ᠨᠢᠳᠤᠨᠤᠨ ᠤ 3 ᠰᠠᠷ᠎ᠠ ᠳᠤ᠂ ᠬᠤᠳᠠ ᠶᠢᠨ ᠰᠤᠶᠤᠯ ᠪᠠ ᠵᠤᠭᠠᠴᠠᠯ ᠤᠨ ᠳᠤᠪᠴᠢᠶᠠᠨ ᠤ ᠵᠤᠭᠠᠴᠠᠯ ᠢ ᠠᠬᠢᠭᠤᠯᠬᠤ ᠰᠠᠯᠠᠭᠠᠨ ᠤ ᠰᠠᠯᠠᠭᠠᠨ ᠳᠠᠷᠤᠭ᠎ᠠ ᠯᠢᠤ | ᠢᠤᠢ ᠹᠸᠢ ᠸᠧᠢ ᠵᠢᠶᠠ ᠮᠤᠤ ᠪᠠᠯᠭᠠᠰᠤᠨ ᠤ ᠳ᠋ᠦ᠋ ᠵᠢᠶᠠ ᠮᠤᠤ ᠳᠤᠰᠬᠤᠨ ᠳᠤ ᠨᠢᠭᠡᠳᠤᠭᠡᠷ ᠱᠦᠵᠢ ᠪᠠᠷ ᠳᠤᠮᠢᠯᠠᠬᠳᠠᠨ ᠢᠷᠡᠭᠰᠡᠨ ᠪᠠᠶᠢᠨ᠎ᠠ᠂ ᠯᠢᠤ ᠢᠤᠢ ᠹᠸᠢ | ᠠᠷᠠᠳ ᠤᠯᠠᠨ ᠤ ᠤᠴᠢᠷ ᠶᠠᠪᠤᠳᠠᠯ ᠢ ᠰᠡᠳᠬᠢᠯ ᠳᠠᠯᠪᠢᠨ ᠠᠩᠬᠠᠷᠤᠨ ᠰᠤᠨᠤᠰᠴᠤ᠂ ᠪᠤᠳᠠᠳᠤ ᠠᠵᠢᠯᠯᠠᠭ᠎ᠠ ᠪᠠᠷ ᠢᠶᠠᠨ ᠳᠡᠳᠡᠨ ᠤ ᠬᠦᠴᠢᠷᠳᠡᠯ ᠢ ᠠᠷᠢᠯᠭᠠᠵᠤ | ᠦᠭᠬᠦᠨ᠎ᠠ᠃ | ᠰᠤᠷᠪᠤᠯᠵᠢᠯᠠᠬᠴᠢ ᠯᠢᠤ ᠢᠤᠢ ᠹᠸᠢ ᠲᠠᠢ ᠠᠭᠤᠯᠵᠠᠬᠤ ᠦᠶᠡᠰ᠂ ᠳᠡᠷᠡ ᠶᠠᠭ ᠰᠠᠶᠢᠬᠠᠨ ᠳᠤᠰ ᠳᠤᠰᠬᠤᠨ ᠤ 76 ᠨᠠᠰᠤᠳᠠᠢ ᠵᠢᠶᠠ ᠬᠤᠸᠠᠨ ᠤ ᠭᠡᠷ ᠲᠤ | ᠬᠦᠷᠴᠤ ᠬᠤᠶᠠᠷ ᠨᠠᠰᠤᠳᠠᠨ ᠠᠴᠠ ᠤᠶᠢᠷ᠎ᠠ ᠳᠤ ᠶᠠᠮᠠᠷ ᠬᠠᠪᠰᠤᠷᠤᠯᠭ᠎ᠠ ᠳᠡᠮᠵᠢᠯᠭᠡ ᠭᠡᠷᠡᠭᠴᠡᠭᠡ ᠲᠠᠢ ᠪᠠᠶᠢᠬᠤ ᠪᠠ ᠪᠡᠶ᠎ᠠ ᠮᠠᠬᠠᠪᠤᠳ ᠨᠢ ᠳᠡᠩᠭᠡᠯᠡᠬᠦᠨ ᠡᠰᠡᠬᠦ ᠶᠢ | ᠪᠤᠯᠭᠤᠭᠠᠵᠤ ᠪᠠᠶᠢᠭ᠎ᠠ ᠲᠠᠢ ᠳᠠᠭᠠᠷᠠᠯᠳᠤᠪᠠ᠃ ᠵᠢᠶᠠ ᠬᠤᠸᠠᠨ ᠤ ᠬᠦᠭᠰᠢᠨ ᠨᠢ ᠡᠮᠤᠨ᠎ᠠ ᠭᠡᠳᠤᠨ ᠵᠢᠯ ᠰᠢᠯᠤᠭᠤᠨ ᠭᠡᠳᠡᠰᠤᠨ ᠦᠮᠡᠨ ᠳᠤ ᠨᠡᠷᠪᠡᠭᠳᠡᠵᠤ ᠮᠡᠰᠡ ᠵᠠᠰᠠᠯ | ᠬᠢᠯᠭᠡᠭᠰᠡᠨ ᠪᠤᠯᠬᠤᠷ ᠬᠦᠨᠳᠤ ᠠᠵᠢᠯ ᠬᠢᠵᠤ ᠳᠡᠶᠢᠯᠬᠦ ᠦᠭᠡᠢ ᠪᠤᠯᠵᠠᠢ᠃ ᠵᠢᠶᠠ ᠬᠤᠸᠠᠨ ᠤ ᠬᠢᠨ ᠳᠠᠷᠢᠶ᠎ᠠ ᠳᠠᠷᠢᠬᠤ ᠪᠠᠷ ᠠᠮᠢ ᠵᠢᠭᠤᠵᠤ᠂ ᠠᠭᠤᠷ ᠠᠮᠢᠰᠬᠤᠯ ᠤᠨ | ᠨᠦᠬᠦᠴᠡᠯ ᠳᠤ ᠬᠢᠵᠠᠭᠠᠷᠯᠠᠬᠳᠠᠳᠠᠭ ᠪᠠᠶᠢᠨ᠎ᠠ᠃ ᠳ᠋ᠦ᠋ ᠵᠢᠶᠠ ᠮᠤᠤ ᠳᠤᠰᠬᠤᠨ ᠤ ᠬᠢᠨ ᠳᠡᠭᠷᠢ ᠶᠢᠨ ᠴᠢᠷᠠᠢ ᠬᠠᠷᠠᠨ ᠳᠠᠷᠢᠶ᠎ᠠ ᠳᠠᠷᠢᠵᠤ᠂ ᠠᠮᠤ ᠪᠤᠳᠠᠭᠠᠨ ᠤ ᠤᠨᠠᠯᠳᠠ | ᠨᠢ ᠮᠠᠭᠤ ᠪᠤᠯᠬᠤᠷ ᠳᠠᠷᠢᠶᠠᠴᠢᠳ ᠤᠨ ᠠᠵᠤ ᠠᠮᠢᠳᠤᠷᠠᠯ ᠨᠢ ᠶᠡᠷᠦᠳᠡᠭᠡᠨ ᠰᠠᠶᠢᠵᠢᠷᠠᠵᠤ ᠳᠡᠶᠢᠯᠬᠦ ᠦᠭᠡᠢ ᠪᠠᠶᠢᠪᠠ᠃ ᠤᠳᠤᠬᠠᠨ ᠳᠤ᠂ ᠤᠯᠤᠰ ᠤᠨ ᠳᠦᠷᠦ ᠶᠢᠨ | ᠪᠤᠳᠤᠯᠭ᠎ᠠ ᠤᠯᠠᠮ ᠠᠴᠠ ᠤᠯᠠᠮ ᠰᠠᠶᠢᠵᠢᠷᠠᠵᠤ᠂ ᠳᠤᠰᠬᠤᠨ ᠳᠤ ᠰᠠᠭᠤᠵᠤ ᠠᠵᠢᠯᠯᠠᠬᠤ ᠠᠩᠬᠢ ᠶᠢᠨ ᠬᠢᠨ ᠢᠷᠡᠭᠰᠡᠨ ᠤ ᠳᠠᠷᠠᠭ᠎ᠠ᠂ ᠦᠷᠬᠦᠯᠵᠢ ᠳᠡᠳᠡᠨᠡᠶᠢᠬᠢᠨ ᠢ | ᠬᠠᠪᠰᠤᠷᠴᠤ᠂ ᠵᠢᠶᠠ ᠬᠤᠸᠠᠨ ᠤ ᠠᠮᠢᠳᠤᠷᠠᠯ ᠳᠤ ᠶᠡᠬᠡᠭᠡᠨ ᠳᠤᠰᠠ ᠳᠡᠮᠵᠢᠯᠭᠡ ᠪᠤᠯᠤᠬᠰᠠᠨ ᠪᠠᠶᠢᠨ᠎ᠠ᠃ ᠵᠢᠶᠠ ᠬᠤᠸᠠᠨ᠄ ︽ᠯᠢᠤ ᠱᠦᠵᠢ ᠮᠠᠨ ᠳᠤ ᠪᠤᠳᠠᠳᠤ | ᠶᠠᠪᠤᠳᠠᠯ᠂ ᠰᠠᠶᠢᠨ ᠶᠠᠪᠤᠳᠠᠯ ᠬᠢᠵᠤ ᠦᠭᠴᠤ ᠪᠠᠶᠢᠨ᠎ᠠ᠂ ᠪᠢᠳᠠ ᠴᠤ ᠠᠵᠤ ᠠᠮᠢᠳᠤᠷᠠᠯ ᠢᠶᠠᠨ ᠳᠡᠭᠡᠭᠰᠢ ᠳᠠᠳᠠᠬᠤ ᠢᠳᠡᠭᠡᠯ ᠵᠤᠷᠢᠭ ᠲᠠᠢ ᠪᠤᠯᠵᠤ᠂ ᠵᠤᠯ ᠵᠢᠷᠭᠠᠯ | ᠲᠠᠢ ᠪᠠᠶᠢᠨ᠎ᠠ︾ ᠭᠡᠮᠡᠨ ᠰᠤᠷᠪᠤᠯᠵᠢᠯᠠᠬᠴᠢ ᠳᠤ ᠶᠠᠷᠢᠨ᠎ᠠ᠃ | ᠳ᠋ᠦ᠋ ᠵᠢᠶᠠ ᠮᠤᠤ ᠳᠤᠰᠬᠤᠨ ᠨᠢ ᠯᠦᠩ ᠺᠸᠤ ᠪᠠᠯᠭᠠᠰᠤᠨ ᠤ ᠬᠠᠮᠤᠭ ᠵᠡᠬᠦᠨ ᠭᠡᠰᠡᠭ ᠲᠤ ᠪᠠᠶᠢᠷᠢᠯᠠᠨ᠂ ᠱᠠᠨ ᠰᠢ ᠮᠤᠵᠢ ᠶᠢᠨ ᠫᠢᠶᠠᠨ ᠭᠤᠸᠠᠨ ᠰᠢᠶᠠᠨ ᠲᠠᠢ | ᠭᠤᠤᠯ ᠠᠯᠤᠰᠯᠠᠨ ᠬᠦᠷᠰᠢᠯᠡᠵᠤ ᠪᠠᠶᠢᠳᠠᠭ᠃ ᠠᠳᠡ ᠭᠡᠳᠤᠶᠢᠪᠠᠷ ᠦᠩᠭᠡ ᠦᠵᠡᠮᠵᠢ ᠪᠦᠷᠢᠳᠤᠨ ᠭᠤᠶᠤ ᠰᠠᠶᠢᠬᠠᠨ ᠪᠠᠶᠢᠳᠠᠭ ᠴᠤ ᠠᠭᠤᠯᠠ ᠳᠤᠪᠤᠴᠠᠭ ᠵᠠᠯᠭᠠᠯᠳᠤᠨ | ᠭᠤᠤ ᠭᠠᠩᠭ᠎ᠠ ᠰᠦᠯᠵᠢᠯᠳᠤᠵᠤ ᠵᠠᠮ ᠬᠠᠷᠢᠯᠴᠠᠭ᠎ᠠ ᠳᠦᠬᠦᠮ ᠦᠭᠡᠢ᠂ ᠰᠠᠭᠤᠷᠢ ᠳᠦᠬᠦᠭᠡᠷᠤᠮᠵᠢ ᠬᠤᠴᠤᠷᠤᠩᠭᠤᠢ ᠪᠤᠯᠬᠤᠷ ᠳᠤᠰᠬᠤᠨ ᠤ ᠤᠯᠠᠩᠬᠢ ᠠᠷᠠᠳ ᠨᠢ | ᠨᠦᠭᠡᠨ ᠭᠡᠷ ᠲᠤ ᠰᠠᠭᠤᠵᠤ᠂ ᠬᠦᠮᠤᠨ ᠳᠤᠮᠳᠠᠴᠢ ᠭᠠᠵᠠᠷ ᠰᠢᠷᠤᠢ ᠶᠢᠨ ᠡᠬᠢ ᠪᠠᠶᠠᠯᠢᠭ ᠬᠤᠮᠰᠠ ᠶᠤᠮ᠃ ᠠᠳᠡᠬᠢ ᠶᠢᠨ ᠪᠠᠶᠢᠳᠠᠯ ᠢ ᠦᠭᠡᠷᠡᠴᠢᠯᠡᠶᠠ ᠭᠡᠪᠡᠯ ᠵᠠᠪᠠᠯ | ᠵᠠᠮ ᠵᠠᠰᠠᠵᠤ ᠨᠡᠪᠳᠡᠷᠡᠬᠦᠯᠬᠦ ᠭᠡᠷᠡᠭᠳᠡᠢ᠃ ᠯᠢᠤ ᠢᠤᠢ ᠹᠸᠢ ︽ᠳᠤᠰᠬᠤᠨ ᠤ ᠨᠠᠮ ᠤᠨ ᠡᠬᠦᠷ ᠵᠦᠪᠯᠡᠯ︾ ᠲᠠᠢ ᠵᠦᠪᠳᠡᠯᠴᠡᠭᠰᠡᠨ ᠤ ᠳᠠᠷᠠᠭ᠎ᠠ᠂ ᠳᠤᠰᠬᠤᠨ ᠳᠤ 3.5 | ᠺᠢᠯᠤᠮᠧᠲᠷ ᠤᠨ ᠬᠠᠶᠢᠷ ᠴᠢᠯᠠᠭᠤᠨ ᠵᠠᠮ ᠵᠠᠰᠠᠪᠠ᠃ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠤᠷᠢᠯᠡᠭᠰᠡᠨ ᠤ ᠳᠠᠷᠠᠭ᠎ᠠ᠂ ᠤᠯᠠᠨ ᠳᠦᠮᠡᠨ ᠢ ᠭᠡᠷᠬᠢᠨ | ᠳᠠᠶᠢᠴᠢᠯᠠᠵᠤ ᠴᠢᠨᠡᠭᠡᠯᠢᠭᠵᠢᠬᠦᠯᠬᠦ ᠪᠤᠯ ᠯᠢᠤ ᠢᠤᠢ ᠹᠸᠢ ᠶᠢᠨ ᠬᠠᠮᠤᠭ ᠠᠴᠠ ᠬᠠᠯᠠᠮᠵᠢᠯᠠᠳᠠᠭ ᠠᠰᠠᠭᠤᠳᠠᠯ ᠪᠤᠯᠤᠬᠰᠠᠨ ᠪᠠᠶᠢᠨ᠎ᠠ᠃ ᠯᠢᠤ ᠢᠤᠢ ᠹᠸᠢ ︽ᠳᠤᠰᠬᠤᠨ ᠤ | ᠡᠬᠦᠷ ᠵᠦᠪᠯᠡᠯ︾ ᠲᠠᠢ ᠵᠦᠪᠳᠡᠯᠴᠡᠨ ᠬᠠᠳᠤᠨ ᠭᠤᠤᠯ ᠤᠨ ᠳᠤᠮᠤ ᠬᠠᠪᠴᠢᠯ ᠤᠨ ᠵᠤᠭᠠᠴᠠᠯ ᠤᠨ ᠤᠷᠤᠨ ᠤ ᠳᠠᠪᠠᠭᠤᠯᠢᠭ ᠢ ᠠᠰᠢᠭᠯᠠᠬᠤ ᠪᠠᠷ ᠪᠤᠯᠵᠤ᠂ ᠤᠷᠢᠳ | ᠬᠤᠵᠢᠳ ᠳ᠋ᠦ᠋ ᠵᠢᠶᠠ ᠮᠤᠤ ᠳᠤᠰᠬᠤᠨ ᠤ ᠵᠤᠭᠠᠴᠠᠯ ᠰᠡᠯᠡᠬᠦᠴᠡᠯ ᠤᠨ ᠠᠭᠤᠳᠠᠮ ᠳᠠᠯᠠᠪᠠᠢ᠂ ᠠᠯᠮᠤᠷᠠᠳ ᠳᠠᠷᠢᠬᠤ ᠰᠠᠭᠤᠷᠢᠨ ᠭᠠᠵᠠᠷ ᠵᠡᠷᠭᠡ ᠳᠦᠷᠤᠯ ᠵᠤᠶᠢᠯ ᠢ | ᠤᠷᠤᠭᠤᠯᠤᠨ ᠠᠪᠴᠢᠷᠠᠬᠤ ᠪᠠᠷ ᠭᠤᠶᠤᠴᠢᠯᠠᠵᠤ᠂ ᠳᠦᠷᠤᠯ ᠵᠤᠶᠢᠯ ᠤᠨ ᠡᠮᠤᠨ᠎ᠠ ᠬᠤᠭᠤᠴᠠᠭᠠᠨ ᠤ ᠪᠠᠶᠢᠴᠠᠭᠠᠯᠳᠠ ᠰᠤᠳᠤᠯᠤᠯᠳᠠ ᠬᠢᠬᠦ᠂ ᠭᠠᠵᠠᠷ ᠰᠤᠩᠭᠤᠬᠤ | ᠵᠡᠷᠭᠡ ᠤᠯᠠᠨ ᠠᠷᠪᠢᠨ ᠤᠴᠢᠷ ᠶᠠᠪᠤᠳᠠᠯ ᠢ ᠵᠤᠬᠢᠴᠠᠭᠤᠯᠤᠨ ᠰᠢᠢᠳᠪᠤᠷᠢᠯᠡᠭᠰᠡᠨ ᠪᠠᠶᠢᠨ᠎ᠠ᠃ ᠭᠠᠷᠠᠭ ᠤᠨ ᠰᠡᠬᠦᠯᠴᠢ ᠪᠠᠷ ᠭᠡᠷ ᠲᠡᠭᠡᠨ ᠬᠠᠷᠢᠬᠤ ᠨᠢ ᠳᠡᠬᠦᠨ ᠳᠤ | ᠠᠪᠴᠤ ᠭᠡᠯᠡᠪᠡᠯ ᠪᠡᠶᠡᠯᠡᠭᠳᠡᠬᠦ ᠦᠭᠡᠢ ᠶᠠᠪᠤᠳᠠᠯ ᠪᠤᠯᠵᠤ ᠪᠠᠶᠢᠪᠠ᠃ ᠳᠤᠰᠬᠤᠨ ᠳᠤ ᠰᠠᠭᠤᠵᠤ ᠠᠵᠢᠯᠯᠠᠬᠰᠠᠨ ᠤ ᠪᠠᠨ ᠳᠤᠬᠠᠢ ᠶᠠᠷᠢᠬᠤ ᠳᠤ᠂ ᠯᠢᠤ ᠢᠤᠢ ᠹᠸᠢ᠄ ︽ | ᠳᠤᠰᠬᠤᠨ ᠳᠤ ᠰᠠᠭᠤᠵᠤ ᠠᠵᠢᠯᠯᠠᠬᠤ ᠨᠢ ᠭᠡᠳᠤᠶᠢᠪᠠᠷ ᠶᠠᠳᠠᠷᠠᠯ ᠲᠠᠢ ᠮᠦᠷᠳᠡᠭᠡᠨ ᠶᠠᠭᠠᠷᠠᠤ ᠪᠠᠶᠢᠬᠰᠠᠨ ᠴᠦ ᠪᠢ ᠮᠦᠨ ᠯᠠ ᠦᠩᠭᠡᠷᠡᠭᠰᠡᠨ ᠤ ᠬᠢ ᠲᠠᠢ ᠪᠠᠨ ᠠᠳᠠᠯᠢ | ᠪᠠᠷ ᠰᠢᠷᠭᠠᠭᠤ ᠠᠵᠢᠯᠯᠠᠨ᠎ᠠ᠃ ᠠᠷᠠᠳ ᠤᠯᠠᠨ ᠤ ᠨᠠᠮ᠎ᠠ ᠶᠢ ᠬᠠᠷᠠᠬᠰᠠᠨ ᠴᠠᠶᠢᠯᠭᠠᠨ ᠢᠨᠢᠶᠡᠳᠤ ᠨᠢ ᠮᠢᠨᠤ ᠳᠤᠰᠬᠤᠨ ᠳᠤ ᠰᠠᠭᠤᠵᠤ ᠠᠵᠢᠯᠯᠠᠬᠤ ᠶᠢᠨ ᠢᠳᠡᠭᠡᠯ | ᠪᠢᠰᠢᠷᠡᠯ ᠶᠤᠮ︾ ᠭᠡᠮᠡᠨ ᠰᠡᠳᠬᠢᠯ ᠳᠤᠬᠳᠤᠯᠤᠨ ᠶᠠᠷᠢᠨ᠎ᠠ᠃ | ᠨᠢᠳᠤᠨᠤᠨ᠂ ᠯᠢᠤ ᠢᠤᠢ ᠹᠸᠢ ᠪᠦᠬᠦ ᠬᠤᠳᠠ ᠶᠢᠨ ᠶᠠᠳᠠᠭᠤ ᠡᠷᠤᠭᠡ ᠶᠢ ᠳᠠᠭᠠᠭᠠᠴᠢᠯᠠᠵᠤ ᠳᠤᠰᠬᠤᠨ ᠳᠤ ᠰᠠᠭᠤᠬᠰᠠᠨ ᠠᠵᠢᠯᠯᠠᠬᠤ ᠠᠩᠬᠢ ᠶᠢᠨ ᠰᠢᠯᠢᠳᠡᠭ | ᠨᠢᠭᠡᠳᠤᠭᠡᠷ ᠱᠦᠵᠢ ᠪᠠᠷ ᠰᠤᠩᠭᠤᠬᠳᠠᠨ᠂ ᠳ᠋ᠦ᠋ ᠵᠢᠶᠠ ᠮᠤᠤ ᠳᠤᠰᠬᠤᠨ ᠨᠢ ᠴᠦ ᠪᠦᠬᠦ ᠬᠤᠳᠠ ᠶᠢᠨ ᠬᠦᠳᠡᠭᠡ ᠳᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ | ᠶᠢ ᠭᠡᠷᠡᠭᠵᠢᠬᠦᠯᠦᠭᠰᠡᠨ ᠳᠠᠭᠤᠷᠢᠶᠠᠯ ᠦᠵᠡᠬᠦᠯᠬᠦ ᠳᠤᠰᠬᠤᠨ ᠢᠶᠠᠷ ᠬᠦᠬᠢᠬᠦᠯᠦᠭᠳᠡᠭᠰᠡᠨ ᠪᠠᠶᠢᠨ᠎ᠠ᠃ ᠡᠨᠡᠬᠦ ᠢᠷᠠᠭᠤ ᠠᠯᠳᠠᠷ ᠨᠢ ᠯᠢᠤ ᠢᠤᠢ ᠹᠸᠢ ᠶᠢᠨ ᠠᠵᠢᠯ ᠤᠨ | ᠦᠨᠡᠯᠡᠯᠳᠡ ᠪᠤᠯᠤᠬᠰᠠᠨ ᠮᠦᠷᠳᠡᠭᠡᠨ ᠬᠤᠶᠢᠰᠢᠳᠠ ᠶᠢᠨ ᠠᠵᠢᠯ ᠤᠨ ᠬᠢᠨᠢ ᠬᠦᠳᠡᠯᠭᠡᠭᠴᠢ ᠬᠦᠴᠤᠨ ᠪᠤᠯᠤᠬᠰᠠᠨ ᠪᠠᠶᠢᠨ᠎ᠠ᠃ ᠯᠢᠤ ᠢᠤᠢ ᠹᠸᠢ᠄ ︽ᠨᠢᠳᠤᠨᠤᠨ ᠪᠢ | ᠪᠦᠬᠦ ᠬᠤᠳᠠ ᠶᠢᠨ ᠰᠢᠯᠢᠳᠡᠭ ᠨᠢᠭᠡᠳᠤᠭᠡᠷ ᠱᠦᠵᠢ ᠪᠠᠷ ᠰᠤᠩᠭᠤᠬᠳᠠᠬᠰᠠᠨ ᠨᠢ ᠵᠤᠬᠢᠶᠠᠨ ᠪᠠᠶᠢᠭᠤᠯᠤᠯᠳᠠ ᠠᠴᠠ ᠨᠠᠳᠠ ᠳᠤ ᠦᠭᠬᠦᠭᠰᠡᠨ ᠵᠤᠷᠢᠬᠵᠢᠭᠤᠯᠤᠯ ᠪᠤᠯᠬᠤ | ᠶᠤᠮ᠂ ᠪᠢ ᠴᠢᠷᠮᠠᠶᠢᠬᠰᠠᠨ ᠳᠡᠭᠡᠷ᠎ᠠ ᠪᠠᠨ ᠴᠢᠷᠮᠠᠶᠢᠵᠤ᠂ ᠬᠦᠳᠡᠭᠡ ᠳᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠳᠤ ᠳᠦᠰᠢᠭᠯᠡᠨ᠂ ᠳ᠋ᠦ᠋ | ᠵᠢᠶᠠ ᠮᠤᠤ ᠳᠤᠰᠬᠤᠨ ᠤ ᠠᠵᠢᠯ ᠳᠤ ᠪᠤᠳᠠᠳᠤ ᠦᠷ᠎ᠠ ᠪᠦᠳᠤᠮᠵᠢ ᠭᠠᠷᠭᠠᠨ᠎ᠠ︾ ᠭᠡᠮᠡᠨ ᠵᠤᠷᠢᠭ ᠢᠶᠠᠨ ᠢᠯᠡᠳᠭᠡᠵᠤ ᠪᠠᠶᠢᠯ᠎ᠠ᠃ |