ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ: | 1.ᠤᠯᠤᠰ ᠠᠴᠠ ᠲᠤᠬᠳᠠᠭᠠᠬᠰᠠᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ | ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠨᠠᠶᠢᠳᠠᠪᠤᠷᠢᠵᠢᠭᠤᠯᠤᠨ᠎ᠠ︔ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠪᠠ ᠪᠥᠬᠦ ᠬᠤᠰᠢᠭᠤᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠪᠡ᠂ ᠲᠥᠰᠦᠯ᠂ ᠬᠡᠷᠡᠭᠵᠢᠭᠦᠯᠬᠦ ᠠᠷᠭ᠎ᠠ | ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ | ᠬᠠᠷᠢᠭᠤᠴᠠᠨ᠎ᠠ᠃ | 2.ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ | ᠭᠦᠶ᠋ᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ | 3.ᠡᠮ ᠡᠮᠨᠡᠯᠭᠡ ᠶᠢᠨ ᠪᠠᠲᠤᠯᠠᠭ᠎ᠠ ᠶᠢᠨ ᠪᠡᠯᠡ ᠬᠤᠷᠠᠮᠳᠤᠭᠤᠯᠬᠤ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ | ᠬᠥᠳᠡᠯᠦᠩᠭᠦᠶ ᠪᠠᠷ ᠲᠣᠬᠢᠷᠠᠭᠤᠯᠬᠤ ᠪᠠ ᠣᠷᠣᠨ ᠪᠦᠰᠡ ᠶᠢᠨ ᠲᠤᠬᠢᠷᠠᠭᠤᠯᠤᠨ ᠲᠡᠩᠴᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮ | ᠡᠮᠨᠡᠯᠭᠡ ᠶᠢᠨ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ | ᠣᠯᠭᠤᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠤᠷᠲᠤ ᠬᠤᠭᠤᠴᠠᠭ᠎ᠠ ᠪᠠᠷ ᠰᠤᠪᠢᠯᠠᠬᠤ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | 4. ᠳᠡᠭᠡᠳᠤ ᠱᠠᠲᠤᠨ ᠤ ᠲᠣᠭᠲᠠᠭᠠᠭᠰᠠᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ | ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠳᠡᠯᠦᠩᠭᠦᠶ ᠲᠤᠬᠢᠷᠠᠭᠤᠯᠤᠯᠳᠠ ᠬᠢᠭᠦ ᠲᠤᠬᠳᠠᠴᠠ ᠶᠢ ᠪᠠᠶᠢᠭᠤᠯᠬᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ | 5.ᠳᠡᠭᠡᠳᠤ ᠱᠠᠲᠤᠨ ᠤ ᠰᠠᠯᠠᠭ᠎ᠠ ᠮᠥᠴᠢᠷ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠣᠯᠤᠨ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠤᠶᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠥᠯᠥᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ | ᠲᠣᠭᠲᠠᠭᠠᠬᠤ ᠪᠠ ᠬᠥᠳᠡᠯᠦᠩᠭᠦᠶ ᠪᠠᠶᠢᠳᠠᠯ ᠢ ᠪᠤᠢ ᠪᠣᠯᠭᠠᠵᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ | ᠬᠠᠩᠰᠢ ᠶᠢᠨ ᠪᠤᠢ ᠪᠣᠯᠬᠤ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ | ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | 6.ᠳᠡᠭᠡᠳᠤ ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ | ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ | ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ | 7.ᠪᠥᠬᠦ ᠬᠤᠰᠢᠭᠤᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ | ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ | ᠦᠢᠯᠡᠴᠢᠯᠡᠭᠡ ᠶᠢᠨ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠤᠨ᠎ᠠ᠃ | 8.ᠡᠮᠨᠡᠯᠭᠡ ᠶᠢᠨ ᠪᠠᠲᠤᠯᠠᠭ᠎ᠠ ᠶᠢᠨ ᠡᠷᠬᠢᠯᠡᠨ ᠭᠦᠢᠴᠡᠳᠭᠡᠭᠦ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠴᠢᠯᠠᠬᠤ | ᠪᠠᠶᠢᠭᠤᠯᠤᠯᠲᠠ ᠶᠢ ᠬᠠᠷᠢᠭᠤᠴᠠᠨ᠎ᠠ᠃ ᠳᠡᠭᠡᠳᠤ ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠣᠯᠤᠨ | ᠵᠠᠷᠤᠳᠠᠯ ᠢ ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ | ᠰᠢᠯᠵᠢᠭᠦᠯᠦᠨ ᠵᠠᠯᠭᠠᠭᠤᠯᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ | ᠥᠷᠨᠢᠭᠦᠯᠦᠨ᠎ᠡ᠃ | 9.ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠪᠥᠬᠦ | ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠡᠢᠳᠪᠤᠷᠢᠯᠡᠵᠤ᠂ ᠳᠡᠭᠡᠳᠤ ᠱᠠᠲᠤᠨ ᠤ | ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠠᠮᠵᠢᠯᠴᠠᠨ᠎ᠠ᠃ | 10.ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |