ᠳ᠋ᠠ ᠯᠤ᠋ ᠠᠵᠤ ᠤᠶᠢᠯᠡᠳᠪᠤᠷᠢ ᠶᠢᠨ ᠬᠦᠷᠢᠶᠡᠯᠡᠩ ᠳᠤᠭᠤᠷᠢᠭ ᠨᠢ ᠦᠪᠤᠷ ᠮᠤᠩᠭᠤᠯ ᠤᠨ ᠤᠷᠳᠤᠰ ᠬᠤᠳᠠ ᠶᠢᠨ ᠵᠡᠬᠦᠨ ᠬᠤᠶᠢᠳᠤ ᠭᠡᠰᠡᠭ ᠤᠨ ᠬᠦᠪᠴᠢ ᠶᠢᠨ | ᠡᠯᠡᠰᠤᠨ ᠤ ᠬᠤᠷᠮᠤᠢ᠂ ᠬᠠᠳᠤᠨ ᠭᠤᠤᠯ ᠤᠨ ᠳᠤᠬᠤᠢ ᠳᠤᠳᠤᠷ᠎ᠠ ᠪᠠᠶᠢᠷᠢᠯᠠᠵᠤ᠂ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ | ᠤᠶᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠶᠠᠮᠤᠨ ᠠᠴᠠ ᠳᠤᠬᠳᠠᠭᠠᠬᠰᠠᠨ ᠪᠦᠬᠦ ᠤᠯᠤᠰ ᠤᠨ ᠳᠦᠷᠪᠡᠨ ᠶᠡᠭᠡ ᠤᠳᠤ ᠦᠶ᠎ᠠ ᠶᠢᠨ ᠨᠡᠬᠦᠷᠡᠰᠤ ᠬᠢᠮᠢ ᠶᠢᠨ ᠠᠵᠤ | ᠤᠶᠢᠯᠡᠳᠪᠤᠷᠢ ᠶᠢᠨ ᠠᠵᠤ ᠤᠶᠢᠯᠡᠰ ᠤᠨ ᠳᠠᠭᠤᠷᠢᠶᠠᠯ ᠦᠵᠡᠬᠦᠯᠬᠦ ᠤᠷᠤᠨ ᠳᠤ ᠪᠠᠭᠳᠠᠳᠠᠭ᠃ 2005 ᠤᠨ ᠳᠤ ᠡᠬᠢᠯᠡᠨ ᠪᠠᠶᠢᠭᠤᠯᠵᠤ᠂ ᠶᠡᠷᠦᠩᠭᠡᠢ | ᠳᠦᠯᠦᠪᠵᠢᠬᠦᠯᠭᠡ ᠶᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠨ᠂ 2018 ᠤᠨ ᠤ 3 ᠰᠠᠷ᠎ᠠ ᠳᠤ᠂ ︽ᠳᠤᠮᠳᠠᠳᠤ | ᠤᠯᠤᠰ ᠤᠨ ᠨᠡᠭᠡᠭᠡᠯᠳᠡ ᠶᠢᠨ ᠤᠷᠤᠨ ᠢ ᠬᠢᠨᠠᠨ ᠰᠢᠯᠭᠠᠬᠤ ᠵᠠᠷᠯᠠᠯ ᠤᠨ ᠭᠠᠷᠴᠠᠭ︾ ᠤᠨ ᠮᠤᠵᠢ ᠶᠢᠨ ᠱᠠᠳᠤᠨ ᠤ ᠨᠡᠭᠡᠭᠡᠯᠳᠡ ᠶᠢᠨ ᠤᠷᠤᠨ ᠤ ᠵᠢᠬᠰᠠᠭᠠᠯᠳᠠ ︵ | 2018 ᠤᠨ ᠤ ᠭᠡᠪᠯᠡᠯ︶ ᠳᠤ ᠤᠷᠤᠵᠤ᠂ ᠠᠵᠤ ᠤᠶᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠳᠦᠯᠦᠪᠵᠢᠬᠦᠯᠭᠡ ᠶᠢᠨ ᠪᠦᠳᠤᠭᠡᠨ ᠪᠠᠶᠢᠭᠤᠯᠤᠯᠳᠠ ᠶᠢᠨ | ᠳᠠᠯᠠᠪᠠᠢ ᠨᠢ 140 ᠳᠡᠭᠰᠢ ᠳᠦᠷᠪᠡᠯᠵᠢᠨ ᠺᠢᠯᠤᠮᠧᠲᠷ ᠪᠤᠢ᠃ ᠡᠬᠦᠨ ᠳᠤ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠠᠭᠤᠷᠢᠨ ᠭᠠᠵᠠᠷ ᠤᠨ ᠳᠠᠯᠠᠪᠠᠢ ᠨᠢ | 78 ᠳᠡᠭᠰᠢ ᠳᠦᠷᠪᠡᠯᠵᠢᠨ ᠺᠢᠯᠤᠮᠧᠲᠷ ᠪᠠᠶᠢᠵᠤ᠂ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ᠂ ᠨᠡᠬᠦᠷᠡᠰᠤ ᠪᠠᠷ ᠪᠠᠶᠢᠭᠠᠯᠢ ᠶᠢᠨ ᠰᠢᠳᠠᠮᠠᠬᠠᠢ ᠭᠡᠢ ᠤᠶᠢᠯᠡᠳᠪᠤᠷᠢᠯᠡᠬᠦ᠂ | ᠨᠡᠬᠦᠷᠡᠰᠤ ᠪᠠᠷ ᠮᠧᠲ᠋ᠢᠯ ᠠᠯᠺᠤᠤᠯ᠂ ᠬᠤᠶᠠᠷ ᠮᠧᠲ᠋ᠢᠯᠳᠤ ᠡᠲ᠋ᠧᠷ᠂ ᠠᠯᠺᠧᠨ ᠤᠶᠢᠯᠡᠳᠪᠤᠷᠢᠯᠡᠬᠦ᠂ ᠨᠡᠬᠦᠷᠡᠰᠤ ᠪᠠᠷ ᠡᠲ᠋ᠡ ᠬᠤᠶᠠᠷᠴᠢ ᠠᠯᠺᠤᠤᠯ ᠤᠶᠢᠯᠡᠳᠪᠤᠷᠢᠯᠡᠬᠦ | ᠵᠡᠷᠭᠡ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠵᠢᠴᠢ ᠳᠠᠭᠠᠯᠳᠠ ᠨᠠᠷᠢᠯᠢᠬᠵᠢᠭᠤᠯᠤᠬᠰᠠᠨ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ ᠢ ᠭᠤᠤᠯᠳᠠᠯᠭ᠎ᠠ | ᠲᠠᠢ ᠬᠦᠭᠵᠢᠬᠦᠯᠤᠨ᠎ᠠ︔ ᠨᠡᠬᠦᠷᠡᠰᠤ ᠴᠠᠬᠢᠯᠭᠠᠨ ᠬᠦᠩᠭᠡᠨᠴᠠᠭᠠᠨ ᠢ ᠡᠷᠬᠢᠯᠳᠦᠬᠦᠯᠤᠨ ᠬᠦᠭᠵᠢᠬᠦᠯᠬᠦ ᠠᠵᠤ ᠤᠶᠢᠯᠡᠰ ᠤᠨ ᠰᠠᠭᠤᠷᠢᠨ ᠭᠠᠵᠠᠷ ᠤᠨ ᠳᠠᠯᠠᠪᠠᠢ ᠨᠢ 62 | ᠳᠡᠭᠰᠢ ᠳᠦᠷᠪᠡᠯᠵᠢᠨ ᠺᠢᠯᠤᠮᠧᠲᠷ ᠪᠠᠶᠢᠵᠤ᠂ ᠨᠡᠬᠦᠷᠡᠰᠤ — ᠴᠠᠬᠢᠯᠭᠠᠨ — ᠬᠦᠩᠭᠡᠨᠴᠠᠭᠠᠨ ᠵᠢᠴᠢ ᠳᠠᠭᠠᠯᠳᠠ ᠤᠶᠢᠯᠡᠳᠬᠦᠨ ᠢ ᠨᠠᠷᠢᠯᠢᠭ ᠪᠤᠯᠪᠠᠰᠤᠷᠠᠭᠤᠯᠬᠤ ᠠᠵᠤ | ᠤᠶᠢᠯᠡᠰ ᠢ ᠭᠤᠤᠯᠳᠠᠯᠭ᠎ᠠ ᠲᠠᠢ ᠬᠦᠭᠵᠢᠬᠦᠯᠤᠨ᠎ᠠ᠃ ᠡᠬᠦᠨ ᠠᠴᠠ ᠭᠠᠳᠠᠨ᠎ᠠ ᠵᠡᠬᠦᠠᠭᠠᠷ ᠬᠤᠰᠢᠭᠤ ᠬᠦᠷᠢᠶᠡᠯᠡᠩ ᠳᠤᠭᠤᠷᠢᠭ ᠲᠤ 30 ᠳᠡᠭᠰᠢ ᠳᠦᠷᠪᠡᠯᠵᠢᠨ | ᠺᠢᠯᠤᠮᠧᠲᠷ ᠤᠨ ᠬᠤᠳᠠ ᠶᠢᠨ ᠶᠠᠪᠤᠳᠠᠯ ᠤᠨ ᠤᠶᠢᠯᠡᠴᠢᠯᠡᠭᠡᠨ ᠤ ᠳᠤᠭᠤᠷᠢᠭ ᠢ ᠳᠦᠬᠦᠷᠵᠢᠬᠦᠯᠤᠨ ᠪᠦᠳᠤᠭᠡᠨ ᠪᠠᠶᠢᠭᠤᠯᠵᠤ᠂ ᠤᠶᠢᠯᠡᠳᠪᠤᠷᠢᠯᠡᠯ ᠬᠦᠮᠤᠵᠢᠯ | ᠪᠤᠯᠪᠠᠰᠤᠷᠠᠯ ᠰᠤᠳᠤᠯᠭᠠᠨ ᠤ ᠰᠠᠭᠤᠷᠢᠨ ᠭᠠᠵᠠᠷ᠂ ᠵᠠᠰᠠᠭ ᠵᠠᠬᠢᠷᠭᠠᠨ ᠤ ᠠᠯᠪᠠᠯᠠᠬᠤ ᠳᠤᠭᠤᠷᠢᠭ᠂ ᠮᠦᠩᠬᠦᠨ ᠬᠦᠢᠯᠭᠡᠭᠡ ᠬᠤᠳᠠᠯᠳᠤᠭᠠᠨ ᠤ ᠳᠤᠭᠤᠷᠢᠭ ᠪᠠ | ᠳᠦᠬᠦᠷᠵᠢᠬᠦᠯᠦᠭᠰᠡᠨ ᠠᠮᠢᠳᠤᠷᠠᠯ ᠤᠶᠢᠯᠡᠴᠢᠯᠡᠭᠡᠨ ᠤ ᠳᠤᠭᠤᠷᠢᠭ ᠢ ᠳᠦᠯᠦᠪᠵᠢᠬᠦᠯᠤᠨ ᠪᠦᠳᠤᠭᠡᠨ ᠪᠠᠶᠢᠭᠤᠯᠤᠨ᠎ᠠ᠃ | — ᠤᠷᠤᠨ ᠪᠠᠶᠢᠷᠢ ᠵᠠᠮ ᠬᠠᠷᠢᠯᠴᠠᠭ᠎ᠠ ᠳᠦᠬᠦᠮ ᠳᠦᠳᠡ ᠪᠤᠢ᠃ ᠬᠦᠷᠢᠶᠡᠯᠡᠩ ᠳᠤᠭᠤᠷᠢᠭ ᠨᠢ ︽ᠬᠦᠬᠡᠬᠤᠳᠠ ᠪᠤᠭᠤᠳᠤ ᠤᠷᠳᠤᠰ︾ ᠤᠨ ᠵᠤᠬᠢᠴᠠᠩᠭᠤᠢ | ᠬᠦᠭᠵᠢᠯᠳᠡ ᠶᠢᠨ ᠤᠷᠤᠨ ᠤ ᠴᠢᠬᠤᠯᠠ ᠴᠡᠭ ᠪᠠ ︽ᠬᠦᠬᠡᠬᠤᠳᠠ ᠪᠤᠭᠤᠳᠤ ᠤᠷᠳᠤᠰ ᠳᠡᠮᠡᠭᠡᠳᠤ︾ ᠶᠢᠨ ᠬᠤᠳᠠ ᠶᠢᠨ ᠰᠦᠷᠦᠭᠵᠢᠯ ᠤᠨ ᠭᠤᠤᠯᠯᠠᠬᠤ ᠪᠦᠰᠡ | ᠳᠤᠳᠤᠷ᠎ᠠ ᠪᠠᠶᠢᠷᠢᠯᠠᠨ᠂ ᠤᠷᠤᠨ ᠤ ᠳᠦᠪ ᠬᠦᠬᠡᠬᠤᠳᠠ ᠠᠴᠠ 87 ᠺᠢᠯᠤᠮᠧᠲᠷ᠂ ᠪᠤᠭᠤᠳᠤ ᠠᠴᠠ 160 ᠺᠢᠯᠤᠮᠧᠲᠷ᠂ ᠬᠢᠶ᠎ᠠ ᠪᠠᠭᠰᠢ ᠠᠴᠠ 150 ᠺᠢᠯᠤᠮᠧᠲᠷ | ᠵᠠᠶᠢᠳᠠᠢ ᠪᠠᠶᠢᠵᠤ᠂ ᠬᠦᠬᠡᠬᠤᠳᠠ ᠠᠴᠠ ᠳ᠋ᠠᠲ᠋ᠦ᠋ᠩ ᠬᠦᠷᠬᠦ ᠳᠡᠭᠡᠳᠤ ᠬᠤᠷᠳᠤᠴᠠᠳᠤ ᠵᠠᠰᠠᠮᠠᠯ ᠵᠠᠮ᠂ ᠦᠪᠤᠷ ᠮᠤᠩᠭᠤᠯ ᠠᠴᠠ ᠾᠧᠪᠸᠢ ᠬᠦᠷᠬᠦ ᠬᠦᠨᠳᠤ ᠠᠴᠢᠶᠠᠨ ᠤ | ᠳᠡᠭᠡᠳᠤ ᠬᠤᠷᠳᠤᠴᠠᠳᠤ ᠵᠠᠰᠠᠮᠠᠯ ᠵᠠᠮ᠂ ᠬᠠᠳᠤᠨ ᠭᠤᠤᠯ ᠳᠠᠭᠠᠤ ᠳᠡᠭᠡᠳᠤ ᠬᠤᠷᠳᠤᠴᠠᠳᠤ ᠵᠠᠰᠠᠮᠠᠯ ᠵᠠᠮ᠂ 103 ᠮᠤᠵᠢ ᠶᠢᠨ ᠵᠠᠮ ᠢ ᠬᠦᠷᠢᠶᠡᠯᠡᠩ ᠳᠤᠭᠤᠷᠢᠭ ᠲᠤ | ᠤᠶᠢᠷᠠᠳᠤᠭᠤᠯᠤᠨ ᠨᠢᠭᠡ ᠴᠤᠬᠴᠠᠵᠢᠭᠤᠯᠤᠬᠰᠠᠨ ᠪᠠᠶᠢᠨ᠎ᠠ᠃ ᠪᠦᠳᠤᠭᠡᠨ ᠪᠠᠶᠢᠭᠤᠯᠵᠤ ᠠᠰᠢᠬᠯᠠᠯᠳᠠ ᠳᠤ ᠤᠷᠤᠭᠤᠯᠤᠬᠰᠠᠨ ᠬᠦᠬᠡᠬᠤᠳᠠ ᠠᠴᠠ ᠵᠡᠬᠦᠠᠭᠠᠷ ᠬᠦᠷᠬᠦ | ᠳᠡᠮᠤᠷ ᠵᠠᠮ ᠨᠢ ᠬᠦᠷᠢᠶᠡᠯᠡᠩ ᠳᠤᠭᠤᠷᠢᠭ ᠢᠶᠠᠷ ᠳᠠᠭᠠᠷᠢᠵᠤ ᠳᠡᠷᠡᠴᠢᠯᠡᠨ 1 ᠪᠠᠷᠠᠭᠠᠨ ᠤ ᠳᠡᠭᠡᠭᠡᠪᠤᠷᠢ ᠶᠢᠨ ᠦᠷᠳᠡᠭᠡ ᠭᠠᠷᠭᠠᠨ᠂ ᠬᠦᠬᠡᠬᠤᠳᠠ ᠠᠴᠠ ᠵᠡᠬᠦᠠᠭᠠᠷ | ᠤᠷᠳᠤᠰ ᠬᠦᠷᠬᠦ ᠳᠡᠭᠡᠳᠤ ᠬᠤᠷᠳᠤᠴᠠᠳᠤ ᠳᠡᠮᠤᠷ ᠵᠠᠮ ᠪᠠᠶᠢᠭᠤᠯᠤᠬᠳᠠᠨ ᠠᠰᠢᠬᠯᠠᠯᠳᠠ ᠳᠤ ᠤᠷᠤᠵᠤ᠂ 1 ᠠᠶᠠᠨᠴᠢᠨ ᠤ ᠳᠡᠭᠡᠭᠡᠪᠤᠷᠢ ᠶᠢᠨ ᠦᠷᠳᠡᠭᠡ ︵ᠤᠷᠤᠨ ᠤ | ᠳᠦᠪ ᠬᠦᠬᠡᠬᠤᠳᠠ ᠬᠦᠷᠳᠡᠯ᠎ᠠ 48 ᠮᠢᠨᠦ᠋ᠲ ᠭᠡᠷᠡᠭᠰᠡᠨ᠎ᠠ︶᠂ 2 ᠪᠠᠷᠠᠭᠠᠨ ᠤ ᠳᠡᠭᠡᠭᠡᠪᠤᠷᠢ ᠶᠢᠨ ᠦᠷᠳᠡᠭᠡ ᠭᠠᠷᠭᠠᠵᠤ᠂ ᠪᠠᠶᠢᠭᠤᠯᠤᠬᠳᠠᠬᠰᠠᠨ ᠤ ᠳᠠᠷᠠᠭ᠎ᠠ | ᠭᠠᠳᠠᠬᠰᠢ ᠪᠠᠨ 3.2 ᠳ᠋ᠦᠩᠰᠢᠭᠤᠷ ᠳᠤᠨ ᠪᠠᠷᠠᠭ᠎ᠠ ᠳᠡᠭᠡᠭᠡᠪᠤᠷᠢᠯᠡᠵᠤ ᠳᠡᠶᠢᠯᠤᠨ᠎ᠠ︔ ᠪᠦᠳᠤᠭᠡᠨ ᠪᠠᠶᠢᠭᠤᠯᠵᠤ ᠪᠠᠶᠢᠭ᠎ᠠ ᠬᠠᠳᠤᠨ ᠭᠤᠤᠯ ᠳᠠᠭᠠᠤ ᠳᠡᠮᠤᠷ ᠵᠠᠮ᠂ ᠳ᠋ᠠ | ᠺᠠ ᠠᠴᠠ ᠮᠠ ᠴᠠᠩ ᠬᠤᠤ ᠬᠦᠷᠬᠦ ᠳᠡᠮᠤᠷ ᠵᠠᠮ ᠨᠢ ᠴᠦ ᠬᠦᠷᠢᠶᠡᠯᠡᠩ ᠳᠤᠭᠤᠷᠢᠭ ᠲᠠᠢ ᠤᠶᠢᠷᠠᠬᠠᠨ ᠪᠤᠢ᠃ ᠠᠭᠠᠷ ᠤᠨ ᠠᠶᠠᠯᠠᠯ ᠤᠨ ᠳᠠᠯ᠎ᠠ ᠪᠠᠷ᠂ ᠡᠷᠬᠢᠨ | ᠳᠤᠭᠤᠷᠢᠨ ᠳᠤᠨᠢ ᠬᠦᠬᠡᠬᠤᠳᠠ᠂ ᠪᠤᠭᠤᠳᠤ᠂ ᠤᠷᠳᠤᠰ 3 ᠨᠢᠰᠭᠡᠯ ᠤᠨ ᠪᠠᠭᠤᠳᠠᠯ ᠲᠠᠢ ᠪᠠᠶᠢᠵᠤ᠂ ᠰᠢᠨ᠎ᠠ ᠪᠠᠷ ᠳᠦᠯᠦᠪᠵᠢᠬᠦᠯᠤᠨ ᠪᠠᠶᠢᠭᠤᠯᠵᠤ ᠪᠠᠶᠢᠭ᠎ᠠ | ᠬᠦᠬᠡᠬᠤᠳᠠ ᠶᠢᠨ ᠬᠤᠷᠢᠨᠭᠡᠷ ᠤᠯᠠᠨ ᠤᠯᠤᠰ ᠤᠨ ᠨᠢᠰᠭᠡᠯ ᠤᠨ ᠪᠠᠭᠤᠳᠠᠯ ᠠᠴᠠ 41 ᠺᠢᠯᠤᠮᠧᠲᠷ ᠵᠠᠶᠢᠳᠠᠢ ᠪᠤᠢ᠃ ᠪᠠᠷᠠᠭᠤᠨ ᠭᠡᠰᠡᠭ ᠤᠨ ᠪᠤᠰᠤᠳ ᠬᠦᠷᠢᠶᠡᠯᠡᠩ | ᠳᠤᠭᠤᠷᠢᠭ ᠲᠠᠢ ᠬᠠᠷᠢᠴᠠᠭᠤᠯᠪᠠᠯ᠂ ᠳᠦᠬᠦᠭᠡᠢ ᠮᠠᠲ᠋ᠧᠷᠢᠶᠠᠯ ᠵᠢᠴᠢ ᠪᠦᠳᠤᠭᠡᠭᠳᠡᠬᠦᠨ ᠢ ᠵᠦᠭᠡᠭᠡᠪᠤᠷᠢᠯᠡᠬᠦ ᠵᠠᠢ ᠶᠢ ᠠᠳᠠᠭ ᠲᠠᠭᠠᠨ 400 ᠺᠢᠯᠤᠮᠧᠲᠷ ᠪᠠᠭᠠᠰᠬᠠᠪᠠ︔ | ᠬᠦᠬᠡᠬᠤᠳᠠ ᠪᠤᠭᠤᠳᠤ ᠤᠷᠳᠤᠰ᠂ ᠱᠠᠨ ᠰᠢ ᠪᠠ ᠱᠠᠨᠰᠢ ᠶᠢᠨ ᠬᠤᠳᠠ ᠶᠢᠨ ᠰᠦᠷᠦᠭᠵᠢᠯ ᠲᠠᠢ ᠬᠠᠪᠢᠳᠠᠵᠤ᠂ ᠬᠦᠮᠤᠨ ᠠᠮᠠ ᠨᠢᠬᠳᠠ ᠤᠷᠤᠨ ᠪᠠ ᠳᠡᠭᠡᠳᠤ | ᠰᠤᠷᠭᠠᠭᠤᠯᠢ ᠳᠦᠪᠯᠡᠷᠡᠭᠰᠡᠨ ᠤᠷᠤᠨ ᠳᠤ ᠪᠠᠶᠢᠷᠢᠯᠠᠵᠤ ᠪᠠᠶᠢᠳᠠᠭ ᠢᠶᠠᠷ ᠢᠶᠠᠨ ᠳᠡᠭᠡᠳᠤ ᠰᠤᠷᠭᠠᠭᠤᠯᠢ ᠶᠢᠨ ᠴᠢᠳᠠᠪᠤᠷᠢᠳᠠᠨ ᠤ ᠡᠬᠢ ᠪᠠᠶᠠᠯᠢᠭ ᠬᠦᠷᠦᠯᠴᠡᠬᠦᠰᠢᠳᠡᠢ | ᠪᠠᠶᠢᠵᠤ᠂ ᠠᠵᠢᠯᠴᠢᠨ ᠡᠯᠰᠡᠬᠦ ᠳᠤ ᠢᠯᠡᠷᠭᠡᠢ ᠳᠠᠪᠠᠭᠤᠯᠢᠭ ᠲᠠᠢ ᠪᠤᠢ᠃ | — ᠤᠰᠤ ᠨᠡᠬᠦᠷᠡᠰᠤᠨ ᠤ ᠡᠬᠢ ᠪᠠᠶᠠᠯᠢᠭ ᠳᠦᠪᠯᠡᠷᠡᠪᠡ᠃ ᠬᠠᠳᠤᠨ ᠭᠤᠤᠯ ᠨᠢ ᠬᠦᠷᠢᠶᠡᠯᠡᠩ ᠳᠤᠭᠤᠷᠢᠭ ᠤᠨ ᠬᠤᠶᠢᠳᠤ ᠳᠠᠯ᠎ᠠ᠂ ᠵᠡᠬᠦᠨ ᠳᠠᠯ᠎ᠠ ᠪᠠᠷ ᠨᠢ | ᠳᠤᠭᠤᠶᠢᠯᠠᠨ᠂ ᠵᠢᠯ ᠳᠤ ᠡᠬᠦᠪᠠᠷ ᠦᠩᠭᠡᠷᠡᠬᠦ ᠤᠰᠤᠨ ᠤ ᠭᠡᠮᠵᠢᠶ᠎ᠠ ᠨᠢ 248 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠶᠢᠵᠤ᠂ ᠵᠢᠯ ᠳᠤ ᠭᠡᠷᠡᠭᠯᠡᠬᠦ | ᠤᠰᠤᠨ ᠤ ᠭᠡᠮᠵᠢᠶ᠎ᠠ ᠨᠢ ᠪᠠᠷᠤᠭ 2 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠲᠤ ᠬᠦᠷᠴᠤ ᠪᠤᠢ᠃ ᠪᠠᠷᠠᠭᠤᠨ᠂ ᠡᠮᠤᠨ᠎ᠠ ᠳᠠᠯ᠎ᠠ ᠪᠠᠷ ᠨᠢ ᠵᠡᠬᠦᠠᠭᠠᠷ ᠤᠨ | ᠨᠡᠬᠦᠷᠡᠰᠤᠨ ᠠᠭᠤᠷᠬᠠᠢ᠂ ᠵᠡᠬᠦᠠᠭᠠᠷ ᠤᠨ ᠳᠤᠮᠳᠠ ᠭᠡᠰᠡᠭ ᠤᠨ ᠨᠡᠬᠦᠷᠡᠰᠤᠨ ᠠᠭᠤᠷᠬᠠᠢ ᠪᠠ ᠳ᠋ᠦᠩᠱᠧᠩ ᠤᠨ ᠨᠡᠬᠦᠷᠡᠰᠤᠨ ᠠᠭᠤᠷᠬᠠᠢ ᠲᠠᠢ ᠤᠶᠢᠷᠠᠬᠠᠨ ᠪᠠᠶᠢᠵᠤ᠂ | ᠡᠯᠪᠡᠭ ᠪᠠᠶᠠᠯᠢᠭ ︽ᠤᠷᠳᠤᠰ ᠤᠨ ᠨᠡᠬᠦᠷᠡᠰᠤ︾ ᠲᠠᠢ ᠪᠠᠶᠢᠳᠠᠭ᠂ ᠪᠦᠬᠦ ᠬᠤᠰᠢᠭᠤᠨ ᠳᠠᠬᠢ ᠬᠠᠶᠢᠨ ᠢᠯᠡᠷᠡᠬᠦᠯᠦᠭᠰᠡᠨ ᠨᠡᠬᠦᠷᠡᠰᠤᠨ ᠤ ᠬᠠᠳᠠᠭᠠᠯᠠᠬᠳᠠᠴᠠ 544 | ᠳ᠋ᠦᠩᠰᠢᠭᠤᠷ ᠳᠤᠨ ︵ ᠳᠡᠭᠡᠳᠤ ᠬᠦᠩᠭᠡᠨᠴᠠᠭᠠᠨᠳᠤ ᠨᠡᠬᠦᠷᠡᠰᠤ 284 ᠳ᠋ᠦᠩᠰᠢᠭᠤᠷ ᠳᠤᠨ︶ ᠪᠠᠶᠢᠵᠤ᠂ ᠪᠤᠯᠤᠮᠵᠢ ᠶᠢᠨ ᠨᠦᠭᠡᠴᠡ ᠲᠠᠢ ᠨᠡᠬᠦᠷᠡᠰᠤ 1000 | ᠳ᠋ᠦᠩᠰᠢᠭᠤᠷ ᠳᠤᠨ ᠢ ᠳᠠᠪᠠᠵᠤ ᠪᠠᠶᠢᠨ᠎ᠠ᠃ | — ᠰᠠᠭᠤᠷᠢ ᠳᠤᠯᠭᠠᠭᠤᠷᠢᠯᠠᠯ ᠨᠢ ᠰᠠᠶᠢᠨ ᠪᠠᠶᠢᠨ᠎ᠠ᠃ ᠤᠰᠤ ᠬᠠᠩᠭᠠᠬᠤ ᠳᠠᠯ᠎ᠠ ᠪᠠᠷ᠄ ᠬᠠᠳᠤᠨ ᠭᠤᠤᠯ ᠤᠨ ᠯᠢᠤ ᠯᠢᠨ ᠳᠠᠨ ᠤ ᠤᠰᠤ ᠳᠠᠳᠠᠬᠤ ᠭᠠᠵᠠᠷ ᠢ 1᠂ | ᠳ᠋ᠠ ᠨᠠᠨ ᠭᠸᠤ ᠶᠢᠨ ᠤᠰᠤᠨ ᠴᠦᠬᠦᠷᠤᠮ ︵ᠴᠦᠬᠦᠷᠤᠮ ᠤᠨ ᠪᠠᠭᠳᠠᠭᠠᠮᠵᠢ ᠨᠢ 858 ᠳᠦᠮᠡᠨ ᠪᠤᠰᠤᠭ᠎ᠠ ᠳᠦᠷᠪᠡᠯᠵᠢᠨ ᠮᠧᠲᠷ ᠪᠤᠢ︶ ᠢ 1 ᠪᠠᠶᠢᠭᠤᠯᠵᠤ᠂ | ᠵᠢᠯ ᠳᠤ 1.8 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤᠰᠤ ᠬᠠᠩᠭᠠᠵᠤ ᠳᠡᠶᠢᠯᠤᠨ᠎ᠠ᠃ ᠡᠳᠤᠷ ᠲᠤ 16 ᠳᠦᠮᠡᠨ ᠪᠤᠰᠤᠭ᠎ᠠ ᠳᠦᠷᠪᠡᠯᠵᠢᠨ ᠮᠧᠲᠷ | ᠤᠰᠤ ᠴᠡᠪᠡᠷᠰᠢᠬᠦᠯᠳᠡᠭ ᠤᠶᠢᠯᠡᠳᠪᠤᠷᠢ ᠶᠢᠨ ᠨᠢᠭᠡᠳᠤᠭᠡᠷ ᠬᠤᠭᠤᠴᠠᠭᠠᠨ ᠤ ᠪᠠᠷᠢᠯᠭ᠎ᠠ ᠨᠢ ᠠᠰᠢᠬᠯᠠᠯᠳᠠ ᠳᠤ ᠤᠷᠤᠵᠤ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ | ᠶᠢ ᠶᠠᠭ ᠰᠠᠶᠢᠬᠠᠨ ᠪᠦᠳᠤᠭᠡᠨ ᠪᠠᠶᠢᠭᠤᠯᠵᠤ ᠪᠠᠶᠢᠨ᠎ᠠ᠃ ᠴᠠᠬᠢᠯᠭᠠᠨ ᠬᠠᠩᠭᠠᠬᠤ ᠳᠠᠯ᠎ᠠ ᠪᠠᠷ᠄ 2 ×300MW ᠶᠢᠨ ᠨᠡᠬᠦᠷᠡᠰᠤᠨ ᠴᠢᠯᠠᠭᠤ ᠶᠢᠨ ᠢᠯᠴᠢ ᠶᠢᠨ | ᠴᠠᠬᠢᠯᠭᠠᠨ ᠤ ᠤᠶᠢᠯᠡᠳᠪᠤᠷᠢ ᠨᠢ ᠪᠠᠶᠢᠭᠤᠯᠤᠬᠳᠠᠨ ᠠᠰᠢᠬᠯᠠᠯᠳᠠ ᠳᠤ ᠤᠷᠤᠵᠤ᠂ ᠳᠡᠷᠡᠴᠢᠯᠡᠨ 500 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠶᠢ | 1 ᠰᠠᠭᠤᠷᠢ᠂ 220 ᠺᠢᠯᠤᠸᠤᠯᠲ ᠪᠠ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠶᠢ ᠳᠤᠰᠪᠤᠷᠢ 2 ᠪᠠᠶᠢᠭᠤᠯᠵᠤ᠂ ᠠᠰᠢᠬᠯᠠᠯᠳᠠ ᠳᠤ | ᠤᠷᠤᠬᠰᠠᠨ ᠠᠵᠤ ᠠᠬᠤᠶᠢᠯᠠᠯ ᠨᠢ ᠴᠦᠮ ᠬᠤᠤᠰ ᠱᠤᠭᠤᠮ ᠢᠶᠠᠷ ᠴᠠᠬᠢᠯᠭᠠᠨ ᠬᠠᠩᠭᠠᠵᠤ ᠪᠤᠢ᠃ ᠤᠳᠤᠬᠠᠨ ᠳᠤ ᠶᠠᠭ ᠰᠠᠶᠢᠬᠠᠨ ᠳᠦᠯᠤᠪᠵᠢᠬᠦᠯᠤᠨ ᠪᠦᠳᠤᠭᠡᠨ | ᠪᠠᠶᠢᠭᠤᠯᠵᠤ ᠪᠠᠶᠢᠭ᠎ᠠ 220 ᠺᠢᠯᠤᠸᠤᠯᠲ ᠪᠠ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠳᠤᠰᠪᠤᠷᠢ 1 ᠪᠠᠶᠢᠵᠤ᠂ ᠪᠠᠶᠢᠭᠤᠯᠤᠬᠳᠠᠬᠰᠠᠨ ᠤ | ᠳᠠᠷᠠᠭ᠎ᠠ ᠠᠵᠤ ᠤᠶᠢᠯᠡᠳᠪᠤᠷᠢ ᠶᠢᠨ ᠳᠦᠷᠤᠯ ᠵᠤᠶᠢᠯ ᠨᠢ ᠴᠦᠮ ᠬᠤᠤᠰ ᠵᠠᠮ ᠤᠨ ᠴᠠᠬᠢᠯᠭᠠᠨ ᠢᠷᠡᠯᠳᠡ ᠲᠠᠢ ᠪᠤᠯᠵᠤ ᠬᠤᠤᠰ ᠱᠤᠭᠤᠮ ᠢᠶᠠᠷ ᠴᠠᠬᠢᠯᠭᠠᠨ ᠬᠠᠩᠭᠠᠬᠤ | ᠪᠤᠯᠤᠨ᠎ᠠ᠃ ᠵᠠᠮ ᠬᠤᠭᠤᠯᠠᠢ ᠳᠤᠤᠷ ᠤᠨ ᠳᠠᠯ᠎ᠠ ᠪᠠᠷ᠄ 7.8 ᠺᠢᠯᠤᠮᠧᠲᠷ ᠤᠨ ᠦᠪᠡᠰᠤᠪᠠᠨ ᠪᠡᠯᠡᠳᠭᠡᠭᠰᠡᠨ ᠳᠡᠮᠤᠷ ᠵᠠᠮ ᠨᠢ ᠠᠰᠢᠬᠯᠠᠯᠳᠠ ᠳᠤ ᠤᠷᠤᠵᠤ᠂ | ᠵᠠᠰᠠᠮᠠᠯ ᠵᠠᠮ ᠤᠨ ᠳᠡᠷᠭᠡ ᠨᠡᠪᠳᠡᠷᠡᠭᠰᠡᠨ ᠱᠤᠭᠤᠮ ᠨᠢ 160 ᠺᠢᠯᠤᠮᠧᠲᠷ ᠲᠤ ᠬᠦᠷᠴᠤ᠂ ᠭᠠᠵᠠᠷ ᠳᠤᠤᠷᠠᠬᠢ ᠬᠤᠭᠤᠯᠠᠢ ᠳᠤᠤᠷ ᠨᠢ ᠴᠦᠮ ᠠᠰᠢᠬᠯᠠᠯᠳᠠ ᠳᠤ | ᠤᠷᠤᠪᠠ᠃ ᠪᠤᠬᠢᠷ ᠤᠰᠤ ᠰᠢᠢᠳᠪᠤᠷᠢᠯᠡᠬᠦ ᠳᠠᠯ᠎ᠠ ᠪᠠᠷ᠄ ᠡᠳᠤᠷ ᠲᠤ 4.88 ᠳᠦᠮᠡᠨ ᠳᠤᠨ ᠪᠤᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢ 1 ︵ ᠪᠤᠬᠢᠷ | ᠤᠰᠤ ᠰᠢᠢᠳᠪᠤᠷᠢᠯᠡᠬᠦ ᠳᠦᠬᠦᠭᠡᠷᠤᠮᠵᠢ 2.5 ᠳᠦᠮᠡᠨ ᠳᠤᠨ᠂ ᠱᠤᠷᠪᠤᠭ ᠤᠰᠤ ᠰᠢᠢᠳᠪᠤᠷᠢᠯᠡᠬᠦ ᠳᠦᠬᠦᠭᠡᠷᠤᠮᠵᠢ 2 ᠳᠦᠮᠡᠨ ᠳᠤᠨ᠂ ᠬᠤᠶᠠᠳᠤᠭᠠᠷ ᠳᠡᠰ ᠤᠨ | ᠱᠤᠷᠪᠤᠬᠵᠢᠭᠤᠯᠤᠨ ᠦᠭᠡᠷᠡᠴᠢᠯᠡᠬᠦ ᠳᠦᠬᠦᠭᠡᠷᠤᠮᠵᠢ 3840 ᠳᠤᠨ︶ ᠪᠠᠶᠢᠭᠤᠯᠵᠤ᠂ ᠶᠡᠷᠦᠩᠭᠡᠢ ᠪᠠᠭᠳᠠᠭᠠᠮᠵᠢ ᠨᠢ 43. 5 ᠳᠦᠮᠡᠨ ᠪᠤᠰᠤᠭ᠎ᠠ ᠳᠦᠷᠪᠡᠯᠵᠢᠨ | ᠮᠧᠲᠷ ᠤᠨ 4 ᠪᠤᠷᠤᠭᠠᠨ ᠤ ᠤᠰᠤ ᠶᠢ ᠬᠤᠷᠢᠶᠠᠬᠤ ᠴᠦᠬᠦᠷᠤᠮ ᠢ ᠪᠠᠶᠢᠭᠤᠯᠵᠤ ᠠᠰᠢᠬᠯᠠᠯᠳᠠ ᠳᠤ ᠤᠷᠤᠭᠤᠯᠪᠠ︔ ᠦᠨᠡᠰᠤ ᠰᠢᠭᠠᠷᠤ ᠶᠢ ᠰᠢᠢᠳᠪᠤᠷᠢᠯᠡᠬᠦ ᠳᠠᠯ᠎ᠠ | ᠪᠠᠷ᠄ ᠦᠨᠡᠰᠤ ᠰᠢᠭᠠᠷᠤᠢ ᠶᠢ ᠨᠢᠭᠡᠳᠤᠯᠳᠡᠢ ᠰᠢᠢᠳᠪᠤᠷᠢᠯᠡᠬᠦ ᠳᠠᠯᠠᠪᠠᠢ ᠶᠢ 1 ᠪᠠᠶᠢᠭᠤᠯᠵᠤ᠂ ᠬᠦᠮᠤᠷᠭᠡᠨ ᠶᠡᠷᠦᠩᠭᠡᠢ ᠪᠠᠭᠳᠠᠭᠠᠮᠵᠢ ᠨᠢ 1200 ᠳᠦᠮᠡᠨ ᠪᠤᠰᠤᠭ᠎ᠠ | ᠳᠦᠷᠪᠡᠯᠵᠢᠨ ᠮᠧᠲᠷ ᠪᠠᠶᠢᠵᠤ᠂ ᠬᠤᠶᠠᠳᠤᠭᠠᠷ ᠦᠨᠡᠰᠤ ᠰᠢᠭᠠᠷᠤ ᠶᠢ ᠰᠢᠢᠳᠪᠤᠷᠢᠯᠡᠬᠦ ᠳᠠᠯᠠᠪᠠᠢ ᠶᠢ 2.1 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠭᠳᠠᠭᠠᠮᠵᠢ | ᠪᠠᠷ ᠳᠦᠯᠦᠪᠯᠡᠵᠤ᠂ ᠡᠮᠤᠨ᠎ᠠ ᠬᠤᠭᠤᠴᠠᠭᠠᠨ ᠤ ᠠᠵᠢᠯ ᠢ ᠭᠠᠷᠳᠠᠨ ᠬᠢᠵᠤ᠂ ᠵᠢᠱᠢᠭᠰᠡᠨ ᠢᠶᠠᠷ 2019 ᠤᠨ ᠤ 5 ᠰᠠᠷ᠎ᠠ ᠳᠤ ᠪᠠᠷᠢᠯᠭ᠎ᠠ ᠡᠬᠢᠯᠡᠬᠦᠯᠵᠤ ᠪᠦᠳᠤᠭᠡᠨ | ᠪᠠᠶᠢᠭᠤᠯᠤᠨ᠎ᠠ᠃ ᠡᠬᠦᠨ ᠠᠴᠠ ᠭᠠᠳᠠᠨ᠎ᠠ 20 ᠳᠦᠮᠡᠨ ᠳᠤᠨ ᠠᠶᠤᠯᠳᠠᠢ ᠬᠠᠶᠠᠬᠳᠠᠮᠠᠯ ᠡᠳ᠋ ᠢ ᠰᠢᠢᠳᠪᠤᠷᠢᠯᠡᠬᠦ ᠴᠢᠳᠠᠪᠤᠷᠢ ᠲᠠᠢ ᠤᠶᠢᠯᠡᠳᠪᠤᠷᠢ ᠪᠠᠶᠢᠭᠤᠯᠬᠤ ᠪᠠᠷ | ᠳᠦᠯᠦᠪᠯᠡᠨ᠂ ᠳᠡᠷᠡᠴᠢᠯᠡᠨ ᠠᠶᠤᠯᠳᠠᠢ ᠬᠠᠶᠠᠬᠳᠠᠮᠠᠯ ᠡᠳ᠋ ᠢ ᠰᠢᠢᠳᠪᠤᠷᠢᠯᠡᠬᠦ ᠳᠦᠪ ᠢ ᠳᠦᠬᠦᠷᠵᠢᠬᠦᠯᠤᠨᠠ᠃ | — ᠰᠢᠨ᠎ᠡ ᠶᠢ ᠡᠬᠦᠳᠬᠦ ᠬᠦᠴᠤᠨ ᠵᠤᠶᠢᠯ ᠪᠦᠷᠢᠳᠪᠡ᠃ ᠬᠦᠷᠢᠶᠡᠯᠡᠩ ᠳᠤᠭᠤᠷᠢᠭ ᠨᠢ ᠤᠷᠢᠳ ᠬᠤᠵᠢᠳ ᠦᠪᠡᠷᠳᠡᠭᠡᠨ ᠵᠠᠰᠠᠬᠤ ᠤᠷᠤᠨ ᠤ ᠳᠡᠰ ᠤᠨ ᠳᠡᠭᠡᠳᠤ | ᠰᠢᠨ᠎ᠠ ᠮᠡᠷᠭᠡᠵᠢᠯ ᠤᠨ ᠤᠨᠴᠠᠯᠢᠬᠳᠤ ᠠᠵᠤ ᠤᠶᠢᠯᠡᠳᠪᠤᠷᠢ ᠶᠢᠨ ᠠᠵᠤ ᠤᠶᠢᠯᠡᠰᠵᠢᠯᠳᠡ ᠶᠢᠨ ᠰᠠᠭᠤᠷᠢᠨ ᠭᠠᠵᠠᠷ᠂ ᠦᠪᠡᠷᠳᠡᠭᠡᠨ ᠵᠠᠰᠠᠬᠤ ᠤᠷᠤᠨ ᠤ ᠰᠢᠯᠢᠳᠡᠭ | ᠠᠵᠤ ᠤᠶᠢᠯᠡᠳᠪᠤᠷᠢ ᠶᠢᠨ ᠬᠦᠷᠢᠶᠡᠯᠡᠩ ᠳᠤᠭᠤᠷᠢᠭ ᠪᠠ ᠦᠪᠡᠷᠳᠡᠭᠡᠨ ᠵᠠᠰᠠᠬᠤ ᠤᠷᠤᠨ ᠤ ᠳᠡᠭᠡᠳᠤ ᠳᠠᠪᠬᠤᠷᠭᠠᠨ ᠤ ᠴᠢᠳᠠᠪᠤᠷᠢᠳᠠᠨ ᠤ ᠰᠢᠨ᠎ᠠ ᠶᠢ ᠡᠬᠦᠳᠴᠤ | ᠤᠶᠢᠯᠡᠰ ᠪᠦᠳᠤᠭᠡᠬᠦ ᠰᠠᠭᠤᠷᠢᠨ ᠭᠠᠵᠠᠷ ᠢᠶᠠᠷ ᠦᠨᠡᠯᠡᠭᠳᠡᠵᠡᠢ᠃ ᠤᠳᠤᠬᠠᠨ ᠪᠤᠯᠬᠤ ᠳᠤ᠂ ᠬᠦᠷᠢᠶᠡᠯᠡᠩ ᠳᠤᠭᠤᠷᠢᠭ ᠨᠢ ᠨᠡᠬᠦᠷᠡᠰᠤ ᠬᠢᠮᠢ ᠶᠢᠨ ᠠᠵᠤ ᠤᠶᠢᠯᠡᠳᠪᠤᠷᠢ | ᠪᠠ ᠨᠤᠨᠳᠠᠭ ᠨᠡᠬᠦᠷᠡᠰᠤᠨ ᠤ ᠦᠨᠡᠰᠤᠨ ᠠᠴᠠ ᠬᠦᠩᠭᠡᠨᠴᠠᠭᠠᠨ ᠭᠠᠷᠭᠠᠨ ᠠᠪᠬᠤ ᠳᠠᠯ᠎ᠠ ᠪᠠᠷ 8 ᠰᠢᠨ᠎ᠠ ᠶᠢ ᠡᠬᠦᠳᠬᠦ ᠳᠠᠪᠴᠠᠩ ᠢ ᠪᠠᠶᠢᠭᠤᠯᠵᠤ᠂ ᠡᠬᠦᠨ ᠳᠤ | ᠤᠯᠤᠰ ᠤᠨ ᠳᠡᠰ ᠤᠨ ᠭᠤᠤᠯᠳᠠᠯᠭ᠎ᠠ ᠲᠠᠢ ᠳᠤᠷᠰᠢᠯᠳᠠ ᠶᠢᠨ ᠳᠠᠰᠤᠭ 1᠂ ᠤᠯᠤᠰ ᠤᠨ ᠢᠨᠵᠧᠨᠧᠷᠢᠩ ᠤᠨ ᠰᠤᠳᠤᠯᠭᠠᠨ ᠤ ᠳᠦᠪ 1᠂ ᠦᠪᠡᠷᠳᠡᠭᠡᠨ ᠵᠠᠰᠠᠬᠤ | ᠤᠷᠤᠨ ᠤ ᠳᠡᠰ ᠤᠨ ᠳᠤᠷᠰᠢᠯᠳᠠ ᠶᠢᠨ ᠳᠠᠰᠤᠭ ᠪᠠ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠳᠦᠪ 6 ᠪᠠᠶᠢᠵᠤ᠂ ᠤᠯᠤᠰ ᠤᠨ ᠳᠡᠰ ᠤᠨ ᠳᠡᠭᠡᠳᠤ | ᠰᠢᠨ᠎ᠠ ᠮᠡᠷᠭᠡᠵᠢᠯ ᠤᠨ ᠠᠵᠤ ᠠᠬᠤᠶᠢᠯᠠᠯ 5 ᠪᠤᠯᠵᠤ᠂ 210 ᠭᠠᠷᠤᠢ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠭᠡ ᠰᠤᠳᠤᠯᠭᠠᠨ ᠤ ᠠᠵᠢᠯᠳᠠᠨ | ᠲᠠᠢ ᠃ | | ᠤᠳᠤᠬᠠᠨ ᠪᠤᠯᠳᠠᠯ᠎ᠠ᠂ ᠬᠦᠷᠢᠶᠡᠯᠡᠩ ᠳᠤᠭᠤᠷᠢᠭ ᠨᠢ ᠨᠡᠶᠢᠳᠡ 68 ᠠᠵᠤ ᠤᠶᠢᠯᠡᠳᠪᠤᠷᠢ ᠶᠢᠨ ᠳᠦᠷᠤᠯ ᠵᠤᠶᠢᠯ ᠢ ᠤᠷᠤᠭᠤᠯᠤᠨ ᠠᠪᠴᠢᠷᠠᠵᠤ᠂ ᠡᠬᠦᠨ | ᠳᠤ 39 ᠳᠦᠷᠤᠯ ᠵᠤᠶᠢᠯ ᠨᠢ ᠨᠢᠭᠡᠨᠳᠡ ᠪᠠᠶᠢᠭᠤᠯᠤᠬᠳᠠᠨ᠂ 8 ᠳᠦᠷᠤᠯ ᠵᠤᠶᠢᠯ ᠢ ᠪᠦᠳᠤᠭᠡᠨ ᠪᠠᠶᠢᠭᠤᠯᠵᠤ᠂ 21 ᠳᠦᠷᠤᠯ ᠵᠤᠶᠢᠯ ᠢ ᠪᠦᠳᠤᠭᠡᠨ ᠪᠠᠶᠢᠭᠤᠯᠬᠤ | ᠪᠠᠷ ᠪᠤᠢ᠃ ᠤᠳᠤ ᠦᠶ᠎ᠠ ᠶᠢᠨ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠦᠨᠳᠤᠰᠤᠨ ᠤᠶᠢᠯᠡᠳᠪᠤᠷᠢᠯᠡᠯ ᠤᠨ ᠴᠢᠳᠠᠪᠤᠷᠢ ᠨᠢ 500 ᠳᠦᠮᠡᠨ ᠳᠤᠨ ᠳᠤ | ᠬᠦᠷᠴᠤ᠂ 2020 ᠤᠨ ᠪᠤᠯᠬᠤ ᠳᠤ 1000 ᠳᠦᠮᠡᠨ ᠳᠤᠨ ᠳᠤ ᠬᠦᠷᠤᠨ᠎ᠠ᠃ ᠬᠦᠷᠢᠶᠡᠯᠡᠩ ᠳᠤᠭᠤᠷᠢᠭ ᠤᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ | ᠴᠢᠳᠠᠪᠤᠷᠢ 216 ᠳᠦᠮᠡᠨ ᠳᠤᠨ᠂ ᠨᠡᠬᠦᠷᠡᠰᠤ ᠪᠠᠷ ᠪᠠᠶᠢᠭᠠᠯᠢ ᠶᠢᠨ ᠰᠢᠳᠠᠮᠠᠬᠠᠢ ᠭᠡᠢ ᠤᠶᠢᠯᠡᠳᠪᠤᠷᠢᠯᠡᠬᠦ ᠴᠢᠳᠠᠪᠤᠷᠢ 40 ᠳ᠋ᠦᠩᠰᠢᠭᠤᠷ Nm³᠂ ᠨᠡᠬᠦᠷᠡᠰᠤ | ᠪᠠᠷ ᠮᠧᠲ᠋ᠢᠯ ᠠᠯᠺᠤᠤᠯ ᠤᠶᠢᠯᠡᠳᠪᠤᠷᠢᠯᠡᠬᠦ ᠴᠢᠳᠠᠪᠤᠷᠢ 210 ᠳᠦᠮᠡᠨ ᠳᠤᠨ᠂ ᠨᠡᠬᠦᠷᠡᠰᠤ ᠪᠠᠷ ᠡᠲ᠋ᠡ ᠬᠤᠶᠠᠷᠴᠢ ᠠᠯᠺᠤᠤᠯ ᠤᠶᠢᠯᠡᠳᠪᠤᠷᠢᠯᠡᠬᠦ ᠴᠢᠳᠠᠪᠤᠷᠢ 114 | ᠳᠦᠮᠡᠨ ᠳᠤᠨ᠂ ᠨᠡᠬᠦᠷᠡᠰᠤ ︵ᠮᠧᠲ᠋ᠢᠯ ᠠᠯᠺᠤᠤᠯ︶ ᠪᠠᠷ ᠪᠦᠭᠡᠭᠡᠨᠡᠷᠡᠯ ᠠᠯᠺᠧᠨ ᠤᠶᠢᠯᠡᠳᠪᠤᠷᠢᠯᠡᠬᠦ ᠴᠢᠳᠠᠪᠤᠷᠢ 140 ᠳᠦᠮᠡᠨ ᠳᠤᠨ᠂ ᠨᠡᠬᠦᠷᠡᠰᠤ ᠪᠠᠷ | ᠰᠢᠭᠡᠰᠦᠯᠢᠭ ᠡᠳ᠋ ᠤᠶᠢᠯᠡᠳᠪᠤᠷᠢᠯᠡᠬᠦ ᠴᠢᠳᠠᠪᠤᠷᠢ 52 ᠳᠦᠮᠡᠨ ᠳᠤᠨ᠂ ᠳᠤᠬᠳᠠᠩᠭᠤᠢ ᠬᠦᠩᠭᠡᠨ ᠨᠡᠬᠦᠷᠦᠭᠴᠢ ᠤᠶᠢᠯᠡᠳᠪᠤᠷᠢᠯᠡᠬᠦ ᠴᠢᠳᠠᠪᠤᠷᠢ 19 ᠳᠦᠮᠡᠨ ᠳᠤᠨ᠂ | ᠬᠤᠶᠠᠷ ᠮᠧᠲ᠋ᠢᠯᠳᠤ ᠡᠲ᠋ᠧᠷ ᠤᠶᠢᠯᠡᠳᠪᠤᠷᠢᠯᠡᠬᠦ ᠴᠢᠳᠠᠪᠤᠷᠢ 10 ᠳᠦᠮᠡᠨ ᠳᠤᠨ᠂ ᠾᠧᠯᠤᠷᠳᠤ ᠨᠡᠬᠦᠷᠦᠭᠴᠢ ᠤᠶᠢᠯᠡᠳᠪᠤᠷᠢᠯᠡᠬᠦ ᠴᠢᠳᠠᠪᠤᠷᠢ 5 ᠳᠦᠮᠡᠨ ᠳᠤᠨ᠂ | ᠪᠦᠭᠡᠭᠡᠨᠡᠷᠡᠯ ᠾᠧᠯᠤᠷᠳᠤ ᠬᠦᠩᠭᠡᠨᠴᠠᠭᠠᠨ ᠤᠶᠢᠯᠡᠳᠪᠤᠷᠢᠯᠡᠬᠦ ᠴᠢᠳᠠᠪᠤᠷᠢ 10 ᠳᠦᠮᠡᠨ ᠳᠤᠨ᠂ ᠤᠯᠠᠨ ᠳᠠᠯᠠᠰᠳᠤ ᠴᠠᠬᠢᠭᠤᠷ ᠤᠶᠢᠯᠡᠳᠪᠤᠷᠢᠯᠡᠬᠦ ᠴᠢᠳᠠᠪᠤᠷᠢ 0.5 | ᠳᠦᠮᠡᠨ ᠳᠤᠨ᠂ ᠳᠦᠷᠭᠡᠳᠭᠡᠬᠦᠷ ᠤᠶᠢᠯᠡᠳᠪᠤᠷᠢᠯᠡᠬᠦ ᠴᠢᠳᠠᠪᠤᠷᠢ 1.2 ᠳᠦᠮᠡᠨ ᠳᠤᠨ ᠳᠤ ᠬᠦᠷᠴᠤ᠂ ᠴᠠᠬᠢᠯᠭᠠᠨ ᠬᠦᠴᠤᠨ ᠤ ᠴᠤᠬᠴᠠᠯᠠᠪᠤᠷᠢ ᠨᠢ130 | ᠳᠦᠮᠡᠨ ᠺᠢᠯᠤᠸᠠᠲ ᠲᠤ ᠬᠦᠷᠴᠤ᠂ ᠨᠡᠬᠦᠷᠡᠰᠤᠨ ᠨᠤᠨᠳᠠᠭ ᠤᠨ ᠦᠨᠡᠰᠤ ᠶᠢ 30 ᠳᠦᠮᠡᠨ ᠳᠤᠨ ᠶᠡᠷᠦᠩᠭᠡᠶᠢᠯᠡᠨ ᠠᠰᠢᠬᠯᠠᠨ᠂ ᠪᠤᠰᠤᠳ ᠦᠵᠦ ᠬᠢᠮᠢ ᠶᠢᠨ | ᠪᠦᠳᠤᠭᠡᠭᠳᠡᠬᠦᠨ᠂ ᠨᠠᠷᠢᠯᠢᠬᠵᠢᠭᠤᠯᠤᠬᠰᠠᠨ ᠬᠢᠮᠢ ᠶᠢᠨ ᠪᠦᠳᠤᠭᠡᠭᠳᠡᠬᠦᠨ᠂ ᠳᠡᠭᠡᠳᠤ ᠮᠤᠯᠧᠺᠦ᠋ᠯ ᠤᠨ ᠮᠠᠲ᠋ᠧᠷᠢᠶᠠᠯ᠂ ᠨᠡᠬᠦᠷᠡᠰᠤᠨ ᠮᠠᠲ᠋ᠧᠷᠢᠶᠠᠯ ᠵᠢᠴᠢ ᠤᠷᠴᠢᠨ | ᠳᠤᠭᠤᠷᠢᠨ ᠤ ᠬᠠᠮᠠᠭᠠᠯᠠᠯᠳᠠ ᠶᠢᠨ ᠠᠵᠤ ᠤᠶᠢᠯᠡᠰ ᠤᠨ ᠪᠦᠳᠤᠭᠡᠭᠳᠡᠬᠦᠨ ᠨᠢ 300 ᠳᠦᠮᠡᠨ ᠳᠤᠨ ᠳᠤ ᠬᠦᠷᠪᠡ᠃ ᠬᠦᠷᠢᠶᠡᠯᠡᠩ ᠳᠤᠭᠤᠷᠢᠭ ᠲᠤ ᠮᠠᠩᠯᠠᠶᠢᠯᠠᠬᠴᠢ | ᠠᠵᠤ ᠤᠶᠢᠯᠡᠰ ᠦᠨᠳᠤᠰᠤᠨ ᠳᠡᠭᠡᠨ ᠪᠦᠷᠢᠯᠳᠤᠨ ᠰᠠᠭᠤᠷᠢᠰᠢᠵᠤ᠂ ᠳᠠᠭᠠᠯᠳᠠ ᠠᠵᠤ ᠤᠶᠢᠯᠡᠰ᠂ ᠳᠦᠬᠦᠷᠵᠢᠬᠦᠯᠦᠭᠰᠡᠨ ᠠᠵᠤ ᠤᠶᠢᠯᠡᠰ ᠵᠢᠴᠢ ᠦᠵᠦ | ᠪᠦᠳᠤᠭᠡᠭᠳᠡᠬᠦᠨ ᠠᠩᠬ᠎ᠠ ᠠᠯᠬᠤᠮ ᠭᠡᠪᠴᠢᠶᠡᠵᠤ᠂ ᠡᠷᠬᠢᠯᠳᠡᠳᠤ᠂ ᠴᠤᠬᠴᠠᠵᠢᠭᠤᠯᠤᠬᠰᠠᠨ᠂ ᠦᠨᠳᠤᠷ ᠪᠦᠳᠤᠮᠵᠢᠳᠤ᠂ ᠪᠤᠬᠢᠷᠳᠤᠯ ᠦᠭᠡᠢ ᠬᠦᠭᠵᠢᠯᠳᠡ ᠶᠢ | ᠦᠨᠳᠤᠰᠤᠨ ᠳᠡᠭᠡᠨ ᠪᠡᠶᠡᠯᠡᠬᠦᠯᠬᠦ ᠪᠠᠷ ᠪᠤᠢ᠃ | ᠬᠦᠷᠢᠶᠡᠯᠡᠩ ᠳᠤᠭᠤᠷᠢᠭ ᠨᠢ ᠳᠠᠪᠤᠨ ᠶᠡᠭᠡ ᠬᠦᠭᠵᠢᠯᠳᠡ ᠶᠢᠨ ᠤᠶᠢᠯᠠᠭᠠᠬᠳᠠᠬᠤᠨ ᠢᠶᠠᠷ ᠵᠢᠯᠤᠭᠤᠳᠤᠯᠭ᠎ᠠ ᠪᠤᠯᠭᠠᠨ᠂ ᠤᠳᠤ ᠦᠶ᠎ᠠ ᠶᠢᠨ ᠨᠡᠬᠦᠷᠡᠰᠤ ᠬᠢᠮᠢ ᠶᠢᠨ | ᠠᠵᠤ ᠤᠶᠢᠯᠡᠳᠪᠤᠷᠢ᠂ ᠨᠡᠬᠦᠷᠡᠰᠤ ᠴᠠᠬᠢᠯᠭᠠᠨ ᠬᠦᠩᠭᠡᠨᠴᠠᠭᠠᠨ ᠵᠢᠴᠢ ᠨᠠᠷᠢᠯᠢᠬᠵᠢᠭᠤᠯᠤᠬᠰᠠᠨ ᠬᠢᠮᠢ ᠶᠢᠨ ᠠᠵᠤ ᠤᠶᠢᠯᠡᠰ ᠢ ᠬᠦᠭᠵᠢᠬᠦᠯᠵᠤ᠂ ᠤᠯᠤᠰ ᠤᠨ ᠤᠳᠤ | ᠦᠶ᠎ᠠ ᠶᠢᠨ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠳᠠᠭᠤᠷᠢᠶᠠᠯ ᠦᠵᠡᠬᠦᠯᠬᠦ ᠰᠠᠭᠤᠷᠢᠨ ᠭᠠᠵᠠᠷ᠂ ᠤᠯᠤᠰ ᠤᠨ ᠴᠡᠪᠡᠷ ᠡᠨᠧᠷᠬᠢ ᠶᠢ ᠭᠠᠳᠠᠬᠰᠢ ᠭᠠᠷᠭᠠᠬᠤ | ᠰᠠᠭᠤᠷᠢᠨ ᠭᠠᠵᠠᠷ᠂ ᠦᠪᠤᠷ ᠮᠤᠩᠭᠤᠯ ᠤᠨ ᠮᠢᠩᠭᠠᠨ ᠳ᠋ᠦᠩᠰᠢᠭᠤᠷ ᠤᠨ ᠬᠦᠷᠢᠶᠡᠯᠡᠩ ᠳᠤᠭᠤᠷᠢᠭ ᠢ ᠪᠦᠳᠤᠭᠡᠨ ᠪᠠᠶᠢᠭᠤᠯᠬᠤ ᠪᠠᠷ ᠴᠢᠷᠮᠠᠶᠢᠵᠤ ᠪᠤᠢ᠃ 2020 | ᠤᠨ ᠪᠤᠯᠬᠤ ᠳᠤ᠂ ᠭᠤᠷᠪᠠᠨ ︽1000︾ ᠬᠠᠷᠠᠯᠳᠠ ᠶᠢ ᠪᠡᠶᠡᠯᠡᠬᠦᠯᠤᠨ᠎ᠠ᠂ ᠳᠠᠷᠤᠢ ᠬᠦᠷᠢᠶᠡᠯᠡᠩ ᠳᠤᠭᠤᠷᠢᠭ ᠨᠢ ᠨᠡᠶᠢᠳᠡ 1000 ᠳ᠋ᠦᠩᠰᠢᠭᠤᠷ ᠳᠦᠬᠦᠷᠢᠭ | ᠤᠨ ᠪᠡᠯᠡ ᠤᠷᠤᠭᠤᠯᠤᠨ᠂ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠤᠶᠢᠯᠡᠳᠪᠤᠷᠢᠯᠡᠯ ᠤᠨ ᠴᠢᠳᠠᠪᠤᠷᠢ ᠶᠢ 1000 ᠳᠦᠮᠡᠨ ᠳᠤᠨ ᠳᠤ ᠬᠦᠷᠭᠡᠵᠤ᠂ | ᠪᠤᠷᠤᠯᠠᠭᠤᠯᠤᠯᠳᠠ ᠶᠢᠨ ᠤᠷᠤᠯᠭ᠎ᠠ ᠶᠢ 1000 ᠳ᠋ᠦᠩᠰᠢᠭᠤᠷ ᠳᠦᠬᠦᠷᠢᠭ ᠲᠤ ᠬᠦᠷᠭᠡᠨ᠎ᠠ᠃ | ︵ᠨᠢᠭᠡ︶ ᠢ ᠲᠠᠢ ᠶᠢᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠨᠢᠭᠡᠳᠤᠭᠡᠷ ᠬᠤᠭᠤᠴᠠᠭᠠᠨ ᠤ ᠵᠢᠯ ᠳᠤ 16 | ᠳᠦᠮᠡᠨ ᠳᠤᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠳᠦᠷᠤᠯ ᠵᠤᠶᠢᠯ᠃ ᠢ ᠲᠠᠢ ᠶᠢᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠬᠢᠵᠠᠭᠠᠷᠳᠤ | ᠬᠠᠷᠢᠭᠤᠴᠠᠯᠭᠠᠳᠤ ᠺᠤᠮᠫᠠᠨᠢ 2006 ᠤᠨ ᠤ 3 ᠰᠠᠷ᠎ᠠ ᠳᠤ ᠪᠠᠶᠢᠭᠤᠯᠤᠬᠳᠠᠨ᠂ ᠳᠠᠩᠰᠠᠯᠠᠭᠤᠯᠤᠬᠰᠠᠨ ᠪᠡᠯᠡ ᠮᠦᠩᠬᠦ ᠨᠢ 23.53 ᠳ᠋ᠦᠩᠰᠢᠭᠤᠷ ᠳᠦᠬᠦᠷᠢᠭ ᠪᠤᠢ | ᠃ ᠨᠢᠭᠡᠳᠤᠭᠡᠷ ᠬᠤᠭᠤᠴᠠᠭᠠᠨ ᠤ ᠵᠢᠯ ᠳᠤ 16 ᠳᠦᠮᠡᠨ ᠳᠤᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠠᠵᠤ ᠤᠶᠢᠯᠡᠳᠪᠤᠷᠢᠵᠢᠯᠳᠡ ᠶᠢᠨ ᠳᠠᠭᠤᠷᠢᠶᠠᠯ | ᠦᠵᠡᠬᠦᠯᠬᠦ ᠳᠦᠷᠤᠯ ᠵᠤᠶᠢᠯ ᠪᠤᠯ ᠮᠠᠨ ᠤ ᠤᠯᠤᠰ ᠤᠨ ᠨᠡᠬᠦᠷᠡᠰᠤ ᠶᠢ ᠳᠠᠮ ᠢᠶᠠᠷ ᠰᠢᠩᠭᠡᠨᠵᠢᠬᠦᠯᠬᠦ ᠪᠦᠷᠢᠮᠤᠰᠤᠨ ᠪᠡᠶ᠎ᠡ ᠪᠠᠨ ᠳᠠᠭᠠᠭᠠᠬᠰᠠᠨ ᠮᠡᠷᠭᠡᠵᠢᠯ ᠤᠨ ᠠᠵᠤ | ᠤᠶᠢᠯᠡᠰᠵᠢᠯᠳᠡ ᠶᠢᠨ ᠨᠢᠭᠡᠳᠤᠭᠡᠷ ᠤᠶᠢᠯᠡᠳᠪᠤᠷᠢᠯᠡᠯ ᠤᠨ ᠱᠤᠭᠤᠮ ᠪᠠᠶᠢᠵᠤ᠂ ᠶᠡᠷᠦᠩᠭᠡᠢ ᠪᠡᠯᠡ ᠤᠷᠤᠭᠤᠯᠤᠯᠳᠠ ᠨᠢ 37.7 ᠳ᠋ᠦᠩᠰᠢᠭᠤᠷ ᠳᠦᠬᠦᠷᠢᠭ ᠪᠠᠶᠢᠵᠤ᠂ | ᠳᠦᠷᠤᠯ ᠵᠤᠶᠢᠯ ᠨᠢ 2005 ᠤᠨ ᠤ 12 ᠰᠠᠷ᠎ᠠ ᠶᠢᠨ 8 ᠤ ᠡᠳᠤᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ | ᠶᠢᠨ ᠵᠦᠪᠯᠡᠯ ᠠᠴᠠ ᠵᠦᠪᠰᠢᠶᠡᠷᠡᠵᠤ᠂ 2006 ᠤᠨ ᠤ 5 ᠰᠠᠷ᠎ᠠ ᠳᠤ ᠪᠠᠷᠢᠯᠭ᠎ᠠ ᠡᠬᠢᠯᠡᠬᠦᠯᠤᠨ ᠪᠦᠳᠤᠭᠡᠨ ᠪᠠᠶᠢᠭᠤᠯᠵᠤ᠂ 2009 ᠤᠨ ᠤ 3 ᠰᠠᠷ᠎ᠠ ᠶᠢᠨ 27 | ᠤ ᠡᠳᠤᠷ ᠮᠠᠨ ᠤ ᠤᠯᠤᠰ ᠤᠨ ᠨᠡᠬᠦᠷᠡᠰᠤ ᠶᠢ ᠳᠠᠮ ᠢᠶᠠᠷ ᠰᠢᠩᠭᠡᠨᠵᠢᠬᠦᠯᠬᠦ ᠠᠵᠤ ᠤᠶᠢᠯᠡᠳᠪᠤᠷᠢᠵᠢᠯᠳᠡ ᠶᠢᠨ ᠠᠩᠬᠠᠨ ᠤ ᠳᠦᠩᠰᠡ ᠬᠢᠷᠢ ᠳᠡᠩᠴᠡᠭᠰᠡᠨ ᠳᠤᠰᠤ ᠶᠢ | ᠤᠶᠢᠯᠡᠳᠪᠤᠷᠢᠯᠡᠵᠤ ᠭᠠᠷᠭᠠᠵᠠᠢ᠃ ᠤᠶᠢᠯᠡᠳᠪᠤᠷᠢᠯᠡᠯ ᠨᠢ ᠭᠤᠤᠯᠳᠠᠭᠤ ᠨᠡᠬᠦᠷᠡᠰᠤ ᠶᠢ ᠰᠢᠳᠠᠮᠠᠬᠠᠢ ᠭᠡᠢ ᠪᠤᠯᠭᠠᠬᠤ᠂ ᠨᠡᠶᠢᠯᠡᠭ ᠭᠡᠢ ᠶᠢ ᠴᠡᠪᠡᠷᠰᠢᠬᠦᠯᠬᠦ᠂ ᠳᠤᠰᠤ | ᠪᠤᠯᠪᠠᠰᠤᠷᠠᠭᠤᠯᠬᠤ ᠵᠡᠷᠭᠡ ᠶᠢ ᠪᠠᠭᠳᠠᠭᠠᠵᠤ ᠪᠤᠢ᠃ ᠳᠤᠰ ᠳᠦᠷᠤᠯ ᠵᠤᠶᠢᠯ ᠨᠢ 2018 ᠤᠨ ᠳᠤ 61.91 ᠳᠦᠮᠡᠨ ᠳᠤᠨ ᠨᠡᠬᠦᠷᠡᠰᠤ᠂ 11.63 ᠳᠦᠮᠡᠨ | ᠳᠤᠨ ᠳᠦᠯᠡᠰᠢᠨ ᠨᠡᠬᠦᠷᠡᠰᠤ᠂ 2.4 ᠳ᠋ᠦᠩᠰᠢᠭᠤᠷ ᠭᠷᠠᠳᠦ᠋ᠰ ᠴᠠᠬᠢᠯᠭᠠᠨ᠂ 367.5 ᠳᠦᠮᠡᠨ ᠳᠤᠨ ᠤᠰᠤ ᠭᠡᠷᠡᠭᠰᠡᠨ᠂ ᠡᠬᠦᠨ ᠳᠤ 271.57 ᠳᠦᠮᠡᠨ ᠳᠤᠨ | ᠰᠢᠨ᠎ᠠ ᠤᠰᠤ ᠭᠡᠷᠡᠭᠯᠡᠭᠰᠡᠨ ᠪᠠᠶᠢᠨ᠎ᠠ᠃ 2018 ᠤᠨ ᠳᠤ 8.78 ᠳ᠋ᠦᠩᠰᠢᠭᠤᠷ ᠳᠦᠬᠦᠷᠢᠭ ᠤᠨ ᠤᠶᠢᠯᠡᠳᠬᠦᠨ ᠤ ᠦᠷᠳᠡᠭ ᠢ ᠪᠡᠶᠡᠯᠡᠬᠦᠯᠵᠤ᠂ 0.33 | ᠳ᠋ᠦᠩᠰᠢᠭᠤᠷ ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠤᠨ᠂ ᠳᠡᠭᠡᠭᠰᠢ ᠪᠠᠨ 0.48 ᠳ᠋ᠦᠩᠰᠢᠭᠤᠷ ᠳᠦᠬᠦᠷᠢᠭ ᠤᠨ ᠭᠠᠶᠢᠯᠢ ᠳᠤᠰᠢᠶᠠᠪᠠ᠃ | | ︵ᠬᠤᠶᠠᠷ︶ ᠵᠢᠤ ᠲᠠᠢ ᠡᠨᠧᠷᠬᠢ ᠶᠢᠨ ᠦᠪᠤᠷ ᠮᠤᠩᠭᠤᠯ ᠤᠨ ᠬᠢᠵᠠᠭᠠᠷᠳᠤ ᠺᠤᠮᠫᠠᠨᠢ ᠶᠢᠨ ᠨᠢᠭᠡᠳᠤᠭᠡᠷ ᠬᠤᠭᠤᠴᠠᠭᠠᠨ ᠤ ᠵᠢᠯ ᠳᠤ 100 ᠳᠦᠮᠡᠨ ᠳᠤᠨ ᠤ | ᠮᠧᠲ᠋ᠢᠯ ᠠᠯᠺᠤᠤᠯ 10 ᠳᠦᠮᠡᠨ ᠳᠤᠨ ᠤ ᠬᠤᠶᠠᠷ ᠮᠧᠲ᠋ᠢᠯᠳᠤ ᠡᠲ᠋ᠧᠷ ᠤᠶᠢᠯᠡᠳᠪᠤᠷᠢᠯᠡᠬᠦ ᠳᠦᠷᠤᠯ ᠵᠤᠶᠢᠯ᠃ ᠵᠢᠤ ᠲᠠᠢ ᠡᠨᠧᠷᠬᠢ ᠶᠢᠨ ᠦᠪᠤᠷ ᠮᠤᠩᠭᠤᠯ ᠤᠨ | ᠬᠢᠵᠠᠭᠠᠷᠳᠤ ᠺᠤᠮᠫᠠᠨᠢ ᠪᠤᠯ ᠱᠠᠨᠳᠦ᠋ᠩ ᠤᠨ ᠵᠢᠤ ᠲᠠᠢ ᠪᠦᠯᠦᠭᠯᠡᠯ ᠤᠨ ᠪᠦᠷᠢᠨ ᠪᠡᠯᠡ ᠤᠷᠤᠭᠤᠯᠤᠬᠰᠠᠨ ᠬᠤᠪᠢᠶᠠᠷᠢ ᠺᠤᠮᠫᠠᠨᠢ ᠪᠠᠶᠢᠵᠤ᠂ ᠡᠵᠡᠯᠡᠬᠦ ᠭᠠᠵᠠᠷ ᠨᠢ | 1100 ᠮᠤ᠋ ᠪᠤᠢ᠂ 2003 ᠤᠨ ᠤ 12 ᠰᠠᠷ᠎ᠠ ᠳᠤ ᠪᠠᠶᠢᠭᠤᠯᠤᠬᠳᠠᠨ᠂ ᠤᠷᠳᠤᠰ ᠬᠤᠳᠠ ᠶᠢᠨ ︽ᠬᠤᠤᠰ ᠵᠠᠭᠤᠨ ᠳ᠋ᠦᠩᠰᠢᠭᠤᠷ ᠤᠨ ᠢᠨᠵᠧᠨ᠋ᠷᠢᠩ︾ ᠤᠨ | ᠭᠤᠤᠯᠳᠠᠯᠭ᠎ᠠ ᠲᠠᠢ ᠪᠤᠶᠢᠵᠢᠭᠤᠯᠬᠤ ᠠᠵᠤ ᠠᠬᠤᠶᠢᠯᠠᠯ ᠪᠤᠯᠤᠨ᠎ᠠ᠂ 2013 — 2015 ᠤᠨ ᠳᠤ ᠵᠠᠯᠭᠠᠪᠠᠷ ᠭᠤᠷᠪᠠᠨ ᠵᠢᠯ ᠦᠪᠤᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠭᠡᠭ ᠤᠨ ᠡᠮᠤᠨ᠎ᠠ 50 ᠨᠡᠷ᠎ᠠ ᠳᠤ ᠤᠷᠤᠬᠰᠠᠨ ᠪᠠᠶᠢᠨ᠎ᠠ᠃ ᠨᠢᠭᠡᠳᠤᠭᠡᠷ | ᠬᠤᠭᠤᠴᠠᠭᠠᠨ ᠤ ᠵᠢᠯ ᠳᠤ 100 ᠳᠦᠮᠡᠨ ᠳᠤᠨ ᠤ ᠮᠧᠲ᠋ᠢᠯ ᠠᠯᠺᠤᠤᠯ 10 ᠳᠦᠮᠡᠨ ᠳᠤᠨ ᠤ ᠬᠤᠶᠠᠷ ᠮᠧᠲ᠋ᠢᠯᠳᠤ ᠡᠲ᠋ᠧᠷ ᠤᠶᠢᠯᠡᠳᠪᠤᠷᠢᠯᠡᠬᠦ ᠳᠦᠷᠤᠯ ᠵᠤᠶᠢᠯ | ᠤᠨ ᠶᠡᠷᠦᠩᠭᠡᠢ ᠪᠡᠯᠡ ᠤᠷᠤᠭᠤᠯᠤᠯᠳᠠ ᠨᠢ 52 ᠳ᠋ᠦᠩᠰᠢᠭᠤᠷ ᠳᠦᠬᠦᠷᠢᠭ ᠪᠠᠶᠢᠵᠤ᠂ 2007 ᠤᠨ ᠤ 8 ᠰᠠᠷ᠎ᠠ ᠶᠢᠨ 6 ᠤ ᠡᠳᠤᠷ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠳᠤ ᠳᠠᠩᠰᠠᠯᠠᠭᠤᠯᠵᠤ᠂ 2007 ᠤᠨ ᠤ 8 ᠰᠠᠷ᠎ᠠ ᠳᠤ ᠪᠠᠷᠢᠯᠭ᠎ᠠ | ᠡᠬᠢᠯᠡᠬᠦᠯᠤᠨ ᠪᠦᠳᠤᠭᠡᠨ ᠪᠠᠶᠢᠭᠤᠯᠵᠤ᠂ 2010 ᠤᠨ ᠤ 10 ᠰᠠᠷ᠎ᠠ ᠳᠤ ᠪᠠᠶᠢᠭᠤᠯᠤᠬᠳᠠᠵᠤ ᠠᠰᠢᠬᠯᠠᠯᠳᠠ ᠳᠤ ᠤᠷᠤᠪᠠ᠃ ᠵᠢᠤ ᠲᠠᠢ ᠶᠢᠨ 100 ᠳᠦᠮᠡᠨ | ᠳᠤᠨ ᠤ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ ᠨᠢ 2018 ᠤᠨ ᠳᠤ 181.5 ᠳᠦᠮᠡᠨ ᠳᠤᠨ ᠨᠡᠬᠦᠷᠡᠰᠤ᠂ 49.8 ᠳᠦᠮᠡᠨ ᠳᠤᠨ | ᠳᠦᠯᠡᠰᠢᠨ ᠨᠡᠬᠦᠷᠡᠰᠤ᠂ 3.3 ᠳ᠋ᠦᠩᠰᠢᠭᠤᠷ ᠭᠷᠠᠳᠦ᠋ᠰ ᠴᠠᠬᠢᠯᠭᠠᠨ᠂ 431 ᠳᠦᠮᠡᠨ ᠳᠤᠨ ᠰᠢᠨ᠎ᠠ ᠤᠰᠤ ᠵᠠᠷᠤᠬᠰᠠᠨ ᠪᠠᠶᠢᠨ᠎ᠠ᠃ 2018 ᠤᠨ ᠳᠤ 24.07 | ᠳ᠋ᠦᠩᠰᠢᠭᠤᠷ ᠳᠦᠬᠦᠷᠢᠭ ᠤᠨ ᠤᠶᠢᠯᠡᠳᠬᠦᠨ ᠤ ᠦᠷᠳᠡᠭ᠂ 3.65 ᠳ᠋ᠦᠩᠰᠢᠭᠤᠷ ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠵᠤ᠂ ᠳᠡᠭᠡᠭᠰᠢ ᠪᠠᠨ 3.7 | ᠳ᠋ᠦᠩᠰᠢᠭᠤᠷ ᠳᠦᠬᠦᠷᠢᠭ ᠤᠨ ᠭᠠᠶᠢᠯᠢ ᠳᠤᠰᠢᠶᠠᠪᠠ᠃ 2019 ᠤᠨ ᠤ 1 — 5 ᠰᠠᠷ᠎ᠠ ᠳᠤ 75.2 ᠳᠦᠮᠡᠨ ᠳᠤᠨ ᠨᠡᠬᠦᠷᠡᠰᠤ᠂ 16.79 ᠳᠦᠮᠡᠨ ᠳᠤᠨ | ᠳᠦᠯᠡᠰᠢᠨ ᠨᠡᠬᠦᠷᠡᠰᠤ᠂ 1.2 ᠭᠷᠠᠳᠦ᠋ᠰ ᠴᠠᠬᠢᠯᠭᠠᠨ᠂ 164.06 ᠳᠦᠮᠡᠨ ᠳᠤᠨ ᠰᠢᠨ᠎ᠠ ᠤᠰᠤ ᠭᠡᠷᠡᠭᠰᠡᠵᠡᠢ᠃ 2019 ᠤᠨ ᠤ 1 — 5 ᠰᠠᠷ᠎ᠠ ᠳᠤ 8 | ᠳ᠋ᠦᠩᠰᠢᠭᠤᠷ ᠳᠦᠬᠦᠷᠢᠭ ᠤᠨ ᠤᠶᠢᠯᠡᠳᠬᠦᠨ ᠤ ᠦᠷᠳᠡᠭ᠂ 0.5 ᠳ᠋ᠦᠩᠰᠢᠭᠤᠷ ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠵᠤ᠂ ᠳᠡᠭᠡᠭᠰᠢ ᠪᠠᠨ 0.69 | ᠳ᠋ᠦᠩᠰᠢᠭᠤᠷ ᠳᠦᠬᠦᠷᠢᠭ ᠤᠨ ᠭᠠᠶᠢᠯᠢ ᠳᠤᠰᠢᠶᠠᠪᠠ᠃ | ︵ᠭᠤᠷᠪᠠ︶ ᠵᠢᠤ ᠲᠠᠢ ᠡᠨᠧᠷᠬᠢ ︵ᠵᠡᠬᠦᠠᠭᠠᠷ︶ ᠶᠢᠨ ᠬᠢᠵᠠᠭᠠᠷᠳᠤ ᠺᠤᠮᠫᠠᠨᠢ ᠶᠢᠨ 60 ᠳᠦᠮᠡᠨ ᠳᠤᠨ ᠤ ᠮᠧᠲ᠋ᠢᠯ ᠠᠯᠺᠤᠤᠯ ᠢᠶᠠᠷ ᠠᠯᠺᠧᠨ ᠤᠶᠢᠯᠡᠳᠪᠤᠷᠢᠯᠡᠬᠦ | ᠳᠦᠷᠤᠯ ᠵᠤᠶᠢᠯ᠃ ᠵᠢᠤ ᠲᠠᠢ ᠡᠨᠧᠷᠬᠢ ︵ᠵᠡᠬᠦᠠᠭᠠᠷ︶ ᠶᠢᠨ ᠬᠢᠵᠠᠭᠠᠷᠳᠤ ᠺᠤᠮᠫᠠᠨᠢ ᠨᠢ ᠤᠷᠳᠤᠰ ᠬᠤᠳᠠ ᠶᠢᠨ ᠵᠡᠬᠦᠠᠭᠠᠷ ᠬᠤᠰᠢᠭᠤᠨ ᠤ ᠳ᠋ᠠ ᠯᠤ᠋ ᠬᠦᠷᠢᠶᠡᠯᠡᠩ | ᠳᠤᠭᠤᠷᠢᠭ ᠲᠤ ᠪᠠᠶᠢᠷᠢᠰᠢᠵᠤ᠂ ᠵᠢᠤ ᠲᠠᠢ ᠡᠨᠧᠷᠬᠢ ᠶᠢᠨ ᠦᠪᠤᠷ ᠮᠤᠩᠭᠤᠯ ᠤᠨ ᠬᠢᠵᠠᠭᠠᠷᠳᠤ ᠺᠤᠮᠫᠠᠨᠢ ᠶᠢᠨ ᠪᠦᠷᠢᠨ ᠪᠡᠯᠡ ᠤᠷᠤᠭᠤᠯᠤᠬᠰᠠᠨ ᠬᠤᠪᠢᠶᠠᠷᠢ ᠺᠤᠮᠫᠠᠨᠢ | ᠪᠤᠯᠤᠨ᠎ᠠ᠃ ᠳᠤᠰ ᠺᠤᠮᠫᠠᠨᠢ ᠵᠢᠴᠢ ᠳ᠋ᠠ ᠯᠤ᠋ ᠠᠵᠤ ᠤᠶᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠡᠯᠪᠡᠭ ᠳᠡᠯᠪᠡᠭ ᠮᠧᠲ᠋ᠢᠯ ᠠᠯᠺᠤᠤᠯ ᠤᠨ ᠡᠬᠢ ᠪᠠᠶᠠᠯᠢᠭ ᠢ | ᠬᠦᠢᠴᠡᠳ ᠠᠰᠢᠬᠯᠠᠵᠤ᠂ ᠮᠧᠲ᠋ᠢᠯ ᠠᠯᠺᠤᠤᠯ ᠤᠨ ᠳᠠᠭᠠᠯᠳᠠ ᠤᠶᠢᠯᠡᠳᠬᠦᠨ ᠢ ᠤᠶᠢᠯᠡᠳᠪᠤᠷᠢᠯᠡᠨ ᠬᠦᠭᠵᠢᠬᠦᠯᠵᠤ᠂ ᠮᠧᠲ᠋ᠢᠯ ᠠᠯᠺᠤᠤᠯ ᠢ ᠳᠤᠬᠠᠢ ᠶᠢᠨ ᠭᠠᠵᠠᠷ ᠲᠤᠨᠢ | ᠬᠤᠪᠢᠷᠠᠭᠤᠯᠬᠤ ᠪᠠ ᠠᠵᠤ ᠤᠶᠢᠯᠡᠰ ᠤᠨ ᠭᠡᠯᠬᠢᠶ᠎ᠠ ᠶᠢ ᠤᠷᠳᠤᠳᠬᠠᠬᠤ ᠶᠢᠨ ᠳᠦᠯᠦᠭᠡ ᠪᠠᠶᠢᠭᠤᠯᠤᠬᠰᠠᠨ ᠶᠤᠮ᠃ 2012 ᠤᠨ ᠤ 1 ᠰᠠᠷ᠎ᠠ ᠳᠤ ᠦᠪᠡᠷᠳᠡᠭᠡᠨ | ᠵᠠᠰᠠᠬᠤ ᠤᠷᠤᠨ ᠤ ᠬᠦᠭᠵᠢᠬᠦᠯᠤᠯᠳᠡ ᠦᠭᠡᠷᠡᠴᠢᠯᠡᠯᠳᠡ ᠶᠢᠨ ᠵᠦᠪᠯᠡᠯ ᠢᠶᠠᠷ ᠵᠦᠪᠰᠢᠶᠡᠷᠡᠬᠦᠯᠤᠨ ᠮᠧᠲ᠋ᠢᠯ ᠠᠯᠺᠤᠤᠯ ᠢ ᠨᠠᠷᠢᠯᠢᠭ ᠪᠤᠯᠪᠠᠰᠤᠷᠠᠭᠤᠯᠬᠤ ᠳᠦᠷᠤᠯ ᠵᠤᠶᠢᠯ ᠢ | ᠪᠦᠳᠤᠭᠡᠨ ᠪᠠᠶᠢᠭᠤᠯᠵᠠᠢ᠃ ᠳᠤᠰ ᠳᠦᠷᠤᠯ ᠵᠤᠶᠢᠯ ᠤᠨ ᠡᠵᠡᠯᠡᠬᠦ ᠭᠠᠵᠠᠷ ᠨᠢ 1045 ᠮᠤ᠋ ᠪᠠᠶᠢᠵᠤ᠂ ᠶᠡᠷᠦᠩᠭᠡᠢ ᠪᠡᠯᠡ ᠤᠷᠤᠭᠤᠯᠤᠯᠳᠠ ᠨᠢ 82.8 ᠳ᠋ᠦᠩᠰᠢᠭᠤᠷ | ᠳᠦᠬᠦᠷᠢᠭ ᠪᠤᠢ᠃ ᠵᠢᠯ ᠳᠤ ᠳᠤᠮᠳᠠᠴᠢ ᠪᠠᠷ 189 ᠳᠦᠮᠡᠨ ᠳᠤᠨ ᠮᠧᠲ᠋ᠢᠯ ᠠᠯᠺᠤᠤᠯ᠂ 65.63 ᠳᠦᠮᠡᠨ ᠳᠤᠨ ᠳᠦᠯᠡᠰᠢᠨ ᠨᠡᠬᠦᠷᠡᠰᠤ᠂ 410.5m³/h ︵ | 328.4 ᠳᠦᠮᠡᠨ ᠳᠤᠨ︶ ᠤᠰᠤ᠂ 72050 ᠳᠦᠮᠡᠨ ᠭᠷᠠᠳᠦ᠋ᠰ ᠴᠠᠬᠢᠯᠭᠠᠨ ᠭᠡᠷᠡᠭᠰᠡᠵᠤ᠂ ᠪᠤᠬᠢᠷ ᠤᠰᠤ ᠭᠠᠳᠠᠬᠰᠢᠯᠠᠭᠤᠯᠤᠬᠰᠠᠨ ᠦᠭᠡᠢ ᠪᠠᠶᠢᠵᠤ᠂ ᠦᠨᠡᠰᠤ | ᠰᠢᠭᠠᠷᠤ ᠭᠠᠳᠠᠬᠰᠢᠯᠠᠭᠤᠯᠤᠬᠰᠠᠨ ᠭᠡᠮᠵᠢᠶ᠎ᠠ ᠨᠢ 1500 ᠳᠦᠮᠡᠨ m³ ᠳᠤ ᠬᠦᠷᠴᠡᠢ᠃ ᠳᠦᠷᠤᠯ ᠵᠤᠶᠢᠯ ᠢ 2012 ᠤᠨ ᠤ 3 ᠰᠠᠷ᠎ᠠ ᠳᠤ ᠪᠦᠬᠦ ᠳᠠᠯ᠎ᠠ ᠪᠠᠷ | ᠪᠠᠷᠢᠯᠭ᠎ᠠ ᠡᠬᠢᠯᠡᠬᠦᠯᠤᠨ ᠪᠦᠳᠤᠭᠡᠨ ᠪᠠᠶᠢᠭᠤᠯᠵᠤ᠂ 2017 ᠤᠨ ᠤ 3 ᠰᠠᠷ᠎ᠠ ᠶᠢᠨ 20 ᠤ ᠡᠳᠤᠷ ᠪᠦᠬᠦ ᠳᠠᠯ᠎ᠠ ᠪᠠᠷ ᠪᠠᠷᠢᠯᠭ᠎ᠠ ᠪᠠᠨ ᠰᠡᠷᠬᠦᠭᠡᠨ ᠬᠢᠵᠤ᠂ 2019 | ᠤᠨ ᠤ 3 ᠰᠠᠷ᠎ᠠ ᠶᠢᠨ 20 ᠤ ᠡᠳᠤᠷ ᠳᠤᠰ ᠳᠦᠷᠤᠯ ᠵᠤᠶᠢᠯ ᠨᠢ ᠪᠦᠳᠤᠭᠡᠨ ᠪᠠᠶᠢᠭᠤᠯᠤᠬᠳᠠᠵᠤ ᠠᠰᠢᠬᠯᠠᠯᠳᠠ ᠳᠤ ᠤᠷᠤᠬᠰᠠᠨ ᠪᠠᠶᠢᠨ᠎ᠠ᠂ ᠵᠢᠱᠢᠭᠰᠡᠨ ᠢᠶᠠᠷ 80 | ᠳ᠋ᠦᠩᠰᠢᠭᠤᠷ ᠳᠦᠬᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠶᠢ ᠪᠡᠶᠡᠯᠡᠬᠦᠯᠵᠤ᠂ ᠠᠰᠢᠭ ᠭᠠᠶᠢᠯᠢ ᠨᠢ 25 ᠳ᠋ᠦᠩᠰᠢᠭᠤᠷ ᠳᠦᠬᠦᠷᠢᠭ ᠲᠤ ᠬᠦᠷᠤᠨ᠎ᠠ᠃ | ︵ᠳᠦᠷᠪᠡ︶ ᠦᠪᠤᠷ ᠮᠤᠩᠭᠤᠯ ᠤᠨ ᠢ ᠳ᠋ᠦᠩ ᠵᠢᠢ ᠳ᠋ᠦᠩ ᠬᠤᠸᠠ ᠡᠨᠧᠷᠬᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠨᠢᠭᠡᠳᠤᠭᠡᠷ ᠬᠤᠭᠤᠴᠠᠭᠠᠨ ᠤ | ᠵᠢᠯ ᠳᠤ 60 ᠳᠦᠮᠡᠨ ᠳᠤᠨ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ᠃ ᠳ᠋ᠦᠩ ᠬᠤᠸᠠ ᠡᠨᠧᠷᠬᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ | 2008 ᠤᠨ ᠳᠤ ᠪᠠᠶᠢᠭᠤᠯᠤᠬᠳᠠᠵᠤ᠂ ᠳᠠᠩᠰᠠᠯᠠᠭᠤᠯᠤᠬᠰᠠᠨ ᠪᠡᠯᠡ ᠮᠦᠩᠬᠦ ᠨᠢ 5 ᠳ᠋ᠦᠩᠰᠢᠭᠤᠷ ᠳᠦᠬᠦᠷᠢᠭ ᠪᠤᠢ᠃ ᠨᠢᠭᠡᠳᠤᠭᠡᠷ ᠬᠤᠭᠤᠴᠠᠭᠠᠨ ᠤ ᠵᠢᠯ ᠳᠤ | 60 ᠳᠦᠮᠡᠨ ᠳᠤᠨ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ ᠤᠨ ᠶᠡᠷᠦᠩᠭᠡᠢ ᠪᠡᠯᠡ ᠤᠷᠤᠭᠤᠯᠤᠯᠳᠠ ᠨᠢ 40 ᠳ᠋ᠦᠩᠰᠢᠭᠤᠷ ᠳᠦᠬᠦᠷᠢᠭ ᠪᠠᠶᠢᠵᠤ᠂ | 2008 ᠤᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠵᠦᠪᠰᠢᠶᠡᠷᠡᠵᠤ᠂ 2010 | ᠤᠨ ᠤ 5 ᠰᠠᠷ᠎ᠠ ᠶᠢᠨ 27 ᠤ ᠡᠳᠤᠷ ᠪᠠᠷᠢᠯᠭ᠎ᠠ ᠡᠬᠢᠯᠡᠬᠦᠯᠵᠤ᠂ 2012 ᠤᠨ ᠤ 10 ᠰᠠᠷ᠎ᠠ ᠶᠢᠨ17 ᠤ ᠡᠳᠤᠷ ᠪᠦᠬᠦ ᠤᠶᠢᠯᠡᠳᠪᠤᠷᠢᠯᠡᠯ ᠤᠨ ᠶᠠᠪᠤᠴᠠ ᠨᠢ | ᠤᠷᠤᠬᠰᠢᠳᠠᠢ ᠤᠶᠢᠯᠡᠳᠪᠤᠷᠢᠯᠡᠯ ᠢᠶᠠᠨ ᠡᠬᠢᠯᠡᠬᠦᠯᠵᠤ᠂ ᠬᠢᠷᠢ ᠳᠡᠩᠴᠡᠭᠰᠡᠨ ᠰᠢᠯᠢᠳᠡᠭ ᠮᠧᠲ᠋ᠢᠯ ᠠᠯᠺᠤᠤᠯ ᠤᠶᠢᠯᠡᠳᠪᠤᠷᠢᠯᠡᠵᠤ ᠭᠠᠷᠭᠠᠵᠠᠢ᠃ ᠳᠤᠰ ᠳᠦᠷᠤᠯ ᠵᠤᠶᠢᠯ | ᠨᠢ ᠭᠤᠤᠯᠳᠠᠭᠤ ᠮᠧᠲ᠋ᠢᠯ ᠠᠯᠺᠤᠤᠯ ᠤᠨ ᠡᠭᠡᠳᠡᠩ ᠢ ᠭᠡᠶᠢᠵᠢᠬᠦᠯᠬᠦ᠂ ᠬᠤᠪᠢᠷᠠᠭᠤᠯᠬᠤ ᠮᠧᠲ᠋ᠢᠯ ᠠᠯᠺᠤᠤᠯ ᠢ ᠤᠬᠢᠶᠠᠬᠤ᠂ ᠬᠦᠬᠦᠷ ᠢ ᠡᠭᠡᠬᠦᠯᠤᠨ ᠬᠤᠷᠢᠶᠠᠬᠤ ᠵᠡᠷᠭᠡ | ᠶᠢ ᠪᠠᠭᠳᠠᠭᠠᠳᠠᠭ᠃ 2018 ᠤᠨ ᠳᠤ 114.85 ᠳᠦᠮᠡᠨ ᠳᠤᠨ ᠨᠡᠬᠦᠷᠡᠰᠤ᠂ 30.96 ᠳᠦᠮᠡᠨ ᠳᠤᠨ ᠳᠦᠯᠡᠰᠢᠨ ᠨᠡᠬᠦᠷᠡᠰᠤ᠂ 1.8 ᠳ᠋ᠦᠩᠰᠢᠭᠤᠷ | ᠭᠷᠠᠳᠦ᠋ᠰ ᠴᠠᠬᠢᠯᠭᠠᠨ᠂ 367.4 ᠳᠦᠮᠡᠨ ᠳᠤᠨ ᠤᠰᠤ ᠭᠡᠷᠡᠭᠰᠡᠵᠤ᠂ ᠡᠬᠦᠨ ᠳᠤ 367.4 ᠳᠦᠮᠡᠨ ᠳᠤᠨ ᠰᠢᠨ᠎ᠠ ᠤᠰᠤ ᠵᠠᠷᠤᠬᠰᠠᠨ ᠪᠠᠶᠢᠨ᠎ᠠ᠃ 2018 ᠤᠨ | ᠳᠤ 16.26 ᠳ᠋ᠦᠩᠰᠢᠭᠤᠷ ᠳᠦᠬᠦᠷᠢᠭ ᠤᠨ ᠤᠶᠢᠯᠡᠳᠬᠦᠨ ᠤ ᠦᠷᠳᠡᠭ᠂ 1.67 ᠳ᠋ᠦᠩᠰᠢᠭᠤᠷ ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠵᠤ᠂ | ᠳᠡᠭᠡᠭᠰᠢ ᠪᠠᠨ 1.84 ᠳ᠋ᠦᠩᠰᠢᠭᠤᠷ ᠳᠦᠬᠦᠷᠢᠭ ᠤᠨ ᠭᠠᠶᠢᠯᠢ ᠳᠤᠰᠢᠶᠠᠪᠠ᠃ ᠮᠧᠲ᠋ᠢᠯ ᠠᠯᠺᠤᠤᠯ ᠤᠨ ᠴᠡᠪᠡᠷᠴᠡ ᠶᠢᠨ ᠭᠡᠮᠵᠢᠶ᠎ᠠ ᠨᠢ 99.99% ᠳᠤ ᠬᠦᠷᠴᠤ᠂ | ᠡᠲ᠋ᠢᠯ ᠠᠯᠺᠤᠤᠯ ᠤᠨ ᠠᠭᠤᠯᠤᠬᠳᠠᠴᠠ ᠨᠢ 100ppm ᠤᠷᠴᠢᠮ ᠪᠠᠶᠢᠵᠤ᠂ ᠤᠶᠢᠯᠡᠳᠬᠦᠨ ᠨᠢ ᠤᠯᠤᠰ ᠤᠨ ᠪᠠᠷᠢᠮᠵᠢᠶᠠᠨ ᠳᠠᠬᠢ ᠰᠢᠯᠢᠳᠡᠭ ᠳᠡᠰ ᠤᠨ | ᠪᠠᠷᠢᠮᠵᠢᠶᠠᠨ ᠳᠤ ᠬᠦᠷᠴᠡᠢ᠃ | ︵ᠳᠠᠪᠤ︶ ᠦᠪᠤᠷ ᠮᠤᠩᠭᠤᠯ ᠤᠨ ᠢ ᠭᠤᠤ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠵᠢᠯ | ᠳᠤ 20 ᠳᠦᠮᠡᠨ ᠳᠤᠨ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ᠃ ᠢ ᠭᠤᠤ ᠶᠢᠨ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠪᠤᠯ ᠰᠢᠶᠠᠩᠭᠠᠩ ᠤᠨ ᠵᠦᠩ ᠬᠤᠸᠠ ᠨᠡᠬᠦᠷᠡᠰᠤᠨ ᠭᠡᠢ ᠶᠢᠨ ᠪᠦᠷᠢᠨ ᠪᠡᠯᠡ ᠤᠷᠤᠭᠤᠯᠤᠬᠰᠠᠨ ᠬᠤᠪᠢᠶᠠᠷᠢ ᠺᠤᠮᠫᠠᠨᠢ | ᠪᠠᠶᠢᠵᠤ᠂ ᠤᠤᠯ ᠳᠠᠭᠠᠨ ᠦᠪᠤᠷ ᠮᠤᠩᠭᠤᠯ ᠤᠨ ᠰᠠᠨ ᠸᠧᠢ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ | ᠺᠤᠮᠫᠠᠨᠢ ᠭᠡᠵᠤ ᠪᠠᠶᠢᠪᠠ᠃ 2005 ᠤᠨ ᠤ 6 ᠰᠠᠷ᠎ᠠ ᠳᠤ ᠪᠠᠶᠢᠭᠤᠯᠤᠬᠳᠠᠨ᠂ ᠵᠡᠬᠦᠠᠭᠠᠷ ᠬᠤᠰᠢᠭᠤᠨ ᠤ ᠴᠤᠷ ᠤᠨ ᠭᠠᠭᠴᠠ ᠰᠢᠶᠠᠩᠭᠠᠩ ᠤᠨ ᠪᠡᠯᠡ | ᠤᠷᠤᠭᠤᠯᠤᠬᠰᠠᠨ ᠠᠵᠤ ᠠᠬᠤᠶᠢᠯᠠᠯ ᠪᠤᠯᠤᠨ᠎ᠠ᠂ ᠤᠶᠢᠯᠡᠳᠪᠤᠷᠢ ᠶᠢᠨ ᠳᠤᠭᠤᠷᠢᠭ ᠤᠨ ᠡᠵᠡᠯᠡᠬᠦ ᠳᠠᠯᠠᠪᠠᠢ ᠨᠢ 750 ᠮᠤ᠋ ᠪᠠᠶᠢᠵᠤ᠂ ᠳᠠᠩᠰᠠᠯᠠᠭᠤᠯᠤᠬᠰᠠᠨ ᠪᠡᠯᠡ | ᠮᠦᠩᠬᠦ ᠨᠢ 10.17 ᠳ᠋ᠦᠩᠰᠢᠭᠤᠷ ᠳᠦᠬᠦᠷᠢᠭ ᠠᠷᠠᠳ ᠤᠨ ᠵᠤᠭᠤᠰ ᠪᠤᠢ᠃ ᠨᠢᠭᠡᠳᠤᠭᠡᠷ ᠬᠤᠭᠤᠴᠠᠭᠠᠨ ᠤ ᠵᠢᠯ ᠳᠤ 20 ᠳᠦᠮᠡᠨ ᠳᠤᠨ ᠮᠧᠲ᠋ᠢᠯ ᠠᠯᠺᠤᠤᠯ | ᠤᠶᠢᠯᠡᠳᠪᠤᠷᠢᠯᠡᠬᠦ ᠳᠦᠷᠤᠯ ᠵᠤᠶᠢᠯ ᠤᠨ ᠶᠡᠷᠦᠩᠭᠡᠢ ᠪᠡᠯᠡ ᠤᠷᠤᠭᠤᠯᠤᠯᠳᠠ ᠨᠢ 17.7 ᠳ᠋ᠦᠩᠰᠢᠭᠤᠷ ᠳᠦᠬᠦᠷᠢᠭ ᠪᠠᠶᠢᠵᠤ᠂ 2006 ᠤᠨ ᠤ 4 ᠰᠠᠷ᠎ᠠ ᠳᠤ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠤᠯᠳᠡ ᠦᠭᠡᠷᠡᠴᠢᠯᠡᠯᠳᠡ ᠶᠢᠨ ᠵᠦᠪᠯᠡᠯ ᠠᠴᠠ ᠵᠦᠪᠰᠢᠶᠡᠷᠡᠵᠤ᠂ ᠳᠤᠰ ᠵᠢᠯ ᠤᠨ 9 ᠰᠠᠷ᠎ᠠ ᠳᠤ | ᠪᠠᠷᠢᠯᠭ᠎ᠠ ᠡᠬᠢᠯᠡᠬᠦᠯᠤᠨ ᠪᠦᠳᠤᠭᠡᠨ ᠪᠠᠶᠢᠭᠤᠯᠵᠤ᠂ 2011 ᠤᠨ ᠤ 4 ᠰᠠᠷ᠎ᠠ ᠶᠢᠨ 28 ᠤ ᠡᠳᠤᠷ ᠬᠢᠷᠢ ᠳᠡᠩᠴᠡᠭᠰᠡᠨ ᠮᠧᠲ᠋ᠢᠯ ᠠᠯᠺᠤᠤᠯ ᠤᠶᠢᠯᠡᠳᠪᠤᠷᠢᠯᠡᠵᠤ | ᠭᠠᠷᠭᠠᠪᠠ᠃ | ︵ᠵᠢᠷᠭᠤᠭ᠎ᠠ︶ ᠦᠪᠤᠷ ᠮᠤᠩᠭᠤᠯ ᠤᠨ ᠢ ᠭᠤᠤ ᠶᠢᠨ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ | ᠶᠢᠨ ᠵᠢᠯ ᠳᠤ 14 ᠳᠦᠮᠡᠨ ᠳᠤᠨ ᠳᠤᠬᠳᠠᠩᠭᠤᠢ ᠬᠦᠩᠭᠡᠨ ᠨᠡᠬᠦᠷᠦᠭᠴᠢ ᠤᠶᠢᠯᠡᠳᠪᠤᠷᠢᠯᠡᠬᠦ ᠳᠦᠷᠤᠯ ᠵᠤᠶᠢᠯ᠃ ᠢ ᠭᠤᠤ ᠶᠢᠨ ᠨᠡᠬᠦᠷᠡᠰᠤ ᠬᠢᠮᠢ ᠶᠢᠨ ᠠᠵᠤ | ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠵᠢᠯ ᠳᠤ 14 ᠳᠦᠮᠡᠨ ᠳᠤᠨ ᠮᠧᠲ᠋ᠢᠯ ᠠᠯᠺᠤᠤᠯ | ᠢᠶᠠᠷ ᠳᠤᠬᠳᠠᠩᠭᠤᠢ ᠬᠦᠩᠭᠡᠨ ᠨᠡᠬᠦᠷᠦᠭᠴᠢ ᠤᠶᠢᠯᠡᠳᠪᠤᠷᠢᠯᠡᠬᠦ ᠳᠦᠷᠤᠯ ᠵᠤᠶᠢᠯ ᠪᠤᠯ ᠨᠢᠭᠡᠳᠤᠭᠡᠷ ᠬᠤᠭᠤᠴᠠᠭᠠᠨ ᠤ ᠮᠧᠲ᠋ᠢᠯ ᠠᠯᠺᠤᠤᠯ ᠢᠶᠠᠷ ᠳᠦᠬᠦᠭᠡᠢ ᠮᠠᠲ᠋ᠧᠷᠢᠶᠠᠯ | ᠪᠤᠯᠭᠠᠵᠤ ᠳᠤᠬᠳᠠᠩᠭᠤᠢ ᠬᠦᠩᠭᠡᠨ ᠨᠡᠬᠦᠷᠦᠭᠴᠢ ᠤᠶᠢᠯᠡᠳᠪᠤᠷᠢᠯᠡᠬᠦ ᠳᠦᠷᠤᠯ ᠵᠤᠶᠢᠯ ᠤᠨ ᠶᠡᠷᠦᠩᠭᠡᠢ ᠪᠡᠯᠡ ᠤᠷᠤᠭᠤᠯᠤᠯᠳᠠ ᠨᠢ 4.98 ᠳ᠋ᠦᠩᠰᠢᠭᠤᠷ ᠳᠦᠬᠦᠷᠢᠭ | ᠪᠠᠶᠢᠵᠤ᠂ 2014 ᠤᠨ ᠳᠤ ᠤᠷᠳᠤᠰ ᠬᠤᠳᠠ ᠶᠢᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠵᠦᠪᠰᠢᠶᠡᠷᠡᠨ᠂ 2014 ᠤᠨ ᠤ 4 ᠰᠠᠷ᠎ᠠ ᠶᠢᠨ 9 | ᠤ ᠡᠳᠤᠷ ᠰᠠᠭᠤᠷᠢ ᠳᠠᠯᠪᠢᠵᠤ᠂ 7 ᠰᠠᠷ᠎ᠠ ᠪᠦᠳᠤᠭᠡᠨ ᠪᠠᠶᠢᠭᠤᠯᠤᠭᠠᠳ 2014 ᠤᠨ ᠤ 10 ᠰᠠᠷ᠎ᠠ ᠶᠢᠨ 31 ᠤ ᠡᠳᠤᠷ ᠠᠰᠢᠬᠯᠠᠯᠳᠠ ᠳᠤ ᠤᠷᠤᠵᠤ ᠳᠤᠷᠰᠢᠨ | ᠤᠶᠢᠯᠡᠳᠪᠤᠷᠢᠯᠡᠭᠰᠡᠨ ᠪᠠᠶᠢᠨ᠎ᠠ᠃ | ︵ᠳᠤᠯᠤᠭ᠎ᠠ︶ ᠦᠪᠤᠷ ᠮᠤᠩᠭᠤᠯ ᠤᠨ ᠢ ᠭᠤᠤ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ | ᠶᠢᠨ ᠵᠢᠯ ᠳᠤ 24 ᠳᠦᠮᠡᠨ ᠳᠤᠨ ᠨᠡᠶᠢᠯᠡᠭ ᠭᠡᠢ ᠪᠠᠷ ᠡᠲ᠋ᠡ ᠬᠤᠶᠠᠷᠴᠢ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ᠃ ᠦᠪᠤᠷ ᠮᠤᠩᠭᠤᠯ ᠤᠨ ᠢ ᠭᠤᠤ | ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠪᠤᠯ ᠰᠢᠶᠠᠩᠭᠠᠩ ᠤᠨ ᠵᠦᠩ ᠬᠤᠸᠠ ᠨᠡᠬᠦᠷᠡᠰᠤᠨ | ᠭᠡᠢ ᠶᠢᠨ ᠬᠢᠵᠠᠭᠠᠷᠳᠤ ᠺᠤᠮᠫᠠᠨᠢ ᠪᠤᠯ ᠤᠯᠤᠰ ᠤᠨ ᠳᠤᠳᠤᠭᠠᠳᠤ ᠶᠢᠨ ᠨᠡᠬᠦᠷᠡᠰᠤ ᠪᠠᠷ ᠮᠧᠲ᠋ᠢᠯ ᠠᠯᠺᠤᠤᠯ ᠵᠢᠴᠢ ᠳᠠᠭᠠᠯᠳᠠ ᠨᠡᠬᠦᠷᠡᠰᠤ ᠬᠢᠮᠢ ᠶᠢᠨ ᠠᠵᠤ ᠤᠶᠢᠯᠡᠳᠪᠤᠷᠢ | ᠶᠢᠨ ᠪᠦᠳᠤᠭᠡᠭᠳᠡᠬᠦᠨ ᠢ ᠤᠶᠢᠯᠡᠳᠪᠤᠷᠢᠯᠡᠬᠦ ᠪᠦᠷᠢᠨ ᠪᠡᠯᠡ ᠤᠷᠤᠭᠤᠯᠤᠬᠰᠠᠨ ᠬᠤᠪᠢᠶᠠᠷᠢ ᠺᠤᠮᠫᠠᠨᠢ ᠪᠠᠶᠢᠵᠤ᠂ ᠤᠤᠯ ᠳᠠᠭᠠᠨ ᠦᠪᠤᠷ ᠮᠤᠩᠭᠤᠯ ᠤᠨ ᠰᠠᠨ ᠸᠧᠢ | ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠭᠡᠵᠤ ᠪᠠᠶᠢᠪᠠ᠂ 2005 ᠤᠨ ᠤ 6 ᠰᠠᠷ᠎ᠠ ᠳᠤ | ᠪᠠᠶᠢᠭᠤᠯᠤᠬᠳᠠᠨ᠂ ᠤᠶᠢᠯᠡᠳᠪᠤᠷᠢ ᠶᠢᠨ ᠳᠤᠭᠤᠷᠢᠭ ᠤᠨ ᠡᠵᠡᠯᠡᠬᠦ ᠭᠠᠵᠠᠷ ᠨᠢ 750 ᠮᠤ᠋ ᠪᠠᠶᠢᠵᠤ᠂ ᠠᠵᠤ ᠠᠬᠤᠶᠢᠯᠠᠯ ᠤᠨ ᠳᠠᠩᠰᠠᠯᠠᠭᠤᠯᠤᠬᠰᠠᠨ ᠬᠦᠷᠦᠩᠭᠡ ᠨᠢ | ᠠᠷᠠᠳ ᠤᠨ ᠵᠤᠭᠤᠰ ᠢᠶᠠᠷ 10.17 ᠳ᠋ᠦᠩᠰᠢᠭᠤᠷ ᠳᠦᠬᠦᠷᠢᠭ ᠪᠤᠢ᠃ ᠳᠤᠰ ᠳᠦᠷᠤᠯ ᠵᠤᠶᠢᠯ ᠢ 2016 ᠤᠨ ᠳᠤ ᠵᠡᠬᠦᠠᠭᠠᠷ ᠬᠤᠰᠢᠭᠤᠨ ᠤ ᠬᠦᠭᠵᠢᠬᠦᠯᠦᠯᠳᠡ | ᠦᠭᠡᠷᠡᠴᠢᠯᠡᠯᠳᠡ ᠶᠢᠨ ᠳᠤᠪᠴᠢᠶ᠎ᠠ ᠳᠤ ᠳᠠᠩᠰᠠᠯᠠᠭᠤᠯᠵᠤ᠂ ᠶᠡᠷᠦᠩᠭᠡᠢ ᠪᠡᠯᠡ ᠤᠷᠤᠭᠤᠯᠤᠯᠳᠠ ᠨᠢ 12.8 ᠳ᠋ᠦᠩᠰᠢᠭᠤᠷ ᠳᠦᠬᠦᠷᠢᠭ ᠪᠤᠢ ᠂ 2017 ᠤᠨ ᠤ | 3 ᠰᠠᠷ᠎ᠠ ᠳᠤ ᠪᠠᠷᠢᠯᠭ᠎ᠠ ᠡᠬᠢᠯᠡᠬᠦᠯᠤᠨ ᠪᠦᠳᠤᠭᠡᠨ ᠪᠠᠶᠢᠭᠤᠯᠵᠤ᠂ 1 ᠳ᠋ᠤᠭᠡᠷ ᠱᠤᠭᠤᠮ ᠨᠢ 5 ᠰᠠᠷ᠎ᠠ ᠶᠢᠨ 10 ᠤ ᠡᠳᠤᠷ ᠵᠢᠩᠬᠢᠨᠢ ᠪᠷ ᠠᠰᠢᠬᠯᠠᠯᠳᠠ ᠳᠤ ᠤᠷᠤᠵᠠᠢ︔ | 2 ᠳ᠋ᠤᠭᠠᠷ ᠱᠤᠭᠤᠮ ᠨᠢ 2018 ᠤᠨ ᠤ ᠰᠡᠬᠦᠯᠴᠢ ᠪᠠᠷ ᠪᠦᠬᠦ ᠳᠠᠯ᠎ᠠ ᠪᠠᠷ ᠪᠠᠷᠢᠯᠭ᠎ᠠ ᠡᠬᠢᠯᠡᠬᠦᠯᠵᠤ ᠪᠦᠳᠤᠭᠡᠨ ᠪᠠᠶᠢᠭᠤᠯᠤᠬᠰᠠᠨ ᠪᠠᠶᠢᠨ᠎ᠠ᠃ | ︵ᠨᠠᠢᠮᠠ︶ ᠢ ᠭᠤᠤ ᠰᠢᠨ᠎ᠠ ᠭᠡᠯᠪᠡᠷᠢ ᠶᠢᠨ ᠨᠡᠬᠦᠷᠡᠰᠤᠨ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ 1 ᠳᠦᠮᠡᠨ ᠳᠤᠨ ᠤ ᠨᠡᠬᠦᠷᠡᠰᠦᠳᠦ᠋ᠷᠦᠭᠴᠢᠳᠤ ᠮᠠᠲ᠋ᠧᠷᠢᠶᠠᠯ | ᠬᠢᠬᠦ ᠳᠦᠷᠤᠯ ᠵᠤᠶᠢᠯ᠃ ᠶᠡᠷᠦᠩᠭᠡᠢ ᠪᠡᠯᠡ ᠤᠷᠤᠭᠤᠯᠤᠯᠳᠠ ᠨᠢ 8.98 ᠳ᠋ᠦᠩᠰᠢᠭᠤᠷ ᠳᠦᠬᠦᠷᠢᠭ ᠪᠠᠶᠢᠵᠤ᠂ 2018 ᠤᠨ ᠤ 4 ᠰᠠᠷ᠎ᠠ ᠶᠢᠨ 12 ᠤᠨ ᠡᠳᠤᠷ | ᠪᠠᠷᠢᠯᠭ᠎ᠠ ᠡᠬᠢᠯᠡᠬᠦᠯᠵᠤ ᠪᠦᠳᠤᠭᠡᠨ ᠪᠠᠶᠢᠭᠤᠯᠵᠤ᠂ ᠬᠡᠤᠷᠡᠰᠢᠮᠡᠯ ᠨᠡᠬᠦᠷᠡᠰᠤᠨ ᠤ ᠳᠠᠭᠠᠯᠳᠠ ᠪᠦᠳᠤᠭᠡᠭᠳᠡᠬᠦᠨ ᠤ ᠦᠨᠳᠤᠷ ᠳᠤᠯᠠᠭᠠᠨ ᠤ ᠬᠡᠤᠷᠡᠰᠢᠮᠡᠯ ᠳᠤᠰᠤ ᠪᠠᠷ | ᠳᠦᠬᠦᠭᠡᠢ ᠮᠠᠲ᠋ᠧᠷᠢᠶᠠᠯ ᠪᠤᠯᠭᠠᠨ᠂ ᠢ ᠭᠤᠤ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠮᠡᠷᠭᠡᠵᠢᠯ ᠤᠶᠢᠯᠡᠳᠪᠤᠷᠢᠯᠡᠯ ᠤᠨ ᠦᠵᠦ ᠨᠡᠬᠦᠷᠡᠰᠤᠨ ᠮᠠᠲ᠋ᠧᠷᠢᠶᠠᠯ | ᠢ ᠤᠶᠢᠯᠡᠳᠪᠤᠷᠢᠯᠡᠵᠤ᠂ ᠦᠨᠳᠤᠷ ᠴᠢᠳᠠᠪᠬᠢᠳᠤ ᠯᠢᠲ᠋ᠢ ᠳ᠋ᠢᠶᠠᠨ ᠤᠤᠢ ᠶᠢᠨ ᠪᠢᠯᠢᠭ ᠳᠤᠶᠢᠯ ᠤᠨ ᠮᠠᠲ᠋ᠧᠷᠢᠶᠠᠯ᠂ ᠭᠡᠳᠤ ᠳᠡᠰ ᠤᠨ ᠴᠠᠬᠢᠯᠭᠠᠨ ᠪᠠᠭᠳᠠᠬᠴᠢ ᠶᠢᠨ | ᠢᠳᠡᠪᠬᠢᠵᠢᠬᠦᠯᠦᠭᠰᠡᠨ ᠨᠡᠬᠦᠷᠡᠰᠤ ᠵᠡᠷᠭᠡ ᠶᠢ ᠪᠠᠭᠳᠠᠭᠠᠨ᠎ᠠ᠃ ᠳᠦᠷᠤᠯ ᠵᠤᠶᠢᠯ ᠨᠢ ᠠᠰᠢᠬᠯᠠᠯᠳᠠ ᠳᠤ ᠤᠷᠤᠬᠰᠠᠨ ᠤ ᠳᠠᠷᠠᠭ᠎ᠠ ᠵᠢᠯ ᠳᠤ 10.2 ᠳ᠋ᠦᠩᠰᠢᠭᠤᠷ | ᠳᠦᠬᠦᠷᠢᠭ ᠤᠨ ᠤᠶᠢᠯᠡᠳᠬᠦᠨ ᠤ ᠦᠷᠳᠡᠭ᠂ 1.16 ᠳ᠋ᠦᠩᠰᠢᠭᠤᠷ ᠳᠦᠬᠦᠷᠢᠭ ᠤᠨ ᠠᠰᠢᠭ ᠭᠠᠶᠢᠯᠢ ᠶᠢ ᠪᠡᠶᠡᠯᠡᠬᠦᠯᠤᠨ᠎ᠠ᠃ | ︵ᠶᠢᠰᠤ︶ ᠦᠪᠤᠷ ᠮᠤᠩᠭᠤᠯ ᠤᠨ ᠲᠢᠶᠠᠨ ᠷᠦᠨ ᠬᠢᠮᠢ ᠶᠢᠨ ᠪᠤᠷᠳᠤᠭᠤᠷ ᠤᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠶᠢᠨ ᠵᠢᠯ ᠳᠤ 30 ᠳᠦᠮᠡᠨ ᠳᠤᠨ | ᠤ ᠨᠡᠶᠢᠯᠡᠭ ᠰᠢᠪᠳᠤᠷ᠂ 52 ᠳᠦᠮᠡᠨ ᠳᠤᠨ ᠤ ᠰᠢᠭᠡᠰᠦᠯᠢᠭ ᠡᠳ᠋ ᠤᠶᠢᠯᠡᠳᠪᠤᠷᠢᠯᠡᠬᠦ ᠳᠦᠷᠤᠯ ᠵᠤᠶᠢᠯ᠃ ᠲᠢᠶᠠᠨ ᠷᠦᠨ ᠬᠢᠮᠢ ᠶᠢᠨ ᠪᠤᠷᠳᠤᠭᠤᠷ ᠤᠨ ᠬᠤᠪᠢ | ᠤᠷᠤᠭᠤᠯᠤᠬᠰᠠᠨ ᠬᠢᠵᠠᠭᠠᠷᠳᠤ ᠺᠤᠮᠫᠠᠨᠢ 2006 ᠤᠨ ᠳᠤ ᠪᠠᠶᠢᠭᠤᠯᠤᠬᠳᠠᠵᠤ᠂ ᠳᠠᠩᠰᠠᠯᠠᠭᠤᠯᠤᠬᠰᠠᠨ ᠬᠦᠷᠦᠩᠭᠡ ᠨᠢ 8.53 ᠳ᠋ᠦᠩᠰᠢᠭᠤᠷ ᠳᠦᠬᠦᠷᠢᠭ ᠪᠤᠢ᠃ | ᠵᠢᠯ ᠳᠤ 30 ᠳᠦᠮᠡᠨ ᠳᠤᠨ ᠤ ᠨᠡᠶᠢᠯᠡᠭ ᠰᠢᠪᠳᠤᠷ᠂ 52 ᠳᠦᠮᠡᠨ ᠳᠤᠨ ᠤ ᠰᠢᠭᠡᠰᠦᠯᠢᠭ ᠡᠳ᠋ ᠤᠶᠢᠯᠡᠳᠪᠤᠷᠢᠯᠡᠬᠦ ᠳᠦᠷᠤᠯ ᠵᠤᠶᠢᠯ ᠤᠨ ᠶᠡᠷᠦᠩᠭᠡᠢ ᠪᠡᠯᠡ | ᠤᠷᠤᠭᠤᠯᠤᠯᠳᠠ ᠨᠢ 25 ᠳ᠋ᠦᠩᠰᠢᠭᠤᠷ ᠳᠦᠬᠦᠷᠢᠭ ᠪᠠᠶᠢᠵᠤ᠂ 2005 ᠤᠨ ᠤ 8 ᠰᠠᠷ᠎ᠠ ᠶᠢᠨ 5 ᠤ ᠡᠳᠤᠷ ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠳᠤ ᠳᠠᠩᠰᠠᠯᠠᠭᠤᠯᠤᠨ᠂ 2009 ᠤᠨ ᠳᠤ ᠵᠢᠩᠬᠢᠨᠢ ᠪᠠᠷᠢᠯᠭ᠎ᠠ ᠡᠬᠢᠯᠡᠬᠦᠯᠤᠨ ᠪᠦᠳᠤᠭᠡᠨ ᠪᠠᠶᠢᠭᠤᠯᠵᠤ᠂ | 2013 ᠤᠨ ᠤ 11 ᠰᠠᠷ᠎ᠠ ᠶᠢᠨ 3 ᠤ ᠡᠳᠤᠷ ᠵᠢᠩᠬᠢᠨᠢ ᠪᠠᠷ ᠠᠰᠢᠬᠯᠠᠯᠳᠠ ᠳᠤ ᠤᠷᠤᠵᠠᠢ᠃ ᠳᠤᠰ ᠳᠦᠷᠤᠯ ᠵᠤᠶᠢᠯ ᠪᠤᠯ ᠮᠠᠨ ᠤ ᠤᠷᠤᠨ ᠤ ᠪᠠᠷᠠᠭᠤᠨ ᠭᠡᠰᠡᠭ | ᠤᠨ ᠨᠡᠬᠦᠷᠡᠰᠤ ᠪᠠᠷ ᠳᠦᠬᠦᠭᠡᠢ ᠮᠠᠲ᠋ᠧᠷᠢᠶᠠᠯ ᠪᠤᠯᠭᠠᠬᠰᠠᠨ ᠵᠢᠯ ᠤᠨ ᠤᠶᠢᠯᠡᠳᠪᠤᠷᠢᠯᠡᠯ ᠤᠨ ᠴᠢᠳᠠᠪᠤᠷᠢ ᠨᠢ 50 ᠳᠦᠮᠡᠨ ᠳᠤᠨ ᠶᠢ ᠳᠠᠪᠠᠭᠰᠠᠨ ᠠᠩᠬᠳᠠᠬᠴᠢ ᠳᠤᠮᠤ | ᠭᠡᠯᠪᠡᠷᠢ ᠶᠢᠨ ᠰᠢᠭᠡᠰᠦᠯᠢᠭ ᠡᠳ᠋ ᠤᠨ ᠤᠶᠢᠯᠡᠳᠪᠤᠷᠢ ᠪᠠᠶᠢᠵᠤ᠂ ᠳᠡᠯᠡᠭᠡᠢ ᠶᠢᠨ ᠳᠡᠷᠢᠬᠦᠨ ᠤ ᠮᠡᠷᠭᠡᠵᠢᠯ᠂ ᠰᠸᠢᠰ ᠪᠤᠯᠤᠨ ᠢᠲ᠋ᠠᠯᠢ ᠶᠢᠨ ᠰᠢᠭᠡᠰᠦᠯᠢᠭ ᠡᠳ᠋ ᠬᠢᠬᠦ | ᠮᠡᠷᠭᠡᠵᠢᠯ ᠢ ᠠᠰᠢᠬᠯᠠᠵᠤ᠂ ᠳᠦᠷᠤᠯ ᠵᠤᠶᠢᠯ ᠤᠨ ᠪᠦᠬᠦᠶᠢᠯᠡ ᠮᠡᠷᠭᠡᠵᠢᠯ ᠤᠨ ᠬᠢᠷᠢ ᠳᠦᠪᠰᠢᠨ ᠨᠢ ᠳᠡᠯᠡᠭᠡᠢ ᠶᠢᠨ ᠳᠡᠷᠢᠬᠦᠨ ᠤ ᠬᠢᠷᠢ ᠳᠦᠪᠰᠢᠨ ᠳᠤ ᠬᠦᠷᠦᠭᠰᠡᠨ | ᠪᠠᠶᠢᠨ᠎ᠠ᠃ 2015 ᠤᠨ ᠤ 3 ᠰᠠᠷ᠎ᠠ ᠶᠢᠨ 3 ᠤ ᠡᠳᠤᠷ᠂ ᠠᠶᠤᠯᠬᠦᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠠᠳᠡᠯ ᠭᠡᠷᠡᠭ ᠭᠠᠷᠴᠤ ᠵᠠᠷᠯᠢᠬᠳᠠᠨ | ᠤᠶᠢᠯᠡᠳᠪᠤᠷᠢᠯᠡᠯ ᠢᠶᠠᠨ ᠵᠤᠬᠰᠤᠯᠭᠠᠬᠰᠠᠨ ᠪᠠᠶᠢᠨ᠎ᠠ︔ 11 ᠰᠠᠷ᠎ᠠ ᠳᠤ᠂ ᠳᠤᠰ ᠳᠦᠷᠤᠯ ᠵᠤᠶᠢᠯ ᠨᠢ ᠬᠤᠪᠸᠢ ᠶᠢᠨ ᠢ ᠬᠤᠸᠠ ᠶᠢᠨ ᠬᠢᠮᠢ ᠶᠢᠨ ᠠᠵᠤ | ᠤᠶᠢᠯᠡᠳᠪᠤᠷᠢ ᠶᠢᠨ ᠤᠶᠢᠯᠡᠳᠪᠤᠷᠢ ᠳᠤ ᠳᠦᠷᠢᠶᠡᠰᠦᠯᠡᠭᠳᠡᠨ ᠤᠶᠢᠯᠡᠳᠪᠤᠷᠢᠯᠡᠯ ᠢᠶᠠᠨ ᠰᠡᠷᠬᠦᠭᠡᠪᠡ︔ 2017 ᠤᠨ ᠤ 11 ᠰᠠᠷ᠎ᠠ ᠳᠤ ᠲᠢᠶᠠᠨ ᠷᠦᠨ ᠺᠤᠮᠫᠠᠨᠢ ᠪᠡᠶ᠎ᠡ | ᠪᠠᠨ ᠳᠠᠭᠠᠭᠠᠵᠤ ᠡᠵᠡᠩᠨᠡᠯᠳᠡ ᠬᠢᠬᠦ ᠪᠠᠨ ᠰᠡᠷᠬᠦᠭᠡᠵᠡᠢ᠃ 2018 ᠤᠨ ᠳᠤ 50.07 ᠳᠦᠮᠡᠨ ᠳᠤᠨ ᠨᠡᠬᠦᠷᠡᠰᠤ᠂ 42.45 ᠳᠦᠮᠡᠨ ᠳᠤᠨ ᠳᠦᠯᠡᠰᠢᠨ | ᠨᠡᠬᠦᠷᠡᠰᠤ᠂ 1.7 ᠳ᠋ᠦᠩᠰᠢᠭᠤᠷ ᠭᠷᠠᠳᠦ᠋ᠰ ᠴᠠᠬᠢᠯᠭᠠᠨ᠂ 651.1 ᠳᠦᠮᠡᠨ ᠳᠤᠨ ᠤᠰᠤ ᠭᠡᠷᠡᠭᠰᠡᠵᠤ᠂ ᠡᠬᠦᠨ ᠳᠤ 483.6 ᠳᠦᠮᠡᠨ ᠳᠤᠨ ᠰᠢᠨ᠎ᠠ ᠤᠰᠤ | ᠵᠠᠷᠤᠬᠰᠠᠨ ᠪᠠᠶᠢᠨ᠎ᠠ᠃ 2018 ᠤᠨ ᠳᠤ 9.64 ᠳ᠋ᠦᠩᠰᠢᠭᠤᠷ ᠳᠦᠬᠦᠷᠢᠭ ᠤᠨ ᠤᠶᠢᠯᠡᠳᠬᠦᠨ ᠤ ᠦᠷᠳᠡᠭ᠂ 0.8 ᠳ᠋ᠦᠩᠰᠢᠭᠤᠷ ᠳᠦᠬᠦᠷᠢᠭ ᠤᠨ ᠠᠰᠢᠭ | ᠬᠤᠨᠵᠢᠪᠤᠷᠢ ᠶᠢ ᠪᠡᠶᠡᠯᠡᠬᠦᠯᠵᠤ᠂ ᠳᠡᠭᠡᠭᠰᠢ ᠪᠠᠨ 0.15 ᠳ᠋ᠦᠩᠰᠢᠭᠤᠷ ᠳᠦᠬᠦᠷᠢᠭ ᠤᠨ ᠭᠠᠶᠢᠯᠢ ᠳᠤᠰᠢᠶᠠᠪᠠ᠃ | ︵ᠠᠷᠪᠠ︶ ᠤᠯᠤᠰ ᠤᠨ ᠴᠠᠬᠢᠯᠭᠠᠨ ᠤ ᠦᠪᠤᠷ ᠮᠤᠩᠭᠤᠯ ᠤᠨ ᠵᠢᠩ ᠶᠠᠩ ᠡᠨᠧᠷᠬᠢ ᠶᠢᠨ ᠬᠢᠵᠠᠭᠠᠷᠳᠤ ᠺᠤᠮᠫᠠᠨᠢ ᠶᠢᠨ ᠵᠢᠯ ᠳᠤ 5000 ᠳᠤᠨ ᠤᠯᠠᠨ ᠳᠠᠯᠠᠰᠳᠤ | ᠴᠠᠬᠢᠭᠤᠷ ᠤᠶᠢᠯᠡᠳᠪᠤᠷᠢᠯᠡᠬᠦ ᠳᠦᠷᠤᠯ ᠵᠤᠶᠢᠯ᠃ ᠤᠯᠤᠰ ᠤᠨ ᠴᠠᠬᠢᠯᠭᠠᠨ ᠤ ᠦᠪᠤᠷ ᠮᠤᠩᠭᠤᠯ ᠤᠨ ᠵᠢᠩ ᠶᠠᠩ ᠡᠨᠧᠷᠬᠢ ᠶᠢᠨ ᠬᠢᠵᠠᠭᠠᠷᠳᠤ ᠺᠤᠮᠫᠠᠨᠢ ︵ᠳᠤᠷᠤᠬᠰᠢ | ᠵᠢᠩ ᠶᠠᠩ ᠺᠤᠮᠫᠠᠨᠢ ᠭᠡᠵᠤ ᠳᠦᠬᠦᠮᠴᠢᠯᠡᠶᠠ︶ ᠪᠤᠯ ᠤᠯᠤᠰ ᠤᠨ ᠴᠠᠬᠢᠯᠭᠠᠨ ᠤ ᠴᠠᠬᠢᠯᠭᠠᠨ ᠬᠦᠴᠤᠨ ᠤ ᠬᠦᠭᠵᠢᠯᠳᠡ ᠶᠢᠨ ᠬᠤᠪᠢ ᠤᠷᠤᠭᠤᠯᠤᠬᠰᠠᠨ ᠬᠢᠵᠠᠭᠠᠷᠳᠤ | ᠺᠤᠮᠫᠠᠨᠢ ᠶᠢᠨ ᠬᠤᠪᠢ ᠡᠵᠡᠮᠰᠢᠯᠳᠤ ᠬᠤᠪᠢᠶᠠᠷᠢ ᠺᠤᠮᠫᠠᠨᠢ ᠪᠠᠶᠢᠵᠤ᠂ 2008 ᠤᠨ ᠤ 6 ᠰᠠᠷ᠎ᠠ ᠳᠤ ᠪᠠᠶᠢᠭᠤᠯᠤᠬᠳᠠᠨ᠂ ᠳᠠᠩᠰᠠᠯᠠᠭᠤᠯᠤᠬᠰᠠᠨ ᠪᠡᠯᠡ ᠮᠦᠩᠬᠦ ᠨᠢ | 3000 ᠳᠦᠮᠡᠨ ᠳᠦᠬᠦᠷᠢᠭ ᠲᠤ ᠬᠦᠷᠴᠡᠢ᠃ ᠺᠤᠮᠫᠠᠨᠢ ᠨᠢ ᠭᠤᠤᠯᠳᠠᠭᠤ ᠤᠯᠠᠨ ᠳᠠᠯᠠᠰᠳᠤ ᠴᠠᠬᠢᠭᠤᠷ᠂ ᠨᠠᠷᠠᠨ ᠡᠨᠧᠷᠬᠢ ᠶᠢᠨ ᠴᠠᠬᠢᠭᠤᠷᠳᠤ ᠬᠠᠪᠳᠠᠰᠤ | ᠤᠶᠢᠯᠡᠳᠪᠤᠷᠢᠯᠡᠬᠦ ᠵᠢᠴᠢ ᠨᠡᠬᠦᠷᠡᠰᠤᠨ ᠤ ᠡᠬᠢ ᠪᠠᠶᠠᠯᠢᠭ ᠢ ᠨᠡᠭᠡᠭᠡᠨ ᠬᠦᠭᠵᠢᠬᠦᠯᠵᠤ ᠪᠤᠢ᠃ ᠺᠤᠮᠫᠠᠨᠢ ᠨᠢ ᠵᠢᠯ ᠳᠤ 10000 ᠳᠤᠨ ᠤᠯᠠᠨ ᠳᠠᠯᠠᠰᠳᠤ ᠴᠠᠬᠢᠭᠤᠷ | ᠤᠶᠢᠯᠡᠳᠪᠤᠷᠢᠯᠡᠬᠦ ᠪᠠᠷ ᠳᠦᠯᠦᠪᠯᠡᠵᠤ᠂ ᠡᠬᠦᠨ ᠳᠤ ᠨᠢᠭᠡᠳᠤᠭᠡᠷ ᠬᠤᠭᠤᠴᠠᠭᠠᠨ ᠤ ᠵᠢᠯ ᠳᠤ 5000 ᠳᠤᠨ ᠤᠯᠠᠨ ᠳᠠᠯᠠᠰᠳᠤ ᠴᠠᠬᠢᠭᠤᠷ ᠤᠶᠢᠯᠡᠳᠪᠤᠷᠢᠯᠡᠬᠦ ᠳᠦᠷᠤᠯ | ᠵᠤᠶᠢᠯ ᠤᠨ ᠶᠡᠷᠦᠩᠭᠡᠢ ᠪᠡᠯᠡ ᠤᠷᠤᠭᠤᠯᠤᠯᠳᠠ ᠨᠢ 31 ᠳ᠋ᠦᠩᠰᠢᠭᠤᠷ ᠳᠦᠬᠦᠷᠢᠭ ᠪᠠᠶᠢᠵᠤ᠂ 2008 ᠤᠨ ᠤ 9 ᠰᠠᠷ᠎ᠠ ᠳᠤ ᠦᠪᠤᠷ ᠮᠤᠩᠭᠤᠯ ᠤᠨ ᠦᠪᠡᠷᠳᠡᠭᠡᠨ | ᠵᠠᠰᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠳᠤ ᠳᠠᠩᠰᠠᠯᠠᠭᠤᠯᠤᠨ᠂ 2010 ᠤᠨ ᠤ 8 ᠰᠠᠷ᠎ᠠ ᠳᠤ ᠵᠢᠩᠬᠢᠨᠢ ᠪᠠᠷ ᠪᠠᠷᠢᠯᠭ᠎ᠠ ᠡᠬᠢᠯᠡᠬᠦᠯᠵᠤ | ᠪᠦᠳᠤᠭᠡᠨ ᠪᠠᠶᠢᠭᠤᠯᠵᠤ᠂ 2013 ᠤᠨ ᠳᠤ ᠪᠠᠶᠢᠭᠤᠯᠤᠬᠳᠠᠵᠤ ᠠᠰᠢᠬᠯᠠᠯᠳᠠ ᠳᠤ ᠤᠷᠤᠬᠰᠠᠨ ᠪᠠᠶᠢᠨ᠎ᠠ᠃ |