ᠱᠠᠬᠳᠠᠷ ᠪᠠᠯᠭᠠᠰᠤᠨ ᠳᠤ᠂ ᠠᠷᠠᠳ ᠲᠦᠮᠡᠨ ᠤ ᠲᠥᠪ ᠭᠤᠣᠯᠴᠢ ᠰᠢᠳᠤᠷᠭᠤ ᠶᠣᠰᠣ ᠶᠢ ᠰᠠᠬᠢᠨ ᠬᠠᠮᠠᠭᠠᠯᠠᠵᠤ ᠪᠠᠶᠢᠭ᠎ᠠ ᠨᠢᠭᠡᠨ ᠳᠣᠲᠣᠨᠣ ᠬᠥᠮᠦᠨ ᠪᠠᠶᠢᠳᠠᠭ᠃ | ᠳᠡᠷᠡ ᠪᠤᠯ ᠱᠠᠬᠳᠠᠷ ᠠᠷᠠᠳ ᠤᠨ ᠰᠢᠭᠦᠬᠦ ᠲᠢᠩᠬᠢᠮ ᠤᠨ ᠳᠠᠷᠤᠭ᠎ᠠ ᠰᠡᠴᠡᠨ ᠪᠤᠯᠤᠨ᠎ᠠ᠃ | 1993 ᠣᠨ ᠳᠤ ᠬᠠᠤᠯᠢ ᠴᠠᠭᠠᠵᠠ ᠶᠢᠨ ᠰᠤᠷᠭᠠᠭᠤᠯᠢ ᠪᠠᠨ ᠲᠡᠭᠦᠰᠭᠡᠭᠰᠡᠨ ᠤ ᠳᠠᠷᠠᠭ᠎ᠠ᠂ ᠰᠡᠴᠡᠨ ᠵᠡᠭᠦᠨᠭᠠᠷ ᠬᠤᠰᠢᠭᠤᠨ ᠤ ᠠᠷᠠᠳ ᠤᠨ ᠰᠢᠭᠦᠬᠦ | ᠬᠤᠷᠢᠶᠠᠨ ᠳᠤ ᠬᠤᠪᠢᠶᠠᠬᠳᠠᠨ ᠠᠵᠢᠯᠯᠠᠵᠤ᠂ ᠨᠢᠭᠡ ᠮᠡᠳᠡᠬᠦᠯᠠ 26 ᠵᠢᠯ ᠤᠨ ᠨᠢᠭᠤᠷ ᠢ ᠦᠵᠡᠴᠢᠭᠡᠭᠰᠡᠨ ᠪᠠᠶᠢᠯ᠎ᠠ᠃ ᠳᠡᠷᠡ ᠪᠢᠴᠢᠭᠡᠴᠢ ᠠᠴᠠ ᠡᠬᠢᠯᠡᠨ ᠬᠢᠵᠦ᠂ | ᠬᠠᠪᠰᠤᠷᠤᠨ ᠰᠢᠭᠦᠭᠴᠢ᠂ ᠰᠢᠬᠦᠭᠴᠢ᠂ ᠲᠢᠩᠬᠢᠮ ᠤᠨ ᠳᠡᠳ᠋ ᠳᠠᠷᠤᠭ᠎ᠠ᠂ ᠲᠢᠩᠬᠢᠮ ᠤᠨ ᠳᠠᠷᠤᠭ᠎ᠠ ᠬᠦᠷᠲᠡᠯ᠎ᠡ ᠪᠠᠨ ᠠᠯᠬᠤᠮ ᠪᠦᠷᠢ ᠳᠡᠭᠡᠨ ᠴᠥᠮ ᠯᠠᠪᠳᠠᠭᠤᠨ | ᠪᠠᠳᠤᠳᠠᠢ ᠠᠵᠢᠯᠯᠠᠵᠤ᠂ ᠤᠶᠤᠨ ᠤᠬᠠᠭᠠᠨ ᠪᠠ ᠬᠦᠴᠤ ᠬᠦᠯᠤᠰᠤ ᠪᠠᠨ ᠡᠨᠡᠬᠦ ᠤᠢᠢᠯᠡᠰ ᠲᠡᠭᠡᠨ ᠵᠤᠷᠢᠭᠤᠯᠵᠤ ᠢᠷᠡᠵᠡᠢ᠃ | ︽ᠪᠢ ᠭᠡᠳᠡᠭ ᠬᠥᠮᠦᠨ ᠰᠢᠭᠤᠳ ᠰᠢᠯᠤᠭᠤᠨ ᠵᠠᠩ ᠲᠠᠢ᠂ ᠶᠠᠭᠤ ᠬᠢᠭᠰᠡᠨ ᠴᠦ ᠲᠡᠷᠡ᠂ ᠶᠠᠮᠠᠷ ᠠᠵᠢᠯ ᠤᠨ ᠪᠠᠶᠢᠷᠢ ᠳᠤ ᠪᠠᠶᠢᠭᠰᠠᠨ ᠴᠤ ᠲᠡᠷᠡ᠂ ᠵᠠᠪᠠᠯ | ᠴᠢᠷᠮᠠᠶᠢᠵᠤ ᠪᠠᠶᠢᠭᠠᠳ ᠰᠠᠶᠢᠨ ᠬᠢᠬᠦ ᠶᠢ ᠪᠤᠳᠤᠳᠠᠭ︾ ᠭᠡᠵᠤ ᠳᠡᠷᠡ ᠬᠠᠭᠤᠴᠢᠯᠠᠨ᠎ᠠ᠃ ᠰᠢᠭᠦᠬᠦ ᠬᠤᠷᠢᠶᠠᠨ ᠳᠤ ᠳᠦᠡᠭᠭᠡᠵᠢ ᠤᠴᠢᠬᠤ ᠦᠶᠡᠰ᠂ ᠰᠣᠷᠣᠭᠰᠠᠨ ᠵᠦᠢᠯ | ᠪᠠ ᠪᠤᠳᠠᠳᠤ ᠠᠵᠢᠯ ᠤᠨ ᠬᠤᠭᠤᠷᠣᠨᠳᠣ ᠵᠥᠷᠢᠶ᠎ᠡ ᠲᠠᠢ ᠪᠣᠯᠬᠤᠷ ᠲᠡᠷᠡ ᠳᠠᠷᠤᠶ ᠳᠤᠨᠢ ᠠᠬᠠᠮᠠᠳ ᠰᠢᠬᠦᠭᠴᠢ ᠶᠢ ᠬᠠᠪᠰᠤᠷᠬᠤ᠂ ᠬᠠᠮᠲᠤ ᠠᠵᠢᠯᠲᠠᠨ ᠢᠶᠠᠨ ᠬᠠᠪᠰᠤᠷᠬᠤ | ᠳᠤ ᠯᠠ ᠳᠤᠰᠠᠯᠠᠯᠴᠠᠵᠤ ᠪᠠᠶᠢᠪᠠ᠃ ᠡᠳᠦᠷ ᠪᠤᠯᠭᠠᠨ ᠪᠠᠶᠢᠭᠤᠯᠭ᠎ᠠ ᠳᠠᠭᠠᠨ ᠳᠦᠷᠦᠬᠦᠯᠡᠨ ᠬᠦᠷᠴᠤ᠂ ᠬᠠᠮᠤᠭ ᠰᠡᠭᠦᠯ ᠳᠤ ᠨᠢ ᠶᠠᠪᠤᠳᠠᠭ᠂ ᠠᠷᠰᠠᠷ ᠠᠵᠢᠯ ᠬᠢᠬᠦ᠂ | ᠠᠵᠢᠯ ᠤᠨ ᠠᠷᠭ᠎ᠠ ᠮᠠᠶ᠋ᠢᠭ ᠲᠤ ᠵᠤᠬᠢᠴᠠᠬᠤ᠂ ᠲᠤᠷᠰᠢᠯᠭ᠎ᠠ ᠬᠤᠷᠠᠮᠳᠤᠭᠤᠯᠬᠤ ᠳᠤ ᠪᠠᠷᠤᠭ ᠨᠢᠭᠡ ᠵᠢᠯ ᠤᠨ ᠴᠠᠭ ᠬᠡᠷᠡᠭᠰᠡᠵᠡᠢ᠂ ᠬᠠᠷᠢᠨ ᠳᠡᠭᠡᠬᠦ ᠳᠤ ᠬᠤᠷᠢᠨ | ᠭᠤᠷᠪᠠᠳᠠᠢ ᠰᠡᠴᠡᠨ ᠪᠢᠴᠢᠭᠡᠴᠢ ᠶᠢᠨ ᠡᠯ᠎ᠡ ᠵᠤᠶᠢᠯ ᠤᠨ ᠠᠵᠢᠯ ᠢ ᠲᠤᠭᠤᠷᠠᠲᠠᠯ᠎ᠠ ᠣᠶᠢᠯᠠᠭᠠᠨ᠂ ᠲᠤᠰᠠᠯᠠᠬᠤ ᠰᠢᠭᠦᠭᠴᠢ ᠪᠠᠷ ᠲᠣᠮᠢᠯᠠᠭᠳᠠᠬᠰᠠᠨ ᠪᠠᠶᠢᠨ᠎ᠠ᠃ | 1997 ᠣᠨ ᠳᠤ᠂ ᠲᠡᠷᠡ ᠱᠠᠬᠳᠠᠷ ᠰᠢᠭᠦᠬᠦ ᠲᠢᠩᠬᠢᠮ ᠳᠤ ᠬᠦᠷᠴᠦ᠂ ᠡᠨᠡᠬᠦ ᠪᠠᠯᠭᠠᠰᠤᠨ ᠳᠤ ᠨᠤᠳᠤᠬᠰᠢᠨ᠂ ᠠᠳᠡᠬᠢ ᠶᠢᠨ ᠠᠷᠠᠳ ᠤᠯᠠᠨ ᠲᠠᠢ | ᠠᠭᠤᠰᠤᠯᠴᠠᠵᠤ᠂ ᠳᠡᠳᠡᠨ ᠤ ᠢᠳᠡᠭᠡᠵᠤ ᠨᠠᠶᠢᠳᠠᠳᠠᠭ ᠬᠦᠮᠤᠨ ᠨᠢ ᠪᠤᠯᠵᠤ᠂ ᠵᠦᠪ ᠶᠤᠰᠤ ᠶᠢ ᠪᠠᠷᠢᠮᠳᠠᠯᠠᠳᠠᠭ ᠰᠢᠬᠦᠭᠴᠢ ᠪᠤᠯᠵᠤ᠂ ᠠᠷᠠᠳ ᠤᠯᠠᠨ ᠤ ᠤᠴᠢᠷ | ᠶᠠᠪᠤᠳᠠᠯ ᠢ ᠡᠶᠡᠳᠡᠬᠦᠯᠳᠡᠭ ᠡᠶᠡᠳᠡᠬᠦᠯᠦᠭᠴᠢ ᠪᠤᠯᠤᠬᠰᠠᠨ ᠪᠠᠶᠢᠨ᠎ᠠ᠃ | 26 ᠵᠢᠯ ᠦᠨᠳᠦᠰᠦᠨ ᠱᠠᠲᠤᠨ ᠳᠤ ᠨᠤᠳᠤᠬᠰᠢᠵᠤ ᠬᠠᠤᠯᠢ ᠶᠤᠰᠤ ᠶᠢ ᠪᠠᠷᠢᠨ ᠨᠠᠶᠢᠷ ᠲᠠᠯ᠎ᠠ ᠶᠢ ᠴᠤ ᠬᠠᠮᠲᠤ ᠳᠤᠨᠢ ᠬᠠᠷᠠᠭᠠᠯᠵᠠᠵᠤ ᠢᠷᠡᠪᠠ | ᠠᠩᠬ᠎ᠠ ᠤᠳᠠᠭ᠎ᠠ ᠡᠷᠬᠢᠯᠡᠨ ᠰᠢᠭᠦᠯᠲᠡ ᠬᠢᠬᠦ ᠳᠡᠭᠡᠨ ᠰᠢᠭᠦᠭᠴᠢ ᠶᠢᠨ ᠰᠢᠷᠡᠭᠡᠨ ᠳᠤ ᠰᠠᠭᠤᠵᠤ ᠪᠠᠯᠢᠳᠠᠨ ᠰᠠᠨᠳᠤᠷᠴᠤ᠂ ᠬᠠᠤᠯᠢᠴᠢ ᠳᠤ ᠭᠠᠷᠳᠠᠭᠠᠬᠳᠠᠨ᠂ ᠨᠠᠰᠤ | ᠵᠠᠯᠠᠭᠤ ᠠᠴᠠ ᠪᠤᠯᠵᠤ ᠪᠦᠬᠦ᠋ᠢᠯᠡ ᠳᠢᠩᠬᠢᠮ ᠤᠨ ᠰᠢᠬᠦᠯᠳᠡ ᠶᠢ ᠡᠵᠡᠮᠳᠡᠵᠤ ᠳᠡᠶᠢᠯᠬᠦ ᠦᠭᠡᠢ ᠠᠴᠠ ᠵᠤᠪᠠᠵᠤ ᠪᠠᠶᠢᠪᠠ ︔ ᠠᠩᠬ᠎ᠠ ᠤᠳᠠᠭ᠎ᠠ ᠣᠷᠤᠭ ᠰᠠᠯᠬᠤ ᠬᠡᠷᠡᠭ ᠢ | ᠰᠢᠢᠳᠪᠤᠷᠢᠯᠡᠬᠦ ᠦᠶ᠎ᠠ ᠳᠤ᠂ ᠲᠡᠷᠡ ᠬᠡᠷᠡᠭ ᠤᠨ ᠳᠤᠮᠳᠠᠬᠢ ᠡᠮᠡᠭᠲᠡᠶ ᠲᠤᠬᠠᠶ ᠶᠢᠨ ᠬᠥᠮᠦᠨ ᠤ ᠤᠴᠠᠷᠠᠯ ᠵᠤᠪᠠᠯᠠᠩ ᠳᠤ ᠰᠡᠳᠬᠢᠯ ᠬᠥᠳᠡᠯᠵᠦ᠂ ᠥᠪᠡᠷ ᠤᠨ ᠡᠷᠬᠡ | ᠦᠭᠡᠢ ᠨᠢᠯᠪᠤᠰᠤ ᠤᠨᠠᠭᠠᠳᠠᠭ ᠪᠠᠶᠢᠯ᠎ᠠ᠃ ᠡᠳᠡᠭᠡᠷ ᠤᠴᠢᠷ ᠤᠳ ᠢᠶᠠᠨ ᠡᠷᠬᠢᠴᠡᠬᠦᠯᠬᠦ ᠳᠤ ᠰᠡᠴᠡᠨ ᠳᠤ ᠨᠢᠭᠤᠷ ᠪᠠᠷᠠᠮᠠᠷ ᠪᠤᠳᠤᠬᠳᠠᠬᠤ ᠦᠭᠡᠢ᠂ ᠬᠠᠷᠢᠨ ᠶᠠᠪᠤᠵᠤ | ᠳᠤᠭᠤᠯᠤᠬᠰᠠᠨ ᠦᠡᠭᠭᠡᠷᠡᠯᠳᠡ ᠨᠢ᠂ ᠲᠡᠭᠦᠨ ᠳᠤ ᠡᠷᠬᠢᠮ ᠨᠠᠨᠳᠢᠨ ᠥᠪ ᠬᠥᠷᠥᠩᠭᠡ ᠪᠤᠯᠤᠬᠰᠠᠨ ᠰᠢᠭ᠋ ᠰᠠᠨᠠᠬᠳᠠᠨ᠂ ᠪᠠᠷᠢᠮᠳᠠᠯᠠᠵᠤ ᠢᠷᠡᠭᠰᠡᠨ ᠤᠭ ᠵᠤᠷᠢᠯᠳᠠ ᠨᠢ | ᠳᠡᠬᠦᠨ ᠤ ᠬᠦᠳᠡᠯᠭᠡᠭᠴᠢ ᠬᠦᠴᠤᠨ ᠪᠤᠯᠤᠬᠰᠠᠨ ᠢᠶᠠᠨ ᠮᠡᠳᠡᠷᠡᠳᠡᠭ ᠪᠠᠶᠢᠨ᠎ᠠ᠃ | | ︽ᠮᠠᠰᠢ ᠣᠯᠠᠨ ᠬᠥᠮᠦᠰ ᠰᠢᠭᠦᠭᠴᠢ ᠶᠢᠨ ᠠᠵᠢᠯ ᠢ ᠮᠠᠰᠢ ᠠᠷᠢᠭᠤᠨ ᠳᠠᠷᠬᠠᠨ᠂ ᠡᠷᠬᠢᠮ ᠳᠡᠭᠡᠳᠦ ᠠᠵᠢᠯ ᠭᠡᠮᠡᠨ ᠦᠵᠡᠳᠡᠭ᠂ ᠦᠨᠡᠨ ᠳᠡᠭᠡᠨ ᠰᠢᠬᠦᠭᠴᠢ ᠪᠠᠰᠠ | ᠡᠭᠡᠯ ᠵᠢᠷ ᠤᠨ ᠬᠥᠮᠦᠨ ᠶᠤᠮ᠂ ᠤᠷᠮ᠎ᠠ ᠰᠡᠳᠬᠢᠯᠭᠡ ᠤᠷᠪᠠᠭᠠᠨ ᠲᠠᠢ ᠬᠦᠷᠪᠡᠭᠡᠨ ᠲᠠᠢ ᠪᠠᠶᠢᠬᠤ ᠨᠢ ᠳᠠᠮᠵᠢᠭ ᠦᠭᠡᠢ᠃ ᠳᠡᠭᠡᠬᠦᠯᠡᠷ ᠠᠵᠢᠯ ᠤᠨ ᠳᠤᠮᠳᠠ ᠪᠠᠨ ᠪᠢᠳᠡ | ᠨᠡᠩ ᠬᠦᠯᠢᠴᠡᠩᠭᠦᠶ ᠪᠠᠶᠢᠬᠤ ᠬᠡᠷᠡᠭᠲᠡᠶ᠃ ᠬᠠᠤᠯᠢ ᠵᠦᠶ ᠪᠠ ᠨᠠᠶᠢᠷ ᠲᠠᠯ᠎ᠠ ᠶᠢ ᠢᠯᠭᠠᠵᠤ ᠰᠤᠷᠬᠤ ᠬᠡᠷᠡᠭᠲᠡᠶ᠂ ᠤᠷᠮ᠎ᠠ ᠰᠡᠳᠬᠢᠯᠭᠡ ᠪᠠᠷ ᠮᠠᠭᠠᠳᠯᠠᠯᠲᠠ ᠶᠢ | ᠨᠥᠯᠥᠭᠡᠯᠡᠬᠦ ᠦᠭᠡᠶ᠂ ᠬᠡᠷᠡᠭ ᠤᠨ ᠦᠷ᠎ᠡ ᠳ᠋ᠦᠩ ᠢ ᠨᠥᠯᠥᠭᠡᠯᠡᠬᠦ ᠦᠭᠡᠶ ᠪᠠᠶᠢᠬᠤ ᠬᠡᠷᠡᠭᠲᠡᠶ︾ ᠭᠡᠵᠦ ᠰᠡᠴᠡᠨ ᠦᠷᠬᠦᠯᠵᠢ ᠶᠠᠷᠢᠳᠠᠭ᠃ | ᠵᠠᠯᠠᠭᠤ ᠳᠠᠭᠠᠨ ᠳᠡᠷᠡ ᠪᠠᠰᠠ ᠰᠡᠳᠬᠢᠯ ᠰᠠᠨᠠᠭ᠎ᠠ ᠨᠢ ᠲᠣᠭᠲᠠᠪᠤᠷᠢ ᠦᠭᠡᠢ ᠠᠴᠠ ᠪᠤᠯᠵᠤ ᠠᠭᠤᠷ ᠢᠶᠠᠨ ᠳᠠᠷᠤᠵᠤ ᠳᠡᠶᠢᠯᠬᠦ ᠦᠭᠡᠢ ᠪᠠᠷ ᠲᠤᠬᠠᠶ ᠶᠢᠨ | ᠬᠥᠮᠦᠨ ᠲᠠᠢ ᠪᠠᠨ ᠬᠡᠷᠡᠯᠳᠦᠳᠡᠭ ᠶᠠᠪᠤᠳᠠᠯ ᠴᠤ ᠭᠠᠷᠳᠠᠭ᠂ ᠡᠨᠡ ᠨᠢ ᠬᠤᠶᠠᠷ ᠡᠲᠡᠭᠡᠳ ᠤᠨ ᠳᠤᠷ᠎ᠠ ᠦᠭᠡᠶᠢᠴᠡᠯ ᠢ ᠬᠦᠷᠭᠡᠵᠤ᠂ ᠬᠡᠷᠡᠭ ᠢ ᠰᠢᠢᠳᠪᠦᠷᠢᠯᠡᠬᠦ ᠳᠤ ᠪᠠᠭ᠎ᠠ | ᠦᠭᠡᠢ ᠬᠦᠴᠢᠷ ᠢ ᠠᠪᠴᠢᠷᠠᠨ᠂ ᠶᠡᠭᠡ ᠬᠡᠮᠵᠢᠶᠡᠨ ᠤ ᠴᠠᠭ ᠪᠠ ᠬᠥᠮᠦᠨ ᠤ ᠬᠦᠴᠦ ᠶᠢ ᠵᠠᠷᠤᠴᠠᠭᠤᠯᠳᠠᠭ ᠪᠠᠶᠢᠪᠠ᠃ ᠲᠤᠬᠠᠶ ᠶᠢᠨ ᠬᠥᠮᠦᠨ ᠰᠢᠭᠦᠬᠦ ᠲᠢᠩᠬᠢᠮ ᠳᠤ | ᠢᠷᠡᠵᠦ ᠠᠰᠠᠭᠤᠳᠠᠯ ᠢᠶᠠᠨ ᠰᠢᠢᠳᠪᠤᠷᠢᠯᠡᠬᠦᠯᠬᠦ ᠪᠠᠷ ᠪᠢᠳᠡᠨ ᠢ ᠡᠷᠢᠵᠦ ᠳᠤᠰᠠᠯᠠᠮᠵᠢ ᠬᠦᠰᠡᠬᠦ ᠳᠤ᠂ ᠪᠢᠳᠡ ᠬᠦᠯᠢᠴᠡᠩᠭᠦᠶ ᠪᠠᠷ ᠰᠣᠨᠣᠰᠬᠤ ᠬᠡᠷᠡᠭᠲᠡᠶ᠃ ᠲᠡᠳᠡᠨ ᠤ | ᠳᠠᠯ᠎ᠠ ᠠᠴᠠ ᠤᠴᠢᠵᠤ ᠤᠴᠢᠷ ᠶᠠᠪᠤᠳᠠᠯ ᠢ ᠪᠤᠳᠤᠯᠬᠢᠯᠠᠪᠠᠯ ᠰᠠᠶ᠋ᠢ ᠨᠡᠩ ᠰᠠᠶᠢᠳᠤᠷ ᠤᠢᠢᠯᠠᠭᠠᠯᠴᠠᠵᠤ ᠵᠣᠬᠢᠴᠠᠭᠤᠯᠤᠨ᠂ ᠠᠰᠠᠭᠤᠳᠠᠯ ᠢ ᠰᠢᠢᠳᠪᠤᠷᠢᠯᠡᠵᠤ ᠴᠢᠳᠠᠬᠤ ᠶᠢ | ᠳᠡᠷᠡ ᠰᠡᠬᠦᠯᠡᠷ ᠨᠢ ᠰᠠᠶ᠋ᠢ ᠰᠡᠷᠡᠵᠤ ᠮᠡᠳᠡᠭᠰᠡᠨ ᠪᠠᠶᠢᠨ᠎ᠠ᠃ | ᠲᠡᠭᠦᠨ ᠠᠴᠠ ᠬᠤᠶᠢᠰᠢ᠂ ᠲᠡᠷᠡ ᠪᠤᠰᠤᠳ ᠲᠤ ᠶᠣᠰᠣᠷᠬᠠᠭ ᠢᠶᠠᠷ ᠬᠠᠨᠳᠤᠬᠤ ᠪᠠᠷ ᠪᠠᠷᠠᠬᠤ ᠦᠭᠡᠢ᠂ ᠬᠡᠷᠡᠭ ᠪᠣᠯᠭᠠᠨ ᠳᠠᠩᠰᠠᠯᠠᠬᠤ ᠲᠠᠰᠤᠭ ᠲᠠᠭᠠᠨ ᠪᠠᠰᠠ ᠬᠡᠷᠡᠭ | ᠰᠢᠢᠳᠪᠤᠷᠢᠯᠡᠬᠦ ᠠᠵᠢᠯᠲᠠᠨ ᠣᠯᠠᠨ ᠲᠦᠮᠡᠨ ᠢ ᠬᠦᠯᠢᠶᠡᠨ ᠠᠪᠬᠤ ᠪᠣᠯᠪᠠᠰᠤᠨ ᠦᠭᠡ ᠶᠠᠷᠢᠶ᠎ᠠ ᠶᠢ ᠬᠡᠷᠡᠭᠯᠡᠬᠦ ᠲᠣᠭᠲᠠᠭᠠᠯ ᠢ ᠶᠡᠭᠡ ᠪᠠᠷ ᠬᠡᠷᠡᠭᠵᠢᠭᠦᠯᠦᠭᠡᠳ ᠦᠷ᠎ᠡ | ᠪᠦᠲᠦᠮᠵᠢ ᠣᠯᠤᠭᠰᠠᠨ ᠪᠠᠶᠢᠨ᠎ᠠ᠃ ᠡᠳᠡᠭᠡᠷ ᠪᠣᠯᠪᠠᠰᠤᠨ ᠦᠭᠡ ᠶᠠᠷᠢᠶ᠎ᠠ ᠶᠢᠨ ᠲᠦᠭᠡᠮᠡᠯᠵᠢᠯᠳᠡ ᠨᠢ ᠺᠠᠳ᠋ᠷ ᠴᠠᠭᠳᠠᠭ᠎ᠠ ᠨᠢᠭᠡᠪᠦᠷᠢ ᠶᠢ ᠦᠭᠡ ᠶᠠᠷᠢᠶ᠎ᠠ ᠦᠢᠯᠡ | ᠠᠵᠢᠯᠯᠠᠭ᠎ᠠ ᠪᠠᠨ ᠴᠠᠭ ᠢᠮᠠᠭᠲᠠ ᠬᠢᠨᠠᠨ ᠰᠡᠷᠡᠮᠵᠢᠯᠡᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠲᠡᠳᠡᠨ ᠢ ᠢᠲᠡᠭᠡᠯ ᠳᠡᠬᠦᠯᠳᠡᠷ᠂ ᠠᠭᠤᠳᠠᠮ ᠪᠠᠭᠳᠠᠭᠠᠮᠵᠢᠳᠠᠢ | ᠪᠠᠶᠢᠯᠭᠠᠨ᠂ ︽ᠬᠦᠡᠭᠭᠡᠨ ᠠᠯᠳᠠᠭ᠎ᠠ︾ ᠭᠠᠷᠭᠠᠬᠤ ᠠᠴᠠ ᠨᠢ ᠵᠠᠶᠢᠯᠠᠰᠬᠢᠵᠤ ᠴᠢᠳᠠᠬᠰᠠᠨ ᠪᠠᠶᠢᠨ᠎ᠠ᠃ | 2012 ᠤᠨ ᠪᠣᠯ ᠶᠠᠭ ᠣᠷᠳᠣᠰ ᠤᠨ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠵᠢᠭᠤᠷᠠᠯᠳᠤᠭᠠᠨ ᠣᠯᠠᠨ ᠡᠭᠦᠰᠦᠭᠰᠡᠨ ᠬᠤᠭᠤᠴᠠᠭ᠎ᠠ ᠪᠣᠯᠤᠨ᠎ᠠ᠂ | ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠡᠷᠡᠭ ᠢ ᠰᠢᠢᠳᠪᠤᠷᠢᠯᠡᠬᠦ ᠬᠥᠮᠦᠨ ᠭᠠᠭᠴᠠᠬᠠᠨ ᠰᠡᠴᠡᠨ ᠪᠢᠰᠢ ᠪᠠᠶᠢᠬᠰᠠᠨ ᠴᠤ ᠬᠠᠷᠢᠨ ᠳᠡᠷᠡ ᠪᠠᠭ᠎ᠠ ᠦᠭᠡᠢ ᠬᠦᠴᠦ | ᠵᠠᠷᠤᠴᠠᠭᠤᠯᠤᠬᠰᠠᠨ ᠪᠠᠶᠢᠯ᠎ᠠ᠃ | ᠱᠠᠬᠳᠠᠷ ᠤᠨ ᠤᠯᠢᠢᠶᠠᠰᠤ ᠲᠣᠰᠬᠤᠨ ᠳᠤ ᠰᠠᠭᠤᠵᠤ ᠪᠠᠶᠢᠭ᠎ᠠ ᠸᠠᠩ ᠣᠪᠣᠭᠲᠤ ᠸᠠᠨ ᠣᠪᠣᠭᠲᠤ ᠶᠢ ᠵᠠᠭᠠᠯᠳᠤᠵᠤ ᠵᠢᠭᠡᠯᠡᠭᠰᠡᠨ ᠵᠣᠭᠤᠰ ᠢᠶᠠᠨ ᠲᠦᠯᠦᠬᠦᠯᠬᠦ ᠪᠠᠷ | ᠱᠠᠭᠠᠷᠳᠠᠭᠰᠠᠨ ᠳᠤ᠂ ᠰᠢᠭᠦᠭᠴᠢ ᠶᠢᠨ ᠵᠣᠬᠢᠴᠠᠭᠤᠯᠭ᠎ᠠ ᠳᠣᠣᠷ᠎ᠠ ᠬᠤᠶᠠᠷ ᠡᠲᠡᠭᠡᠳ ᠢᠶᠠᠷ ᠢᠶᠠᠨ ᠡᠶᠡᠳᠡᠭᠦᠯᠭᠡ ᠶᠢᠨ ᠬᠡᠯᠡᠯᠴᠡᠭᠡᠷ ᠲᠣᠭᠲᠠᠵᠤ᠂ ᠸᠠᠨ ᠣᠪᠣᠭᠲᠤ ᠸᠠᠩ | ᠣᠪᠣᠭᠲᠤ ᠳᠤ ᠡᠬᠡ ᠮᠦᠡᠭᠬᠦ ᠪᠠ ᠬᠦᠦ ᠮᠦᠡᠭᠬᠦ ᠶᠢ ᠨᠡᠶᠢᠲᠡ 17 ᠲᠦᠮᠡᠨ ᠲᠥᠭᠦᠷᠢᠭ ᠪᠤᠴᠠᠭᠠᠬᠤ ᠪᠠᠷ ᠪᠤᠯᠵᠠᠢ᠃ ᠬᠡᠳᠦ᠋ᠢᠪᠡᠷ ᠬᠡᠷᠡᠭ ᠢ ᠰᠢᠭᠦᠵᠦ ᠳᠠᠭᠤᠰᠬᠠᠭᠰᠠᠨ | ᠪᠣᠯᠪᠠᠴᠤ ᠠᠰᠠᠭᠤᠳᠠᠯ ᠨᠢ ᠰᠢᠢᠳᠪᠤᠷᠢᠯᠡᠭᠳᠡᠭᠡᠳᠦᠢ ᠪᠤᠯᠬᠤ ᠶᠢ ᠬᠡᠨ ᠪᠣᠳᠣᠵᠤ ᠤᠯᠬᠤ ᠪᠤᠢ᠂ ᠸᠠᠩ ᠣᠪᠣᠭᠲᠤ ᠭᠠᠩᠰᠠᠷᠠᠬᠤ ᠡᠪᠡᠳᠴᠢᠨ ᠳᠤ ᠨᠡᠷᠪᠡᠭᠳᠡᠭᠡᠳ᠂ | ᠵᠢᠩᠬᠢᠨᠢ ᠭᠦᠢᠴᠡᠳᠬᠡᠬᠦ ᠵᠢᠷᠤᠮ ᠢ ᠶᠠᠪᠤᠭᠤᠯᠤᠬᠰᠠᠨ ᠦᠭᠡᠢ ᠮᠦ᠋ᠷᠳᠡᠭᠡᠨ ᠭᠡᠳᠡᠷᠭᠦ ᠪᠠᠨ ᠬᠠᠷᠢᠨ ᠬᠡᠷᠡᠭ ᠢ ᠳᠠᠭᠠᠭᠠᠨ ᠰᠢᠢᠳᠪᠤᠷᠢᠯᠡᠭᠰᠡᠨ ᠰᠢᠭᠦᠭᠴᠢ ᠲᠠᠢ ᠵᠢᠭᠤᠷᠠᠯᠳᠤᠵᠤ | ᠂ ᠰᠢᠭᠦᠭᠴᠢ ᠪᠠᠷ ᠵᠣᠭᠤᠰ ᠢᠶᠠᠨ ᠠᠪᠤᠭᠤᠯᠬᠤ ᠪᠠᠷ ᠱᠠᠭᠠᠷᠳᠠᠬᠰᠠᠨ ᠪᠠᠶᠢᠨ᠎ᠠ᠂ ᠸᠠᠩ ᠤᠪᠤᠬᠳᠤ ᠰᠢᠬᠦᠭᠴᠢ ᠶᠢᠨ ᠠᠯᠪᠠᠨ ᠭᠡᠷ ᠤᠨ ᠡᠬᠦᠳᠡ ᠶᠢ ᠨᠢ ᠬᠠᠰᠢᠵᠤ | ᠲᠡᠭᠦᠨ ᠢ ᠭᠠᠳᠠᠭᠰᠢ ᠭᠠᠷᠭᠠᠬᠤ ᠦᠭᠡᠢ ᠮᠦᠷᠳᠡᠭᠡᠨ ᠬᠠᠭᠠᠰ ᠡᠳᠦᠷ ᠥᠩᠭᠡᠷᠡᠭᠰᠡᠨ ᠴᠤ᠂ ᠵᠣᠷᠯᠣᠩ ᠳᠤ ᠪᠠᠰᠠ ᠶᠠᠪᠤᠭᠤᠯᠬᠤ ᠦᠭᠡᠢ ᠪᠠᠷ ᠰᠢᠭᠦᠭᠴᠢ ᠳᠤ | ᠵᠣᠪᠠᠯᠠᠩ ᠢᠶᠠᠨ ᠲᠣᠭᠠᠴᠢᠭᠠᠳ ᠵᠤᠬᠰᠤᠬᠤ ᠦᠭᠡᠢ ᠪᠠᠶᠢᠪᠠ᠃ ᠡᠨᠡ ᠴᠢᠮᠡᠭᠡ ᠶᠢ ᠰᠣᠨᠣᠰᠤᠭᠠᠳ᠂ ᠰᠡᠴᠡᠨ ᠲᠡᠳᠡᠨ ᠢ ᠬᠠᠪᠰᠤᠷᠤᠨ ᠤᠯᠤᠯᠴᠠᠭᠤᠯᠬᠤ ᠪᠠᠷ ᠬᠦᠷᠴᠤ | ᠢᠷᠡᠭᠰᠡᠨ ᠪᠠᠶᠢᠨ᠎ᠠ᠃ | ᠸᠠᠩ ᠣᠪᠣᠭᠲᠤ ᠰᠡᠴᠡᠨ ᠢ ᠣᠯᠵᠤ ᠦᠵᠡᠭᠰᠡᠨ ᠤ ᠳᠠᠷᠠᠭ᠎ᠠ᠂ ᠬᠦᠯ ᠢ ᠨᠢ ᠲᠡᠪᠡᠷᠢᠭᠡᠳ ᠲᠠᠯᠪᠢᠵᠤ ᠦᠭᠬᠦ ᠦᠭᠡᠢ ᠰᠠᠨᠳᠤᠷᠭᠠᠨᠠ᠃ ᠨᠢᠭᠡ ᠡᠳᠦᠷ | ᠵᠢᠭᠤᠷᠠᠯᠳᠤᠬᠰᠠᠨ ᠤ ᠬᠤᠶᠢᠨ᠎ᠠ᠂ ᠠᠷᠭ᠎ᠠ ᠪᠤᠰᠤ ᠳᠡᠭᠡᠳᠦ ᠱᠠᠲᠤᠨ ᠠᠴᠠ ᠸᠠᠩ ᠣᠪᠣᠭᠲᠤ ᠶᠢ ᠲᠦᠷ ᠬᠤᠷᠢᠬᠤ ᠳᠤᠷᠠᠳᠤᠯᠭ᠎ᠠ ᠭᠠᠷᠭᠠᠵᠡᠢ᠂ ᠳᠡᠭᠡᠬᠦ ᠳᠤ | ᠰᠡᠴᠡᠨ ᠬᠠᠷᠢᠨ ᠵᠥᠪᠰᠢᠶᠡᠷᠡᠭᠰᠡᠨ ᠦᠭᠡᠢ᠃ ᠳᠠᠬᠢᠨ ᠳᠠᠪᠲᠠᠨ ᠢᠳᠬᠠᠬᠤ ᠶᠢᠨ ᠰᠠᠶᠢᠨ ᠢᠶᠠᠷ ᠸᠠᠩ ᠣᠪᠣᠭᠲᠤ ᠡᠴᠦᠰ ᠲᠡᠭᠡᠨ ᠠᠮᠠ ᠨᠢ ᠵᠦᠭᠡᠯᠡᠷᠡᠵᠤ᠂ ᠲᠡᠭᠦᠨ ᠳᠤ | 6 ᠲᠦᠮᠡ 1 ᠮᠢᠩᠭᠠᠨ ᠲᠥᠭᠦᠷᠢᠭ ᠥᠭᠴᠦ ᠳᠡᠶᠢᠯᠳᠡᠭ ᠯᠡ ᠶᠤᠮ ᠪᠣᠯ ᠲᠡᠷᠡ ᠳᠠᠷᠤᠶ ᠵᠠᠯᠭᠠᠮᠵᠢ ᠵᠣᠭᠤᠰ ᠢ ᠨᠢ ᠬᠤᠶᠢᠰᠢᠯᠠᠭᠤᠯᠵᠤ ᠬᠡᠷᠡᠭᠵᠢᠭᠦᠯᠵᠤ᠂ ᠪᠠᠰᠠ ᠰᠢᠭᠦᠬᠦ | ᠬᠤᠷᠢᠶᠠᠨ ᠳᠤ ᠢᠷᠡᠵᠦ ᠳᠠᠬᠢᠨ ᠬᠡᠷᠡᠭ ᠥᠳᠥᠭᠡᠬᠦ ᠦᠭᠡᠢ ᠭᠡᠵᠦ ᠠᠮᠠᠯᠳᠠᠪᠠ᠃ ᠠᠮᠠᠨ ᠪᠠᠲᠤᠯᠠᠭ᠎ᠠ ᠶᠢ ᠨᠢ ᠠᠪᠤᠬᠰᠠᠨ ᠤ ᠳᠠᠷᠠᠭ᠎ᠠ ᠰᠡᠴᠡᠨ ᠦᠪᠡᠷ ᠢᠶᠠᠨ 3 ᠲᠦᠮᠡ | 1 ᠮᠢᠩᠭᠠᠨ ᠲᠥᠭᠦᠷᠢᠭ ᠭᠠᠷᠭᠠᠵᠤ᠂ ᠪᠤᠰᠤᠳ ᠠᠴᠠ 3 ᠲᠦᠮᠡᠨ ᠲᠥᠭᠦᠷᠢᠭ ᠵᠢᠭᠡᠯᠡᠵᠦ ᠪᠠᠶᠢᠭᠠᠳ᠂ ᠸᠠᠩ ᠣᠪᠣᠭᠲᠤ ᠶᠢ ᠢᠳᠬᠠᠨ ᠶᠠᠪᠤᠭᠤᠯᠤᠬᠰᠠᠨ ᠪᠠᠶᠢᠨ᠎ᠠ᠃ | ᠰᠡᠴᠡᠨ ᠤ ᠭᠠᠷᠭᠠᠬᠰᠠᠨ 3 ᠲᠦᠮᠡᠨ ᠲᠥᠭᠦᠷᠢᠭ ᠢ 2018 ᠤᠨ ᠪᠣᠯᠣᠭᠠᠳ ᠰᠠᠶ᠋ᠢ ᠪᠤᠴᠠᠭᠠᠵᠤ ᠦᠭᠴᠡᠢ᠃ | ᠮᠠᠰᠢ ᠣᠯᠠᠨ ᠬᠥᠮᠦᠰ ᠲᠡᠭᠦᠨ ᠤ ᠡᠶᠢᠮᠤᠷᠬᠦ ᠬᠢᠬᠦ ᠠᠷᠭ᠎ᠠ ᠶᠢ ᠣᠶᠢᠯᠠᠭᠠᠳᠠᠭ ᠦᠭᠡᠢ ᠪᠠᠶᠢᠯ᠎ᠠ᠂ ᠲᠤᠬᠠᠶ ᠶᠢᠨ ᠬᠥᠮᠦᠨ ᠤ ᠦᠢᠮᠡᠭᠡᠨ ᠳᠡᠭᠳᠡᠭᠡᠭᠰᠡᠨ ᠪᠠᠶᠢᠳᠠᠯ | ᠲᠣᠬᠢᠶᠠᠯᠳᠤᠪᠠᠯ᠂ ᠬᠠᠤᠯᠢ ᠶᠢᠨ ᠴᠠᠭᠳᠠᠭ᠎ᠠ᠂ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠪᠠᠶᠢᠪᠠᠯ᠂ ᠨᠠᠩ ᠵᠥᠪ ᠰᠢᠢᠳᠪᠤᠷᠢᠯᠡᠬᠦ ᠠᠷᠭ᠎ᠠ ᠪᠤᠯᠤᠨ᠎ᠠ᠂ ᠰᠢᠭᠦᠭᠴᠢ᠂ | ᠲᠢᠩᠬᠢᠮ ᠤᠨ ᠳᠠᠷᠤᠭ᠎ᠠ ᠵᠣᠬᠢᠴᠠᠭᠤᠯᠤᠨ ᠰᠢᠢᠳᠪᠤᠷᠢᠯᠡᠬᠦ ᠴᠢᠬᠤᠯᠠ ᠦᠭᠡᠢ᠂ ᠨᠠᠩ ᠴᠤ ᠥᠪᠡᠷ ᠢᠶᠠᠨ ᠵᠣᠭᠤᠰ ᠭᠠᠷᠭᠠᠵᠤ ᠲᠤᠬᠠᠶ ᠶᠢᠨ ᠬᠥᠮᠦᠨ ᠢ | ᠳᠠᠶᠢᠳᠬᠤᠷᠠᠭᠤᠯᠬᠤ ᠴᠢᠬᠤᠯᠠ ᠦᠭᠡᠢ᠂ ᠢᠡᠭᠬᠢᠵᠤ ᠬᠢᠬᠦ ᠨᠢ ᠦᠬᠡᠨᠴᠡ ᠲᠤᠷᠤᠢ᠂ ᠪᠤᠷᠤᠭᠤᠳᠠᠬᠰᠠ ᠠᠷᠭ᠎ᠠ ᠬᠢᠳᠡᠯ ᠪᠠᠶᠢᠵᠤ᠂ ᠲᠣᠯᠣᠭᠠᠶ ᠪᠥᠬᠦ᠋ᠢᠵᠦ ᠪᠠᠶᠢᠨ᠎ᠠ ᠭᠡᠮᠡᠨ | ᠦᠵᠡᠳᠡᠭ᠃ ᠭᠡᠪᠡᠴᠦ ᠰᠡᠴᠡᠨ ᠬᠠᠷᠢᠨ᠄ ︽ ᠬᠠᠤᠯᠢ ᠵᠦᠶ ᠵᠠᠷᠢᠮ ᠳᠠᠭᠠᠨ ᠪᠠᠰᠠ ᠨᠠᠶᠢᠷ ᠲᠠᠯ᠎ᠠ ᠶᠢ ᠬᠠᠷᠠᠳᠠᠭ᠃ ᠲᠤᠬᠠᠶ ᠶᠢᠨ ᠬᠥᠮᠦᠨ ᠤ ᠵᠣᠭᠰᠣᠴᠠ ᠠᠴᠠ ᠪᠢ | ᠲᠡᠭᠦᠨ ᠤ ᠲᠤᠰᠠᠯᠠᠮᠵᠢ ᠦᠭᠡᠢ ᠭᠠᠴᠢᠬᠳᠠᠵᠤ ᠪᠠᠶᠢᠭ᠎ᠠ ᠶᠢ ᠣᠢᠢᠯᠠᠭᠠᠵᠤ ᠪᠠᠶᠢᠨ᠎ᠠ᠃ ᠲᠡᠳᠡᠨ ᠤ ᠭᠡᠷ ᠤᠨ ᠪᠠᠶᠢᠳᠠᠯ ᠪᠣᠯᠤᠨ ᠤᠷᠮ᠎ᠠ ᠰᠡᠳᠬᠢᠯᠭᠡ ᠶᠢ ᠤᠮᠳᠤᠭᠠᠢᠢᠯᠠᠵᠤ | ᠪᠣᠯᠬᠤ ᠦᠭᠡᠢ᠃ ᠮᠢᠨᠦ ᠨᠢᠭᠡ ᠬᠥᠳᠡᠯᠦᠯ ᠪᠠᠶᠢᠳᠠᠯ ᠨᠢ ᠨᠢᠭᠡ ᠭᠡᠷ ᠪᠦᠯᠢ᠂ ᠨᠢᠭᠡ ᠬᠥᠮᠦᠨ ᠤ ᠡᠷᠡᠭᠦᠯ ᠴᠢᠭᠢᠷᠠᠭ ᠪᠠ ᠠᠮᠢ ᠨᠠᠰᠤ ᠶᠢ ᠠᠪᠤᠷᠠᠭᠰᠠᠨ ᠪᠠᠶᠢᠵᠤ ᠮᠡᠳᠡᠨ᠎ᠡ᠃ | ᠳᠡᠶᠢᠮᠤ ᠪᠠᠷ ᠢᠶᠠᠨ ᠪᠢ ᠦᠪᠡᠷ ᠤᠨ ᠬᠢᠭᠰᠡᠨ ᠢᠶᠠᠨ ᠦᠨ᠎ᠠ ᠪᠠᠨ᠎ᠠ ᠲᠠᠢ︾ ᠭᠡᠵᠤ ᠪᠤᠳᠤᠳᠠᠭ ᠭᠡᠨ᠎ᠠ᠃ | ᠬᠠᠤᠯᠢ ᠴᠠᠭᠠᠵᠠ ᠨᠢ ᠳᠦᠪ ᠴᠢᠩᠭ᠎ᠠ ᠭᠡᠪᠰᠢᠮᠡᠯ ᠪᠠᠶᠢᠳᠠᠭ ᠭᠡᠬᠦ ᠳᠤ᠂ ᠬᠦᠮᠤᠨ ᠤ ᠨᠠᠶᠢᠷ ᠰᠡᠳᠬᠢᠯᠭᠡ ᠨᠢ ᠨᠢᠩᠵᠢᠨ ᠵᠦᠭᠡᠯᠡᠨ ᠬᠦᠮᠦᠡᠯᠢᠭ ᠰᠢᠨᠵᠢ ᠲᠠᠢ | ᠪᠠᠶᠢᠳᠠᠭ᠃ ᠬᠠᠤᠯᠢ ᠴᠠᠭᠠᠵᠠ ᠶᠢᠨ ᠭᠡᠪᠴᠢᠶᠠᠨ ᠳᠤ᠂ ᠬᠠᠤᠯᠢ ᠴᠠᠭᠠᠵᠠ ᠶᠢᠨ ᠲᠥᠪ ᠭᠤᠣᠯᠴᠢ ᠶᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠰᠡᠴᠡᠨ ᠡᠮᠡᠭᠲᠡᠢ | ᠬᠦᠮᠤᠨ ᠤ ᠡᠶᠡᠯᠳᠡᠭ ᠵᠥᠭᠡᠯᠡᠨ ᠵᠠᠩ ᠢᠶᠠᠷ ᠢᠶᠠᠨ ᠬᠥᠮᠦᠰ ᠢ ᠳᠤᠯᠠᠭᠠᠴᠠᠭᠤᠯᠤᠨ᠂ ᠬᠥᠮᠦᠰ ᠢ ᠤᠶᠠᠷᠠᠭᠤᠯᠵᠤ ᠢᠷᠡᠵᠡᠢ᠃ ᠲᠤᠬᠠᠶ ᠶᠢᠨ ᠬᠥᠮᠦᠨ ᠬᠦᠴᠢᠷᠳᠡᠯ ᠳᠤ | ᠲᠤᠯᠭᠠᠷᠠᠬᠤ ᠪᠤᠯᠭᠠᠨ᠂ ᠳᠡᠷᠡ ᠬᠠᠪᠰᠤᠷᠤᠯᠭ᠎ᠠ ᠳᠡᠮᠵᠢᠯᠭᠡ ᠦᠵᠡᠬᠦᠯᠵᠤ᠂ ᠵᠤᠭᠤᠰ ᠮᠦᠡᠭᠬᠦ ᠪᠠᠷ ᠳᠤᠰᠠᠯᠠᠬᠰᠠᠭᠠᠷ ᠪᠠᠶᠢᠭᠠᠳ ᠵᠢᠯ ᠪᠦᠷᠢ ᠡᠳᠡᠭᠡᠷ ᠤᠴᠢᠷ ᠶᠠᠪᠤᠳᠠᠯ | ᠳᠡᠭᠡᠷ᠎ᠠ 5000 ᠭᠠᠷᠤᠢ ᠲᠥᠭᠦᠷᠢᠭ ᠢ ᠠᠷᠤᠴᠠᠭᠤᠯᠳᠠᠭ ᠪᠠᠶᠢᠨ᠎ᠠ᠃ ᠲᠡᠭᠦᠨ ᠤ ᠰᠠᠶᠢᠨ ᠰᠠᠨᠠᠭ᠎ᠠ ᠨᠢ ᠴᠦ ᠠᠷᠠᠳ ᠣᠯᠠᠨ ᠤ ᠰᠡᠳᠬᠢᠯ ᠢ ᠳᠣᠭᠳᠣᠯᠤᠭᠤᠯᠵᠤ᠂ | ᠬᠦᠮᠤᠰ ᠳᠡᠬᠦᠨ ᠢ ᠦᠪᠡᠷ ᠤᠨ ᠢᠶᠠᠨ ᠳᠤᠳᠤᠨᠤ ᠬᠦᠮᠤᠨ ᠢᠶᠠᠷ ᠦᠵᠡᠳᠡᠭ ᠪᠤᠯᠵᠠᠢ᠃ | ᠰᠡᠴᠡᠨ ᠤ ᠠᠯᠪᠠᠨ ᠭᠡᠷ ᠲᠤ ᠵᠠᠩ ᠣᠪᠣᠭᠲᠠᠨ ᠤ ᠡᠬᠡᠨᠡᠷ᠂ ᠯᠢ ᠣᠪᠣᠭᠲᠠᠨ ᠤ ᠬᠦᠦ᠂ ᠸᠠᠩ ᠣᠪᠣᠭᠲᠠᠨ ᠤ ᠡᠪᠤᠭᠡᠨ ᠨᠠᠷ ᠢᠷᠡᠵᠦ ᠳᠤᠭᠤᠷᠢᠬᠤ ᠳᠤᠷᠠᠲᠠᠶ | ᠪᠠᠶᠢᠵᠤ᠂ ᠬᠦᠴᠢᠷ ᠳᠦᠪᠡᠭ ᠳᠤᠯᠭᠠᠷᠠᠬᠰᠠᠨ ᠨᠢ ᠳᠡᠬᠦᠨ ᠠᠴᠠ ᠳᠤᠰᠠᠯᠠᠮᠵᠢ ᠭᠤᠶᠤᠵᠤ᠂ ᠤᠴᠢᠷ ᠦᠭᠡᠢ ᠪᠠᠶᠢᠬᠰᠠᠨ ᠨᠢ ᠴᠤ ᠳᠡᠬᠦᠨ ᠲᠠᠢ ᠰᠤᠯᠠ ᠵᠤᠭᠤᠬᠳᠠᠨ᠂ | ᠪᠠᠰᠠ ᠲᠡᠭᠦᠨ ᠤ ᠭᠠᠷ ᠦᠵᠦᠭᠦᠷ ᠰᠢᠢᠳᠪᠤᠷᠢᠯᠡᠵᠤ ᠪᠠᠶᠢᠭ᠎ᠠ ᠬᠡᠷᠡᠭ ᠶᠠᠪᠤᠳᠠᠯ ᠢ ᠰᠣᠨᠣᠰᠤᠭᠠᠳ ᠲᠡᠭᠦᠨ ᠳᠤ ᠰᠠᠨᠠᠭᠤᠯᠤᠮᠵᠢ ᠭᠠᠷᠭᠠᠵᠤ ᠦᠭᠬᠦ ᠨᠢ ᠴᠤ ᠪᠤᠢ᠃ | ᠣᠳᠣᠬᠠᠨ ᠳᠤ ᠱᠠᠭᠳᠠᠷ ᠤᠨ ᠬᠡᠨ ᠤ ᠬᠡᠷᠡᠭ ᠨᠢ ᠲᠡᠭᠦᠨ ᠤ ᠭᠠᠷ ᠲᠤ ᠣᠷᠣᠪᠠᠯ᠂ ᠲᠡᠷᠡ ᠳᠠᠷᠤᠶ ᠦᠨᠡᠨ ᠰᠡᠳᠬᠢᠯ ᠠᠴᠠ ᠪᠠᠨ ᠤᠴᠢᠵᠤ ᠰᠢᠢᠳᠪᠤᠷᠢᠯᠡᠨ ᠦᠭᠳᠡᠭ | ᠪᠠᠶᠢᠨ᠎ᠠ᠃ | ᠭᠡᠷᠡᠭ ᠰᠢᠬᠦᠵᠤ ᠢᠯᠠᠵᠤ ᠢᠯᠠᠬᠳᠠᠬᠤ ᠨᠢ ᠬᠠᠮᠢᠶ᠎ᠠ ᠦᠭᠡᠢ ᠵᠦᠷᠢᠴᠡᠯ ᠢ ᠡᠶᠡᠳᠡᠬᠦᠯᠵᠤ ᠠᠰᠠᠭᠤᠳᠠᠯ ᠨᠢ ᠰᠢᠢᠳᠪᠤᠷᠢᠯᠡᠬᠦ ᠨᠢ ᠴᠢᠬᠤᠯᠠ | | ᠱᠠᠬᠳᠠᠷ ᠪᠠᠯᠭᠠᠰᠤᠨ ᠳᠤ ᠶᠠᠮᠠᠷ ᠴᠤ ᠶᠡᠭᠡ ᠬᠡᠷᠡᠭ ᠴᠢᠬᠤᠯᠠ ᠬᠡᠷᠡᠭ ᠭᠡᠰᠡᠨ ᠦᠭᠡᠢ᠂ ᠴᠢᠨᠠᠬᠰᠢᠯᠠᠪᠠᠯ ᠭᠡᠷ ᠵᠠᠭᠤᠷ᠎ᠠ ᠶᠢᠨ ᠭᠡᠷᠡᠬᠦᠯ ᠮᠠᠷᠭᠤᠭᠠᠨ᠂ ᠬᠥᠷᠰᠢ | ᠵᠡᠷᠭᠡᠯᠡᠳᠡᠭᠡ ᠶᠢᠨ ᠵᠢᠭᠤᠷᠠᠯᠳᠤᠭᠠᠨ᠂ ᠵᠠᠮ ᠬᠠᠷᠢᠯᠴᠠᠭᠠᠨ ᠤ ᠭᠡᠨᠡᠳᠡᠯ᠂ ᠬᠥᠳᠡᠯᠮᠦᠷᠢ ᠦᠢᠯᠡᠴᠢᠯᠡᠭᠡᠨ ᠤ ᠵᠢᠭᠤᠷᠠᠯᠳᠤᠭᠠᠨ ᠁ ᠡᠳᠡᠭᠡᠷ ᠡᠪ ᠡᠩ ᠤᠨ ᠠᠷᠰᠠᠷ | ᠶᠠᠪᠤᠳᠠᠯ ᠳᠤ ᠠᠪᠴᠤ ᠬᠡᠯᠡᠪᠡᠯ᠂ ᠭᠡᠨ ᠤ ᠬᠢᠨᠢ ᠵᠦᠪ ᠪᠤᠷᠤᠭᠤ ᠭᠡᠬᠦ ᠶᠢᠨ ᠢᠯᠭᠠᠭ᠎ᠠ ᠦᠭᠡᠢ ᠪᠠᠶᠢᠵᠤ᠂ ᠨᠡᠩ ᠴᠤ ᠭᠡᠨ ᠨᠢ ᠢᠯᠠᠵᠤ ᠢᠯᠠᠬᠳᠠᠬᠤ ᠶᠢᠨ ᠤᠴᠢᠷ ᠪᠢᠰᠢ | ᠴᠦᠮ ᠯᠠ ᠰᠢᠢᠳᠪᠤᠷᠢᠯᠡᠬᠦ ᠴᠢᠬᠤᠯᠠ ᠲᠠᠢ ᠪᠠᠶᠢᠳᠠᠭ᠃ | ︽ᠬᠡᠷᠪᠡ ᠡᠮᠨᠡᠯᠭᠡ ᠶᠢᠨ ᠬᠤᠷᠢᠶ᠎ᠠ ᠨᠠᠳᠠ ᠳᠤ ᠵᠣᠭᠤᠰ ᠲᠥᠯᠥᠵᠦ ᠥᠭᠬᠦ ᠦᠭᠡᠢ ᠪᠣᠯ᠂ ᠪᠢ ᠳᠠᠷᠤᠢ ᠲᠡᠳᠡᠨ ᠤ ᠬᠤᠷᠢᠶᠠᠨ ᠳᠠᠷᠤᠭ᠎ᠠ ᠶᠢ ᠠᠯᠠᠬᠤ ᠪᠠᠷ ᠣᠴᠢᠨ᠎ᠠ᠂ | ᠶᠠᠭᠤ ᠴᠤ ᠭᠡᠰᠡᠨ ᠪᠢ ᠪᠠᠰᠠ ᠠᠮᠢᠳᠤᠷᠠᠵᠤ ᠳᠡᠶᠢᠯᠬᠦ ᠦᠭᠡᠢ ᠪᠤᠯᠴᠢᠬᠠᠬᠰᠠᠨ ᠶᠤᠮ ᠴᠢᠨᠢ︾ ᠭᠡᠵᠤ ᠶᠠᠷᠢᠬᠰᠠᠨ ᠨᠢᠭᠡ ᠬᠦᠮᠤᠨ 2018 ᠣᠨ ᠤ ᠴᠠᠭᠠᠨ ᠰᠠᠷ᠎ᠠ | ᠰᠠᠶ᠋ᠢᠬᠠᠨ ᠥᠩᠭᠡᠷᠡᠵᠤ ᠪᠠᠶᠢᠬᠤ ᠳᠤ᠂ ᠰᠡᠴᠡᠨ ᠤ ᠠᠯᠪᠠᠨ ᠬᠡᠷ ᠲᠤ ᠢᠷᠡᠪᠡ᠃ ᠠᠯᠪᠠᠨ ᠭᠡᠷ ᠲᠤ ᠡᠨᠡ ᠢᠷᠡᠭᠰᠡᠨ ᠴᠧᠨ ᠣᠪᠣᠭᠲᠤ ᠪᠣᠯ ᠡᠮᠴᠢ ᠡᠪᠡᠳᠴᠢᠲᠡᠨ ᠤ | ᠵᠢᠭᠤᠷᠠᠯᠳᠤᠭᠠᠨ ᠤ ᠬᠡᠷᠡᠭ ᠤᠨ ᠵᠠᠭᠠᠯᠳᠤᠭᠴᠢ ᠪᠠᠶᠢᠵᠤ᠂ ᠥᠪᠡᠷ ᠤᠨ ᠵᠠᠷᠭᠤ ᠶᠢᠨ ᠱᠠᠭᠠᠷᠳᠠᠯᠭ᠎ᠠ ᠨᠢ ᠳᠡᠮᠵᠢᠯᠭᠡ ᠣᠯᠵᠤ ᠴᠢᠳᠠᠬᠤ ᠦᠭᠡᠢ ᠭᠡᠳᠡᠭ ᠢ ᠮᠡᠳᠡᠭᠰᠡᠨ ᠤ | ᠳᠠᠷᠠᠭ᠎ᠠ᠂ ᠠᠮᠢᠳᠤᠷᠠᠯ ᠤᠨ ᠶᠠᠳᠠᠭᠤ ᠵᠦᠳᠡᠭᠦᠦ ᠪᠠᠶᠢᠳᠠᠯ ᠪᠠ ᠭᠡᠷ ᠪᠦᠯᠢ ᠶᠢᠨ ᠬᠢᠨ ᠤ ᠡᠪ ᠨᠠᠶᠢᠷ ᠦᠭᠡᠢ ᠪᠠᠶᠢᠳᠠᠯ ᠨᠢ ᠳᠡᠬᠦᠨ ᠳᠤ ᠥᠰᠢᠶ᠎ᠡ ᠠᠪᠬᠤ ᠪᠣᠳᠣᠯ | ᠲᠥᠷᠥᠭᠦᠯᠵᠦ᠂ ᠰᠡᠴᠡᠨ ᠢ ᠰᠣᠴᠢᠭᠠᠪᠠ᠃ | ᠴᠧᠨ ᠣᠪᠣᠭᠲᠤ ᠪᠣᠯ ᠨᠢᠭᠡᠨ ᠭᠠᠵᠠᠷ ᠳᠡᠪᠢᠰᠴᠦ ᠬᠥᠯᠥᠰᠥᠨ ᠠᠵᠢᠯ ᠬᠢᠵᠦ ᠵᠣᠭᠤᠰ ᠣᠯᠳᠠᠭ ᠭᠠᠳᠠᠷ ᠤᠷᠤᠨ ᠤ ᠬᠥᠮᠦᠨ᠂ ᠠᠮᠢᠳᠤᠷᠠᠯ ᠨᠢ ᠲᠦᠢᠯ ᠤᠨ | ᠬᠦᠴᠢᠷ ᠲᠠᠢ᠃ ᠳᠥᠷᠪᠡᠨ ᠥᠬᠢᠨ ᠲᠠᠢ᠂ ᠡᠬᠡᠨᠡᠷ ᠨᠢ ᠳᠠᠪᠤᠳᠤᠭᠠᠷ ᠬᠡᠤᠬᠡᠳ ᠢᠶᠠᠨ ᠵᠢᠷᠮᠤᠰᠤᠯᠡᠭᠰᠡᠨ ᠤ ᠳᠠᠷᠠᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠳᠤ ᠬᠦᠷᠴᠦ B ᠬᠡᠲᠦ ᠳᠣᠯᠭᠢᠶᠠᠨ ᠬᠢᠯᠭᠡᠵᠦ ᠦᠵᠡᠵᠡᠢ᠂ ᠬᠡᠤᠬᠡᠳ ᠨᠢ ᠲᠥᠷᠥᠭᠰᠡᠨ ᠤ ᠳᠠᠷᠠᠭ᠎ᠠ ᠬᠡᠳᠦ᠋ᠢᠪᠡᠷ ᠨᠢᠭᠡ ᠬᠦᠦ ᠲᠠᠢ ᠪᠤᠯᠤᠬᠰᠠᠨ ᠴᠤ ᠪᠡᠶ᠎ᠡ | ᠨᠢ ᠵᠡᠮᠳᠡᠭ ᠪᠠᠶᠢᠵᠤ᠂ ᠵᠡᠭᠦᠨ ᠭᠠᠷ ᠤᠨ ᠲᠣᠬᠤᠢ ᠶᠢᠨ ᠦᠶ᠎ᠠ ᠠᠴᠠ ᠳᠣᠷᠣᠭᠰᠢ ᠨᠢ ᠳᠤᠲᠠᠭᠤ ᠪᠠᠶᠢᠪᠠ᠃ ᠴᠧᠨ ᠣᠪᠣᠭᠲᠤ ᠡᠮᠨᠡᠯᠭᠡ ᠶᠢᠨ ᠬᠤᠷᠢᠶ᠎ᠠ ᠶᠢ | ᠬᠡᠦᠬᠡᠳ ᠤᠨ ᠬᠢᠨᠢ ᠵᠡᠮᠳᠡᠭ ᠢ ᠬᠡᠯᠡᠵᠦ ᠥᠭᠭᠦᠭᠰᠡᠨ ᠦᠭᠡᠢ ᠪᠤᠯᠬᠤᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠦᠵᠡᠭᠡᠳ ᠰᠢᠭᠦᠬᠦ ᠬᠤᠷᠢᠶᠠᠨ ᠳᠤ 40 ᠲᠦᠮᠡᠨ | ᠲᠥᠭᠦᠷᠢᠭ ᠤᠨ ᠲᠥᠯᠥᠪᠦᠷᠢ ᠠᠪᠬᠤ ᠪᠠᠷ ᠱᠠᠭᠠᠷᠳᠠᠵᠠᠢ᠃ | ᠶᠠᠳᠠᠭᠤ ᠵᠦᠳᠡᠭᠦᠦ ᠲᠡᠷᠡ᠂ ᠠᠳᠡ ᠲᠡᠨᠳᠡ ᠠᠴᠠ ᠵᠤᠭᠤᠰ ᠴᠤᠭᠯᠠᠭᠤᠯᠵᠤ ᠶᠡᠭᠡ ᠬᠡᠮᠵᠢᠶᠡᠨ ᠤ ᠰᠢᠯᠭᠠᠨ ᠲᠣᠭᠲᠠᠭᠠᠬᠤ ᠵᠠᠷᠤᠳᠠᠯ ᠢ ᠭᠠᠷᠭᠠᠭᠰᠡᠨ ᠤ ᠳᠠᠷᠠᠭ᠎ᠠ᠂ | ᠰᠢᠯᠭᠠᠨ ᠲᠣᠭᠲᠠᠭᠠᠭᠰᠠᠨ ᠦᠷ᠎ᠡ ᠳ᠋ᠦᠩ ᠳᠤ ᠨᠢᠯᠬ᠎ᠠ ᠬᠡᠦᠬᠡᠳ ᠤᠨ ᠵᠡᠮᠳᠡᠭ ᠨᠢ ᠡᠮᠨᠡᠯᠭᠡ ᠶᠢᠨ ᠬᠤᠷᠢᠶ᠎ᠠ ᠲᠠᠢ ᠬᠠᠮᠢᠶ᠎ᠠ ᠦᠭᠡᠢ ᠭᠡᠳᠡᠭ ᠢ ᠢᠯᠡᠷᠡᠭᠦᠯᠵᠡᠢ᠃ ᠡᠨᠡ ᠨᠢ | ᠴᠧᠨ ᠣᠪᠣᠭᠲᠤ ᠶᠢ ᠶᠡᠬᠡᠳᠡ ᠳᠤᠷ᠎ᠠ ᠦᠭᠡᠶᠢᠴᠡᠭᠦᠯᠤᠨ᠂ ᠤᠷᠮ᠎ᠠ ᠰᠡᠳᠬᠢᠯᠭᠡ ᠶᠢ ᠨᠢ ᠲᠦᠢᠯ ᠤᠨ ᠳᠣᠭᠳᠠᠪᠤᠷᠢ ᠦᠭᠡᠢ ᠪᠠᠶᠢᠯᠭᠠᠵᠤ᠂ ᠲᠢᠩᠬᠢᠮ ᠤᠨ ᠰᠢᠭᠦᠯᠲᠡ ᠶᠢ | ᠲᠠᠰᠤᠯᠳᠠᠭᠤᠯᠬᠤ ᠦᠭᠡᠢ ᠪᠠᠶᠢᠬᠤ ᠶᠢᠨ ᠠᠷᠭ᠎ᠠ ᠦᠭᠡᠢ ᠪᠣᠯᠭᠠᠪᠠ᠃ ᠬᠤᠶᠠᠷ ᠤᠳᠠᠭ᠎ᠠ ᠲᠢᠩᠬᠢᠮ ᠤᠨ ᠰᠢᠭᠦᠯᠲᠡ ᠬᠢᠭᠰᠡᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ | ᠡᠳᠡᠭᠡᠷ ᠠᠰᠠᠭᠤᠳᠠᠯ ᠤᠨ ᠲᠤᠬᠠᠶ ᠰᠠᠨᠠᠯ ᠨᠢᠭᠡᠳᠬᠦ ᠶᠢᠨ ᠠᠷᠭ᠎ᠠ ᠦᠭᠡᠢ᠂ ᠭᠡᠲᠡᠯ᠎ᠡ ᠡᠨᠡ ᠦᠶ᠎ᠡ ᠳᠤ ᠠᠪᠤ ᠨᠢ ᠬᠦᠨᠳᠦ ᠡᠪᠡᠳᠴᠢᠯᠡᠭᠡᠳ ᠴᠧᠨ ᠣᠪᠣᠭᠲᠤ ᠳᠤ ᠨᠡᠩ | ᠶᠡᠭᠡ ᠳᠠᠷᠤᠯᠲᠠ ᠥᠭᠭᠦᠭᠰᠡᠨ ᠪᠠᠶᠢᠨ᠎ᠠ᠂ ᠡᠨᠡ ᠨᠢ ᠳᠡᠬᠦᠨ ᠢ ᠨᠡᠩ ᠵᠥᠷᠢᠭᠦᠳ ᠪᠥᠭᠡᠳ ᠭᠠᠯᠵᠠᠭᠤᠷᠠᠭᠰᠠᠨ ᠮᠡᠲᠦ ᠪᠣᠯᠭᠠᠪᠠ᠃ | ᠶᠠᠭᠠᠬᠢᠨ᠎ᠠ ᠪᠣᠶ ︖ ᠰᠢᠭᠤᠳ ᠢᠯᠠᠵᠤ ᠢᠯᠠᠭᠳᠠᠬᠤ ᠶᠢ ᠵᠠᠷᠯᠠᠬᠤ ᠳᠤ ᠰᠢᠭᠦᠬᠦ ᠲᠢᠩᠬᠢᠮ ᠥᠪᠡᠷ ᠤᠨ ᠡᠭᠦᠷᠭᠡ ᠪᠠᠨ ᠪᠡᠶᠡᠯᠡᠭᠦᠯᠴᠢᠭᠡᠨᠠ᠃ ᠭᠡᠪᠡᠴᠦ | ᠵᠠᠯᠭᠠᠭᠠᠳ ᠠᠰᠠᠭᠤᠳᠠᠯ ᠭᠠᠷᠤᠨ᠎ᠠ ᠤᠤ ᠦᠭᠡᠢ ᠤᠤ ︖ ᠵᠥᠷᠢᠴᠡᠯ ᠠᠳᠡ ᠬᠦᠷᠦᠭᠡᠳ ᠰᠢᠢᠳᠪᠤᠷᠢᠯᠡᠳᠡᠭᠡ ᠦᠭᠡᠢ ᠮᠥᠷᠲᠡᠭᠡᠨ ᠬᠠᠷᠢᠨ ᠤᠯᠠᠮ ᠰᠢᠷᠦᠭᠦᠰᠪᠡᠯ | ᠶᠠᠭᠠᠬᠢᠬᠤ ᠪᠤᠢ ︖ ᠡᠨᠡ ᠨᠢ ᠰᠡᠴᠡᠨ ᠤ ᠬᠦᠰᠡᠭᠰᠡᠨ ᠦᠷ᠎ᠡ ᠳ᠋ᠦᠩ ᠪᠢᠰᠢ ᠶᠤᠮ᠃ ᠲᠡᠷᠡ ᠵᠢᠭᠤᠷᠠᠯᠳᠤᠭᠠᠨ ᠢᠶᠠᠨ ᠰᠢᠢᠳᠪᠦᠷᠢᠯᠡᠶ᠎ᠡ ᠭᠡᠪᠡᠯ ᠮᠥᠨ ᠯᠡ ᠴᠧᠨ | ᠣᠪᠣᠭᠲᠤ ᠠᠴᠠ ᠭᠠᠷᠳᠠᠬᠤ ᠭᠡᠷᠡᠭᠳᠡᠢ ᠭᠡᠳᠡᠭ ᠢ ᠰᠡᠷᠡᠵᠤ ᠮᠡᠳᠡᠵᠤ ᠪᠠᠶᠢᠯ᠎ᠠ᠃ | ᠴᠧᠨ ᠣᠪᠣᠭᠲᠤ ᠶᠢᠨ ᠭᠡᠷ ᠲᠤ ᠣᠴᠢᠵᠤ ᠪᠠᠶᠢᠳᠠᠯ ᠢ ᠣᠶᠢᠯᠠᠭᠠᠵᠤ᠂ ᠨᠢᠭᠡ ᠭᠡᠷ ᠤᠨ ᠬᠥᠮᠦᠰ ᠤᠨ ᠠᠮᠢᠳᠤᠷᠠᠯ ᠪᠠ ᠣᠶᠤᠨ ᠰᠠᠨᠠᠭᠠᠨ ᠤ ᠪᠠᠶᠢᠳᠠᠯ ᠢ | ᠡᠵᠡᠮᠰᠢᠭᠰᠡᠨ ᠰᠠᠭᠤᠷᠢᠨ ᠳᠡᠭᠡᠷ᠎ᠡ᠂ ᠡᠩ ᠲᠡᠷᠢᠭᠦᠨ ᠳᠤ ᠡᠨᠡ ᠭᠡᠷ ᠤᠨ ᠬᠥᠮᠦᠰ ᠢ ᠳᠠᠬᠢᠨ ᠠᠮᠢᠳᠤᠷᠠᠯ ᠤᠨ ᠢᠲᠡᠭᠡᠯ ᠵᠣᠷᠢᠭ ᠲᠠᠢ ᠪᠣᠯᠭᠠᠬᠤ ᠬᠡᠷᠡᠭᠲᠡᠶ ᠭᠡᠵᠤ ᠰᠡᠴᠡᠨ | ᠦᠵᠡᠭᠰᠡᠨ ᠪᠠᠶᠢᠨ᠎ᠠ᠃ ᠳᠡᠷᠡ ᠪᠠᠷᠢᠨ ᠳᠤᠤᠷ᠎ᠠ ᠨᠢ 500 ᠳᠦᠬᠦᠷᠢᠭ ᠭᠠᠷᠭᠠᠨ ᠶᠡᠭᠡ ᠦᠬᠢᠨ ᠳᠤᠨᠢ ᠦᠭᠴᠤ᠂ ᠰᠠᠶᠢᠨ ᠰᠤᠷᠤᠯᠴᠠ ᠭᠡᠵᠤ ᠵᠠᠬᠢᠵᠠᠢ᠃ ᠳᠤᠰ | ᠤᠷᠤᠢ ᠳᠠᠭᠠᠨ ᠳᠡᠷᠡ ᠭᠡᠷ ᠲᠡᠭᠡᠨ ᠬᠠᠷᠢᠬᠰᠠᠨ ᠤ ᠳᠠᠷᠠᠭ᠎ᠠ᠂ ᠦᠬᠢᠨ ᠤ ᠪᠠᠨ ᠬᠠᠭᠤᠴᠢᠨ ᠬᠤᠪᠴᠠᠰᠤ ᠬᠤᠨᠠᠷ ᠢ ᠳᠡᠭᠰᠢᠯᠡᠵᠤ ᠭᠠᠷᠭᠠᠭᠠᠳ᠂ ᠪᠠᠶᠢᠭᠤᠯᠭ᠎ᠠ ᠠᠴᠠ | ᠪᠠᠨ ᠠᠮᠤ ᠪᠤᠳᠠᠭ᠎ᠠ᠂ ᠭᠤᠯᠢᠷ᠂ ᠳᠤᠰᠤ ᠵᠡᠷᠭᠡ ᠳᠤᠬᠤᠨᠢᠭᠤᠯᠬᠤ ᠡᠳ᠋ ᠪᠤᠳᠠᠰ ᠢ ᠭᠠᠷᠭᠠᠵᠤ᠂ ᠳᠠᠷᠠᠭ᠎ᠠ ᠡᠳᠤᠷ ᠨᠢ ᠬᠠᠮᠳᠤ ᠳᠤᠨᠢ ᠴᠧᠨ ᠤᠪᠤᠬᠳᠤ ᠶᠢᠨ ᠭᠡᠷ ᠲᠤ | ᠬᠦᠷᠭᠡᠨ ᠦᠭᠴᠡᠢ᠃ ᠴᠧᠨ ᠤᠪᠤᠬᠳᠤ ᠶᠢᠨ ᠡᠴᠢᠭᠡ ᠨᠢ ᠬᠦᠨᠳᠤ ᠡᠪᠡᠳᠴᠢᠯᠡᠭᠡᠳ ᠡᠮᠨᠡᠬᠦᠯᠬᠦ ᠵᠤᠭᠤᠰ ᠦᠭᠡᠢ ᠪᠤᠯᠤᠬᠰᠠᠨ ᠤ ᠦᠶ᠎ᠠ ᠳᠤ᠂ ᠰᠡᠴᠡᠨ ᠪᠠᠰᠠ ᠨᠢᠭᠡ | ᠳᠦᠮᠡᠨ ᠳᠦᠬᠦᠷᠢᠭ ᠵᠤᠭᠤᠰ ᠭᠠᠷᠭᠠᠵᠤ ᠳᠤᠰᠠᠯᠠᠵᠤ ᠳᠡᠮᠵᠢᠭᠰᠡᠨ ᠪᠠᠶᠢᠨ᠎ᠠ᠃ ᠡᠳᠡᠭᠡᠷ ᠤᠶᠢᠯᠡ ᠠᠵᠢᠯᠯᠠᠭ᠎ᠠ ᠨᠢ ᠴᠧᠨ ᠤᠪᠤᠬᠳᠤ ᠶᠢᠨ ᠰᠢᠬᠦᠬᠦ ᠳᠢᠩᠬᠢᠮ ᠲᠠᠢ | ᠡᠰᠡᠷᠬᠦᠴᠡᠯᠳᠦᠬᠦ ᠰᠡᠳᠬᠢᠯ ᠢ ᠪᠠᠭ᠎ᠠ ᠪᠠᠭ᠎ᠠ ᠪᠠᠷ ᠤᠶᠠᠷᠠᠭᠠᠵᠤ᠂ ᠬᠦᠮᠤᠰ ᠤᠨ ᠭᠡᠯᠡᠵᠤ ᠶᠠᠷᠢᠬᠤ ᠶᠢ ᠳᠤᠷᠠᠳᠠᠢ ᠰᠤᠨᠤᠰᠤᠨ ᠤᠶᠢᠯᠠᠭᠠᠯᠴᠠᠵᠤ ᠡᠬᠢᠯᠡᠪᠡ᠃ | ᠳᠠᠷᠠᠭ᠎ᠠ ᠨᠢ᠂ ᠰᠡᠴᠡᠠ ᠪᠠᠰᠠ ᠲᠦᠷᠦ ᠶᠢᠨ ᠪᠤᠳᠦᠯᠭ᠎ᠠ ᠶᠢᠨ ᠵᠥᠪᠰᠢᠶᠡᠷᠡᠬᠦ ᠬᠡᠪᠴᠢᠶᠡᠨ ᠳᠤ ᠲᠡᠭᠦᠨ ᠤ ᠵᠠᠷᠭᠤ ᠶᠢᠨ ᠵᠠᠷᠤᠳᠠᠯ ᠢ ᠬᠠᠰᠤᠵᠤ ᠬᠡᠯᠲᠦᠷᠢᠭᠦᠯᠦᠭᠡᠳ | ᠰᠢᠭᠦᠨ ᠲᠠᠰᠤᠯᠤᠯᠳᠠ ᠣᠶᠢᠷᠠᠳᠬᠤ ᠦᠶ᠎ᠡ ᠳᠤ ᠲᠡᠷᠡ ᠴᠧᠨ ᠣᠪᠣᠭᠲᠤ ᠳᠤ ᠬᠡᠷᠪᠡ ᠲᠠᠰᠤᠯᠤᠯᠲᠠ ᠶᠢ ᠬᠦᠯᠢᠶᠡᠬᠦ ᠦᠭᠡᠢ ᠪᠣᠯ ᠳᠡᠭᠡᠭᠰᠢ ᠵᠠᠭᠠᠯᠳᠤᠬᠤ ᠶᠢ ᠰᠣᠩᠭᠤᠵᠤ | ᠪᠣᠯᠤᠨ᠎ᠠ ᠭᠡᠵᠦ ᠬᠡᠯᠡᠵᠦ ᠥᠭᠪᠡ᠃ ᠪᠠᠰᠠ ᠲᠡᠭᠦᠨ ᠢ ᠬᠠᠪᠰᠤᠷᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠲᠠᠢ ᠬᠠᠷᠢᠯᠴᠠᠵᠤ᠂ ᠳᠡᠭᠡᠭᠰᠢ ᠵᠠᠭᠠᠯᠳᠤᠬᠤ ᠵᠠᠷᠤᠳᠠᠯ ᠢ ᠨᠢ | ᠬᠤᠶᠢᠰᠢᠯᠠᠭᠤᠯᠤᠨ ᠲᠤᠰᠢᠶᠠᠯᠭᠠᠪᠠ᠃ ᠡᠭᠦᠨ ᠤ ᠬᠠᠮᠲᠤ᠂ ᠲᠡᠷᠡ ᠱᠠᠬᠳᠠᠷ ᠰᠢᠭᠦᠬᠦ ᠲᠢᠩᠬᠢᠮ ᠤᠨ ᠬᠤᠭᠤᠯᠠᠨ ᠭᠡᠷ ᠤᠨ ᠭᠠᠵᠠᠷ ᠳᠡᠪᠢᠰᠬᠦ ᠠᠵᠢᠯ ᠢ ᠴᠧᠨ | ᠣᠪᠣᠭᠲᠤ ᠳᠤ ᠲᠤᠰᠢᠶᠠᠵᠤ᠂ ᠣᠷᠣᠯᠭ᠎ᠠ ᠶᠢ ᠨᠢ ᠨᠡᠮᠡᠭᠳᠡᠭᠦᠯᠬᠦ ᠪᠠᠷ ᠴᠢᠷᠮᠠᠶᠢᠬᠰᠠᠨ ᠪᠠᠶᠢᠨ᠎ᠠ᠃ | ︽ ᠲᠠ ᠳᠥᠷᠪᠡᠨ ᠰᠠᠶᠢᠬᠠᠨ ᠥᠬᠢᠨ ᠲᠠᠢ᠂ ᠪᠠᠰᠠ ᠭᠡᠷ ᠤᠨ ᠬᠥᠮᠦᠰ ᠲᠠᠢ᠂ ᠴᠢᠨᠦ ᠠᠮᠢᠳᠤᠷᠠᠯ ᠴᠢᠨᠢ ᠵᠠᠷᠭᠤ ᠬᠢᠬᠦ ᠶᠠᠪᠤᠳᠠᠯ ᠲᠡᠳᠦᠶ ᠪᠢᠰᠢ᠂ ᠪᠠᠰᠠ | ᠥᠪᠡᠷ ᠤᠨ ᠪᠡᠶ᠎ᠡ ᠳᠡᠭᠡᠨ ᠲᠦᠰᠢᠭᠯᠡᠵᠦ᠂ ᠬᠥᠳᠡᠯᠮᠦᠷᠢ ᠳᠤ ᠲᠦᠰᠢᠭᠯᠡᠪᠡᠯ ᠮᠥᠨ ᠠᠳᠠᠯᠢᠬᠠᠨ ᠨᠠᠩ ᠰᠠᠶᠢᠨ ᠠᠮᠢᠳᠤᠷᠠᠯ ᠲᠠᠢ ᠪᠣᠯᠤᠨ᠎ᠠ᠃ ᠰᠡᠴᠡᠨ ᠤ | ᠵᠤᠷᠢᠬᠵᠢᠭᠤᠯᠤᠯ ᠢᠶᠠᠷ ᠴᠧᠨ ᠣᠪᠣᠭᠲᠤ ᠶᠢᠨ ᠰᠡᠳᠬᠢᠯ ᠰᠠᠨᠠᠭ᠎ᠠ ᠨᠢ ᠳᠤᠬᠳᠠᠪᠤᠷᠢᠵᠢᠨ ᠭᠤᠷᠢ ᠲᠠᠰᠤᠷᠠᠵᠤ ᠪᠠᠶᠢᠬᠰᠠᠨ ᠠᠴᠠ ᠪᠠᠨ ᠡᠷᠡᠬᠦᠯ ᠤᠬᠠᠭᠠᠨ ᠲᠠᠢ ᠪᠤᠯᠵᠤ᠂ | ᠳᠠᠬᠢᠭᠠᠳ ᠠᠮᠢᠳᠤᠷᠠᠯ ᠳᠠᠭᠠᠨ ᠢᠲᠡᠭᠡᠯ ᠵᠣᠷᠢᠭ ᠲᠠᠢ ᠪᠣᠯᠤᠭᠰᠠᠨ ᠪᠠᠶᠢᠨ᠎ᠠ᠃ ᠨᠢᠭᠡᠳᠦᠭᠡᠷ ᠰᠢᠭᠦᠯᠲᠡ ᠳᠤ ᠵᠠᠷᠭᠤ ᠢᠯᠠᠭᠳᠠᠭᠰᠠᠨ ᠤ ᠲᠠᠷᠠᠭ᠎ᠠ᠂ ᠲᠡᠷᠡ ᠰᠡᠳᠬᠢᠯ | ᠳᠣᠭᠳᠣᠯᠤᠭᠰᠠᠨ ᠦᠭᠡᠢ ᠮᠥᠷᠲᠡᠭᠡᠨ ᠬᠡᠷᠡᠭ ᠳᠠᠳᠠᠬᠰᠡᠨ ᠴᠦ ᠦᠭᠡᠢ᠂ ᠮᠠᠰᠢ ᠯᠠᠪᠳᠠᠭᠤᠨ ᠲᠣᠭᠲᠠᠭᠤᠨ ᠢᠶᠠᠷ ᠳᠡᠭᠡᠭᠰᠢ ᠵᠠᠭᠠᠯᠳᠤᠪᠠ᠃ ᠰᠡᠳᠬᠢᠯ ᠰᠠᠨᠠᠭ᠎ᠠ ᠪᠠᠨ | ᠳᠤᠬᠳᠠᠭᠤᠨ ᠪᠤᠯᠭᠠᠬᠰᠠᠨ ᠴᠧᠨ ᠣᠪᠣᠭᠲᠤ ᠡᠶᠡᠳᠡᠭᠦᠯᠭᠡ ᠬᠢᠬᠦ ᠶᠢ ᠬᠦᠯᠢᠶᠡᠨ ᠠᠪᠴᠤ᠂ ᠳᠡᠷᠡ ᠮᠦᠷᠳᠡᠭᠡᠨ ᠡᠮᠨᠡᠯᠭᠡ ᠶᠢᠨ ᠬᠤᠷᠢᠶ᠎ᠠ ᠲᠠᠢ ᠰᠠᠨᠠᠯ ᠨᠢᠭᠡᠳᠴᠦ᠂ 6 | ᠲᠦᠮᠡᠨ ᠲᠥᠭᠦᠷᠢᠭ ᠤᠨ ᠨᠥᠬᠦᠪᠥᠷᠢ ᠣᠯᠵᠠᠶ᠃ ᠵᠣᠭᠤᠰ ᠢᠶᠠᠨ ᠣᠯᠤᠭᠰᠠᠨ ᠤ ᠳᠠᠷᠠᠭ᠎ᠠ᠂ ᠲᠡᠷᠡ ᠶᠠᠭᠤᠨ ᠤ ᠡᠮᠦᠨ᠎ᠡ ᠰᠡᠴᠡᠨ ᠤ 1 ᠲᠦᠮᠡᠨ ᠲᠥᠭᠦᠷᠢᠭ ᠢ | ᠪᠤᠴᠠᠭᠠᠵᠤ ᠦᠭᠬᠦᠭᠰᠡᠨ ᠪᠠᠶᠢᠨ᠎ᠠ᠃ ᠢᠡᠭᠬᠢᠵᠤ ᠴᠧᠨ ᠤᠪᠤᠬᠳᠤ ᠵᠠᠷᠭᠤ ᠵᠠᠭᠠᠯᠳᠤᠯᠭ᠎ᠠ ᠬᠢᠬᠦ ᠠᠴᠠ ᠪᠠᠨ ᠰᠠᠯᠵᠤ ᠬᠤᠷᠤᠰᠤᠯ ᠵᠠᠨᠤᠯ ᠦᠭᠡᠢ ᠪᠠᠷ ᠰᠢᠨ᠎ᠠ ᠠᠮᠢᠳᠤᠷᠠᠯ | ᠳᠠᠭᠠᠨ ᠴᠢᠷᠮᠠᠶᠢᠬᠤ ᠪᠤᠯᠵᠤ᠂ ᠭᠡᠷᠡᠭ ᠵᠠᠷᠭᠤ ᠨᠢ ᠪᠦᠳᠤᠮᠵᠢᠳᠡᠢ ᠰᠢᠢᠳᠪᠤᠷᠢᠯᠡᠭᠳᠡᠭᠰᠡᠨ ᠪᠠᠶᠢᠨ᠎ᠠ᠃ | ᠰᠡᠴᠡᠨ ᠤ ᠦᠵᠡᠬᠦ ᠪᠠᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠲᠡᠭᠦᠨ ᠤ ᠲᠣᠭᠯᠠᠭᠰᠠᠨ ᠳᠦᠷᠢ ᠪᠤᠯ | ᠲᠣᠰᠬᠤᠨ ᠤ ᠡᠷᠬᠢᠯᠡᠭᠴᠢ᠂ ᠲᠣᠰᠬᠤᠨ ᠤ ᠳᠠᠷᠤᠭ᠎ᠠ ᠮᠡᠳᠤ ᠪᠠᠶᠢᠳᠠᠭ᠃ ᠵᠠᠩ ᠣᠪᠣᠭᠲᠤ ᠶᠢᠨ ᠠᠮᠢᠳᠠᠢ ᠶᠢᠨ ᠭᠡᠷ ᠨᠢ ᠯᠢ ᠣᠪᠣᠭᠲᠤ ᠶᠢᠨ ᠭᠠᠵᠠᠷ ᠲᠤ ᠪᠠᠶᠢᠵᠦ᠂ | ᠸᠠᠩ ᠣᠪᠣᠭᠲᠤ ᠶᠢᠨ ᠬᠤᠭ ᠨᠣᠪᠰᠢ ᠯᠢᠦ ᠣᠪᠣᠭᠲᠤ ᠶᠢᠨ ᠬᠡᠷᠡᠮ ᠢᠶᠠᠷ ᠭᠡᠶᠢᠰᠴᠤ ᠭᠠᠷᠳᠠᠭ ᠭᠡᠨ᠎ᠠ᠂ ᠡᠶᠢᠮᠤᠷᠬᠦ ᠪᠠᠭ᠎ᠠ ᠰᠠᠭ᠎ᠠ ᠤᠴᠢᠷ ᠨᠢ ᠬᠠᠷᠢᠨ ᠬᠡᠳᠦᠨ | ᠠᠶᠢᠯ ᠤᠨ ᠬᠥᠮᠦᠰ ᠢ ᠭᠡᠯᠡ ᠠᠮᠠ ᠬᠥᠳᠡᠯᠭᠡᠵᠦ᠂ ᠭᠠᠷ ᠬᠥᠳᠡᠯᠭᠡᠨ᠂ ᠴᠢᠨᠠᠭᠰᠢᠯᠠᠪᠠᠯ ᠨᠢᠭᠡ ᠨᠢᠭᠡᠨ ᠢᠶᠠᠨ ᠦᠵᠡᠵᠤ ᠴᠢᠳᠠᠬᠤ ᠦᠭᠡᠢ ᠭᠡᠮᠵᠢᠶᠠᠨ ᠳᠤ ᠬᠦᠷᠭᠡᠵᠡᠢ᠃ | ᠡᠳᠡᠭᠡᠷ ᠤᠴᠢᠷ ᠶᠠᠪᠤᠳᠠᠯ ᠢ ᠲᠡᠷᠡ ᠡᠶᠡᠳᠡᠭᠦᠯᠬᠦ ᠠᠷᠭ᠎ᠠ ᠪᠠᠷ ᠰᠢᠢᠳᠪᠤᠷᠢᠯᠡᠬᠦ ᠨᠠᠩ ᠳᠤᠷᠠᠲᠠᠶ ᠪᠠᠶᠢᠵᠤ᠂ ᠬᠤᠶᠠᠷ ᠡᠳᠡᠭᠡᠳ ᠢᠶᠠᠷ ᠢᠶᠠᠨ ᠡᠶ᠎ᠡ ᠨᠠᠶᠢᠷ ᠲᠠᠢ ᠪᠤᠯᠵᠤ ᠦᠭᠡ | ᠳᠠᠭᠤ ᠲᠠᠢ ᠪᠤᠯᠭᠠᠬᠤ ᠶᠢ ᠨᠡᠩ ᠬᠦᠰᠡᠨ᠎ᠠ᠃ ᠣᠯᠠᠨ ᠵᠢᠯ ᠤᠨ ᠲᠤᠷᠰᠢ᠂ ᠲᠡᠷᠡ ᠪᠣᠳᠠᠲᠤ ᠠᠵᠢᠯᠯᠠᠭ᠎ᠠ ᠪᠠᠷ ᠢᠶᠠᠨ ᠨᠢᠭᠡ ᠨᠢᠭᠡ ᠤᠳᠠᠭᠠᠨ ᠤ ᠵᠢᠭᠤᠷᠠᠯᠳᠤᠭᠠᠨ ᠢ | ᠰᠢᠢᠳᠪᠤᠷᠢᠯᠡᠵᠤ᠂ ᠭᠤᠮᠣᠳᠠᠯ ᠲᠣᠭᠠᠴᠢᠵᠤ ᠢᠷᠡᠭᠰᠡᠨ ᠮᠠᠰᠢ ᠤᠯᠠᠨ ᠲᠤᠬᠠᠶ ᠶᠢᠨ ᠬᠥᠮᠦᠨ ᠪᠤᠶᠤ ᠲᠡᠭᠦᠨ ᠤ ᠲᠦᠷᠦᠯ ᠰᠠᠳᠤᠨ ᠢ ᠡᠴᠦᠰ ᠲᠡᠭᠡᠨ ᠰᠡᠳᠬᠢᠯ | ᠬᠠᠨᠤᠮᠵᠢᠲᠠᠶ ᠪᠤᠴᠠᠭᠤᠯᠵᠤ᠂ ᠤᠷᠢᠳ ᠬᠤᠵᠢᠳ 40 ᠭᠠᠷᠤᠶ ᠤᠳᠠᠭ᠎ᠠ ᠰᠡᠷᠭᠡᠭ ᠴᠢᠨᠠᠷᠲᠠᠶ᠂ ᠴᠤᠬᠤᠶᠢᠬᠤ ᠴᠢᠨᠠᠷᠲᠠᠶ ᠬᠡᠷᠡᠭ ᠢ ᠰᠢᠢᠳᠪᠤᠷᠢᠯᠡᠵᠤ᠂ ᠪᠤᠳᠠᠷᠠᠵᠤ | ᠰᠠᠷᠨᠢᠬᠤ ᠰᠢᠬᠠᠭᠰᠠᠨ 70 ᠭᠠᠷᠤᠢ ᠭᠡᠷ ᠪᠦᠯᠢ ᠶᠢ ᠠᠪᠤᠷᠠᠪᠠ᠃ ᠵᠥᠪᠬᠡᠨ 2012 ᠣᠨ ᠳᠤ ᠲᠡᠭᠦᠨ ᠤ ᠰᠢᠭᠦᠵᠦ ᠳᠠᠭᠤᠰᠬᠠᠭᠰᠠᠨ 123 ᠬᠡᠷᠡᠭ ᠤᠨ ᠳᠣᠲᠣᠷᠠᠬᠢ | ᠡᠶᠡᠳᠡᠭᠦᠯᠦᠭᠰᠡᠨ ᠨᠣᠷᠮ᠎ᠠ ᠨᠢ 90% ᠳᠤ ᠬᠦᠷᠴᠡᠶ᠃ | ᠨᠢᠭᠡ ᠬᠦᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ ᠪᠢᠰᠢ᠂ ᠬᠦᠴᠢᠷ ᠨᠢ ᠬᠡᠵᠢᠶᠡᠳᠡ ᠬᠦᠴᠢᠷ ᠶᠠᠪᠤᠳᠠᠯ ᠢ ᠰᠢᠢᠳᠪᠤᠷᠢᠯᠡᠬᠦ ᠳᠤ ᠪᠤᠢ᠃ ᠤᠯᠠᠨ ᠵᠢᠯ ᠤᠨ | ᠬᠠᠶᠢᠨ ᠰᠦᠪᠡᠭᠴᠢᠯᠡᠯᠳᠡ ᠪᠠ ᠪᠣᠳᠣᠯᠬᠢᠯᠠᠯ ᠢᠶᠠᠷ ᠲᠠᠮᠵᠢᠨ᠂ ᠪᠣᠳᠠᠲᠤ ᠪᠠᠶᠢᠳᠠᠯ ᠲᠠᠢ ᠪᠠᠨᠤᠶᠠᠯᠳᠤᠭᠤᠯᠵᠤ᠂ ᠲᠡᠷᠡ ᠡᠶᠡᠳᠡᠭᠦᠯᠭᠡ ᠶᠢᠨ ᠵᠠᠮ ᠢ ᠳᠦᠷᠦᠬᠦᠰᠢ ᠪᠤᠯᠭᠠᠬᠤ᠂ | ᠡᠶᠡᠳᠡᠭᠦᠯᠭᠡ ᠶᠢᠨ ᠵᠠᠭᠪᠤᠷ ᠢ ᠤᠯᠠᠨ ᠡᠰᠢᠵᠢᠭᠦᠯᠬᠦ ᠣᠶᠢᠯᠠᠭᠠᠭᠳᠠᠬᠤᠨ ᠢ ᠳᠤᠷᠠᠳᠤᠨ ᠭᠠᠷᠭᠠᠪᠠ᠃ 2019 ᠣᠨ ᠤ 7 ᠰᠠᠷ᠎ᠠ ᠳᠤ ᠱᠠᠬᠳᠠᠷ ᠨᠢ ᠲᠣᠰᠬᠤᠨ ᠤ | ᠱᠠᠲᠤᠨ ᠤ ︽ᠵᠥᠷᠢᠴᠡᠯ ᠢ ᠡᠶᠡᠳᠡᠭᠦᠯᠦᠨ ᠰᠢᠢᠳᠪᠤᠷᠢᠯᠡᠬᠦ ᠲᠥᠪ︾ ᠢ ᠪᠠᠶᠢᠭᠤᠯᠪᠠ᠃ ᠭᠠᠷᠠᠭ ᠪᠤᠯᠭᠠᠨ ᠤ ᠬᠤᠶᠠᠷ ᠲᠤ᠂ ᠡᠯ᠎ᠡ ᠲᠣᠰᠬᠤᠨ ᠤ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠵᠥᠷᠢᠴᠡᠯ ᠵᠢᠭᠤᠷᠠᠯᠳᠤᠭᠠᠨ ᠢᠶᠠᠨ ᠳᠡᠭᠡᠭᠰᠢ ᠮᠡᠳᠡᠭᠦᠯᠵᠦ᠂ ᠲᠣᠮᠢᠯᠠᠭᠰᠠᠨ ᠰᠠᠯᠪᠤᠷᠢ᠂ ᠭᠠᠴᠠᠭᠠᠨ ᠤ ᠠᠷᠠᠳ ᠤᠨ ᠵᠥᠪᠯᠡᠯ᠂ | ᠰᠢᠭᠦᠬᠦ ᠲᠢᠩᠬᠢᠮ᠂ ᠬᠠᠤᠯᠢ ᠴᠠᠭᠠᠵᠠ ᠶᠢᠨ ᠭᠠᠵᠠᠷ ᠬᠠᠮᠲᠤᠷᠠᠨ ᠲᠤᠬᠠᠶ ᠶᠢᠨ ᠭᠡᠷᠡᠭ ᠤᠨ ᠬᠤᠶᠠᠷ ᠡᠳᠡᠭᠡᠳ ᠲᠤ ᠡᠶᠡᠳᠡᠭᠦᠯᠭᠡ ᠬᠢᠵᠦ᠂ ︽ᠵᠠᠷᠭᠤ ᠶᠢᠨ ᠬᠦᠮᠤᠨ | ᠪᠤᠯᠤᠨ ᠴᠠᠭᠳᠠᠭ᠎ᠠ ᠶᠢ ᠵᠣᠯᠭᠠᠭᠤᠯᠬᠤ︾ ᠵᠢᠭᠤᠷᠠᠯᠳᠤᠭᠠᠨ ᠢ ᠰᠢᠢᠳᠪᠤᠷᠢᠯᠡᠬᠦ ᠵᠠᠭᠪᠤᠷ ᠢ ᠡᠭᠦᠳᠦᠨ ᠪᠠᠶᠢᠭᠤᠯᠵᠤ᠂ ᠵᠥᠷᠢᠴᠡᠯ ᠢ ᠡᠬᠢ ᠡᠭᠦᠰᠦᠯ ᠳᠤᠨᠢ ᠰᠢᠢᠳᠪᠤᠷᠢᠯᠡᠵᠤ | ᠂ ᠬᠡᠷᠡᠭ ᠪᠣᠯᠭᠠᠬᠤ ᠠᠴᠠ ᠨᠢ ᠵᠠᠶᠢᠯᠠᠰᠬᠢᠪᠠ᠃ ᠣᠳᠣᠬᠠᠨ ᠳᠤ ᠲᠤᠰ ᠵᠥᠷᠢᠴᠡᠯ ᠢ ᠡᠶᠡᠳᠡᠭᠦᠯᠦᠨ ᠰᠢᠢᠳᠪᠤᠷᠢᠯᠡᠬᠦ ᠲᠥᠪ ᠨᠢᠭᠡᠨᠲᠡ ᠵᠠᠭᠤ ᠭᠠᠷᠤᠶ ᠣᠯᠠᠨ ᠲᠦᠮᠡᠨ ᠤ | ᠵᠥᠷᠢᠴᠡᠯ ᠤᠨ ᠬᠡᠷᠡᠭ ᠢ ᠠᠮᠵᠢᠯᠲᠠ ᠲᠠᠢ ᠪᠠᠷ ᠡᠶᠡᠳᠡᠭᠦᠯᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ | ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ︾ ᠥᠪᠡᠷᠮᠢᠴᠡ ᠣᠨᠴᠠᠯᠢᠭ ᠢ ᠪᠤᠢ ᠪᠤᠯᠭᠠᠬᠰᠠᠨ ᠪᠥᠭᠡᠳ ᠢᠯᠡᠳᠲᠡ ᠦᠷ᠎ᠡ ᠪᠦᠲᠦᠮᠵᠢ ᠲᠠᠢ ︽ | ᠱᠠᠬᠳᠠᠷ ᠵᠠᠭᠪᠤᠷ︾ ᠢ ᠪᠤᠢ ᠪᠣᠯᠭᠠᠭᠰᠠᠨ ᠪᠠᠶᠢᠨ᠎ᠠ᠃ | ᠬᠡᠷᠡᠭ ᠪᠣᠯᠭᠠᠨ ᠢ ᠡᠪᠳᠡᠢ ᠲᠣᠳᠣᠷᠬᠠᠶ ᠰᠢᠢᠳᠪᠤᠷᠢᠯᠡᠪᠡ | | ᠪᠢᠴᠢᠭᠡᠴᠢ ᠠᠴᠠ ᠲᠢᠩᠬᠢᠮ ᠤᠨ ᠳᠠᠷᠤᠭ᠎ᠠ ᠬᠦᠷᠲᠡᠯ᠎ᠡ᠂ ᠰᠡᠴᠡᠨ ᠰᠢᠭᠦᠬᠦ ᠬᠤᠷᠢᠶᠠᠨ ᠤ ᠡᠯ᠎ᠡ ᠵᠦᠢᠯ ᠤᠨ ᠠᠵᠢᠯ ᠳᠤ ᠭᠠᠷᠮᠠᠭᠠᠢ ᠪᠤᠯᠪᠠᠰᠤᠷᠠᠩᠭᠤᠢ ᠪᠤᠯᠤᠬᠰᠠᠨ | ᠪᠠᠶᠢᠨ᠎ᠠ᠃ ᠳᠡᠷᠡ ᠨᠠᠷᠢᠨ ᠬᠢᠨᠠᠮᠠᠭᠠᠶ ᠬᠠᠷᠢᠭᠤᠴᠠᠵᠤ᠂ ᠥᠴᠦᠬᠡᠨ ᠴᠦ ᠣᠰᠣᠯᠳᠠᠬᠤ ᠦᠭᠡᠢ ᠠᠵᠢᠯ ᠤᠨ ᠣᠪᠣᠷ ᠢᠶᠠᠷ᠂ ᠤᠴᠢᠷ ᠪᠣᠯᠭᠠᠨ ᠳᠤ ᠦᠨᠡᠨ ᠪᠣᠳᠠᠲᠠᠶ | ᠬᠠᠨᠳᠤᠨ᠂ ᠭᠤᠭᠴᠤᠭ᠎ᠠ ᠪᠦᠷᠢ ᠶᠢ ᠴᠥᠮ ᠪᠡᠶ᠎ᠡ ᠪᠠᠷ ᠢᠶᠠᠨ ᠴᠢᠩᠭ᠎ᠠ ᠰᠠᠬᠢᠵᠤ᠂ ᠠᠵᠢᠯᠲᠠᠨ ᠨᠢᠭᠡᠪᠦᠷᠢ ᠶᠢ ᠴᠥᠮ ᠴᠢᠩᠭ᠎ᠠ ᠱᠠᠭᠠᠷᠳᠠᠵᠤ ᠢᠷᠡᠪᠡ᠃ | ᠥᠨᠳᠥᠷ ᠡᠷᠴᠢᠮ ᠲᠠᠢ ᠠᠵᠢᠯ ᠨᠢ ᠲᠡᠭᠦᠨ ᠢ ᠠᠵᠢᠯ ᠠᠴᠠ ᠨᠢ ᠰᠠᠯᠭᠠᠬᠤ ᠳᠤ ᠪᠡᠷᠬᠡ ᠪᠣᠯᠭᠠᠵᠠᠶ᠃ ᠬᠤᠭᠤᠯᠠ ᠬᠢᠬᠦ ᠳᠡᠭᠡᠨ ᠬᠡᠷᠡᠭ ᠢ ᠪᠣᠳᠣᠨ᠎ᠠ᠂ ᠴᠡᠪᠡᠷᠯᠡᠭᠡ | ᠬᠢᠬᠦ ᠳᠡᠭᠡᠨ ᠴᠤ ᠬᠡᠷᠡᠭ ᠢ ᠪᠤᠳᠤᠨ᠎ᠠ᠂ ᠭᠡᠷ ᠤᠨ ᠬᠥᠮᠦᠰ ᠲᠠᠢ ᠪᠠᠨ ᠵᠣᠭᠤᠭᠳᠠᠬᠤ ᠳᠠᠭᠠᠨ ᠴᠤ ᠥᠪᠡᠷ ᠤᠨ ᠡᠷᠬᠡ ᠦᠭᠡᠢ ᠬᠡᠷᠡᠭ ᠢᠶᠠᠨ ᠶᠠᠷᠢᠨ᠎ᠠ᠂ ᠢᠡᠭᠬᠢᠵᠤ | ᠪᠠᠶᠢᠬᠰᠠᠭᠠᠷ ᠰᠡᠭᠦᠯᠡᠷ ᠨᠢ ᠤᠨᠳᠠᠬᠤ ᠴᠠᠭ ᠢ ᠨᠢ ᠴᠤ ᠡᠵᠡᠯᠡᠵᠤ᠂ 2015 ᠣᠨ ᠤ 10 ᠰᠠᠷ᠎ᠠ ᠳᠤ᠂ ᠲᠡᠷᠡ ᠬᠦᠨᠳᠦ ᠨᠣᠴᠢᠲᠠᠢ ᠨᠦᠢᠷ ᠬᠤᠯᠵᠢᠬᠤ | ᠡᠪᠡᠳᠴᠢᠨ ᠳᠤ ᠨᠡᠷᠪᠡᠭᠳᠡᠭᠰᠡᠨ ᠪᠠᠶᠢᠯ᠎ᠠ᠃ ᠭᠡᠪᠡᠴᠦ ᠲᠡᠷᠡ ᠬᠡᠷᠡᠭ ᠢ ᠲᠠᠯᠪᠢᠵᠤ ᠴᠢᠳᠠᠬᠤ ᠦᠭᠡᠢ᠂ ᠴᠠᠭ ᠭᠠᠷᠭᠠᠵᠤ ᠡᠮᠨᠡᠭᠦᠯᠬᠦ ᠦᠭᠡᠢ᠂ ᠨᠦᠢᠷ ᠬᠤᠯᠵᠢᠬᠤ | ᠡᠪᠡᠳᠴᠢᠨ ᠨᠢ ᠲᠡᠭᠦᠨ ᠢ 9 ᠰᠠᠷ᠎ᠠ ᠵᠣᠪᠠᠭᠠᠵᠤ᠂ ᠪᠡᠶ᠎ᠠ ᠰᠡᠳᠬᠢᠯ ᠢ ᠨᠢ ᠰᠢᠨᠠᠯᠭᠠᠨ᠂ ᠳᠠᠷᠠᠭ᠎ᠠ ᠵᠢᠯ ᠤᠨ ᠬᠢᠨᠢ 7 ᠰᠠᠷ᠎ᠠ ᠪᠣᠯᠬᠤ ᠳᠤ᠂ ᠲᠡᠭᠦᠨ ᠤ ᠪᠠᠶᠢᠳᠠᠯ ᠪᠠᠭ᠎ᠠ | ᠪᠠᠭ᠎ᠠ ᠪᠠᠷ ᠰᠠᠶᠢᠵᠢᠷᠠᠭᠰᠠᠨ ᠪᠠᠶᠢᠨ᠎ᠠ᠃ | ᠲᠡᠷᠡ ᠭᠡᠳᠦ᠋ᠢᠪᠠᠷ ᠨᠢᠭᠡᠨ ᠠᠬᠠᠮᠠᠳ ᠰᠢᠭᠦᠭᠴᠢ ᠪᠤᠯᠤᠬᠰᠠᠨ ᠴᠤ ᠶᠡᠷᠦ ᠠᠴᠠ ᠰᠤᠷᠤᠯᠴᠠᠯᠭ᠎ᠠ ᠪᠠᠨ ᠵᠣᠭᠰᠣᠭᠰᠠᠨ ᠦᠭᠡᠢ᠃ ᠰᠢᠨ᠎ᠡ ᠪᠠᠷ ᠨᠡᠶᠢᠲᠡᠯᠡᠳᠡᠭᠰᠡᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢ ᠲᠡᠷᠡ ᠪᠦᠷ ᠤᠷᠢᠳ ᠢᠶᠠᠷ ᠰᠤᠷᠤᠯᠴᠠᠵᠤ᠂ ᠨᠡᠪᠲᠡᠷᠡᠲᠡᠯ᠎ᠡ ᠰᠤᠷᠳᠠᠭ᠃ | ᠰᠢᠭᠦᠨ ᠲᠠᠰᠤᠯᠬᠤ ᠦᠢᠯᠡᠳᠦᠯᠭᠡ ᠳᠤᠮᠳᠠ᠂ ᠬᠦᠴᠢᠷ ᠲᠦᠪᠡᠭᠲᠡᠶ ᠬᠡᠷᠡᠭ ᠲᠣᠬᠢᠶᠠᠯᠳᠤᠬᠤ ᠪᠦᠷᠢ᠂ ᠲᠡᠷᠡ ᠴᠥᠮ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ | ᠬᠢᠨᠠᠮᠠᠭᠠᠶ ᠤᠡᠭᠰᠢᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠣᠬᠢᠶᠠᠯ ᠪᠦᠲᠦᠭᠡᠯ ᠢ ᠰᠤᠳᠤᠯᠤᠨ ᠰᠤᠷᠤᠯᠴᠠᠵᠤ᠂ ᠣᠯᠠᠨ ᠵᠢᠯ ᠤᠨ ᠲᠤᠷᠰᠢ ᠰᠤᠷᠴᠤ | ᠰᠤᠳᠤᠯᠤᠬᠰᠠᠨ ᠢᠶᠠᠷ ᠲᠡᠭᠦᠨ ᠤ ᠰᠢᠭᠦᠨ ᠲᠠᠰᠤᠯᠬᠤ ᠮᠡᠳᠡᠯᠭᠡ ᠨᠢ ᠤᠯᠠᠮ ᠪᠠᠶᠠᠯᠢᠭ ᠪᠣᠯᠵᠤ᠂ ᠰᠢᠭᠦᠨ ᠲᠠᠰᠤᠯᠬᠤ ᠤᠷ᠎ᠠ ᠴᠢᠳᠠᠪᠤᠷᠢ ᠨᠢ ᠨᠠᠩ ᠪᠣᠯᠪᠠᠰᠤᠷᠠᠩᠭᠤᠶ | ᠪᠣᠯᠤᠬᠰᠠᠨ ᠪᠠᠶᠢᠨ᠎ᠠ᠃ ᠰᠡᠴᠡᠨ᠂ ᠰᠢᠬᠦᠭᠴᠢ ᠶᠢᠨ ᠵᠠᠭᠤᠨ ᠤ ᠨᠢᠭᠡ ᠶᠢᠨ ᠪᠤᠷᠤᠭᠤ ᠬᠡᠷᠡᠭ ᠨᠢ ᠵᠠᠷᠢᠮ ᠬᠡᠷᠡᠭ ᠤᠨ ᠲᠤᠬᠠᠶ ᠶᠢᠨ ᠬᠥᠮᠦᠨ ᠳᠤ ᠠᠪᠴᠤ ᠬᠡᠯᠡᠪᠡᠯ | ᠵᠠᠭᠤᠨ ᠤ ᠵᠠᠭᠤ ᠶᠢᠨ ᠭᠠᠶ ᠭᠠᠮᠰᠢᠭ ᠪᠣᠯᠳᠠᠭ ᠭᠡᠵᠦ ᠦᠷᠬᠦᠯᠵᠢ ᠶᠠᠷᠢᠳᠠᠭ᠃ | ᠬᠡᠷᠡᠭ ᠢ ᠲᠣᠳᠣᠷᠬᠠᠶᠢᠯᠠᠬᠤ ᠶᠢᠨ ᠲᠥᠯᠥᠭᠡ᠂ ᠲᠡᠷᠡ ᠦᠷᠭᠦᠯᠵᠢ ᠠᠶᠢᠯ ᠡᠷᠦᠬᠡ ᠪᠠᠷ ᠶᠠᠪᠤᠵᠤ᠂ ᠬᠥᠷᠰᠢ ᠵᠡᠷᠭᠡᠯᠡᠳᠡᠭᠡ ᠠᠴᠠ ᠪᠠᠶᠢᠳᠠᠯ ᠢ ᠣᠶᠢᠯᠠᠭᠠᠨ᠂ ᠲᠦᠷᠦᠯ | ᠰᠠᠳᠤᠨ ᠤ ᠬᠢᠨᠢ ᠰᠠᠨᠠᠯ ᠢ ᠰᠣᠨᠣᠰᠴᠤ᠂ ᠳᠦᠭᠡᠷᠢᠭᠳᠡᠬᠦ ᠪᠣᠯᠤᠯᠴᠠᠭ᠎ᠠ ᠪᠦᠬᠦᠨ ᠢ ᠠᠷᠢᠯᠭᠠᠳᠠᠭ ᠪᠠᠶᠢᠨ᠎ᠠ᠃ ᠲᠡᠷᠡ ᠨᠡᠩ ᠴᠤ ᠥᠪᠡᠷ ᠤᠨ ᠪᠡᠶ᠎ᠡ ᠳᠡᠭᠡᠨ ᠭᠤᠷᠪᠠ ᠳᠤ | ᠰᠢᠭᠦᠯᠲᠡ ᠬᠢᠬᠦ ᠦᠭᠡᠢ᠂ ᠭᠤᠷᠪᠠ ᠳᠤ ᠠᠮᠠᠷᠬᠠᠨ ᠰᠢᠭᠦᠨ ᠲᠠᠰᠤᠯᠤᠯᠳᠠ ᠭᠠᠷᠭᠠᠬᠤ ᠦᠭᠡᠢ᠂ ᠭᠤᠷᠪᠠ ᠳᠤ ᠰᠤᠯᠠ ᠳᠠᠯᠪᠢᠬᠤ ᠦᠭᠡᠢ ᠳᠦᠷᠢᠮ ᠲᠣᠭᠲᠠᠭᠠᠵᠤ | ᠥᠭᠬᠦᠭᠰᠡᠨ ᠪᠠᠶᠢᠯ᠎ᠠ᠃ ᠳᠠᠷᠤᠶ ᠬᠡᠷᠡᠭ ᠤᠨ ᠵᠠᠩᠭᠢᠯᠠᠭ᠎ᠠ ᠶᠢᠨ ᠠᠰᠠᠭᠤᠳᠠᠯ ᠢ ᠡᠮᠬᠢᠯᠡᠵᠦ ᠲᠣᠳᠣᠷᠬᠠᠶᠢᠯᠠᠭᠰᠠᠨ ᠦᠭᠡᠢ ᠪᠤᠯ ᠰᠢᠬᠦᠯᠳᠡ ᠬᠢᠬᠦ ᠦᠭᠡᠢ᠂ ᠳᠡᠭᠡᠭᠰᠢ | ᠵᠠᠭᠠᠯᠳᠤᠬᠤ ᠪᠣᠯᠤᠯᠴᠠᠭ᠎ᠠ ᠲᠠᠢ ᠪᠣᠯ ᠰᠢᠬᠦᠯᠳᠡ ᠬᠢᠬᠦ ᠦᠭᠡᠢ᠂ ᠵᠠᠭᠠᠯᠳᠤᠭᠳᠠᠭᠴᠢ ᠥᠪᠡᠷ ᠤᠨ ᠦᠢᠯᠡ ᠠᠵᠢᠯᠯᠠᠭ᠎ᠠ ᠪᠠᠨ ᠭ᠊ ᠬᠦᠢᠴᠡᠳ ᠲᠠᠨᠢᠭᠰᠠᠨ ᠦᠭᠡᠢ ᠪᠠᠶᠢᠪᠠᠯ᠂ | ᠰᠢᠬᠦᠯᠳᠡ ᠬᠢᠬᠦ ᠦᠭᠡᠢ ︔ ᠵᠠᠭᠠᠯᠳᠤᠭᠴᠢ ᠥᠪᠡᠷ ᠤᠨ ᠬᠡᠷᠡᠭ ᠤᠨ ᠪᠠᠶᠢᠳᠠᠯ ᠢᠶᠠᠨ ᠭᠦᠢᠴᠡᠳ ᠲᠠᠨᠢᠭ᠎ᠠ ᠦᠭᠡᠢ ᠪᠣᠯ ᠬᠢᠯᠪᠠᠷᠬᠠᠨ ᠢᠶᠠᠷ ᠰᠢᠭᠦᠨ ᠲᠠᠰᠤᠯᠬᠤ ᠦᠭᠡᠢ᠂ | ᠡᠶᠡᠳᠡᠬᠦ ᠬᠡᠯᠡᠯᠴᠡᠭᠡᠷ ᠲᠣᠭᠲᠠᠵᠤ ᠴᠢᠳᠠᠪᠠᠯ ᠠᠮᠠᠷᠬᠠᠨ ᠰᠢᠭᠦᠨ ᠲᠠᠰᠤᠯᠬᠤ ᠦᠭᠡᠢ᠂ ᠲᠡᠷᠡ ᠳᠤᠤᠷ᠎ᠠ ᠨᠢ ᠬᠦᠢᠴᠡᠳᠭᠡᠵᠤ ᠪᠣᠯᠬᠤ ᠶᠢ ᠨᠢ ᠲᠡᠶᠢᠮᠦ ᠠᠮᠠᠷᠬᠠᠨ ᠰᠢᠭᠦᠨ | ᠲᠠᠰᠤᠯᠬᠤ ᠦᠭᠡᠢ︔ ᠡᠶᠡᠳᠡᠭᠦᠯᠦᠨ ᠡᠪᠰᠡᠭᠦᠯᠵᠦ ᠪᠣᠯᠬᠤ ᠤᠷᠤᠭ ᠰᠠᠯᠬᠤ ᠬᠡᠷᠡᠭ ᠢ ᠰᠤᠯᠠ ᠳᠠᠯᠪᠢᠬᠤ ᠦᠭᠡᠢ︔ ᠵᠢᠭᠤᠷᠠᠯᠳᠤᠭᠠᠨ ᠢ ᠲᠣᠬᠢᠲᠠᠶ ᠰᠢᠢᠳᠪᠤᠷᠢᠯᠡᠵᠤ | ᠳᠡᠶᠢᠯᠬᠦ ᠠᠴᠢᠯᠠᠨ ᠲᠡᠵᠢᠭᠡᠬᠦ ᠬᠡᠷᠡᠭ ᠢ ᠲᠣᠬᠢᠲᠠᠶ ᠰᠢᠢᠳᠪᠤᠷᠢᠯᠡᠭᠰᠡᠨ ᠦᠭᠡᠢ ᠪᠤᠯ᠂ ᠰᠤᠯᠠ ᠳᠠᠯᠪᠢᠬᠤ ᠦᠭᠡᠢ ︔ ᠳᠤᠷᠠᠳᠤᠵᠤ ᠭᠠᠷᠭᠠᠭᠰᠠᠨ ᠬᠠᠤᠯᠢ ᠪᠠᠷᠢᠬᠤ | ᠰᠠᠨᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ᠂ ᠰᠤᠯᠠ ᠲᠠᠯᠪᠢᠬᠤ ᠦᠭᠡᠢ᠃ | ᠡᠨᠡᠬᠦ ᠪᠠᠭ᠎ᠠ ᠭᠠᠵᠠᠷ ᠲᠤ ᠰᠠᠭᠤᠭᠠᠯᠢ ᠠᠷᠠᠳ ᠤᠨ ᠬᠠᠷᠢᠴᠠᠭ᠎ᠠ ᠨᠢᠭᠲᠠ ᠮᠦᠷᠳᠡᠭᠡᠨ ᠪᠤᠳᠤᠯᠢᠶᠠᠨᠲᠠᠶ ᠪᠠᠶᠢᠳᠠᠭ᠃ ᠤᠷᠲᠤ ᠬᠤᠭᠤᠴᠠᠭ᠎ᠠ ᠪᠠᠷ ᠲᠠᠷᠢᠶᠠᠴᠢᠨ | ᠲᠦᠮᠡᠨ ᠲᠠᠢ ᠬᠠᠷᠢᠯᠴᠠᠬᠤ ᠦᠨᠳᠦᠰᠦᠨ ᠱᠠᠲᠤᠨ ᠤ ᠰᠢᠭᠦᠭᠴᠢ ᠪᠣᠯᠤᠭᠰᠠᠨ ᠤ ᠬᠤᠪᠢ ᠳᠤ᠂ ᠬᠡᠷᠡᠭ ᠰᠢᠢᠳᠪᠤᠷᠢᠯᠡᠬᠦ ᠶᠠᠪᠤᠴᠠ ᠳᠤ᠂ ᠲᠥᠷᠥᠯ ᠰᠠᠳᠤᠨ ᠨᠠᠶᠢᠵᠠ | ᠨᠥᠬᠦᠳ ᠲᠠᠢ ᠪᠠᠨ ᠤᠴᠠᠷᠠᠵᠦ ᠨᠠᠶᠢᠷ ᠲᠠᠯ᠎ᠠ ᠬᠡᠯᠡᠬᠦ ᠶᠠᠪᠤᠳᠠᠯ ᠴᠤ ᠭᠠᠷᠳᠠᠭ᠃ ᠭᠡᠰᠡᠨ ᠴᠤ ᠰᠡᠴᠡᠨ ᠳᠤ ᠥᠪᠡᠷ ᠤᠨ ᠬᠢᠨᠢ ᠪᠠᠷᠢᠮᠲᠠᠯᠠᠯ ᠲᠠᠢ ᠪᠠᠶᠢᠳᠠᠭ᠃ ᠰᠢᠭᠦᠬᠦ | ᠬᠤᠷᠢᠶᠠᠨ ᠤ ᠬᠥᠮᠦᠰ ᠤᠨ ᠦᠭᠡ ᠪᠠᠷ ᠬᠡᠯᠡᠪᠡᠯ᠄ ᠰᠡᠴᠡᠨ ᠤ ᠰᠡᠳᠬᠢᠯ ᠳᠤ ᠤᠯᠠᠭᠠᠨ ᠱᠤᠭᠤᠮ ᠪᠠᠶᠢᠳᠠᠭ᠂ ᠲᠡᠷᠡ ᠨᠢ ᠳᠠᠷᠤᠶ ᠬᠠᠤᠯᠢ ᠴᠠᠭᠠᠵᠠ ᠪᠠ ᠴᠠᠭᠠᠪᠤᠷ | ᠰᠠᠨᠠᠭ᠎ᠠ ᠮᠥᠨ ︔ ᠲᠤᠬᠠᠶ ᠶᠢᠨ ᠭᠠᠵᠠᠷ ᠤᠨ ᠠᠷᠠᠳ ᠣᠯᠠᠨ ᠤ ᠦᠭᠡ ᠪᠠᠷ ᠬᠡᠯᠡᠪᠡᠯ᠂ ᠰᠡᠴᠡᠨ ᠪᠣᠯ ᠳᠠᠷᠤᠶ ᠭᠤᠤᠯᠴᠢ ᠶᠢ ᠪᠠᠷᠢᠮᠳᠠᠯᠠᠬᠴᠢ ᠮᠥᠨ᠂ ᠲᠡᠭᠦᠨ ᠤ | ᠰᠢᠬᠦᠭᠰᠡᠨ ᠬᠡᠷᠡᠭ ᠢ ᠪᠢᠳᠡ ᠪᠦᠷ ᠪᠢᠰᠢᠷᠡᠳᠡᠭ ᠭᠡᠨ᠎ᠠ᠃ | ᠲᠡᠷᠡ ᠶᠡᠷᠦᠳᠡᠭᠡᠨ ᠥᠪᠡᠷ ᠤᠨ ᠪᠡᠶ᠎ᠡ ᠳᠡᠭᠡᠨ ᠭᠤᠷᠪᠠᠨ ᠳᠦᠷᠢᠮ ᠲᠣᠭᠲᠠᠭᠠᠬᠰᠠᠨ ᠪᠠᠶᠢᠳᠠᠭ᠄ ᠨᠢᠭᠡᠳᠦᠭᠡᠷ ᠲᠤ᠂ ︽ᠭᠡᠯᠡᠮᠤᠷᠴᠢ︾ ᠪᠦᠬᠦᠨ ᠢ ᠬᠠᠯᠠᠭᠤᠨ ᠢᠶᠠᠷ | ᠤᠬᠳᠤᠨ᠎ᠠ ︔ ᠬᠤᠶᠠᠳᠤᠭᠠᠷ ᠲᠤ᠂ ᠳᠠᠶᠢᠯᠠᠯᠭ᠎ᠠ ᠪᠡᠯᠡᠭ ᠢ ᠴᠥᠮ ᠪᠤᠴᠠᠭᠠᠨ᠎ᠠ᠂ ᠡᠰᠡᠬᠦᠯ᠎ᠠ ᠳᠡᠭᠡᠭᠰᠢ ᠲᠤᠰᠢᠶᠠᠨ᠎ᠠ︔ ᠭᠤᠷᠪᠠᠳᠤᠭᠠᠷ ᠲᠤ᠂ ᠪᠤᠰᠤᠳ ᠤᠨ ᠡᠮᠤᠨ᠎ᠠ | ᠠᠴᠠ ᠭᠤᠶᠤᠬᠰᠠᠳ ᠤᠨ ᠡᠶᠡᠳᠡᠭᠦᠯᠬᠦ ᠵᠠᠮ ᠢ ᠨᠡᠪᠲᠡᠷᠡᠭᠦᠯᠦᠨ᠎ᠡ᠃ ᠲᠡᠷᠡ ᠦᠷᠭᠦᠯᠵᠢ ᠭᠡᠷ ᠤᠨ ᠬᠥᠮᠦᠰ ᠲᠡᠭᠡᠨ᠄ ︽ᠭᠡᠷ ᠲᠡᠭᠡᠨ ᠲᠤᠬᠠᠶ ᠶᠢᠨ ᠬᠥᠮᠦᠨ ᠢ ᠬᠦᠯᠢᠶᠡᠨ | ᠠᠪᠴᠤ ᠪᠤᠯᠬᠤ ᠦᠭᠡᠢ᠂ ᠳᠠᠶᠢᠯᠠᠯᠭ᠎ᠠ ᠶᠢ ᠬᠦᠯᠢᠶᠡᠨ ᠠᠪᠴᠤ ᠪᠤᠯᠬᠤ ᠦᠭᠡᠢ᠂ ᠨᠠᠩ ᠴᠤ ᠬᠥᠮᠦᠨ ᠤ ᠵᠣᠭᠤᠰ ᠡᠳ᠋ ᠪᠤᠳᠠᠰ ᠢ ᠬᠦᠯᠢᠶᠡᠨ ᠠᠪᠴᠤ ᠪᠣᠯᠬᠤ ᠦᠭᠡᠢ᠂ | ᠥᠪᠡᠷ ᠤᠨ ᠠᠮᠢᠳᠤᠷᠠᠯ ᠢᠶᠠᠨ ᠨᠠᠨᠳᠢᠩᠨᠠᠬᠤ ᠬᠡᠷᠡᠭᠲᠡᠶ︾ ᠭᠡᠵᠤ ᠰᠤᠷᠭᠠᠳᠠᠭ᠃ | 26 ᠵᠢᠯ ᠤᠨ ᠲᠤᠷᠰᠢ᠂ ᠰᠡᠴᠡᠨ ᠨᠡᠷ᠎ᠡ ᠠᠰᠢᠭ ᠢ ᠦᠯᠦ ᠭᠦᠭᠡᠭᠡᠴᠡᠯᠳᠤᠨ᠂ ᠰᠢᠭᠦᠭᠴᠢ ᠶᠢᠨ ᠳᠤᠬᠠᠢᠢᠯᠠᠬᠰᠠᠨ ᠠᠵᠢᠯ ᠤᠨ ᠶᠣᠰᠣ ᠰᠤᠷᠳᠠᠬᠤᠨ ᠢ ᠪᠠᠲᠤ | ᠰᠠᠬᠢᠵᠤ᠂ ᠬᠠᠤᠯᠢ ᠴᠠᠭᠠᠵᠠ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠨᠠᠶᠢᠷ ᠲᠠᠯ᠎ᠠ ᠶᠢᠨ ᠬᠡᠷᠡᠭ᠂ ᠬᠠᠷᠢᠴᠠᠭ᠎ᠠ ᠶᠢᠨ ᠭᠡᠷᠡᠭ ᠢ ᠰᠢᠢᠳᠪᠤᠷᠢᠯᠡᠬᠦ | ᠦᠭᠡᠢ᠂ ᠪᠣᠳᠠᠲᠤ ᠬᠡᠷᠡᠭ ᠤᠨ ᠪᠣᠭᠤᠮᠲᠠ᠂ ᠭᠡᠷᠡᠴᠢ ᠪᠠᠷᠢᠮᠲᠠ ᠶᠢᠨ ᠪᠣᠭᠤᠮᠲᠠ᠂ ᠳᠡᠰ ᠳᠠᠷᠠᠭᠠᠯᠠᠯ ᠤᠨ ᠪᠣᠭᠤᠮᠲᠠ ᠪᠠ ᠬᠠᠤᠯᠢ ᠴᠠᠭᠠᠵᠠ ᠶᠢᠨ ᠪᠣᠭᠤᠮᠲᠠ ᠶᠢ ᠴᠢᠩᠭ᠎ᠠ | ᠠᠳᠬᠤᠵᠤ᠂ ᠢᠯᠡ ᠲᠣᠳᠣ᠂ ᠲᠥᠪ ᠭᠤᠣᠯᠴᠢ ᠪᠠᠶᠢᠬᠤ ᠶᠢ ᠪᠠᠷᠢᠮᠲᠠᠯᠠᠵᠤ᠂ ᠬᠠᠤᠯᠢ ᠶᠢ ᠭᠤᠣᠯᠴᠢ ᠪᠠᠷ ᠬᠡᠷᠡᠭᠵᠢᠭᠦᠯᠤᠨ᠂ ᠵᠣᠭᠤᠰ ᠮᠥᠩᠭᠦᠨ ᠳᠤ ᠳᠤᠷᠠᠯᠠᠬᠤ | ᠦᠭᠡᠢ᠂ ᠠᠰᠢᠭ ᠲᠤᠰᠠ ᠶᠢ ᠬᠦᠭᠡᠭᠡᠴᠡᠯᠳᠦᠬᠦ ᠦᠭᠡᠢ ᠪᠠᠷ ᠣᠯᠠᠨ ᠲᠦᠮᠡᠨ ᠤ ᠳᠤᠮᠳᠠ ᠰᠠᠶᠢᠨ ᠰᠠᠶᠢᠬᠠᠨ ᠳᠦᠷᠢ ᠲᠥᠷᠬᠦ ᠶᠢ ᠱᠤᠭᠤᠵᠤ᠂ ᠦᠨᠡᠨ ᠬᠦ ᠲᠡᠮᠦᠷ ᠬᠡᠷᠡᠭ | ᠂ ᠲᠡᠮᠦᠷ ᠮᠡᠲᠦ ᠬᠠᠤᠯᠢ ᠴᠠᠭᠠᠵᠠ ᠶᠢ ᠲᠣᠭᠲᠠᠭᠠᠬᠤ ᠶᠢ ᠪᠡᠶᠡᠯᠡᠭᠦᠯᠵᠦ᠂ ᠲᠡᠭᠦᠨ ᠤ ᠲᠤᠰ ᠪᠡᠶ᠎ᠡ ᠨᠢ ᠴᠦ ᠣᠯᠠᠨ ᠲᠦᠮᠡᠨ ᠤ ᠨᠢᠳᠦᠨ ᠳᠤ ︽ᠲᠡᠮᠦᠷ ᠪᠦᠰᠡᠭᠦᠶ︾ | ᠪᠣᠯᠤᠭᠰᠠᠨ ᠪᠠᠶᠢᠨ᠎ᠠ᠃ 26 ᠵᠢᠯ ᠤᠨ ᠰᠢᠭᠦᠨ ᠲᠠᠰᠤᠯᠤᠯᠳᠠ ᠶᠢᠨ ᠠᠵᠢᠯ ᠳᠤᠮᠳᠠ᠂ ᠲᠡᠭᠦᠨ ᠤ ᠰᠢᠭᠦᠨ ᠳᠠᠭᠤᠰᠬᠠᠭᠰᠠᠨ ᠬᠡᠷᠡᠭ 4000 ᠭᠠᠷᠤᠶ ᠪᠠᠶᠢᠵᠤ᠂ | ᠰᠢᠭᠦᠨ ᠲᠠᠰᠤᠯᠬᠤ ᠬᠤᠭᠤᠴᠠᠭ᠎ᠠ ᠠᠴᠠ ᠪᠠᠨ ᠬᠡᠲᠦᠷᠡᠬᠦ ᠦᠭᠡᠢ ᠪᠠᠶᠢᠬᠤ ᠶᠢ ᠪᠡᠶᠡᠯᠡᠭᠦᠯᠵᠦ᠂ ᠪᠤᠴᠠᠭᠠᠵᠤ ᠳᠠᠬᠢᠨ ᠰᠢᠭᠦᠯᠭᠡᠬᠦ ᠦᠭᠡᠢ᠂ ᠵᠠᠭᠠᠯᠳᠤᠯᠭ᠎ᠠ ᠦᠭᠡᠢ᠂ | ᠳᠡᠭᠡᠭᠰᠢ ᠰᠤᠷᠪᠤᠯᠵᠢᠯᠠᠬᠤ ᠦᠭᠡᠢ᠂ ᠨᠠᠩ ᠴᠤ ᠪᠤᠷᠤᠭᠤ ᠬᠡᠷᠡᠭ ᠦᠭᠡᠢ ᠪᠠᠶᠢᠳᠠᠭ᠃ | ᠰᠢᠭᠦᠭᠴᠢ᠂ ᠬᠠᠮᠢᠶᠠᠷᠤᠭᠴᠢ ᠪᠤᠯᠬᠤ ᠮᠦᠷᠳᠡᠭᠡᠨ ᠨᠠᠩ ᠴᠤ ᠳᠠᠭᠠᠭᠤᠯᠤᠭᠴᠢ᠂ ᠠᠪᠤᠷᠠᠭᠴᠢ ᠪᠤᠯᠵᠤ ᠢᠷᠡᠪᠡ | ᠲᠤᠬᠠᠶᠢᠯᠠᠭᠰᠠᠨ ᠠᠵᠢᠯ ᠤᠨ ᠲᠠᠯ᠎ᠠ ᠪᠠᠷ ᠲᠡᠷᠡ ᠶᠡᠷᠦ ᠨᠢ ᠬᠥᠮᠦᠨ ᠢ ᠪᠢᠰᠢᠷᠡᠭᠦᠯᠳᠡᠭ᠂ ᠬᠥᠮᠦᠨ ᠢ ᠢᠲᠡᠭᠡᠭᠦᠯᠳᠡᠭ ᠬᠡᠪ ᠳᠠᠭᠤᠷᠢᠶᠠᠯ ᠪᠤᠯᠵᠤ ᠢᠷᠡᠪᠡ᠂ ᠲᠡᠷᠡ | ᠠᠵᠢᠯ ᠳᠠᠭᠠᠨ ᠤᠯᠠᠮ ᠠᠴᠠ ᠤᠯᠠᠮ ᠴᠠᠭᠠᠷᠠᠬᠤ ᠶᠢ ᠳᠠᠭᠠᠯᠳᠤᠨ᠂ ᠳᠤᠬᠠᠢᠢᠯᠠᠬᠰᠠᠨ ᠠᠵᠢᠯ ᠤᠨ ᠪᠠᠶᠢᠷᠢ ᠰᠠᠭᠤᠷᠢ ᠨᠢ ᠴᠤ ᠠᠶᠠᠨᠳᠠᠭᠠᠨ ᠬᠤᠪᠢᠷᠠᠯᠲᠠ ᠲᠠᠢ ᠪᠤᠯᠪᠠ᠃ | 2009 ᠣᠨ ᠤ 11 ᠰᠠᠷ᠎ᠠ ᠶᠢᠨ 5 ᠤ ᠡᠳᠦᠷ᠂ ᠲᠡᠷᠡ ᠱᠠᠬᠳᠠᠷ ᠠᠷᠠᠳ ᠤᠨ ᠰᠢᠭᠦᠬᠦ ᠲᠢᠩᠬᠢᠮ ᠤᠨ ᠪᠦᠬᠦ ᠲᠠᠯ᠎ᠠ ᠶᠢᠨ ᠠᠵᠢᠯ ᠢ ᠬᠦᠯᠢᠶᠡᠨ ᠠᠪᠤᠪᠠ᠃ | ᠲᠤᠬᠠᠶ ᠶᠢᠨ ᠦᠶ᠎ᠡ ᠳᠤ ᠰᠢᠭᠦᠬᠦ ᠲᠢᠩᠬᠢᠮ ᠤᠨ ᠠᠵᠢᠯᠳᠠᠨ ᠤ ᠨᠠᠰᠤ ᠠᠬᠠᠰᠢᠷᠠᠬᠰᠠᠨ ᠪᠠᠶᠢᠳᠠᠯ ᠬᠦᠨᠳᠦ ᠨᠣᠴᠢᠲᠠᠶ ᠪᠠᠶᠢᠵᠤ᠂ ᠪᠠᠰᠠ 24 ᠲᠦᠮᠡ ᠭᠠᠷᠤᠶ | ᠲᠥᠭᠦᠷᠢᠭ ᠤᠨ ᠦᠷᠢ ᠲᠠᠢ ᠪᠠᠶᠢᠯ᠎ᠠ᠃ ᠬᠡᠷᠡᠭ ᠰᠢᠳᠬᠡᠬᠦ ᠳᠡᠭᠡᠨ ᠮᠡᠷᠭᠡᠰᠢᠭᠰᠡᠨ ᠴᠤ᠂ ᠬᠠᠮᠢᠶᠠᠷᠤᠯᠲᠠ ᠬᠢᠬᠦ ᠳᠤ ᠳᠡᠷᠡ ᠪᠠᠰᠠ ᠮᠠᠰᠢ ᠣᠯᠠᠨ ᠶᠠᠭᠤᠮ᠎ᠠ ᠶᠢ ᠰᠤᠷᠬᠤ | ᠴᠢᠬᠤᠯᠠᠲᠠᠢ ᠪᠠᠶᠢᠵᠤ᠂ ᠥᠴᠦᠬᠡᠨ ᠴᠦ ᠲᠠᠲᠠᠭᠠᠯᠵᠠᠯ ᠦᠭᠡᠢ ᠪᠠᠷ ᠡᠨᠡ ᠬᠦ ᠬᠦᠨᠳᠦ ᠡᠭᠦᠷᠭᠡ ᠶᠢ ᠡᠭᠦᠷᠭᠡᠯᠡᠨ ᠠᠪᠤᠬᠰᠠᠨ ᠪᠠᠶᠢᠨ᠎ᠠ᠃ | ᠡᠨᠡᠬᠦ ᠬᠦᠨᠳᠤ ᠡᠬᠦᠷᠭᠡ ᠶᠢ ᠬᠦᠯᠢᠶᠡᠨ ᠠᠪᠴᠤ ᠬᠠᠮᠢᠶᠠᠷᠤᠭᠰᠠᠨ ᠤ ᠳᠠᠷᠠᠭ᠎ᠠ ᠡᠳᠦᠷ ᠨᠢ ᠲᠡᠷᠡ ᠳᠠᠷᠤᠶ ᠵᠠᠯᠭ᠎ᠠ ᠵᠠᠯᠭ᠎ᠠ ᠪᠠᠷ ᠣᠷᠣᠵᠤ ᠢᠷᠡᠭᠰᠡᠨ | ᠠᠪᠴᠠᠭᠠᠲᠠᠨ ᠳᠤ ᠬᠠᠭᠤᠴᠢᠨ ᠳᠠᠩᠰᠠ ᠪᠠᠨ ᠭᠤᠷᠪᠠᠨ ᠵᠢᠯ ᠤᠨ ᠳᠣᠲᠣᠷ᠎ᠠ ᠲᠥᠯᠥᠵᠦ ᠳᠠᠭᠤᠰᠬᠠᠨ᠎ᠠ ᠭᠡᠵᠦ ᠠᠮᠠᠯᠳᠠᠵᠠᠶ᠃ 2010 ᠤᠨ ᠤ 1 ᠰᠠᠷ᠎ᠠ ᠳᠤ ᠲᠡᠷᠡ | ᠱᠠᠬᠳᠠᠷ ᠰᠢᠭᠦᠬᠦ ᠲᠢᠩᠬᠢᠮ ᠤᠨ ᠳᠠᠷᠤᠭ᠎ᠠ ᠪᠠᠷ ᠵᠢᠩᠬᠢᠨᠢ ᠪᠠᠷ ᠲᠣᠮᠢᠯᠠᠭᠳᠠᠪᠠ᠃ ᠳᠢᠩᠬᠢᠮ ᠤᠨ ᠳᠠᠷᠤᠭ᠎ᠠ ᠪᠣᠯᠤᠭᠰᠠᠨ ᠤ ᠳᠠᠷᠠᠭ᠎ᠠ ᠳᠡᠷᠡ ᠰᠢᠬᠦᠭᠴᠢ ᠪᠤᠯᠭᠠᠨ ᠤ | ᠭᠡᠷᠡᠭ ᠤᠨ 70% ᠶᠢᠨ ᠭᠡᠷᠡᠭ ᠢ ᠡᠷᠬᠢᠯᠡᠨ ᠰᠢᠬᠦᠭᠰᠡᠨ ᠢᠶᠠᠷ ᠪᠠᠷᠠᠬᠤ ᠦᠭᠡᠶ ᠪᠠᠰᠠ ᠵᠠᠰᠠᠭ ᠵᠠᠬᠢᠷᠭᠠᠨ ᠤ ᠬᠠᠮᠢᠶᠠᠷᠤᠯᠲᠠ ᠶᠢ ᠴᠢᠬᠤᠯᠠᠴᠢᠯᠠᠨ ᠠᠳᠬᠤᠵᠤ᠂ ᠳᠡᠭᠡᠳᠦ | ᠱᠠᠲᠤᠨ ᠤ ᠰᠢᠭᠦᠬᠦ ᠬᠤᠷᠢᠶ᠎ᠠ᠂ ᠬᠠᠷᠢᠶ᠎ᠠ ᠭᠠᠵᠠᠷ ᠲᠠᠢ ᠪᠠᠨ ᠬᠠᠷᠢᠯᠴᠠᠵᠤ ᠵᠣᠬᠢᠴᠠᠭᠤᠯᠭ᠎ᠠ ᠬᠢᠳᠡᠭ ᠪᠠᠶᠢᠨ᠎ᠠ᠃ ᠲᠡᠭᠦᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ | ᠬᠤᠶᠠᠷ ᠵᠢᠯ ᠤᠨ ᠳᠣᠲᠣᠷ᠎ᠠ᠂ ᠱᠠᠬᠳᠠᠷ ᠰᠢᠭᠦᠬᠦ ᠲᠢᠩᠬᠢᠮ ᠪᠦᠬᠦ ᠥᠷᠢ ᠰᠢᠷᠢ ᠪᠠᠨ ᠲᠤᠭ᠎ᠠ ᠶᠣᠰᠣᠭᠠᠷ ᠨᠢ ᠲᠥᠯᠥᠵᠦ ᠳᠠᠭᠤᠰᠬᠠᠭᠠᠳ ᠠᠵᠢᠯᠯᠠᠬᠤ ᠣᠷᠴᠢᠨ | ᠲᠣᠭᠤᠷᠢᠨ ᠨᠢ ᠴᠤ ᠢᠯᠡᠳᠲᠡ ᠰᠠᠶᠢᠵᠢᠷᠠᠵᠤ᠂ ᠰᠢᠭᠦᠬᠦ ᠲᠢᠩᠬᠢᠮ ᠨᠢ ᠰᠢᠨ᠎ᠡ ᠳᠦᠷᠢ ᠳᠦᠷᠬᠦ ᠲᠠᠢ ᠪᠤᠯᠵᠠᠢ᠃ | | ︽ᠲᠢᠩᠬᠢᠮ ᠤᠨ ᠳᠠᠷᠤᠭ᠎ᠠ ᠪᠣᠯᠤᠭᠰᠠᠨ ᠤ ᠬᠤᠪᠢ ᠳᠤ ᠪᠢ ᠬᠠᠷᠢᠭᠤᠴᠠᠯᠭ᠎ᠠ ᠡᠭᠦᠷᠭᠡᠯᠡᠨ᠎ᠡ᠂ ᠠᠵᠢᠯᠲᠠᠳ ᠢᠶᠠᠨ ᠭᠤᠮᠤᠳᠠᠭᠠᠵᠤ ᠪᠣᠯᠬᠤ ᠦᠭᠡᠢ︾ ᠭᠡᠵᠤ ᠳᠡᠷᠡ | ᠶᠠᠷᠢᠳᠠᠭ᠃ ᠳᠡᠷᠡ ᠪᠤᠯ ᠤᠶᠠᠨ ᠵᠦᠭᠡᠯᠡᠨ ᠵᠠᠩ ᠲᠠᠢ ᠤᠴᠢᠷ ᠶᠠᠪᠤᠳᠠᠯ ᠳᠤ ᠬᠢᠨᠠᠮᠠᠭᠠᠢ ᠤᠷᠤᠳᠠᠭ ᠰᠠᠶᠢᠨ ᠰᠢᠬᠦᠭᠴᠢ᠂ ᠦᠷᠬᠦᠯᠵᠢ ᠤᠯᠠᠨ ᠢᠶᠠᠨ ᠳᠡᠮᠵᠢᠵᠤ | ᠳᠤᠰᠠᠯᠠᠳᠠᠭ ᠰᠠᠶᠢᠨ ᠡᠭᠡᠴᠢ ᠪᠤᠯᠬᠤ ᠶᠤᠮ᠃ ᠠᠯᠢ ᠴᠤ ᠰᠢᠭᠦᠭᠴᠢ ᠨᠢ ᠶᠠᠷᠰᠢᠭᠲᠠᠶ ᠲᠤᠬᠠᠶ ᠶᠢᠨ ᠬᠥᠮᠦᠨ ᠲᠠᠢ ᠲᠠᠭᠠᠷᠠᠯᠳᠤᠪᠠᠯ᠂ ᠲᠡᠷᠡ ᠪᠦᠷ ᠭᠠᠷᠴᠤ ᠢᠷᠡᠨ | ᠬᠠᠪᠰᠤᠷᠳᠠᠭ᠂ ᠠᠯᠢ ᠨᠢᠭᠡᠨ ᠰᠢᠭᠦᠭᠴᠢ ᠳᠤ ᠬᠦᠴᠢᠷ ᠶᠠᠪᠤᠳᠠᠯ ᠲᠣᠬᠢᠶᠠᠯᠳᠤᠪᠠᠯ᠂ ᠲᠡᠷᠡ ᠪᠦᠷ ᠠᠰᠠᠭᠤᠨ ᠯᠠᠪᠯᠠᠵᠤ ᠬᠠᠪᠰᠤᠷᠳᠠᠭ᠃ ᠭᠡᠷᠪᠡ ᠵᠠᠷᠢᠮ ᠬᠥᠮᠦᠨ | ᠲᠡᠭᠦᠨ ᠢ ᠡᠮᠡᠭᠲᠡᠶ ᠬᠥᠮᠦᠨ ᠭᠡᠵᠦ ᠮᠠᠭᠤ ᠦᠵᠡᠪᠡᠯ᠂ ᠲᠡᠷᠡ ᠬᠠᠳᠠᠭᠤ ᠴᠢᠩᠭ᠎ᠠ ᠠᠷᠭ᠎ᠠ ᠪᠠᠷᠢᠯ ᠢᠶᠠᠷ ᠣᠯᠠᠨ ᠳᠤ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠳᠠᠭ | ︽ᠴᠢᠩᠭ᠎ᠠ︾ ᠲᠢᠩᠬᠢᠮ ᠤᠨ ᠳᠠᠷᠤᠭ᠎ᠠ ᠪᠣᠯᠵᠤ᠂ ᠱᠠᠬᠳᠠᠷ ᠰᠢᠭᠦᠬᠦ ᠲᠢᠩᠬᠢᠮ ᠨᠢ ᠣᠯᠠᠨ ᠵᠢᠯ ᠤᠨ ᠲᠤᠷᠰᠢ ᠲᠥᠪ ᠭᠤᠤᠯᠴᠢ ᠪᠠᠳᠤ ᠴᠢᠩᠭ᠎ᠠ ᠶᠢ ᠪᠠᠲᠤᠯᠠᠬᠤ | ᠨᠡᠶᠢᠭᠡᠮ ᠤᠨ ᠠᠮᠤᠷ ᠳᠤᠬᠳᠠᠭᠤᠨ ᠢ ᠬᠠᠮᠠᠭᠠᠯᠠᠬᠴᠢ ᠪᠤᠯᠤᠬᠰᠠᠭᠠᠷ ᠢᠷᠡᠪᠡ᠃ | ᠲᠡᠷᠡ᠄ ︽ᠬᠡᠷᠡᠭ ᠰᠢᠢᠳᠪᠤᠷᠢᠯᠡᠬᠦ ᠦᠶ᠎ᠡ ᠳᠤ᠂ ᠪᠢ ᠣᠯᠠᠨ ᠳᠤ ᠴᠢᠩᠭ᠎ᠠ ᠱᠠᠭᠠᠷᠳᠠᠯᠭ᠎ᠠ ᠲᠠᠯᠪᠢᠬᠤ ᠬᠡᠷᠡᠭᠲᠡᠶ᠃ ᠭᠡᠰᠡᠨ ᠴᠤ ᠠᠮᠢᠳᠤᠷᠠᠯ ᠳᠡᠭᠡᠷ᠎ᠡ᠂ ᠪᠢ | ᠴᠢᠳᠠᠯ ᠤᠨ ᠬᠢᠷᠢ ᠪᠠᠷ ᠢᠶᠠᠨ ᠲᠡᠳᠡᠨ ᠳᠤ ᠳᠥᠭᠦᠮ ᠦᠵᠡᠭᠦᠯᠵᠦ᠂ ᠲᠡᠳᠡᠨ ᠤ ᠦᠢᠯᠡ ᠪᠠᠨ ᠦᠵᠡᠵᠦ ᠠᠵᠢᠯᠯᠠᠳᠠᠭ ᠤᠨ ᠬᠢᠨᠢ ᠬᠠᠷᠢᠭᠤ ᠳᠡᠭᠡᠵᠢ ᠪᠣᠯᠭᠠᠨ᠎ᠠ︾ ᠭᠡᠵᠤ | ᠦᠷᠬᠦᠯᠵᠢ ᠶᠠᠷᠢᠨ᠎ᠠ᠃ ᠨᠢᠭᠡᠨ ᠬᠠᠮᠢᠶᠠᠷᠤᠭᠴᠢ ᠪᠣᠯᠤᠭᠰᠠᠨ ᠤ ᠬᠤᠪᠢ ᠳᠤ᠂ ᠲᠡᠷᠡ ᠣᠯᠠᠨ ᠤ ᠬᠠᠶᠢᠷ᠎ᠠ ᠬᠦᠨᠳᠦᠳᠬᠡᠯ ᠪᠠ ᠬᠦᠷᠢᠶᠡᠯᠡᠯ ᠢ ᠣᠯᠵᠤ ᠦᠪᠡᠷ ᠤᠨ ᠭᠡᠬᠦ | ᠭᠡᠪ ᠨᠠᠮᠪᠠ ᠲᠠᠢ ᠢᠲᠡᠭᠡᠯ ᠬᠦᠨᠳᠦ ᠶᠢ ᠱᠤᠭᠤᠵᠠᠢ᠃ ᠲᠡᠭᠦᠨ ᠤ ᠳᠠᠭᠠᠭᠤᠯᠭ᠎ᠠ ᠪᠠ ᠬᠠᠮᠢᠶᠠᠷᠤᠯᠲᠠ ᠳᠣᠣᠷ᠎ᠠ᠂ ᠱᠠᠬᠳᠠᠷ ᠰᠢᠭᠦᠬᠦ ᠲᠢᠩᠬᠢᠮ ᠵᠠᠯᠭᠠᠭ᠎ᠠ ᠪᠠᠷ 3 ᠵᠢᠯ | ᠵᠢᠷᠭᠤᠭ᠎ᠠ ᠦᠭᠡᠢ ᠬᠠᠷᠠᠯᠲᠠ ᠶᠢ ᠪᠡᠶᠡᠯᠡᠭᠦᠯᠵᠦ᠂ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠥᠪᠥᠷ ᠮᠣᠩᠭᠤᠯ ᠤᠨ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠢᠶ᠎ᠠ ᠳᠤ ᠲᠡᠷᠢᠭᠦᠨ ᠤ ᠨᠢᠭᠡᠴᠢ ᠪᠠᠷ ᠦᠨᠡᠯᠡᠭᠳᠡᠭᠰᠡᠨ ᠪᠠᠶᠢᠨ᠎ᠠ᠃ | ᠬᠡᠷᠡᠭ ᠢ ᠰᠢᠭᠦᠬᠦ ᠦᠶ᠎ᠡ ᠳᠤ᠂ ᠲᠡᠷᠡ ᠮᠠᠰᠢ ᠤᠯᠠᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠮᠡᠳᠡᠯᠭᠡ ᠪᠠ ᠡᠷᠬᠡ ᠠᠰᠢᠭ ᠢᠶᠠᠨ ᠬᠠᠮᠠᠭᠠᠯᠠᠬᠤ | ᠤᠬᠠᠮᠰᠠᠷ ᠢᠶᠠᠷ ᠳᠤᠲᠠᠮᠠᠭ ᠪᠠᠶᠢᠵᠤ᠂ ᠦᠷᠭᠦᠯᠵᠢ ᠬᠤᠣᠷᠯᠠᠯ ᠬᠦᠨᠤᠭᠡᠯ ᠳᠤ ᠤᠴᠠᠷᠠᠭᠰᠠᠨ ᠴᠤ ᠮᠡᠳᠡᠬᠦ ᠦᠭᠡᠢ ᠪᠠᠶᠢᠭ᠎ᠠ ᠶᠢ ᠣᠯᠵᠤ ᠮᠡᠳᠡᠪᠡ᠃ ᠰᠢᠬᠦᠭᠴᠢ ᠪᠠ | ᠬᠠᠮᠢᠶᠠᠷᠤᠭᠴᠢ ᠶᠢᠨ ᠬᠢᠷᠢ ᠬᠡᠮ ᠢ ᠬᠠᠪᠰᠤᠷᠭᠠᠭᠰᠠᠨ ᠲᠡᠷᠡ ᠪᠠᠰᠠ ᠵᠢᠯᠣᠭᠤᠳᠤᠭᠴᠢ ᠪᠣᠯᠬᠤ ᠶᠤᠰᠤᠳᠠᠢ᠃ ᠭᠠᠷᠠᠭ ᠪᠤᠯᠭᠠᠨ ᠤ ᠲᠠᠪᠤᠨ ᠤ ᠦᠳᠡ ᠶᠢᠨ ᠬᠤᠶᠢᠨ᠎ᠠ᠂ | ᠲᠡᠷᠡ ᠵᠠᠷᠭᠤ ᠶᠢᠨ ᠤᠶᠢᠯᠡᠴᠢᠯᠡᠭᠡᠨ ᠤ ᠥᠷᠲᠡᠭᠡ ᠳᠤ ᠵᠢᠵᠢᠭᠦᠷᠯᠡᠵᠦ᠂ ᠲᠤᠬᠠᠶ ᠶᠢᠨ ᠬᠥᠮᠦᠨ ᠤ ᠵᠠᠷᠭᠤ ᠪᠠ ᠡᠶᠡᠳᠡᠭᠦᠯᠭᠡ ᠬᠢᠬᠦ ᠶᠢ ᠵᠣᠯᠭᠠᠭᠤᠯᠬᠤ ᠶᠢ ᠬᠥᠲᠥᠯᠦᠨ | ᠵᠢᠯᠣᠭᠤᠳᠳᠠᠭ᠃ ᠵᠢᠯ ᠪᠦᠷᠢ ᠶᠢᠨ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠢᠶᠠᠷ᠂ ᠲᠡᠷᠡ ᠪᠡᠶ᠎ᠡ ᠪᠠᠷ ᠢᠶᠠᠨ ︽ᠬᠠᠤᠯᠢ ᠴᠠᠭᠠᠵᠠ ᠶᠢ ᠨᠡᠶᠢᠭᠡᠮ | ᠲᠣᠭᠤᠷᠢᠭ ᠲᠤ ᠬᠦᠷᠭᠡᠬᠦ︾ ᠶᠢ ᠪᠠᠷᠢᠮᠲᠠᠯᠠᠵᠤ᠂ ᠡᠮᠡᠭᠲᠡᠶᠢᠴᠦᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠡᠷᠳᠡᠮ ᠮᠡᠳᠡᠯᠭᠡ᠂ ᠬᠠᠯᠠᠮᠵᠢ ᠬᠦᠷᠭᠡᠳᠡᠭ ᠪᠠᠶᠢᠨ᠎ᠠ᠃ | | ︽ᠥᠩᠭᠡᠷᠡᠭᠰᠡᠨ ᠳᠤ ᠪᠢ ᠬᠠᠨᠳᠤᠯᠭᠠᠲᠤ ᠴᠢᠨᠠᠷᠲᠠᠢ ᠪᠠᠷ ᠵᠠᠷᠢᠮ ᠶᠠᠷᠢᠶ᠎ᠠ ᠲᠠᠶᠢᠯᠤᠮᠵᠢ᠂ ᠮᠡᠳᠡᠯᠭᠡ ᠶᠢᠨ ᠳᠤᠬᠠᠢ ᠪᠡᠯᠡᠳᠬᠡᠯ ᠬᠢᠵᠤ᠂ ᠣᠯᠠᠨ ᠳᠤ ᠳᠠᠶᠢᠯᠤᠮᠵᠢ | ᠬᠢᠳᠡᠭ᠂ ᠳᠡᠭᠡᠭᠡᠳ ᠨᠢᠭᠡ ᠪᠦᠯᠦᠭ ᠬᠥᠮᠦᠰ ᠨᠢ ᠮᠠᠰᠢ ᠤᠷᠮ᠎ᠠ ᠲᠠᠢ ᠰᠤᠨᠤᠰᠤᠨ ᠣᠶᠢᠯᠠᠭᠠᠳᠠᠭ ᠴᠤ ᠪᠠᠰᠠ ᠨᠢᠭᠡ ᠪᠦᠯᠦᠭ ᠬᠦᠮᠤᠰ ᠨᠢ ᠳᠠᠨᠢᠯᠳᠠ ᠪᠠᠯᠠᠷᠬᠠᠢ ᠪᠠᠶᠢᠵᠤ | ᠳᠡᠶᠢᠮᠤ ᠶᠡᠭᠡ ᠤᠢᠢᠯᠡᠳᠤᠯ ᠭᠠᠷᠭᠠᠵᠤ ᠳᠡᠶᠢᠯᠬᠦ ᠦᠭᠡᠢ ᠪᠠᠶᠢᠭ᠎ᠠ ᠶᠢ ᠰᠡᠷᠡᠵᠤ ᠮᠡᠳᠡᠭᠰᠡᠨ ᠶᠤᠮ᠃ ᠡᠨᠡ ᠵᠢᠯ ᠪᠢ ᠬᠠᠷᠢᠯᠴᠠᠨ ᠬᠥᠳᠡᠯᠦᠯᠴᠡᠬᠦ ᠭᠤᠭᠴᠤᠭ᠎ᠠ ᠪᠠᠷ᠂ | ᠲᠡᠳᠡᠨ ᠢᠶᠠᠷ ᠠᠰᠠᠭᠤᠯᠲᠠ ᠲᠠᠯᠪᠢᠭᠤᠯᠵᠤ᠂ ᠪᠢ ᠬᠠᠷᠢᠭᠤᠯᠳᠠ ᠬᠢᠬᠦ ᠠᠷᠭ᠎ᠠ ᠭᠡᠯᠪᠡᠷᠢ ᠶᠢ ᠰᠡᠳᠦᠯᠠ᠃ ᠡᠨᠡ ᠬᠦ ᠠᠷᠭ᠎ᠠ ᠮᠠᠶ᠋ᠢᠭ ᠨᠢ ᠨᠠᠩ ᠬᠠᠨᠳᠤᠯᠭᠠᠲᠤ ᠴᠢᠨᠠᠷ ᠲᠠᠢ᠂ | ᠦᠷ᠎ᠡ ᠪᠦᠲᠦᠮᠵᠢ ᠲᠠᠢ ᠪᠤᠯᠵᠠᠢ᠃ ᠡᠶᠢᠮᠤᠷᠬᠦ ᠤᠴᠢᠷ ᠶᠠᠪᠤᠳᠠᠯ ᠨᠢ ᠭᠡᠳᠦ᠋ᠢᠪᠠᠷ ᠳᠡᠬᠦᠨ ᠤ ᠬᠠᠮᠢᠶᠠᠷᠴᠤ ᠳᠤᠳᠤᠮᠳᠠᠳᠠᠭ ᠤᠴᠢᠷ ᠪᠢᠰᠢ ᠴᠤ ᠳᠡᠷᠡ ᠬᠠᠷᠢᠨ | ᠴᠢᠬᠤᠯᠠᠴᠢᠯᠠᠨ ᠦᠵᠡᠵᠤ ᠠᠳᠬᠤᠳᠠᠭ ᠪᠠᠶᠢᠨ᠎ᠠ᠃ ᠲᠡᠭᠦᠨ ᠤ ᠦᠵᠡᠬᠦ ᠪᠠᠷ᠂ ᠢᠯᠡᠭᠦᠦ ᠨᠢᠭᠡ ᠬᠤᠪᠢ ᠴᠢᠷᠮᠠᠶᠢᠯᠭ᠎ᠠ ᠭᠠᠷᠭᠠᠬᠤ ᠪᠦᠷᠢ᠂ ᠡᠭᠡᠴᠢ ᠥᠬᠢᠨ | ᠳᠡᠬᠦᠦ ᠨᠠᠷ ᠢ ᠡᠷᠲᠡ ᠨᠢᠭᠡᠨ ᠡᠳᠤᠷ ᠬᠦᠴᠢᠷᠳᠡᠯ ᠠᠴᠠ ᠨᠢ ᠠᠩᠭᠢᠵᠢᠷᠠᠭᠤᠯᠵᠤ᠂ ᠳᠡᠳᠡᠨ ᠢ ᠥᠪᠡᠷ ᠤᠨ ᠡᠷᠬᠡ ᠠᠰᠢᠭ ᠢᠶᠠᠨ ᠨᠠᠩ ᠰᠠᠶᠢᠨ ᠬᠠᠮᠠᠭᠠᠯᠠᠬᠤ | ᠪᠣᠯᠤᠯᠴᠠᠭ᠎ᠠ ᠲᠠᠢ ᠪᠤᠯᠭᠠᠨ᠎ᠠ ᠭᠡᠬᠦ ᠶᠤᠮ᠃ | 2016 ᠣᠨ ᠳᠤ᠂ ᠳᠡᠬᠦᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠬᠤᠷᠢᠶ᠎ᠠ᠂ ᠵᠡᠭᠦᠨᠭᠠᠷ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ︽ᠵᠡᠭᠦᠨᠭᠠᠷ ᠬᠤᠰᠢᠭᠤᠨ ᠤ ᠬᠥᠳᠡᠯᠮᠦᠷᠢ ᠶᠢᠨ ᠵᠢᠱᠢᠶᠡᠴᠢ︾ ᠪᠠᠷ ᠦᠨᠡᠯᠡᠪᠡ᠃ 2017 ᠤᠨ ᠳᠤ ᠳᠡᠷᠡ ᠤᠯᠤᠰ ᠳᠦᠷᠦ ᠶᠢᠨ | ᠵᠦᠪᠯᠡᠯᠭᠡᠨ ᠤ ᠵᠡᠬᠦᠠᠭᠠᠷ ᠬᠤᠰᠢᠭᠤᠨ ᠤ ᠠᠷᠪᠠᠨ ᠳᠦᠷᠪᠡᠳᠤᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠬᠦᠨ ᠤ ᠳᠤᠰᠢᠶᠠᠯ ᠢ ᠡᠬᠦᠷᠭᠡᠯᠡᠪᠡ᠃ ᠨᠠᠩ | ᠣᠯᠠᠨ ᠪᠡᠶ᠎ᠡ ᠶᠢᠨ ᠭᠠᠷᠤᠯ ᠨᠢ ᠲᠡᠭᠦᠨ ᠳᠤ ᠨᠠᠩ ᠣᠯᠠᠨ ᠬᠥᠳᠡᠯᠭᠡᠬᠦ ᠬᠦᠴᠦᠨ ᠣᠯᠭᠤᠭᠰᠠᠨ ᠪᠠᠶᠢᠨ᠎ᠠ᠃ ᠲᠡᠷᠡ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ | ᠬᠤᠪᠢ ᠪᠠᠷ ᠬᠥᠳᠡᠭᠡ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠭᠠᠵᠠᠷ ᠤᠨ ᠠᠷᠠᠳ ᠢᠷᠭᠡᠳ ᠲᠤ ᠰᠠᠨᠠᠯ ᠵᠥᠪᠯᠡᠯᠭᠡ ᠳᠤᠷᠠᠳᠴᠤ᠂ ᠬᠠᠤᠯᠢ | ᠬᠡᠷᠡᠭᠵᠢᠭᠦᠯᠬᠦ ᠡᠩᠨᠡᠭᠡ ᠶᠢᠨ ᠡᠮᠦᠨ᠎ᠡ ᠠᠴᠠ ᠦᠭᠡ ᠶᠠᠷᠢᠳᠠᠭ ︔ ᠲᠡᠷᠡ ᠬᠥᠳᠡᠯᠮᠦᠷᠢ ᠶᠢᠨ ᠵᠢᠱᠢᠶᠡᠴᠢ ᠶᠢᠨ ᠬᠤᠪᠢ ᠪᠠᠷ ︽ᠬᠤᠰᠢᠭᠤᠴᠢ ᠭᠠᠯᠠᠭᠤ︾ ᠪᠤᠯᠵᠤ᠂ | ᠠᠷᠠᠳ ᠤᠯᠠᠨ ᠳᠠᠭᠠᠨ ︽ᠨᠡᠷᠡᠳᠤ ᠬᠥᠮᠦᠨ︾ ᠪᠠ ᠦᠯᠢᠭᠡᠷ ᠳᠠᠭᠤᠷᠢᠶᠠᠯ ᠪᠣᠯᠵᠤ ᠢᠷᠡᠪᠠ᠃ | 2012 ᠣᠨ ᠳᠤ᠂ ᠲᠡᠷᠡ ︽ᠪᠦᠬᠦ ᠬᠤᠰᠢᠭᠤᠨ ᠤ ᠰᠢᠯᠢᠳᠡᠭ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ︾ ᠪᠠᠷ ᠦᠨᠡᠯᠡᠭᠳᠡᠪᠡ ︔ | 2013 ᠣᠨ ᠳᠤ ︽ᠪᠦᠬᠦ ᠬᠤᠲᠠ ᠶᠢᠨ ᠰᠢᠭᠦᠬᠦ ᠬᠤᠷᠢᠶᠠᠨ ᠤ ᠬᠡᠷᠡᠭ ᠰᠢᠢᠳᠪᠦᠷᠢᠯᠡᠬᠦ ᠴᠢᠳᠠᠪᠤᠷᠢᠲᠠᠨ︾ ᠢᠶᠠᠷ ᠦᠨᠡᠯᠡᠭᠳᠡᠵᠡᠢ︔ 2014 ᠣᠨ ᠳᠤ ᠤᠷᠳᠤᠰ | ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠳᠤ ︽ᠬᠠᠮᠤᠭ ᠤᠨ ᠭᠤᠶᠤ ᠡᠮᠡᠭᠲᠡᠢ ᠰᠢᠭᠦᠭᠴᠢ︾ ᠪᠠᠷ ᠦᠨᠡᠯᠡᠭᠳᠡᠪᠡ︔ 2014 ᠣᠨ ᠳᠤ ︽ | ᠪᠥᠬᠦ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠡᠮᠡᠭᠲᠡᠶᠢᠴᠦᠳ ᠤᠨ ᠵᠢᠱᠢᠶᠡᠴᠢ︾ ᠶᠢᠨ ᠴᠣᠯᠠ ᠭᠥᠷᠳᠡᠪᠡ︔ 2015 ᠣᠨ ᠳᠤ ︽ᠪᠥᠬᠦ ᠬᠤᠲᠠ ᠶᠢᠨ ᠠᠷᠪᠠᠨ | ᠰᠢᠯᠢᠳᠡᠭ ᠬᠠᠤᠯᠢ ᠲᠦᠷᠢᠮ ᠢ ᠪᠠᠷᠢᠳᠠᠭ ᠬᠥᠮᠦᠨ︾ ᠤ ᠢᠷᠠᠭᠤ ᠠᠯᠳᠠᠷ ᠢ ᠭᠥᠷᠳᠡᠪᠡ︔ 2015 ᠣᠨ ᠳᠤ ︽ᠪᠥᠬᠦ ᠣᠷᠣᠨ ᠤ ᠰᠢᠭᠦᠬᠦ ᠬᠤᠷᠢᠶ᠎ᠠ ᠶᠢᠨ ᠬᠡᠷᠡᠭ | ᠰᠢᠢᠳᠪᠤᠷᠢᠯᠡᠬᠦ ᠴᠢᠳᠠᠪᠤᠷᠢᠲᠠᠨ︾ ᠤ ᠢᠷᠠᠭᠤ ᠠᠯᠳᠠᠷ ᠢ ᠭᠥᠷᠳᠡᠪᠡ ︔ 2019 ᠣᠨ ᠤ 1 ᠰᠠᠷ᠎ᠠ ᠳᠤ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ︽ᠪᠥᠬᠦ | ᠤᠯᠤᠰ ᠤᠨ ᠰᠢᠭᠦᠬᠦ ᠬᠤᠷᠢᠶᠠᠨ ᠤ ᠬᠡᠷᠡᠭ ᠰᠢᠢᠳᠪᠤᠷᠢᠯᠡᠭᠴᠢ ᠵᠢᠱᠢᠶᠡᠴᠢ︾ ᠪᠠᠷ ᠦᠨᠡᠯᠡᠭᠳᠡᠪᠡ᠃ | ᠰᠡᠴᠡᠨ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠰᠢᠭᠦᠭᠴᠢ ᠶᠢᠨ ᠬᠠᠤᠯᠢ ᠴᠠᠭᠠᠵᠠ ᠳᠤ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ | ᠦᠢᠯᠡᠳᠦᠯᠭᠡᠵᠢᠭᠦᠯᠵᠦ᠂ ᠰᠢᠭᠦᠨ ᠲᠠᠰᠤᠯᠬᠤ ᠦᠢᠯᠡᠰ ᠲᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠬᠠᠨᠳᠤᠨ᠂ ᠠᠷᠠᠳ ᠤᠯᠠᠨ ᠳᠠᠭᠠᠨ ᠬᠢᠵᠠᠭᠠᠯᠠᠰᠢ ᠦᠭᠡᠢ | ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠤᠢᠢᠯᠡᠴᠢᠯᠡᠵᠤ ᠢᠷᠡᠵᠡᠢ᠂ ᠲᠡᠷᠡ ᠪᠣᠯ ᠠᠷᠠᠳ ᠤᠯᠠᠨ ᠤ ᠳᠣᠲᠣᠨᠣ ᠬᠥᠮᠦᠨ ᠪᠥᠭᠡᠳ ᠰᠠᠬᠢᠨ ᠬᠠᠮᠠᠭᠠᠯᠠᠭᠴᠢ ᠮᠥᠨ᠃ | ︽ᠨᠢᠭᠡᠨ ᠰᠠᠶᠢᠨ ᠰᠢᠭᠦᠭᠴᠢ ᠪᠣᠯᠬᠤ︾ ᠤᠭ ᠰᠠᠨᠠᠭ᠎ᠠ ᠪᠠ ᠲᠠᠩᠭᠠᠷᠢᠭ ᠲᠠᠭᠠᠨ ᠣᠰᠣᠯᠳᠠᠬᠰᠠᠨ ᠦᠭᠡᠢ ᠶᠠᠪᠤᠵᠤ ᠢᠷᠡᠭᠰᠡᠨ ᠪᠠᠶᠢᠨ᠎ᠠ᠃ | | |