤᠨ ᠠᠷᠭ᠎ᠠ ᠭᠡᠮᠵᠢᠶ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠭᠠᠶᠢᠯᠢ ᠶᠢᠨ | ᠢᠷᠡᠯᠳᠡ ᠡᠳ᠋ ᠤᠨ ᠢᠷᠡᠯᠳᠡ ᠶᠢ ᠪᠤᠶᠢᠵᠢᠭᠤᠯᠬᠤ ᠠᠵᠢᠯ ᠢ ᠰᠠᠶᠢᠳᠤᠷ ᠬᠢᠨ᠎ᠠ᠃ ︽ᠤᠯᠠᠨ ᠳᠦᠷᠢᠮ ᠢ ᠨᠡᠶᠢᠳᠭᠡᠨ ᠨᠢᠭᠡ ᠪᠤᠯᠭᠠᠬᠤ︾᠂ ᠬᠤᠰᠢᠭᠤ ᠰᠢᠶᠠᠨ ᠤ | ᠰᠠᠭᠤᠷᠢ ᠳᠦᠬᠦᠭᠡᠷᠤᠮᠵᠢ ᠶᠢᠨ ᠪᠡᠯᠡ ᠴᠤᠬᠯᠠᠭᠤᠯᠬᠤ ᠵᠡᠷᠭᠡ ᠳᠤᠷᠰᠢᠯᠳᠠ ᠶᠢᠨ ᠴᠡᠭ ᠤᠨ ᠦᠭᠡᠷᠡᠴᠢᠯᠡᠯᠳᠡ ᠶᠢᠨ ᠦᠷ᠎ᠠ ᠪᠦᠳᠤᠭᠡᠯ ᠢ ᠪᠠᠬᠢᠵᠢᠬᠦᠯᠤᠨ ᠰᠠᠶᠢᠵᠢᠷᠠᠭᠤᠯᠵᠤ | ᠂ ︽ᠤᠶᠤᠨᠴᠢ ᠵᠡᠬᠦᠨᠭᠠᠷ︾ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ | ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠤᠨ᠎ᠠ᠃ ᠰᠢᠨ᠎ᠠ ᠶᠢ ᠡᠬᠦᠳᠬᠦ ᠪᠠᠷ ᠨᠢᠭᠡᠳᠤᠭᠡᠷ ᠬᠦᠳᠡᠯᠭᠡᠭᠴᠢ | ᠬᠦᠴᠤᠨ ᠪᠤᠯᠭᠠᠬᠤ ᠵᠠᠷᠴᠢᠮ ᠢ ᠪᠠᠷᠢᠮᠳᠠᠯᠠᠨ᠂ ᠰᠢᠨ᠎ᠠ ᠬᠠᠭᠤᠴᠢᠨ ᠬᠦᠳᠡᠯᠭᠡᠬᠦᠷ ᠢ ᠬᠤᠪᠢᠷᠠᠭᠤᠯᠬᠤ ᠰᠠᠭᠤᠷᠢ ᠮᠦᠩᠬᠦ ᠶᠢ ᠰᠦᠪᠡᠭᠴᠢᠯᠡᠨ ᠪᠠᠶᠢᠭᠤᠯᠵᠤ᠂ ᠤᠯᠤᠰ | ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠳᠦᠷᠤᠯ ᠵᠤᠶᠢᠯ ᠲᠠᠢ ᠰᠠᠨᠠᠭᠠᠴᠢᠯᠠᠭ᠎ᠠ ᠲᠠᠢ ᠪᠠᠷ ᠠᠪᠴᠠᠯᠳᠤᠭᠤᠯᠤᠨ᠂ ᠳᠤᠮᠳᠠ ᠵᠢᠵᠢᠭ ᠠᠵᠤ ᠠᠬᠤᠶᠢᠯᠠᠯ | ᠤᠨ ᠰᠢᠨ᠎ᠠ ᠶᠢ ᠡᠬᠦᠳᠬᠦ ᠶᠢ ᠳᠡᠮᠵᠢᠬᠦ ᠶᠢ ᠴᠢᠩᠭᠠᠳᠬᠠᠵᠤ᠂ ᠨᠡᠶᠢᠭᠡᠮ ᠤᠨ ᠬᠦᠷᠦᠩᠭᠡ ᠶᠢ ᠳᠠᠶᠢᠴᠢᠯᠠᠨ ᠰᠢᠨ᠎ᠠ ᠮᠠᠲ᠋ᠧᠷᠢᠶᠠᠯ᠂ ᠰᠢᠨ᠎ᠠ ᠠᠵᠤ ᠤᠶᠢᠯᠡᠰ ᠲᠤ ᠪᠡᠯᠡ | ᠤᠷᠤᠭᠤᠯᠵᠤ᠂ ᠵᠢᠯ ᠤᠨ ᠳᠤᠳᠤᠷ᠎ᠠ ᠳᠡᠭᠡᠳᠤ ᠰᠢᠨ᠎ᠠ ᠮᠡᠷᠭᠡᠵᠢᠯ ᠤᠨ ᠠᠵᠤ ᠠᠬᠤᠶᠢᠯᠠᠯ ᠢ 1 ᠡᠷᠤᠭᠡ ᠰᠢᠨ᠎ᠠ ᠪᠠᠷ ᠨᠡᠮᠡᠭᠳᠡᠬᠦᠯᠤᠨ᠎ᠠ︔ ᠠᠵᠤ ᠠᠬᠤᠶᠢᠯᠠᠯ ᠤᠳ ᠢ | ᠵᠤᠷᠢᠬᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠤᠭᠡᠯ ᠢ ᠬᠤᠪᠢᠷᠠᠭᠤᠯᠵᠤ᠂ ᠠᠵᠤ ᠠᠬᠤᠶᠢᠯᠠᠯ ᠤᠳ ᠢ ᠳᠡᠮᠵᠢᠵᠤ ᠪᠠᠶᠢᠭᠠᠳ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠳᠤᠷᠠᠯᠴᠠᠭ᠎ᠠ ᠬᠢᠬᠦ᠂ ᠵᠤᠬᠢᠴᠠᠭᠤᠯᠤᠨ ᠰᠢᠨ᠎ᠠ ᠶᠢ ᠡᠬᠦᠳᠬᠦ ᠪᠠ ᠭᠤᠤᠯᠳᠠᠯᠭ᠎ᠠ ᠲᠠᠢ ᠮᠡᠷᠭᠡᠵᠢᠯ ᠤᠨ ᠪᠤᠭᠤᠮᠳᠠ ᠰᠢᠪᠳᠤᠯᠬᠤ ᠠᠵᠢᠯ ᠤᠳ ᠢ | ᠦᠷᠨᠢᠬᠦᠯᠤᠨ᠂ ᠰᠤᠳᠤᠯᠤᠨ ᠬᠦᠭᠵᠢᠬᠦᠯᠬᠦ ᠠᠴᠠ ᠠᠪᠤᠭᠠᠳ ᠠᠵᠤ ᠤᠶᠢᠯᠡᠳᠪᠤᠷᠢᠵᠢᠯᠳᠡ ᠶᠢ ᠦᠷᠭᠡᠳᠭᠡᠬᠦ ᠪᠦᠬᠦ ᠶᠠᠪᠤᠴᠠ ᠳᠤ ᠳᠡᠮᠵᠢᠯᠭᠡ ᠬᠠᠩᠭᠠᠨ᠎ᠠ᠃ | ᠴᠢᠳᠠᠪᠤᠷᠢᠳᠠᠨ ᠪᠤᠯ ᠨᠢᠭᠡᠳᠤᠭᠡᠷ ᠡᠬᠢ ᠪᠠᠶᠠᠯᠢᠭ ᠪᠤᠯᠬᠤ ᠵᠠᠷᠴᠢᠮ ᠢ ᠪᠠᠷᠢᠮᠳᠠᠯᠠᠨ᠂ ᠨᠤᠳᠤᠭ ᠤᠨ ᠴᠢᠳᠠᠪᠤᠷᠢᠳᠠᠨ ᠢ ᠬᠦᠮᠤᠵᠢᠬᠦᠯᠬᠦ ᠪᠠ ᠳᠡᠭᠡᠳᠤ ᠵᠡᠷᠭᠡ ᠶᠢᠨ | ᠴᠢᠳᠠᠪᠤᠷᠢᠳᠠᠨ ᠢ ᠤᠷᠤᠭᠤᠯᠤᠨ ᠠᠪᠴᠢᠷᠠᠬᠤ ᠶᠢ ᠴᠢᠩᠭᠠᠳᠬᠠᠵᠤ᠂ ᠴᠢᠳᠠᠪᠤᠷᠢᠳᠠᠨ ᠢ ᠦᠨᠡᠯᠡᠨ ᠵᠤᠷᠢᠬᠵᠢᠭᠤᠯᠬᠤ ᠳᠤᠬᠳᠠᠴᠠ ᠶᠢ ᠳᠡᠬᠦᠯᠳᠡᠷᠵᠢᠬᠦᠯᠤᠨ᠂ ᠡᠯ᠎ᠡ | ᠳᠦᠷᠤᠯ ᠤᠨ ᠴᠢᠳᠠᠪᠤᠷᠢᠳᠠᠨ ᠤ ᠰᠢᠨ᠎ᠠ ᠶᠢ ᠡᠬᠦᠳᠴᠤ ᠡᠬᠦᠳᠤᠨ ᠪᠦᠳᠤᠭᠡᠬᠦ ᠠᠮᠢᠳᠤᠯᠢᠭ ᠬᠦᠴᠤᠨ ᠢ ᠬᠦᠭᠵᠢᠭᠡᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ | ᠳᠦᠭᠡᠮᠡᠯᠵᠢᠬᠦᠯᠬᠦ ᠪᠡᠯᠡ ᠤᠷᠤᠭᠤᠯᠤᠯᠳᠠ ᠶᠢ ᠨᠡᠮᠡᠭᠳᠡᠬᠦᠯᠤᠨ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠭᠡᠪ ᠪᠤᠯᠪᠠᠰᠤᠷᠠᠯ ᠢ ᠳᠡᠭᠡᠭᠰᠢᠯᠡᠬᠦᠯᠤᠨ᠎ᠠ᠃ | ᠭᠠᠳᠠᠬᠰᠢ ᠪᠠᠨ ᠨᠡᠭᠡᠭᠡᠯᠳᠡ ᠬᠢᠬᠦ ᠪᠠ ᠬᠠᠮᠵᠢᠯᠴᠠᠨ ᠠᠵᠢᠯᠯᠠᠬᠤ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠬᠦᠬᠡᠬᠤᠳᠠ ᠪᠤᠭᠤᠳᠤ ᠤᠷᠳᠤᠰ᠂ ᠬᠦᠬᠡᠬᠤᠳᠠ | ᠪᠤᠭᠤᠳᠤ ᠢᠷᠭᠠᠢ ᠳᠡᠮᠡᠭᠡᠳᠤ ᠶᠢᠨ ᠠᠵᠤ ᠠᠬᠤᠢ ᠶᠢᠨ ᠳᠤᠭᠤᠷᠢᠭ ᠪᠠ ᠬᠦᠬᠡᠬᠤᠳᠠ ᠪᠤᠭᠤᠳᠤ ᠤᠷᠳᠤᠰ ᠳᠡᠮᠡᠭᠡᠳᠤ ᠶᠢᠨ ᠬᠤᠳᠠ ᠶᠢᠨ ᠰᠦᠷᠦᠭᠵᠢᠨ ᠬᠦᠭᠵᠢᠬᠦ | ᠪᠠᠶᠢᠷᠢᠰᠢᠯ ᠲᠠᠢ ᠬᠦᠨᠵᠡᠭᠡᠢ ᠠᠭᠤᠰᠤᠯᠴᠠᠨ᠂ ᠤᠷᠤᠨ ᠰᠢᠯᠵᠢᠨ ᠬᠦᠭᠵᠢᠬᠦ᠂ ᠠᠭᠤᠰᠤᠯᠴᠠᠨ ᠬᠦᠭᠵᠢᠬᠦ᠂ ᠬᠦᠴᠤ ᠵᠢᠭᠡᠯᠡᠨ ᠬᠦᠭᠵᠢᠬᠦ ᠰᠡᠳᠬᠢᠴᠡ ᠶᠢ ᠪᠠᠷᠢᠮᠳᠠᠯᠠᠵᠤ᠂ | ᠴᠡᠪᠡᠷ ᠡᠨᠧᠷᠬᠢ᠂ ᠨᠠᠷᠢᠯᠢᠭ ᠬᠢᠮᠢ ᠶᠢᠨ ᠠᠵᠤ ᠤᠶᠢᠯᠡᠳᠪᠤᠷᠢ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠤ ᠤᠶᠢᠯᠡᠰ᠂ ᠭᠤᠤᠯᠢᠩ ᠰᠢᠷᠤᠢ ᠶᠢ ᠨᠠᠷᠢᠯᠢᠭ | ᠪᠤᠯᠪᠠᠰᠤᠷᠠᠭᠤᠯᠬᠤ ᠵᠡᠷᠭᠡ ᠳᠠᠯ᠎ᠠ ᠪᠠᠷ ᠠᠪᠴᠠᠯᠳᠤᠭᠤᠯᠤᠨ ᠬᠠᠮᠳᠤᠷᠠᠨ ᠠᠵᠢᠯᠯᠠᠬᠤ ᠪᠠᠨ ᠴᠢᠩᠭᠠᠳᠬᠠᠨ᠂ ᠳᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠵᠤ᠂ | ᠵᠤᠬᠢᠴᠠᠯᠳᠤᠨ ᠬᠠᠮᠳᠤᠪᠠᠷ ᠳᠠᠪᠰᠢᠬᠤ ᠶᠢ ᠪᠡᠶᠡᠯᠡᠬᠦᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ | ᠭᠤᠷᠪᠠᠯᠵᠢᠨ ᠬᠤᠶᠢᠭ᠂ ᠱᠠᠨ ᠰᠢ ᠱᠠᠨᠰᠢ ᠨᠢᠩᠰᠢᠶᠠ ᠵᠡᠷᠭᠡ ᠭᠠᠵᠠᠷ ᠤᠷᠤᠨ ᠤ ᠬᠠᠮᠵᠢᠯᠴᠠᠨ ᠠᠵᠢᠯᠯᠠᠬᠤ ᠬᠢᠷᠢ ᠳᠦᠪᠰᠢᠨ ᠢ ᠳᠡᠭᠡᠭᠰᠢᠯᠡᠬᠦᠯᠵᠤ᠂ ᠠᠵᠤ ᠤᠶᠢᠯᠡᠰ ᠢ | ᠰᠢᠯᠵᠢᠬᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠵᠡᠷᠭᠡ ᠳᠠᠯ᠎ᠠ ᠪᠠᠷ ᠠᠪᠴᠠᠯᠳᠤᠭᠤᠯᠤᠨ | ᠬᠠᠮᠳᠤᠷᠠᠨ ᠠᠵᠢᠯᠯᠠᠬᠤ ᠪᠠᠨ ᠬᠦᠨᠵᠡᠭᠡᠶᠢᠷᠡᠬᠦᠯᠤᠨ᠎ᠠ᠃ ᠮᠠᠨ ᠤ ᠬᠤᠰᠢᠭᠤᠨ ᠤ ᠤᠷᠤᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠠᠵᠤ | ᠠᠬᠤᠢ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠲᠠᠢ | ᠰᠤᠯᠢᠯᠴᠠᠭ᠎ᠠ ᠬᠢᠵᠤ ᠬᠠᠮᠳᠤᠷᠠᠨ ᠠᠵᠢᠯᠯᠠᠬᠤ ᠠᠵᠠ ᠳᠤᠬᠢᠶᠠᠯ ᠢᠶᠠᠷ ᠭᠠᠳᠠᠬᠰᠢ ᠪᠠᠨ ᠤᠬᠠᠭᠤᠯᠭ᠎ᠠ ᠬᠢᠬᠦ ᠬᠦᠴᠤᠯᠡᠴᠡ ᠪᠠᠨ ᠴᠢᠨᠠᠬᠰᠢᠳᠠ ᠨᠡᠮᠡᠭᠳᠡᠬᠦᠯᠤᠨ᠂ ᠨᠡᠬᠦᠷᠡᠰᠤ | ᠂ ᠨᠡᠬᠦᠷᠡᠰᠤ ᠬᠢᠮᠢ ᠶᠢᠨ ᠠᠵᠤ ᠤᠶᠢᠯᠡᠳᠪᠤᠷᠢ᠂ ᠱᠠᠵᠠᠩ ᠳᠤᠭᠤᠰᠬ᠎ᠠ ᠵᠢᠴᠢ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠳᠤᠭᠡᠭᠳᠡᠬᠦᠨ ᠵᠡᠷᠭᠡ | ᠳᠠᠪᠠᠭᠤᠯᠢᠭ ᠲᠠᠢ ᠤᠨᠴᠠᠯᠢᠬᠳᠤ ᠪᠦᠳᠤᠭᠡᠭᠳᠡᠬᠦᠨ ᠢ ᠭᠠᠳᠠᠬᠰᠢ ᠭᠠᠷᠭᠠᠬᠤ ᠶᠢ ᠠᠬᠢᠭᠤᠯᠵᠤ᠂ ᠪᠦᠳᠤᠭᠡᠭᠳᠡᠬᠦᠨ ᠤ ᠦᠷᠢᠰᠦᠯᠳᠦᠬᠦ ᠬᠦᠴᠤᠨ ᠪᠠ ᠭᠠᠵᠠᠷ ᠤᠷᠤᠨ ᠤ | ᠨᠦᠯᠦᠭᠡᠯᠡᠬᠦ ᠬᠦᠴᠤᠨ ᠢ ᠴᠢᠨᠠᠬᠰᠢᠳᠠ ᠨᠡᠮᠡᠭᠳᠡᠬᠦᠯᠤᠨ᠎ᠠ᠃ | ︵ᠳᠠᠪᠤ︶ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠳᠠᠯ᠎ᠠ ᠪᠠᠷ ᠭᠡᠷᠡᠭᠵᠢᠬᠦᠯᠤᠨ᠎ᠠ᠃ ᠠᠵᠤ ᠤᠶᠢᠯᠡᠰ ᠢ | ᠬᠦᠭᠵᠢᠬᠦᠯᠤᠨ ᠮᠠᠨᠳᠤᠭᠤᠯᠬᠤ᠂ ᠠᠮᠢ ᠠᠬᠤᠢ ᠶᠢᠨ ᠤᠷᠤᠰᠢᠨ ᠰᠠᠭᠤᠷᠢᠰᠢᠬᠤ ᠳᠤ ᠳᠠᠭᠠᠯᠠᠮᠵᠢᠳᠠᠢ ᠪᠤᠯᠭᠠᠬᠤ᠂ ᠬᠦᠳᠡᠭᠡ ᠳᠤᠰᠬᠤᠨ ᠤ ᠪᠤᠯᠪᠠᠰᠤᠨ ᠢ ᠡᠷᠬᠢᠮᠯᠡᠬᠦ᠂ | ᠵᠠᠰᠠᠯᠳᠠ ᠶᠢ ᠪᠦᠳᠤᠮᠵᠢᠳᠡᠢ ᠪᠤᠯᠭᠠᠬᠤ᠂ ᠠᠮᠢᠳᠤᠷᠠᠯ ᠢ ᠴᠢᠨᠡᠭᠡᠯᠢᠭᠵᠢᠬᠦᠯᠬᠦ ᠶᠡᠷᠦᠩᠭᠡᠢ ᠱᠠᠭᠠᠷᠳᠠᠯᠭ᠎ᠠ ᠶᠤᠰᠤᠭᠠᠷ᠂ ᠬᠦᠳᠡᠭᠡ ᠳᠤᠰᠬᠤᠨ ᠢ ᠬᠦᠭᠵᠢᠬᠦᠯᠤᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠳᠦᠯᠦᠪᠵᠢᠬᠦᠯᠭᠡ ᠶᠢ ᠰᠢᠨᠵᠢᠯᠡᠬᠦ ᠤᠬᠠᠭᠠᠨᠴᠢ ᠪᠠᠷ ᠳᠤᠬᠳᠠᠭᠠᠵᠤ᠂ ᠰᠠᠶᠢᠨ ᠡᠬᠢᠯᠡᠯᠳᠡ ᠲᠠᠢ ᠪᠤᠯᠭᠠᠨ᠂ ᠢᠳᠡᠷᠡᠬᠦᠨ | ᠠᠯᠬᠤᠴᠠ ᠲᠠᠢ ᠪᠤᠯᠭᠠᠨ᠎ᠠ᠃ | ᠮᠠᠯ ᠳᠠᠷᠢᠶᠠᠯᠠᠩ ᠤᠨ ᠬᠠᠩᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠤᠨ᠎ᠠ᠃ ᠪᠦᠬᠦ ᠬᠤᠰᠢᠭᠤᠨ ᠤ ᠮᠠᠯ | ᠳᠠᠷᠢᠶᠠᠯᠠᠩ ᠤᠨ ᠤᠷᠤᠨ ᠪᠠᠶᠢᠷᠢ ᠶᠢᠨ ᠪᠠᠶᠢᠷᠢᠰᠢᠭᠤᠯᠤᠯᠳᠠ ᠪᠠ ᠳᠠᠷᠢᠮᠠᠯ ᠳᠡᠵᠢᠭᠡᠪᠤᠷᠢ ᠶᠢᠨ ᠪᠦᠳᠤᠴᠡ ᠶᠢ ᠳᠤᠬᠢᠷᠠᠭᠤᠯᠤᠨ ᠰᠢᠯᠢᠳᠡᠭᠵᠢᠬᠦᠯᠵᠤ᠂ ᠨᠢᠭᠡ ᠭᠤᠤᠯ | ᠭᠤᠷᠪᠠᠨ ᠳᠠᠯ᠎ᠠ ᠭᠠᠵᠠᠷ᠂ ᠯᠢᠶᠠᠩ ᠮᠤᠤ ᠱᠠᠨ ᠠᠭᠤᠯᠠᠷᠬᠠᠭ ᠤᠷᠤᠨ ᠳᠤ ᠳᠦᠷᠤᠯ ᠬᠤᠪᠢᠶᠠᠨ ᠭᠠᠵᠠᠷ ᠰᠤᠩᠭᠤᠵᠤ ᠠᠬᠢᠭᠤᠯᠤᠨ᠂ ᠪᠤᠬᠢᠷᠳᠤᠯ ᠦᠭᠡᠢ ᠮᠠᠯ ᠤᠨ | ᠠᠰᠢᠭ ᠰᠢᠮ᠎ᠠ ᠳᠠᠷᠢᠶᠠᠯᠠᠩ ᠤᠨ ᠪᠦᠳᠤᠭᠡᠭᠳᠡᠬᠦᠨ᠂ ᠪᠤᠬᠢᠷᠳᠤᠯ ᠦᠭᠡᠢ ᠢᠳᠡᠭᠡᠨ ᠤ ᠤᠶᠢᠯᠡᠳᠪᠤᠷᠢᠯᠡᠯ ᠤᠨ ᠭᠠᠵᠠᠷ ᠢ 1 ᠳᠦᠮᠡᠨ ᠮᠤ᠋ ᠭᠡᠷᠡᠴᠢᠯᠡᠬᠦᠯᠤᠨ ᠨᠤᠳᠠᠯᠠᠵᠤ᠂ | ᠤᠷᠤᠨ ᠨᠤᠳᠤᠭ ᠤᠨ ᠳᠡᠮᠳᠡᠭᠳᠤ ᠶᠢ ᠬᠠᠮᠠᠭᠠᠯᠠᠬᠤ ᠶᠢ ᠴᠢᠩᠭᠠᠳᠬᠠᠨ᠂ ᠮᠠᠯ ᠳᠠᠷᠢᠶᠠᠯᠠᠩ ᠤᠨ ᠴᠢᠨᠠᠷ ᠴᠢᠨᠰᠠᠭ᠎ᠠ ᠪᠠ ᠦᠷ᠎ᠠ ᠠᠰᠢᠭ ᠢ ᠦᠨᠡᠨᠬᠦ ᠳᠡᠭᠡᠭᠰᠢᠯᠡᠬᠦᠯᠤᠨ᠎ᠠ᠃ | ᠰᠢᠨ᠎ᠠ ᠮᠠᠶ᠋ᠢᠭ ᠤᠨ ᠮᠠᠯ ᠳᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠡᠩᠭᠡ ᠮᠠᠯᠵᠢᠯ ᠤᠨ ᠰᠠᠭᠠᠯᠢᠨ ᠦᠨᠢᠶ᠎ᠠ | ᠳᠡᠵᠢᠭᠡᠬᠦ ᠳᠦᠷᠤᠯ ᠵᠤᠶᠢᠯ᠂ ᠫᠦᠸᠧ ᠨᠢᠤ ᠴᠤᠸᠠᠨ ᠤ ᠤᠳᠤ ᠦᠶ᠎ᠠ ᠶᠢᠨ ᠮᠠᠯ ᠳᠠᠷᠢᠶᠠᠯᠠᠩ ᠤᠨ ᠳᠦᠷᠤᠯ ᠵᠤᠶᠢᠯ ᠪᠠ ᠪᠠᠢ ᠯᠢ ᠴᠠᠩ ᠴᠤᠸᠠᠨ ᠤ ᠬᠦᠳᠡᠭᠡ | ᠳᠤᠰᠬᠤᠨ ᠢ ᠬᠦᠭᠵᠢᠬᠦᠯᠤᠨ ᠮᠠᠨᠳᠤᠭᠤᠯᠬᠤ ᠵᠢᠱᠢᠶ᠎ᠠ ᠦᠵᠡᠬᠦᠯᠬᠦ ᠪᠦᠰᠡ ᠶᠢᠨ ᠪᠦᠳᠤᠭᠡᠨ ᠪᠠᠶᠢᠭᠤᠯᠤᠯᠳᠠ ᠶᠢ ᠶᠡᠬᠡᠪᠡᠷ ᠠᠬᠢᠭᠤᠯᠵᠤ᠂ ᠦᠨᠳᠤᠷ ᠪᠠᠷᠢᠮᠵᠢᠶᠠᠳᠤ | ᠳᠠᠷᠢᠶᠠᠯᠠᠩ ᠢ 25000 ᠮᠤ᠋ ᠰᠢᠨ᠎ᠠ ᠪᠠᠷ ᠨᠡᠮᠡᠭᠳᠡᠬᠦᠯᠤᠨ᠂ ᠮᠠᠯ ᠳᠠᠷᠢᠶᠠᠯᠠᠩ ᠤᠨ ᠠᠵᠤ ᠤᠶᠢᠯᠡᠰ ᠢ ᠭᠡᠪᠴᠢᠶᠡᠵᠢᠬᠦᠯᠤᠨ ᠬᠦᠭᠵᠢᠬᠦᠯᠬᠦ ᠶᠢ ᠠᠬᠢᠭᠤᠯᠤᠨ᠎ᠠ᠃ | ᠳᠠᠷᠢᠶᠠᠯᠠᠩ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠳᠦᠷᠭᠡᠳᠭᠡᠨ᠎ᠠ᠃ ᠳᠤᠰᠬᠤᠨ ᠤ ᠱᠠᠳᠤᠨ ᠤ ᠭᠠᠵᠠᠷ ᠰᠢᠷᠤᠢ ᠶᠢ ᠨᠡᠭᠡᠭᠡᠨ ᠠᠰᠢᠬᠯᠠᠬᠤ ᠳᠦᠯᠤᠪᠵᠢᠬᠦᠯᠭᠡ | ᠶᠢ ᠨᠠᠶᠢᠷᠠᠭᠤᠯᠤᠨ ᠵᠤᠬᠢᠶᠠᠵᠤ᠂ ᠳᠠᠯ᠎ᠠ ᠨᠤᠳᠤᠭ ᠪᠠ ᠭᠠᠵᠠᠷ ᠰᠢᠷᠤᠢ ᠶᠢᠨ ᠡᠷᠭᠡ ᠶᠢ ᠳᠤᠳᠤᠷᠬᠠᠶᠢᠯᠠᠨ ᠦᠨᠡᠮᠯᠡᠯ ᠤᠯᠭᠤᠬᠤ ᠠᠵᠢᠯ ᠢ ᠪᠡᠶᠡᠯᠡᠬᠦᠯᠵᠤ᠂ ︽ᠭᠤᠷᠪᠠᠨ | ᠬᠤᠪᠢᠷᠠᠯᠳᠠ︾ ᠶᠢᠨ ᠦᠭᠡᠷᠡᠴᠢᠯᠡᠯᠳᠡ ᠶᠢᠨ ᠳᠤᠷᠰᠢᠯᠳᠠ ᠶᠢᠨ ᠴᠡᠭ ᠢ ᠡᠬᠢᠯᠡᠬᠦᠯᠤᠨ᠎ᠠ᠃ ᠬᠦᠳᠡᠭᠡ ᠳᠤᠰᠬᠤᠨ ᠤ ᠨᠡᠶᠢᠳᠡ ᠶᠢᠨ ᠦᠮᠴᠢᠯᠡᠯ ᠤᠨ ᠡᠷᠭᠡ ᠶᠢᠨ | ᠳᠦᠷᠢᠮ ᠤᠨ ᠦᠭᠡᠷᠡᠴᠢᠯᠡᠯᠳᠡ ᠶᠢ ᠳᠤᠬᠳᠠᠭᠤᠨ ᠢᠶᠠᠷ ᠠᠬᠢᠭᠤᠯᠤᠨ᠂ ᠨᠡᠶᠢᠳᠡ ᠶᠢᠨ ᠬᠦᠷᠦᠩᠭᠡ᠂ ᠦᠷ᠎ᠠ ᠠᠰᠢᠭ ᠪᠠ ᠦᠷᠢ ᠰᠢᠷᠢ ᠶᠢ ᠪᠦᠬᠦ ᠳᠠᠯ᠎ᠠ ᠪᠠᠷ | ᠪᠠᠶᠢᠴᠠᠭᠠᠨ ᠴᠡᠪᠡᠷᠯᠡᠵᠤ᠂ ᠳᠤᠷᠰᠢᠯᠳᠠ ᠶᠢᠨ ᠴᠡᠭ ᠤᠨ ᠦᠭᠡᠷᠡᠴᠢᠯᠡᠯᠳᠡ ᠶᠢ ᠤᠷᠢᠳᠠᠪᠠᠷ ᠠᠬᠢᠭᠤᠯᠤᠨ᠎ᠠ᠃ ᠳᠤᠯᠤᠭᠠᠶᠢᠯᠠᠬᠤ ᠠᠵᠤ ᠠᠬᠤᠶᠢᠯᠠᠯ ᠪᠠ ᠮᠠᠯᠴᠢᠨ | ᠳᠠᠷᠢᠶᠠᠴᠢᠨ ᠤ ᠠᠰᠢᠭ ᠳᠤᠰᠠ ᠶᠢ ᠬᠤᠯᠪᠤᠬᠤ ᠳᠤᠬᠳᠠᠴᠠ ᠶᠢ ᠳᠡᠬᠦᠯᠳᠡᠷᠵᠢᠬᠦᠯᠵᠤ᠂ ᠭᠤᠤᠯᠳᠠᠯᠭ᠎ᠠ ᠲᠠᠢ ᠳᠤᠯᠤᠭᠠᠶᠢᠯᠠᠬᠤ ᠠᠵᠤ ᠠᠬᠤᠶᠢᠯᠠᠯ ᠢ ᠪᠤᠶᠢᠵᠢᠭᠤᠯᠬᠤ ᠪᠠ | ᠳᠦᠷᠤᠯ ᠳᠡᠮᠳᠡᠭ ᠢ ᠱᠤᠭᠤᠬᠤ ᠶᠢ ᠴᠢᠩᠭᠠᠳᠬᠠᠨ᠂ ᠵᠢᠯ ᠤᠨ ᠳᠤᠳᠤᠷ᠎ᠠ ᠬᠤᠳᠠ ᠶᠢᠨ ᠱᠠᠳᠤᠨ ᠠᠴᠠ ᠳᠡᠭᠡᠭᠰᠢᠬᠢ ᠳᠤᠯᠤᠭᠠᠶᠢᠯᠠᠬᠤ ᠠᠵᠤ ᠠᠬᠤᠶᠢᠯᠠᠯ ᠢ 3 | ᠰᠢᠨ᠎ᠠ ᠪᠠᠷ ᠨᠡᠮᠡᠭᠳᠡᠬᠦᠯᠤᠨ᠎ᠠ᠃ | ᠬᠦᠳᠡᠭᠡ ᠳᠤᠰᠬᠤᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠠᠵᠢᠯ ᠢ ᠦᠷᠨᠢᠬᠦᠯᠤᠨ᠎ᠠ᠃ ᠬᠦᠳᠡᠭᠡ ᠳᠤᠰᠬᠤᠨ ᠤ ᠤᠷᠤᠰᠢᠨ | ᠰᠠᠭᠤᠷᠢᠰᠢᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ ᠳᠦᠰᠤᠯ ᠪᠠ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠢ ᠶᠡᠬᠡᠪᠡᠷ | ᠵᠠᠰᠠᠨ ᠴᠡᠭᠴᠡᠯᠡᠬᠦ ᠪᠤᠳᠠᠳᠠᠢ ᠠᠷᠭ᠎ᠠ ᠪᠠᠷᠢᠯ ᠢ ᠳᠤᠬᠳᠠᠭᠠᠵᠤ᠂ ᠶᠡᠬᠡᠪᠡᠷ ᠵᠠᠰᠠᠨ ᠴᠡᠭᠴᠡᠯᠡᠬᠦ ᠠᠵᠢᠯᠯᠠᠭ᠎ᠠ ᠶᠢ ᠪᠦᠬᠦ ᠳᠠᠯ᠎ᠠ ᠪᠠᠷ ᠦᠷᠨᠢᠬᠦᠯᠤᠨ᠎ᠠ᠃ ᠭᠤᠤᠯᠳᠠᠯᠭ᠎ᠠ ᠶᠢ | ᠳᠤᠪᠤᠶᠢᠯᠭᠠᠨ᠂ ᠬᠤᠭ ᠨᠤᠪᠰᠢ ᠪᠤᠬᠢᠷ ᠤᠰᠤ ᠶᠢ ᠵᠠᠰᠠᠨ ᠴᠡᠭᠴᠡᠯᠡᠬᠦ᠂ ᠨᠤᠭᠤᠭᠠᠷᠠᠭᠤᠯᠤᠨ ᠭᠤᠶᠤᠵᠢᠭᠤᠯᠬᠤ ᠪᠠ ︽ᠵᠤᠷᠯᠤᠩ ᠤᠨ ᠬᠤᠪᠢᠰᠬᠠᠯ︾ ᠢ ᠦᠷᠨᠢᠬᠦᠯᠬᠦ | ᠶᠢ ᠳᠤᠬᠳᠠᠭᠤᠨ ᠢᠶᠠᠷ ᠠᠬᠢᠭᠤᠯᠵᠤ᠂ ᠬᠦᠳᠡᠭᠡ ᠳᠤᠰᠬᠤᠨ ᠤ ᠬᠤᠭ ᠨᠤᠪᠰᠢ ᠶᠢ ᠰᠢᠢᠳᠪᠤᠷᠢᠯᠡᠬᠦ ᠪᠠᠷᠢᠯᠭ᠎ᠠ ᠶᠢ 2᠂ ᠪᠤᠬᠢᠷ ᠤᠰᠤ ᠶᠢ ᠰᠢᠢᠳᠪᠤᠷᠢᠯᠡᠬᠦ ᠪᠠᠷᠢᠯᠭ᠎ᠠ | ᠶᠢ11 ᠭᠡᠷᠡᠭᠵᠢᠬᠦᠯᠤᠨ᠎ᠠ︔ ᠰᠤᠮᠤ ᠰᠢᠶᠠᠩ ᠪᠠᠯᠭᠠᠰᠤᠨ ᠤ ᠳᠤᠭᠤᠷᠢᠭ᠂ ᠭᠤᠤᠯ ᠵᠠᠮ ᠱᠤᠭᠤᠮ ᠳᠠᠭᠠᠤ᠂ ᠵᠤᠭᠠᠴᠠᠯ ᠤᠨ ᠦᠵᠡᠮᠵᠢ ᠶᠢᠨ ᠤᠷᠤᠨ ᠵᠢᠴᠢ ᠪᠤᠰᠤᠳ | ᠭᠤᠤᠯᠳᠠᠯᠭ᠎ᠠ ᠲᠠᠢ ᠳᠠᠯᠠᠪᠤᠷ ᠤᠨ ᠡᠷᠬᠢᠨ ᠳᠤᠭᠤᠷᠢᠨ ᠤ ᠠᠶᠢᠯ ᠳᠤᠰᠬᠤᠨ ᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠠᠵᠢᠯ ᠢ ᠦᠨᠡᠨᠬᠦ ᠴᠢᠩᠭᠠᠳᠬᠠᠨ᠎ᠠ︔ | ᠴᠡᠪᠡᠷ ᠡᠨᠧᠷᠬᠢ ᠶᠢ ᠬᠦᠳᠡᠭᠡ ᠳᠤᠰᠬᠤᠨ ᠳᠤ ᠤᠷᠤᠭᠤᠯᠬᠤ ᠶᠢ ᠳᠦᠷᠭᠡᠨ ᠠᠬᠢᠭᠤᠯᠵᠤ᠂ ᠳᠠᠷᠢᠶᠠᠴᠢᠳ ᠤᠨ ᠠᠮᠢᠳᠤᠷᠠᠯ ᠢ ᠨᠡᠩ ᠳᠤᠤᠷ᠎ᠠ ᠨᠡᠬᠦᠷᠡᠰᠦᠳᠦ᠋ᠷᠦᠭᠴᠢᠳᠤ | ᠤᠷᠴᠢᠨ ᠳᠤᠭᠤᠷᠢᠨ ᠢ ᠬᠠᠮᠠᠭᠠᠯᠠᠬᠤ ᠳᠡᠰᠢ ᠬᠤᠪᠢᠷᠠᠭᠤᠯᠤᠨ᠎ᠠ᠃ ᠦᠷᠭᠡᠨ ᠤᠯᠠᠨ ᠳᠦᠮᠡᠨ ᠢ ᠬᠦᠳᠡᠭᠡ ᠳᠤᠰᠬᠤᠨ ᠤ ᠤᠷᠤᠰᠢᠨ ᠰᠠᠭᠤᠷᠢᠰᠢᠬᠤ ᠤᠷᠴᠢᠨ | ᠳᠤᠭᠤᠷᠢᠨ ᠢ ᠵᠠᠰᠠᠨ ᠴᠡᠭᠴᠡᠯᠡᠬᠦ ᠳᠤᠮᠳᠠᠬᠢ ᠭᠤᠤᠯ ᠴᠤᠬᠴᠠ ᠶᠢᠨ ᠤᠶᠢᠯᠡᠳᠤᠯ ᠢ ᠨᠢ ᠪᠠᠳᠠᠷᠠᠭᠤᠯᠤᠨ᠂ ᠬᠦᠳᠡᠭᠡ ᠳᠤᠰᠬᠤᠨ ᠤ ᠤᠷᠴᠢᠨ ᠳᠤᠭᠤᠷᠢᠨ ᠢ ᠵᠠᠰᠠᠨ | ᠴᠡᠭᠴᠡᠯᠡᠬᠦ ᠠᠵᠢᠯ ᠢ ᠦᠷᠬᠦᠯᠵᠢᠯᠡᠨ ᠬᠦᠨᠵᠡᠭᠡᠢ ᠦᠷᠨᠢᠬᠦᠯᠬᠦ ᠶᠢ ᠠᠬᠢᠭᠤᠯᠤᠨ᠎ᠠ᠃ | ᠬᠦᠳᠡᠭᠡ ᠳᠤᠰᠬᠤᠨ ᠤ ᠡᠯ᠎ᠡ ᠳᠦᠷᠤᠯ ᠤᠨ ᠠᠵᠢᠯ ᠤᠶᠢᠯᠡᠰ ᠤᠨ ᠪᠦᠬᠦ ᠳᠠᠯ᠎ᠠ ᠪᠠᠷ ᠬᠦᠭᠵᠢᠬᠦ ᠶᠢ ᠠᠬᠢᠭᠤᠯᠤᠨ᠎ᠠ᠃ ᠬᠦᠳᠡᠭᠡ ᠳᠤᠰᠬᠤᠨ ᠢ ᠬᠦᠭᠵᠢᠬᠦᠯᠤᠨ | ᠮᠠᠨᠳᠤᠭᠤᠯᠬᠤ ᠳᠤ ᠴᠢᠳᠠᠪᠤᠷᠢᠳᠠᠨ ᠢᠶᠠᠷ ᠳᠤᠯᠭᠠᠭᠤᠷᠢᠯᠠᠭᠤᠯᠬᠤ ᠶᠢ ᠴᠢᠩᠭᠠᠳᠬᠠᠨ᠂ ᠵᠠᠰᠠᠭ ᠤᠨ ᠤᠷᠳᠤᠨ ᠤᠶᠢᠯᠡᠴᠢᠯᠡᠭᠡ ᠶᠢ ᠬᠤᠳᠠᠯᠳᠤᠨ ᠠᠪᠬᠤ᠂ ᠤᠯᠠᠨ ᠨᠡᠶᠢᠳᠡ | ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠳᠤᠬᠢᠷᠠᠭᠤᠯᠬᠤ ᠵᠡᠷᠭᠡ ᠠᠷᠭ᠎ᠠ ᠭᠡᠮᠵᠢᠶ᠎ᠠ ᠶᠢ ᠠᠪᠬᠤ ᠪᠠᠷ ᠳᠠᠮᠵᠢᠨ᠂ ᠨᠢᠭᠡ ᠪᠦᠯᠦᠭ ᠮᠠᠯ ᠳᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠵᠤ᠂ ᠦᠨᠳᠤᠰᠤᠨ ᠱᠠᠳᠤᠨ ᠤ ᠨᠢᠭᠡᠳᠤᠭᠡᠷ ᠹᠷᠤᠨᠲ ᠳᠤ ᠠᠵᠢᠯᠯᠠᠭᠤᠯᠤᠨ᠎ᠠ︔ | ᠬᠦᠳᠡᠭᠡ ᠳᠤᠰᠬᠤᠨ ᠤ ᠴᠢᠳᠠᠪᠤᠷᠢᠳᠠᠨ ᠤ ᠳᠠᠪᠴᠠᠩ ᠢ ᠪᠠᠶᠢᠭᠤᠯᠵᠤ᠂ ᠨᠤᠳᠤᠭ ᠤᠨ ᠴᠢᠳᠠᠪᠤᠷᠢᠳᠠᠨ᠂ ᠴᠢᠨᠡᠭᠡᠯᠢᠭᠵᠢᠯ ᠤᠨ ᠳᠠᠭᠠᠭᠤᠯᠤᠬᠴᠢ ᠪᠠ ᠬᠦᠳᠡᠭᠡ | ᠳᠤᠰᠬᠤᠨ ᠤ ᠺᠠᠳ᠋ᠷᠴᠤᠳ ᠢ ᠪᠤᠯᠪᠠᠰᠤᠷᠠᠭᠤᠯᠵᠤ ᠬᠦᠮᠤᠵᠢᠬᠦᠯᠬᠦ ᠬᠦᠴᠤᠯᠡᠴᠡ ᠪᠠᠨ ᠦᠷᠬᠦᠯᠵᠢᠯᠡᠨ ᠨᠡᠮᠡᠭᠳᠡᠬᠦᠯᠤᠨ᠂ ᠳᠠᠷᠢᠶᠠᠯᠠᠩ ᠢ ᠮᠡᠳᠡᠳᠡᠭ᠂ ᠬᠦᠳᠡᠭᠡ ᠳᠤᠰᠬᠤᠨ | ᠳᠤ ᠬᠠᠶᠢᠷᠠᠳᠠᠢ᠂ ᠳᠠᠷᠢᠶᠠᠴᠢᠳ ᠲᠤ ᠬᠠᠶᠢᠷᠠᠳᠠᠢ ᠨᠢᠭᠡᠨ ᠰᠠᠯᠠᠭ᠎ᠠ ᠠᠵᠢᠯᠯᠠᠬᠤ ᠡᠩᠨᠡᠭᠡ ᠶᠢ ᠪᠤᠯᠪᠠᠰᠤᠷᠠᠭᠤᠯᠤᠨ ᠭᠠᠷᠭᠠᠨ᠎ᠠ᠃ ᠦᠷᠭᠡᠨ ᠪᠦᠰᠡ ᠶᠢᠨ ᠰᠦᠯᠵᠢᠶ᠎ᠠ ᠶᠢ | ᠳᠤᠰᠬᠤᠨ ᠳᠤ ᠤᠷᠤᠭᠤᠯᠵᠤ ᠡᠷᠤᠭᠡ ᠳᠤ ᠬᠦᠷᠭᠡᠬᠦ ᠢᠨᠵᠧᠨᠧᠷᠢᠩ ᠢ ᠭᠡᠷᠡᠭᠵᠢᠬᠦᠯᠤᠨ᠂ ᠳᠠᠷᠢᠶᠠᠯᠠᠩ ᠬᠦᠳᠡᠭᠡ ᠳᠤᠰᠬᠤᠨ ᠳᠠᠷᠢᠶᠠᠴᠢᠳ ᠤᠨ ᠠᠵᠢᠯ ᠤᠨ ᠳᠠᠯ᠎ᠠ ᠪᠠᠷ | ᠨᠡᠩ ᠤᠯᠠᠨ ᠰᠢᠨ᠎ᠠ ᠶᠢ ᠡᠬᠦᠳᠴᠤ ᠤᠶᠢᠯᠡᠰ ᠪᠦᠳᠤᠭᠡᠬᠦ ᠳᠠᠪᠴᠠᠩ ᠢ ᠪᠠᠶᠢᠭᠤᠯᠤᠨ᠎ᠠ᠃ ᠬᠦᠳᠡᠭᠡ ᠳᠤᠰᠬᠤᠨ ᠤ ᠤᠰᠤ ᠴᠠᠬᠢᠯᠭᠠᠨ ᠵᠠᠮ ᠵᠡᠷᠭᠡ ᠴᠢᠬᠤᠯᠠ ᠰᠠᠭᠤᠷᠢ | ᠳᠦᠬᠦᠭᠡᠷᠤᠮᠵᠢ ᠶᠢ ᠦᠷᠬᠦᠯᠵᠢᠯᠡᠨ ᠳᠡᠬᠦᠯᠳᠡᠷᠵᠢᠬᠦᠯᠵᠤ᠂ ᠬᠦᠳᠡᠭᠡ ᠳᠤᠰᠬᠤᠨ ᠤ ᠵᠠᠰᠠᠮᠠᠯ ᠵᠠᠮ ᠤᠨ ᠳᠤᠤᠷ ᠢ ᠭᠤᠤᠯᠳᠠᠯᠭ᠎ᠠ ᠲᠠᠢ ᠰᠠᠶᠢᠳᠤᠷ ᠪᠦᠳᠤᠭᠡᠨ ᠪᠠᠶᠢᠭᠤᠯᠵᠤ | ᠂ ᠰᠠᠶᠢᠳᠤᠷ ᠬᠠᠮᠢᠶᠠᠷᠤᠨ᠂ ᠰᠠᠶᠢᠳᠤᠷ ᠬᠠᠮᠠᠭᠠᠯᠠᠵᠤ᠂ ᠰᠠᠶᠢᠳᠤᠷ ᠡᠵᠡᠩᠨᠡᠨ᠎ᠠ᠃ ᠠᠰᠢᠬᠯᠠᠮᠵᠢ ᠪᠠᠷ ᠳᠤᠤᠷ᠎ᠠ ᠳᠤᠰᠬᠤᠨ ᠤ ᠰᠤᠶᠤᠯ ᠤᠨ ᠦᠷᠤᠭᠡ᠂ ᠡᠷᠡᠬᠦᠯ | ᠬᠠᠮᠠᠭᠠᠯᠠᠯ ᠤᠨ ᠳᠠᠰᠤᠭ ᠤᠳ ᠢ ᠳᠤᠬᠢᠷᠠᠮᠵᠢᠳᠡᠢ ᠦᠭᠡᠷᠡᠴᠢᠯᠡᠨ ᠵᠠᠰᠠᠵᠤ᠂ ᠵᠤᠬᠢᠰᠳᠠᠢ ᠨᠡᠭᠡᠭᠡᠨ ᠠᠰᠢᠬᠯᠠᠨ᠎ᠠ᠃ ᠦᠪᠡᠷᠳᠡᠭᠡᠨ ᠵᠠᠰᠠᠬᠤ᠂ ᠬᠠᠤᠯᠢ ᠪᠠᠷ ᠵᠠᠰᠠᠬᠤ᠂ | ᠶᠤᠰᠤ ᠰᠤᠷᠳᠠᠬᠤᠨ ᠢᠶᠠᠷ ᠵᠠᠰᠠᠬᠤ ᠶᠢ ᠤᠶᠠᠯᠳᠤᠭᠤᠯᠤᠬᠰᠠᠨ ᠬᠦᠳᠡᠭᠡ ᠳᠤᠰᠬᠤᠨ ᠤ ᠵᠠᠰᠠᠯᠳᠠ ᠶᠢᠨ ᠰᠢᠰᠲ᠋ᠧᠮ ᠢ ᠳᠡᠬᠦᠯᠳᠡᠷᠵᠢᠬᠦᠯᠤᠨ᠂ ᠬᠦᠳᠡᠭᠡ ᠳᠤᠰᠬᠤᠨ ᠤ | ᠪᠤᠯᠪᠠᠰᠤᠨ ᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠨᠤᠳᠤᠭ ᠤᠨ ᠰᠢᠯᠢᠳᠡᠭ ᠰᠤᠶᠤᠯ ᠢ ᠵᠠᠯᠭᠠᠮᠵᠢᠯᠠᠨ ᠬᠦᠭᠵᠢᠬᠦᠯᠵᠤ᠂ ᠬᠦᠳᠡᠭᠡ ᠳᠤᠰᠬᠤᠨ ᠤ ᠨᠡᠶᠢᠭᠡᠮ ᠤᠨ | ᠪᠤᠯᠪᠠᠰᠤᠨ ᠤ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠦᠵᠡᠯ ᠰᠠᠨᠠᠭᠠᠨ ᠤ ᠬᠦᠮᠤᠵᠢᠯ ᠬᠢᠬᠦ᠂ | ᠬᠦᠬᠦᠷᠭᠡ ᠬᠤᠯᠪᠤᠭᠠᠰᠤ ᠪᠤᠯᠬᠤ᠂ ᠬᠤᠰᠢᠭᠤᠴᠢ ᠵᠢᠱᠢᠶᠡᠴᠢ ᠪᠤᠯᠬᠤ᠂ ᠳᠠᠶᠢᠴᠢᠯᠠᠨ ᠳᠡᠭᠡᠭᠰᠢᠯᠡᠬᠦᠯᠬᠦ ᠵᠡᠷᠭᠡ ᠳᠠᠯ᠎ᠠ ᠪᠠᠷ ᠬᠢ ᠤᠶᠢᠯᠡᠳᠤᠯ ᠢ ᠬᠦᠢᠴᠡᠳ | ᠪᠠᠳᠠᠷᠠᠭᠤᠯᠤᠨ᠂ ᠬᠦᠳᠡᠭᠡ ᠳᠤᠰᠬᠤᠨ ᠤ ᠢᠯᠡᠬᠦᠴᠡ ᠬᠦᠳᠡᠯᠮᠤᠷᠢ ᠬᠦᠴᠤᠨ ᠢ ᠴᠢᠨᠠᠬᠰᠢᠳᠠ ᠴᠢᠯᠦᠭᠡᠯᠡᠵᠤ᠂ ᠬᠦᠳᠡᠭᠡ ᠳᠤᠰᠬᠤᠨ ᠤ ᠡᠬᠢ ᠪᠠᠶᠠᠯᠢᠭ᠂ ᠬᠦᠷᠦᠩᠭᠡ | ᠶᠢ ᠠᠮᠢᠳᠤᠯᠢᠬᠵᠢᠭᠤᠯᠤᠨ᠂ ᠦᠷᠭᠡᠨ ᠤᠯᠠᠨ ᠳᠠᠷᠢᠶᠠᠴᠢᠨ ᠳᠦᠮᠡᠨ ᠤ ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠳᠤᠭᠡᠯᠴᠢ ᠴᠢᠨᠠᠷ ᠢ ᠳᠠᠶᠢᠴᠢᠯᠠᠵᠤ᠂ ᠳᠡᠳᠡᠨ | ᠤ ᠭᠤᠶᠤ ᠰᠠᠶᠢᠬᠠᠨ ᠠᠮᠢᠳᠤᠷᠠᠯ ᠢ ᠬᠦᠰᠡᠨ ᠡᠷᠡᠮᠡᠯᠵᠡᠬᠦ ᠶᠢ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠬᠦᠳᠡᠯᠭᠡᠭᠴᠢ ᠬᠦᠴᠤᠨ ᠪᠤᠯᠭᠠᠨ᠎ᠠ᠃ | ︵ᠵᠢᠷᠭᠤᠭ᠎ᠠ︶ ᠬᠤᠳᠠ ᠶᠢᠨ ᠤᠷᠤᠰᠢᠨ ᠰᠠᠭᠤᠷᠢᠰᠢᠬᠤ ᠬᠢᠷᠢ ᠳᠦᠪᠰᠢᠨ ᠢ ᠴᠢᠷᠮᠠᠶᠢᠨ ᠳᠡᠭᠡᠭᠰᠢᠯᠡᠬᠦᠯᠤᠨ᠎ᠠ᠃ ᠴᠢᠨᠠᠷᠵᠢᠯ ᠬᠤᠳᠠ ᠶᠢᠨ ᠪᠦᠳᠤᠭᠡᠨ ᠪᠠᠶᠢᠭᠤᠯᠤᠯᠳᠠ | ᠶᠢ ᠦᠷᠬᠦᠯᠵᠢᠯᠡᠨ ᠠᠬᠢᠭᠤᠯᠵᠤ᠂ ︽ᠭᠤᠷᠪᠠᠨ ᠬᠤᠳᠠ ᠶᠢ ᠬᠤᠯᠪᠤᠭᠠᠯᠠᠨ ᠪᠠᠶᠢᠭᠤᠯᠬᠤ︾ ᠦᠷ᠎ᠠ ᠪᠦᠳᠤᠮᠵᠢ ᠶᠢ ᠪᠠᠬᠢᠵᠢᠬᠦᠯᠤᠨ ᠪᠠᠳᠤᠳᠬᠠᠵᠤ᠂ ᠠᠷᠠᠳ ᠤᠯᠠᠨ ᠤ | ᠠᠮᠢᠳᠤᠷᠠᠯ ᠢ ᠤᠯᠠᠮ ᠳᠦᠬᠦᠮ᠂ ᠤᠯᠠᠮ ᠳᠠᠭᠠᠯᠠᠮᠵᠢᠳᠠᠢ᠂ ᠤᠯᠠᠮ ᠭᠤᠶᠤ ᠰᠠᠶᠢᠬᠠᠨ ᠪᠤᠯᠭᠠᠨ᠎ᠠ᠃ | ᠬᠦᠭᠵᠢᠯᠳᠡ ᠶᠢᠨ ᠪᠠᠶᠢᠷᠢᠰᠢᠯ ᠢ ᠬᠦᠴᠤᠯᠡᠨ ᠰᠢᠯᠢᠳᠡᠭᠵᠢᠬᠦᠯᠤᠨ᠎ᠠ᠃ ︽ᠳᠦᠯᠦᠪᠵᠢᠬᠦᠯᠭᠡ ᠶᠢ ᠬᠠᠮᠢᠶᠠᠷᠤᠨ ᠤᠷᠤᠨᠵᠢᠭᠤᠯᠵᠤ᠂ ᠬᠠᠷᠠᠯᠳᠠ ᠶᠢ ᠪᠡᠶᠡᠯᠡᠬᠦᠯᠬᠦ︾ | ᠤᠶᠢᠯᠠᠭᠠᠬᠳᠠᠬᠤᠨ ᠶᠤᠰᠤᠭᠠᠷ᠂ ︽ᠰᠢᠤᠸᠠᠢ ᠵᠢᠶᠠ ᠸᠠᠨ ᠳ᠋ᠠ ᠯᠤ᠋ ᠶᠢ ᠴᠤᠬᠴᠠᠵᠢᠭᠤᠯᠤᠬᠰᠠᠨ ᠬᠤᠳᠠ ᠶᠢᠨ ᠶᠡᠷᠦᠩᠭᠡᠢ ᠳᠦᠯᠦᠪᠵᠢᠬᠦᠯᠭᠡ ︵2012 - 2030︶ | ︾ ᠶᠢ ᠡᠬᠢᠯᠡᠨ ᠵᠠᠰᠠᠪᠤᠷᠢ ᠤᠷᠤᠭᠤᠯᠤᠨ ᠨᠠᠶᠢᠷᠠᠭᠤᠯᠵᠤ᠂ ︽ᠬᠤᠰᠢᠭᠤᠨ ᠤ ᠳᠤᠭᠤᠷᠢᠭ ᠤᠨ ᠠᠶᠢᠯ ᠳᠤᠰᠬᠤᠨ ᠤ ᠪᠦᠳᠤᠭᠡᠨ ᠪᠠᠶᠢᠭᠤᠯᠤᠯᠳᠠ ᠶᠢᠨ | ᠳᠦᠯᠦᠪᠵᠢᠬᠦᠯᠭᠡ︾ ᠶᠢ ᠨᠠᠶᠢᠷᠠᠭᠤᠯᠤᠨ ᠵᠤᠬᠢᠶᠠᠵᠤ᠂ ᠯᠦᠩ ᠺᠸᠤ᠂ ᠨᠤᠸᠠᠨ ᠱᠦᠢ ᠵᠡᠷᠭᠡ 5 ᠰᠢᠶᠠᠩ ᠪᠠᠯᠭᠠᠰᠤᠨ ᠤ ᠶᠡᠷᠦᠩᠭᠡᠢ ᠳᠦᠯᠦᠪᠵᠢᠬᠦᠯᠭᠡ ᠪᠠ | ᠬᠢᠵᠠᠭᠠᠷᠯᠠᠬᠤ ᠴᠢᠨᠠᠷᠳᠠᠢ ᠨᠠᠷᠢᠯᠢᠭ ᠳᠦᠯᠦᠪᠵᠢᠬᠦᠯᠭᠡ ᠳᠤ ᠵᠠᠰᠠᠪᠤᠷᠢ ᠤᠷᠤᠭᠤᠯᠤᠨ ᠨᠠᠶᠢᠷᠠᠭᠤᠯᠬᠤ ᠠᠵᠢᠯ ᠢ ᠪᠡᠶᠡᠯᠡᠬᠦᠯᠤᠨ᠎ᠠ᠃ ᠠᠵᠤ ᠤᠶᠢᠯᠡᠰ ᠤᠨ ᠪᠠᠶᠢᠷᠢ | ᠳᠤᠬᠳᠠᠭᠠᠯᠳᠠ ᠶᠢ ᠳᠤᠳᠤᠷᠬᠠᠶᠢᠯᠠᠬᠤ᠂ ᠰᠤᠶᠤᠯ ᠤᠨ ᠠᠭᠤᠯᠬᠤᠨ ᠢ ᠪᠠᠶᠠᠯᠢᠬᠵᠢᠭᠤᠯᠬᠤ᠂ ᠦᠩᠭᠡ ᠦᠵᠡᠮᠵᠢ ᠶᠢ ᠦᠪᠡᠷᠮᠢᠴᠡ ᠤᠨᠴᠠᠭᠠᠢ ᠪᠠᠶᠢᠯᠭᠠᠬᠤ ᠪᠠᠷᠢᠮᠵᠢᠶ᠎ᠠ | ᠪᠠᠷ᠂ ᠯᠦᠩ ᠺᠸᠤ᠂ ᠱᠠᠬᠳᠠᠷ᠂ ᠪᠤᠷᠤᠳᠤᠬᠤᠢ᠂ ᠵᠡᠬᠦᠨᠭᠠᠷ ᠵᠤᠤ ᠶᠢ ᠤᠷᠤᠨ ᠨᠤᠳᠤᠭ ᠤᠨ ᠤᠨᠴᠠᠯᠢᠭ ᠲᠠᠢ ᠪᠠᠭ᠎ᠠ ᠬᠤᠳᠠ ᠪᠠᠯᠭᠠᠰᠤ ᠪᠤᠯᠭᠠᠨ ᠪᠦᠳᠤᠭᠡᠨ | ᠪᠠᠶᠢᠭᠤᠯᠤᠨ᠎ᠠ᠃ | ᠬᠤᠳᠠ ᠶᠢᠨ ᠴᠢᠳᠠᠪᠢ ᠶᠢ ᠴᠢᠷᠮᠠᠶᠢᠨ ᠳᠡᠭᠡᠭᠰᠢᠯᠡᠬᠦᠯᠤᠨ᠎ᠠ᠃ ᠬᠤᠳᠠ ᠶᠢᠨ ᠤᠷᠤᠨ ᠵᠠᠢ ᠶᠢ ᠦᠷᠭᠡᠳᠭᠡᠨ᠂ ᠵᠡᠭᠡᠯᠢ ᠦᠩᠭᠡᠷᠡᠬᠦ ᠱᠠᠳᠤᠳᠤ ᠬᠦᠬᠦᠷᠭᠡ᠂ ᠭᠠᠵᠠᠷ | ᠳᠤᠤᠷᠠᠬᠢ ᠬᠤᠭᠤᠯᠠᠢ ᠳᠤᠤᠷ᠂ ᠪᠤᠰᠤᠭ᠎ᠠ ᠴᠤᠬᠴᠠᠳᠤ ᠳᠡᠷᠭᠡᠨ ᠵᠤᠬᠰᠤᠭᠠᠯ ᠵᠡᠷᠭᠡ ᠪᠠᠷᠢᠯᠭ᠎ᠠ ᠨᠤᠭᠤᠳ ᠢ ᠰᠦᠪᠡᠭᠴᠢᠯᠡᠨ ᠪᠠᠶᠢᠭᠤᠯᠵᠤ᠂ ᠬᠦᠮᠤᠰ ᠤᠨ ᠵᠠᠮ ᠶᠠᠪᠤᠬᠤ | ᠠᠮᠤᠷ ᠳᠦᠪᠰᠢᠨ ᠢ ᠪᠠᠳᠤᠯᠠᠨ᠂ ᠳᠡᠷᠭᠡ ᠵᠤᠬᠰᠤᠭᠠᠬᠤ ᠳᠤ ᠬᠦᠴᠢᠷ ᠠᠰᠠᠭᠤᠳᠠᠯ ᠢ ᠰᠢᠢᠳᠪᠤᠷᠢᠯᠡᠨ᠎ᠠ᠃ ᠰᠢᠤᠸᠠᠢ ᠵᠢᠶᠠ ᠸᠠᠨ ᠳ᠋ᠠ ᠯᠤ᠋ ᠶᠢᠨ ᠳᠦᠷᠭᠡᠨ ᠤ ᠵᠠᠮ | ᠤᠨ ᠪᠠᠷᠢᠯᠭ᠎ᠠ ᠶᠢ ᠪᠦᠬᠦᠶᠢᠯᠡ ᠴᠤᠬᠴᠠ ᠪᠠᠷ ᠰᠠᠶᠢᠵᠢᠷᠠᠭᠤᠯᠤᠨ ᠦᠭᠡᠷᠡᠴᠢᠯᠡᠵᠤ᠂ ᠨᠠᠮ ᠤᠨ ᠰᠤᠷᠭᠠᠭᠤᠯᠢ ᠶᠢᠨ ᠶᠡᠷᠦᠩᠭᠡᠶᠢᠯᠡᠭᠰᠡᠨ ᠠᠰᠠᠷ ᠤᠨ ᠳᠦᠷᠤᠯ ᠵᠤᠶᠢᠯ | ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠂ ᠰᠢᠤᠸᠠᠢ ᠵᠢᠶᠠ ᠸᠠᠨ ᠳ᠋ᠠ ᠯᠤ᠋ ᠬᠤᠶᠠᠷ ᠬᠤᠳᠠ ᠶᠢᠨ ᠬᠤᠯᠪᠤᠯᠳᠤᠯ ᠠᠭᠤᠰᠤᠯᠴᠠᠯ ᠢ ᠴᠢᠨᠠᠬᠰᠢᠳᠠ | ᠴᠢᠩᠭᠠᠳᠬᠠᠨ᠎ᠠ᠃ ᠵᠡᠬᠦᠨᠭᠠᠷ ᠤᠨ ᠡᠨᠧᠷᠬᠢ ᠶᠢᠨ ᠺᠤᠮᠫᠠᠨᠢ ᠶᠢᠨ ᠠᠵᠢᠯᠳᠠᠳ ᠤᠨ ᠠᠮᠢᠳᠤᠷᠠᠯ ᠤᠨ ᠳᠤᠭᠤᠷᠢᠭ ᠲᠤ ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ | ᠶᠢᠨ ᠰᠤᠶᠢᠳᠭᠡᠯ︾ ᠢ ᠳᠤᠰᠢᠶᠠᠬᠤ ᠶᠢ ᠳᠤᠰᠠᠭᠠᠷᠯᠠᠨ᠂ ᠰᠢᠤᠸᠠᠢ ᠵᠢᠶᠠ ᠸᠠᠨ᠂ ᠱᠠᠬᠳᠠᠷ ᠤᠨ ᠬᠤᠳᠠ ᠶᠢᠨ ᠰᠠᠭᠤᠷᠢ ᠳᠦᠬᠦᠭᠡᠷᠤᠮᠵᠢ ᠶᠢ ᠰᠡᠯᠪᠢᠨ ᠵᠠᠰᠠᠬᠤ | ᠦᠭᠡᠷᠡᠴᠢᠯᠡᠨ ᠵᠠᠰᠠᠬᠤ᠂ ᠬᠠᠭᠤᠴᠢᠨ ᠳᠤᠭᠤᠷᠢᠭ ᠤᠨ ᠭᠠᠵᠠᠷ ᠳᠤᠤᠷᠠᠬᠢ ᠬᠤᠭᠤᠯᠠᠢ ᠳᠤᠤᠷ ᠢ ᠦᠭᠡᠷᠡᠴᠢᠯᠡᠨ ᠵᠠᠰᠠᠬᠤ ᠪᠠᠷᠢᠯᠭ᠎ᠠ ᠶᠢ ᠦᠷᠬᠦᠯᠵᠢᠯᠡᠨ ᠠᠬᠢᠭᠤᠯᠵᠤ᠂ | ᠯᠦᠩ ᠸᠠᠩ ᠭᠸᠤ ᠶᠢᠨ ᠪᠤᠬᠢᠷ ᠤᠰᠤ ᠶᠢ ᠨᠠᠷᠢᠯᠢᠭ ᠰᠢᠢᠳᠪᠤᠷᠢᠯᠡᠬᠦ ᠤᠶᠢᠯᠡᠳᠪᠤᠷᠢ᠂ ᠬᠤᠭ ᠨᠤᠪᠰᠢ ᠪᠠ ᠬᠠᠳᠠᠭᠤ ᠪᠡᠶᠡᠳᠤ ᠬᠠᠶᠠᠬᠳᠠᠮᠠᠯ ᠪᠤᠳᠠᠰ ᠢ ᠶᠡᠷᠦᠩᠭᠡᠶᠢᠯᠡᠨ | ᠰᠢᠢᠳᠪᠤᠷᠢᠯᠡᠬᠦ ᠤᠶᠢᠯᠡᠳᠪᠤᠷᠢ ᠶᠢᠨ ᠪᠦᠳᠤᠭᠡᠨ ᠪᠠᠶᠢᠭᠤᠯᠤᠯᠳᠠ ᠶᠢ ᠳᠦᠷᠭᠡᠨ ᠠᠬᠢᠭᠤᠯᠤᠨ᠂ ᠬᠤᠳᠠ ᠶᠢᠨ ᠴᠢᠳᠠᠪᠬᠢ ᠶᠢ ᠦᠨᠡᠨᠬᠦ ᠴᠢᠩᠭᠠᠳᠬᠠᠨ᠎ᠠ᠃ ᠬᠦᠬᠡᠬᠤᠳᠠ | ᠵᠡᠬᠦᠨᠭᠠᠷ ᠤᠷᠳᠤᠰ ᠤᠨ ᠳᠡᠮᠤᠷ ᠵᠠᠮ ᠤᠨ ᠬᠦᠳᠡᠯᠭᠡᠬᠦ ᠬᠦᠴᠤᠨ ᠤ ᠭᠠᠯᠳᠤ ᠳᠡᠷᠭᠡ ᠶᠢ ᠨᠡᠪᠳᠡᠷᠡᠬᠦᠯᠵᠤ᠂ ᠤᠯᠠᠨ ᠳᠦᠮᠡᠨ ᠤ ᠶᠠᠪᠤᠵᠤ ᠰᠠᠭᠤᠬᠤ ᠳᠤ ᠤᠯᠠᠮ | ᠳᠦᠬᠦᠮ ᠪᠤᠯᠭᠠᠨ᠎ᠠ᠃ | ᠬᠤᠳᠠ ᠶᠢᠨ ᠳᠦᠷᠢ ᠳᠦᠷᠬᠦ ᠶᠢ ᠴᠢᠷᠮᠠᠶᠢᠨ ᠳᠡᠭᠡᠭᠰᠢᠯᠡᠬᠦᠯᠤᠨ᠎ᠠ᠃ ᠴᠢᠬᠤᠯᠠ ᠭᠠᠵᠠᠷ᠂ ᠵᠠᠩᠬᠢᠯᠠᠭ᠎ᠠ ᠶᠢᠨ ᠪᠠᠶᠢᠷᠢ ᠶᠢᠨ ᠴᠡᠴᠡᠷᠯᠢᠭᠵᠢᠬᠦᠯᠦᠯᠳᠡ | ᠨᠤᠭᠤᠭᠠᠷᠠᠭᠤᠯᠤᠯᠳᠠ ᠶᠢᠨ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠤ᠂ ᠲᠠᠬᠠᠷ ᠭᠤᠤᠯ ᠢ ᠶᠡᠷᠦᠩᠭᠡᠶᠢᠯᠡᠨ ᠵᠠᠰᠠᠬᠤ ᠶᠢ ᠳᠦᠷᠭᠡᠨ ᠠᠬᠢᠭᠤᠯᠤᠨ᠂ | ᠭᠤᠤᠯᠳᠠᠯᠭᠠᠳᠤ ᠬᠤᠳᠠ ᠶᠢᠨ ᠳᠤᠭᠤᠷᠢᠭ ᠤᠨ ᠠᠮᠢ ᠠᠬᠤᠢ ᠶᠢᠨ ᠤᠷᠴᠢᠨ ᠳᠤᠭᠤᠷᠢᠨ ᠤ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠳᠡᠭᠡᠭᠰᠢᠯᠡᠬᠦᠯᠤᠨ᠎ᠠ᠃ ᠤᠷᠤᠨ | ᠰᠠᠭᠤᠴᠠ ᠶᠢᠨ ᠳᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢ ᠶᠡᠷᠦᠩᠭᠡᠶᠢᠯᠡᠨ ᠵᠠᠰᠠᠬᠤ ᠶᠢ ᠳᠦᠷᠭᠡᠳᠭᠡᠵᠤ᠂ ᠠᠳᠠᠯ ᠠᠬᠤᠢ ᠶᠢᠨ ᠪᠠᠷᠢᠮᠵᠢᠶᠠᠵᠢᠭᠤᠯᠤᠬᠰᠠᠨ | ᠬᠠᠮᠢᠶᠠᠷᠤᠯᠳᠠ ᠶᠢᠨ ᠵᠠᠬᠪᠤᠷ ᠢ ᠳᠡᠯᠭᠡᠷᠡᠬᠦᠯᠤᠨᠠ᠃ ᠤᠷᠴᠢᠨ ᠳᠤᠭᠤᠷᠢᠨ ᠤ ᠡᠷᠡᠬᠦᠯ ᠬᠠᠮᠠᠭᠠᠯᠠᠯ᠂ ᠴᠡᠴᠡᠷᠯᠢᠭᠵᠢᠬᠦᠯᠦᠯᠳᠡ ᠶᠢᠨ ᠬᠠᠮᠢᠶᠠᠷᠤᠯᠳᠠ ᠬᠠᠮᠠᠭᠠᠯᠠᠯᠳᠠ᠂ | ᠬᠤᠳᠠ ᠶᠢᠨ ᠳᠦᠷᠢ ᠳᠦᠷᠬᠦ ᠵᠡᠷᠭᠡ ᠬᠤᠳᠠ ᠶᠢᠨ ᠶᠡᠷᠦᠩᠭᠡᠶᠢᠯᠡᠭᠰᠡᠨ ᠬᠠᠮᠢᠶᠠᠷᠤᠯᠳᠠ ᠶᠢ ᠴᠢᠩᠭᠠᠳᠬᠠᠨ᠂ ᠬᠤᠳᠠ ᠶᠢᠨ ᠨᠠᠷᠢᠯᠢᠭᠵᠢᠭᠤᠯᠤᠬᠰᠠᠨ ᠬᠠᠮᠢᠶᠠᠷᠤᠯᠳᠠ ᠶᠢᠨ | ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠤᠨ᠎ᠠ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ᠂ ᠴᠢᠭᠡᠴᠢ ᠵᠠᠰᠠᠭ ᠤᠨ ᠰᠤᠶᠤᠯ ᠤᠨ | ᠭᠤᠤᠯ ᠰᠡᠳᠤᠪᠳᠤ ᠴᠡᠴᠡᠷᠯᠢᠭ ᠵᠡᠷᠭᠡ ᠡᠷᠭᠡᠳᠤ ᠠᠷᠠᠳ ᠤᠨ ᠶᠤᠰᠤ ᠰᠤᠷᠳᠠᠬᠤᠨ ᠤ ᠪᠠᠶᠢᠭᠤᠯᠤᠯᠳᠠ ᠶᠢᠨ ᠢᠨᠵᠧᠨᠧᠷᠢᠩ ᠢ ᠴᠢᠨᠠᠬᠰᠢᠳᠠ ᠳᠡᠬᠦᠯᠳᠡᠷᠵᠢᠬᠦᠯᠤᠨ᠂ | ᠬᠤᠳᠠ ᠶᠢᠨ ᠠᠷᠠᠳ ᠤᠨ ᠭᠡᠪ ᠪᠤᠯᠪᠠᠰᠤᠷᠠᠯ ᠢ ᠴᠢᠷᠮᠠᠶᠢᠨ ᠳᠡᠭᠡᠭᠰᠢᠯᠡᠬᠦᠯᠵᠤ᠂ ᠪᠤᠯᠪᠠᠰᠤᠨ ᠬᠤᠳᠠ ᠶᠢᠨ ᠭᠡᠪ ᠨᠠᠮᠪᠠ ᠶᠢ ᠢᠯᠡᠷᠡᠬᠦᠯᠤᠨ᠎ᠠ᠃ | ︵ᠳᠤᠯᠤᠭ᠎ᠠ︶ ᠪᠤᠬᠢᠷᠳᠤᠯ ᠦᠭᠡᠢ ᠵᠡᠬᠦᠨᠭᠠᠷ ᠤᠨ ᠪᠦᠳᠤᠭᠡᠨ ᠪᠠᠶᠢᠭᠤᠯᠤᠯᠳᠠ ᠶᠢ ᠬᠦᠨᠵᠡᠭᠡᠢ ᠠᠬᠢᠭᠤᠯᠤᠨ᠎ᠠ᠃ ︽ᠬᠦᠭᠡᠮᠳᠦᠭ ᠠᠭᠤᠯᠠ ᠴᠡᠩᠭᠡᠭ ᠤᠰᠤ ᠪᠤᠯ | ᠠᠯᠳᠠ ᠮᠦᠩᠬᠦᠨ ᠠᠭᠤᠯᠠ ᠮᠦᠨ︾ ᠭᠡᠬᠦ ᠬᠦᠭᠵᠢᠯᠳᠡ ᠶᠢᠨ ᠤᠶᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠵᠤ᠂ ᠠᠷᠪᠢᠯᠠᠨ ᠭᠠᠮᠨᠠᠬᠤ᠂ ᠬᠠᠮᠠᠭᠠᠯᠠᠬᠤ ᠶᠢ | ᠴᠢᠬᠤᠯᠠᠴᠢᠯᠠᠨ᠂ ᠠᠶᠠᠨᠳᠠᠭᠠᠨ ᠰᠡᠷᠬᠦᠬᠦ ᠪᠠᠷ ᠭᠤᠤᠯ ᠪᠤᠯᠭᠠᠬᠰᠠᠨ ᠴᠢᠭᠯᠡᠯᠳᠡ ᠶᠢ ᠪᠠᠷᠢᠮᠳᠠᠯᠠᠨ᠂ ᠪᠦᠬᠦ ᠬᠤᠰᠢᠭᠤᠨ ᠤ ᠠᠷᠠᠳ ᠳᠦᠮᠡᠨ ᠳᠤ ᠨᠡᠩ ᠭᠤᠶᠤ ᠰᠠᠶᠢᠬᠠᠨ | ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠡᠬᠦᠳᠤᠨ ᠦᠭᠬᠦᠨ᠎ᠠ᠃ | ᠠᠮᠢ ᠠᠬᠤᠢ ᠶᠢ ᠬᠠᠮᠠᠭᠠᠯᠠᠵᠤ ᠰᠡᠷᠬᠦᠭᠡᠬᠦ ᠬᠦᠴᠤᠯᠡᠴᠡ ᠶᠢ ᠨᠡᠮᠡᠭᠳᠡᠬᠦᠯᠤᠨ᠎ᠠ᠃ ᠠᠵᠤ ᠠᠬᠤᠶᠢᠯᠠᠯ᠂ ᠨᠡᠶᠢᠭᠡᠮ ᠤᠨ ᠵᠤᠬᠢᠶᠠᠨ ᠪᠠᠶᠢᠭᠤᠯᠤᠯᠳᠠ᠂ ᠬᠤᠪᠢ ᠬᠦᠮᠤᠨ | ᠵᠡᠷᠭᠡ ᠡᠯ᠎ᠠ ᠳᠠᠯ᠎ᠠ ᠶᠢᠨ ᠬᠢᠨ ᠢ ᠵᠢᠯᠤᠭᠤᠳᠤᠨ ᠳᠠᠭᠠᠭᠤᠯᠵᠤ ᠪᠠᠶᠢᠭᠠᠳ ᠪᠡᠯᠡ ᠤᠷᠤᠭᠤᠯᠤᠯᠳᠠ ᠬᠢᠯᠭᠡᠨ᠂ ᠶᠡᠭᠡ ᠭᠡᠪᠴᠢᠶᠡᠨ ᠤ ᠤᠯᠤᠰ ᠤᠨ ᠭᠠᠵᠠᠷ ᠰᠢᠷᠤᠢ ᠶᠢ | ᠨᠤᠭᠤᠭᠠᠷᠠᠭᠤᠯᠬᠤ ᠠᠵᠢᠯᠯᠠᠭ᠎ᠠ ᠶᠢ ᠦᠷᠨᠢᠬᠦᠯᠤᠨ᠎ᠠ᠃ ᠪᠠᠶᠢᠭᠠᠯᠢᠯᠢᠭ ᠤᠢ ᠶᠢ ᠬᠠᠮᠠᠭᠠᠯᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠪᠡᠭᠡᠵᠢᠩ ᠲᠢᠶᠠᠨᠵᠢᠨ ᠤ | ᠰᠠᠯᠬᠢ ᠡᠯᠡᠰᠤᠨ ᠤ ᠢᠷᠡᠯᠳᠡ ᠶᠢ ᠵᠠᠰᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠬᠠᠳᠤᠨ ᠭᠤᠤᠯ ᠳᠠᠭᠠᠤ ᠠᠮᠢ ᠠᠬᠤᠢ ᠶᠢᠨ ᠬᠤᠩᠬᠢᠯ ᠤᠨ ᠪᠦᠳᠤᠭᠡᠨ | ᠪᠠᠶᠢᠭᠤᠯᠤᠯᠳᠠ ᠪᠠ ᠬᠦᠷᠤᠰᠤ ᠰᠢᠷᠤᠢ ᠶᠢᠨ ᠢᠳᠡᠭᠳᠡᠯ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠶᠢᠨ ᠪᠠᠷᠢᠯᠭ᠎ᠠ ᠶᠢ | ᠬᠦᠨᠵᠡᠭᠡᠢ ᠠᠬᠢᠭᠤᠯᠤᠨ᠂ ᠤᠢ ᠰᠢᠭᠤᠢ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠶᠢ 11.08 ᠳᠦᠮᠡᠨ ᠮᠤ᠋᠂ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ | ᠪᠦᠳᠤᠭᠡᠨ ᠪᠠᠶᠢᠭᠤᠯᠤᠯᠳᠠ ᠶᠢ 75 ᠳᠦᠮᠡᠨ ᠮᠤ᠋᠂ ᠬᠦᠷᠤᠰᠤ ᠰᠢᠷᠤᠢ ᠶᠢᠨ ᠢᠳᠡᠭᠳᠡᠯ ᠤᠨ ᠶᠡᠷᠦᠩᠭᠡᠶᠢᠯᠡᠭᠰᠡᠨ ᠵᠠᠰᠠᠯᠳᠠ ᠶᠢ 4.8 ᠳᠦᠮᠡᠨ ᠮᠤ᠋ ᠪᠡᠶᠡᠯᠡᠬᠦᠯᠤᠨ᠎ᠠ᠃ | ᠮᠠᠯ ᠪᠡᠯᠴᠢᠭᠡᠷᠯᠡᠬᠦᠯᠬᠦ ᠭᠠᠵᠠᠷ ᠬᠠᠭᠠᠯᠪᠤᠷᠢᠯᠠᠬᠤ ᠶᠢ ᠬᠤᠷᠢᠬᠯᠠᠬᠤ ᠳᠦᠷᠦ ᠶᠢᠨ ᠪᠤᠳᠤᠯᠭ᠎ᠠ ᠶᠢ ᠴᠢᠩᠭ᠎ᠠ ᠭᠡᠷᠡᠭᠵᠢᠬᠦᠯᠤᠨ᠂ ︽ᠭᠤᠷᠪᠠᠨ ᠤᠷᠤᠨ︾ ᠤ ᠬᠦᠭᠵᠢᠯᠳᠡ | ᠶᠢᠨ ᠳᠦᠯᠦᠪᠵᠢᠬᠦᠯᠭᠡ ᠶᠢ ᠰᠠᠶᠢᠳᠤᠷ ᠨᠠᠶᠢᠳᠠᠪᠤᠷᠢᠵᠢᠭᠤᠯᠤᠨ᠎ᠠ᠃ | ᠪᠤᠬᠢᠷᠳᠤᠯ ᠦᠭᠡᠢ ᠬᠦᠭᠵᠢᠯᠳᠡ ᠶᠢ ᠢᠳᠡᠪᠬᠢᠳᠡᠢ ᠠᠬᠢᠭᠤᠯᠤᠨ᠎ᠠ᠃ ᠠᠵᠤ ᠤᠶᠢᠯᠡᠰ ᠤᠨ ᠤᠷᠤᠵᠤ ᠢᠷᠡᠬᠦ ᠶᠢ ᠵᠦᠪᠰᠢᠶᠡᠷᠡᠬᠦ ᠪᠤᠭᠤᠮᠳᠠ ᠶᠢ ᠴᠢᠩᠭᠠᠳᠬᠠᠨ᠂ | ᠡᠨᠧᠷᠬᠢ ᠠᠷᠪᠢᠯᠠᠵᠤ ᠤᠷᠴᠢᠨ ᠳᠤᠭᠤᠷᠢᠨ ᠢ ᠬᠠᠮᠠᠭᠠᠯᠠᠬᠤ᠂ ᠴᠡᠪᠡᠷ ᠡᠨᠧᠷᠬᠢ ᠶᠢᠨ ᠠᠵᠤ ᠤᠶᠢᠯᠡᠰ ᠢ ᠶᠡᠬᠡᠪᠡᠷ ᠬᠦᠭᠵᠢᠬᠦᠯᠵᠤ᠂ ᠨᠢᠭᠡ ᠪᠦᠯᠦᠭ ᠪᠤᠬᠢᠷᠳᠤᠯ ᠦᠭᠡᠢ | ᠠᠵᠤ ᠠᠬᠤᠶᠢᠯᠠᠯ᠂ ᠪᠤᠬᠢᠷᠳᠤᠯ ᠦᠭᠡᠢ ᠠᠭᠤᠷᠬᠠᠢ ᠶᠢ ᠪᠦᠳᠤᠭᠡᠨ ᠪᠠᠶᠢᠭᠤᠯᠤᠨ᠎ᠠ᠃ ᠳᠦᠬᠦᠮ ᠳᠠᠭᠠᠯᠠᠮᠵᠢᠳᠠᠢ᠂ ᠪᠤᠬᠢᠷᠳᠤᠯ ᠦᠭᠡᠢ ᠳᠤᠤᠷ᠎ᠠ | ᠨᠡᠬᠦᠷᠡᠰᠦᠳᠦ᠋ᠷᠦᠭᠴᠢᠳᠤ ᠠᠮᠢᠳᠤᠷᠠᠯ ᠤᠨ ᠠᠷᠭ᠎ᠠ ᠭᠡᠯᠪᠡᠷᠢ ᠶᠢ ᠰᠠᠨᠠᠭᠠᠴᠢᠯᠠᠨ᠂ ᠠᠷᠪᠢᠯᠠᠨ ᠭᠠᠮᠨᠠᠬᠤ ᠮᠠᠶ᠋ᠢᠭ ᠤᠨ ᠠᠯᠪᠠᠨ ᠪᠠᠶᠢᠭᠤᠯᠭ᠎ᠠ᠂ ᠪᠤᠬᠢᠷᠳᠤᠯ ᠦᠭᠡᠢ ᠭᠡᠷ | ᠪᠦᠯᠢ᠂ ᠪᠤᠬᠢᠷᠳᠤᠯ ᠦᠭᠡᠢ ᠰᠤᠷᠭᠠᠭᠤᠯᠢ᠂ ᠪᠤᠬᠢᠷᠳᠤᠯ ᠦᠭᠡᠢ ᠨᠡᠶᠢᠭᠡᠮ ᠳᠤᠭᠤᠷᠢᠭ ᠢ ᠢᠳᠡᠪᠬᠢᠳᠡᠢ ᠡᠬᠦᠳᠤᠨ ᠪᠠᠶᠢᠭᠤᠯᠤᠨ᠎ᠠ᠃ | ᠠᠮᠢ ᠠᠬᠤᠢ ᠶᠢᠨ ᠤᠯᠠᠭᠠᠨ ᠱᠤᠭᠤᠮ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠷᠴᠢᠨ ᠳᠤᠭᠤᠷᠢᠨ ᠤ ᠬᠠᠮᠠᠭᠠᠯᠠᠯᠳᠠ ᠳᠤ ︽ᠨᠠᠮ ᠵᠠᠰᠠᠭ ᠠᠳᠠᠯᠢᠬᠠᠨ | ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠬᠦᠷᠦᠩᠭᠡ ᠳᠤ ᠳᠤᠰᠢᠶᠠᠯ ᠠᠴᠠ ᠪᠠᠨ ᠰᠠᠯᠬᠤ ᠦᠶᠡᠰ ᠬᠢᠨᠠᠨ ᠪᠤᠳᠤᠯᠳᠠ ᠬᠢᠬᠦ ᠪᠠ ᠨᠠᠰᠤᠨ ᠳᠤᠷᠰᠢᠳᠠ | ᠬᠠᠷᠢᠭᠤᠴᠠᠯᠭ᠎ᠠ ᠨᠡᠭᠡᠮᠵᠢᠯᠡᠬᠦ ᠵᠡᠷᠭᠡ ᠳᠦᠷᠢᠮ ᠢ ᠪᠦᠬᠦ ᠳᠠᠯ᠎ᠠ ᠪᠠᠷ ᠭᠡᠷᠡᠭᠵᠢᠬᠦᠯᠵᠤ᠂ ᠪᠠᠶᠢᠭᠠᠯᠢ ᠶᠢᠨ ᠡᠬᠢ ᠪᠠᠶᠠᠯᠢᠭ ᠢ ᠦᠨ᠎ᠡ ᠳᠦᠯᠤᠪᠤᠷᠢ ᠲᠠᠢ ᠭᠡᠷᠡᠭᠯᠡᠬᠦ᠂ ᠠᠮᠢ | ᠠᠬᠤᠢ ᠶᠢᠨ ᠤᠷᠴᠢᠨ ᠳᠤᠭᠤᠷᠢᠨ ᠢ ᠬᠦᠨᠤᠭᠡᠪᠡᠯ ᠳᠦᠯᠤᠪᠤᠷᠢ ᠦᠭᠬᠦ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠪᠦᠳᠤᠭᠡᠨ | ᠪᠠᠶᠢᠭᠤᠯᠤᠯᠳᠠ ᠪᠠ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠤᠨ ᠪᠦᠳᠤᠮᠵᠢ ᠶᠢ ᠬᠢᠨᠠᠨ ᠰᠢᠯᠭᠠᠷᠠᠭᠤᠯᠬᠤ ᠶᠢ ᠴᠢᠩᠭᠠᠳᠬᠠᠵᠤ᠂ ᠳᠦᠷᠢᠮ ᠢᠶᠠᠷ | ᠡᠮᠢᠶᠡᠯᠭᠡᠬᠦ ᠤᠶᠢᠯᠡᠳᠤᠯ ᠢ ᠨᠢ ᠦᠨᠡᠨᠬᠦ ᠪᠠᠳᠠᠷᠠᠭᠤᠯᠤᠨ᠎ᠠ᠃ ᠤᠷᠴᠢᠨ ᠳᠤᠭᠤᠷᠢᠨ ᠤ ᠬᠠᠤᠯᠢ ᠬᠦᠢᠴᠡᠳᠭᠡᠬᠦ ᠬᠢᠨᠠᠨ ᠭᠡᠮᠵᠢᠬᠦ ᠳᠤᠬᠳᠠᠯᠴᠠᠭ᠎ᠠ ᠪᠠ ᠮᠡᠳᠡᠭᠡ ᠵᠠᠩᠬᠢᠵᠢᠯᠳᠡ | ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠠᠤᠯᠢ ᠬᠦᠢᠴᠡᠳᠭᠡᠬᠦ ᠬᠦᠴᠤᠯᠡᠴᠡ ᠶᠢ ᠨᠡᠮᠡᠭᠳᠡᠬᠦᠯᠤᠨ᠂ ᠤᠷᠴᠢᠨ | ᠳᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠳᠤ ᠡᠷᠡᠰ ᠴᠤᠬᠢᠯᠳᠠ ᠦᠭᠬᠦᠨ᠎ᠠ᠃ | ︵ᠨᠠᠢᠮᠠ︶ ᠠᠷᠠᠳ ᠤᠨ ᠠᠮᠢᠳᠤᠷᠠᠯ ᠢ ᠪᠠᠳᠤᠯᠠᠵᠤ ᠰᠠᠶᠢᠵᠢᠷᠠᠭᠤᠯᠬᠤ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠠᠷᠠᠳ ᠳᠦᠮᠡᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠤᠯᠠᠨ ᠳᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠤᠷᠢᠯᠡᠬᠦ ᠠᠴᠠ ᠭᠠᠷᠳᠠᠨ᠂ ᠴᠢᠳᠠᠯ | ᠤᠨ ᠴᠢᠨᠡᠭᠡ ᠪᠠᠷ ᠢᠶᠠᠨ ᠬᠢᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤ ᠰᠠᠬᠢᠨ᠂ ᠠᠷᠠᠳ ᠤᠯᠠᠨ ᠤ ᠤᠯᠤᠯᠳᠠ ᠲᠠᠢ ᠰᠡᠳᠬᠢᠯᠭᠡ᠂ ᠵᠤᠯ | ᠵᠢᠷᠭᠠᠯᠳᠤ ᠰᠡᠳᠬᠢᠯᠭᠡ᠂ ᠠᠮᠤᠷ ᠳᠦᠪᠰᠢᠨ ᠤ ᠰᠡᠳᠬᠢᠯᠭᠡ ᠶᠢ ᠳᠠᠰᠤᠷᠠᠯᠳᠠ ᠦᠭᠡᠢ ᠨᠡᠮᠡᠭᠳᠡᠬᠦᠯᠤᠨ᠎ᠠ᠃ | ᠳᠦᠪ ᠭᠤᠤᠯᠴᠢ ᠮᠦᠷᠳᠡᠭᠡᠨ ᠴᠢᠨᠠᠷᠵᠢᠯ ᠲᠠᠢ ᠰᠤᠷᠭᠠᠨ ᠬᠦᠮᠤᠵᠢᠯ ᠢ ᠬᠦᠭᠵᠢᠬᠦᠯᠤᠨ᠎ᠠ᠃ ᠰᠤᠷᠭᠠᠨ ᠬᠦᠮᠤᠵᠢᠯ ᠢ ᠤᠷᠢᠳᠠᠪᠠᠷ ᠬᠦᠭᠵᠢᠬᠦᠯᠬᠦ ᠶᠢ ᠪᠠᠷᠢᠮᠳᠠᠯᠠᠨ᠂ | ᠰᠤᠷᠭᠠᠨ ᠬᠦᠮᠤᠵᠢᠯ ᠤᠨ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ ᠰᠠᠨᠠᠯ ᠢ ᠳᠤᠬᠳᠠᠭᠠᠵᠤ᠂ ᠰᠤᠷᠭᠠᠨ ᠬᠦᠮᠤᠵᠢᠯ ᠤᠨ ᠬᠦᠭᠵᠢᠯᠳᠡ ᠳᠤᠮᠳᠠᠬᠢ ᠳᠡᠩᠴᠡᠬᠦᠷᠢ | ᠦᠭᠡᠢ᠂ ᠬᠦᠢᠴᠡᠳ ᠪᠤᠰᠤ ᠠᠰᠠᠭᠤᠳᠠᠯ ᠢ ᠰᠤᠳᠤᠯᠤᠨ ᠰᠢᠢᠳᠪᠤᠷᠢᠯᠡᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠢ ᠳᠡᠩᠴᠡᠬᠦᠷᠢᠰᠢᠬᠦᠯᠤᠨ | ᠤᠷᠢᠳᠠᠪᠠᠷ ᠬᠦᠭᠵᠢᠯᠳᠡ ᠶᠢᠨ ᠦᠷ᠎ᠠ ᠪᠦᠳᠤᠭᠡᠯ ᠢ ᠪᠠᠬᠢᠵᠢᠬᠦᠯᠤᠨ ᠳᠡᠰᠵᠢᠬᠦᠯᠵᠤ᠂ ᠰᠤᠷᠭᠠᠨ ᠬᠦᠮᠤᠵᠢᠯ ᠤᠨ ᠤᠳᠤᠬᠢᠴᠢᠯᠠᠯᠳᠠ ᠶᠢ ᠳᠦᠷᠭᠡᠳᠭᠡᠨ᠎ᠠ᠃ | ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ ᠶᠢ ᠰᠠᠶᠢᠳᠤᠷ ᠨᠠᠶᠢᠳᠠᠪᠤᠷᠢᠵᠢᠭᠤᠯᠤᠨ᠂ | ᠳᠦᠭᠡᠮᠡᠯ ᠬᠠᠷᠠᠭᠠᠯᠵᠠᠯ ᠲᠠᠢ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠳᠡᠮᠵᠢᠵᠤ ᠳᠦᠷᠢᠮᠵᠢᠬᠦᠯᠤᠨ᠎ᠠ᠃ ᠡᠯ᠎ᠡ ᠳᠦᠷᠤᠯ ᠤᠨ ᠰᠤᠷᠭᠠᠨ ᠬᠦᠮᠤᠵᠢᠯ | ᠤᠨ ᠵᠤᠬᠢᠴᠠᠩᠭᠤᠢ ᠬᠦᠭᠵᠢᠯᠳᠡ ᠶᠢ ᠨᠢᠭᠡᠳᠤᠯᠳᠡᠢ ᠳᠦᠯᠦᠪᠵᠢᠬᠦᠯᠤᠨ ᠰᠠᠶᠢᠳᠤᠷ ᠠᠳᠬᠤᠵᠤ᠂ 9 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠠ ᠪᠠᠷ ᠪᠤᠶᠤ | ᠦᠷᠭᠡᠳᠭᠡᠨ ᠪᠠᠶᠢᠭᠤᠯᠵᠤ᠂ 1 ᠤᠨᠴᠠᠭᠠᠢ ᠰᠤᠷᠭᠠᠨ ᠬᠦᠮᠤᠵᠢᠯ ᠤᠨ ᠰᠤᠷᠭᠠᠭᠤᠯᠢ ᠶᠢ ᠰᠢᠨ᠎ᠠ ᠪᠠᠷ ᠪᠠᠶᠢᠭᠤᠯᠤᠨ᠂1 ᠦᠪᠡᠷᠳᠡᠭᠡᠨ ᠵᠠᠰᠠᠬᠤ ᠤᠷᠤᠨ ᠤ ᠳᠡᠰ ᠤᠨ | ᠪᠤᠳᠠᠳᠠᠢ ᠰᠤᠷᠭᠠᠭᠤᠯᠢᠯᠠᠯ ᠬᠦᠮᠤᠵᠢᠯ ᠤᠨ ᠰᠠᠭᠤᠷᠢᠨ ᠭᠠᠵᠠᠷ ᠢ ᠡᠬᠦᠳᠤᠨ ᠪᠠᠶᠢᠭᠤᠯᠤᠨ᠎ᠠ︔ ᠵᠡᠬᠦᠨᠭᠠᠷ ᠤᠨ ᠨᠢᠭᠡᠳᠤᠭᠡᠷ ᠳᠤᠮᠳᠠᠳᠤ ᠰᠤᠷᠭᠠᠭᠤᠯᠢ ᠪᠤᠯᠤᠨ ᠳᠦᠪ ᠤᠨ | ᠦᠨᠳᠤᠰᠤᠳᠡᠨ ᠤ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠬᠦᠨᠵᠡᠭᠡᠢ ᠬᠠᠮᠳᠤᠷᠠᠯᠴᠠᠭ᠎ᠠ ᠶᠢ ᠠᠬᠢᠭᠤᠯᠤᠨ᠎ᠠ︔ ᠤᠳᠤ ᠦᠶ᠎ᠠ ᠶᠢᠨ ᠠᠵᠢᠯ | ᠮᠡᠷᠭᠡᠵᠢᠯ ᠤᠨ ᠰᠤᠷᠭᠠᠨ ᠬᠦᠮᠤᠵᠢᠯ ᠤᠨ ᠳᠤᠬᠳᠠᠯᠴᠠᠭ᠎ᠠ ᠶᠢ ᠪᠠᠶᠢᠭᠤᠯᠤᠨ᠂ ᠠᠵᠤ ᠤᠶᠢᠯᠡᠰ ᠰᠤᠷᠭᠠᠨ ᠬᠦᠮᠤᠵᠢᠯ ᠤᠨ ᠠᠭᠤᠰᠤᠯᠴᠠᠯ᠂ ᠰᠤᠷᠭᠠᠭᠤᠯᠢ ᠠᠵᠤ | ᠠᠬᠤᠶᠢᠯᠠᠯ ᠤᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠪᠠᠭᠰᠢ ᠨᠠᠷ ᠢ ᠬᠦᠮᠤᠵᠢᠬᠦᠯᠵᠤ ᠤᠷᠮᠠᠰᠢᠭᠤᠯᠬᠤ ᠳᠤᠬᠳᠠᠴᠠ ᠶᠢ ᠪᠦᠷᠢᠨᠰᠢᠬᠦᠯᠤᠨ ᠳᠡᠬᠦᠯᠳᠡᠷᠵᠢᠬᠦᠯᠵᠤ᠂ | ᠰᠢᠯᠢᠳᠡᠭ ᠪᠠᠭᠰᠢ ᠶᠢ ᠤᠷᠤᠭᠤᠯᠤᠨ ᠠᠪᠴᠢᠷᠠᠬᠤ ᠬᠦᠴᠤᠯᠡᠴᠡ ᠪᠠᠨ ᠨᠡᠮᠡᠭᠳᠡᠬᠦᠯᠤᠨ᠂ ᠪᠠᠭᠰᠢ ᠶᠢᠨ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠵᠤ᠂ | ᠦᠨᠳᠤᠷ ᠭᠡᠪ ᠪᠤᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠮᠤᠵᠢᠬᠦᠯᠤᠨ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠤᠳᠭᠡᠬᠦ ᠶᠢ ᠤᠷᠢᠶᠠᠯᠠᠨ᠎ᠠ᠃ | ᠠᠵᠢᠯ ᠤᠯᠭᠤᠯᠳᠠ ᠤᠶᠢᠯᠡᠰ ᠪᠦᠳᠤᠭᠡᠯᠳᠡ ᠶᠢ ᠢᠳᠡᠪᠬᠢᠳᠡᠢ ᠦᠷᠭᠡᠳᠭᠡᠨ᠎ᠠ᠃ ᠠᠵᠢᠯ ᠤᠯᠭᠤᠯᠳᠠ ᠶᠢᠨ ᠨᠡᠩ ᠢᠳᠡᠪᠬᠢᠳᠡᠢ ᠳᠦᠷᠦ ᠶᠢᠨ ᠪᠤᠳᠤᠯᠭ᠎ᠠ ᠶᠢ | ᠭᠡᠷᠡᠭᠵᠢᠬᠦᠯᠤᠨ᠂ ᠮᠠᠨ ᠤ ᠬᠤᠰᠢᠭᠤᠨ ᠳᠤ ᠠᠵᠤ ᠤᠶᠢᠯᠡᠳᠪᠤᠷᠢ ᠠᠭᠤᠷᠬᠠᠢ ᠠᠵᠤ ᠠᠬᠤᠶᠢᠯᠠᠯ ᠠᠷᠪᠢᠨ ᠪᠠᠶᠢᠳᠠᠭ ᠳᠠᠪᠠᠭᠤᠯᠢᠭ ᠢᠶᠠᠨ ᠦᠷᠬᠦᠯᠵᠢᠯᠡᠨ ᠰᠠᠶᠢᠳᠤᠷ | ᠪᠠᠳᠠᠷᠠᠭᠤᠯᠵᠤ᠂ ᠳᠡᠭᠡᠳᠤ ᠰᠤᠷᠭᠠᠭᠤᠯᠢ ᠳᠡᠬᠦᠰᠦᠭᠰᠡᠨ ᠤᠶᠤᠳᠠᠨ᠂ ᠳᠠᠷᠢᠶᠠᠴᠢᠨ ᠠᠵᠢᠯᠴᠢᠨ᠂ ᠬᠤᠳᠠ ᠪᠠᠯᠭᠠᠰᠤᠨ ᠤ ᠠᠵᠢᠯ ᠤᠯᠬᠤ ᠳᠤ ᠬᠦᠴᠢᠷ ᠲᠠᠢ ᠬᠦᠮᠤᠰ | ᠵᠡᠷᠭᠡ ᠳᠤ ᠠᠵᠢᠯ ᠤᠯᠭᠤᠬᠤ ᠪᠠ ᠴᠡᠷᠢᠭ ᠠᠴᠠ ᠬᠠᠯᠠᠬᠳᠠᠬᠰᠠᠳ ᠢ ᠳᠤᠪᠬᠢᠨᠠᠭᠤᠯᠬᠤ ᠠᠵᠢᠯ ᠢ ᠨᠢᠭᠡᠳᠤᠯᠳᠡᠢ ᠳᠦᠯᠦᠪᠵᠢᠬᠦᠯᠤᠨ ᠰᠠᠶᠢᠳᠤᠷ ᠠᠳᠬᠤᠵᠤ᠂ ᠵᠢᠯ ᠤᠨ | ᠳᠤᠳᠤᠷ᠎ᠠ ᠬᠤᠳᠠ ᠪᠠᠯᠭᠠᠰᠤᠨ ᠳᠤ 5100 ᠭᠠᠷᠤᠢ ᠬᠦᠮᠤᠨ ᠳᠤ ᠰᠢᠨ᠎ᠠ ᠪᠠᠷ ᠠᠵᠢᠯ ᠤᠯᠭᠤᠨ᠎ᠠ᠃ ᠠᠵᠢᠯ ᠤᠯᠭᠤᠬᠤ ᠤᠷ᠎ᠠ ᠮᠡᠷᠭᠡᠵᠢᠯ ᠤᠨ ᠪᠤᠯᠪᠠᠰᠤᠷᠠᠯ ᠢ ᠶᠡᠭᠡ | ᠭᠡᠪᠴᠢᠶ᠎ᠠ ᠲᠠᠢ ᠪᠠᠷ ᠦᠷᠨᠢᠬᠦᠯᠤᠨ᠂ ᠬᠦᠳᠡᠯᠮᠤᠷᠢᠯᠡᠭᠴᠢᠳ ᠤᠨ ᠠᠵᠢᠯ ᠤᠯᠵᠤ ᠤᠶᠢᠯᠡᠰ ᠪᠦᠳᠤᠭᠡᠬᠦ ᠴᠢᠳᠠᠪᠤᠷᠢ ᠶᠢ ᠳᠡᠭᠡᠭᠰᠢᠯᠡᠬᠦᠯᠵᠤ᠂ ᠪᠦᠳᠤᠴᠡ ᠶᠢᠨ ᠴᠢᠨᠠᠷᠳᠠᠢ | ᠠᠵᠢᠯ ᠤᠯᠭᠤᠯᠳᠠ ᠶᠢᠨ ᠵᠦᠷᠢᠴᠡᠯ ᠢ ᠰᠢᠢᠳᠪᠤᠷᠢᠯᠡᠨ᠎ᠠ᠃ ᠺᠠᠳ᠋ᠷ ᠠᠵᠢᠯᠳᠠᠳ ᠤᠨ ᠴᠠᠯᠢᠩ ᠳᠤ ᠳᠤᠬᠳᠠᠮᠠᠯ ᠬᠤᠭᠤᠴᠠᠭ᠎ᠠ ᠲᠠᠢ ᠪᠠᠷ ᠳᠤᠬᠢᠷᠠᠭᠤᠯᠤᠯᠳᠠ ᠬᠢᠬᠦ | ᠳᠦᠷᠢᠮ ᠢ ᠰᠠᠶᠢᠳᠤᠷ ᠨᠠᠶᠢᠳᠠᠪᠤᠷᠢᠵᠢᠭᠤᠯᠤᠨ᠎ᠠ᠃ ᠮᠠᠯᠴᠢᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠠᠵᠢᠯᠯᠠᠭᠠᠨ ᠤ ᠳᠦᠯᠦᠪᠯᠡᠭᠡ ᠶᠢ ᠰᠠᠶᠢᠳᠤᠷ | ᠭᠡᠷᠡᠭᠵᠢᠬᠦᠯᠵᠤ᠂ ᠳᠠᠷᠢᠶᠠᠴᠢᠳ ᠤᠨ ᠡᠳ᠋ ᠬᠦᠷᠦᠩᠭᠡ ᠶᠢᠨ ᠴᠢᠨᠠᠷᠳᠠᠢ᠂ ᠡᠵᠡᠩᠨᠡᠯᠳᠡ ᠶᠢᠨ ᠴᠢᠨᠠᠷᠳᠠᠢ᠂ ᠳᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ | ᠴᠢᠷᠮᠠᠶᠢᠨ ᠨᠡᠮᠡᠭᠳᠡᠬᠦᠯᠤᠨ᠎ᠠ᠃ | ᠨᠡᠶᠢᠭᠡᠮ ᠤᠨ ᠪᠠᠳᠤᠯᠠᠪᠤᠷᠢ ᠶᠢᠨ ᠳᠤᠬᠳᠠᠯᠴᠠᠭ᠎ᠠ ᠶᠢ ᠳᠡᠬᠦᠯᠳᠡᠷᠵᠢᠬᠦᠯᠤᠨ᠎ᠠ᠃ ᠪᠦᠬᠦ ᠠᠷᠠᠳ ᠤᠨ ᠳᠠᠭᠠᠳᠬᠠᠯ ᠳᠤ ᠤᠷᠤᠯᠴᠠᠬᠤ ᠶᠢ ᠳᠠᠩᠰᠠᠯᠠᠬᠤ ᠳᠦᠯᠦᠪᠯᠡᠭᠡ ᠶᠢ | ᠭᠡᠷᠡᠭᠵᠢᠬᠦᠯᠤᠨ᠂ ᠨᠡᠶᠢᠭᠡᠮ ᠤᠨ ᠳᠠᠭᠠᠳᠬᠠᠯ ᠤᠨ ᠮᠡᠳᠡᠭᠡ ᠵᠠᠩᠬᠢ ᠶᠢᠨ ᠤᠶᠢᠯᠡᠴᠢᠯᠡᠭᠡᠨ ᠤ ᠳᠠᠪᠴᠠᠩ ᠤᠨ ᠪᠠᠶᠢᠭᠤᠯᠤᠯᠳᠠ ᠶᠢ ᠠᠬᠢᠭᠤᠯᠤᠨ᠎ᠠ᠃ ᠨᠡᠶᠢᠭᠡᠮ ᠤᠨ | ᠠᠪᠤᠷᠠᠨ ᠳᠤᠰᠠᠯᠠᠬᠤ ᠬᠠᠮᠤᠭ ᠳᠤᠤᠷ᠎ᠠ ᠪᠠᠳᠤᠯᠠᠪᠤᠷᠢ ᠶᠢᠨ ᠴᠢᠳᠠᠪᠬᠢ ᠶᠢ ᠴᠢᠩᠭᠠᠳᠬᠠᠨ᠂ ᠬᠤᠳᠠ ᠬᠦᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠪᠠᠳᠤᠯᠠᠪᠤᠷᠢ | ᠶᠢᠨ ᠪᠠᠷᠢᠮᠵᠢᠶ᠎ᠠ ᠶᠢ ᠵᠢᠯ ᠪᠤᠯᠭᠠᠨ ᠬᠦᠮᠤᠨ ᠪᠦᠷᠢ ᠳᠤ ᠳᠠᠬᠢᠨ 540 ᠳᠦᠬᠦᠷᠢᠭ ᠪᠠ 444 ᠳᠦᠬᠦᠷᠢᠭ ᠨᠡᠮᠡᠭᠳᠡᠬᠦᠯᠤᠨ᠎ᠠ︔ ᠬᠦᠳᠡᠭᠡ ᠳᠤᠰᠬᠤᠨ ᠤ ᠤᠨᠴᠠ | ᠬᠦᠴᠢᠷᠳᠡᠯᠳᠡᠢ ᠬᠦᠮᠤᠰ ᠢ ᠳᠦᠪᠯᠡᠷᠡᠬᠦᠯᠤᠨ ᠠᠰᠠᠷᠠᠨ ᠬᠠᠷᠠᠭᠠᠯᠵᠠᠬᠤ ᠪᠠ ᠳᠠᠷᠠᠬᠠᠢ ᠪᠤᠳᠠᠷᠬᠠᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠵᠢᠯ ᠪᠤᠯᠭᠠᠨ ᠬᠦᠮᠤᠨ ᠪᠦᠷᠢ | ᠳᠤ ᠳᠠᠬᠢᠨ 1000 ᠳᠦᠬᠦᠷᠢᠭ ᠪᠠ 588 ᠳᠦᠬᠦᠷᠢᠭ ᠨᠡᠮᠡᠭᠳᠡᠬᠦᠯᠤᠨ᠎ᠠ︔ ᠪᠦᠬᠦᠯᠢ 60 ᠨᠠᠰᠤ ᠬᠦᠷᠦᠭᠰᠡᠨ ᠵᠡᠬᠦᠨᠭᠠᠷ ᠬᠤᠰᠢᠭᠤᠨ ᠳᠤ ᠨᠤᠳᠤᠭᠳᠠᠢ | ᠨᠠᠰᠤᠳᠠᠶᠢᠴᠤᠳ ᠲᠤ ᠰᠠᠨᠠᠭᠠᠨ ᠳᠤ ᠦᠭᠡᠢ ᠠᠳᠡᠯ ᠤᠨ ᠳᠠᠭᠠᠳᠬᠠᠯ ᠬᠤᠳᠠᠯᠳᠤᠨ ᠠᠪᠴᠤ ᠦᠭᠬᠦᠨ᠎ᠠ᠃ ᠬᠦᠴᠢᠷᠳᠡᠯᠳᠡᠢ ᠤᠯᠠᠨ ᠳᠦᠮᠡᠨ ᠢ ᠠᠪᠤᠷᠠᠨ ᠳᠤᠰᠠᠯᠠᠬᠤ | ᠶᠢ ᠴᠢᠩᠭᠠᠳᠬᠠᠨ᠂ ᠡᠮᠡᠭᠳᠡᠶᠢᠴᠤᠳ ᠬᠡᠤᠬᠡᠳ᠂ ᠨᠠᠰᠤᠳᠠᠶᠢᠴᠤᠳ᠂ ᠵᠡᠮᠳᠡᠭ ᠬᠦᠮᠤᠰ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ ᠬᠤᠳᠠ ᠬᠦᠳᠡᠭᠡ | ᠶᠢᠨ ᠨᠡᠶᠢᠭᠡᠮ ᠤᠨ ᠠᠪᠤᠷᠠᠨ ᠳᠤᠰᠠᠯᠠᠬᠤ ᠳᠤᠬᠳᠠᠯᠴᠠᠭ᠎ᠠ ᠶᠢ ᠳᠡᠬᠦᠯᠳᠡᠷᠵᠢᠬᠦᠯᠵᠤ᠂ ᠬᠦᠴᠢᠷᠳᠡᠯᠳᠡᠢ ᠤᠯᠠᠨ ᠳᠦᠮᠡᠨ ᠤ ᠦᠨᠳᠤᠰᠤᠨ ᠠᠮᠢᠳᠤᠷᠠᠯ ᠢ ᠴᠦᠮ | ᠪᠠᠳᠤᠯᠠᠪᠤᠷᠢ ᠲᠠᠢ ᠪᠤᠯᠭᠠᠨ᠎ᠠ᠃ | ᠡᠷᠡᠬᠦᠯ ᠮᠡᠨᠳᠤ ᠵᠡᠬᠦᠨᠭᠠᠷ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ | ᠦᠭᠡᠷᠡᠴᠢᠯᠡᠯᠳᠡ ᠶᠢ ᠬᠦᠨᠵᠡᠭᠡᠢ ᠠᠬᠢᠭᠤᠯᠤᠨ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠵᠢᠱᠢᠶ᠎ᠠ | ᠦᠵᠡᠬᠦᠯᠬᠦ ᠬᠤᠰᠢᠭᠤ ᠶᠢ ᠡᠬᠦᠳᠤᠨ ᠪᠠᠶᠢᠭᠤᠯᠬᠤ ᠡᠯ᠎ᠠ ᠳᠦᠷᠤᠯ ᠤᠨ ᠠᠵᠢᠯ ᠤᠨ ᠡᠬᠦᠷᠭᠡ ᠶᠢ ᠪᠡᠶᠡᠯᠡᠬᠦᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠤᠨ᠂ ᠬᠤᠰᠢᠭᠤ ᠰᠤᠮᠤ ᠰᠢᠶᠠᠩ ᠳᠤᠰᠬᠤᠨ ᠭᠤᠷᠪᠠᠨ ᠱᠠᠳᠤᠨ ᠤ ᠡᠮ ᠡᠮᠨᠡᠯᠭᠡ ᠶᠢᠨ ᠤᠶᠢᠯᠡᠴᠢᠯᠡᠭᠡᠨ ᠤ | ᠬᠠᠮᠳᠤ ᠶᠢᠨ ᠴᠤᠬᠴᠠ ᠶᠢᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ ᠡᠭᠡ ᠨᠢᠯᠬᠠᠰ ᠤᠨ ᠡᠷᠡᠬᠦᠯᠵᠢᠯ ᠤᠨ ᠬᠤᠷᠢᠶ᠎ᠠ᠂ ᠠᠷᠠᠳ ᠤᠨ ᠡᠮᠨᠡᠯᠭᠡ | ᠶᠢᠨ ᠬᠤᠷᠢᠶ᠎ᠠ ᠵᠡᠷᠭᠡ 8 ᠳᠦᠷᠤᠯ ᠵᠤᠶᠢᠯ ᠢ ᠰᠢᠨ᠎ᠠ ᠪᠠᠷ ᠪᠠᠶᠢᠭᠤᠯᠬᠤ ᠪᠤᠶᠤ ᠦᠷᠭᠡᠳᠭᠡᠨ ᠪᠠᠶᠢᠭᠤᠯᠵᠤ᠂ ᠦᠨᠳᠤᠰᠤᠨ ᠱᠠᠳᠤᠨ ᠤ 5 ᠡᠷᠡᠬᠦᠯ ᠬᠠᠮᠠᠭᠠᠯᠠᠯ ᠤᠨ | ᠬᠤᠷᠢᠶ᠎ᠠ ᠶᠢ ᠦᠷᠬᠦᠯᠵᠢᠯᠡᠨ ᠪᠠᠶᠢᠭᠤᠯᠬᠤ ᠡᠬᠦᠷᠭᠡ ᠶᠢ ᠪᠡᠶᠡᠯᠡᠬᠦᠯᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠰᠠᠭᠤᠷᠢ ᠨᠦᠬᠦᠴᠡᠯ ᠢ ᠴᠢᠨᠠᠬᠰᠢᠳᠠ | ᠰᠠᠶᠢᠵᠢᠷᠠᠭᠤᠯᠤᠨ᠎ᠠ᠃ ᠦᠨᠳᠤᠰᠤᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠤᠶᠢᠯᠡᠴᠢᠯᠡᠭᠡᠨ ᠤ ᠳᠤᠬᠳᠠᠯᠴᠠᠭ᠎ᠠ ᠪᠠ ᠪᠦᠬᠦ ᠰᠠᠯᠠᠭᠠᠨ ᠤ ᠡᠮᠴᠢ ᠶᠢᠨ | ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠭᠡᠷ ᠪᠦᠯᠢ ᠶᠢᠨ ᠡᠮᠴᠢ ᠶᠢᠨ ᠪᠤᠯᠵᠤᠬᠰᠠᠨ ᠤᠶᠢᠯᠡᠴᠢᠯᠡᠭᠡ ᠪᠠ ᠡᠮ ᠡᠮᠨᠡᠯᠭᠡ ᠡᠷᠡᠬᠦᠯ ᠬᠠᠮᠠᠭᠠᠯᠠᠯ ᠤᠨ ᠮᠡᠳᠡᠭᠡ | ᠵᠠᠩᠬᠢᠵᠢᠯᠳᠠ ᠶᠢᠨ ᠪᠠᠶᠢᠭᠤᠯᠤᠯᠳᠠ ᠶᠢ ᠠᠬᠢᠭᠤᠯᠵᠤ᠂ ᠪᠦᠬᠦ ᠬᠤᠰᠢᠭᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠤᠶᠢᠯᠡᠴᠢᠯᠡᠭᠡᠨ ᠤ ᠴᠢᠳᠠᠪᠤᠷᠢ ᠶᠢ ᠳᠠᠰᠤᠷᠠᠯᠳᠠ | ᠦᠭᠡᠢ ᠳᠡᠭᠡᠭᠰᠢᠯᠡᠬᠦᠯᠤᠨ᠂ ᠬᠤᠰᠢᠭᠤᠨ ᠤ ᠳᠤᠳᠤᠷ᠎ᠠ ᠪᠠᠨ ᠡᠮᠴᠢᠯᠡᠬᠦᠯᠬᠦ ᠨᠤᠷᠮ᠎ᠠ ᠶᠢ 90% ᠠᠴᠠ ᠳᠠᠪᠠᠭᠤᠯᠬᠤ ᠪᠠᠷ ᠴᠢᠷᠮᠠᠶᠢᠵᠤ᠂ ᠬᠦᠨᠳᠤ ᠡᠪᠡᠳᠴᠢᠳᠡᠨ ᠢ | ᠬᠤᠰᠢᠭᠤᠨ ᠠᠴᠠ ᠭᠠᠷᠭᠠᠬᠤ ᠦᠭᠡᠢ᠂ ᠪᠠᠭ᠎ᠠ ᠡᠪᠡᠳᠴᠢᠨ ᠲᠠᠢ ᠬᠦᠮᠤᠰ ᠢ ᠳᠤᠰᠬᠤᠨ ᠠᠴᠠ ᠭᠠᠷᠭᠠᠬᠤ ᠦᠭᠡᠢ ᠪᠠᠶᠢᠬᠤ ᠶᠢ ᠪᠡᠶᠡᠯᠡᠬᠦᠯᠤᠨ᠎ᠠ᠃ ᠤᠯᠤᠰ ᠢᠶᠠᠨ | ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠤᠨ᠎ᠠ᠃ ᠨᠡᠶᠢᠭᠡᠮ ᠤᠨ ᠬᠦᠷᠦᠩᠭᠡ ᠶᠢ ᠨᠠᠰᠤᠳᠠᠨ ᠤ ᠠᠰᠠᠷᠠᠮᠵᠢ᠂ ᠡᠮ ᠡᠮᠨᠡᠯᠭᠡ ᠵᠡᠷᠭᠡ | ᠬᠦᠷᠢᠶ᠎ᠠ ᠭᠡᠪᠴᠢᠶᠠᠨ ᠳᠤ ᠤᠷᠤᠭᠤᠯᠬᠤ ᠶᠢ ᠵᠤᠷᠢᠬᠵᠢᠭᠤᠯᠤᠨ᠂ ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠬᠰᠠᠨ ᠪᠠ ᠭᠡᠷ ᠲᠡᠭᠡᠨ ᠰᠠᠭᠤᠵᠤ ᠦᠳᠡᠯᠦᠭᠡ ᠨᠠᠰᠤ ᠪᠠᠨ | ᠦᠩᠭᠡᠷᠡᠬᠦᠯᠬᠦ ᠵᠡᠷᠭᠡ ᠤᠶᠢᠯᠡᠴᠢᠯᠡᠭᠡ ᠶᠢᠨ ᠵᠠᠬᠪᠤᠷ ᠢ ᠳᠡᠯᠭᠡᠷᠡᠬᠦᠯᠤᠨᠠ᠃ ᠳᠦᠯᠦᠪᠯᠡᠭᠡᠳᠡᠢ ᠪᠠᠷ ᠬᠡᠤᠬᠡᠳ ᠠᠪᠬᠤ ᠤᠶᠢᠯᠡᠴᠢᠯᠡᠭᠡᠨ ᠤ ᠬᠢᠷᠢ ᠳᠦᠪᠰᠢᠨ ᠢ | ᠳᠡᠭᠡᠭᠰᠢᠯᠡᠬᠦᠯᠵᠤ᠂ ᠬᠦᠮᠤᠨ ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠤᠨ᠎ᠠ᠃ | ᠰᠤᠶᠤᠯ ᠪᠡᠶ᠎ᠡ ᠶᠢᠨ ᠳᠠᠮᠢᠷ ᠤᠨ ᠤᠶᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ ᠤᠶᠢᠯᠡᠴᠢᠯᠡᠭᠡᠨ ᠤ | ᠪᠠᠷᠢᠮᠵᠢᠶᠠᠵᠢᠭᠤᠯᠤᠬᠰᠠᠨ ᠪᠦᠳᠤᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠵᠤ᠂ ᠨᠡᠬᠦᠷᠡᠰᠤᠨ ᠤ ᠤᠶᠢᠯᠡᠰ ᠤᠨ ᠮᠦᠽᠸᠢ᠂ ᠳᠤᠮᠤ ᠳ᠋ᠠᠶᠢᠲ᠋ᠠ ᠶᠢᠨ ᠳᠦᠪ | ᠵᠡᠷᠭᠡ 5 ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠳᠦᠷᠭᠡᠳᠭᠡᠨ᠂ ᠤᠯᠠᠨ ᠨᠡᠶᠢᠳᠡ ᠶᠢᠨ ᠰᠤᠶᠤᠯ ᠤᠨ ᠤᠶᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ | ᠶᠢ ᠳᠡᠭᠡᠭᠰᠢᠯᠡᠬᠦᠯᠤᠨ᠎ᠠ᠃ ︽ᠠᠷᠪᠠᠨ ᠨᠢᠭᠡ︾ ᠰᠤᠶᠤᠯ ᠤᠨ ᠢᠨᠵᠧᠨᠧᠷᠢᠩ ᠢ ᠬᠦᠨᠵᠡᠭᠡᠢ ᠭᠡᠷᠡᠭᠵᠢᠬᠦᠯᠤᠨ᠂ ᠮᠠᠩᠬᠠᠨ ᠠᠶᠠᠯᠭᠤ ᠶᠢᠨ ᠰᠢᠮᠹᠦᠨᠢ ᠬᠦᠭᠵᠢᠮ ᠤᠨ ᠠᠩᠬᠢ | ᠶᠢ ᠪᠠᠶᠢᠭᠤᠯᠤᠨ᠂ ᠮᠠᠩᠬᠠᠨ ᠠᠶᠠᠯᠭᠤ ᠵᠡᠷᠭᠡ ᠪᠤᠳᠠᠰ ᠤᠨ ᠪᠤᠰᠤ ᠰᠤᠶᠤᠯ ᠤᠨ ᠦᠪ ᠢ ᠦᠪᠯᠡᠨ ᠵᠠᠯᠭᠠᠮᠵᠢᠯᠠᠬᠤ ᠪᠠ ᠬᠦᠭᠵᠢᠬᠦᠯᠬᠦ ᠶᠢ ᠴᠢᠩᠭᠠᠳᠬᠠᠨ᠎ᠠ᠃ | ᠤᠯᠠᠭᠠᠨᠮᠦ᠋ᠴᠢᠷ ᠤᠨ ᠪᠠᠶᠢᠭᠤᠯᠤᠯᠳᠠ ᠶᠢ ᠴᠢᠩᠭᠠᠳᠬᠠᠨ᠂ ᠳᠠᠯ᠎ᠠ ᠨᠤᠳᠤᠭ ᠤᠨ ︽ ᠬᠤᠪᠢᠰᠬᠠᠯᠳᠤ ᠰᠤᠶᠤᠯ ᠤᠷᠠᠯᠢᠭ ᠤᠨ ᠬᠦᠩᠭᠡᠨ ᠮᠤᠷᠢᠳᠤ ᠴᠡᠷᠢᠭ︾ ᠤᠨ | ᠤᠶᠢᠯᠡᠳᠤᠯ ᠢ ᠨᠡᠩ ᠰᠠᠶᠢᠳᠤᠷ ᠪᠠᠳᠠᠷᠠᠭᠤᠯᠤᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠳᠦᠪ᠂ ᠠᠵᠢᠯᠳᠠᠳ ᠤᠨ ᠰᠤᠶᠤᠯ ᠪᠡᠶ᠎ᠡ ᠶᠢᠨ ᠳᠠᠮᠢᠷ ᠤᠨ | ᠠᠵᠢᠯᠯᠠᠭᠠᠨ ᠤ ᠳᠦᠪ᠂ ᠱᠠᠬᠳᠠᠷ ᠰᠤᠶᠤᠯ ᠪᠡᠶ᠎ᠡ ᠶᠢᠨ ᠳᠠᠮᠢᠷ ᠤᠨ ᠠᠵᠢᠯᠯᠠᠭᠠᠨ ᠤ ᠳᠦᠪ ᠵᠡᠷᠭᠡ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠳᠦᠷᠭᠡᠳᠭᠡᠨ | ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠤᠯᠠᠨ ᠨᠡᠶᠢᠳᠡ ᠶᠢᠨ ᠤᠶᠢᠯᠡᠴᠢᠯᠡᠭᠡᠨ ᠤ ᠳᠤᠬᠳᠠᠯᠴᠠᠭ᠎ᠠ ᠶᠢ ᠪᠠᠶᠢᠭᠤᠯᠵᠤ᠂ 10 ᠮᠢᠨᠦ᠋ᠲ ᠤᠨ ᠪᠡᠶ᠎ᠡ | ᠴᠢᠬᠢᠷᠠᠬᠵᠢᠭᠤᠯᠬᠤ ᠴᠠᠭᠠᠷᠢᠭ ᠢ ᠡᠬᠦᠳᠤᠨ ᠪᠠᠶᠢᠭᠤᠯᠤᠨ᠎ᠠ᠃ | ᠨᠡᠶᠢᠭᠡᠮ ᠤᠨ ᠠᠮᠤᠷ ᠳᠦᠪᠰᠢᠨ ᠳᠤᠬᠳᠠᠭᠤᠨ ᠢ ᠪᠦᠬᠦ ᠬᠦᠴᠤᠨ ᠢᠶᠠᠷ ᠢᠶᠠᠨ ᠬᠠᠮᠠᠭᠠᠯᠠᠨ᠎ᠠ᠃ ᠠᠮᠤᠷ ᠳᠦᠪᠰᠢᠨ ᠬᠦᠭᠵᠢᠯᠳᠡ ᠶᠢᠨ ᠤᠶᠢᠯᠠᠭᠠᠬᠳᠠᠬᠤᠨ ᠢ ᠪᠤᠢ | ᠪᠤᠯᠭᠠᠵᠤ᠂ ︽ᠠᠮᠢ ᠨᠠᠰᠤ ᠶᠢ ᠡᠷᠬᠢᠮᠯᠡᠨ᠂ ᠠᠮᠤᠷ ᠳᠦᠪᠰᠢᠨ ᠢ ᠳᠡᠷᠢᠬᠦᠨ ᠳᠤ ᠳᠠᠯᠪᠢᠬᠤ︾ ᠦᠵᠡᠯ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠤᠨ ᠭᠤᠤᠯ | ᠴᠤᠬᠴᠠ ᠶᠢᠨ ᠬᠠᠷᠢᠭᠤᠴᠠᠯᠭ᠎ᠠ ᠪᠠ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ︾ ᠪᠠᠶᠢᠬᠤ ᠶᠢ | ᠴᠢᠩᠭ᠎ᠠ ᠨᠠᠶᠢᠳᠠᠪᠤᠷᠢᠵᠢᠭᠤᠯᠤᠨ᠂ ᠡᠯ᠎ᠠ ᠳᠦᠷᠤᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠵᠤ᠂ ︽ᠠᠵᠤ ᠠᠬᠤᠶᠢᠯᠠᠯ ᠠᠳᠡᠯ | ᠭᠡᠷᠡᠭ ᠭᠠᠷᠭᠠᠬᠤ ᠠᠴᠠ ᠵᠢᠷᠦᠭᠡᠰᠢᠶᠠᠬᠦ᠂ ᠠᠳᠡᠯ ᠭᠡᠷᠡᠭ ᠭᠠᠷᠭᠠᠵᠤ ᠪᠤᠯᠬᠤ ᠦᠭᠡᠢ︾ ᠪᠠᠶᠢᠳᠠᠯ ᠲᠠᠢ ᠪᠤᠯᠭᠠᠨ᠎ᠠ᠃ ᠢᠳᠡᠭᠡᠨ ᠤ ᠶᠠᠰᠤ ᠴᠢᠨᠠᠷ ᠢ ᠮᠦᠷᠳᠡᠨ ᠨᠡᠭᠡᠮᠵᠢᠯᠡᠬᠦ | ᠳᠤᠬᠳᠠᠯᠴᠠᠭ᠎ᠠ ᠶᠢ ᠳᠡᠬᠦᠯᠳᠡᠷᠵᠢᠬᠦᠯᠤᠨ᠂ ᠤᠭ ᠦᠨᠳᠤᠰᠤᠨ ᠠᠴᠠ ᠨᠢ ᠵᠠᠰᠠᠬᠤ ᠪᠠ ᠪᠦᠬᠦ ᠶᠠᠪᠤᠴᠠ ᠶᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠤᠯᠠᠨ ᠳᠦᠮᠡᠨ ᠤ | ︽ᠢᠳᠡᠭᠡᠨ ᠤᠮᠳᠠᠭᠠᠨ ᠤ ᠠᠮᠤᠷ ᠳᠦᠪᠰᠢᠨ︾ ᠢ ᠪᠠᠳᠤᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠳᠠ ᠶᠢᠨ ᠪᠠᠶᠢᠭᠤᠯᠤᠯᠳᠠ ᠶᠢ ᠠᠬᠢᠭᠤᠯᠤᠨ᠂ ᠤᠯᠠᠨ | ᠳᠦᠮᠡᠨ ᠤ ᠵᠦᠢ ᠵᠤᠬᠢᠰᠳᠠᠢ ᠰᠠᠨᠠᠯ ᠢ ᠬᠠᠤᠯᠢ ᠶᠤᠰᠤᠭᠠᠷ ᠴᠠᠭ ᠳᠠᠷᠤᠢ ᠳᠤᠨᠢ ᠰᠢᠢᠳᠪᠤᠷᠢᠯᠡᠨ ᠦᠭᠬᠦᠨ᠎ᠠ᠃ ᠳᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠰᠢᠬᠦᠬᠦ | ᠠᠵᠢᠯ ᠢ ᠰᠠᠶᠢᠳᠤᠷ ᠳᠡᠮᠵᠢᠵᠤ᠂ ᠮᠡᠳᠡᠭᠡ ᠵᠠᠩᠬᠢᠵᠢᠬᠰᠠᠨ᠂ ᠪᠤᠰᠤᠭ᠎ᠠ ᠴᠤᠬᠴᠠᠵᠢᠬᠰᠠᠨ ᠨᠡᠶᠢᠭᠡᠮ ᠤᠨ ᠡᠮᠬᠢ ᠳᠢᠭᠯᠢᠮ ᠢ ᠰᠡᠷᠭᠡᠶᠢᠯᠡᠨ ᠬᠤᠷᠢᠬᠯᠠᠬᠤ ᠳᠤᠬᠳᠠᠯᠴᠠᠭ᠎ᠠ ᠶᠢ | ᠴᠢᠨᠠᠬᠰᠢᠳᠠ ᠳᠡᠬᠦᠯᠳᠡᠷᠵᠢᠬᠦᠯᠤᠨ᠂ ᠬᠠᠷ᠎ᠠ ᠪᠦᠯᠦᠭᠳᠡᠨ ᠬᠠᠷᠬᠢᠰ ᠬᠦᠴᠤᠨ ᠳᠤ ᠳᠤᠰᠬᠠᠢ ᠴᠤᠬᠢᠯᠳᠠ ᠦᠭᠬᠦ ᠳᠡᠮᠡᠴᠡᠯ ᠢ ᠬᠦᠨᠵᠡᠭᠡᠢ ᠦᠷᠨᠢᠬᠦᠯᠵᠤ᠂ ᠡᠯ᠎ᠡ ᠳᠦᠷᠤᠯ | ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠬᠠᠤᠯᠢ ᠳᠦᠭᠡᠮᠡᠯᠵᠢᠬᠦᠯᠬᠦ ᠬᠦᠴᠤᠯᠡᠴᠡ ᠪᠠᠨ ᠨᠡᠮᠡᠭᠳᠡᠬᠦᠯᠤᠨ᠂ ᠤᠯᠠᠨ | ᠨᠡᠶᠢᠳᠡ ᠶᠢᠨ ᠬᠠᠤᠯᠢ ᠴᠠᠭᠠᠵᠠ ᠶᠢᠨ ᠤᠶᠢᠯᠡᠴᠢᠯᠡᠭᠡᠨ ᠤ ᠳᠤᠬᠳᠠᠯᠴᠠᠭ᠎ᠠ ᠶᠢ ᠳᠡᠬᠦᠯᠳᠡᠷᠵᠢᠬᠦᠯᠤᠨ᠎ᠠ᠃ ᠪᠠᠴᠢᠮ ᠠᠷᠭᠠᠴᠠᠬᠤ ᠬᠠᠮᠢᠶᠠᠷᠤᠯᠳᠠ ᠶᠢᠨ ᠳᠤᠬᠳᠠᠴᠠ ᠶᠢ | ᠳᠡᠬᠦᠯᠳᠡᠷᠵᠢᠬᠦᠯᠤᠨ᠂ ᠭᠡᠨᠡᠳᠳᠡ ᠶᠢᠨ ᠭᠡᠷᠡᠭ ᠢ ᠪᠠᠴᠢᠮ ᠠᠷᠭᠠᠴᠠᠵᠤ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠬᠦᠯᠤᠨ᠎ᠠ᠃ ᠨᠡᠶᠢᠭᠡᠮ ᠤᠨ ᠵᠤᠬᠢᠶᠠᠨ ᠪᠠᠶᠢᠭᠤᠯᠤᠯᠳᠠ | ᠪᠤᠯᠤᠨ ᠨᠡᠶᠢᠭᠡᠮ ᠤᠨ ᠠᠵᠢᠯ ᠤᠨ ᠴᠢᠳᠠᠪᠤᠷᠢᠳᠠᠨ ᠢ ᠬᠦᠮᠤᠵᠢᠬᠦᠯᠬᠦ ᠶᠢ ᠴᠢᠩᠭᠠᠳᠬᠠᠨ᠂ ᠨᠡᠶᠢᠭᠡᠮ ᠤᠨ ᠠᠵᠢᠯ ᠢ ᠤᠯᠠᠮ ᠢᠳᠡ ᠬᠦᠭ ᠲᠠᠢ ᠪᠤᠯᠭᠠᠨ᠎ᠠ᠃ | ᠦᠨᠳᠤᠰᠤᠳᠡᠨ ᠱᠠᠰᠢᠨ ᠰᠤᠷᠳᠠᠬᠤᠨ ᠤ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠂ ᠦᠨᠳᠤᠰᠤᠳᠡᠨ ᠤ ᠪᠦᠯᠬᠦᠮᠳᠡᠯ ᠳᠠᠪᠰᠢᠯᠳᠠ ᠶᠢᠨ ᠦᠷ᠎ᠠ ᠪᠦᠳᠤᠭᠡᠯ ᠢ | ᠪᠠᠬᠢᠵᠢᠬᠦᠯᠤᠨ ᠪᠠᠳᠤᠳᠬᠠᠨ᠎ᠠ᠃ ᠴᠡᠷᠢᠭ ᠠᠷᠠᠳ ᠤᠨ ᠬᠦᠨᠵᠡᠭᠡᠢ ᠠᠭᠤᠰᠤᠯᠴᠠᠬᠰᠠᠨ ᠬᠦᠭᠵᠢᠯᠳᠡ ᠶᠢ ᠢᠳᠡᠪᠬᠢᠳᠡᠢ ᠠᠬᠢᠭᠤᠯᠵᠤ᠂ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠳᠠᠶᠢᠴᠢᠯᠠᠯᠳᠠ ᠶᠢᠨ ᠠᠵᠢᠯ ᠢ ᠰᠠᠶᠢᠳᠤᠷ ᠬᠢᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠬᠦᠳᠤᠨ ᠪᠠᠶᠢᠭᠤᠯᠤᠬᠰᠠᠨ | ᠦᠷ᠎ᠠ ᠪᠦᠳᠤᠭᠡᠯ ᠢᠶᠠᠨ ᠪᠠᠳᠤᠳᠬᠠᠨ᠎ᠠ᠃ ᠤᠯᠤᠰ ᠤᠨ ᠠᠮᠤᠷ ᠳᠦᠪᠰᠢᠨ᠂ ᠭᠠᠵᠠᠷ ᠬᠦᠳᠡᠯᠦᠯᠳᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠴᠠᠭ ᠠᠭᠤᠷ ᠤᠨ | ᠤᠷᠢᠳᠴᠢᠯᠡᠨ ᠰᠡᠷᠡᠮᠵᠢᠯᠡᠬᠦᠯᠬᠦ᠂ ᠭᠠᠳᠠᠭᠠᠳᠤ ᠬᠠᠷᠢᠯᠴᠠᠭ᠎ᠠ ᠬᠠᠷᠢᠶᠠᠳᠤ ᠨᠠᠷ ᠤᠨ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠳᠡ᠂ ᠳᠡᠤᠭᠡ ᠳᠤᠪᠴᠢᠶᠠᠨ ᠤ | ᠳᠠᠩᠰᠠ ᠡᠪᠭᠡᠮᠡᠯ ᠵᠡᠷᠭᠡ ᠡᠯ᠎ᠡ ᠳᠦᠷᠤᠯ ᠤᠨ ᠠᠵᠢᠯ ᠢ ᠨᠢᠭᠡᠳᠤᠯᠳᠡᠢ ᠳᠦᠯᠦᠪᠵᠢᠬᠦᠯᠤᠨ ᠰᠠᠶᠢᠳᠤᠷ ᠬᠢᠨ᠎ᠠ᠃ | ︵ᠶᠢᠰᠤ︶ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠨ᠎ᠠ᠃ ᠰᠢᠨ᠎ᠠ ᠪᠠᠶᠢᠳᠠᠯ᠂ ᠰᠢᠨ᠎ᠠ ᠡᠬᠦᠷᠭᠡ ᠶᠢᠨ ᠡᠮᠤᠨ᠎ᠠ | ᠂ ᠵᠠᠰᠠᠭ ᠤᠨ ᠤᠷᠳᠤᠨ ᠡᠷᠭᠡᠪᠰᠢ ᠰᠢᠨ᠎ᠠ ᠵᠢᠳᠬᠦᠯ ᠴᠢᠷᠮᠠᠶᠢᠯᠭ᠎ᠠ ᠲᠠᠢ᠂ ᠰᠢᠨ᠎ᠠ ᠠᠮᠵᠢᠯᠳᠠ ᠪᠦᠳᠤᠮᠵᠢ ᠲᠠᠢ ᠪᠠᠶᠢᠬᠤ ᠭᠡᠷᠡᠭᠳᠡᠢ᠃ ᠪᠢᠳᠠ ︽ᠳᠦᠷᠪᠡᠨ ᠤᠬᠠᠮᠰᠠᠷ | ︾ ᠢ ᠪᠠᠳᠤ ᠪᠠᠬᠢ ᠱᠤᠭᠤᠵᠤ ︽ᠳᠦᠷᠪᠡᠨ ᠢᠳᠡᠭᠡᠯ︾ ᠢ ᠪᠠᠳᠤᠳᠬᠠᠨ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠳᠤᠰᠢᠶᠠᠯ | ᠬᠠᠷᠢᠭᠤᠴᠠᠯᠭ᠎ᠠ ᠶᠢ ᠳᠤᠳᠤᠷᠬᠠᠶᠢᠯᠠᠨ᠂ ᠬᠠᠤᠯᠢ ᠶᠤᠰᠤᠭᠠᠷ ᠵᠠᠰᠠᠭ ᠶᠠᠪᠤᠭᠤᠯᠬᠤ ᠵᠠᠰᠠᠭ ᠤᠨ ᠤᠷᠳᠤᠨ ᠤ ᠵᠠᠰᠠᠯᠳᠠ ᠶᠢᠨ ᠳᠤᠬᠳᠠᠯᠴᠠᠭ᠎ᠠ ᠶᠢ ᠪᠦᠷᠢᠯᠳᠦᠬᠦᠯᠵᠤ᠂ | ᠵᠠᠰᠠᠭ ᠤᠨ ᠤᠷᠳᠤᠨ ᠤ ᠤᠯᠠᠨ ᠢ ᠢᠳᠡᠭᠡᠬᠦᠯᠬᠦ ᠬᠦᠴᠤᠨ ᠪᠤᠯᠤᠨ ᠬᠦᠢᠴᠡᠳᠭᠡᠬᠦ ᠬᠦᠴᠤᠨ ᠢ ᠴᠢᠩᠭᠠᠳᠬᠠᠨ᠂ ᠠᠷᠠᠳ ᠳᠦᠮᠡᠨ ᠬᠠᠨᠤᠮᠵᠢᠳᠠᠢ ᠤᠶᠢᠯᠡᠴᠢᠯᠡᠭᠡᠨ ᠤ | ᠭᠡᠯᠪᠡᠷᠢ ᠶᠢᠨ ᠵᠠᠰᠠᠭ ᠤᠨ ᠤᠷᠳᠤᠨ ᠢ ᠪᠦᠬᠦ ᠬᠦᠴᠤᠨ ᠢᠶᠠᠷ ᠢᠶᠠᠨ ᠪᠠᠶᠢᠭᠤᠯᠤᠨ᠎ᠠ᠃ | ᠤᠭ ᠰᠠᠨᠠᠭ᠎ᠠ ᠪᠠᠨ ᠮᠠᠷᠳᠠᠯ ᠦᠭᠡᠢ ᠡᠷᠡᠯᠭᠡᠭᠯᠡᠨ ᠤᠷᠤᠬᠰᠢᠯᠠᠨ᠎ᠠ᠃ ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ | ᠬᠦᠮᠤᠵᠢᠯ ᠢ ᠪᠠᠶᠢᠩᠭᠤᠵᠢᠭᠤᠯᠤᠨ ᠳᠦᠷᠢᠮᠵᠢᠬᠦᠯᠬᠦ ᠶᠢ ᠠᠬᠢᠭᠤᠯᠤᠨ᠂ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠤᠪᠳᠤ ᠬᠦᠮᠤᠵᠢᠯ ᠢ ᠦᠷᠨᠢᠬᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠤᠱᠯᠠᠭᠤᠯᠵᠤ᠂ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠹᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠡᠨᠬᠦ ᠳᠠᠷᠢᠬᠢ ᠳᠤᠯᠤᠭᠠᠢ ᠪᠠᠨ | ᠵᠡᠪᠰᠡᠭᠯᠡᠨ᠂ ᠤᠶᠢᠯᠡᠳᠤᠯᠭᠡ ᠶᠢ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ | ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠵᠤᠷᠢᠯᠳᠠ ᠶᠢᠨ ᠤᠬᠠᠮᠰᠠᠷ ᠢᠶᠠᠨ ᠨᠡᠮᠡᠭᠳᠡᠬᠦᠯᠵᠤ᠂ ᠠᠷᠠᠳ ᠤᠨ ᠳᠦᠯᠦᠭᠡ ᠵᠠᠰᠠᠭ ᠶᠠᠪᠤᠭᠤᠯᠬᠤ ᠶᠢ ᠪᠠᠷᠢᠮᠳᠠᠯᠠᠨ᠂ | ᠪᠤᠳᠠᠳᠠᠢ ᠶᠢ ᠡᠷᠬᠢᠮᠯᠡᠬᠦ ᠠᠷᠭ᠎ᠠ ᠪᠠᠷᠢᠯ ᠢᠶᠠᠷ ᠠᠷᠠᠳ ᠳᠦᠮᠡᠨ ᠳᠤ ᠤᠶᠢᠯᠡᠴᠢᠯᠡᠵᠤ᠂ ᠪᠤᠳᠠᠳᠤ ᠠᠮᠵᠢᠯᠳᠠ ᠪᠠᠷ ᠢᠶᠠᠨ ᠠᠷᠠᠳ ᠤᠨ ᠢᠳᠡᠭᠡᠯ ᠢ ᠤᠯᠵᠤ᠂ ᠬᠦᠭᠵᠢᠯᠳᠡ | ᠶᠢᠨ ᠦᠷ᠎ᠠ ᠪᠦᠳᠤᠭᠡᠯ ᠢᠶᠠᠷ ᠢᠶᠠᠨ ᠠᠷᠠᠳ ᠲᠤ ᠵᠤᠯ ᠵᠢᠷᠭᠠᠯ ᠡᠬᠦᠳᠤᠨ ᠦᠭᠬᠦᠨ᠎ᠠ᠃ ᠪᠠᠶᠢᠴᠠᠭᠠᠨ ᠰᠤᠳᠤᠯᠬᠤ ᠠᠵᠢᠯ ᠢ ᠰᠠᠶᠢᠳᠤᠷ ᠦᠷᠨᠢᠬᠦᠯᠤᠨ᠂ ᠤᠷᠤᠰᠢᠵᠤ | ᠪᠠᠶᠢᠭ᠎ᠠ ᠠᠰᠠᠭᠤᠳᠠᠯ ᠢ ᠡᠷᠢᠨ ᠤᠯᠵᠤ᠂ ᠬᠦᠭᠵᠢᠯᠳᠡ ᠶᠢᠨ ᠠᠵᠠ ᠳᠤᠬᠢᠶᠠᠯ ᠢ ᠪᠠᠳᠤ ᠡᠵᠡᠮᠳᠡᠨ᠂ ᠰᠢᠨ᠎ᠠ ᠶᠢ ᠡᠬᠦᠳᠬᠦ ᠰᠡᠳᠬᠢᠬᠦᠢ ᠪᠠᠷ ᠡᠯ᠎ᠡ ᠳᠦᠷᠤᠯ ᠤᠨ ᠠᠵᠢᠯ | ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ | ᠬᠠᠤᠯᠢ ᠪᠠᠷ ᠵᠠᠰᠠᠬᠤ ᠶᠢ ᠡᠷᠬᠢᠮᠯᠡᠨ᠂ ᠬᠠᠤᠯᠢ ᠶᠤᠰᠤᠭᠠᠷ ᠵᠠᠰᠠᠭ ᠶᠠᠪᠤᠭᠤᠯᠤᠨ᠎ᠠ᠃ ᠬᠠᠤᠯᠢ ᠪᠠᠷ ᠵᠠᠰᠠᠬᠤ ᠤᠶᠢᠯᠠᠭᠠᠬᠳᠠᠬᠤᠨ ᠢ ᠵᠠᠰᠠᠭ ᠤᠨ ᠤᠷᠳᠤᠨ ᠤ ᠠᠵᠢᠯ ᠤᠨ | ᠪᠦᠬᠦ ᠶᠠᠪᠤᠴᠠ ᠳᠤ ᠳᠤᠤᠱᠯᠠᠭᠤᠯᠤᠨ᠂ ᠨᠠᠷᠢᠨ ᠳᠠᠩᠰᠠ ᠶᠢᠨ ᠬᠠᠮᠢᠶᠠᠷᠤᠯᠳᠠ ᠶᠢᠨ ᠳᠦᠷᠢᠮ ᠢ ᠪᠦᠬᠦ ᠳᠠᠯ᠎ᠠ ᠪᠠᠷ ᠭᠡᠷᠡᠭᠵᠢᠬᠦᠯᠵᠤ᠂ ᠬᠠᠤᠯᠢ ᠳᠤ ᠳᠤᠬᠳᠠᠭᠠᠬᠰᠠᠨ | ᠳᠤᠰᠢᠶᠠᠯ ᠬᠠᠷᠢᠭᠤᠴᠠᠯᠭ᠎ᠠ ᠪᠠᠨ ᠵᠠᠪᠠᠯ ᠬᠦᠢᠴᠡᠳᠭᠡᠨ ᠬᠠᠤᠯᠢ ᠳᠤ ᠵᠦᠪᠰᠢᠶᠡᠷᠡᠬᠦ ᠦᠭᠡᠢ ᠪᠤᠯ ᠤᠬᠳᠤ ᠬᠢᠵᠤ ᠦᠯᠦ ᠪᠤᠯᠬᠤ ᠶᠢ ᠪᠠᠷᠢᠮᠳᠠᠯᠠᠨ᠂ ᠬᠠᠤᠯᠢ ᠪᠠᠷ | ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ᠃ ︽ᠭᠤᠷᠪᠠᠨ ᠴᠢᠬᠤᠯᠠ ᠨᠢᠭᠡ ᠳᠤᠮᠤ︾ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠢᠳᠡᠪᠬᠢᠳᠡᠢ ᠳᠡᠯᠭᠡᠷᠡᠬᠦᠯᠤᠨ᠂ ᠬᠠᠤᠯᠢ ᠶᠤᠰᠤᠭᠠᠷ᠂ | ᠠᠷᠠᠳᠴᠢᠯᠠᠯ ᠢᠶᠠᠷ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠳᠤᠬᠳᠠᠭᠠᠬᠤ ᠶᠢ ᠪᠡᠶᠡᠯᠡᠬᠦᠯᠤᠨ᠎ᠠ᠃ ᠪᠠᠶᠢᠭᠤᠯᠤᠮᠵᠢ ᠶᠢᠨ ᠤᠷᠤᠨ ᠳᠤᠭ᠎ᠠ ᠶᠢ ᠬᠠᠤᠯᠢ ᠪᠠᠷ | ᠳᠤᠬᠳᠠᠭᠠᠬᠤ ᠶᠢ ᠠᠬᠢᠭᠤᠯᠤᠨ᠎ᠠ᠃ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠳᠠ ᠶᠢ ᠬᠦᠯᠢᠶᠡᠵᠤ | ᠂ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠤᠨ ᠪᠠ ᠶᠠᠷᠢᠶ᠎ᠠ | ᠭᠡᠯᠡᠯᠴᠡᠭᠡᠨ ᠤ ᠬᠢᠨᠠᠯᠳᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠎ᠠ᠃ | ᠵᠤᠷᠢᠬᠳᠠᠢ ᠪᠠᠷ ᠠᠵᠢᠯᠯᠠᠨ᠂ ᠦᠨᠡᠨᠬᠦ ᠠᠳᠬᠤᠵᠤ ᠪᠤᠳᠠᠳᠠᠢ ᠬᠢᠨ᠎ᠠ᠃ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠬᠠᠷᠢᠭᠤᠴᠠᠯᠭ᠎ᠠ | ᠡᠬᠦᠷᠭᠡᠯᠡᠬᠦ ᠶᠢ ᠴᠢᠩᠭᠠᠳᠬᠠᠨ᠂ ᠠᠷᠠᠳ ᠳᠦᠮᠡᠨ ᠤ ᠰᠠᠶᠢᠨ ᠰᠠᠶᠢᠬᠠᠨ ᠠᠮᠢᠳᠤᠷᠠᠯ ᠢ ᠬᠦᠰᠡᠨ ᠡᠷᠡᠮᠡᠯᠵᠡᠬᠦ ᠶᠢ ᠵᠤᠷᠢᠬᠳᠠᠢ ᠡᠬᠦᠷᠭᠡᠯᠡᠨ ᠰᠠᠶᠢᠳᠤᠷ ᠠᠳᠬᠤᠵᠤ᠂ | ᠳᠤᠬᠳᠠᠭᠠᠬᠰᠠᠨ ᠬᠠᠷᠠᠯᠳᠠ᠂ ᠭᠠᠷᠭᠠᠬᠰᠠᠨ ᠳᠦᠷᠦ ᠶᠢᠨ ᠪᠤᠳᠤᠯᠭ᠎ᠠ᠂ ᠪᠠᠭᠤᠯᠭᠠᠬᠰᠠᠨ ᠡᠬᠦᠷᠭᠡ ᠶᠢ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠪᠤᠳᠠᠳᠠᠢ᠂ | ᠨᠠᠷᠢᠯᠢᠭ᠂ ᠰᠠᠶᠢᠳᠤᠷ ᠭᠡᠷᠡᠭᠵᠢᠬᠦᠯᠤᠨ ᠪᠡᠶᠡᠯᠡᠬᠦᠯᠤᠨ᠎ᠠ᠃ ︽ᠠᠮᠵᠢᠯᠳᠠ ᠪᠦᠳᠤᠮᠵᠢ ᠤᠯᠬᠤ ᠨᠢ ᠭᠠᠭᠴᠠ ᠮᠢᠨᠤ ᠴᠢᠷᠮᠠᠶᠢᠯᠭ᠎ᠠ ᠳᠤ ᠪᠠᠶᠢᠬᠤ ᠪᠢᠰᠢ︾ ᠭᠡᠬᠦ | ᠦᠵᠡᠯᠳᠡ ᠶᠢ ᠪᠤᠢ ᠪᠤᠯᠭᠠᠵᠤ᠂ ᠠᠷᠠᠳ ᠤᠯᠠᠨ ᠳᠤ ᠦᠪ ᠦᠨᠡᠨᠬᠦ ᠭᠠᠷ ᠲᠤ ᠪᠠᠷᠢᠬᠳᠠᠮ᠎ᠠ ᠨᠢᠳᠤᠨ ᠳᠤ ᠦᠵᠡᠭᠳᠡᠮᠠ ᠪᠤᠳᠠᠳᠤ ᠤᠴᠢᠷ ᠢ ᠪᠦᠳᠤᠭᠡᠵᠤ ᠦᠭᠬᠦ | ᠮᠦᠷᠳᠡᠭᠡᠨ ᠰᠠᠭᠤᠷᠢ ᠶᠢ ᠨᠢ ᠰᠠᠶᠢᠳᠤᠷ ᠳᠠᠯᠪᠢᠬᠰᠠᠨ ᠠᠯᠤᠰ ᠭᠡᠳᠤ ᠶᠢᠨ ᠠᠴᠢ ᠬᠤᠯᠪᠤᠬᠳᠠᠯ ᠲᠠᠢ ᠰᠠᠶᠢᠨ ᠶᠠᠪᠤᠳᠠᠯ ᠤᠳ ᠢ ᠪᠦᠳᠤᠭᠡᠵᠤ ᠦᠭᠬᠦᠨ᠎ᠠ᠃ | ᠤᠷᠮᠠᠰᠢᠭᠤᠯᠤᠨ ᠬᠦᠭᠵᠢᠭᠡᠬᠦ ᠪᠠ ᠠᠭᠤᠴᠢᠯᠠᠨ ᠪᠠᠭᠳᠠᠭᠠᠬᠤ ᠳᠤᠬᠳᠠᠴᠠ ᠶᠢ ᠪᠦᠷᠢᠨᠰᠢᠬᠦᠯᠤᠨ ᠳᠡᠬᠦᠯᠳᠡᠷᠵᠢᠬᠦᠯᠵᠤ᠂ ᠦᠭᠡᠷᠡᠴᠢᠯᠡᠯᠳᠡ ᠬᠢᠭᠰᠡᠳ ᠢ ᠰᠡᠳᠬᠢᠯ ᠤᠨ | ᠳᠠᠷᠤᠭᠠᠰᠤ ᠦᠭᠡᠢ ᠪᠠᠷ ᠠᠵᠢᠯᠯᠠᠭᠤᠯᠤᠨ᠂ ᠵᠤᠷᠢᠬᠳᠠᠢ ᠬᠢᠭᠰᠡᠳ ᠢ ᠴᠤᠯᠭᠤᠷᠠᠨ ᠤᠷᠤᠶᠢᠯᠠᠭᠤᠯᠵᠤ᠂ ᠪᠤᠳᠠᠳᠠᠢ ᠠᠵᠢᠯᠯᠠᠬᠰᠠᠳ ᠤᠨ ᠡᠷᠳᠡᠮ ᠴᠢᠳᠠᠪᠤᠷᠢ ᠶᠢ ᠨᠢ | ᠭᠠᠶᠢᠬᠠᠭᠤᠯᠤᠨ᠎ᠠ᠃ ᠠᠵᠢᠯᠯᠠᠬᠤ ᠦᠭᠡᠢ᠂ ᠬᠤᠶᠢᠷᠭᠤᠰᠢᠨ ᠠᠵᠢᠯᠯᠠᠳᠠᠭ ᠪᠠ ᠳᠤᠷ᠎ᠠ ᠪᠠᠷ ᠢᠶᠠᠨ ᠤᠶᠢᠯᠡᠳᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠵᠠᠰᠠᠭ | ᠤᠨ ᠵᠠᠷᠯᠢᠭ ᠰᠠᠭᠠᠳ ᠦᠭᠡᠢ᠂ ᠵᠠᠷᠯᠢᠭ ᠢ ᠴᠢᠩᠭ᠎ᠠ ᠪᠡᠶᠡᠯᠡᠬᠦᠯᠬᠦ ᠶᠢ ᠪᠠᠳᠤᠯᠠᠨ᠎ᠠ᠃ | ᠰᠠᠬᠢᠯᠭ᠎ᠠ ᠳᠦᠷᠢᠮ ᠢ ᠴᠢᠩᠭ᠎ᠠ ᠵᠢᠷᠤᠮᠯᠠᠨ ᠰᠠᠬᠢᠵᠤ᠂ ᠴᠢᠩᠭ᠎ᠠ ᠪᠠᠷ ᠵᠠᠰᠠᠭ ᠶᠠᠪᠤᠭᠤᠯᠤᠨ᠎ᠠ᠃ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠴᠠᠭ ᠢᠮᠠᠬᠳᠠ | ᠳᠡᠷᠢᠬᠦᠨ ᠪᠠᠶᠢᠷᠢᠨ ᠳᠤ ᠳᠠᠯᠪᠢᠵᠤ᠂ ᠵᠠᠰᠠᠭ ᠤᠨ ᠤᠷᠳᠤᠨ ᠤ ᠰᠢᠰᠲ᠋ᠧᠮᠳᠤ ᠨᠠᠮ ᠤᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠨ᠎ᠠ᠃ ᠨᠠᠮ ᠤᠨ ᠰᠤᠷᠳᠠᠯ | ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯ ᠢ ᠴᠦᠬᠦᠷᠡᠯ ᠦᠭᠡᠢ ᠰᠠᠶᠢᠳᠤᠷ ᠠᠳᠬᠤᠨ᠎ᠠ᠃ ᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠳᠡᠮᠵᠢᠵᠤ᠂ | ᠬᠢᠨᠠᠨ ᠪᠤᠳᠤᠵᠤ ᠬᠢᠨᠠᠯᠳᠠ ᠳᠠᠯᠪᠢᠬᠤ ᠶᠢ ᠴᠢᠩᠭᠠᠳᠬᠠᠨ᠂ ᠭᠤᠤᠯᠳᠠᠯᠭ᠎ᠠ ᠲᠠᠢ ᠬᠦᠷᠢᠶ᠎ᠠ ᠭᠡᠪᠴᠢᠶᠡᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠶᠠᠳᠠᠭᠤ ᠶᠢ | ᠳᠡᠳᠬᠦᠬᠦ ᠬᠦᠷᠢᠶ᠎ᠠ ᠭᠡᠪᠴᠢᠶᠠᠨ ᠳᠤ ᠤᠷᠤᠰᠢᠵᠤ ᠪᠠᠶᠢᠭ᠎ᠠ ᠬᠠᠤᠯᠢ ᠳᠦᠷᠢᠮ ᠰᠠᠬᠢᠯᠭ᠎ᠠ ᠪᠠᠳᠤ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠵᠤ᠂ | ᠶᠠᠳᠠᠭᠤ ᠠᠴᠠ ᠨᠢ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠤᠯᠬᠤ ᠳᠤ ᠰᠠᠬᠢᠯᠭ᠎ᠠ ᠪᠠᠳᠤ ᠶᠢᠨ ᠪᠠᠳᠤᠯᠠᠭ᠎ᠠ ᠶᠢ ᠬᠠᠩᠭᠠᠨ | ᠦᠭᠬᠦᠨ᠎ᠠ᠃ ᠳᠦᠪ ᠤᠨ ᠨᠠᠢᠮᠠᠨ ᠳᠤᠬᠳᠠᠭᠠᠯ ᠵᠢᠴᠢ ᠭᠡᠷᠡᠭᠵᠢᠬᠦᠯᠬᠦ ᠨᠠᠷᠢᠨ ᠳᠦᠷᠢᠮ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠳᠦᠷᠪᠡᠨ | ᠰᠤᠷᠳᠠᠯ︾ ᠢ ᠡᠷᠡᠰ ᠵᠠᠯᠠᠷᠠᠭᠤᠯᠵᠤ᠂ ᠢᠳᠡᠵᠤ ᠠᠪᠬᠤ ᠬᠠᠰᠢᠬᠤ ᠵᠡᠷᠭᠡ ᠤᠯᠠᠨ ᠳᠦᠮᠡᠨ ᠤ ᠠᠰᠢᠭ ᠳᠤᠰᠠ ᠶᠢ ᠬᠦᠨᠤᠭᠡᠭᠰᠡᠨ ᠳᠦᠪ ᠪᠤᠰᠤ ᠰᠤᠷᠳᠠᠯ ᠪᠠ ᠢᠯᠵᠠᠷᠠᠯ | ᠠᠰᠠᠭᠤᠳᠠᠯ ᠢ ᠴᠢᠩᠭ᠎ᠠ ᠪᠠᠶᠢᠴᠠᠭᠠᠨ᠂ ᠳᠦᠪ ᠴᠢᠭᠡᠴᠢ ᠠᠷᠢᠭᠤᠨ ᠰᠤᠷᠳᠠᠯ ᠲᠠᠢ ᠤᠯᠤᠰ ᠳᠦᠷᠦ ᠶᠢᠨ ᠠᠮᠢ ᠠᠬᠤᠢ ᠶᠢ ᠪᠤᠢ ᠪᠤᠯᠭᠠᠨ᠎ᠠ᠃ | ᠳᠦᠯᠦᠭᠡᠯᠡᠭᠴᠢᠳ ᠡ᠂ ᠵᠤᠯ ᠵᠢᠷᠭᠠᠯ ᠢ ᠪᠤᠯ ᠳᠡᠮᠡᠴᠡᠵᠤ ᠪᠠᠶᠢᠭᠠᠳ ᠤᠯᠳᠠᠭ ᠶᠤᠮ᠃ ᠪᠢᠳᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠳᠤᠭ ᠢ ᠦᠨᠳᠤᠷ ᠮᠠᠨᠳᠤᠭᠤᠯᠤᠨ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠳᠡᠭᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠠ | ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠨ᠂ ᠵᠤᠷᠢᠬᠳᠠᠢ ᠪᠠᠷ ᠤᠷᠤᠬᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ | ᠰᠢᠢᠳᠪᠤᠷᠢᠳᠤ ᠢᠯᠠᠯᠳᠠ ᠶᠢ ᠤᠯᠵᠤ᠂ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠤᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯ | ᠵᠡᠬᠦᠳᠤ ᠶᠢ ᠬᠠᠮᠳᠤᠪᠠᠷ ᠳᠡᠷᠭᠡᠯᠰᠢᠬᠦᠯᠬᠦ︾ ᠳᠤ ᠨᠡᠩ ᠶᠡᠭᠡ ᠰᠢᠨ᠎ᠠ ᠬᠤᠪᠢ ᠨᠡᠮᠡᠷᠢ ᠪᠠᠨ ᠦᠵᠡᠬᠦᠯᠵᠡᠭᠡᠶᠠ︕ | | | | | | | | | | | | | | | ᠨᠡᠷ᠎ᠡ ᠦᠭᠡᠰ ᠤᠨ ᠳᠠᠶᠢᠯᠪᠤᠷᠢ | ᠨᠢᠭᠡ ᠪᠦᠰᠡ ᠳᠦᠷᠪᠡᠨ ᠵᠤᠭᠠᠴᠠᠯ᠄ ᠨᠢᠭᠡ ᠪᠦᠰᠡ ᠭᠡᠳᠡᠭ ᠨᠢ ᠬᠠᠳᠤᠨ ᠭᠤᠤᠯ ᠤᠨ ᠦᠵᠡᠮᠵᠢᠳᠤ ᠵᠤᠭᠠᠴᠠᠨ ᠠᠮᠠᠷᠠᠬᠤ ᠪᠦᠰᠡ ᠶᠢ ᠵᠢᠭᠠᠵᠤ ᠪᠤᠢ︔ ᠳᠦᠷᠪᠡᠨ | ᠵᠤᠭᠠᠴᠠᠯ ᠭᠡᠳᠡᠭ ᠨᠢ ᠠᠷᠠᠳ ᠤᠨ ᠵᠠᠩ ᠤᠶᠢᠯᠡ ᠶᠢᠨ ᠳᠠᠬᠢᠯᠭ᠎ᠠ ᠶᠢᠨ ᠰᠤᠶᠤᠯ ᠤᠨ ᠵᠤᠭᠠᠴᠠᠯ᠂ ᠡᠯᠡᠰᠤᠨ ᠤ ᠮᠠᠰᠢᠨ ᠳᠡᠷᠭᠡ ᠤᠷᠤᠯᠳᠤᠬᠤ ᠵᠤᠭᠠᠴᠠᠯ᠂ ᠤᠳᠤ | ᠦᠶ᠎ᠠ ᠶᠢᠨ ᠠᠵᠤ ᠤᠶᠢᠯᠡᠳᠪᠤᠷᠢ ᠶᠢ ᠪᠡᠶᠡᠳᠡᠨ ᠤᠶᠢᠯᠠᠭᠠᠬᠤ ᠵᠤᠭᠠᠴᠠᠯ᠂ ᠤᠨᠴᠠᠯᠢᠬᠳᠤ ᠵᠢᠵᠢᠭ ᠪᠠᠯᠭᠠᠰᠤᠨ ᠤ ᠦᠵᠡᠰᠬᠦᠯᠡᠩᠳᠤ ᠰᠠᠶᠢᠬᠠᠨ ᠬᠦᠳᠡᠭᠡ ᠳᠤᠰᠬᠤᠨ ᠤ | ᠵᠤᠭᠠᠴᠠᠯ ᠢ ᠵᠢᠭᠠᠵᠤ ᠪᠤᠢ᠃ | ᠤᠯᠠᠨ ᠳᠦᠷᠢᠮ ᠢ ᠨᠡᠶᠢᠳᠭᠡᠨ ᠨᠢᠭᠡ ᠪᠤᠯᠭᠠᠬᠤ᠄ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠳᠦᠯᠦᠪᠵᠢᠬᠦᠯᠭᠡ᠂ ᠬᠤᠳᠠ | ᠬᠦᠳᠡᠭᠡ ᠶᠢᠨ ᠳᠦᠯᠦᠪᠵᠢᠬᠦᠯᠭᠡ᠂ ᠭᠠᠵᠠᠷ ᠰᠢᠷᠤᠢ ᠶᠢ ᠨᠡᠭᠡᠭᠡᠨ ᠠᠰᠢᠬᠯᠠᠬᠤ ᠳᠦᠯᠦᠪᠵᠢᠬᠦᠯᠭᠡ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ | ᠳᠦᠯᠦᠪᠵᠢᠬᠦᠯᠭᠡ ᠵᠡᠷᠭᠡ ᠤᠯᠠᠨ ᠳᠦᠯᠦᠪᠵᠢᠬᠦᠯᠭᠡ ᠶᠢ ᠨᠢᠭᠡ ᠭᠠᠵᠠᠷ ᠤᠷᠤᠨ ᠳᠤ ᠠᠭᠤᠰᠤᠯᠴᠠᠭᠤᠯᠤᠨ᠂ ᠨᠢᠭᠡ ᠬᠤᠳᠠ ᠰᠢᠶᠠᠨ ᠤ ᠨᠢᠭᠡ ᠳᠦᠯᠦᠪᠵᠢᠬᠦᠯᠭᠡ᠂ | ᠨᠢᠭᠡ ᠬᠠᠷᠠᠯᠳᠠ ᠶᠢ ᠪᠡᠶᠡᠯᠡᠬᠦᠯᠵᠤ᠂ ᠤᠳᠤᠬᠠᠨ ᠤ ᠡᠯ᠎ᠡ ᠳᠦᠷᠤᠯ ᠤᠨ ᠳᠦᠯᠦᠪᠵᠢᠬᠦᠯᠭᠡ ᠶᠢᠨ ᠳᠤᠬᠳᠠᠯᠴᠠᠭ᠎ᠠ ᠪᠤᠯᠵᠤ ᠪᠦᠷᠢᠯᠳᠦᠬᠦ᠂ ᠵᠦᠷᠢᠴᠡᠯ ᠢ ᠳᠤᠳᠤᠭᠠᠳᠤ | ᠳᠠᠭᠠᠨ ᠰᠢᠢᠳᠪᠤᠷᠢᠯᠡᠬᠦ᠂ ᠠᠪᠴᠠᠯᠳᠤᠬᠰᠠᠨ ᠢᠶᠠᠷ ᠳᠤᠳᠠᠮᠠᠭ ᠵᠡᠷᠭᠡ ᠠᠰᠠᠭᠤᠳᠠᠯ ᠤᠳ ᠢ ᠰᠢᠢᠳᠪᠤᠷᠢᠯᠡᠬᠦ ᠶᠢ ᠵᠢᠭᠠᠵᠤ ᠪᠤᠢ᠃ | ᠤᠷᠢᠳᠠᠪᠠᠷ ᠡᠵᠡᠩᠨᠡᠯᠳᠡ ᠶᠢᠨ ᠦᠨᠡᠮᠯᠡᠯ ᠢ ᠭᠤᠶᠤᠴᠢᠯᠠᠵᠤ ᠳᠠᠷᠠᠭ᠎ᠠ ᠨᠢ ᠬᠠᠮᠢᠶ᠎ᠠ ᠪᠦᠬᠦᠢ ᠵᠦᠪᠰᠢᠶᠡᠷᠡᠯ ᠤᠨ ᠭᠡᠷᠡᠴᠢ ᠶᠢ ᠬᠢᠯᠭᠡᠬᠦ᠂ ᠤᠯᠠᠨ ᠦᠨᠡᠮᠯᠡᠯ ᠢ | ᠨᠡᠶᠢᠳᠭᠡᠵᠤ ᠨᠢᠭᠡ ᠦᠨᠡᠮᠯᠡᠯ ᠪᠤᠯᠭᠠᠬᠤ᠄ ᠤᠷᠢᠳᠠᠪᠠᠷ ᠡᠵᠡᠩᠨᠡᠯᠳᠡ ᠶᠢᠨ ᠦᠨᠡᠮᠯᠡᠯ ᠢ ᠭᠤᠶᠤᠴᠢᠯᠠᠵᠤ ᠳᠠᠷᠠᠭ᠎ᠠ ᠨᠢ ᠬᠠᠮᠢᠶ᠎ᠠ ᠪᠦᠬᠦᠢ ᠵᠦᠪᠰᠢᠶᠡᠷᠡᠯ ᠤᠨ ᠭᠡᠷᠡᠴᠢ ᠶᠢ | ᠬᠢᠯᠭᠡᠬᠦ ᠭᠡᠳᠡᠭ ᠨᠢ ᠤᠷᠢᠳᠠᠪᠠᠷ ᠡᠵᠡᠩᠨᠡᠯᠳᠡ ᠬᠢᠵᠤ ᠳᠠᠷᠠᠭ᠎ᠠ ᠨᠢ ᠭᠡᠷᠡᠴᠢ ᠬᠢᠯᠭᠡᠬᠦ ᠶᠢ ᠵᠦᠪᠰᠢᠶᠡᠷᠡᠭᠰᠡᠨ ᠳᠦᠷᠤᠯ ᠵᠤᠶᠢᠯ ᠤᠨ ᠵᠠᠬ᠎ᠠ ᠳᠡᠯᠭᠡᠬᠦᠷ ᠤᠨ ᠭᠤᠤᠯ | ᠴᠤᠬᠴᠠ ᠨᠢ ᠤᠷᠢᠳᠠᠪᠠᠷ ᠤᠶᠢᠯᠡᠳᠪᠤᠷᠢ ᠬᠤᠳᠠᠯᠳᠤᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠡ ᠶᠢᠨ ᠦᠨᠡᠮᠯᠡᠯ ᠬᠢᠯᠭᠡᠬᠦ ᠪᠠᠷ ᠭᠤᠶᠤᠴᠢᠯᠠᠨ᠂ | ᠳᠠᠷᠠᠭ᠎ᠠ ᠨᠢ ᠡᠵᠡᠩᠨᠡᠯᠳᠡ ᠶᠢ ᠵᠦᠪᠰᠢᠶᠡᠷᠡᠬᠦᠯᠬᠦ ᠰᠠᠯᠠᠭ᠎ᠠ ᠮᠦᠴᠢᠷ ᠲᠤ ᠬᠦᠷᠴᠤ ᠡᠵᠡᠩᠨᠡᠯᠳᠡ ᠬᠢᠬᠦ ᠶᠢ ᠵᠦᠪᠰᠢᠶᠡᠷᠡᠬᠦᠯᠬᠦ ᠭᠠᠷ ᠬᠦᠢᠴᠡᠳᠭᠡᠯ ᠢ ᠬᠢᠯᠭᠡᠨ᠎ᠠ︔ ᠤᠯᠠᠨ | ᠦᠨᠡᠮᠯᠡᠯ ᠢ ᠨᠡᠶᠢᠳᠭᠡᠨ ᠨᠢᠭᠡ ᠦᠨᠡᠮᠯᠡᠯ ᠪᠤᠯᠭᠠᠬᠤ ᠭᠡᠳᠡᠭ ᠨᠢ ᠭᠡᠷᠡᠴᠢ ᠦᠨᠡᠮᠯᠡᠯ ᠢ ᠨᠡᠶᠢᠳᠭᠡᠬᠦ ᠦᠭᠡᠷᠡᠴᠢᠯᠡᠯᠳᠡ ᠶᠢ ᠵᠢᠭᠠᠵᠤ ᠪᠤᠢ᠂ ᠳᠡᠬᠦᠨ ᠤ ᠵᠤᠷᠢᠯᠭ᠎ᠠ ᠪᠤᠯ | ᠠᠵᠤ ᠠᠬᠤᠶᠢᠯᠠᠯ ᠢ ᠨᠢᠭᠡ ᠦᠨᠡᠮᠯᠡᠯ ᠨᠢᠭᠡ ᠺᠤᠳ᠋ ᠲᠠᠢ ᠪᠤᠯᠭᠠᠨ᠎ᠠ᠃ | ᠬᠤᠳᠠ ᠶᠢᠨ ︽ᠬᠤᠶᠠᠷ ᠢ ᠰᠡᠷᠬᠦᠭᠡᠬᠦ︾᠄ ᠳᠠᠷᠤᠢ ᠠᠮᠢ ᠠᠬᠤᠢ ᠶᠢ ᠰᠡᠷᠬᠦᠭᠡᠬᠦ᠂ ᠬᠤᠳᠠ ᠶᠢ ᠰᠡᠷᠬᠦᠭᠡᠨ ᠭᠤᠶᠤᠵᠢᠭᠤᠯᠬᠤ ᠶᠢ ᠵᠢᠭᠠᠵᠤ ᠪᠤᠢ᠃ | ᠭᠤᠤᠯ ᠤᠨ ᠳᠠᠷᠤᠭ᠎ᠠ ᠶᠢᠨ ᠳᠦᠷᠢᠮ᠄ ᠤᠰᠤᠨ ᠤ ᠡᠬᠢ ᠪᠠᠶᠠᠯᠢᠭ ᠢ ᠬᠠᠮᠠᠭᠠᠯᠠᠨ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠵᠤ᠂ ᠤᠰᠤᠨ ᠤ | ᠤᠷᠴᠢᠨ ᠳᠤᠭᠤᠷᠢᠨ ᠢ ᠰᠠᠶᠢᠵᠢᠷᠠᠭᠤᠯᠤᠨ᠂ ᠤᠰᠤᠨ ᠤ ᠠᠮᠢ ᠠᠬᠤᠢ ᠶᠢ ᠰᠡᠷᠬᠦᠭᠡᠬᠦ ᠪᠠᠷ ᠭᠤᠤᠯ ᠡᠬᠦᠷᠭᠡ ᠪᠤᠯᠭᠠᠨ᠂ ᠮᠤᠵᠢ᠂ ᠬᠤᠳᠠ᠂ ᠰᠢᠶᠠᠨ᠂ ᠰᠢᠶᠠᠩ | ᠳᠦᠷᠪᠡᠨ ᠱᠠᠳᠤᠨ ᠤ ᠭᠤᠤᠯ ᠤᠨ ᠳᠠᠷᠤᠭ᠎ᠠ ᠶᠢᠨ ᠳᠤᠬᠳᠠᠯᠴᠠᠭ᠎ᠠ ᠶᠢ ᠪᠦᠬᠦ ᠳᠠᠯ᠎ᠠ ᠪᠠᠷ ᠪᠠᠶᠢᠭᠤᠯᠵᠤ᠂ ᠬᠠᠷᠢᠭᠤᠴᠠᠯᠭ᠎ᠠ ᠨᠢ ᠳᠤᠳᠤᠷᠬᠠᠢ᠂ ᠵᠤᠬᠢᠴᠠᠭᠤᠯᠭ᠎ᠠ ᠨᠢ | ᠳᠢᠭᠯᠢᠮ ᠲᠠᠢ᠂ ᠬᠢᠨᠠᠨ ᠬᠠᠮᠢᠶᠠᠷᠤᠯᠳᠠ ᠨᠢ ᠴᠢᠩᠭ᠎ᠠ᠂ ᠬᠠᠮᠠᠭᠠᠯᠠᠯᠳᠠ ᠨᠢ ᠡᠷᠴᠢᠮ ᠲᠠᠢ ᠭᠤᠤᠯ ᠨᠠᠭᠤᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠳᠤᠬᠳᠠᠴᠠ ᠶᠢ | ᠪᠠᠶᠢᠭᠤᠯᠤᠨ᠂ ᠭᠤᠤᠯ ᠨᠠᠭᠤᠷ ᠤᠨ ᠡᠷᠡᠬᠦᠯ ᠴᠢᠬᠢᠷᠠᠭ ᠠᠮᠢ ᠨᠠᠰᠤ ᠶᠢ ᠬᠠᠮᠠᠭᠠᠯᠠᠵᠤ᠂ ᠭᠤᠤᠯ ᠨᠠᠭᠤᠷ ᠤᠨ ᠴᠢᠳᠠᠪᠬᠢ ᠶᠢ ᠦᠷᠬᠦᠯᠵᠢᠯᠡᠨ ᠠᠰᠢᠬᠯᠠᠬᠤ ᠳᠤ ᠳᠦᠷᠢᠮ | ᠤᠨ ᠪᠠᠳᠤᠯᠠᠭ᠎ᠠ ᠬᠠᠩᠭᠠᠬᠤ ᠶᠢ ᠵᠢᠭᠠᠵᠤ ᠪᠤᠢ᠃ | ︽ ᠠᠷᠪᠠ ᠨᠢᠭᠡ︾ ᠰᠤᠶᠤᠯ ᠤᠨ ᠢᠨᠵᠧᠨᠧᠷᠢᠩ᠄ ᠨᠢᠭᠡᠨ ᠢᠵᠢ ᠤᠷᠳᠤᠰ ᠤᠨ ᠨᠡᠪᠳᠡᠷᠭᠡᠢ ᠳᠤᠯᠢ ᠶᠢ ᠨᠠᠶᠢᠷᠠᠭᠤᠯᠤᠨ ᠳᠤᠭᠤᠷᠪᠢᠨ᠎ᠠ︔ ᠨᠢᠭᠡ ᠪᠦᠯᠦᠭ | ᠤᠯᠠᠨ ᠨᠡᠶᠢᠳᠡ ᠶᠢᠨ ᠰᠤᠶᠤᠯ ᠤᠨ ᠤᠶᠢᠯᠡᠴᠢᠯᠡᠭᠡᠨ ᠤ ᠪᠠᠷᠢᠮᠵᠢᠶᠠᠵᠢᠭᠤᠯᠤᠬᠰᠠᠨ ᠵᠢᠱᠢᠶ᠎ᠠ ᠦᠵᠡᠬᠦᠯᠬᠦ ᠤᠷᠤᠨ ᠪᠠ ᠨᠢᠭᠡᠴᠢ ᠶᠢ ᠡᠬᠦᠳᠤᠨ ᠪᠠᠶᠢᠭᠤᠯᠤᠨ᠎ᠠ︔ ᠨᠢᠭᠡ | ᠪᠦᠯᠦᠭ ᠤᠯᠠᠨ ᠳᠦᠮᠡᠨᠴᠢ ᠰᠤᠶᠤᠯ ᠤᠷᠠᠯᠢᠭ ᠤᠨ ᠠᠵᠢᠯᠯᠠᠭ᠎ᠠ ᠶᠢᠨ ᠨᠡᠷᠡᠳᠤ ᠳᠦᠷᠤᠯ ᠵᠤᠶᠢᠯ ᠢ ᠪᠠᠶᠢᠭᠤᠯᠤᠨ᠎ᠠ︔ ᠤᠷᠳᠤᠰ ᠰᠤᠶᠤᠯ ᠤᠨ ᠮᠡᠳᠡᠭᠡ ᠵᠠᠩᠬᠢ ᠶᠢᠨ | ᠡᠬᠢ ᠪᠠᠶᠠᠯᠢᠭ ᠤᠨ ᠳᠤᠮᠤ ᠳ᠋ᠠᠶᠢᠲ᠋ᠠ ᠶᠢᠨ ᠳᠠᠪᠴᠠᠩ ᠢ ᠪᠠᠶᠢᠭᠤᠯᠤᠨ᠎ᠠ︔ ᠨᠢᠭᠡ ᠪᠦᠯᠦᠭ ᠤᠶᠢᠯᠡᠳᠬᠦᠨ ᠤ ᠦᠷᠳᠡᠭ ᠨᠢ ᠮᠢᠩᠭᠠᠨ ᠳᠦᠮᠡᠨ ᠳᠦᠬᠦᠷᠢᠭ ᠠᠴᠠ | ᠳᠡᠭᠡᠭᠰᠢᠬᠢ ᠰᠤᠶᠤᠯ ᠤᠨ ᠠᠵᠤ ᠤᠶᠢᠯᠡᠰ ᠤᠨ ᠳᠦᠷᠤᠯ ᠵᠤᠶᠢᠯ ᠢ ᠪᠠᠶᠢᠭᠤᠯᠤᠨ᠎ᠠ︔ ᠵᠢᠯ ᠪᠤᠯᠭᠠᠨ ᠨᠢᠭᠡ ᠰᠢᠯᠢᠳᠡᠭ ᠳᠠᠶᠢᠰᠠᠨ ᠤ ᠤᠷᠠᠯᠢᠭ ᠤᠨ ᠪᠦᠳᠤᠭᠡᠯ ᠢ | ᠵᠤᠬᠢᠶᠠᠨ ᠪᠦᠳᠤᠭᠡᠨᠠ︔ ᠵᠢᠯ ᠪᠤᠯᠭᠠᠨ ᠨᠢᠭᠡ ᠪᠦᠯᠦᠭ ᠠᠩᠬ᠎ᠠ ᠵᠤᠬᠢᠶᠠᠨ ᠪᠦᠳᠤᠭᠡᠭᠰᠡᠨ ᠰᠢᠯᠢᠳᠡᠭ ᠳᠠᠭᠤᠤ ᠬᠦᠭᠵᠢᠮ ᠢ ᠳᠡᠯᠭᠡᠷᠡᠬᠦᠯᠤᠨᠠ︔ ᠵᠢᠯ ᠪᠤᠯᠭᠠᠨ ᠨᠢᠭᠡ | ᠪᠦᠯᠦᠭ ᠪᠢᠴᠢᠯ ᠺᠢᠨᠤ᠋ ᠶᠢ ᠵᠤᠬᠢᠶᠠᠨ ᠪᠦᠳᠤᠭᠡᠬᠦ ᠶᠢ ᠳᠡᠮᠵᠢᠨ᠎ᠠ︔ ᠵᠢᠯ ᠪᠤᠯᠭᠠᠨ ᠨᠢᠭᠡ ᠪᠠᠷᠢᠮᠳᠠᠳᠤ ᠹᠢᠯᠢᠮ ᠢ ᠤᠶᠢᠯᠡᠳᠤᠨᠠ︔ ᠵᠢᠯ ᠪᠤᠯᠭᠠᠨ ᠤᠷᠳᠤᠰ ᠬᠤᠳᠠ ᠶᠢᠨ | ᠠᠵᠤ ᠠᠬᠤᠢ ᠨᠡᠶᠢᠭᠡᠮ ᠤᠨ ᠬᠦᠭᠵᠢᠯᠳᠡ ᠶᠢ ᠳᠤᠰᠬᠠᠬᠰᠠᠨ ᠲᠧᠯᠸᠢᠰ ᠵᠦᠴᠤᠭᠡ ᠶᠢ ᠰᠡᠬᠦᠳᠡᠷᠯᠡᠨ ᠤᠶᠢᠯᠡᠳᠤᠨᠠ᠃ | ᠭᠤᠷᠪᠠᠨ ᠱᠤᠭᠤᠮ ᠨᠢᠭᠡ ᠳᠠᠩᠰᠠ᠄ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ᠂ ᠤᠷᠴᠢᠨ ᠳᠤᠭᠤᠷᠢᠨ ᠤ ᠴᠢᠨᠠᠷ ᠴᠢᠨᠰᠠᠭ᠎ᠠ ᠶᠢᠨ | ᠬᠤᠷᠢᠭ᠎ᠠ ᠱᠤᠭᠤᠮ᠂ ᠡᠬᠢ ᠪᠠᠶᠠᠯᠢᠭ ᠢ ᠨᠡᠭᠡᠭᠡᠨ ᠠᠰᠢᠬᠯᠠᠬᠤ ᠤᠯᠠᠭᠠᠨ ᠱᠤᠭᠤᠮ ᠪᠠ ᠤᠷᠴᠢᠨ ᠳᠤᠭᠤᠷᠢᠨ ᠤ ᠵᠦᠪᠰᠢᠶᠡᠷᠡᠯ ᠤᠨ ᠨᠠᠷᠢᠨ ᠳᠠᠩᠰᠠ ᠶᠢ ᠵᠢᠭᠠᠵᠤ ᠪᠤᠢ᠃ | | PPP᠄ ᠪᠠᠰᠠ PPP ᠵᠠᠬᠪᠤᠷ ᠭᠡᠳᠡᠭ᠃ ᠳᠡᠷᠡ ᠨᠢ ᠵᠠᠰᠠᠭ ᠤᠨ ᠤᠷᠳᠤᠨ ᠪᠤᠯᠤᠨ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭ᠎ᠠ ᠶᠢ ᠵᠢᠭᠠᠵᠤ᠂ | ᠤᠯᠠᠨ ᠨᠡᠶᠢᠳᠡ ᠶᠢᠨ ᠰᠠᠭᠤᠷᠢ ᠳᠦᠬᠦᠭᠡᠷᠤᠮᠵᠢ ᠳᠤᠳᠤᠷᠠᠬᠢ ᠨᠢᠭᠡ ᠵᠤᠶᠢᠯ ᠤᠨ ᠳᠦᠷᠤᠯ ᠵᠤᠶᠢᠯ ᠤᠨ ᠡᠷᠬᠢᠯᠳᠡ ᠶᠢᠨ ᠵᠠᠬᠪᠤᠷ ᠪᠤᠯᠤᠨ᠎ᠠ᠃ ᠳᠤᠰ ᠵᠠᠬᠪᠤᠷ ᠤᠨ | ᠤᠶᠢᠯᠡᠴᠢᠯᠡᠯ ᠢᠶᠠᠷ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠬᠦᠷᠦᠩᠭᠡ ᠨᠢ ᠵᠠᠰᠠᠭ ᠤᠨ ᠤᠷᠳᠤᠨ ᠲᠠᠢ ᠬᠠᠮᠳᠤᠷᠠᠨ | ᠠᠵᠢᠯᠯᠠᠵᠤ᠂ ᠤᠯᠠᠨ ᠨᠡᠶᠢᠳᠡ ᠶᠢᠨ ᠰᠠᠭᠤᠷᠢ ᠳᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠳᠤ ᠤᠷᠤᠯᠴᠠᠨ᠎ᠠ᠃ | EPC: ᠪᠠᠰᠠ EPC ᠵᠠᠬᠪᠤᠷ ᠭᠡᠳᠡᠭ᠃ ᠳᠡᠷᠡ ᠨᠢ ᠺᠤᠮᠫᠠᠨᠢ ᠡᠵᠡᠨᠳᠡᠨ ᠤ ᠨᠠᠶᠢᠳᠠᠯᠭ᠎ᠠ ᠪᠠᠷ᠂ ᠭᠡᠷ᠎ᠠ ᠶᠤᠰᠤᠭᠠᠷ ᠪᠠᠷᠢᠯᠭ᠎ᠠ ᠶᠢᠨ ᠪᠦᠳᠤᠭᠡᠨ | ᠪᠠᠶᠢᠭᠤᠯᠤᠯᠳᠠ ᠶᠢᠨ ᠳᠦᠷᠤᠯ ᠵᠤᠶᠢᠯ ᠢ ᠳᠦᠯᠦᠪᠯᠡᠬᠦ᠂ ᠬᠤᠳᠠᠯᠳᠤᠨ ᠠᠪᠬᠤ᠂ ᠪᠠᠷᠢᠯᠭ᠎ᠠ ᠬᠢᠬᠦ᠂ ᠳᠤᠷᠰᠢᠨ ᠡᠷᠬᠢᠯᠳᠦᠬᠦᠯᠬᠦ ᠵᠡᠷᠭᠡ ᠶᠢ ᠭᠡᠷᠡᠭᠵᠢᠬᠦᠯᠬᠦ ᠪᠦᠬᠦ ᠶᠠᠪᠤᠴᠠ | ᠪᠤᠶᠤ ᠭᠡᠳᠤᠨ ᠱᠠᠳᠤ ᠶᠢ ᠳᠠᠭᠠᠭᠠᠴᠢᠯᠠᠨ ᠠᠪᠬᠤ ᠶᠢ ᠵᠢᠭᠠᠵᠤ ᠪᠤᠢ᠃ | ᠵᠠᠬ᠎ᠠ ᠳᠡᠯᠭᠡᠬᠦᠷ ᠲᠤ ᠤᠷᠤᠭᠤᠯᠬᠤ ᠶᠢ ᠵᠦᠪᠰᠢᠶᠡᠷᠡᠬᠦ ᠨᠠᠵᠠᠭᠠᠢ ᠳᠠᠯ᠎ᠠ ᠶᠢᠨ ᠨᠠᠷᠢᠨ ᠳᠠᠩᠰᠠ ᠶᠢᠨ ᠳᠦᠷᠢᠮ᠄ ᠳᠦᠷᠦ ᠶᠢᠨ ᠶᠠᠪᠤᠳᠠᠯ ᠤᠨ ᠬᠤᠷᠢᠶ᠎ᠠ | ᠨᠠᠷᠢᠨ ᠳᠠᠩᠰᠠ ᠭᠠᠷᠭᠠᠬᠤ ᠭᠡᠯᠪᠡᠷᠢ ᠪᠠᠷ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠ ᠤᠯᠤᠰ ᠤᠨ ᠬᠢᠯᠢ ᠳᠤᠳᠤᠷ᠎ᠠ ᠪᠡᠯᠡ ᠤᠷᠤᠭᠤᠯᠤᠨ ᠡᠵᠡᠩᠨᠡᠯᠳᠡ | ᠬᠢᠬᠦ ᠶᠢ ᠬᠤᠷᠢᠬᠯᠠᠨ ᠬᠢᠵᠠᠭᠠᠷᠯᠠᠬᠰᠠᠨ ᠠᠵᠢᠯ ᠳᠦᠷᠤᠯ᠂ ᠬᠦᠷᠢᠶ᠎ᠠ ᠭᠡᠪᠴᠢᠶ᠎ᠠ᠂ ᠳᠤᠬᠠᠶᠢᠯᠠᠬᠰᠠᠨ ᠠᠵᠢᠯ ᠵᠡᠷᠭᠡ ᠶᠢ ᠳᠤᠳᠤᠷᠬᠠᠶᠢᠯᠠᠨ ᠵᠢᠬᠰᠠᠭᠠᠵᠤ᠂ ᠡᠯ᠎ᠡ ᠱᠠᠳᠤᠨ ᠤ | ᠵᠠᠰᠠᠭ ᠤᠨ ᠤᠷᠳᠤᠨ ᠬᠠᠤᠯᠢ ᠶᠤᠰᠤᠭᠠᠷ ᠵᠤᠬᠢᠰᠳᠠᠢ ᠬᠠᠮᠢᠶᠠᠷᠤᠯᠳᠠ ᠶᠢᠨ ᠠᠷᠭ᠎ᠠ ᠭᠡᠮᠵᠢᠶ᠎ᠠ ᠠᠪᠤᠬᠰᠠᠨ ᠨᠢᠭᠡ ᠪᠦᠯᠦᠭ ᠳᠦᠷᠢᠮ ᠤᠨ ᠳᠤᠬᠢᠷᠠᠭᠤᠯᠤᠯᠳᠠ ᠶᠢ ᠵᠢᠭᠠᠵᠤ | ᠪᠤᠢ᠃ ᠵᠠᠬ᠎ᠠ ᠳᠡᠯᠭᠡᠬᠦᠷ ᠲᠤ ᠦᠯᠦ ᠤᠷᠤᠭᠤᠯᠬᠤ ᠨᠠᠷᠢᠨ ᠳᠠᠩᠰᠠᠨ ᠠᠴᠠ ᠭᠠᠳᠠᠨᠠᠬᠢ ᠠᠵᠢᠯ ᠳᠦᠷᠤᠯ᠂ ᠬᠦᠷᠢᠶ᠎ᠡ ᠭᠡᠪᠴᠢᠶ᠎ᠠ᠂ ᠳᠤᠬᠠᠶᠢᠯᠠᠬᠰᠠᠨ ᠠᠵᠢᠯ ᠵᠡᠷᠭᠡ | ᠡᠯ᠎ᠠ ᠳᠦᠷᠤᠯ ᠤᠨ ᠵᠠᠬ᠎ᠠ ᠳᠡᠯᠭᠡᠬᠦᠷ ᠤᠨ ᠭᠤᠤᠯ ᠴᠤᠬᠴᠠ ᠨᠢ ᠬᠠᠤᠯᠢ ᠶᠤᠰᠤᠭᠠᠷ ᠡᠷᠭᠡ ᠳᠡᠭᠰᠢ ᠪᠠᠷ ᠵᠠᠬ᠎ᠠ ᠳᠡᠯᠭᠡᠬᠦᠷ ᠲᠤ ᠤᠷᠤᠵᠤ ᠪᠤᠯᠤᠨ᠎ᠠ᠃ | ︽ᠭᠤᠷᠪᠠ ᠶᠢ ᠬᠤᠪᠢᠷᠠᠭᠤᠯᠬᠤ︾ ᠶᠢᠨ ᠦᠭᠡᠷᠡᠴᠢᠯᠡᠯᠳᠡ ᠶᠢᠨ ᠳᠤᠷᠰᠢᠯᠳᠠ ᠶᠢᠨ ᠴᠡᠭ᠄ ᠡᠬᠢ ᠪᠠᠶᠠᠯᠢᠭ ᠢ ᠬᠦᠷᠦᠩᠭᠡ ᠪᠤᠯᠭᠠᠨ ᠬᠤᠪᠢᠷᠠᠭᠤᠯᠤᠬᠰᠠᠨ᠂ | ᠪᠡᠯᠡ ᠮᠦᠩᠬᠦ ᠶᠢ ᠰᠲ᠋ᠤᠺ ᠪᠤᠯᠭᠠᠨ ᠬᠤᠪᠢᠷᠠᠭᠤᠯᠤᠬᠰᠠᠨ᠂ ᠳᠠᠷᠢᠶᠠᠴᠢᠳ ᠢ ᠬᠤᠪᠢ ᠡᠵᠡᠮᠰᠢᠭᠴᠢ ᠪᠤᠯᠭᠠᠨ ᠬᠤᠪᠢᠷᠠᠭᠤᠯᠤᠬᠰᠠᠨ ᠭᠤᠷᠪᠠᠨ ᠳᠦᠷᠤᠯ ᠤᠨ | ᠦᠭᠡᠷᠡᠴᠢᠯᠡᠯᠳᠡ ᠶᠢ ᠵᠢᠭᠠᠵᠤ ᠪᠤᠢ᠃ | ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾᠄ ᠤᠯᠤᠰ ᠤᠨ ᠦᠮᠴᠢᠯᠡᠯᠳᠤ ᠠᠵᠤ ᠠᠬᠤᠶᠢᠯᠠᠯ ᠨᠢ ᠤᠷᠤᠨ ᠰᠠᠭᠤᠴᠠ ᠶᠢᠨ ᠳᠤᠭᠤᠷᠢᠭ ᠤᠨ ᠤᠰᠤ | ᠂ ᠴᠠᠬᠢᠯᠭᠠᠨ᠂ ᠳᠤᠯᠠᠭᠠᠯᠭ᠎ᠠ ᠪᠠ ᠠᠳᠠᠯ ᠠᠬᠤᠢ ᠶᠢᠨ ᠬᠠᠮᠢᠶᠠᠷᠤᠯᠳᠠ ᠶᠢᠨ ᠴᠢᠳᠠᠪᠬᠢ ᠶᠢ ᠤᠯᠤᠰ ᠤᠨ ᠦᠮᠴᠢᠯᠡᠯᠳᠤ ᠠᠵᠤ ᠠᠬᠤᠶᠢᠯᠠᠯ ᠠᠴᠠ ᠰᠠᠯᠭᠠᠵᠤ᠂ | ᠨᠡᠶᠢᠭᠡᠮ ᠤᠨ ᠳᠤᠰᠬᠠᠢ ᠨᠢᠭᠡᠴᠢ ᠪᠠᠷ ᠬᠠᠮᠢᠶᠠᠷᠤᠭᠤᠯᠤᠬᠰᠠᠨ ᠳᠦᠷᠦ ᠶᠢᠨ ᠪᠤᠳᠤᠯᠭ᠎ᠠ ᠶᠢᠨ ᠴᠢᠨᠠᠷᠳᠠᠢ ᠪᠠ ᠳᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ | ᠬᠤᠯᠪᠤᠬᠳᠠᠬᠤ ᠭᠡᠪᠴᠢᠶ᠎ᠠ ᠪᠠᠷ ᠦᠷᠭᠡᠨ᠂ ᠨᠡᠯᠢᠶᠡᠳ ᠳᠦᠪᠡᠭ ᠪᠤᠳᠤᠯᠢᠶᠠᠨᠳᠠᠢ ᠨᠢᠭᠡᠨ ᠳᠦᠷᠤᠯ ᠤᠨ ᠬᠠᠮᠢᠶᠠᠷᠤᠯᠳᠠ ᠶᠢᠨ ᠠᠵᠢᠯ ᠢ ᠵᠢᠭᠠᠵᠤ ᠪᠤᠢ᠃ | | | | | | |