ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠨᠦᠭᠦᠪᠤᠷᠢ  ᠶᠢᠨ ᠭᠡᠷᠡᠭᠵᠢᠭᠦᠯᠭᠦ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/17
      ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠳᠤ᠄       ︽ᠵᠡᠭᠦᠨᠭᠠᠷ ᠬᠤᠰᠢᠭᠤᠨ ᠤ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠤᠳᠤ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                           ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2020 ᠣᠨ ᠤ 7 ᠰᠠᠷ᠎ᠠ ᠶᠢᠨ 23 ᠤ ᠡᠳᠦᠷ       ᠵᠡᠭᠦᠨᠭᠠᠷ ᠬᠤᠰᠢᠭᠤᠨ ᠤ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ ᠲᠠᠷᠢᠶᠠᠯᠠᠩ ᠤᠨ ᠲᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ﹇2019﹈ 478 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ    ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠡᠷᠭᠢᠯᠳᠦᠭᠦᠯᠭᠦ᠂ ᠪᠡᠶ᠎ᠠ ᠪᠠᠨ ᠲᠠᠭᠠᠭᠠᠵᠤ ᠰᠠᠨᠠᠭᠠᠴᠢᠯᠠᠭ᠎ᠠ ᠲᠠᠢ ᠤᠷᠤᠯᠴᠠᠬᠤ᠂ ᠬᠠᠮᠳᠤᠷᠠᠯᠴᠠᠨ ᠠᠬᠢᠭᠤᠯᠬᠤ︾ ᠵᠠᠷᠴᠢᠮ ᠢ ᠪᠠᠷᠢᠮᠲᠠᠯᠠᠵᠤ᠂ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠵᠦᠡᠭᠬᠤᠸᠠ ᠲᠠᠷᠢᠶᠠᠯᠠᠩ ᠤᠨ ᠥᠨᠳᠥᠷ ᠪᠠᠷᠢᠮᠵᠢᠶᠠᠲᠤ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠳᠡᠯᠭᠡᠷᠡᠭᠦᠯᠵᠦ᠂ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠭᠡᠵᠤ᠂ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠪᠦᠬᠦᠯᠢ ᠴᠣᠭᠴᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠲᠠᠷᠢᠮᠠᠯ ᠤᠨ ᠠᠰᠢᠭ ᠣᠷᠣᠯᠭ᠎ᠠ ᠶᠢ ᠦᠨᠡᠨᠬᠦ ᠪᠠᠲᠤᠯᠠᠵᠤ᠂ ᠪᠦᠬᠦ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠳᠠᠭᠠᠳᠬᠠᠯ ᠤᠨ ᠵᠠᠷᠤᠳᠠᠯ ᠵᠢᠴᠢ ᠨᠥᠬᠦᠪᠥᠷᠢ ᠥᠭᠬᠦ ᠬᠤᠯᠪᠣᠭᠳᠠᠯ ᠪᠥᠬᠦᠢ ᠤᠴᠢᠷ ᠶᠠᠪᠤᠳᠠᠯ      ︵ᠨᠢᠭᠡ︶ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠲᠥᠷᠥᠯ ᠵᠤᠶᠢᠯ᠄ ᠵᠦᠡᠭᠬᠤᠸᠠ ᠪᠦᠯᠦᠭᠯᠡᠯ ᠤᠨ ᠲᠠᠷᠢᠮᠠᠯ ᠤᠨ ᠦᠢᠯᠡᠴᠢᠯᠡᠭᠡᠨ ᠤ ᠡᠷᠳᠡᠨᠢ ᠰᠢᠰᠢ ᠶᠢᠨ ᠲᠠᠷᠢᠶ᠎ᠠ᠃      ︵ᠬᠤᠶᠠᠷ︶ ᠳᠠᠭᠠᠳᠬᠠᠯ ᠤᠨ ᠬᠤᠭᠤᠴᠠᠭ᠎ᠠ᠄ ᠳᠠᠭᠠᠳᠬᠠᠯ ᠳᠤ ᠤᠷᠤᠬᠰᠠᠨ ᠲᠠᠷᠢᠮᠠᠯ ᠨᠠᠭᠢᠶᠠᠯᠠᠬᠤ ᠴᠠᠭ ᠠᠴᠠ ᠡᠬᠢᠯᠡᠨ ᠪᠣᠯᠪᠠᠰᠤᠷᠠᠭᠠᠳ ᠬᠤᠷᠢᠶᠠᠯᠲᠠ ᠭᠢᠭᠦ ᠦᠶ᠎ᠡ ᠬᠦᠷᠲᠡᠯ᠎ᠡ᠃      ︵ᠭᠤᠷᠪᠠ︶ ᠲᠤᠷᠰᠢᠯᠲᠠ ᠶᠢᠨ ᠣᠷᠣᠨ ᠪᠦᠰᠡ᠄ ᠵᠡᠭᠦᠨᠭᠠᠷ ᠬᠤᠰᠢᠭᠤᠨ ᠤ ᠱᠢ ᠡᠯ ᠯᠢᠶᠠᠨ ᠴᠸᠡᠭ ᠰᠢᠶᠠᠩ᠃      ︵ᠳᠥᠷᠪᠡ︶ ᠳᠠᠭᠠᠳᠬᠠᠯ ᠢ ᠲᠠᠭᠠᠭᠠᠴᠢᠯᠠᠬᠰᠠᠨ ᠰᠠᠯᠠᠭ᠎ᠠ ᠮᠥᠴᠢᠷ᠄ ᠳᠤᠮᠳᠠᠳᠤ ᠤᠯᠤᠰ ᠤᠨ ᠠᠮᠢ ᠨᠠᠰᠤ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠷᠳᠣᠰ ᠬᠤᠲᠠ ᠶᠢᠨ ᠭᠤᠤᠯᠳᠠᠯᠭᠠᠳᠤ ᠰᠠᠯᠪᠤᠷᠢ ᠺᠣᠮᠫᠠᠨᠢ᠃      ︵ᠲᠠᠪᠤ︶ ᠳᠠᠭᠠᠳᠬᠠᠯ ᠤᠨ ᠬᠠᠷᠢᠭᠤᠴᠠᠯᠭ᠎ᠠ ᠶᠢᠨ ᠭᠦᠷᠢᠶ᠎ᠠ ᠬᠡᠪᠴᠢᠶ᠎ᠡ᠄ ᠳᠠᠭᠠᠳᠬᠠᠯ ᠤᠨ ᠬᠤᠭᠤᠴᠠᠭᠠᠨ ᠳᠤ ᠲᠤᠤᠷᠡᠭᠢ ᠮᠡᠳᠤ ᠪᠠᠶᠢᠭᠠᠯᠢ ᠶᠢᠨ ᠭᠠᠮᠰᠢᠭ᠂ ᠡ᠊ᠨᠳᠡᠯ ᠠᠴᠠ ᠪᠣᠯᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ ᠲᠠᠭᠠᠳᠬᠠᠯ ᠳᠤ ᠤᠷᠤᠭᠤᠯᠤᠬᠰᠠᠨ ᠡᠷᠳᠡᠨᠢ ᠰᠢᠰᠢ ᠶᠢᠨ ᠪᠣᠳᠠᠲᠠᠶ ᠤᠨᠠᠯᠳᠠ ᠨᠢ ᠪᠣᠯᠵᠣᠨ ᠲᠣᠭᠲᠠᠭᠰᠠᠨ ᠤᠨᠠᠯᠲᠠ ᠠᠴᠠ ᠲᠤᠤᠷ᠎ᠠ ᠪᠣᠯᠤᠭᠰᠠᠨ ᠬᠤᠬᠢᠷᠠᠯ ᠢ ᠳᠠᠭᠠᠳᠬᠠᠯ ᠤᠨ ᠭᠦᠮᠦᠨ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠠᠷᠢᠭᠤᠴᠠᠨ ᠲᠦᠯᠤᠨ᠎ᠠ᠄     1. ᠰᠢᠷᠦᠭᠦᠨ ᠪᠣᠷᠣᠭᠠᠨ᠂ ᠦᠶᠡᠷ ︵ᠵᠠᠰᠠᠭ ᠤᠨ ᠣᠷᠳᠣᠨ ᠤ ᠦᠶᠡᠷ ᠶᠠᠪᠤᠭᠤᠯᠬᠤ ᠪᠠ ᠬᠤᠷᠠᠭᠤᠯᠬᠤ ᠠᠴᠠ ᠭᠠᠳᠠᠨ᠎ᠠ︶᠂ ᠤᠰᠤᠲᠤᠯ᠂ ᠰᠠᠯᠬᠢᠨ ᠤ ᠭᠠᠮᠰᠢᠭ᠂ ᠮᠥᠨᠳᠥᠷ ᠤᠨ ᠭᠠᠮᠰᠢᠭ᠂ ᠬᠥᠯᠳᠡᠭᠡᠯ ᠤᠨ ᠭᠠᠮᠰᠢᠭ᠂ ᠭᠠᠨᠭ᠌ ᠤᠨ ᠭᠠᠮᠰᠢᠭ᠂ ᠭᠠᠵᠠᠷ ᠬᠥᠳᠡᠯᠦᠯᠲᠡ︔     2. ᠰᠢᠪᠠᠷ ᠴᠢᠯᠠᠭᠤᠨ ᠤᠷᠤᠰᠬᠠᠯ᠂ ᠠᠭᠤᠯᠠ ᠬᠠᠳᠠ ᠶᠡᠭᠦᠷᠡᠬᠦ︔      3. ᠬᠤᠷᠣᠬᠠᠶ ᠬᠤᠯᠤᠭᠠᠨ᠎ᠠ ᠶᠢᠨ ᠬᠥᠨᠥᠭᠡᠯ︔     4. ᠪᠤᠰᠤᠳ ᠪᠠᠶᠢᠳᠠᠯ᠃     ︵ᠵᠢᠷᠭᠤᠭ᠎ᠠ︶ ᠳᠠᠭᠠᠳᠬᠠᠯ ᠤᠨ ᠵᠣᠭᠤᠰᠤᠨ ᠲᠤᠭ᠎ᠠ᠄ ᠲᠠᠷᠢᠶᠠᠨ ᠭᠠᠵᠠᠷ ᠤᠨ ᠲᠥᠷᠥᠯ ᠵᠤᠶᠢᠯ ᠢᠶᠠᠷ ᠬᠤᠪᠢᠶᠠᠷᠢᠯᠠᠨ᠎ᠠ᠃     ︵ᠲᠤᠯᠤᠭ᠎ᠠ︶ ᠳᠠᠭᠠᠳᠬᠠᠯ ᠤᠨ ᠵᠠᠷᠤᠳᠠᠯ ᠤᠨ ᠨᠣᠷᠮ᠎ᠠ᠄ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠨᠢᠭᠡᠳᠦᠯᠲᠡᠶ 3% ᠪᠠᠷ ᠲᠣᠭᠲᠠᠭᠠᠵᠤ᠂ ᠲᠠᠷᠢᠮᠠᠯ ᠤᠨ ᠬᠡᠪᠴᠢᠶ᠎ᠡ᠂ ᠲᠠᠷᠢᠶᠠᠨ ᠭᠠᠵᠠᠷ ᠤᠨ ᠲᠥᠷᠥᠯ ᠬᠡᠯᠪᠡᠷᠢ ᠶᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ᠃      ︵  ᠨᠠᠢᠮᠠ︶ ᠳᠠᠭᠠᠳᠬᠠᠯ ᠤᠨ ᠨᠥᠬᠦᠪᠥᠷᠢ᠄ ᠬᠤᠰᠢᠭᠤᠨ ᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠨᠥᠬᠦᠪᠥᠷᠢᠯᠠᠨ᠎ᠠ᠃    ︵ᠶᠢᠰᠦ︶ ᠲᠥᠯᠥᠪᠤᠷᠢ ᠦᠭᠭᠦ ᠪᠠᠷᠢᠮᠵᠢᠶ᠎ᠠ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠭᠠᠭᠠᠴᠢᠯᠠᠬᠰᠠᠨ ᠲᠠᠷᠢᠶᠠᠨ ᠭᠠᠵᠠᠷ ᠤᠨ ᠲᠥᠷᠥᠯ ᠬᠡᠯᠪᠡᠷᠢ ᠶᠢᠨ ᠤᠨᠠᠯᠳᠠ ᠶᠢ ᠬᠡᠮᠵᠢᠭᠰᠡᠨ ᠲᠤᠭ᠎ᠠ ᠪᠠᠷᠢᠮᠲᠠ ᠶᠣᠰᠣᠭᠠᠷ᠂ ᠲᠥᠯᠥᠪᠤᠷᠢ ᠥᠭᠬᠦ ᠪᠠᠷᠢᠮᠵᠢᠶ᠎ᠠ ᠶᠢ ᠲᠣᠭᠲᠠᠭᠠᠨ᠎ᠠ᠃      ᠤᠳᠠᠭ᠎ᠠ ᠪᠦᠷᠢ ᠶᠢᠨ ᠠᠳᠡᠯ ᠤᠨ ᠲᠥᠯᠥᠪᠤᠷᠢ ᠠᠴᠠ ᠬᠡᠯᠲᠦᠷᠢᠭᠦᠯᠬᠦ ᠲᠤᠭ᠎ᠠ ︵ᠨᠣᠷᠮ᠎ᠠ︶ ᠶᠢ ᠳᠠᠭᠠᠳᠬᠠᠯ ᠳᠤ ᠤᠷᠤᠯᠴᠠᠬᠴᠢ ᠪᠠ ᠳᠠᠭᠠᠳᠬᠠᠭᠴᠢ ᠳᠠᠭᠠᠳᠬᠠᠯ ᠤᠨ ᠭᠡᠷ᠎ᠡ ᠲᠣᠭᠲᠠᠭᠠᠬᠤ ᠳᠠᠭᠠᠨ ᠵᠥᠪᠳᠡᠯᠴᠡᠨ ᠲᠣᠬᠳᠠᠭᠠᠬᠤ ᠶᠢᠨ ᠬᠠᠮᠳᠤ ᠳᠠᠭᠠᠳᠬᠠᠯ ᠤᠨ ᠬᠠᠭᠤᠳᠠᠰᠤᠨ ᠳᠤ ᠲᠣᠳᠣᠷᠬᠠᠶ ᠲᠡᠮᠳᠡᠭᠯᠡᠨ᠎ᠡ᠃     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠷᠳᠡᠨᠢ ᠰᠢᠰᠢ ᠶᠢᠨ ᠤᠨᠠᠯᠲᠠ ᠶᠢᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠠᠵᠢᠯ ᠢ ᠴᠢᠨᠠᠬᠰᠢᠳᠠ ᠠᠬᠢᠭᠤᠯᠬᠤ ᠶᠢᠨ ᠲᠤᠰᠠᠳᠠ᠂ ᠱᠢ ᠡᠯ ᠯᠢᠶᠠᠨ ᠴᠸᠡᠭ ᠰᠢᠶᠠᠩ ᠨᠢ ᠰᠢᠨ᠎ᠡ ᠡᠭᠦᠷᠭᠡ ᠰᠢᠨ᠎ᠡ ᠪᠠᠶᠢᠳᠠᠯ ᠢ ᠦᠨᠳᠦᠰᠦᠯᠡᠨ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠤᠳᠤᠷᠢᠳᠬᠤ ᠪᠠᠶᠢᠭᠤᠯᠤᠮᠵᠢ ᠳᠤ ᠴᠢᠨᠠᠬᠰᠢᠳᠠ ᠲᠣᠬᠢᠷᠠᠭᠤᠯᠤᠯᠳᠠ ᠭᠢᠵᠤ᠂ ᠪᠦᠷᠢᠨᠰᠢᠭᠦᠯᠭᠦ ᠪᠡ ᠲᠡᠭᠦᠯᠳᠡᠷᠵᠢᠭᠦᠯᠬᠦ ᠬᠡᠷᠡᠭᠲᠡᠶ᠃ ᠠᠵᠢᠯ ᠤᠨ ᠬᠠᠷᠠᠯᠲᠠ᠂ ᠡᠭᠦᠷᠭᠡ ᠪᠣᠯᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠳᠠᠷᠦ᠋ᠢᠬᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠲᠠᠷᠢᠶᠠᠴᠢᠳ ᠤᠨ ᠵᠤᠷᠢᠯᠳᠠ ᠭᠦᠰᠡᠯ ᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠡᠷᠳᠡᠨᠢ ᠰᠢᠰᠢ ᠶᠢᠨ ᠳᠠᠭᠠᠳᠬᠠᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠤᠨ᠎ᠠ᠃     ︵ᠬᠤᠶᠠᠷ︶ ᠵᠤᠭᠢᠴᠠᠭᠤᠯᠭ᠎ᠠ ᠬᠠᠮᠵᠢᠯᠴᠠᠭ᠎ᠠ ᠶᠢ ᠡᠷᠴᠢᠮᠵᠢᠭᠦᠯᠭᠦ ᠭᠡᠷᠡᠭᠳᠡᠢ᠃ ᠱᠢ ᠡᠯ ᠯᠢᠶᠠᠨ ᠴᠸᠡᠭ ᠰᠢᠶᠠᠩ ᠨᠢ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠡᠵᠡᠩᠨᠡᠯᠲᠡ ᠶᠢᠨ ᠪᠠᠶᠢᠭᠤᠯᠤᠮᠵᠢ ᠲᠠᠷᠢᠶᠠᠯᠠᠩ ᠤᠨ ᠳᠠᠭᠠᠳᠬᠠᠯ ᠤᠨ ᠠᠵᠢᠯ ᠢ ᠦᠷᠨᠢᠭᠦᠯᠭᠦ ᠳᠤ ᠢᠳᠡᠪᠬᠢᠲᠡᠶ ᠳᠡᠮᠵᠢᠯᠭᠡ ᠦᠵᠡᠭᠦᠯᠭᠦ ᠪᠠ ᠨᠢᠭᠲᠠ ᠬᠠᠮᠵᠢᠯᠴᠠᠵᠤ᠂ ᠡᠷᠳᠡᠨᠢ ᠰᠢᠰᠢ ᠶᠢᠨ ᠤᠨᠠᠯᠲᠠ ᠶᠢᠨ ᠳᠠᠭᠠᠳᠬᠠᠯ ᠤᠨ ᠠᠵᠢᠯ ᠤᠨ ᠡᠷᠡᠭᠦᠯ ᠲᠣᠭᠲᠠᠭᠤᠨ ᠬᠥᠭᠵᠢᠯᠲᠡ ᠶᠢ ᠬᠠᠮᠲᠤᠪᠠᠷ ᠠᠭᠢᠭᠤᠯᠬᠤ ᠭᠡᠷᠡᠭᠳᠡᠢ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠡᠷᠳᠡᠨᠢ ᠰᠢᠰᠢ ᠶᠢᠨ ᠤᠨᠠᠯᠲᠠ ᠶᠢᠨ ᠳᠠᠭᠠᠳᠬᠠᠯ ᠤᠨ ᠶᠡᠷᠦᠩᠬᠡᠶᠢᠯᠡᠨ ᠵᠣᠬᠢᠴᠠᠭᠤᠯᠬᠤ ᠪᠠ ᠪᠣᠳᠠᠲᠠᠶ ᠵᠣᠬᠢᠶᠠᠨ ᠪᠠᠶᠢᠭᠤᠯᠤᠨ ᠵᠢᠯᠣᠭᠤᠳᠬᠤ ᠠᠵᠢᠯ ᠢᠶᠠᠨ ᠴᠢᠩᠭᠠᠳᠬᠠᠵᠤ᠂ ᠦᠨᠳᠦᠰᠦᠨ ᠱᠠᠲᠤᠨ ᠤ  ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠳᠠᠪᠠᠭᠤᠯᠢᠭ ᠢ ᠭᠦᠢᠴᠡᠳ ᠰᠠᠶᠢᠲᠤᠷ ᠠᠰᠢᠭᠯᠠᠵᠤ᠂ ᠳᠠᠭᠠᠳᠬᠠᠯ ᠤᠨ ᠡᠵᠡᠩᠨᠡᠯᠲᠡ ᠶᠢᠨ ᠪᠠᠶᠢᠭᠤᠯᠤᠮᠵᠢ ᠲᠠᠢ ᠬᠠᠮᠵᠢᠯᠴᠠᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠢ ᠥᠷᠨᠢᠭᠦᠯᠭᠦ︔ ᠬᠤᠰᠢᠭᠤᠨ ᠤ ᠴᠠᠭ ᠠᠭᠤᠷ ᠤᠨ ᠰᠠᠯᠠᠭ᠎ᠠ ᠮᠥᠴᠢᠷ ᠨᠢ ᠴᠠᠭ ᠠᠭᠤᠷ ᠤᠨ ᠮᠠᠲ᠋ᠧᠷᠢᠶᠠᠯ ᠪᠠ ᠳᠠᠭᠠᠳᠬᠠᠯ ᠳᠤ ᠣᠷᠣᠯᠴᠠᠭᠰᠠᠨ ᠡᠷᠳᠡᠨᠢ ᠰᠢᠰᠢ ᠶᠢᠨ ᠭᠠᠮᠰᠢᠭ ᠤᠨ ᠬᠤᠬᠢᠷᠠᠯ ᠢ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ ᠵᠢᠴᠢ ᠬᠤᠯᠪᠤᠬᠳᠠᠯ ᠪᠦᠬᠦᠢ ᠭᠡᠷᠡᠴᠢ ᠪᠠᠷᠢᠮᠳᠠ ᠶᠢ ᠴᠠᠭ ᠲᠤᠬᠠᠶ ᠳᠤᠨᠢ ᠬᠠᠩᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ᠂ ᠳᠠᠭᠠᠳᠬᠠᠯ ᠤᠨ ᠡᠵᠡᠩᠨᠡᠯᠲᠡ ᠶᠢᠨ ᠪᠠᠶᠢᠭᠤᠯᠤᠮᠵᠢ ᠲᠠᠢ ᠬᠠᠮᠵᠢᠯᠴᠠᠨ ᠦᠢᠯᠡᠳᠪᠤᠷᠢᠯᠠᠯ ᠤᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠬᠤ ᠪᠠ ᠭᠠᠮᠰᠢᠭ ᠢ ᠰᠡᠷᠭᠡᠶᠢᠯᠡᠨ ᠬᠤᠬᠢᠷᠠᠯ ᠢ ᠰᠡᠷᠭᠡᠶᠢᠯᠡᠬᠦ ᠠᠵᠢᠯ ᠢ ᠥᠷᠨᠢᠭᠦᠯᠭᠦ ᠭᠡᠷᠡᠭᠳᠡᠢ︔ ᠬᠤᠰᠢᠭᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠡᠷᠳᠡᠨᠢ ᠰᠢᠰᠢ ᠶᠢᠨ ᠤᠨᠠᠯᠲᠠ ᠶᠢᠨ ᠳᠠᠭᠠᠳᠬᠠᠯ ᠤᠨ ᠡᠵᠡᠩᠨᠡᠯᠲᠡ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠡᠷᠭᠢᠯᠡᠬᠦ ᠳᠤ ᠬᠡᠷᠡᠭᠰᠡᠬᠦ ᠴᠢᠬᠤᠯᠠᠳᠠᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠬᠤ ᠬᠡᠷᠡᠭᠲᠡᠶ︔ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ  ᠨᠢ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠪᠡᠯᠡ ᠮᠥᠩᠭᠦ ᠶᠢ ᠪᠠᠭᠤᠯᠭᠠᠨ ᠥᠭᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃     ︵ᠭᠤᠷᠪᠠ︶ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠪᠦᠷᠢᠨ ᠭᠦᠢᠴᠡᠳ ᠪᠠᠭᠤᠯᠭᠠᠨ ᠥᠭᠬᠦ ᠬᠡᠷᠡᠭᠲᠡᠶ᠃ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠡᠭᠦᠷᠭᠡᠯᠡᠨ ᠲᠠᠭᠠᠭᠠᠵᠤ ᠪᠠᠶᠢᠭ᠎ᠠ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠠᠷᠢᠴᠠᠯ ᠢ ᠦᠨᠳᠦᠰᠦᠯᠡᠨ᠂ ᠡᠷᠳᠡᠨᠢ ᠰᠢᠰᠢ ᠶᠢᠨ ᠤᠨᠠᠯᠲᠠ ᠶᠢᠨ ᠳᠠᠭᠠᠳᠬᠠᠯ ᠤᠨ ᠳᠠᠭᠠᠳᠬᠠᠯ ᠳᠤ ᠤᠷᠤᠭᠤᠯᠬᠤ ᠭᠦᠷᠢᠶ᠎ᠠ ᠬᠡᠪᠴᠢᠶ᠎ᠡ ᠶᠢ ᠵᠢᠱᠢᠨ ᠲᠦᠰᠦᠪᠯᠡᠵᠤ᠂ ᠲᠤᠰ ᠱᠠᠲᠤᠨ ᠤ ᠡᠳ᠋ ᠤᠨ ᠵᠠᠰᠠᠭ ᠠᠴᠠ ᠥᠭᠬᠦ ᠴᠢᠬᠤᠯᠠᠲᠠᠶ ᠨᠥᠬᠦᠪᠥᠷᠢ ᠮᠥᠩᠭᠦ ᠶᠢᠨ ᠲᠤᠭ᠎ᠠ ᠶᠢ ᠲᠥᠰᠦᠭᠡᠯᠡᠨ ᠪᠣᠳᠣᠬᠤ ᠶᠢᠨ ᠬᠠᠮᠲᠤ ᠪᠡᠯᠡ ᠮᠥᠩᠭᠦ ᠲᠣᠬᠢᠷᠠᠭᠤᠯᠵᠤ᠂ ᠴᠠᠭ ᠲᠤᠬᠠᠶ ᠳᠤᠨᠢ ᠪᠦᠷᠢᠨ ᠭᠦᠢᠴᠡᠳ ᠤᠷᠤᠨᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ︵ᠲᠦᠷᠪᠡ︶ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠤᠬᠠᠶ ᠶᠢᠨ ᠭᠠᠵᠠᠷ ᠤᠨ ᠡᠷᠳᠡᠨᠢ ᠰᠢᠰᠢ ᠶᠢᠨ ᠤᠨᠠᠯᠳᠠ ᠶᠢᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠥᠭᠬᠦ ᠠᠵᠢᠯ ᠤᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠡᠵᠡᠮᠰᠢᠵᠦ᠂ ᠳᠠᠭᠠᠳᠬᠠᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠤᠨ ᠰᠢᠢᠳᠪᠤᠷᠢᠯᠡᠭᠦ ᠬᠡᠷᠡᠭᠲᠡᠶ᠃                            ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                            2020 ᠣᠨ ᠤ 7 ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠲᠤᠰ ᠰᠦᠯᠵᠢᠶ᠎ᠡ