︽ᠵᠡᠭᠦᠨᠭᠠᠷ ᠬᠤᠰᠢᠭᠤᠨ ᠤ 2020 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠭᠡᠷᠡᠭᠵᠢᠬᠦᠯᠬᠦ ᠳᠦᠰᠤᠯ︾ ᠢ ᠳᠠᠷᠤᠮᠠᠯᠯᠠᠨ ᠳᠠᠷᠬᠠᠭᠠᠬᠤ ᠳᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/17
    ᠡᠯ᠎ᠡ ᠰᠤᠮᠤ ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ  ᠡᠷᠬᠢᠯᠡᠬᠦ ᠭᠠᠵᠠᠷ᠂ ᠡᠯ᠎ᠡ ᠬᠤᠯᠪᠣᠭᠳᠠᠯ ᠪᠥᠬᠦᠶ ᠨᠢᠭᠡᠴᠢ ᠳᠤ᠄     ︽ᠵᠡᠭᠦᠨᠭᠠᠷ ᠬᠤᠰᠢᠭᠤᠨ ᠤ 2020 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠬᠡᠷᠡᠭᠵᠢᠭᠦᠯᠬᠦ ᠲᠥᠰᠦᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ  ᠳᠤᠭᠤᠰᠢᠯᠠᠭᠤᠯᠤᠨ ᠬᠡᠷᠡᠭᠵᠢᠭᠦᠯᠲᠦᠭᠡᠶ᠃     ᠳᠠᠭᠠᠯᠳᠤᠭᠤᠯᠤᠯ᠄ ︽ᠵᠡᠭᠦᠨᠭᠠᠷ ᠬᠤᠰᠢᠭᠤᠨ ᠤ 2020 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ  ᠪᠠᠶᠢᠰᠢᠩ ᠢ ᠥᠭᠡᠷᠡᠴᠢᠯᠡᠨ ᠵᠠᠰᠠᠬᠤ ᠬᠡᠷᠡᠭᠵᠢᠭᠦᠯᠬᠦ ᠲᠥᠰᠦᠯ︾                            ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2020 ᠣᠨ ᠤ 7 ᠰᠠᠷ᠎ᠠ ᠶᠢᠨ 31 ᠤ ᠡᠳᠦᠷᠳᠠᠭᠠᠯᠳᠤᠭᠤᠯᠤᠯ         ᠵᠡᠭᠦᠨᠭᠠᠷ ᠬᠤᠰᠢᠭᠤᠨ ᠤ 2020 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ  ᠵᠠᠰᠠᠬᠤ ᠬᠡᠷᠡᠭᠵᠢᠭᠦᠯᠬᠦ ᠲᠥᠰᠦᠯ     ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ  ᠦᠭᠡᠷᠡᠴᠢᠯᠡᠨ ᠵᠠᠰᠠᠬᠤ ᠠᠵᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ︽ᠳᠥᠷᠪᠡᠨ ᠲᠥᠷᠥᠯ ᠤᠨ ᠭᠤᠣᠯᠳᠠᠯᠭ᠎ᠠ ᠲᠠᠢ ᠡᠲᠡᠭᠡᠳ︾ ᠤᠨ ᠣᠷᠣᠨ ᠰᠠᠭᠤᠴᠠ ᠶᠢᠨ ᠠᠮᠤᠷ ᠳᠦᠪᠰᠢᠨ ᠤ ᠠᠰᠠᠭᠤᠳᠠᠯ ᠢ ᠤᠯᠠᠮ  ᠴᠢᠨᠠᠬᠰᠢᠳᠠ ᠰᠢᠢᠳᠪᠦᠷᠢᠯᠡᠵᠦ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠬᠤ ᠶᠢᠨ ᠳᠤᠰᠠᠳᠠ᠂ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠨᠢᠭᠡᠳᠦᠯᠲᠡᠶ  ᠳᠦᠯᠦᠪᠯᠡᠨ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠲᠠᠷᠢᠶᠠᠴᠢᠨ ᠲᠦᠮᠡᠨ ᠤ ᠤᠶᠢᠯᠡᠳᠪᠤᠷᠢᠯᠡᠯ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠡᠶᠡᠯᠡᠬᠦᠯᠬᠦ ᠶᠡᠷᠦᠩᠬᠡᠶ ᠬᠠᠷᠠᠯᠲᠠ ᠶᠢ ᠪᠡᠶᠡᠯᠡᠭᠦᠯᠦᠨ᠎ᠡ᠃     ︵ᠬᠤᠶᠠᠷ︶ ᠬᠠᠷᠠᠯᠲᠠ ᠡᠭᠦᠷᠭᠡ    ᠮᠠᠨ ᠤ ᠬᠤᠰᠢᠭᠤᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠳᠦᠷᠭᠡᠨ ᠠᠬᠢᠭᠤᠯᠵᠤ᠂ ᠬᠥᠳᠡᠭᠡ ᠲᠣᠰᠬᠤᠨ ᠤ ᠬᠦᠴᠢᠷᠳᠡᠯᠲᠡᠶ ᠣᠯᠠᠨ ᠲᠦᠮᠡᠨ ᠤ ᠬᠠᠮᠤᠭ ᠤᠨ ᠦᠨᠳᠦᠰᠦᠨ ᠠᠮᠤᠷ ᠲᠦᠪᠰᠢᠨ ᠤ ᠣᠷᠣᠨ ᠰᠠᠭᠤᠴᠠ ᠶᠢ ᠰᠢᠢᠳᠪᠤᠷᠢᠯᠡᠬᠦ ᠶᠢ ᠨᠢᠭᠡ ᠵᠤᠶᠢᠯ ᠤᠨ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ  ᠪᠤᠯᠭᠠᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠤ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠤᠨ᠂ ᠨᠢᠭᠡ ᠡᠷᠦᠬᠡ ᠶᠢ ᠢᠯᠡᠷᠡᠭᠦᠯᠪᠡᠯ ᠨᠢᠭᠡ ᠡᠷᠤᠭᠡ ᠶᠢ ᠥᠭᠡᠷᠡᠴᠢᠯᠡᠨ ᠵᠠᠰᠠᠵᠤ᠂ ᠬᠥᠳᠡᠯᠦᠩᠭᠦᠶ ᠪᠠᠷ ᠪᠦᠬᠦᠨ ᠢ ᠠᠷᠢᠯᠭᠠᠵᠤ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠡᠶᠡᠯᠡᠭᠦᠯᠵᠦ᠂ 2020 ᠣᠨ ᠳᠤ ᠬᠥᠳᠡᠭᠡ ᠲᠣᠰᠬᠤᠨ ᠤ ᠣᠲᠣ ᠪᠠᠶᠢᠭ᠎ᠠ ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃     ︵ᠭᠤᠷᠪᠠ︶ ᠦᠨᠳᠦᠰᠦᠨ ᠵᠠᠷᠴᠢᠮ   1. ᠦᠨᠡᠨ ᠠᠴᠠ ᠵᠥᠪ ᠢ ᠡᠷᠢᠬᠦ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ  ᠦᠭᠡᠷᠡᠴᠢᠯᠡᠨ ᠵᠠᠰᠠᠬᠤ ᠠᠵᠢᠯ ᠨᠢ ᠭᠠᠵᠠᠷ ᠣᠷᠣᠨ ᠤ ᠪᠠᠶᠢᠳᠠᠯ  ᠳᠠᠭᠠᠨ ᠲᠣᠬᠢᠷᠠᠭᠤᠯᠤᠨ᠂ ᠨᠡᠶᠢᠳᠡᠮ ᠬᠠᠷᠠᠭᠠᠯᠵᠠᠬᠤ ᠳᠦᠷᠢᠮ ᠢ ᠬᠡᠷᠡᠭᠵᠢᠭᠦᠯᠬᠦ ᠦᠭᠡᠢ ᠪᠠᠷ᠂ ᠬᠠᠮᠤᠭ ᠤᠨ ᠶᠠᠳᠠᠭᠤ ᠬᠦᠴᠢᠷᠳᠡᠯᠲᠡᠶ᠂ ᠣᠷᠣᠨ ᠰᠠᠭᠤᠴᠠ  ᠳᠤᠨᠢ ᠠᠮᠤᠷ ᠲᠦᠪᠰᠢᠨ ᠤ ᠨᠡᠯᠢᠶᠡᠳ ᠶᠡᠭᠡ ᠳᠠᠯᠳᠠ ᠭᠡᠮ ᠤᠷᠤᠰᠢᠵᠤ ᠪᠠᠶᠢᠭ᠎ᠠ ᠪᠠᠷ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠡᠲᠡᠭᠡᠳ ᠢ ᠲᠣᠭᠲᠠᠭᠠᠬᠤ ᠤᠷᠢᠳᠠᠴᠢ ᠨᠥᠬᠦᠴᠡᠯ ᠪᠣᠯᠭᠠᠵᠤ᠂  ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠮᠤᠷ ᠲᠦᠪᠰᠢᠨ ᠤ ᠱᠠᠭᠠᠷᠳᠠᠯᠭ᠎ᠠ ᠶᠢ ᠬᠠᠩᠭᠠᠬᠤ ᠶᠢ ᠦᠨᠡᠨᠬᠦ ᠪᠠᠲᠤᠯᠠᠨ᠎ᠠ᠃   2. ᠲᠠᠷᠢᠶᠠᠴᠢᠨ ᠡᠷᠦᠬᠡ ᠰᠠᠶᠢᠨ ᠳᠤᠷ᠎ᠠ ᠠᠴᠠ ᠪᠠᠨ ᠪᠠᠶᠢᠬᠤ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠦᠴᠢᠷᠳᠡᠯᠲᠡᠶ ᠣᠯᠠᠨ ᠲᠦᠮᠡᠨ ᠪᠣᠯ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠭᠤᠤᠯ ᠴᠣᠭᠴᠠ ᠮᠥᠨ ᠪᠣᠯᠬᠤᠷ ᠣᠷᠣᠨ ᠰᠠᠭᠤᠴᠠ ᠶᠢᠨ ᠦᠨᠳᠦᠰᠦᠨ ᠨᠥᠬᠦᠴᠡᠯ ᠢ ᠰᠠᠶᠢᠵᠢᠷᠠᠭᠤᠯᠬᠤ ᠰᠠᠶᠢᠨ ᠳᠤᠷ᠎ᠠ ᠠᠴᠠ ᠪᠠᠨ ᠭᠤᠶᠤᠴᠢᠯᠠᠬᠤ ᠬᠦᠰᠡᠯ  ᠵᠤᠷᠢᠯᠳᠠ ᠶᠢ  ᠬᠦᠢᠴᠡᠳ ᠬᠦᠨᠳᠦᠳᠬᠡᠬᠦ ᠬᠡᠷᠡᠭᠲᠡᠶ᠃   3. ᠬᠢᠨᠠᠨ ᠬᠠᠷᠭᠤᠭᠤᠯᠬᠤ ᠳᠡᠰ ᠳᠠᠷᠠᠭᠠᠯᠠᠯ ᠢ ᠵᠢᠷᠤᠮᠵᠢᠭᠤᠯᠬᠤ᠃ ᠢᠯᠡ ᠲᠣᠳᠣ᠂ ᠡᠷᠬᠡ ᠲᠡᠭᠰᠢ᠂ ᠲᠥᠪ  ᠭᠤᠤᠯᠴᠢ ᠪᠠᠶᠢᠬᠤ ᠵᠠᠷᠴᠢᠮ ᠶᠣᠰᠣᠭᠠᠷ᠂ ᠲᠠᠷᠢᠶᠠᠴᠢᠨ ᠡᠷᠦᠬᠡ ᠰᠠᠶᠢᠨ ᠳᠤᠷ᠎ᠠ ᠠᠴᠠ ᠪᠠᠨ ᠭᠤᠶᠤᠴᠢᠯᠠᠨ᠂ ᠲᠣᠰᠬᠤᠨ ᠤ ᠠᠷᠠᠳ ᠤᠨ ᠬᠤᠷᠠᠯ ᠪᠤᠶᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢᠶᠠᠷ ᠠᠷᠠᠳᠴᠢᠯᠠᠯ ᠢᠶᠠᠷ ᠦᠨᠡᠯᠡᠨ ᠶᠠᠷᠢᠯᠴᠠᠵᠤ᠂ ᠰᠢᠶᠠᠩ ᠪᠠᠯᠭᠠᠰᠤ ᠠᠴᠠ ᠬᠢᠨᠠᠨ ᠬᠠᠷᠭᠤᠭᠤᠯᠵᠤ᠂ ᠬᠤᠰᠢᠭᠤᠨ ᠤ ᠱᠠᠲᠤᠨ ᠠᠴᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢᠶᠠᠷ ᠬᠢᠨᠠᠨ ᠬᠠᠷᠭᠤᠭᠤᠯᠬᠤ ᠬᠡᠷᠡᠭᠲᠡᠶ᠃  ᠢᠯᠡ ᠨᠡᠶᠢᠲᠡᠯᠡᠬᠦ ᠲᠦᠷᠢᠮ ᠢ ᠳᠤᠬᠳᠠᠭᠠᠨ ᠳᠡᠬᠦᠯᠳᠡᠷᠵᠢᠬᠦᠯᠵᠤ᠂ ᠲᠤᠰᠠᠯᠠᠮᠵᠢ ᠬᠦᠷᠲᠡᠬᠦ ᠡᠲᠡᠭᠡᠳ ᠤᠨ ᠦᠨᠳᠦᠰᠦᠨ ᠮᠡᠳᠡᠭᠡ ᠵᠠᠩᠭᠢ᠂ ᠡᠯ᠎ᠡ ᠬᠢᠨᠠᠨ ᠪᠠᠶᠢᠴᠠᠭᠠᠬᠤ ᠭᠤᠭᠴᠤᠭ᠎ᠠ ᠶᠢᠨ ᠬᠢᠨᠠᠨ ᠵᠥᠪᠰᠢᠶᠡᠷᠡᠭᠰᠡᠨ ᠦᠷ᠎ᠡ ᠳ᠋ᠦᠩ ᠪᠠ  ᠨᠦᠬᠦᠪᠤᠷᠢ ᠮᠥᠩᠭᠦ ᠶᠢᠨ ᠲᠤᠭ᠎ᠠ ᠶᠢ ᠴᠥᠮ ᠲᠣᠰᠬᠤᠨ ᠤ ᠶᠠᠪᠤᠳᠠᠯ ᠢ ᠢᠯᠡ ᠪᠣᠯᠭᠠᠬᠤ ᠪᠤᠯᠤᠩ ᠳᠤ ᠢᠯᠡ ᠨᠡᠶᠢᠲᠡᠯᠡᠨ᠎ᠡ᠃ ᠰᠤᠮᠤ ᠰᠢᠶᠠᠩ ᠪᠠᠯᠭᠠᠰᠤ ᠨᠤᠭᠤᠳ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠲᠠᠷᠢᠶᠠᠴᠢᠨ ᠡᠷᠦᠬᠡ ᠯᠦᠭᠡ ᠭᠡᠷ᠎ᠡ ᠪᠤᠶᠤ ᠵᠥᠪᠯᠡᠯᠴᠡᠭᠡᠷ ᠲᠣᠭᠲᠠᠬᠤ ᠠᠵᠢᠯ ᠢ ᠰᠠᠶᠢᠲᠤᠷ ᠬᠢᠬᠦ ᠬᠡᠷᠡᠭᠲᠡᠶ᠃     ᠬᠤᠶᠠᠷ᠂  ᠭᠤᠤᠯ ᠠᠭᠤᠯᠭ᠎ᠠ    ︵ᠨᠢᠭᠡ︶ ᠲᠤᠰᠠᠯᠠᠬᠤ ᠡᠲᠡᠭᠡᠳ᠃ ᠮᠠᠨ ᠤ ᠬᠤᠰᠢᠭᠤᠨ ᠤ ᠲᠠᠷᠢᠶᠠᠯᠠᠩ ᠤᠨ ᠡᠷᠦᠬᠡ ᠠᠮᠠ ᠲᠠᠢ᠂ ᠤᠷᠲᠤ ᠬᠤᠭᠤᠴᠠᠭ᠎ᠠ ᠪᠠᠷ ᠲᠣᠰ ᠲᠣᠰᠬᠤᠨ ᠳᠤ ᠰᠠᠭᠤᠵᠤ ᠤᠶᠢᠯᠡᠳᠪᠤᠷᠢᠯᠡᠯ ᠠᠮᠢᠳᠤᠷᠠᠯ ᠬᠢᠵᠦ ᠪᠠᠶᠢᠭ᠎ᠠ ᠪᠥᠭᠡᠳ ᠣᠳᠣ ᠶᠢᠨ ᠰᠠᠭᠤᠵᠤ ᠪᠠᠶᠢᠭ᠎ᠠ ᠭᠡᠷ ᠪᠠᠶᠢᠰᠢᠩ ︵ᠴᠣᠷ ᠤᠨ ᠭᠠᠭᠴᠠ ᠣᠷᠣᠨ ᠰᠠᠭᠤᠴᠠ︶   ᠨᠢ ᠨᠤᠷᠠᠬᠤ ᠠᠶᠤᠯᠲᠠᠶ ᠭᠡᠷ ᠪᠠᠶᠢᠰᠢᠩ ᠪᠣᠯᠬᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ᠂ ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ ᠵᠡᠷᠭᠡ ︽ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠪᠣᠯᠤᠨ᠎ᠠ᠃ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠳᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠬᠤ ᠪᠠᠷ ᠪᠠᠷᠢᠮᠵᠢᠶ᠎ᠠ ᠪᠣᠯᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠪᠣᠯᠤᠨ ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠠᠰᠠᠷᠠᠨ ᠳᠡᠵᠢᠭᠡᠵᠤ ᠪᠠᠶᠢᠭ᠎ᠠ ᠣᠨᠴᠠ ᠬᠦᠴᠢᠷᠳᠡᠯᠲᠡᠶ ᠬᠥᠮᠦᠰ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠬᠤ ᠪᠠᠷ ᠪᠠᠷᠢᠮᠵᠢᠶ᠎ᠠ ᠪᠣᠯᠭᠠᠵᠤ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ ᠶᠢ ᠢᠯᠭᠠᠨ ᠲᠠᠨᠢᠬᠤ ᠳᠤ ᠵᠡᠮᠳᠡᠭᠴᠦᠳ ᠤᠨ ᠬᠤᠯᠪᠣᠭᠠᠲᠤ ᠬᠤᠷᠠᠯ᠂ ᠶᠠᠳᠠᠭᠤ ᠶᠢ ᠲᠡᠳᠬᠦᠬᠦ ᠠᠯᠪᠠᠨ ᠭᠡᠷ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠮᠲᠤᠷᠠᠨ ᠮᠠᠭᠠᠳᠯᠠᠨ ᠲᠣᠭᠲᠠᠭᠠᠯᠭᠠᠬᠤ ᠪᠠᠷ ᠪᠠᠷᠢᠮᠵᠢᠶ᠎ᠠ ᠪᠣᠯᠭᠠᠨ᠎ᠠ᠃    ᠬᠤᠰᠢᠭᠤᠨ ᠤ ᠶᠠᠳᠠᠭᠤ ᠶᠢ ᠲᠡᠳᠬᠦᠬᠦ  ᠂ ᠠᠷᠠᠳ ᠤᠨ ᠶᠠᠪᠤᠳᠠᠯ᠂ ᠵᠡᠮᠳᠡᠭᠴᠦᠳ ᠤᠨ  ᠬᠤᠯᠪᠤᠭᠠᠳᠤ ᠬᠤᠷᠠᠯ  ᠵᠡᠷᠭᠡ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠬᠤ ᠪᠠᠷ ᠳᠠᠮᠵᠢᠭᠠᠳ᠂ 2020 ᠣᠨ ᠤ 4 ᠰᠠᠷ᠎ᠠ ᠪᠣᠯᠲᠠᠯ᠎ᠠ᠂ ᠳᠦᠷᠪᠡᠨ ᠳᠦᠷᠤᠯ ᠤᠨ ᠭᠤᠤᠯᠳᠠᠯᠭ᠎ᠠ ᠲᠠᠢ ᠡᠲᠡᠭᠡᠳ ᠢ ᠨᠡᠶᠢᠲᠡ 5433 ᠡᠷᠤᠭᠡ  ᠮᠠᠭᠠᠳᠯᠠᠨ ᠳᠤᠬᠳᠠᠭᠠᠪᠠ᠃ ᠦᠨᠡᠯᠡᠨ ᠲᠣᠭᠲᠠᠭᠠᠭᠰᠠᠨ ᠢᠶᠠᠷ᠂ ᠨᠡᠶᠢᠲᠡ 265 ᠡᠷᠤᠭᠡ ︵C ᠲᠡᠰ ᠲᠤ 145 ᠡᠷᠦᠬᠡ᠂ D ᠲᠡᠰ ᠲᠤ 120 ᠡᠷᠦᠬᠡ︶ ᠶᠢᠨ ᠭᠡᠷ ᠪᠠᠶᠢᠰᠢᠩ ᠨᠢ ᠳᠥᠷᠪᠡᠨ ᠲᠥᠷᠥᠯ ᠤᠨ  ᠭᠤᠤᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠶ ᠭᠡᠷ ᠪᠠᠶᠢᠰᠢᠩ ᠤᠨ ᠨᠦᠬᠦᠴᠡᠯ ᠳᠤ ᠨᠡᠶᠢᠴᠡᠵᠦ᠂ ᠡᠭᠦᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ  ᠪᠠᠶᠢᠭ᠎ᠠ ᠡᠷᠦᠬᠡ 182᠂ ᠬᠥᠳᠡᠭᠡ  ᠳᠤᠰᠬᠤᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠡᠷᠦᠬᠡ  83  ᠪᠤᠢ᠃    ︵ᠬᠤᠶᠠᠷ︶ ᠥᠭᠡᠷᠡᠴᠢᠯᠡᠨ ᠵᠠᠰᠠᠬᠤ ᠬᠦᠷᠢᠶ᠎ᠡ ᠬᠡᠪᠴᠢᠶ᠎ᠡ᠃ ᠨᠤᠷᠠᠬᠤ ᠠᠶᠤᠯᠲᠠᠶ ᠬᠡᠷ ᠪᠠᠶᠢᠰᠢᠩ ᠭᠡᠳᠡᠭ ᠨᠢ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠳᠠ ᠶᠢᠨ ᠶᠠᠮᠤᠨ ᠤ ︽ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠬᠢᠨᠠᠨ ᠲᠣᠭᠲᠠᠭᠠᠬᠤ ᠮᠡᠷᠭᠡᠵᠢᠯ ᠤᠨ ᠵᠢᠯᠤᠭᠤᠳᠬᠤ ᠳᠦᠷᠢᠮ ︵ᠲᠤᠷᠰᠢᠨ ᠬᠡᠷᠡᠭᠵᠢᠭᠦᠯᠬᠦ︶︾  ᠢ ᠦᠨᠳᠦᠰᠦᠯᠡᠨ ᠬᠢᠨᠠᠨ ᠲᠣᠭᠲᠠᠭᠠᠬᠰᠠᠨ ᠪᠦᠬᠦ᠋ᠢᠯᠡ ᠨᠤᠷᠠᠬᠤ ᠠᠶᠤᠯᠲᠠᠶ ᠭᠡᠷ ᠪᠠᠶᠢᠰᠢᠩ ︵D ᠳᠡᠰ︶ ᠪᠤᠶᠤ  ᠵᠠᠷᠢᠮ ᠨᠤᠷᠠᠬᠤ  ᠠᠶᠤᠯᠳᠠᠢ ︵C ᠳᠡᠰ︶ ᠭᠡᠷ ᠪᠠᠶᠢᠰᠢᠩ  ᠢ ᠵᠢᠭᠠᠵᠤ ᠪᠤᠢ᠃ ᠮᠠᠨ ᠤ ᠬᠤᠰᠢᠭᠤᠨ ᠤ ᠨᠤᠷᠠᠬᠤ ᠠᠶᠤᠯᠲᠠᠶ ᠬᠡᠷ ᠪᠠᠶᠢᠰᠢᠩ ᠤᠨ ᠬᠢᠨᠠᠨ ᠲᠣᠭᠲᠠᠭᠠᠯᠲᠠ ᠶᠢᠨ ᠪᠠᠶᠢᠳᠠᠯ ᠪᠤᠯ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠠ ᠭᠤᠷᠪᠠᠳᠠᠬᠢ ᠡᠳᠡᠭᠡᠳ ᠤᠨ ᠲᠤᠰᠬᠠᠶ ᠮᠡᠷᠭᠡᠵᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ  ᠪᠥᠬᠦ ᠬᠤᠰᠢᠭᠤᠨ ᠤ ᠪᠠᠶᠢᠩᠭᠤ ᠰᠠᠭᠤᠵᠤ ᠪᠠᠶᠢᠭ᠎ᠠ ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠲᠤ  ᠠᠪᠤᠬᠰᠠᠨ ᠦᠨᠡᠯᠡᠨ ᠲᠣᠭᠲᠠᠭᠠᠬᠤ ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ C ᠳᠡᠰ ᠪᠤᠶᠤ D ᠲᠡᠰ ᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ  ᠵᠠᠰᠠᠬᠤ  ᠭᠡᠷ ᠪᠠᠶᠢᠰᠢᠩ ᠢᠶᠠᠷ ᠦᠨᠡᠯᠡᠨ ᠲᠣᠭᠲᠠᠭᠠᠬᠰᠠᠨ ᠪᠠᠶᠢᠨ᠎ᠠ᠃    ︵ᠭᠤᠷᠪᠠ︶ ᠥᠭᠡᠷᠡᠴᠢᠯᠡᠨ ᠵᠠᠰᠠᠬᠤ ᠠᠷᠭ᠎ᠠ  ᠮᠠᠶ᠋ᠢᠭ ᠢ ᠵᠦᠶ ᠵᠣᠬᠢᠰᠲᠠᠶ ᠰᠣᠩᠭᠤᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠳᠠᠭᠠᠨ ᠳᠠᠬᠢᠨ ᠪᠠᠶᠢᠭᠤᠯᠬᠤ ᠪᠠ ᠰᠡᠯᠪᠢᠨ ᠵᠠᠰᠠᠵᠤ ᠪᠠᠬᠢᠵᠢᠭᠦᠯᠬᠦ ᠬᠤᠶᠠᠷ ᠵᠦᠢᠯ ᠤᠨ ᠠᠷᠭ᠎ᠠ ᠮᠠᠶ᠋ᠢᠭ ᠬᠤᠪᠢᠶᠠᠵᠤ᠂ ᠥᠭᠡᠷᠡᠴᠢᠯᠡᠨ ᠵᠠᠰᠠᠬᠤ ᠪᠠᠷ ᠪᠠᠶᠢᠭ᠎ᠠ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠨᠢ ᠪᠦᠬᠦᠯᠢ ᠴᠣᠭᠴᠠ ᠪᠠᠷ ᠢᠶᠠᠨ ᠠᠶᠤᠯ ᠲᠦᠭᠰᠢᠭᠦᠷᠢ ︵D ᠲᠠᠰ︶  ᠲᠠᠢ ᠪᠠᠶᠢᠳᠠᠯ ᠳᠤ ᠬᠠᠷᠢᠶᠠᠯᠠᠭᠳᠠᠪᠠᠯ ᠨᠤᠷᠠᠭᠠᠨ ᠳᠠᠬᠢᠨ ᠪᠠᠶᠢᠭᠤᠯᠵᠤ᠂ ᠬᠡᠰᠡᠭ ᠲᠠᠯ᠎ᠠ  ᠶᠢᠨ ᠠᠶᠤᠯ ᠲᠦᠭᠰᠢᠭᠦᠷᠢ ︵C ᠲᠠᠰ︶ ᠲᠠᠢ ᠪᠠᠶᠢᠳᠠᠯ ᠳᠤ ᠬᠠᠷᠢᠶᠠᠯᠠᠭᠳᠠᠪᠠᠯ ᠰᠡᠯᠪᠢᠨ ᠵᠠᠰᠠᠵᠤ ᠪᠠᠬᠢᠵᠢᠭᠦᠯᠤᠨ᠎ᠠ᠃ ᠨᠥᠬᠦᠴᠡᠯ ᠪᠦᠷᠢᠯᠳᠦᠭᠰᠡᠨ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠤᠨ ᠠᠶᠤᠯ ᠢ ᠠᠷᠢᠯᠭᠠᠨ  ᠪᠠᠬᠢᠵᠢᠬᠦᠯᠬᠦ  ᠶᠢ  ᠵᠤᠷᠢᠬᠵᠢᠭᠤᠯᠤᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠳᠤ ᠲᠠᠷᠢᠶᠠᠴᠢᠨ ᠡᠷᠦᠬᠡ ᠶᠢᠨ ᠥᠪᠡᠰᠦᠪᠡᠨ  ᠪᠠᠶᠢᠭᠤᠯᠬᠤ ᠪᠠᠷ ᠭᠤᠣᠯ ᠪᠣᠯᠭᠠᠵᠤ᠂ ᠲᠠᠷᠢᠶᠠᠴᠢᠨ ᠡᠷᠦᠬᠡ ᠥᠪᠡᠰᠦᠪᠡᠨ ᠪᠠᠶᠢᠭᠤᠯᠬᠤ ᠳᠤ ᠦᠨᠡᠨᠬᠦ ᠬᠦᠴᠢᠷᠲᠡᠶ ᠮᠥᠷᠲᠡᠭᠡᠨ ᠨᠢᠭᠡᠳᠦᠯᠲᠡᠶ ᠪᠠᠶᠢᠭᠤᠯᠬᠤ ᠬᠦᠰᠡᠯ ᠲᠠᠢ ᠪᠣᠯ  ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠤᠶᠤ ᠬᠠᠷᠢᠶ᠎ᠠ ᠪᠦᠬᠦᠢ ᠰᠤᠮᠤ ᠰᠢᠶᠠᠩ ᠪᠠᠯᠭᠠᠰᠤ ᠠᠴᠠ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠠᠷᠢᠶᠠᠯᠠᠬᠤ ᠡᠷᠦᠬᠡ ᠶᠢ ᠬᠠᠪᠰᠤᠷᠴᠤ ᠪᠠᠶᠢᠭᠠᠳ ᠬᠢᠷᠢ ᠬᠡᠮ ᠲᠠᠢ ᠪᠠᠷᠢᠯᠭ᠎ᠠ ᠪᠠᠷᠢᠬᠤ ᠡᠩᠨᠡᠭᠡ ᠶᠢ ᠰᠣᠩᠭᠤᠵᠤ ᠨᠢᠭᠡᠳᠤᠯᠳᠡᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠬᠠᠮᠲᠤ  ᠨᠡᠶᠢᠲᠡ ᠶᠢᠨ ᠲᠦᠷᠢᠶᠡᠰᠦᠨ ᠭᠡᠷ ᠂ ᠵᠣᠯ  ᠵᠢᠷᠭᠠᠯᠳᠤ ᠭᠡᠷ ᠤᠷᠤᠨ ᠢ ᠨᠢᠭᠡᠳᠦᠯᠲᠡᠶ ᠪᠠᠶᠢᠭᠤᠯᠬᠤ᠂  ᠤᠷᠲᠤ ᠬᠤᠭᠤᠴᠠᠭ᠎ᠠ ᠪᠠᠷ ᠰᠤᠯᠠ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠢ ᠲᠦᠷᠢᠶᠡᠰᠦᠯᠡᠬᠦ ᠪᠤᠶᠤ ᠬᠤᠳᠠᠯᠳᠤᠨ ᠠᠪᠬᠤ ᠵᠢᠴᠢ ᠰᠤᠯᠠ ᠪᠠᠶᠢᠭ᠎ᠠ ᠠᠯᠪᠠᠨ ᠤ ᠭᠡᠷ ᠪᠠᠶᠢᠰᠢᠩ ᠢ ᠰᠡᠯᠪᠢᠨ ᠵᠠᠰᠠᠵᠤ ᠪᠠᠬᠢᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠨᠴᠠ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠠ᠃     ︵ᠳᠥᠷᠪᠡ︶ ᠪᠦᠲᠦᠭᠡᠨ ᠪᠠᠶᠢᠭᠤᠯᠬᠤ ᠪᠠᠷᠢᠮᠵᠢᠶ᠎ᠠ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ  ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠰᠢᠯᠭᠠᠨ ᠠᠪᠬᠤ ᠳᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠨᠠᠭᠠᠳᠤ ᠵᠠᠬ᠎ᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ︵ᠲᠤᠷᠰᠢᠨ ᠬᠡᠷᠡᠭᠵᠢᠭᠦᠯᠬᠦ︶ ᠶᠢ ᠬᠠᠩᠭᠠᠵᠤ᠂ ᠨᠤᠷᠠᠬᠤ ᠠᠶᠤᠯᠲᠠᠶ ᠬᠡᠷ ᠪᠠᠶᠢᠰᠢᠩ  ᠢ ᠦᠭᠡᠷᠡᠴᠢᠯᠡᠨ ᠵᠠᠰᠠᠵᠤ ᠬᠡᠷ  ᠤᠷᠤᠨ ᠢ ᠪᠦᠳᠤᠭᠡᠨ ᠪᠠᠶᠢᠭᠤᠯᠬᠤ ᠳᠤ ᠳᠤᠤᠷᠠᠬᠢ  ᠱᠠᠭᠠᠷᠳᠠᠯᠭ᠎ᠠ ᠳᠤ ᠨᠡᠶᠢᠴᠡᠬᠦᠯᠦᠨ᠎ᠠ᠄   1. ᠠᠮᠠᠷᠠᠵᠤ ᠬᠤᠨᠣᠬᠤ᠂ ᠢᠳᠡᠵᠦ  ᠤᠤᠭᠤᠬᠤ ᠪᠠ ᠠᠷᠢᠭᠤᠨ ᠴᠡᠪᠡᠷ ᠬᠢᠬᠦ ᠵᠡᠷᠭᠡ ᠴᠢᠳᠠᠮᠵᠢ  ᠪᠠᠷ ᠤᠷᠤᠨ ᠳᠤᠭᠤᠷᠢᠭ ᠬᠤᠪᠢᠶᠠᠵᠤ ᠲᠤᠰᠠᠭᠠᠷ ᠬᠡᠷᠡᠭᠯᠡᠬᠦ ᠤᠨᠲᠠᠬᠤ ᠥᠷᠥᠭᠡ᠂ ᠲᠤᠰᠠᠭᠠᠷ ᠬᠡᠷᠡᠭᠯᠡᠬᠦ ᠲᠣᠭᠤᠭᠠᠨ ᠭᠡᠷ ᠪᠠ ᠲᠤᠰᠠᠭᠠᠷ ᠬᠡᠷᠡᠭᠯᠡᠬᠦ ᠵᠣᠷᠯᠣᠩ  ᠳᠤᠬᠢᠷᠠᠭᠤᠯᠤᠨ᠎ᠠ᠃  2. ᠵᠠᠰᠠᠵᠤ ᠪᠠᠶᠢᠭᠤᠯᠬᠤ᠂ ᠰᠢᠨ᠎ᠡ ᠪᠠᠷ ᠪᠠᠶᠢᠭᠤᠯᠬᠤ ᠪᠤᠶᠤ ᠰᠡᠯᠪᠢᠨ ᠵᠠᠰᠠᠵᠤ ᠪᠠᠬᠢᠯᠡᠬᠦ ᠳᠤ ᠡᠷᠬᠡᠪᠰᠢ ᠪᠠᠷᠢᠯᠭ᠎ᠠ ᠶᠢᠨ ᠲᠠᠯᠠᠪᠠᠶ ᠨᠢ ᠵᠣᠬᠢᠰᠲᠠᠶ᠂ ᠭᠡᠷ ᠪᠠᠶᠢᠰᠢᠩ ᠤᠨ ᠪᠦᠲᠦᠴᠡ ᠨᠢ ᠠᠮᠤᠷ ᠲᠦᠪᠰᠢᠨ᠂ ᠬᠥᠮᠦᠨ ᠮᠠᠯ ᠢ  ᠰᠠᠯᠭᠠᠬᠤ ᠶᠢ ᠪᠡᠶᠡᠯᠡᠭᠦᠯᠤᠨ᠎ᠠ᠃ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠶᠢ ᠵᠠᠷᠴᠢᠮ ᠳᠡᠭᠡᠷ᠎ᠡ ᠪᠠᠨ 1-3 ᠬᠥᠮᠦᠨ ᠤ  ᠭᠡᠷ ᠪᠠᠶᠢᠰᠢᠩ ᠢ 40 — 60 ᠲᠡᠭᠰᠢ ᠳᠥᠷᠪᠡᠯᠵᠢᠨ ᠮᠧᠲᠷ ᠲᠤ ᠬᠢᠵᠠᠭᠠᠷᠯᠠᠨ᠎ᠠ᠂ ᠲᠡᠷᠡ ᠮᠥᠷᠲᠡᠭᠡᠨ 1 ᠬᠥᠮᠦᠨ ᠤ  ᠪᠠᠶᠢᠰᠢᠩ ᠢ 20 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠣᠯᠬᠤ ᠥᠬᠡᠶ᠂ 2 ᠬᠥᠮᠦᠨ ᠤ ᠭᠡᠷ ᠪᠠᠶᠢᠰᠢᠩ ᠢ 30 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠣᠯᠬᠤ ᠥᠬᠡᠶ᠂ 3 ᠬᠥᠮᠦᠨ ᠤ ᠭᠡᠷ ᠪᠠᠶᠢᠰᠢᠩ ᠢ 40 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠣᠯᠬᠤ ᠥᠬᠡᠶ︔ 3 ᠠᠴᠠ ᠳᠡᠭᠡᠭᠰᠢ  ᠬᠦᠮᠤᠨ ᠲᠠᠢ ᠭᠡᠷ ᠪᠠᠶᠢᠰᠢᠩ ᠤᠨ ᠬᠥᠮᠦᠨ ᠳᠤᠮᠳᠠᠴᠢ ᠪᠠᠷᠢᠯᠭ᠎ᠠ ᠶᠢᠨ ᠲᠠᠯᠠᠪᠠᠶ ᠶᠢ 18 ᠲᠡᠭᠰᠢ ᠳᠦᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠶ᠂ 13 ᠲᠡᠭᠰᠢ ᠳᠥᠷᠪᠡᠯᠵᠢᠨ ᠮᠧᠲᠷ ᠠᠴᠠ  ᠳᠤᠤᠷ᠎ᠠ  ᠪᠠᠶᠢᠯᠭᠠᠵᠤ ᠪᠣᠯᠬᠤ ᠦᠭᠡᠶ᠃    3. ᠭᠡᠷ ᠳᠣᠲᠣᠷᠠᠬᠢ ᠥᠨᠳᠥᠷ ᠢ 2.40 ᠮᠧᠲᠷ ᠠᠴᠠ ᠳᠤᠤᠷ᠎ᠠ ᠪᠠᠶᠢᠯᠭᠠᠵᠤ ᠪᠤᠯᠬᠤ ᠦᠭᠡᠢ᠂ ᠬᠡᠰᠡᠭ ᠭᠠᠵᠠᠷ ᠤᠨ ᠥᠨᠳᠥᠷ ᠢ 2.10 ᠮᠧᠲᠷ ᠠᠴᠠ  ᠳᠤᠤᠷ᠎ᠠ ᠪᠠᠶᠢᠯᠭᠠᠵᠤ ᠪᠤᠯᠬᠤ ᠦᠭᠡᠢ ᠮᠥᠷᠲᠡᠭᠡᠨ ᠲᠡᠭᠦᠨ ᠤ ᠲᠠᠯᠠᠪᠠᠢ ᠶᠢ ᠭᠡᠷ ᠪᠠᠶᠢᠰᠢᠩ ᠤᠨ ᠪᠦᠬᠦ ᠲᠠᠯᠠᠪᠠᠢ ᠶᠢᠨ 1/3 ᠠᠴᠠ ᠬᠡᠲᠦᠷᠡᠬᠦᠯᠵᠤ ᠪᠣᠯᠬᠤ ᠦᠭᠡᠢ᠃    ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠳᠤ ᠣᠷᠣᠨ ᠰᠠᠭᠤᠴᠠ ᠶᠢᠨ ᠦᠨᠳᠦᠰᠦᠨ ᠴᠢᠳᠠᠮᠵᠢ ᠪᠠ ᠠᠮᠤᠷ ᠲᠦᠪᠰᠢᠨ ᠢ ᠬᠠᠩᠭᠠᠭᠰᠠᠨ ᠤᠷᠢᠲᠠᠯ  ᠳᠤᠤᠷ᠎ᠠ᠂ ᠪᠠᠷᠢᠯᠭ᠎ᠠ ᠶᠢᠨ ᠲᠠᠯᠠᠪᠠᠢ ᠪᠠ ᠶᠡᠷᠦᠩᠬᠡᠶ ᠦᠨ᠎ᠠ ᠬᠠᠩᠰᠢ ᠶᠢ ᠴᠢᠩᠭ᠎ᠠ ᠬᠢᠵᠠᠭᠠᠷᠯᠠᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠵᠤ ᠭᠡᠷ ᠪᠠᠶᠢᠰᠢᠩ ᠤᠨ ᠵᠢᠷᠤᠭ ᠲᠥᠯᠥᠪᠯᠡᠭᠡ ᠬᠢᠬᠦ᠂ ᠪᠦᠲᠦᠭᠡᠨ  ᠪᠠᠶᠢᠭᠤᠯᠤᠯᠳᠠ ᠬᠢᠬᠦ ᠳᠡᠭᠡᠨ ᠲᠠᠷᠢᠶᠠᠴᠢᠳ ᠤᠨ ᠤᠶᠢᠯᠡᠳᠪᠤᠷᠢᠯᠡᠯ ᠠᠮᠢᠳᠤᠷᠠᠯ ᠤᠨ ᠳᠠᠳᠬᠠᠯ᠂ ᠦᠨᠳᠦᠰᠦᠲᠡᠨ ᠤ ᠣᠨᠴᠠᠯᠢᠭ ᠪᠣᠯᠤᠨ ᠲᠤᠬᠠᠶ ᠶᠢᠨ ᠭᠠᠵᠠᠷ ᠤᠨ ᠪᠠᠷᠢᠯᠭ᠎ᠠ ᠶᠢᠨ ᠬᠡᠪ ᠨᠠᠮᠪᠠ ᠶᠢ ᠢᠯᠡᠷᠡᠭᠦᠯᠤᠨ᠎ᠠ᠃   ︵ᠲᠠᠪᠤ︶ ᠨᠥᠬᠦᠪᠥᠷᠢ ᠥᠭᠬᠦ ᠪᠠᠷᠢᠮᠵᠢᠶ᠎ᠠ᠃ ︽︿2017 ᠣᠨ ᠤ ᠬᠥᠳᠡᠭᠡ ᠲᠣᠰᠬᠤᠨ ᠤ ᠨᠤᠷᠠᠬᠤ ᠦᠭᠡᠷᠡᠴᠢᠯᠡᠨ ᠵᠠᠰᠠᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠵᠡᠭᠦᠨᠭᠠᠷ ᠬᠤᠰᠢᠭᠤᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ  ᠮᠡᠳᠡᠭᠳᠡᠯ︾ ︵ᠵᠡᠭᠦᠨᠭᠠᠷ ᠨᠤᠷᠠᠬᠤ ᠥᠭᠡᠷᠡᠴᠢᠯᠡᠨ ᠵᠠᠰᠠᠬᠤ ᠠᠯᠪᠠᠨ ᠥᠰᠥᠭ  ﹇2018  ﹈ 6 ᠲᠣᠭᠠᠲᠤ︶᠂ ︽ᠵᠡᠭᠦᠨᠭᠠᠷ ᠬᠤᠰᠢᠭᠤᠨ ᠤ 2014 ︱ 2017 ᠣᠨ  ᠤ  ᠶᠠᠳᠠᠭᠤ ᠠᠴᠠ ᠠᠩᠭᠢᠵᠢᠷᠠᠭᠤᠯᠤᠬᠰᠠᠨ ᠡᠷᠦᠬᠡ ᠵᠢᠴᠢ 2018 ᠣᠨ ᠤ ᠲᠠᠩᠰᠠ ᠺᠠᠷᠲ  ᠪᠠᠶᠢᠭᠤᠯᠤᠬᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ  ᠵᠠᠰᠠᠬᠤ ᠬᠡᠷᠡᠭᠵᠢᠭᠦᠯᠬᠦ ᠲᠥᠰᠦᠯ︾ ︵ᠵᠡᠭᠦᠨᠭᠠᠷ ᠵᠠᠰᠠᠭ ᠠᠯᠪᠠᠨ ᠲᠠᠷᠬᠠᠭᠠᠭᠰᠠᠨ ﹇2018﹈ 69 ᠲᠣᠭᠠᠲᠤ︶ ᠤᠨ ᠵᠣᠷᠢᠭ ᠰᠠᠨᠠᠭ᠎ᠠ   ᠶᠢ ᠦᠨᠳᠤᠰᠤᠯᠡᠨ᠂ ᠱᠠᠭᠠᠷᠳᠠᠯᠭ᠎ᠠ ᠶᠣᠰᠣᠭᠠᠷ ᠥᠭᠡᠷᠡᠴᠢᠯᠡᠨ ᠵᠠᠰᠠᠬᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ  ᠳᠤ᠂ ᠬᠠᠭᠤᠴᠢᠨ ᠢ ᠨᠤᠷᠠᠭᠠᠵᠤ ᠰᠢᠨ᠎ᠡ ᠪᠠᠷ ᠪᠠᠶᠢᠭᠤᠯᠬᠤ ᠡᠷᠦᠬᠡ ᠪᠦᠷᠢ ᠳᠤ 5 ᠲᠦᠮᠡᠨ ᠲᠥᠭᠦᠷᠢᠭ ︵D ᠳᠡᠰ︶ ᠢ  ᠨᠦᠬᠦᠪᠤᠷᠢᠯᠡᠵᠤ᠂ ᠪᠠᠬᠢᠵᠢᠬᠦᠯᠵᠤ ᠦᠭᠡᠷᠡᠴᠢᠯᠡᠨ ᠵᠠᠰᠠᠬᠤ ᠡᠷᠦᠬᠡ ᠪᠦᠷᠢ ᠳᠤ 2.5 ᠲᠦᠮᠡᠨ ᠲᠥᠭᠦᠷᠢᠭ ︵C ᠳᠡᠰ︶ ᠢ  ᠨᠦᠬᠦᠪᠤᠷᠢᠯᠡᠨ᠎ᠠ᠃ ᠪᠡᠯᠡ ᠮᠥᠩᠭᠦᠨ ᠤ ᠢᠷᠡᠯᠲᠡ ᠶᠢ  ᠡᠯ᠎ᠡ ᠰᠤᠮᠤ ᠰᠢᠶᠠᠩ ᠪᠠᠯᠭᠠᠰᠤ ᠥᠩᠭᠡᠷᠡᠭᠰᠡᠨ ᠵᠢᠯ ᠤᠳ ᠤᠨ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠳᠠᠷᠤᠭᠳᠠᠮᠠᠯ ᠪᠠᠯᠠ ᠮᠥᠩᠭᠦ ᠶᠢ ᠪᠦᠬᠦᠨ ᠢ ᠬᠤᠰᠢᠭᠤᠨ ᠤ ᠡᠳ᠋ ᠤᠨ ᠵᠠᠰᠠᠭ ᠲᠤ ᠪᠤᠴᠠᠭᠠᠭᠰᠠᠨ ᠤ ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠠᠴᠠ ᠨᠥᠬᠦᠪᠥᠷᠢ ᠮᠥᠩᠭᠦ ᠶᠢ ᠨᠢᠭᠡᠳᠦᠯᠲᠡᠶ ᠲᠥᠯᠥᠪᠯᠡᠨ ᠬᠤᠪᠢᠶᠠᠷᠢᠯᠠᠬᠤ ᠠᠷᠭ᠎ᠠ ᠪᠠᠷ ᠰᠢᠢᠳᠪᠤᠷᠢᠯᠡᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢ  ᠦᠭᠡᠷᠡᠴᠢᠯᠡᠨ ᠵᠠᠰᠠᠬᠤ ᠠᠬᠢᠴᠠ ᠶᠢ ︽ᠪᠦᠯᠦᠭ ᠬᠤᠪᠢᠶᠠᠨ ᠤᠷᠢᠳᠴᠢᠯᠠᠨ  ᠪᠠᠭᠤᠯᠭᠠᠨ ᠥᠭᠬᠦ︾ ᠪᠤᠶᠤ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢᠶᠠᠷ ᠪᠡᠯᠡ ᠮᠦᠩᠬᠦ   ᠶᠢ ᠪᠠᠭᠤᠯᠭᠠᠨ ᠦᠭᠬᠦᠨ᠎ᠠ᠃ ᠨᠥᠬᠦᠪᠥᠷᠢ ᠮᠥᠩᠭᠦ ᠶᠢ ︽ᠨᠢᠭᠡ ᠺᠠᠷᠲ ᠢᠶᠠᠷ ᠳᠠᠷᠬᠠᠭᠠᠬᠤ︾  ᠪᠠᠷ ᠳᠠᠮᠵᠢᠭᠤᠯᠤᠨ ᠣᠯᠭᠤᠨ᠎ᠠ᠃ ᠨᠢᠭᠡᠳᠦᠯᠲᠡᠶ ᠪᠦᠲᠦᠭᠡᠨ ᠪᠠᠶᠢᠭᠤᠯᠬᠤ ᠶᠢ ᠬᠡᠷᠡᠭᠵᠢᠭᠦᠯᠦᠭᠰᠡᠨ ᠪᠣᠯ᠂ ᠭᠡᠷ ᠪᠠᠶᠢᠰᠢᠩ ᠢ ᠪᠠᠶᠢᠭᠤᠯᠵᠤ ᠳᠠᠭᠤᠰᠬᠠᠭᠠᠳ ᠰᠢᠯᠭᠠᠨ ᠬᠤᠷᠢᠶᠠᠯᠳᠠ ᠳᠤ ᠬᠢᠷᠢ ᠲᠡᠩᠴᠡᠭᠰᠡᠨ ᠤ ᠳᠠᠷᠠᠭ᠎ᠠ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠥᠭᠡᠷᠡᠴᠢᠯᠡᠨ ᠵᠠᠰᠠᠬᠤ ᠡᠷᠦᠬᠡ ᠲᠠᠢ ᠬᠠᠮᠲᠤᠷᠠᠨ ᠬᠠᠮᠢᠶ᠎ᠠ ᠪᠦᠬᠦᠢ ᠭᠠᠷᠳᠠᠮ ᠢ  ᠬᠦᠢᠴᠡᠳᠭᠡᠭᠰᠡᠨ ᠤ ᠳᠠᠷᠠᠭ᠎ᠠ ᠨᠥᠬᠦᠪᠥᠷᠢ ᠮᠥᠩᠭᠦ ᠶᠢ ᠪᠠᠷᠢᠯᠭ᠎ᠠ ᠪᠠᠷᠢᠬᠤ  ᠨᠢᠭᠡᠴᠢ ᠳᠤ ᠰᠢᠭᠤᠳ  ᠪᠠᠭᠤᠯᠭᠠᠨ ᠦᠭᠬᠦᠨ᠎ᠠ᠃   ︵ᠵᠢᠷᠭᠤᠭ᠎ᠠ︶ ᠬᠠᠭᠤᠴᠢᠨ ᠢ ᠨᠤᠷᠠᠭᠠᠵᠤ ᠰᠢᠨ᠎ᠡ ᠶᠢ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠭᠡᠷ ᠪᠠᠶᠢᠰᠢᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠡᠷᠬᠡᠪᠰᠢ ᠦᠨ᠎ᠡ  ᠲᠦᠯᠦᠪᠤᠷᠢ ᠦᠭᠡᠢ ᠪᠠᠷ ᠬᠠᠭᠤᠴᠢᠨ ᠭᠡᠷ ᠪᠠᠶᠢᠰᠢᠩ ᠢ ᠨᠤᠷᠠᠭᠠᠵᠤ᠂ ᠪᠣᠳᠠᠲᠠᠶ ᠪᠠᠶᠢᠭ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠭᠡᠷ ᠪᠠᠶᠢᠰᠢᠩ ᠪᠠᠷᠢᠬᠤ ᠦᠶ᠎ᠡ ᠶᠢᠨ ᠠᠮᠠᠯᠠᠯᠲᠠ ᠶᠢ ᠴᠢᠩᠭ᠎ᠠ ᠵᠢᠷᠤᠮᠯᠠᠨ ᠭᠡᠷ ᠪᠠᠶᠢᠰᠢᠩ ᠢ ᠨᠤᠷᠠᠭᠠᠨ᠎ᠠ᠃    ᠭᠤᠷᠪᠠ᠂ ᠠᠵᠢᠯᠯᠠᠬᠤ ᠴᠠᠭ ᠤᠨ ᠬᠢᠵᠠᠭᠠᠷᠯᠠᠯ ᠪᠠ ᠠᠯᠬᠤᠮ ᠳᠠᠷᠠᠭ᠎ᠠ  2020 ᠣᠨ ᠳᠤ᠂ ᠲᠠᠩᠰᠠ ᠺᠠᠷᠲ  ᠪᠠᠶᠢᠭᠤᠯᠤᠬᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠪᠠᠲᠤᠯᠠᠭ᠎ᠠ ᠲᠠᠢ  ᠪᠤᠯᠤᠬᠰᠠᠨ ᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ 2020 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ ᠪᠤᠰᠤᠳ 3 ᠲᠥᠷᠥᠯ ᠤᠨ ᠭᠤᠤᠯᠳᠠᠯᠭ᠎ᠠ ᠲᠠᠢ ᠡᠲᠡᠭᠡᠳ ‍ᠤᠨ‌ᠨᠤᠷᠠᠬᠤ ᠠᠶᠤᠯᠳᠠᠢ ᠬᠡᠷ ᠪᠠᠶᠢᠰᠢᠩ ᠢ ᠪᠦᠬᠦᠨ ᠢ ᠦᠭᠡᠷᠡᠴᠢᠯᠡᠨ ᠵᠠᠰᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢᠶᠠᠷ ᠬᠢᠨᠠᠨ ᠲᠣᠭᠲᠠᠭᠠᠭᠰᠠᠨ ᠮᠥᠷᠲᠡᠭᠡᠨ ᠪᠤᠴᠠᠵᠤ ᠢᠷᠡᠭᠡᠳ ᠤᠷᠲᠤ ᠬᠤᠭᠤᠴᠠᠭ᠎ᠠ ᠪᠠᠷ ᠲᠣᠰ ᠲᠣᠰᠬᠤᠨ ᠳᠤ ᠰᠠᠭᠤᠵᠤ ᠪᠠᠶᠢᠭ᠎ᠠ 4 ᠲᠥᠷᠥᠯ ᠤᠨ ᠭᠤᠤᠯᠳᠠᠯᠭ᠎ᠠ ᠲᠠᠢ ᠡᠲᠡᠭᠡᠳ ᠤᠨ ᠲᠠᠷᠢᠶᠠᠴᠢᠨ ᠡᠷᠦᠬᠡ ᠶᠢᠨ ᠲᠤᠰ ᠬᠥᠮᠦᠨ ᠨᠢ ᠭᠤᠶᠤᠴᠢᠯᠠᠯ ᠭᠠᠷᠭᠠᠵᠤ᠂  ᠪᠠᠶᠢᠭ᠎ᠠ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠴᠢᠩᠭ᠎ᠠ ᠬᠢᠨᠠᠨ ᠬᠠᠷᠭᠤᠭᠤᠯᠵᠤ᠂ ᠬᠤᠰᠢᠭᠤᠨ ᠤ  ᠱᠠᠳᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ  ᠤᠷᠤᠨ ᠲᠤᠭ᠎ᠠ ᠶᠢ ᠭᠤᠶᠤᠴᠢᠯᠠᠬᠤ   ᠶᠢ ᠰᠤᠮᠤ ᠰᠢᠶᠠᠩ ᠪᠠᠯᠭᠠᠰᠤ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ 2020  ᠤᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ ᠥᠭᠡᠷᠡᠴᠢᠯᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠭᠠᠳᠠᠭᠰᠢ  ᠭᠠᠷᠤᠭᠠᠳ ᠪᠤᠴᠠᠵᠤ ᠢᠷᠡᠭᠰᠡᠨ ᠲᠠᠷᠢᠶᠠᠴᠢᠨ ᠡᠷᠦᠬᠡ ᠲᠠᠢ ᠤᠷᠲᠤ ᠬᠤᠭᠤᠴᠠᠭ᠎ᠠ ᠪᠠᠷ ᠰᠠᠭᠤᠬᠤ ᠬᠡᠯᠡᠯᠴᠡᠭᠡᠷ ᠲᠣᠭᠲᠠᠵᠤ᠂ ᠬᠡᠯᠡᠯᠴᠡᠭᠡᠷ ᠲᠤ ᠭᠡᠷ ᠪᠠᠶᠢᠰᠢᠩ ᠪᠠᠷᠢᠵᠤ ᠳᠠᠭᠤᠰᠤᠭᠰᠠᠨ ᠤ ᠳᠠᠷᠠᠭ᠎ᠠ ᠡᠷᠬᠡᠪᠰᠢ ᠬᠤᠶᠠᠷ ᠵᠢᠯ ᠤᠨ ᠳᠣᠲᠣᠷ᠎ᠠ ᠵᠢᠯ ᠪᠦᠷᠢ ᠶᠢᠨ ᠰᠠᠭᠤᠬᠤ ᠴᠠᠭ ᠨᠢ 6 ᠰᠠᠷ᠎ᠠ ᠠᠴᠠ ᠳᠤᠲᠠᠭᠤ ᠪᠠᠶᠢᠵᠤ ᠪᠣᠯᠬᠤ ᠦᠭᠡᠢ᠂ ᠭᠡᠷᠪᠡ ᠬᠡᠯᠡᠯᠴᠡᠭᠡᠷ ᠢ ᠵᠥᠷᠢᠴᠡᠪᠡᠯ ᠪᠠᠶᠢᠭ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠨᠦᠬᠦᠪᠤᠷᠢ  ᠮᠥᠩᠭᠦ ᠶᠢ ᠨᠡᠬᠡᠮᠵᠢᠯᠡᠨ ᠠᠪᠴᠢᠷᠠᠬᠤ ᠶᠢᠨ ᠬᠠᠮᠲᠤ ᠠᠳᠠᠯᠢ ᠬᠤᠭᠤᠴᠠᠭᠠᠨ ᠤ ᠪᠠᠩᠬᠢ ᠶᠢᠨ ᠵᠢᠭᠡᠯᠡᠯᠭᠡ ᠶᠢᠨ ᠬᠦᠦ ᠨᠣᠷᠮ᠎ᠠ ᠪᠠᠷ ᠪᠡᠯᠡ‌ᠮᠦ᠋ᠩᠬᠦᠨ ᠤ ᠬᠦᠦ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠬᠡᠷᠡᠭᠲᠡᠶ ᠭᠡᠵᠤ ᠳᠤᠳᠤᠷᠬᠠᠶᠢᠯᠠᠵᠠᠢ᠃ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠤᠯᠲᠠ ᠶᠢ ᠦᠨᠡᠨ ᠬᠦ  ᠰᠠᠶᠢᠳᠤᠷ ᠠᠳᠬᠤᠵᠤ᠂ ᠬᠠᠷᠠᠯᠲᠠ ᠡᠭᠦᠷᠭᠡ ᠪᠠᠨ  ᠨᠠᠷᠢᠯᠢᠬᠵᠢᠭᠤᠯᠤᠨ᠂ ᠬᠠᠷᠢᠭᠤᠴᠠᠯᠭ᠎ᠠ ᠲᠠᠢ ᠬᠦᠮᠤᠨ ᠢ ᠲᠣᠳᠣᠷᠬᠠᠶᠢᠯᠠᠵᠤ᠂ ᠴᠠᠭ ᠬᠤᠭᠤᠴᠠᠭ᠎ᠠ ᠶᠢᠨ ᠬᠢᠵᠠᠭᠠᠷᠯᠠᠯ ᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠭᠡᠷᠡᠴᠢᠯᠡᠨ ᠵᠠᠰᠠᠬᠤ ᠬᠠᠷᠠᠯᠲᠠ  ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︵ᠨᠢᠭᠡ︶ ᠡᠮᠦᠨᠡᠬᠢ ᠬᠤᠭᠤᠴᠠᠭᠠᠨ ᠤ ᠮᠠᠭᠠᠳᠯᠠᠨ ᠲᠣᠭᠲᠠᠭᠠᠬᠤ ᠱᠠᠲᠤ ᠦᠶ᠎ᠡ ︵7 ᠰᠠᠷ᠎ᠠ ᠶᠢᠨ 15 ᠤ  ᠡᠳᠤᠷ ︱ 7 ᠰᠠᠷ᠎ᠠ ᠶᠢᠨ 30 ᠤ ᠡᠳᠦᠷ︶᠃ ᠡᠯ᠎ᠡ ᠰᠤᠮᠤ ᠰᠢᠶᠠᠩ ᠪᠠᠯᠭᠠᠰᠤ ᠨᠡᠷᠡᠰ ᠤᠨ ᠵᠢᠬᠰᠠᠭᠠᠯᠳᠠ ᠶᠢ ᠦᠨᠳᠦᠰᠦᠯᠡᠨ᠂ ᠥᠭᠡᠷᠡᠴᠢᠯᠡᠨ ᠵᠠᠰᠠᠬᠤ ᠡᠷᠦᠬᠡ ᠶᠢᠨ ᠭᠤᠶᠤᠴᠢᠯᠠᠯ᠂ ᠪᠡᠶ᠎ᠡ ᠶᠢᠨ ᠭᠠᠷᠤᠯ  ᠤᠨ ᠮᠠᠭᠠᠳᠯᠠᠯᠳᠠ᠂ ᠢᠯᠡ ᠨᠡᠶᠢᠲᠡᠯᠡᠬᠦ ᠳᠡᠰ ᠳᠠᠷᠠᠭᠠᠯᠠᠯ᠂ ᠡᠯ᠎ᠡ ᠵᠤᠶᠢᠯ ᠤᠨ ᠵᠥᠪᠯᠡᠯᠴᠡᠭᠡᠷ ᠲᠣᠭᠲᠠᠯᠳᠠ ᠵᠢᠴᠢ ᠬᠡᠷᠡᠭᠴᠡᠭᠡ ᠲᠠᠢ ᠬᠠᠮᠢᠶ᠎ᠠ ᠪᠦᠬᠦᠢ ᠪᠠᠷᠢᠯᠭ᠎ᠠ ᠶᠢᠨ ᠮᠠᠲ᠋ᠧᠷᠢᠶᠠᠯ ᠢ ᠪᠡᠯᠡᠳᠬᠡᠬᠦ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠤᠨ᠎ᠠ᠃ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ  ᠳᠤᠷ᠎ᠠ ᠦᠭᠡᠢ᠂ ᠥᠭᠡᠷᠡᠴᠢᠯᠡᠨ ᠵᠠᠰᠠᠬᠤ ᠤᠷᠤᠨ ᠲᠤᠭ᠎ᠠ ᠪᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ 4 ᠲᠥᠷᠥᠯ ᠤᠨ ᠭᠤᠤᠯᠳᠠᠯᠭ᠎ᠠ   ᠲᠠᠢ ᠡᠲᠡᠭᠡᠳ ᠨᠢ ︽ᠮᠠᠯᠵᠢᠬᠤ ᠲᠠᠷᠢᠶᠠᠯᠠᠬᠤ ᠣᠷᠣᠨ ᠤ ᠲᠠᠩᠰᠠ ᠺᠠᠷᠲ  ᠪᠠᠶᠢᠭᠤᠯᠤᠬᠰᠠᠨ ᠶᠠᠳᠠᠭᠤ ᠬᠦᠴᠢᠷᠳᠡᠯᠲᠡᠶ ᠡᠷᠦᠬᠡ ᠵᠡᠷᠭᠡ  ᠭᠤᠤᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠤᠯᠠᠮ  ᠴᠢᠨᠠᠬᠰᠢᠳᠠ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠪᠦᠳᠤᠭᠡᠨ ᠪᠠᠶᠢᠭᠤᠯᠤᠯᠳᠠ ᠲᠣᠰᠬᠤᠨ ﹇2018﹈ 248  ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠠᠷᠢᠶᠠᠴᠢᠨ ᠡᠷᠦᠬᠡ ᠶᠢᠨ ᠪᠣᠳᠠᠲᠤ ᠪᠠᠶᠢᠳᠠᠯ ᠢ ᠦᠨᠳᠦᠰᠦᠯᠡᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠭᠠᠷᠭᠠᠵᠤ᠂ ᠤᠨᠴᠠᠭᠠᠢ ᠳᠠᠩᠰᠠ ᠡᠪᠬᠡᠮᠡᠯ ᠪᠠᠶᠢᠭᠤᠯᠤᠨ᠎ᠠ᠃ ᠭᠡᠷᠡᠴᠢ ᠥᠭᠬᠦ ᠮᠠᠲ᠋ᠧᠷᠢᠶᠠᠯ ᠳᠤ᠄ ᠲᠠᠷᠢᠶᠠᠴᠢᠨ ᠡᠷᠦᠬᠡ ᠰᠠᠶᠢᠨ ᠳᠤᠷ᠎ᠠ ᠠᠴᠠ ᠪᠠᠨ ᠥᠭᠡᠷᠡᠴᠢᠯᠡᠨ ᠵᠠᠰᠠᠬᠤ ᠠᠮᠠᠯᠠᠯᠲᠠ ᠪᠠᠨ ᠬᠠᠶᠠᠬᠤ ᠵᠢᠴᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠲᠠᠢ ᠬᠦᠮᠤᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠭᠠᠴᠠᠭ᠎ᠠ ᠲᠣᠰᠬᠤᠨ ᠤ ᠺᠠᠳ᠋ᠷ ᠬᠠᠮᠲᠤᠪᠠᠷ ᠭᠠᠷ ᠤᠨ ᠦᠰᠦᠭ ᠵᠢᠷᠤᠵᠤ ᠨᠤᠲᠠᠯᠠᠬᠤ ᠶᠢᠨ ᠬᠠᠮᠲᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠠᠯᠪᠠᠨ ᠲᠠᠮᠠᠭ᠎ᠠ ᠳᠠᠷᠤᠭᠰᠠᠨ ᠭᠡᠷᠡᠴᠢ  ᠮᠠᠲ᠋ᠧᠷᠢᠶᠠᠯ ᠢ ᠪᠠᠭᠲᠠᠭᠠᠨ᠎ᠠ᠃ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠳᠤ ᠬᠠᠷᠢᠶ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ  ᠵᠠᠰᠠᠭ ᠤᠨ ᠣᠷᠳᠣᠨ᠂ ᠭᠠᠴᠠᠭ᠎ᠠ ᠲᠣᠰᠬᠤᠨ ᠠᠴᠠ ᠨᠤᠷᠠᠬᠤ ᠠᠶᠤᠯᠲᠠᠶ ᠭᠡᠷ ᠪᠠᠶᠢᠰᠢᠩ ᠢ ᠬᠥᠳᠡᠯᠦᠩᠭᠦᠶ ᠪᠠᠷ ᠠᠵᠢᠭᠯᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠡᠰᠡᠬᠦᠯ᠎ᠡ ᠪᠤᠰᠤᠳ ᠠᠷᠭ᠎ᠠ ᠮᠠᠶ᠋ᠢᠭ ᠢ ᠠᠪᠴᠤ ᠪᠠᠶᠢᠭᠠᠳ ᠥᠭᠡᠷᠡᠴᠢᠯᠡᠬᠦ ᠦᠭᠡᠢ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃    ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ ᠦᠶ᠎ᠡ ︵8 ᠰᠠᠷ᠎ᠠ ᠶᠢᠨ 1 ᠤ ᠡᠳᠦᠷ ᠠᠴᠠ 8  ᠰᠠᠷ᠎ᠠ ᠶᠢᠨ 31 ᠤ ᠡᠳᠦᠷ ᠪᠣᠯᠲᠠᠯ᠎ᠠ︶᠃ ᠡᠯ᠎ᠡ ᠰᠤᠮᠤ ᠰᠢᠶᠠᠩ ᠪᠠᠯᠭᠠᠰᠤ ᠠᠴᠠ ᠬᠠᠷᠢᠶ᠎ᠠ ᠭᠠᠵᠠᠷ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠲᠥᠷᠥᠯ ᠵᠦᠢᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ  ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ︽ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠨ ᠵᠠᠰᠠᠬᠤ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠤᠬᠠᠢ ᠵᠡᠭᠦᠨᠭᠠᠷ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠮᠡᠳᠡᠭᠳᠡᠯ︾ ︵ ᠵᠡᠬᠦᠠᠭᠠᠷ ᠪᠦᠳᠤᠭᠡᠨ ᠪᠠᠶᠢᠭᠤᠯᠤᠯᠳᠠ ᠲᠠᠷᠬᠠᠭᠠᠭᠰᠠᠨ ﹇2019﹈ 60 ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠨ ᠵᠠᠰᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂  ᠪᠠᠷᠢᠯᠭ᠎ᠠ ᠬᠢᠬᠦ ᠶᠢ ᠡᠮᠬᠢ ᠵᠢᠷᠤᠮ ᠲᠠᠢ ᠪᠠᠷ ᠠᠬᠢᠭᠤᠯᠬᠤ ᠶᠢᠨ ᠬᠠᠮᠲᠤ ᠳᠠᠩᠰᠠ  ᠡᠪᠭᠡᠮᠡᠯ ᠪᠠᠶᠢᠭᠤᠯᠬᠤ ᠠᠵᠢᠯ ᠢ ᠵᠡᠷᠭᠡ ᠳᠤᠨᠢ ᠪᠡᠶᠡᠯᠡᠭᠦᠯᠦᠨ᠎ᠡ᠃   ︵ᠭᠤᠷᠪᠠ︶ ᠦᠨᠡᠯᠡᠨ ᠵᠢᠱᠢᠵᠦ ᠰᠢᠯᠭᠠᠨ ᠬᠤᠷᠢᠶᠠᠬᠤ ᠱᠠᠲᠤ ᠦᠶ᠎ᠡ ︵9 ᠰᠠᠷ᠎ᠠ ᠶᠢᠨ 1 ᠤ ᠡᠳᠦᠷ ︱ 11 ᠰᠠᠷ᠎ᠠ ᠶᠢᠨ 1 ᠤ ᠡᠳᠦᠷ︶᠃ ᠡᠯ᠎ᠡ ᠰᠤᠮᠤ ᠰᠢᠶᠠᠩ ᠪᠠᠯᠭᠠᠰᠤ ᠥᠪᠡᠰᠦᠪᠡᠨ ᠪᠠᠶᠢᠴᠠᠭᠠᠵᠤ ᠰᠢᠯᠭᠠᠨ  ᠬᠤᠷᠢᠶᠠᠬᠰᠠᠨ ᠤ ᠳᠠᠷᠠᠭ᠎ᠠ᠂ ᠰᠢᠯᠭᠠᠨ ᠬᠤᠷᠢᠶᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠰᠢᠯᠭᠠᠨ  ᠬᠤᠷᠢᠶᠠᠬᠤ ᠭᠤᠶᠤᠴᠢᠯᠠᠯ ᠭᠠᠷᠭᠠᠵᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰᠬᠠᠶ ᠮᠡᠷᠭᠡᠵᠢᠯ ‍ᠦᠨ‌ᠠᠵᠢᠯᠲᠠᠨ ᠳᠤᠮᠢᠯᠠᠨ‌‍ᠰᠢᠶᠠᠩ ᠪᠠᠯᠭᠠᠰᠤ᠂ ᠲᠣᠰᠬᠤᠨ ᠲᠠᠢ ᠬᠠᠮᠳᠤᠷᠠᠬᠰᠠᠨ ᠰᠢᠯᠭᠠᠨ ᠬᠤᠷᠢᠶᠠᠬᠤ ᠳᠤᠭᠤᠶᠢᠯᠠᠩ ᠪᠠᠶᠢᠭᠤᠯᠵᠤ᠂ ᠡᠷᠦᠬᠡ ᠳᠠᠷᠠᠭᠠᠯᠠᠨ ᠰᠢᠯᠭᠠᠨ ᠬᠤᠷᠢᠶᠠᠨ᠎ᠠ᠃ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠨ ᠵᠠᠰᠠᠬᠤ ᠲᠥᠷᠥ ᠶᠢᠨ ᠪᠣᠳᠣᠯᠭ᠎ᠠ ᠶᠢ ᠣᠨᠣᠪᠴᠢᠲᠠᠶ  ᠨᠠᠶᠢᠳᠠᠪᠤᠷᠢᠵᠢᠭᠤᠯᠵᠤ᠂ ᠬᠡᠷ ᠪᠠᠶᠢᠰᠢᠩ ᠤᠨ ᠶᠠᠰᠤ ᠴᠢᠨᠠᠷ ᠠᠮᠤᠷ ᠲᠦᠪᠰᠢᠨ ᠢ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠲᠤᠯᠠᠨ᠎ᠠ᠃      ᠳᠦᠷᠪᠡ᠂ ᠠᠵᠢᠯ ᠤᠨ ᠱᠠᠭᠠᠷᠳᠠᠯᠭ᠎ᠠ   ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠠᠯᠳᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠪᠣᠳᠠᠲᠠᠶ ᠬᠡᠷᠡᠭᠵᠢᠭᠦᠯᠬᠦ  ᠨᠢᠭᠡᠴᠢ ᠪᠣᠯᠤᠨ᠎ᠠ᠂ ᠡᠨᠡᠬᠦ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ  ᠦᠭᠡᠷᠡᠴᠢᠯᠡᠨ ᠵᠠᠰᠠᠬᠤ ᠠᠵᠢᠯ ᠢ ᠠᠷᠠᠳ ᠤᠨ ᠠᠮᠢᠳᠤᠷᠠᠯ ᠤᠨ ᠴᠢᠬᠤᠯᠠ ᠠᠵᠢᠯ ᠪᠣᠯᠭᠠᠨ᠂ ᠳᠤᠪᠤᠶᠢᠮ᠎ᠠ ᠪᠠᠶᠢᠷᠢᠨ ᠳᠤ ᠲᠠᠯᠪᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠭᠦᠨ ᠤ ᠬᠠᠮᠲᠤ ᠲᠤᠰᠬᠠᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠰᠠᠶᠢᠲᠤᠷ ᠬᠢᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠣᠯ ᠨᠢᠭᠡᠳᠦᠭᠡᠷ  ᠬᠠᠷᠢᠭᠤᠴᠠᠯᠭᠠᠳᠠᠨ ᠪᠣᠯᠬᠤᠷ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠤᠨ᠎ᠠ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠣᠬᠢᠴᠠᠭᠤᠯᠬᠤ ᠡᠷᠴᠢᠮ ᠢᠶᠠᠨ ᠨᠡᠮᠡᠭᠳᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠲᠤᠷ ᠠᠳᠬᠤᠵᠤ᠂ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ ᠲᠥᠷᠥᠯ  ᠵᠤᠶᠢᠯ ᠤᠨ ᠠᠵᠢᠯ ᠡᠬᠢᠯᠡᠭᠦᠯᠬᠦ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠬᠤ᠂ ᠰᠢᠯᠭᠠᠨ ᠬᠤᠷᠢᠶᠠᠬᠤ ᠵᠢᠴᠢ ᠪᠠᠷᠢᠯᠭ᠎ᠠ ᠶᠢᠨ ᠮᠠᠲ᠋ᠧᠷᠢᠶᠠᠯ ᠤᠨ ᠬᠠᠩᠭᠠᠯᠭ᠎ᠠ ᠵᠡᠷᠭᠡ ᠭᠤᠭᠴᠤᠭ᠎ᠠ  ᠳᠤ ᠪᠦᠲᠦᠮᠵᠢᠲᠡᠶ ᠵᠢᠯᠣᠭᠤᠳᠣᠯᠭ᠎ᠠ  ᠬᠢᠬᠦ ᠪᠠ ᠬᠢᠨᠠᠯᠲᠠ ᠳᠠᠯᠪᠢᠬᠤ ᠶᠢ ᠦᠨᠡᠨᠬᠦ ᠪᠠᠲᠤᠯᠠᠨ᠎ᠠ᠃ ᠣᠷᠣᠨ ᠰᠠᠭᠤᠴᠠ   ᠶᠢᠨ ᠪᠦᠲᠦᠭᠡᠨ ᠪᠠᠶᠢᠭᠤᠯᠤᠯᠲᠠ᠂ ᠶᠠᠳᠠᠭᠤ ᠶᠢ ᠲᠡᠳᠬᠦᠬᠦ᠂ ᠠᠷᠠᠳ ᠤᠨ ᠶᠠᠪᠤᠳᠠᠯ᠂ ᠨᠠᠭᠠᠳᠤ  ᠵᠠᠬ᠎ᠠ ᠶᠢᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠰᠤᠮᠤ ᠰᠢᠶᠠᠩ ᠪᠠᠯᠭᠠᠰᠤ ᠯᠤᠭ᠎ᠠ ᠠᠵᠢᠯ ᠤᠨ  ᠬᠠᠮᠳᠤᠷᠠᠯ ᠬᠦᠴᠤᠨ ᠢ ᠪᠦᠷᠢᠯᠳᠦᠭᠦᠯᠵᠦ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ  ᠠᠬᠢᠭᠤᠯᠤᠨ᠎ᠠ᠃   ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥᠯ  ᠵᠤᠶᠢᠯ ᠳᠤ ᠭᠠᠷᠠᠭ ᠢᠶᠠᠷ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠤᠰᠬᠠᠶ ᠬᠥᠮᠦᠨ ᠢᠶᠠᠷ ᠮᠡᠳᠡᠭᠡ ᠵᠠᠩᠭᠢ ᠮᠡᠳᠡᠬᠦᠯᠤᠨ ᠬᠦᠷᠭᠡᠬᠦ ᠠᠵᠢᠯ ᠢ ᠬᠠᠷᠢᠭᠤᠴᠠᠭᠤᠯᠵᠤ᠂ ᠪᠠᠷᠢᠯᠭ᠎ᠠ ᠶᠢᠨ ᠠᠬᠢᠯᠲᠠ ᠶᠢᠨ ᠪᠠᠶᠢᠳᠠᠯ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ᠂ ᠲᠤᠷᠰᠢᠯᠭ᠎ᠠ ᠠᠷᠭ᠎ᠠ ᠪᠠᠷᠢᠯ᠂ ᠣᠷᠣᠰᠢᠵᠤ  ᠪᠠᠶᠢᠭ᠎ᠠ ᠠᠰᠠᠭᠤᠳᠠᠯ ᠪᠠ ᠠᠵᠢᠯ ᠤᠨ ᠰᠠᠨᠠᠭᠤᠯᠭ᠎ᠠ ᠵᠡᠷᠭᠡ ᠶᠢ ᠮᠡᠳᠡᠭᠡ ᠵᠠᠩᠭᠢ᠂ ᠲᠣᠪᠴᠢ ᠮᠡᠳᠡᠭᠡ ᠵᠡᠷᠭᠡ ᠬᠡᠯᠪᠡᠷᠢ ᠪᠠᠷ ᠭᠠᠷᠠᠭ ᠤᠨ ᠲᠠᠪᠤᠨ ᠳᠤ ᠬᠤᠰᠢᠭᠤᠨ ᠤ ᠬᠥᠳᠡᠭᠡ ᠲᠣᠰᠬᠤᠨ ᠤ ᠨᠤᠷᠠᠬᠤ  ᠠᠶᠤᠯᠳᠠᠢ ᠭᠡᠷ ᠪᠠᠶᠢᠰᠢᠩ ᠢ  ᠦᠭᠡᠷᠡᠴᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠠ ︵ ᠰᠢᠤᠳᠠᠨ ᠬᠠᠶᠢᠷᠴᠠᠭ᠄ zgeqjsj516@qq. com︶᠃    ︵ᠬᠤᠶᠠᠷ︶ ᠪᠥᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠳᠠᠯᠪᠢᠬᠤ ᠶᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠬᠠᠮᠢᠶᠠᠷᠤᠯᠲᠠ ᠶᠢᠨ ᠳᠦᠷᠢᠮᠵᠢᠯ︾ ︵DBJ03 — 94 — 2018︶ ᠤᠨ ᠪᠠᠷᠢᠮᠵᠢᠶ᠎ᠠ ᠶᠣᠰᠣᠭᠠᠷ᠂ ᠡᠯ᠎ᠡ ᠵᠦᠢᠯ ᠤᠨ ᠲᠥᠷᠦ ᠶᠢᠨ ᠪᠣᠳᠣᠯᠭ᠎ᠠ ᠪᠠ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ  ᠵᠠᠰᠠᠬᠤ ᠡᠲᠡᠭᠡᠳ ᠢ ᠮᠠᠭᠠᠳᠯᠠᠨ ᠲᠣᠭᠲᠠᠭᠠᠬᠤ᠂ ᠪᠠᠯᠠ  ᠮᠦᠩᠬᠦᠨ ᠤ ᠨᠥᠬᠦᠪᠥᠷᠢ ᠶᠢ  ᠨᠠᠷᠢᠯᠢᠭ ᠣᠨᠣᠴᠠᠲᠠᠶ ᠪᠠᠶᠢᠯᠭᠠᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠶᠢ ᠨᠠᠷᠢᠯᠢᠭ ᠣᠨᠣᠴᠠᠲᠠᠶ ᠪᠠᠶᠢᠯᠭᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠨᠠᠷᠢᠯᠢᠭ ᠣᠨᠣᠴᠠᠲᠠᠶ ᠪᠠᠶᠢᠯᠭᠠᠨ᠎ᠠ᠃ ᠠᠵᠢᠯ ᠤᠨ ᠠᠬᠢᠴᠠ ᠶᠣᠰᠣᠭᠠᠷ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠡᠯ᠎ᠡ  ᠵᠤᠶᠢᠯ ᠤᠨ ᠡᠬᠦᠷᠭᠡ  ᠶᠢ  ᠳᠤᠬᠳᠠᠬᠰᠠᠨ ᠴᠠᠭ ᠲᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︵ᠭᠤᠷᠪᠠ︶ ᠪᠠᠷᠢᠯᠭ᠎ᠠ ᠶᠢᠨ ᠶᠠᠰᠤ ᠴᠢᠨᠠᠷ ᠬᠢᠭᠡᠳ ᠪᠠᠷᠢᠯᠭ᠎ᠠ ᠶᠢᠨ ᠡᠬᠢ ᠰᠤᠷᠪᠤᠯᠵᠢ ᠠᠷᠪᠢᠯᠠᠬᠤ ᠬᠠᠮᠢᠶᠠᠷᠤᠯᠲᠠ ᠶᠢ ᠴᠢᠩᠳᠠᠯᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ  ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠦᠨᠳᠦᠰᠦᠨ ᠶᠠᠰᠤ ᠴᠢᠨᠠᠷ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠭᠠᠵᠠᠷ ᠬᠥᠳᠡᠯᠦᠯᠲᠡ ᠶᠢ ᠳᠠᠭᠠᠭᠠᠬᠤ ᠠᠮᠤᠷ  ᠳᠦᠪᠰᠢᠨ ᠤ ᠦᠨᠳᠦᠰᠦᠨ ᠱᠠᠭᠠᠷᠳᠠᠯᠭ᠎ᠠ ︵ᠲᠤᠷᠰᠢᠨ ᠬᠡᠷᠡᠭᠵᠢᠭᠦᠯᠬᠦ︶︾ ︵ᠪᠥᠲᠥᠭᠡᠨ ᠪᠠᠶᠢᠭᠤᠯᠤᠯᠲᠠ ᠲᠣᠰᠬᠤᠨ  ﹇2011﹈ 115 ᠲᠣᠭᠠᠲᠤ︶᠂ ︽ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠦᠨᠳᠦᠰᠦᠨ ᠠᠮᠤᠷ ᠲᠦᠪᠰᠢᠨ ᠤ ᠮᠡᠷᠭᠡᠵᠢᠯ ᠤᠨ ᠵᠢᠯᠣᠭᠤᠳᠬᠤ ᠲᠦᠷᠢᠮ︾ ︵ᠪᠥᠲᠥᠭᠡᠨ ᠪᠠᠶᠢᠭᠤᠯᠤᠯᠲᠠ ᠠᠯᠪᠠᠨ ᠳᠤᠰᠬᠤᠨ ﹇2018﹈ 172 ᠲᠣᠭᠠᠲᠤ︶ ᠢ ᠳᠠᠷᠤᠮᠠᠯᠯᠠᠨ ᠲᠠᠷᠬᠠᠭᠠᠨ᠎ᠠ᠃ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠶᠢᠨ ᠲᠡᠮᠳᠡᠭᠯᠡᠯ ᠢ ᠰᠠᠶᠢᠲᠤᠷ ᠬᠢᠵᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠤᠨ᠎ᠠ᠃ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠡᠷᠦᠬᠡ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠳᠤ  ᠪᠦᠬᠦ ᠶᠠᠪᠤᠴᠠ ᠪᠠᠷ ᠣᠷᠣᠯᠴᠠᠬᠤ ᠶᠢᠨ ᠬᠠᠮᠲᠤ ᠬᠢᠷᠢ ᠲᠡᠩᠴᠡᠭᠰᠡᠨ ᠤ ᠳᠠᠷᠠᠭ᠎ᠠ ᠭᠠᠷ ᠤᠨ ᠦᠰᠦᠭ ᠵᠢᠷᠤᠵᠤ  ᠨᠤᠳᠠᠯᠠᠨ᠎ᠠ᠃ ᠰᠢᠯᠭᠠᠨ  ᠬᠤᠷᠢᠶᠠᠬᠤ ᠶᠢ ᠥᠩᠭᠡᠷᠡᠭᠡᠭᠰᠡᠨ ᠦᠭᠡᠢ ᠪᠤᠶᠤ ᠰᠢᠯᠭᠠᠨ  ᠬᠤᠷᠢᠶᠠᠯᠳᠠ ᠳᠤ ᠬᠢᠷᠢ ᠲᠡᠩᠴᠡᠭᠰᠡᠨ ᠦᠭᠡᠢ ᠪᠣᠯ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃    ᠥᠭᠡᠷᠡᠴᠢᠯᠡᠨ ᠵᠠᠰᠠᠵᠤ ᠳᠠᠬᠢᠨ ᠪᠠᠶᠢᠭᠤᠯᠬᠤ ᠰᠢᠨ᠎ᠡ ᠭᠡᠷ ᠪᠠᠶᠢᠰᠢᠩ ᠨᠢ  ᠴᠦᠮ ᠲᠣᠭᠤᠰᠬ᠎ᠠ ᠮᠣᠳᠣ ᠪᠤᠶᠤ ᠲᠣᠭᠤᠰᠬ᠎ᠠ ᠬᠤᠯᠢᠯᠳᠤᠭᠰᠠᠨ ᠪᠦᠲᠦᠴᠡ ᠲᠠᠢ ᠪᠠᠶᠢᠵᠤ᠂ ᠭᠡᠷ ᠤᠨ ᠳᠡᠭᠡᠪᠦᠷ ᠲᠤ ᠳᠤᠯᠠᠭᠠᠨ ᠢ ᠬᠠᠮᠠᠭᠠᠯᠠᠬᠤ ᠠᠷᠭ᠎ᠠ ᠠᠪᠴᠤ᠂ ᠬᠦᠷᠢᠶ᠎ᠡ ᠬᠠᠰᠢᠶ᠎ᠠ᠂ ᠬᠠᠭᠠᠯᠭ᠎ᠠ ᠲᠠᠢ ᠪᠠᠶᠢᠯᠭᠠᠨ᠎ᠠ᠃ ᠭᠠᠳᠠᠷ ᠬᠡᠷᠡᠮ ᠳᠡᠭᠡᠷ᠎ᠡ ᠴᠣᠬᠤᠢ ᠲᠦᠷᠬᠢᠵᠦ᠂ ᠰᠢᠷ ᠰᠦᠷᠴᠢᠨ᠂ ᠥᠩᠭᠡ ᠪᠤᠳᠤᠭ ᠨᠢ ᠲᠣᠰ ᠭᠠᠵᠠᠷ ᠣᠷᠣᠨ ᠤ ᠣᠨᠴᠠᠯᠢᠭ ᠲᠠᠢ ᠨᠢᠭᠡᠳᠦᠯᠲᠡᠶ ᠪᠠᠶᠢᠵᠤ᠂ ᠳᠣᠲᠣᠷ᠎ᠠ ᠬᠡᠷᠡᠮ ᠨᠢ ᠴᠠᠭᠠᠨ᠂ ᠭᠠᠵᠠᠷ ᠳᠡᠭᠡᠷ᠎ᠡ ᠱᠠᠭᠠᠵᠠᠩ ᠲᠣᠭᠤᠰᠬ᠎ᠠ ᠳᠡᠪᠢᠰᠴᠦ᠂ ᠲᠣᠭᠤᠭᠠᠨ ᠭᠡᠷ᠂ ᠤᠬᠢᠶᠠᠯᠭ᠎ᠠ ᠶᠢᠨ ᠭᠡᠷ ᠵᠡᠷᠭᠡ ᠶᠢ ᠲᠥᠬᠦᠷᠵᠢᠭᠦᠯᠵᠦ᠂ ᠦᠨᠳᠦᠰᠦᠨ ᠴᠢᠳᠠᠮᠵᠢ  ᠶᠢ ᠨᠢ ᠪᠦᠷᠢᠨ ᠬᠦᠢᠴᠡᠳ ᠪᠣᠯᠭᠠᠨ᠎ᠠ᠃ ᠭᠡᠷ ᠪᠠᠶᠢᠰᠢᠩ ᠤᠨ ᠰᠠᠭᠤᠷᠢ ᠶᠢ  ᠪᠦᠳᠤᠬᠦᠨ ᠴᠢᠯᠠᠭᠤᠨ ᠤ ᠰᠠᠭᠤᠷᠢ ᠪᠤᠶᠤ ᠪᠣᠯᠣᠳ ᠮᠠᠲ᠋ᠧᠷᠢᠶᠠᠯ ᠪᠧᠲ᠋ᠤᠨ ᠴᠢᠳᠬᠤᠬᠰᠠᠨ ᠰᠠᠭᠤᠷᠢ ᠭᠠᠷᠭᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠴᠢᠨᠠᠷ ᠴᠢᠨᠰᠠᠭ᠎ᠠ ᠶᠢᠨ ᠱᠠᠭᠠᠷᠳᠠᠯᠭ᠎ᠠ ᠳᠤ ᠬᠦᠷᠭᠡᠨ᠎ᠠ᠃ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠰᠢᠨ᠎ᠡ ᠪᠠᠷ ᠪᠠᠶᠢᠭᠤᠯᠤᠬᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠵᠢᠷᠤᠭ ᠲᠥᠯᠥᠪᠯᠡᠭᠡ ᠪᠤᠶᠤ ᠬᠠᠭᠤᠴᠢᠨ ᠭᠡᠷ ᠢ ᠰᠡᠯᠪᠢᠨ ᠵᠠᠰᠠᠵᠤ ᠪᠠᠬᠢᠵᠢᠭᠦᠯᠬᠦ ᠲᠥᠰᠦᠯ  ᠳᠤ ᠮᠡᠷᠭᠡᠵᠢᠯ ᠤᠨ ᠪᠣᠭᠤᠮᠲᠠ ᠶᠢ ᠰᠠᠬᠢᠵᠤ᠂ ᠲᠠᠷᠢᠶᠠᠴᠢᠨ ᠡᠷᠦᠬᠡ ᠶᠢᠨ ᠪᠠᠷᠢᠯᠭ᠎ᠠ ᠶᠢᠨ ᠮᠠᠲ᠋ᠧᠷᠢᠶᠠᠯ ᠢ ᠥᠪᠡᠷᠲᠡᠭᠡᠨ ᠬᠤᠳᠠᠯᠳᠤᠨ ᠠᠪᠬᠤ   ᠳᠤ ᠰᠠᠨᠠᠭᠤᠯᠭ᠎ᠠ ᠭᠠᠷᠭᠠᠨ᠎ᠠ᠃ ᠰᠤᠮᠤ ᠰᠢᠶᠠᠩ  ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯᠲᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ  ᠶᠢ  ᠴᠢᠩᠭᠠᠳᠬᠠᠬᠤ ᠶᠢᠨ ᠬᠠᠮᠲᠤ ᠪᠠᠷᠢᠯᠭ᠎ᠠ ᠪᠠᠷᠢᠬᠤ ᠶᠠᠪᠤᠴᠠ ᠳᠤ ᠡᠷᠦᠬᠡ ᠳᠠᠷᠠᠭᠠᠯᠠᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠨ᠎ᠠ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠡᠯᠪᠢᠨ ᠵᠠᠰᠠᠵᠤ ᠪᠠᠬᠢᠵᠢᠭᠦᠯᠬᠦ ᠪᠠ  ᠨᠤᠷᠠᠭᠠᠵᠤ ᠳᠠᠬᠢᠨ ᠪᠠᠶᠢᠭᠤᠯᠵᠤ ᠥᠭᠡᠷᠡᠴᠢᠯᠡᠨ ᠵᠠᠰᠠᠬᠰᠠᠨ ᠤ ᠳᠠᠷᠠᠭ᠎ᠠ᠂ ᠡᠷᠬᠡᠪᠰᠢ ︽ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ ᠮᠡᠷᠭᠡᠵᠢᠯ ᠤᠨ ᠵᠢᠯᠣᠭᠤᠳᠬᠤ ᠳᠦᠷᠢᠮ ︵ᠲᠤᠷᠰᠢᠨ ᠬᠡᠷᠡᠭᠵᠢᠭᠦᠯᠬᠦ︶︾ ᠳᠠᠬᠢ A ᠲᠥᠷᠥᠯ ᠤᠨ ᠪᠦᠷᠢᠨ ᠪᠦᠲᠦᠨ ᠣᠷᠣᠨ ᠰᠠᠭᠤᠴᠠ ᠪᠣᠯᠤᠨ ᠲᠤᠬᠠᠶ ᠶᠢᠨ ᠭᠠᠵᠠᠷ ᠤᠨ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠶᠢ ᠪᠠᠶᠢᠷᠢᠯᠠᠭᠤᠯᠬᠤ ᠪᠠᠷᠢᠮᠵᠢᠶ᠎ᠠ ᠳᠤ  ᠬᠦᠷᠭᠡᠨ᠎ᠠ᠃    ︵ᠳᠥᠷᠪᠡ︶ ᠲᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠳᠤ ᠨᠢᠭᠡ ᠡᠷᠦᠬᠡ ᠨᠢᠭᠡ ᠲᠠᠩᠰᠠ ᠡᠪᠬᠡᠮᠡᠯ  ᠲᠠᠢ ᠪᠠᠶᠢᠬᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂  ᠬᠤᠪᠢ ᠬᠥᠮᠦᠨ ᠤ ᠲᠠᠩᠰᠠ ᠡᠪᠬᠡᠮᠡᠯ ᠳᠤ ᠭᠤᠤᠯᠳᠠᠭᠤ ᠲᠠᠷᠢᠶᠠᠴᠢᠨ ᠡᠷᠦᠬᠡ ᠶᠢᠨ ᠭᠤᠶᠤᠴᠢᠯᠠᠯ᠂ ᠲᠠᠷᠢᠶᠠᠴᠢᠨ ᠡᠷᠦᠬᠡ ᠶᠢᠨ ᠬᠠᠮᠢᠶ᠎ᠠ ᠪᠥᠬᠦᠶ ᠦᠨᠡᠮᠯᠡᠯ ᠤᠨ ᠬᠠᠭᠤᠯᠪᠤᠷᠢ ︵ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠪᠠ ᠲᠠᠩᠰᠠ  ᠺᠠᠷᠲ  ᠪᠠᠶᠢᠭᠤᠯᠤᠬᠰᠠᠨ ᠶᠠᠳᠠᠭᠤ ᠬᠦᠴᠢᠷᠳᠡᠯᠲᠡᠶ ᠡᠷᠦᠬᠡ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ  ᠪᠠᠳᠤᠯᠠᠭᠠᠳᠤ ᠡᠷᠤᠭᠡ᠂ ᠵᠡᠮᠳᠡᠭᠴᠦᠳ ᠤᠨ ᠭᠡᠷᠡᠴᠢ ᠵᠡᠷᠭᠡ ᠭᠡᠷᠡᠴᠢ ᠦᠨᠡᠮᠯᠡᠯ ᠪᠤᠶᠤ  ᠬᠤᠯᠪᠤᠬᠳᠠᠯ ᠪᠥᠬᠦᠶ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠠᠷᠭᠠᠵᠤ ᠥᠭᠭᠦᠭᠰᠡᠨ ᠬᠦᠴᠦᠨ ᠪᠥᠬᠦᠶ ᠭᠡᠷᠡᠴᠢ ᠮᠠᠲ᠋ᠧᠷᠢᠶᠠᠯ︶᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠴᠠ ᠡᠮᠦᠨᠡᠬᠢ ᠬᠡᠷ ᠪᠠᠶᠢᠰᠢᠩ ᠢ ᠰᠢᠯᠭᠠᠨ ᠲᠣᠭᠲᠠᠭᠠᠬᠤ ︵ᠦᠨᠡᠯᠡᠨ ᠲᠣᠭᠲᠠᠭᠠᠬᠤ︶ ᠬᠦᠰᠦᠨᠦᠭᠲᠦ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠡᠷᠦᠬᠡ  ᠶᠢ ᠬᠢᠨᠠᠨ ᠵᠥᠪᠰᠢᠶᠡᠷᠡᠬᠦ ᠬᠦᠰᠦᠨᠦᠭᠲᠦ᠂ ᠳᠤᠰᠬᠤᠨ ᠤ ᠠᠷᠠᠳ ᠤᠨ ᠵᠦᠪᠯᠡᠯ ᠤᠨ ᠦᠨᠡᠯᠡᠨ ᠳᠤᠬᠳᠠᠭᠠᠬᠰᠠᠨ ᠳᠡᠮᠳᠡᠭᠯᠡᠯ᠂ ᠢᠯᠡ ᠨᠡᠶᠢᠳᠡᠯᠡᠬᠦ ᠭᠡᠷᠡᠴᠢ ᠮᠠᠲ᠋ᠧᠷᠢᠶᠠᠯ ︵ᠢᠯᠡ ᠨᠡᠶᠢᠲᠡᠯᠡᠭᠰᠡᠨ ᠬᠡᠷᠡᠯ ᠵᠢᠷᠤᠭ ᠪᠤᠶᠤ ᠬᠦᠴᠦᠨ ᠪᠥᠬᠦᠶ ᠲᠣᠰᠬᠤᠨ ᠤ ᠵᠥᠪᠯᠡᠯ ᠤᠨ ᠭᠡᠷᠡᠴᠢ ᠮᠠᠲ᠋ᠧᠷᠢᠶᠠᠯ᠂ ᠠᠯᠪᠠᠨ ᠲᠠᠮᠠᠭ᠎ᠠ ᠳᠠᠷᠤᠭᠰᠠᠨ ᠪᠢᠴᠢᠭ ᠵᠡᠷᠭᠡ ᠪᠠᠭᠲᠠᠨ᠎ᠠ︶᠂ ᠬᠦᠳᠡᠭᠡ ᠳᠤᠰᠬᠤᠨ ᠤ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠵᠦᠪᠳᠡᠯᠴᠡᠭᠡᠷ᠂ ᠦᠭᠡᠷᠡᠴᠢᠯᠡᠨ ᠵᠠᠰᠠᠬᠤ ᠠᠴᠠ ᠡᠮᠤᠨᠡᠬᠢ ᠳᠤᠮᠳᠠᠬᠢ ᠬᠤᠶᠢᠨᠠᠬᠢ ᠭᠡᠷᠡᠯ ᠵᠢᠷᠤᠭ᠂  ᠬᠦᠳᠡᠭᠡ ᠳᠤᠰᠬᠤᠨ ᠤ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠪᠦᠳᠤᠭᠡᠨ ᠪᠠᠶᠢᠭᠤᠯᠤᠯᠳᠠ  ᠶᠢᠨ ᠬᠠᠮᠤᠭ ᠳᠤᠤᠷ᠎ᠠ ᠱᠠᠭᠠᠷᠳᠠᠯᠭ᠎ᠠ ᠶᠢᠨ ᠰᠢᠯᠭᠠᠨ ᠬᠤᠷᠢᠶᠠᠬᠤ ᠬᠦᠰᠤᠨᠦᠭᠳᠤ᠂ ᠪᠠᠷᠢᠯᠭ᠎ᠠ ᠳᠠᠭᠤᠰᠤᠬᠰᠠᠨ ᠢ ᠰᠢᠯᠭᠠᠨ ᠬᠤᠷᠢᠶᠠᠬᠤ ᠬᠦᠰᠦᠨᠦᠭᠳᠤ᠂ ᠪᠡᠯᠡ ᠮᠦᠩᠬᠦ ᠪᠠᠭᠤᠯᠭᠠᠬᠰᠠᠨ ᠭᠡᠷᠡᠴᠢ ᠵᠡᠷᠭᠡ ᠪᠠᠭᠳᠠᠨ᠎ᠠ᠃ ᠳᠡᠭᠡᠷᠡᠬᠢ ᠠᠭᠤᠯᠭ᠎ᠠ ᠶᠢᠨ ᠬᠠᠮᠢᠶ᠎ᠠ ᠪᠥᠬᠦᠶ ᠬᠦᠰᠦᠨᠦᠭᠲᠦ᠂ ᠮᠠᠲ᠋ᠧᠷᠢᠶᠠᠯ ᠳᠤ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠨᠢ ᠪᠦᠷᠢᠨ ᠬᠦᠢᠴᠡᠳ᠂ ᠯᠣᠭᠢᠭ ᠤᠨ ᠬᠠᠷᠢᠴᠠᠭ᠎ᠠ ᠲᠣᠳᠣᠷᠬᠠᠶ ᠪᠠᠶᠢᠬᠤ ᠶᠢ ᠱᠠᠭᠠᠷᠳᠠᠨ᠎ᠠ᠃ ᠲᠠᠷᠢᠶᠠᠴᠢᠨ ᠡᠷᠦᠬᠡ ᠶᠢᠨ ᠴᠠᠭᠠᠰᠤᠨ ᠳᠠᠩᠰᠠ ᠡᠪᠬᠡᠮᠡᠯ ᠢ ᠪᠠᠶᠢᠭ᠎ᠠ ᠰᠤᠮᠤ ᠰᠢᠶᠠᠩ ᠪᠠᠯᠭᠠᠰᠤ ᠠᠴᠠ ᠬᠠᠷᠢᠭᠤᠴᠠᠨ ᠴᠤᠬᠯᠠᠭᠤᠯᠵᠤ ᠡᠮᠬᠢᠯᠡᠨ᠎ᠠ᠃ ᠨᠢᠭᠡ ᠡᠷᠦᠬᠡ ᠳᠤ ᠨᠢᠭᠡ ᠳᠠᠩᠰᠠ ᠡᠪᠬᠡᠮᠡᠯ ᠲᠠᠢ ᠪᠠᠶᠢᠬᠤ᠂ ᠥᠭᠡᠷᠡᠴᠢᠯᠡᠨ  ᠵᠠᠰᠠᠬᠤ ᠪᠠᠨ ᠪᠣᠯᠢᠭᠰᠠᠨ  ᠤᠨᠴᠠᠭᠠᠢ ᠳᠠᠩᠰᠠ  ᠡᠪᠭᠡᠮᠡᠯ ᠢ ᠲᠣᠰ ᠲᠣᠰ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠥᠪᠯᠡᠯ ᠭᠤᠷᠪᠠᠨ ᠱᠠᠲᠤᠨ ᠳᠤ ᠬᠠᠳᠠᠭᠠᠯᠠᠨ᠎ᠠ᠃
ᠢᠷᠡᠯᠲᠡ᠄ ᠲᠤᠰ ᠰᠦᠯᠵᠢᠶ᠎ᠡ