ᠳᠤᠰᠬᠤᠨ ᠳᠤ ︽ᠨᠤᠳᠤᠬᠰᠢᠬᠰᠠᠨ︾ ᠺᠠᠳ᠋ᠷ ᠤᠨ ᠠᠷᠠᠳᠴᠢ ᠰᠡᠳᠬᠢᠯ
ᠨᠡᠶᠢᠲᠡᠯᠡᠭᠰᠡᠨ ᠴᠠᠭ᠄
2019/11/8
 2018 ᠤᠨ ᠤ 6 ᠰᠠᠷ᠎ᠠ ᠳᠤ᠂  ᠬᠤᠰᠢᠭᠤᠨ ᠤ ᠨᠠᠮ ᠤᠨ ᠬᠤᠷᠢᠶᠠᠨ ᠤ ᠨᠢᠭᠡᠳᠤᠮᠡᠯ ᠹᠷᠤᠨᠲ ᠤᠨ ᠭᠡᠯᠳᠡᠰ ᠤᠨ ᠪᠡᠯᠡᠳᠭᠡᠯ ᠺᠠᠳ᠋ᠷ ᠡᠤ ᡁᠢ ᠬᠦᠸᠧ ᠶᠢ ᠵᠤᠬᠢᠶᠠᠨ ᠪᠠᠶᠢᠭᠤᠯᠤᠯᠳᠠ ᠠᠴᠠ ᠳᠤᠰᠬᠤᠨ ᠳᠤ ᠰᠠᠭᠤᠵᠤ ᠠᠵᠢᠯᠯᠠᠬᠤ ᠠᠩᠬᠢ ᠶᠢᠨ ᠳᠠᠷᠤᠭ᠎ᠠ᠂ ᠨᠢᠭᠡᠳᠤᠭᠡᠷ ᠱᠦᠵᠢ ᠪᠠᠷ ᠳᠤᠬᠢᠷᠠᠭᠤᠯᠤᠬᠰᠠᠨ ᠪᠠᠶᠢᠨ᠎ᠠ᠂ ᠡᠬᠢᠨ  ᠳᠡᠭᠡᠨ ᠪᠤᠷᠤᠳᠤᠬᠤᠢ ᠰᠤᠮᠤᠨ ᠤ ᠬᠠᠮᠤᠭ ᠤᠨ ᠪᠤᠶᠢᠳᠡ ᠪᠦᠭᠯᠡᠬᠦᠦ ᠳᠠᠪᠠᠭᠠᠨ ᠰᠢᠯᠢ ᠭᠠᠴᠠᠭᠠᠨ ᠳᠤ ᠳᠤᠬᠢᠷᠠᠭᠤᠯᠵᠠᠢ᠃ ᠡᠤ ᡁᠢ ᠬᠦᠸᠧ ᠠᠯᠪᠠᠨ ᠪᠠᠶᠢᠭᠤᠯᠭ᠎ᠠ ᠳᠤ ᠠᠵᠢᠯᠯᠠᠵᠤ ᠪᠠᠶᠢᠬᠰᠠᠨ ᠠᠴᠠ ᠪᠢᠰᠢ᠂ ᠶᠡᠷᠤᠳᠡᠭᠡᠨ ᠬᠦᠳᠡᠭᠡ ᠳᠤᠰᠬᠤᠨ ᠳᠤ ᠠᠵᠢᠯᠯᠠᠵᠤ ᠦᠩᠭᠡᠷᠡᠭᠰᠡᠨ ᠦᠭᠡᠢ ᠪᠠᠶᠢᠪᠠ᠂ ᠭᠡᠰᠡᠨ ᠴᠦ ᠳᠡᠷᠡ ᠬᠤᠶᠢᠰᠢ ᠤᠬᠤᠷᠢᠵᠤ ᠰᠠᠭᠤᠬᠰᠠᠨ ᠦᠭᠡᠢ᠃ ︽ᠠᠷᠠᠳ ᠤᠯᠠᠨ ᠤ ᠳᠦᠯᠦᠭᠡ ᠪᠤᠳᠤᠯᠬᠢᠯᠠᠳᠠᠭ ᠯᠠ ᠶᠤᠮ ᠪᠤᠯ ᠵᠠᠪᠠᠯ ᠠᠷᠠᠳ ᠤᠯᠠᠨ ᠤ ᠰᠡᠳᠬᠢᠯ ᠢ ᠤᠯᠬᠤ ᠭᠡᠷᠡᠭᠳᠡᠢ︾ ᠭᠡᠵᠤ ᠳᠡᠷᠡ ᠳᠠᠩᠳᠠ ᠶᠠᠷᠢᠵᠤ ᠶᠠᠪᠤᠳᠠᠭ᠃ ᠳᠤᠰᠬᠤᠨ ᠳᠤ ᠰᠠᠭᠤᠵᠤ ᠠᠵᠢᠯᠯᠠᠬᠤ ᠳᠠᠭᠠᠨ᠂  ᠳᠡᠷᠡ ᠦᠨᠳᠤᠰᠤᠨ ᠱᠠᠳᠤᠨ ᠳᠤ ᠤᠶᠢᠯᠡᠴᠢᠯᠡᠨ᠂ ᠤᠯᠠᠨ ᠳᠦᠮᠡᠨ ᠳᠤ ᠤᠶᠢᠯᠡᠴᠢᠯᠡᠬᠦ ᠤᠶᠢᠯᠠᠭᠠᠬᠳᠠᠬᠤᠨ ᠢ ᠪᠠᠳᠤ ᠪᠠᠬᠢ ᠱᠤᠭᠤᠵᠤ᠂ ᠦᠨᠡᠨ ᠠᠴᠠ ᠪᠤᠳᠠᠳᠠᠢ ᠶᠢ ᠡᠷᠬᠢᠮᠯᠡᠨ᠂ ᠦᠨᠡᠨᠬᠦ ᠠᠳᠬᠤᠨ ᠪᠤᠳᠠᠳᠠᠢ ᠠᠵᠢᠯᠯᠠᠳᠠᠭ ᠰᠤᠷᠳᠠᠯ ᠢ ᠪᠠᠳᠠᠷᠠᠭᠤᠯᠤᠨ᠂ ᠵᠢᠯᠤᠭᠤᠳᠬᠤ᠂ ᠵᠤᠬᠢᠴᠠᠭᠤᠯᠬᠤ᠂ ᠤᠬᠠᠭᠤᠯᠬᠤ᠂ ᠤᠶᠢᠯᠡᠴᠢᠯᠡᠬᠦ ᠤᠶᠢᠯᠡᠳᠤᠯ ᠢ ᠢᠳᠡᠪᠬᠢᠳᠡᠢ ᠪᠠᠳᠠᠷᠠᠭᠤᠯᠵᠤ᠂  ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠠᠵᠢᠯ ᠳᠤᠮᠳᠠ ᠦᠨᠡᠨ ᠪᠤᠳᠠᠳᠠᠢ ᠦᠷ᠎ᠠ ᠪᠦᠳᠤᠮᠵᠢ ᠤᠯᠤᠬᠰᠠᠨ ᠪᠠᠶᠢᠨ᠎ᠠ᠃
     ᠠᠶᠢᠯ ᠡᠷᠤᠭᠡ ᠪᠠᠷ ᠬᠦᠨᠵᠡᠭᠡᠶᠢᠷᠡᠨ ᠰᠤᠷᠪᠤᠯᠵᠢᠯᠠᠵᠤ ᠠᠮᠢᠳᠤᠷᠠᠯ ᠠᠬᠤᠢ ᠶᠢ ᠦᠨᠡᠨᠬᠦ ᠡᠵᠡᠮᠳᠡᠪᠡ      ᠳᠠᠪᠠᠭᠠᠨ ᠰᠢᠯᠢ ᠭᠠᠴᠠᠭᠠᠨ ᠤ ᠰᠠᠭᠤᠷᠢ ᠨᠢ ᠮᠠᠭᠤ᠂ ᠶᠠᠳᠠᠭᠤ ᠬᠦᠴᠢᠷᠳᠡᠯᠳᠡᠢ ᠡᠷᠤᠭᠡ ᠨᠡᠯᠢᠶᠡᠳ ᠠᠷᠪᠢᠨ ᠪᠠᠶᠢᠭ᠎ᠠ ᠶᠢ ᠡᠤ ᡁᠢ ᠬᠦᠸᠧ ᠪᠤᠯᠤᠨ ᠠᠵᠢᠯᠯᠠᠬᠤ ᠠᠩᠬᠢ ᠶᠢᠨ ᠭᠡᠰᠢᠬᠦᠳ ᠠᠶᠢᠯ ᠡᠷᠤᠭᠡ ᠪᠠ ᠳᠠᠷᠢᠶᠠᠨ ᠭᠠᠵᠠᠷ ᠢᠶᠠᠷ ᠬᠦᠨᠵᠡᠭᠡᠶᠢᠷᠡᠬᠦ ᠳᠤᠮᠳᠠ ᠤᠶᠢᠯᠠᠭᠠᠪᠠ᠃ ᠳᠡᠳᠡ ᠠᠷᠠᠳ ᠤᠯᠠᠨ ᠲᠠᠢ ᠬᠠᠮᠳᠤ ᠳᠠᠷᠢᠶᠠᠨ ᠠᠵᠢᠯ  ᠳᠤ ᠶᠠᠭᠠᠷᠠᠨ᠂ ᠦᠳᠡᠰᠢ ᠤᠷᠤᠢ ᠪᠤᠯᠪᠠᠯ ᠳᠡᠳᠡᠨ ᠲᠠᠢ  ᠵᠤᠭᠤᠭ ᠳᠡᠯᠭᠡᠵᠤ᠂  ᠳᠠᠷᠢᠶᠠᠴᠢᠳ ᠤᠨ ᠠᠶᠢᠯ ᠡᠷᠤᠭᠡ ᠶᠢᠨ ᠪᠠᠶᠢᠳᠠᠯ ᠪᠤᠯᠤᠨ ᠠᠮᠢᠳᠤᠷᠠᠯ ᠤᠨ ᠪᠠᠶᠢᠳᠠᠯ ᠢ ᠤᠶᠢᠯᠠᠭᠠᠬᠰᠠᠨ ᠪᠠᠶᠢᠨ᠎ᠠ᠃ ᠢᠩᠬᠢᠵᠤ ᠳᠠᠷᠢᠶᠠᠴᠢᠨ ᠡᠷᠤᠭᠡ ᠶᠢᠨ ︽ ᠪᠠᠶᠢᠩᠭᠤ ᠵᠤᠴᠢᠨ︾ ᠪᠤᠯᠤᠬᠰᠠᠨ ᠢᠶᠠᠷ ᠳᠠᠪᠠᠭᠠᠨ ᠰᠢᠯᠢ ᠭᠠᠴᠠᠭᠠᠨ ᠤ ︽ᠰᠠᠶᠢᠨ ᠨᠠᠶᠢᠵᠠ︾ ᠪᠤᠯᠪᠠ᠃     2014 ᠤᠨ ᠠᠴᠠ ᠨᠠᠭᠠᠰᠢᠬᠢ 17 ᠡᠷᠤᠭᠡ ᠳᠤ ᠳᠠᠩᠰᠠ ᠺᠠᠷᠲ ᠪᠠᠶᠢᠭᠤᠯᠤᠬᠰᠠᠨ ᠶᠠᠳᠠᠭᠤ ᠬᠦᠴᠢᠷᠳᠡᠯᠳᠡᠢ ᠡᠷᠤᠭᠡ ᠳᠤ ᠴᠢᠭᠯᠡᠬᠦᠯᠤᠨ᠂ ᠳᠡᠷᠡ ᠳᠡᠳᠡᠭᠡᠷ ᠶᠠᠳᠠᠭᠤ ᠬᠦᠴᠢᠷᠳᠡᠯᠳᠡᠢ ᠡᠷᠤᠭᠡ ᠪᠠᠷ ᠤᠯᠠᠨ ᠤᠳᠠᠭ᠎ᠠ ᠠᠰᠠᠭᠤᠨ ᠰᠤᠷᠪᠤᠯᠵᠢᠯᠠᠵᠤ᠂ ᠶᠠᠳᠠᠭᠤ ᠠᠴᠠ ᠠᠩᠬᠢᠵᠢᠷᠠᠭᠤᠯᠬᠤ ᠠᠷᠭ᠎ᠠ ᠪᠠᠷᠢᠯ ᠢ ᠰᠦᠪᠡᠭᠴᠢᠯᠡᠨ᠂  ᠳᠡᠷᠡᠴᠢᠯᠡᠨ ᠭᠠᠴᠠᠭᠠᠨ ᠤ ᠨᠠᠮ ᠤᠨ ᠡᠬᠦᠷ ᠭᠠᠴᠠᠭᠠᠨ ᠤ ᠵᠦᠪᠯᠡᠯ ᠤᠨ ᠺᠠᠳ᠋ᠷᠴᠤᠳ᠂  ᠠᠵᠢᠯᠯᠠᠬᠤ ᠠᠩᠬᠢ ᠶᠢᠨ ᠭᠡᠰᠢᠬᠦᠳ᠂  ᠳᠤᠰᠬᠤᠨ ᠤ ᠠᠷᠠᠳ ᠤᠨ ᠳᠦᠯᠦᠭᠡᠯᠡᠭᠴᠢᠳ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ︽ᠶᠠᠳᠠᠭᠤ ᠶᠢ ᠬᠤᠯᠪᠤᠭᠠᠯᠠᠨ ᠳᠠᠭᠠᠭᠠᠴᠢᠯᠠᠵᠤ ᠳᠤᠰᠬᠤᠨ ᠳᠤ ᠰᠠᠭᠤᠵᠤ ᠠᠵᠢᠯᠯᠠᠬᠤ ᠭᠤᠷᠪᠠᠨ ᠵᠢᠯ ︵2018 — 2020 ᠤᠨ︶ ᠤᠨ ᠳᠦᠯᠦᠪᠵᠢᠬᠦᠯᠭᠡ︾ ᠪᠠ ᠶᠠᠳᠠᠭᠤ ᠬᠦᠴᠢᠷᠳᠡᠯᠳᠡᠢ ᠡᠷᠤᠭᠡ ᠶᠢ ᠬᠠᠪᠰᠤᠷᠤᠨ ᠳᠡᠳᠬᠦᠬᠦ ᠠᠵᠢᠯ ᠤᠨ ᠳᠦᠯᠦᠪᠯᠡᠭᠡ ᠵᠡᠷᠭᠡ  ᠶᠢ ᠰᠤᠳᠤᠯᠤᠨ ᠳᠤᠬᠳᠠᠭᠠᠵᠤ᠂ ᠬᠠᠪᠰᠤᠷᠤᠨ ᠳᠡᠳᠬᠦᠬᠦ ᠠᠵᠢᠯ ᠤᠨ ᠰᠡᠳᠬᠢᠴᠡ ᠪᠠ ᠭᠤᠤᠯᠳᠠᠯᠭ᠎ᠠ ᠲᠠᠢ ᠡᠬᠦᠷᠭᠡ ᠶᠢ ᠴᠢᠨᠠᠬᠰᠢᠳᠠ ᠰᠢᠯᠤᠭᠤᠳᠬᠠᠨ᠂ ᠪᠤᠳᠠᠳᠠᠢ ᠠᠵᠢᠯ ᠤᠨ ᠳᠤᠮᠳᠠ ᠴᠢᠷᠮᠠᠶᠢᠨ ᠨᠠᠶᠢᠳᠠᠪᠤᠷᠢᠵᠢᠭᠤᠯᠬᠤ ᠳᠤ ᠪᠠᠳᠤ ᠪᠠᠬᠢ ᠰᠠᠭᠤᠷᠢ ᠶᠢ ᠳᠠᠯᠪᠢᠬᠰᠠᠨ ᠪᠠᠶᠢᠨ᠎ᠠ᠃     ᠠᠪᠴᠠᠯᠳᠤᠭᠤᠯᠤᠨ ᠵᠤᠬᠢᠴᠠᠭᠤᠯᠬᠤ ᠶᠢ ᠰᠠᠶᠢᠳᠤᠷ ᠬᠢᠵᠤ ᠬᠠᠮᠳᠤ ᠶᠢᠨ ᠠᠵᠤ ᠠᠬᠤᠢ ᠶᠢ ᠬᠦᠭᠵᠢᠬᠦᠯᠪᠡ
     ᠶᠠᠳᠠᠭᠤ ᠬᠦᠴᠢᠷᠳᠡᠯᠳᠡᠢ ᠡᠷᠤᠭᠡ ᠶᠢᠨ ᠠᠵᠤ ᠤᠶᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠭᠡᠷᠬᠢᠨ ᠳᠡᠭᠡᠭᠰᠢᠯᠡᠬᠦᠯᠵᠤ᠂  ᠬᠠᠮᠳᠤ ᠶᠢᠨ ᠠᠵᠤ ᠠᠬᠤᠢ  ᠶᠢᠨ ᠬᠦᠭᠵᠢᠯᠳᠡ ᠪᠤᠵᠠᠭᠠᠶᠢᠷᠠᠯᠳᠠ ᠶᠢ ᠠᠬᠢᠭᠤᠯᠬᠤ ᠪᠤᠯ ᠡᠤ ᡁᠢ ᠬᠦᠸᠧ ᠶᠢᠨ ᠬᠠᠮᠤᠭ ᠠᠴᠠ ᠤᠯᠠᠨ ᠰᠠᠨᠠᠭᠠᠰᠢᠷᠠᠳᠠᠭ ᠠᠰᠠᠭᠤᠳᠠᠯ ᠪᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠪᠠ ᠰᠤᠮᠤᠨ ᠤ ᠨᠠᠮ ᠤᠨ ᠬᠤᠷᠢᠶ᠎ᠠ ᠶᠢᠨ ᠦᠷᠨᠢᠬᠦᠯᠵᠤ ᠪᠠᠶᠢᠭ᠎ᠠ ᠬᠠᠪᠰᠤᠷᠤᠨ ᠳᠡᠳᠬᠦᠬᠦ ᠠᠵᠢᠯᠯᠠᠭ᠎ᠠ ᠲᠠᠢ ᠤᠶᠠᠯᠳᠤᠭᠤᠯᠤᠨ᠂  ᠳᠡᠷᠡ ᠤᠷᠢᠳ ᠬᠤᠵᠢᠳ ᠳᠤᠰᠬᠤᠨ ᠤ ᠠᠷᠠᠳ ᠢ ᠤᠯᠠᠨ ᠤᠳᠠᠭ᠎ᠠ ᠵᠤᠬᠢᠶᠠᠨ ᠪᠠᠶᠢᠭᠤᠯᠤᠨ ᠬᠤᠰᠢᠭᠤ᠂  ᠰᠤᠮᠤᠨ ᠤ ᠡᠷᠬᠢᠯᠡᠭᠰᠡᠨ ᠳᠠᠷᠢᠮᠠᠯ ᠳᠡᠵᠢᠭᠡᠪᠤᠷᠢ ᠶᠢᠨ ᠮᠡᠷᠭᠡᠵᠢᠯ ᠤᠨ ᠪᠤᠯᠪᠠᠰᠤᠷᠠᠯ ᠤᠨ ᠠᠩᠬᠢ ᠳᠤ ᠤᠷᠤᠯᠴᠠᠭᠤᠯᠤᠨ᠂ ᠳᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠡ ᠶᠢ ᠭᠡᠷᠬᠢᠨ ᠳᠡᠭᠡᠭᠰᠢᠯᠡᠬᠦᠯᠬᠦ ᠳᠤᠬᠠᠢ ᠭᠠᠴᠠᠭᠠᠨ ᠤ ᠨᠠᠮ ᠤᠨ ᠡᠬᠦᠷ ᠭᠠᠴᠠᠭᠠᠨ ᠤ ᠵᠦᠪᠯᠡᠯ ᠤᠨ ᠬᠢᠨ ᠲᠠᠢ ᠰᠤᠳᠤᠯᠤᠨ ᠶᠠᠷᠢᠯᠴᠠᠵᠤ᠂  ᠭᠠᠴᠠᠭᠠᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠳᠠᠷᠢᠮᠠᠯ ᠳᠡᠵᠢᠭᠡᠪᠤᠷᠢ  ᠶᠢᠨ ᠤᠶᠢᠯᠡᠰ ᠢ ᠳᠦᠪᠯᠡᠷᠡᠬᠦᠯᠤᠨ ᠬᠦᠭᠵᠢᠬᠦᠯᠬᠦ ᠬᠠᠷᠠᠯᠳᠠ ᠶᠢ ᠳᠤᠬᠳᠠᠭᠠᠵᠤ᠂ ᠠᠵᠤ ᠤᠶᠢᠯᠡᠰ ᠤᠨ ᠬᠦᠭᠵᠢᠯᠳᠡ ᠳᠡᠭᠡᠷ᠎ᠠ ᠰᠢᠪᠳᠤᠯᠤᠯᠳᠠ ᠲᠠᠢ ᠪᠤᠯᠭᠠᠬᠤ ᠪᠠᠷ ᠴᠢᠷᠮᠠᠶᠢᠬᠰᠠᠨ ᠪᠠᠶᠢᠨ᠎ᠠ᠃     ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠪᠠ ᠰᠤᠮᠤᠨ ᠤ ᠵᠠᠰᠠᠭ ᠤᠨ ᠤᠷᠳᠤᠨ ᠤ ᠬᠦᠴᠦᠳᠡᠢ ᠳᠡᠮᠵᠢᠯᠭᠡ ᠳᠤᠤᠷ᠎ᠠ᠂  ᠳᠡᠷᠡ ᠳᠠᠷᠢᠬᠢ ᠳᠤᠯᠤᠭᠠᠢ ᠪᠠᠨ ᠬᠦᠳᠡᠯᠭᠡᠨ ᠠᠷᠭ᠎ᠠ ᠤᠬᠠᠭᠠᠨ ᠭᠠᠷᠭᠠᠵᠤ᠂  ᠨᠠᠭᠠᠰᠢ ᠴᠠᠭᠠᠰᠢ ᠪᠠᠨ ᠬᠦᠶᠦᠵᠤ ᠠᠷᠭ᠎ᠠ ᠭᠡᠮᠵᠢᠶ᠎ᠠ ᠠᠪᠴᠤ᠂ ᠠᠪᠴᠠᠯᠳᠤᠭᠤᠯᠤᠨ ᠵᠤᠬᠢᠴᠠᠭᠤᠯᠬᠤ ᠤᠶᠢᠯᠡᠳᠤᠯ ᠢ ᠬᠦᠢᠴᠡᠳ ᠪᠠᠳᠠᠷᠠᠭᠤᠯᠤᠨ᠂ ᠳᠤᠰᠬᠤᠨ ᠤ ᠬᠠᠮᠳᠤ ᠶᠢᠨ ᠠᠵᠤ ᠤᠶᠢᠯᠡᠰ ᠢ ᠬᠦᠭᠵᠢᠬᠦᠯᠬᠦ ᠳᠦᠷᠤᠯ ᠵᠤᠶᠢᠯ ᠢ ᠳᠤᠬᠳᠠᠭᠠᠨ ᠭᠡᠷᠡᠭᠵᠢᠬᠦᠯᠦᠭᠰᠡᠨ ᠪᠠᠶᠢᠨ᠎ᠠ᠃ ᠬᠠᠪᠰᠤᠷᠤᠨ ᠳᠡᠳᠬᠦᠬᠦ ᠪᠠᠶᠢᠭᠤᠯᠭ᠎ᠠ ᠪᠤᠯᠬᠤ ᠨᠡᠭᠡᠭᠡᠯᠳᠡ ᠶᠢᠨ ᠤᠷᠤᠨ ᠤ ᠳᠠᠮᠠᠬᠢᠨ ᠤ ᠳᠤᠰᠬᠠᠢ ᠬᠤᠳᠠᠯᠳᠤᠭᠠᠨ ᠤ ᠳᠤᠪᠴᠢᠶ᠎ᠠ ᠲᠠᠢ ᠬᠠᠮᠳᠤᠷᠠᠨ ᠠᠷᠭ᠎ᠠ ᠪᠤᠳᠤᠯᠭ᠎ᠠ ᠳᠤᠬᠳᠠᠭᠠᠵᠤ᠂  ᠱᠠᠬᠳᠠᠷ ᠪᠠᠯᠭᠠᠰᠤᠨ ᠳᠤ ᠵᠡᠬᠦᠠᠭᠠᠷ ᠬᠤᠰᠢᠭᠤᠨ ᠤ ᠠᠩᠬᠠᠳᠠᠬᠴᠢ ︽ᠠᠵᠤ ᠤᠶᠢᠯᠡᠰ ᠢᠶᠠᠷ ᠶᠠᠳᠠᠭᠤ ᠶᠢ ᠳᠡᠳᠬᠦᠬᠦ ᠳᠠᠭᠤᠷᠢᠶᠠᠯ ᠦᠵᠡᠬᠦᠯᠬᠦ ᠳᠡᠯᠭᠡᠬᠦᠷ︾  —  ︽ᠵᠡᠬᠦᠠᠭᠠᠷ ᠬᠤᠰᠢᠭᠤᠨ ᠤ ᠪᠠ ᠯᠢᠶᠠᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ︾ ᠶᠢ ᠪᠠᠶᠢᠭᠤᠯᠵᠤ᠂  ᠭᠤᠤᠯᠳᠠᠭᠤ ᠠᠷᠢᠬᠢ ᠳᠠᠮᠠᠬᠢ ᠶᠢ ᠡᠵᠡᠩᠨᠡᠬᠦᠯᠤᠨ᠂  ᠶᠠᠳᠠᠭᠤ ᠬᠦᠴᠢᠷᠳᠡᠯᠳᠡᠢ ᠡᠷᠤᠭᠡ ᠲᠠᠢ ᠠᠰᠢᠭ ᠳᠤᠰᠠ ᠶᠢᠨ ᠬᠤᠯᠪᠤᠭᠠᠳᠤ ᠳᠤᠬᠳᠠᠴᠠ ᠶᠢ ᠪᠠᠶᠢᠭᠤᠯᠪᠠ︔ ᠬᠠᠪᠰᠤᠷᠤᠨ ᠳᠡᠳᠬᠦᠬᠦ ᠠᠵᠤ ᠠᠬᠤᠶᠢᠯᠠᠯ ᠤᠨ ᠬᠠᠷᠢᠭᠤᠴᠠᠯᠭᠠᠳᠠᠨ ᠪᠠ ᠭᠠᠴᠠᠭᠠᠨ ᠤ ᠪᠠᠶᠠᠵᠢᠯ ᠤᠨ ᠳᠠᠭᠠᠭᠤᠯᠤᠬᠴᠢ ᠲᠠᠢ ᠬᠠᠷᠢᠯᠴᠠᠵᠤ ᠵᠤᠬᠢᠴᠠᠭᠤᠯᠤᠨ᠂ ᠭᠠᠨᠰᠤ ᠶᠢᠨ ᠵᠦᠩ ᠴᠤᠸᠠᠨ ᠳᠤ ᠬᠦᠷᠴᠤ ᠪᠠᠶᠢᠴᠠᠭᠠᠨ ᠰᠢᠨᠵᠢᠯᠡᠵᠤ ᠠᠰᠢᠭ ᠳᠤᠰᠠ ᠶᠢᠨ ᠵᠠᠳᠠᠯᠤᠯᠳᠠ ᠬᠢᠬᠦ ᠪᠠᠷ ᠳᠠᠮᠵᠢᠨ᠂  ᠳᠤᠰᠤᠯᠢᠭ ᠮᠠᠨᠳᠠᠷᠠᠸ᠎ᠠ ᠶᠢᠨ ᠵᠢᠱᠢᠶ᠎ᠠ ᠦᠵᠡᠬᠦᠯᠬᠦ ᠳᠠᠷᠢᠶ᠎ᠠ ᠶᠢ 70 ᠮᠤ᠋ ᠠᠮᠵᠢᠯᠳᠠ ᠲᠠᠢ ᠳᠠᠷᠢᠪᠠ᠃  ᠡᠬᠦᠨ ᠠᠴᠠ ᠭᠠᠳᠠᠨ᠎ᠠ ᠪᠠᠰᠠ ᠳᠠᠪᠠᠭᠠᠨ ᠰᠢᠯᠢ ᠭᠠᠴᠠᠭ᠎ᠠ ᠲᠠᠢ ᠬᠠᠮᠵᠢᠯᠴᠠᠵᠤ ᠪᠠᠶᠢᠭᠠᠳ ᠮᠠᠯ ᠳᠡᠵᠢᠭᠡᠬᠦ ᠳᠦᠷᠤᠯ ᠵᠤᠶᠢᠯ ᠢ ᠡᠬᠢᠯᠡᠬᠦᠯᠤᠨ᠂ ᠰᠤᠮᠤ᠂  ᠬᠠᠪᠰᠤᠷᠤᠨ ᠳᠡᠳᠬᠦᠬᠦ ᠪᠠᠶᠢᠭᠤᠯᠭ᠎ᠠ ᠪᠠ ᠠᠵᠤ ᠠᠬᠤᠶᠢᠯᠠᠯ ᠲᠠᠢ ᠢᠳᠡᠪᠬᠢᠳᠡᠢ ᠬᠠᠷᠢᠯᠴᠠᠵᠤ ᠪᠠᠶᠢᠭᠠᠳ 18 ᠳᠦᠮᠡᠨ ᠳᠦᠬᠦᠷᠢᠭ ᠢ ᠬᠤᠪᠢᠳᠠᠨ ᠤᠯᠵᠤ᠂  ᠭᠠᠴᠠᠭ᠎ᠠ ᠶᠢ ᠬᠠᠪᠰᠤᠷᠤᠨ ᠳᠡᠵᠢᠭᠡᠪᠤᠷᠢ ᠶᠢᠨ ᠤᠶᠢᠯᠡᠰ ᠤᠨ ᠭᠡᠪᠴᠢᠶᠡᠵᠢᠯ ᠢ ᠨᠢ ᠪᠤᠵᠠᠭᠠᠶᠢᠷᠠᠭᠤᠯᠤᠭᠠᠳ᠂  ᠤᠳᠤᠬᠠᠨ ᠪᠤᠯᠬᠤ ᠳᠤ 300 ᠭᠠᠷᠤᠢ ᠬᠤᠨᠢ ᠳᠡᠵᠢᠭᠡᠬᠦ ᠪᠤᠯᠪᠠ᠃     ᠤᠨᠤᠪᠴᠢᠳᠠᠢ ᠠᠷᠭ᠎ᠠ ᠭᠡᠮᠵᠢᠶ᠎ᠠ ᠠᠪᠴᠤ ᠠᠷᠠᠳ ᠢ ᠬᠠᠷᠠᠭᠠᠯᠵᠠᠬᠤ ᠪᠤᠳᠠᠳᠤ ᠶᠠᠪᠤᠳᠠᠯ ᠢ ᠬᠠᠪᠰᠤᠷᠤᠨ ᠪᠦᠳᠤᠭᠡᠪᠡ
    ᠨᠢᠭᠡᠳᠤᠭᠡᠷ ᠱᠦᠵᠢ ᠪᠤᠯᠤᠬᠰᠠᠨ ᠠᠴᠠ ᠨᠠᠭᠠᠰᠢ᠂  ᠡᠤ ᡁᠢ ᠬᠦᠸᠧ ᠭᠠᠴᠠᠭᠠᠨ ᠤ ᠡᠯ᠎ᠡ ᠳᠦᠷᠤᠯ ᠤᠨ ᠠᠵᠢᠯ ᠳᠤ ᠢᠳᠡᠪᠬᠢᠳᠡᠢ ᠤᠷᠤᠯᠴᠠᠨ᠂ ᠭᠠᠴᠠᠭᠠᠨ ᠤ ᠨᠠᠮ ᠤᠨ ᠡᠬᠦᠷ ᠭᠠᠴᠠᠭᠠᠨ ᠤ ᠵᠦᠪᠯᠡᠯ ᠤᠨ ᠭᠡᠰᠢᠬᠦᠳ ᠲᠠᠢ ᠢᠳᠡᠪᠬᠢᠳᠡᠢ ᠬᠠᠮᠵᠢᠯᠴᠠᠵᠤ ᠪᠠᠶᠢᠭᠠᠳ ᠤᠯᠠᠨ ᠳᠦᠮᠡᠨ ᠳᠤ ᠰᠠᠶᠢᠨ ᠶᠠᠪᠤᠳᠠᠯ ᠪᠦᠳᠤᠭᠡᠵᠤ ᠦᠭᠬᠦᠨ ᠬᠦᠴᠢᠷ ᠶᠠᠪᠤᠳᠠᠯ ᠢ ᠨᠢ ᠰᠢᠢᠳᠪᠤᠷᠢᠯᠡᠨ ᠦᠭᠴᠤ᠂  ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ ᠪᠠᠶᠢᠭᠠᠳ ᠭᠠᠴᠠᠭᠠᠨ ᠤ ᠬᠦᠭᠵᠢᠯᠳᠡ ᠶᠢ ᠡᠷᠢᠯᠬᠢᠯᠡᠨ ᠠᠷᠠᠳ ᠤᠨ ᠠᠮᠢᠳᠤᠷᠠᠯ ᠢ ᠬᠠᠷᠡᠭᠠᠯᠵᠠᠵᠤ᠂  ᠡᠬᠦᠷᠭᠡ ᠳᠤᠰᠢᠶᠠᠯ ᠢᠶᠠᠨ ᠦᠨᠡᠨᠬᠦ ᠬᠦᠢᠴᠡᠳᠭᠡᠪᠡ᠃     ᠰᠤᠮᠤᠨ ᠤ ᠵᠠᠰᠠᠭ ᠤᠨ ᠤᠷᠳᠤᠨ᠂ ᠵᠠᠮ ᠬᠠᠷᠢᠯᠴᠠᠭᠠᠨ ᠤ ᠳᠤᠪᠴᠢᠶ᠎ᠠ ᠪᠠ ᠤᠰᠤᠨ ᠠᠰᠢᠬᠯᠠᠯᠳᠠ ᠶᠢᠨ ᠳᠤᠪᠴᠢᠶ᠎ᠠ ᠵᠡᠷᠭᠡ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠵᠤᠬᠢᠴᠠᠭᠤᠯᠵᠤ ᠪᠠᠶᠢᠭᠠᠳ ᠡᠮᠤᠨ᠎ᠠ ᠤᠯᠠᠭᠠᠨ ᠭᠤᠤ ᠬᠤᠷᠰᠢᠶᠠᠨ ᠳᠤ ᠳᠦᠭᠡᠭᠡᠯ ᠤᠰᠤ ᠨᠡᠪᠳᠡᠷᠡᠬᠦᠯᠵᠤ᠂ ᠬᠦᠮᠤᠨ ᠮᠠᠯ ᠤᠨ ᠤᠤᠭᠤᠬᠤ ᠤᠰᠤ ᠤᠮᠳᠠ  ᠶᠢᠨ ᠬᠦᠴᠢᠷᠳᠡᠯ ᠢ ᠰᠢᠢᠳᠪᠤᠷᠢᠯᠡᠨ ᠦᠭᠴᠤ᠂  ᠡᠵᠡᠨ ᠭᠤᠤ ᠬᠤᠷᠰᠢᠶᠠᠨ ᠳᠤ ᠤᠰᠤᠨ ᠵᠠᠮ ᠪᠠ 2 ᠺᠢᠯᠤᠮᠧᠲᠷ ᠤᠨ ᠬᠠᠶᠢᠷ ᠴᠢᠯᠠᠭᠤᠨ ᠵᠠᠮ ᠢ ᠵᠠᠰᠠᠨ ᠦᠭᠴᠤ᠂  ᠶᠠᠳᠠᠭᠤ ᠬᠦᠴᠢᠷᠳᠡᠯᠳᠡᠢ ᠤᠯᠠᠨ ᠳᠦᠮᠡᠨ ᠳᠤ 4 ᠮᠠᠰᠢᠨ ᠬᠤᠳᠳᠤᠭ ᠮᠠᠯᠳᠠᠨ ᠦᠭᠬᠦᠭᠰᠡᠨ ᠪᠠᠶᠢᠨ᠎ᠠ︔ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠵᠤᠬᠢᠴᠠᠭᠤᠯᠵᠤ ᠪᠠᠶᠢᠭᠠᠳ ᠶᠠᠳᠠᠭᠤ ᠬᠦᠴᠢᠷᠳᠡᠯᠳᠡᠢ ᠡᠷᠤᠭᠡ ᠬᠤᠢ ᠯᠢ ᠨᠠ ᠳᠤ 25ᠳᠦᠮᠡᠨ ᠳᠦᠬᠦᠷᠢᠭ ᠤᠨ ᠡᠮᠨᠡᠯᠭᠡ ᠶᠢᠨ ᠰᠤᠶᠢᠳᠭᠡᠯ ᠢ ᠨᠢ ᠭᠡᠯᠳᠦᠷᠢᠬᠦᠯᠤᠨ ᠦᠭᠴᠤ᠂ ᠬᠠᠪᠤᠷ ᠳᠠᠷᠢᠵᠤ ᠨᠠᠮᠤᠷ ᠬᠤᠷᠢᠶᠠᠬᠤ ᠠᠰᠠᠭᠤᠳᠠᠯ ᠢ ᠨᠢ ᠪᠠᠰᠠ ᠰᠢᠢᠳᠪᠤᠷᠢᠯᠡᠨ ᠦᠭᠬᠦᠭᠰᠡᠨ ᠠᠴᠠ ᠭᠠᠳᠠᠨ᠎ᠠ  ᠠᠵᠤ ᠠᠬᠤᠶᠢᠯᠠᠯᠳᠠᠨ ᠲᠠᠢ ᠬᠠᠷᠢᠯᠴᠠᠵᠤ ᠪᠠᠶᠢᠭᠠᠳ ᠳᠡᠳᠡᠨ ᠤ 2  ᠬᠡᠤᠬᠡᠳ ᠢ ᠨᠢ ᠰᠤᠷᠭᠠᠭᠤᠯᠢ ᠳᠤ ᠰᠠᠭᠤᠯᠭᠠᠨ᠂  ᠬᠦᠮᠤᠨ ᠪᠦᠷᠢ ᠳᠤ ᠵᠢᠯ ᠪᠤᠯᠭᠠᠨ4000 ᠳᠦᠬᠦᠷᠢᠭ ᠳᠤᠰᠠᠯᠠᠪᠠ︔ 17  ᠬᠠᠪᠰᠤᠷᠤᠨ ᠳᠡᠳᠬᠦᠬᠦ ᠡᠷᠤᠭᠡ ᠳᠤ ᠭᠡᠷ ᠪᠠᠶᠢᠰᠢᠩ ᠢ ᠨᠢ ᠰᠡᠯᠪᠢᠨ ᠵᠠᠰᠠᠵᠤ ᠫᠧᠩ ᠬᠦᠷᠢᠶ᠎ᠠ ᠶᠢ ᠰᠢᠨ᠎ᠠ ᠪᠠᠷ ᠪᠠᠷᠢᠵᠤ᠂  ᠪᠠᠰᠠ ᠳᠠᠬᠢᠶ᠎ᠠ ᠶᠢᠨ ᠴᠤᠷᠪᠠᠭ᠎ᠠ ᠬᠤᠳᠠᠯᠳᠤᠨ ᠠᠪᠴᠤ ᠦᠭᠴᠡᠢ︔ ᠶᠠᠳᠠᠭᠤ ᠬᠦᠴᠢᠷᠳᠡᠯᠳᠡᠢ ᠡᠷᠤᠭᠡ ᠶᠢ ᠬᠠᠪᠰᠤᠷᠤᠨ ᠭᠠᠭ᠋ᠠᠢ ᠶᠢᠨ ᠮᠢᠬ᠎ᠠ᠂ ᠳᠠᠬᠢᠶᠠᠨ ᠮᠢᠬ᠎ᠠ᠂  ᠦᠨᠳᠡᠭᠡ ᠵᠡᠷᠭᠡ ᠳᠠᠷᠢᠶᠠᠯᠠᠩ ᠤᠨ ᠤᠶᠢᠯᠡᠳᠬᠦᠨ ᠢ ᠨᠢ ᠪᠤᠷᠤᠯᠠᠭᠤᠯᠤᠨ ᠦᠭᠴᠤ ᠪᠠᠷᠤᠭ 3  ᠳᠦᠮᠡᠨ ᠳᠦᠬᠦᠷᠢᠭ ᠲᠤ ᠬᠦᠷᠴᠡᠢ︔  ᠳᠤᠰᠬᠤᠨ ᠤ ᠠᠷᠠᠳ ᠤᠨ ᠬᠦᠢᠴᠡᠳᠭᠡᠬᠦ ᠴᠢᠬᠤᠯᠠᠳᠠᠢ ᠤᠴᠢᠷ ᠶᠠᠪᠤᠳᠠᠯ᠂ ᠮᠡᠳᠡᠬᠦ ᠦᠭᠡᠢ ᠤᠶᠢᠯᠠᠭᠠᠬᠤ ᠦᠭᠡᠢ ᠳᠦᠷᠦ ᠶᠢᠨ ᠪᠤᠳᠤᠯᠭ᠎ᠠ᠂  ᠠᠷᠠᠳ ᠤᠨ ᠬᠤᠭᠤᠷᠤᠨᠳᠤᠬᠢ ᠵᠦᠷᠢᠴᠡᠯ ᠵᠢᠭᠤᠷᠠᠯᠳᠤᠭᠠᠨ ᠢ ᠨᠢᠭᠡᠳᠤᠭᠡᠷ ᠴᠠᠭ ᠲᠤ ᠰᠢᠢᠳᠪᠤᠷᠢᠯᠡᠨ ᠦᠭᠳᠡᠭ ᠬᠦᠮᠤᠨ ᠪᠤᠯ ᠡᠤ ᡁᠢ ᠬᠦᠸᠧ ᠪᠠᠶᠢᠵᠤ᠂ ᠠᠷᠠᠳ ᠤᠯᠠᠨ ᠶᠠᠮᠠᠷ ᠠᠰᠠᠭᠤᠳᠠᠯ ᠪᠠᠶᠢᠪᠠᠯ ᠳᠡᠷᠡ ᠴᠦᠮ ᠰᠢᠢᠳᠪᠤᠷᠢᠯᠡᠨ ᠦᠭᠴᠤ ᠶᠡᠷᠦᠳᠡᠭᠡᠨ ᠬᠠᠯᠠᠰᠢᠷᠠᠵᠤ ᠳᠦᠪᠡᠭᠰᠢᠶᠡᠳᠡᠭ ᠦᠭᠡᠢ ᠪᠤᠯᠬᠤᠷ ᠠᠷᠠᠳ ᠤᠯᠠᠨ ᠢᠶᠠᠷ ᠢᠶᠠᠨ ᠳᠡᠬᠦᠨ ᠢ ᠰᠠᠶᠢᠨ ᠬᠠᠪᠰᠤᠷᠤᠬᠴᠢ᠂ ᠤᠬᠠᠭᠤᠯᠤᠬᠴᠢ᠂ ᠡᠶᠡᠳᠡᠬᠦᠯᠦᠭᠴᠢ ᠭᠡᠮᠡᠨ ᠠᠮᠠ ᠬᠠᠮᠬᠢᠯ ᠦᠭᠡᠢ ᠮᠠᠬᠳᠠᠳᠠᠭ ᠪᠠᠶᠢᠨ᠎ᠠ᠃     ᠦᠶᠡᠷ ᠤᠰᠤᠳᠤᠯ ᠤᠨ ᠬᠤᠭᠤᠴᠠᠭᠠᠨ ᠳᠤ ᠠᠯᠢ ᠬᠠᠰᠢᠯᠭ᠎ᠠ ᠨᠢ ᠠᠶᠤᠯᠳᠠᠢ ᠪᠠᠶᠢᠳᠠᠭ ᠢ ᠳᠡᠷᠡ ᠳᠤᠳᠤᠷ᠎ᠠ ᠪᠠᠨ ᠳᠤᠪ ᠳᠤᠳᠤᠷᠬᠠᠢ ᠮᠡᠳᠡᠵᠤ᠂  ᠤᠯᠠᠨ ᠳᠦᠮᠡᠨ ᠢ ᠵᠤᠬᠢᠶᠠᠨ ᠪᠠᠶᠢᠭᠤᠯᠤᠨ ᠨᠢᠭᠡᠳᠤᠭᠡᠷ ᠹᠷᠤᠨᠲ ᠲᠤ ᠭᠠᠪᠰᠢᠭᠠᠶᠢᠯᠠᠨ ᠠᠵᠢᠯᠯᠠᠳᠠᠭ ᠪᠠᠶᠢᠨ᠎ᠠ︔ ᠠᠯᠢ ᠳᠦᠷᠤᠯ ᠵᠤᠶᠢᠯ ᠢ ᠬᠤᠷᠠᠯ ᠳᠡᠭᠡᠷ᠎ᠠ ᠶᠠᠷᠢᠯᠴᠠᠬᠤ ᠴᠢᠬᠤᠯᠠᠳᠠᠢ ᠪᠤᠯ᠂  ᠳᠡᠷᠡ ᠴᠠᠭ ᠳᠠᠷᠤᠢ ᠳᠤᠨᠢ ᠵᠤᠬᠢᠶᠠᠨ ᠪᠠᠶᠢᠭᠤᠯᠤᠨ ᠬᠤᠷᠠᠯᠳᠤᠭᠤᠯᠳᠠᠭ ᠪᠠᠶᠢᠨ᠎ᠠ︔ ᠶᠠᠨ ᠼᠦᠨ ᠯᠢᠨ ᠤ ᠡᠵᠢ ᠳᠤ ᠪᠤᠳᠠᠭ᠎ᠠ ᠭᠤᠯᠢᠷ ᠳᠤᠳᠠᠬᠳᠠᠵᠤ ᠪᠠᠶᠢᠭ᠎ᠠ᠂  ᠶᠠᠩ ᠮᠤᠤ ᠯᠢᠨ ᠤ ᠡᠮ ᠡᠮᠨᠡᠯᠭᠡ ᠶᠢᠨ ᠰᠤᠶᠢᠳᠭᠡᠯ ᠢ ᠳᠤᠯᠭᠠᠨ ᠪᠠᠶᠢᠴᠠᠭᠠᠵᠤ ᠳᠠᠩᠰᠠ ᠳᠠᠶᠢᠯᠬᠤ ᠤᠴᠢᠷ᠂  ᠵᠢᠶᠠ ᠱᠤᠸᠠᠩ ᠰᠢ ᠶᠢᠨ ᠤᠰᠤᠨ ᠬᠤᠭᠤᠯᠠᠢ ᠶᠢ ᠴᠠᠭ ᠳᠠᠷᠤᠢ ᠳᠤᠨᠢ ᠪᠤᠯᠠᠬᠤ᠂ ᠴᠢᠶᠠᠨ ᠰᠢ ᠰᠢ ᠶᠢᠨ ᠬᠤᠨᠢᠨ ᠮᠢᠬ᠎ᠠ ᠶᠢ ᠬᠤᠳᠠᠯᠳᠤᠵᠤ ᠪᠤᠷᠤᠯᠠᠭᠤᠯᠬᠤ  ᠁ ᠭᠡᠬᠦ ᠮᠡᠳᠤ ᠶᠢᠨ ᠤᠴᠢᠷ ᠶᠠᠪᠤᠳᠠᠯ ᠤᠳ ᠢ ᠳᠡᠷᠡ ᠠᠷᠠᠳ ᠤᠨ ᠶᠠᠪᠤᠳᠠᠯ ᠤᠨ ᠡᠳᠤᠷ ᠤᠨ ᠳᠡᠮᠳᠡᠭᠯᠡᠯ ᠳᠡᠭᠡᠨ ᠪᠦᠷ ᠳᠡᠮᠳᠡᠭᠯᠡᠵᠤ ᠪᠠᠶᠢᠳᠠᠭ ᠮᠦᠷᠳᠡᠭᠡᠨ ᠨᠢᠭᠡᠳ ᠨᠢᠭᠡ ᠪᠠᠷ ᠤᠴᠢᠵᠤ ᠰᠢᠢᠳᠪᠤᠷᠢᠯᠡᠨ ᠦᠭᠳᠡᠭ ᠪᠠᠶᠢᠨ᠎ᠠ᠃ ᠳᠠᠪᠠᠭᠠᠨ ᠰᠢᠯᠢ ᠭᠠᠴᠠᠭ᠎ᠠ ᠤᠶᠢᠷ᠎ᠠ ᠶᠢᠨ ᠬᠤᠶᠠᠷ ᠵᠢᠯ ᠳᠤ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠶᠠᠳᠠᠭᠤ ᠶᠢ ᠳᠡᠳᠬᠦᠬᠦ ᠶᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠭᠠᠨ ᠬᠤᠷᠢᠶᠠᠯᠳᠠ ᠳᠤ ᠤᠯᠠᠨ ᠤᠳᠠᠭ᠎ᠠ ᠬᠦᠬᠢᠬᠦᠯᠦᠭᠳᠡᠨ᠂ ᠡᠤ ᡁᠢ ᠬᠦᠸᠧ ᠴᠦᠮ ᠰᠠᠶᠢᠨ ᠦᠨᠡᠯᠡᠯᠳᠡ ᠤᠯᠤᠬᠰᠠᠨ ᠪᠠᠶᠢᠨ᠎ᠠ᠃     ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠨ ᠳᠠᠶᠢᠴᠢᠨ ᠪᠠᠬᠢᠯᠡᠯᠳᠡ ᠶᠢᠨ ᠤᠶᠢᠯᠡᠳᠤᠯ ᠢ ᠪᠠᠳᠠᠷᠠᠭᠤᠯᠪᠠ     ᠡᠤ ᡁᠢ ᠬᠦᠸᠧ ︽ᠳᠠᠪᠤᠵᠢᠭᠤᠯᠬᠤ︾ ︵︽ᠭᠤᠷᠪᠠᠨ ᠬᠤᠷᠠᠯ ᠨᠢᠭᠡ ᠬᠢᠴᠢᠶᠡᠯ︾ ᠢ ᠳᠦᠷᠢᠮᠵᠢᠬᠦᠯᠬᠦ᠂ ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ  ᠤᠨ ᠭᠡᠰᠢᠬᠦᠨ ᠪᠤᠯᠬᠤ︾ ᠶᠢ ᠪᠠᠶᠢᠩᠭᠤᠵᠢᠭᠤᠯᠬᠤ᠂ ᠦᠵᠡᠯ ᠰᠠᠨᠠᠭᠠᠨ ᠤ ᠰᠤᠯᠢᠯᠴᠠᠭ᠎ᠠ ᠶᠢ ᠪᠠᠶᠢᠩᠭᠤᠵᠢᠭᠤᠯᠬᠤ᠂ ᠵᠦᠪᠯᠡᠬᠦ ᠵᠤᠶᠢᠯ ᠤᠨ ᠳᠡᠰ ᠳᠠᠷᠠᠭᠠᠯᠠᠯ ᠢ ᠳᠦᠷᠢᠮᠵᠢᠬᠦᠯᠬᠦ᠂  ᠨᠠᠶᠢᠳᠠᠪᠤᠷᠢᠵᠢᠭᠤᠯᠬᠤ ᠳᠦᠷᠢᠮ ᠳᠤᠬᠳᠠᠭᠠᠯ ᠢ ᠴᠢᠩᠭᠠᠳᠬᠠᠬᠤ︶ ᠪᠠᠷ ᠳᠡᠭᠡᠭᠡᠭᠴᠢ ᠪᠡᠶ᠎ᠡ ᠪᠤᠯᠭᠠᠨ᠂  ᠳᠤᠰᠬᠤᠨ ᠤ ᠨᠠᠮ ᠤᠨ ᠡᠬᠦᠷ ᠳᠤᠰᠬᠤᠨ  ᠤ ᠵᠦᠪᠯᠡᠯ ᠤᠨ ᠤᠳᠤᠷᠢᠳᠬᠤ ᠪᠠᠭ ᠪᠠ ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠡᠩᠨᠡᠭᠡᠨ ᠤ ᠪᠠᠶᠢᠭᠤᠯᠤᠯᠳᠠ ᠶᠢ ᠠᠯᠬᠤᠮ ᠠᠯᠬᠤᠮ ᠢᠶᠠᠷ ᠴᠢᠩᠭᠠᠳᠬᠠᠪᠠ︔ ︽ᠨᠠᠮ ᠤᠨ ᠡᠳᠦᠷᠯᠢᠭ ᠤᠨ ᠠᠵᠢᠯᠯᠠᠭ᠎ᠠ︾ ᠪᠠ ︽ᠭᠤᠤᠯ ᠰᠡᠳᠤᠪᠳᠤ ᠬᠦᠮᠤᠵᠢᠯ︾ ᠢᠶᠠᠷ ᠭᠠᠴᠠᠭᠠᠨ ᠤ ᠡᠯ᠎ᠡ ᠳᠦᠷᠤᠯ ᠤᠨ ᠠᠵᠢᠯ ᠢ ᠠᠬᠢᠭᠤᠯᠵᠤ᠂ ᠨᠠᠮ ᠤᠨ ᠡᠬᠦᠷ ᠤᠨ ᠨᠢᠬᠳᠠᠷᠠᠭᠤᠯᠬᠤ ᠬᠦᠴᠤᠨ ᠪᠠ ᠳᠠᠶᠢᠴᠢᠨ ᠬᠦᠴᠤᠨ ᠢ ᠴᠢᠨᠠᠬᠰᠢᠳᠠ ᠴᠢᠩᠭᠠᠳᠬᠠᠨ᠂  ᠳᠤᠰᠬᠤᠨ ᠤ ᠺᠠᠳ᠋ᠷᠴᠤᠳ ᠤᠨ ᠠᠵᠢᠯ ᠬᠢᠵᠤ ᠤᠶᠢᠯᠡᠰ ᠪᠦᠳᠤᠭᠡᠬᠦ ᠤᠷᠮᠠᠰᠢᠯ ᠢ ᠬᠦᠭᠵᠢᠭᠡᠪᠡ᠃    ᠭᠡᠳᠤᠶᠢᠪᠠᠷ ᠠᠷᠰᠠᠷ ᠵᠢᠵᠢᠭ ᠰᠠᠵᠢᠭ ᠤᠴᠢᠷ ᠶᠠᠪᠤᠳᠠᠯ ᠪᠤᠯᠪᠠᠴᠤ ᠠᠷᠠᠳ ᠤᠯᠠᠨ ᠤ ᠰᠡᠳᠬᠢᠯ ᠤᠨ ᠳᠠᠷᠤᠭᠠᠰᠤ ᠪᠤᠯᠬᠤ ᠨᠢ ᠮᠡᠳᠡᠭᠡᠵᠢ ᠶᠢᠨ ᠭᠡᠷᠡᠭ᠃ ︽ᠳᠤᠰᠬᠤᠨ ᠤ ᠠᠷᠠᠳ ᠤᠨ ᠢᠨᠢᠶᠡᠳᠤ ᠪᠠᠶᠠᠰᠤᠯ ᠪᠤᠯ ᠮᠢᠨᠤ ᠵᠤᠯ ᠵᠢᠷᠭᠠᠯ᠂  ᠮᠢᠨᠤ ᠤᠮᠤᠭ ᠪᠠᠭ᠋ᠠᠳᠤᠯ ᠪᠤᠯᠬᠤ ᠶᠤᠮ︕ ᠤᠯᠠᠨ ᠳᠦᠮᠡᠨ ᠤ ᠬᠦᠰᠡᠯ ᠡᠷᠡᠮᠡᠯᠵᠡᠯ ᠲᠠᠢ ᠬᠠᠷᠠᠴᠠ ᠨᠢ ᠮᠢᠨᠤ ᠠᠵᠢᠯ ᠤᠶᠢᠯᠡᠰ ᠤᠨ ᠦᠨ᠎ᠠ ᠦᠷᠳᠡᠭ ᠪᠤᠯᠬᠤ ᠶᠤᠮ︕︾ ᠭᠡᠮᠡᠨ ᠡᠤ ᡁᠢ ᠬᠦᠸᠧ ᠢᠳᠡᠭᠡᠯ ᠳᠦᠬᠦᠷᠡᠩ ᠶᠠᠷᠢᠨ᠎ᠠ᠃
ᠢᠷᠡᠯᠲᠡ᠄ ᠲᠣᠲᠣᠷᠬᠠᠢ ᠦᠭᠡᠢ