ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2020/1/8
ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ  ᠄ᠨᠢᠭᠡ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠪᠡ᠂ ᠲᠥᠰᠦᠯ᠂ ᠬᠡᠷᠡᠭᠵᠢᠭᠦᠯᠬᠦ ᠠᠷᠭ᠎ᠠ ᠵᠡᠷᠭᠡ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃ ᠬᠤᠶᠠᠷ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ ᠵᠢᠷᠤᠮᠵᠢᠯ᠂ ᠲᠥᠬᠦᠷ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ᠭᠤᠷᠪᠠ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ ᠴᠣᠮᠬᠠᠳᠬᠠᠵᠤ᠂ ᠨᠢᠭᠡᠳᠦᠯᠲᠡᠢ  ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠯᠪᠠᠰᠤᠷᠠᠯ  ᠵᠢᠴᠢ ᠬᠢᠨᠠᠨ ᠰᠢᠯᠭᠠᠯᠲᠠ ᠪᠠ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠠᠰᠠᠭᠤᠨ ᠯᠠᠪᠯᠠᠬᠤ᠂ ᠵᠠᠭᠠᠯᠳᠤᠯᠭ᠎ᠠ᠂ ᠰᠠᠨᠠᠭᠤᠯᠭ᠎ᠠ ᠶᠢᠨ ᠠᠵᠢᠯ ᠢ ᠬᠦᠯᠢᠶᠡᠨ ᠠᠪᠴᠤ  ᠰᠡᠢᠳᠪᠤᠷᠢᠯᠡᠨ᠎ᠡ᠃ ᠲᠦᠷᠪᠡ᠂ ᠬᠤᠰᠢᠭᠤᠨ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠭᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠥᠷᠨᠢᠭᠦᠯᠦᠨ᠎ᠡ᠃ᠲᠠᠪᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ᠵᠢᠷᠭᠤᠭ᠎ᠠ  ᠂ ᠬᠤᠰᠢᠭᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃ᠲᠤᠯᠤᠭ᠎ᠠ  ᠂ ᠪᠦᠬᠦ ᠬᠤᠰᠢᠭᠤᠨ ᠤ 《ᠲᠠᠯᠪᠢᠬᠤ᠂ ᠬᠠᠮᠢᠶᠠᠷᠬᠤ᠂ ᠦᠢᠯᠡᠴᠢᠯᠡᠭᠦ》ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠵᠤ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠠᠵᠢᠯ ᠢ ᠳᠦᠷᠢᠮᠵᠢᠭᠦᠯᠦᠨ᠎ᠡ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠳᠦᠷᠢᠮᠵᠢᠭᠰᠡᠨ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠨ᠎ᠠ᠃ᠨᠠᠢᠮᠠ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠥᠬᠦ ᠬᠤᠰᠢᠭᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠵᠢᠯ ᠤᠨ ᠬᠢᠨᠠᠨ ᠰᠢᠯᠭᠠᠷᠠᠭᠤᠯᠤᠯᠳᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠳᠤ ᠣᠷᠣᠯᠴᠠᠬᠤ ᠶᠢ ᠬᠠᠷᠢᠭᠤᠴᠠᠬᠤ ᠪᠠ ᠵᠣᠬᠢᠴᠠᠭᠤᠯᠤᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢ ᠬᠤᠯᠪᠣᠯᠳᠤᠭᠤᠯᠤᠨ ᠨᠡᠪᠲᠡᠷᠡᠭᠦᠯᠬᠦ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠶᠢᠰᠤ  ᠂ ᠬᠤᠰᠢᠭᠤᠨ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠤᠨ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠬᠢᠨᠠᠨ ᠰᠢᠯᠭᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠬᠤᠯᠪᠣᠭᠳᠠᠯ ᠪᠦᠬᠦᠢ ᠠᠰᠠᠭᠤᠨ ᠯᠠᠪᠯᠠᠬᠤ᠂ ᠵᠠᠭᠠᠯᠳᠤᠯᠭ᠎ᠠ᠂ ᠰᠠᠨᠠᠭᠤᠯᠭ᠎ᠠ ᠶᠢᠨ ᠠᠵᠢᠯ ᠢ ᠬᠦᠯᠢᠶᠡᠨ ᠠᠪᠴᠤ ᠰᠢᠶ᠋ᠳᠪᠦᠷᠢᠯᠡᠬᠦ ᠶᠢ ᠬᠠᠷᠢᠭᠤᠴᠠᠨ᠎ᠠ᠃ᠠᠷᠪᠠ᠂  ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠲᠤᠰ ᠰᠦᠯᠵᠢᠶ᠎ᠡ