ᠬᠠᠭᠤᠴᠢᠨ ᠰᠠᠭᠤᠭᠠᠯᠢ ᠲᠤᠭᠤᠷᠢᠭ  ᠲᠤ ᠡᠨᠧᠷᠬᠢ ᠠᠷᠪᠢᠯᠠᠵᠦ  ᠬᠡᠷ ᠪᠠᠶᠢᠰᠢᠩ ᠢ  ᠦᠬᠡᠷᠡᠴᠢᠯᠡᠨ ᠵᠠᠰᠠᠬᠰᠠᠨ ᠶᠠᠪᠤᠳᠠᠯ ᠠᠷᠠᠳ ᠤᠨ ᠰᠡᠳᠬᠢᠯ ᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2018/7/30
   ︽ᠡᠨᠡ ᠬᠡᠷ ᠲᠤ ᠨᠡᠬᠦᠵᠦ ᠢᠷᠡᠬᠡᠳ ᠲᠤᠯᠤᠭ᠎ᠠ ᠨᠠᠢᠮᠠᠨ ᠵᠢᠯ ᠪᠤᠯᠴᠢᠬᠠᠯ᠎ᠠ᠂ ᠴᠤᠩᠬᠤ ᠨᠢ ᠬᠠᠭᠤᠴᠢᠷᠠᠵᠦ ᠡᠪᠳᠡᠷᠡᠬᠡᠳ ᠪᠤᠯᠬᠤ ᠪᠠᠨ ᠪᠠᠶᠢᠯ᠎ᠠ᠃  ᠡᠨᠡ ᠵᠢᠯ ᠵᠠᠰᠠᠭ ᠤᠨ ᠤᠷᠳᠤᠨ ᠠᠴᠠ  ᠠᠷᠠᠳ ᠤᠨ ᠰᠠᠭᠤᠭᠠᠯᠢ ᠲᠤᠭᠤᠷᠢᠭ ᠲᠤ ᠨᠢᠬᠡᠳᠦᠯᠳᠡᠢ ᠪᠠᠷ ᠲᠤᠯᠠᠭᠠᠨ ᠢ ᠬᠠᠳᠠᠭᠠᠯᠠᠬᠤ ᠲᠠᠪᠬᠤᠷᠭ᠎ᠠ ᠬᠢᠵᠦ᠂ ᠴᠤᠩᠬᠤ ᠪᠠ ᠤᠷᠤᠴᠠ ᠶᠢᠨ ᠡᠬᠦᠳᠠ ᠬᠠᠭᠠᠯᠭ᠎ᠠ ᠶᠢ ᠰᠤᠯᠢᠭᠠᠳ ᠪᠢᠳᠠᠨ ᠤ ᠰᠡᠳᠬᠢᠯ ᠢ ᠲᠤᠯᠠᠭᠠᠴᠠᠭᠤᠯᠤᠯ᠎ᠠ  ᠃ ᠤᠳᠤ ᠬᠡᠷ ᠤᠨ ᠴᠤᠩᠬᠤ ᠶᠢ ᠴᠦᠮ ᠰᠤᠯᠢᠬᠰᠠᠨ ᠪᠤᠯᠬᠤᠷ ᠤᠤᠯ ᠠᠴᠠ ᠪᠠᠨ ᠬᠤᠯᠠ ᠢᠯᠡᠬᠦᠦ ᠬᠡᠷᠡᠯ ᠬᠡᠬᠡ ᠲᠠᠢ  ᠪᠤᠯᠴᠢᠬᠠᠯ᠎ᠠ︾᠃     ᠡᠨᠡ ᠬᠤᠶᠠᠷ ᠡᠳᠦᠷ᠂ ᠰᠢᠤᠸᠡᠢ ᠵᠢᠶᠠ ᠸᠡᠨ ᠪᠠᠯᠭᠠᠰᠤᠨ ᠤ ᠯᠢᠤᠢ ᠰᠧ ᠰᠢᠨ ᠶᠤᠸᠡᠨ ᠰᠠᠭᠤᠭᠠᠯᠢ ᠠᠷᠠᠳ ᠤᠨ ᠲᠤᠭᠤᠷᠢᠭ ᠤᠨ ᠯᠢ ᠹᠦ᠋ ᠶᠦᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠲᠤ ᠡᠨᠧᠷᠬᠢ ᠠᠷᠪᠢᠯᠠᠵᠦ ᠬᠡᠷ ᠪᠠᠶᠢᠰᠢᠩ ᠢ ᠦᠬᠡᠷᠡᠴᠢᠯᠡᠨ ᠵᠠᠰᠠᠬᠰᠠᠨ ᠶᠠᠪᠤᠳᠠᠯ ᠳᠤ ᠪᠠᠶᠠᠷᠯᠠᠬᠰᠠᠨ ᠰᠡᠳᠬᠢᠯ ᠢᠶᠠᠨ ᠲᠠᠷᠤᠵᠦ ᠶᠠᠳᠠᠨ ᠰᠤᠷᠪᠤᠯᠵᠢᠯᠠᠬᠴᠢ ᠳᠤ ᠶᠠᠷᠢᠨ᠎ᠠ᠃     ᠯᠢ ᠹᠦ᠋ ᠶᠦᠨ ᠬᠡᠯᠡᠬᠦ ᠳᠤ ᠪᠠᠨ᠂ ᠡᠨᠡ ᠬᠡᠳᠦᠨ ᠵᠢᠯ ᠳᠤ᠂ ᠡᠪᠤᠯ ᠪᠤᠯᠤᠬᠰᠠᠭᠠᠷ ᠬᠡᠷ ᠤᠷᠤᠨ ᠬᠦᠢᠳᠠᠷᠡᠬᠦ ᠳᠤ ᠤᠷᠤᠢ ᠶᠢᠨ ᠲᠠᠪᠤ ᠵᠢᠷᠭᠤᠭᠠᠨ ᠴᠠᠭ ᠠᠴᠠ ᠠᠭᠠᠷ ᠲᠤᠬᠢᠷᠠᠭᠤᠯᠤᠬᠴᠢ ᠪᠠᠨ ᠨᠡᠬᠡᠬᠡᠵᠦ ᠲᠤᠯᠠᠭᠠᠴᠠᠳᠠᠭ ᠪᠠᠶᠢᠬᠰᠠᠨ᠂ ᠡᠨᠡ ᠨᠢ ᠴᠠᠬᠢᠯᠭᠠᠨ  ᠬᠤᠷᠤᠭᠠᠬᠤ ᠶᠢ ᠪᠤᠤ ᠬᠡᠯᠡ᠂ ᠲᠠᠭᠠᠷᠠᠵᠦ ᠬᠦᠷᠦᠬᠡᠳ ᠪᠠᠰᠠ ᠲᠡᠰᠬᠦ ᠠᠯᠳᠠᠭᠤᠯᠳᠠᠭ᠃ ᠡᠨᠡ ᠵᠢᠯ ᠡᠨᠧᠷᠬᠢ ᠠᠷᠪᠢᠯᠠᠵᠦ ᠬᠡᠷ ᠪᠠᠶᠢᠰᠢᠩ ᠢ ᠨᠢᠬᠡᠳᠦᠯᠳᠡᠢ ᠪᠠᠷ ᠦᠬᠡᠷᠡᠴᠢᠯᠡᠨ ᠵᠠᠰᠠᠬᠰᠠᠨ ᠠᠴᠠ ᠡᠪᠤᠯ ᠤᠨ ᠬᠦᠢᠳᠠᠨ ᠢ ᠠᠮᠤᠷᠯᠢᠩᠭᠤᠢ ᠲᠤᠭᠤᠯᠬᠤ ᠪᠤᠯᠤᠬᠰᠠᠨ ᠬᠡᠪᠡ᠃    ᠰᠠᠭᠤᠭᠠᠯᠢ ᠠᠷᠠᠳ ᠤᠨ ᠲᠤᠭᠤᠷᠢᠭ ᠤᠨ ᠸᠠᠩ ᠰᠢᠶᠤᠤ ᠷᠦᠢ ᠰᠤᠷᠪᠤᠯᠵᠢᠯᠠᠬᠴᠢ ᠳᠤ ᠲᠠᠨᠢᠯᠴᠠᠭᠤᠯᠬᠤ ᠳᠤ ᠪᠠᠨ᠂ ᠯᠢᠤᠢ ᠰᠧ ᠰᠢᠨ ᠶᠤᠸᠡᠨ ᠰᠠᠭᠤᠭᠠᠯᠢ ᠠᠷᠠᠳ ᠤᠨ ᠲᠤᠭᠤᠷᠢᠭ ᠲᠤ ᠨᠡᠬᠦᠵᠦ ᠢᠷᠡᠬᠡᠳ 12 ᠵᠢᠯ ᠪᠤᠯᠤᠯ᠎ᠠ᠂ ᠤᠤᠯ ᠤᠨ ᠠᠰᠠᠷ ᠤᠨ ᠴᠤᠩᠬᠤ ᠬᠠᠭᠤᠴᠢᠷᠠᠭᠠᠳ ᠰᠠᠯᠬᠢ ᠨᠠᠪᠳᠡᠷᠡᠳᠡᠭ᠂ ᠵᠤᠨ ᠳᠤ ᠪᠠᠨ ᠪᠤᠯ ᠭᠠᠶᠢᠭᠤᠢ᠂ ᠡᠪᠤᠯ ᠪᠤᠯᠤᠬᠰᠠᠭᠠᠷ ᠠᠮᠤᠷ ᠦᠬᠡᠢ ᠪᠢᠯᠡ᠃ ᠡᠨᠡ ᠵᠢᠯ ᠦᠪᠡᠷ ᠤᠨ ᠮᠥᠡᠭᠬᠦ ᠪᠠᠷ ᠢᠶᠠᠨ ᠴᠤᠩᠬᠤ ᠪᠠᠨ ᠰᠤᠯᠢᠶ᠎ᠠ ᠬᠡᠵᠦ ᠪᠠᠶᠢᠳᠠᠯ᠎ᠠ ᠡᠨᠧᠷᠬᠢ ᠠᠷᠪᠢᠯᠠᠵᠦ ᠬᠡᠷ ᠪᠠᠶᠢᠰᠢᠩ ᠢ ᠦᠬᠡᠷᠡᠴᠢᠯᠡᠨ ᠵᠠᠰᠠᠬᠤ ᠲᠦᠷᠦᠯ ᠵᠦᠢᠯ ᠲᠠᠢ ᠲᠠᠭᠠᠷᠠᠯᠳᠤᠵᠦ᠂ ᠪᠢᠳᠠᠨ ᠳᠤ ᠵᠤᠭᠤᠰ ᠮᠥᠡᠭᠬᠦ ᠶᠢ ᠠᠷᠪᠢᠯᠠᠵᠦ ᠦᠭᠬᠦᠭᠰᠡᠨ ᠢᠶᠠᠷ ᠪᠠᠷᠠᠬᠤ ᠦᠬᠡᠢ ᠰᠢᠨ᠎ᠠ ᠤᠷᠤᠨ ᠰᠠᠭᠤᠴᠠ ᠲᠠᠢ ᠰᠢᠬ ᠪᠤᠯᠭᠠᠵᠦ᠂ ᠰᠠᠭᠤᠭᠠᠯᠢ ᠠᠷᠠᠳ ᠤᠨ ᠲᠤᠭᠤᠷᠢᠭ ᠤᠨ ᠲᠦᠷᠰᠤ ᠪᠠᠶᠢᠳᠠᠯ ᠰᠢᠨ᠎ᠠ ᠦᠡᠭᠬᠡ ᠪᠠᠷ ᠰᠤᠯᠢᠬᠳᠠᠪᠠ  ᠬᠡᠪᠡ᠃     ᠬᠤᠰᠢᠭᠤᠨ ᠤ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ᠤ ᠡᠨᠧᠷᠬᠢ ᠠᠷᠪᠢᠯᠠᠬᠤ ᠰᠢᠨᠵᠢᠯᠡᠬᠦ ᠤᠬᠠᠭᠠᠨ ᠮᠡᠷᠬᠡᠵᠢᠯ ᠤᠨ ᠬᠤᠪᠢ ᠤᠷᠤᠭᠤᠯᠤᠯᠳᠠ ᠶᠢᠨ  ᠲᠠᠰᠤᠭ ᠤᠨ ᠲᠠᠷᠤᠭ᠎ᠠ ᠯᠢᠤ ᠰᠢᠶᠦ᠋ᠡᠭ ᠸᠧᠢ ᠶᠢᠨ  ᠲᠠᠨᠢᠯᠴᠠᠭᠤᠯᠤᠬᠰᠠᠨ ᠢ  ᠦᠨᠳᠦᠰᠦᠯᠡᠪᠡᠯ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ᠡᠨᠧᠷᠬᠢ ᠠᠷᠪᠢᠯᠠᠵᠦ ᠦᠬᠡᠷᠡᠴᠢᠯᠡᠨ ᠵᠠᠰᠠᠬᠤ ᠪᠠᠷᠢᠯᠭ᠎ᠠ ᠶᠢ 2011 ᠤᠨ ᠠᠴᠠ ᠡᠬᠢᠯᠡᠨ ᠬᠡᠷᠡᠭᠵᠢᠬᠦᠯᠵᠦ᠂ ᠤᠳᠤ ᠪᠤᠯᠬᠤ ᠳᠤ 35 ᠲᠦᠮᠡ ᠭᠠᠷᠤᠢ ᠲᠡᠭᠰᠢ ᠲᠦᠷᠪᠡᠯᠵᠢᠨ  ᠮᠧᠲᠷ ᠦᠬᠡᠷᠡᠴᠢᠯᠡᠵᠦ ᠵᠠᠰᠠᠵᠡᠢ᠃ ᠡᠨᠡ ᠵᠢᠯ ᠤᠨ ᠬᠡᠷᠡᠭᠵᠢᠬᠦᠯᠦᠭᠰᠡᠨ ᠡᠨᠧᠷᠬᠢ ᠠᠷᠪᠢᠯᠠᠵᠦ ᠦᠬᠡᠷᠡᠴᠢᠯᠡᠨ ᠵᠠᠰᠠᠬᠤ ᠪᠠᠷᠢᠯᠭ᠎ᠠ ᠨᠢ ᠭᠤᠤᠯᠳᠠᠭᠤ ᠰᠢᠤᠸᠡᠢ ᠵᠢᠶᠠ ᠸᠡᠨ ᠪᠠᠯᠭᠠᠰᠤᠨ ᠲᠤᠭᠤᠷᠢᠭ ᠤᠨ ᠯᠢᠤᠢ ᠰᠧ ᠰᠢᠨ ᠶᠤᠸᠡᠨ ᠰᠠᠭᠤᠭᠠᠯᠢ ᠲᠤᠭᠤᠷᠢᠭ ᠵᠢᠴᠢ ᠱᠠᠬᠳᠠᠷ ᠪᠠᠯᠭᠠᠰᠤᠨ  ᠤ ᠲᠤᠭᠤᠷᠢᠭ ᠤᠨ ᠲᠡᠷᠬᠡᠨ ᠦᠷᠳᠡᠬᠡᠨ ᠤ ᠰᠠᠭᠤᠭᠠᠯᠢ  ᠠᠷᠠᠳ ᠤᠨ ᠲᠤᠭᠤᠷᠢᠭ ᠪᠠ ᠤᠯᠤᠰ ᠤᠨ ᠭᠠᠶᠢᠯᠢ ᠶᠢᠨ ᠰᠠᠭᠤᠭᠠᠯᠢ ᠠᠷᠠᠳ ᠤᠨ ᠲᠤᠭᠤᠷᠢᠭ ᠪᠠᠶᠢᠵᠦ᠂ ᠨᠠᠶᠢᠳᠠ 7 ᠲᠦᠮᠡ ᠭᠠᠷᠤᠢ ᠲᠡᠭᠰᠢ ᠲᠦᠷᠪᠡᠯᠵᠢᠨ ᠮᠧᠲᠷ ᠲᠠᠯᠡᠪᠡᠢ ᠳᠤ ᠬᠦᠷᠴᠤ ᠪᠤᠢ ᠬᠡᠪᠡ᠃    ︽ᠡᠨᠧᠷᠬᠢ ᠠᠷᠪᠢᠯᠠᠵᠦ ᠦᠬᠡᠷᠡᠴᠢᠯᠡᠨ ᠵᠠᠰᠠᠬᠤ ᠠᠴᠠ ᠡᠮᠦᠨ᠎ᠠ᠂ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ᠤ ᠠᠵᠢᠯᠳᠠᠨ ᠠᠴᠠ ᠰᠠᠭᠤᠭᠠᠯᠢ ᠠᠷᠠᠳ ᠤᠨ ᠲᠤᠭᠤᠷᠢᠭ ᠤᠨ ᠡᠷᠦᠬᠡ ᠪᠦᠷᠢ ᠪᠠᠷ ᠬᠦᠨᠵᠡᠬᠡᠶᠢᠷᠡᠨ ᠪᠠᠶᠢᠴᠠᠭᠠᠵᠦ᠂ ᠲᠠᠩᠰᠠᠯᠠᠵᠦ᠂ ᠪᠠᠶᠢᠳᠠᠯ ᠢ ᠨᠢ ᠨᠠᠷᠢᠨ ᠦᠢᠯᠠᠭᠠᠭᠠᠳ᠂ ᠠᠶᠢᠯ ᠡᠷᠦᠬᠡ ᠶᠢᠨ ᠰᠠᠨᠠᠭᠤᠯᠭ᠎ᠠ ᠶᠢ ᠬᠦᠢᠴᠡᠳ ᠬᠤᠷᠢᠶᠠᠵᠦ᠂ ᠨᠢᠬᠡᠳᠦᠯᠳᠡᠢ ᠬᠤᠷᠢᠶᠠᠩᠭᠤᠢᠢᠯᠠᠵᠦ ᠳ᠋ᠦᠡᠭᠨᠡᠪᠡ︾ ᠬᠡᠵᠦ ᠯᠢᠤ ᠰᠢᠶᠦ᠋ᠡᠭ ᠸᠧᠢ ᠬᠡᠯᠡᠨ᠎ᠠ︔ ᠯᠢᠤᠢ ᠰᠧ ᠰᠢᠨ ᠶᠤᠸᠡᠨ ᠰᠠᠭᠤᠭᠠᠯᠢ ᠠᠷᠠᠳ ᠤᠨ ᠲᠤᠭᠤᠷᠢᠭ ᠨᠢᠳᠤᠨᠤᠨ ᠵᠢᠯ ᠡᠮᠦᠨᠡᠬᠢ ᠬᠤᠭᠤᠴᠠᠭᠠᠨ ᠤ ᠠᠵᠢᠯ ᠢᠶᠠᠨ ᠲᠠᠭᠤᠰᠬᠠᠵᠦ᠂ ᠡᠨᠡ ᠵᠢᠯ ᠤᠨ 4 ᠰᠠᠷ᠎ᠠ ᠳᠤ ᠲᠠᠭᠠᠭᠠᠴᠢᠯᠠᠯᠳᠠ ᠵᠠᠷᠯᠠᠵᠦ ᠠᠵᠢᠯ ᠢᠶᠠᠨ ᠪᠡᠶᠡᠯᠡᠬᠦᠯᠵᠦ᠂ 6 ᠰᠠᠷ᠎ᠠ ᠶᠢᠨ 15 ᠤ ᠡᠳᠦᠷ ᠠᠴᠠ ᠴᠤᠩᠬᠤ ᠰᠤᠯᠢᠬᠤ ᠠᠵᠢᠯ ᠢ ᠡᠬᠢᠯᠡᠬᠦᠯᠵᠦ 100 ᠡᠳᠦᠷ ᠠᠵᠢᠯᠯᠠᠪᠠ᠃ ᠤᠷᠢᠳᠴᠢᠯᠠᠨ ᠲᠦᠰᠦᠪᠯᠡᠭᠰᠡᠨ ᠢᠶᠠᠷ ᠭᠠᠵᠠᠷ ᠬᠦᠯᠳᠡᠬᠦ ᠠᠴᠠ ᠡᠮᠦᠨ᠎ᠠ ᠦᠬᠡᠷᠡᠴᠢᠯᠡᠨ ᠵᠠᠰᠠᠬᠤ ᠡᠬᠦᠷᠬᠡ ᠪᠠᠨ ᠪᠦᠬᠦᠨ ᠢ ᠪᠡᠶᠡᠯᠡᠬᠦᠯᠬᠦ ᠪᠠᠷ ᠪᠠᠶᠢᠨ᠎ᠠ᠃ ᠦᠬᠡᠷᠡᠴᠢᠯᠡᠨ ᠵᠠᠰᠠᠬᠤ ᠲᠦᠷᠦᠯ ᠵᠦᠢᠯ ᠤᠨ ᠭᠤᠤᠯ ᠬᠠᠷᠠᠯᠳᠠ ᠪᠤᠯ  ᠲᠠᠷᠤᠢ ᠭᠠᠳᠠᠷ ᠬᠠᠨ᠎ᠠ ᠶᠢᠨ ᠲᠤᠯᠠᠭᠠᠨ ᠢ ᠪᠠᠳᠤᠯᠠᠬᠤ᠂ ᠪᠤᠳᠤᠭ ᠲᠦᠷᠬᠢᠬᠦ᠂ ᠠᠰᠠᠷ ᠤᠨ ᠬᠤᠨᠭ᠍ᠬᠢᠯ ᠤᠨ ᠲᠤᠯᠠᠭᠠᠨ ᠢ ᠪᠠᠳᠤᠯᠠᠬᠤ᠂ ᠴᠠᠪᠠᠤᠳᠠᠬᠤ᠂ ᠤᠷᠤᠴᠠ ᠶᠢᠨ ᠡᠬᠦᠳᠡ ᠶᠢ ᠰᠤᠯᠢᠬᠤ᠂ ᠬᠡᠷ ᠪᠠᠶᠢᠰᠢᠩ ᠤᠨ ᠭᠠᠳᠠᠷ ᠨᠢᠭᠤᠷ ᠵᠢᠴᠢ ᠬᠡᠷ ᠤᠨ ᠤᠷᠤᠢ ᠶᠢᠨ ᠤᠰᠤ ᠶᠢ ᠰᠡᠷᠬᠡᠶᠢᠯᠡᠬᠦ ᠵᠡᠷᠬᠡ ᠪᠤᠢ᠃     ᠯᠢᠤ ᠰᠢᠶᠦ᠋ᠡᠭ ᠸᠧᠢ ᠰᠤᠷᠪᠤᠯᠵᠢᠯᠠᠬᠴᠢ ᠳᠤ  ᠵᠠᠳᠠᠷᠠᠭᠤᠯᠬᠤ ᠳᠤ ᠪᠠᠨ᠂ ᠲᠠᠷᠠᠭᠠᠴᠢ ᠪᠠᠷ᠂ ᠬᠤᠰᠢᠭᠤᠨ ᠤ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠠᠴᠠ ᠠᠯᠢ ᠪᠤᠯᠬᠤ ᠪᠠᠷ ᠲᠡᠭᠡᠳᠤ ᠱᠠᠳᠤᠨ ᠤ ᠰᠠᠯᠠᠭ᠎ᠠ ᠮᠦᠴᠢᠷ ᠲᠤ ᠲᠤᠰᠬᠠᠵᠦ ᠲᠦᠷᠦᠯ ᠵᠦᠢᠯ ᠤᠨ ᠪᠡᠯᠡ ᠮᠥᠡᠭᠬᠦ ᠶᠢ ᠬᠤᠪᠢᠳᠠᠨ ᠤᠯᠵᠦ᠂ ᠵᠢᠯ ᠪᠦᠷᠢ ᠬᠡᠷᠡᠭᠵᠢᠬᠦᠯᠦᠨ᠂ ᠰᠢᠤᠸᠡᠢ ᠵᠢᠶᠠ ᠸᠡᠨ ᠪᠠᠯᠭᠠᠰᠤᠨ ᠤ ᠲᠤᠭᠤᠷᠢᠭ ᠪᠠ ᠱᠠᠬᠳᠠᠷ ᠪᠠᠯᠭᠠᠰᠤᠨ ᠤ ᠲᠤᠭᠤᠷᠢᠭ ᠤᠨ ᠡᠳᠡᠬᠡᠷ ᠬᠠᠭᠤᠴᠢᠨ  ᠬᠡᠷ ᠪᠠᠶᠢᠰᠢᠩ ᠢ ᠦᠬᠡᠷᠡᠴᠢᠯᠡᠨ ᠵᠠᠰᠠᠬᠤ ᠶᠢ ᠡᠷᠳᠡᠬᠡᠨ ᠪᠡᠶᠡᠯᠡᠬᠦᠯᠵᠦ᠂  ᠠᠷᠠᠳ ᠤᠯᠠᠨ ᠳᠤ ᠪᠠᠨ ᠵᠤᠯ ᠵᠢᠷᠭᠠᠯ ᠡᠳ᠋ᠯᠡᠬᠦᠯᠦᠨ᠎ᠠ ᠬᠡᠪᠡ᠃
ᠢᠷᠡᠯᠲᠡ᠄ ︽ᠵᠡᠬᠦᠨᠭᠠᠷ ᠤᠨ ᠰᠤᠨᠢᠨ︾