ᠵᠡᠬᠦᠠᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠳ᠋ᠠ ᠯᠦ ᠨᠡᠭᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠠᠭᠤᠷᠢᠨ | ᠭᠠᠵᠠᠷ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠡ ᠲᠤᠮᠤ ᠠᠵᠤ ᠠᠬᠤᠶᠢᠯᠠᠯ ᠳᠤ᠄ | ︽ᠵᠡᠭᠦᠨᠭᠠᠷ ᠬᠤᠰᠢᠭᠤᠨ ᠤ 2020 ᠣᠨ ᠤ ᠪᠥᠬᠦ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠤᠨ ︿ᠭᠤᠷᠪᠠ ᠶᠢ ᠪᠠᠭᠠᠰᠬᠠᠵᠤ ᠭᠤᠷᠪᠠ ᠶᠢ | ᠴᠢᠭᠢᠷᠠᠭᠵᠢᠭᠤᠯᠬᠤ﹀ ᠠᠵᠢᠯᠯᠠᠭ᠎ᠠ ᠶᠢᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠳᠠᠷᠬᠠᠭᠠᠯ᠎ᠠ᠃ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ | ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 9 ᠰᠠᠷ᠎ᠠ ᠶᠢᠨ 7 ᠤ ᠡᠳᠦᠷ | | ᠵᠡᠭᠦᠨᠭᠠᠷ ᠬᠤᠰᠢᠭᠤᠨ ᠤ 2020 ᠣᠨ ᠤ ᠪᠥᠬᠦ ᠠᠷᠠᠳ ᠤᠨ ᠡᠷᠡᠭᠦᠯ ᠮᠡᠨᠳᠦ ᠶᠢᠨ ᠠᠮᠢᠳᠤᠷᠠᠯ ᠤᠨ ᠠᠷᠭ᠎ᠠ ᠮᠠᠶ᠋ᠢᠭ ᠤᠨ ︽ᠭᠤᠷᠪᠠ ᠶᠢ ᠪᠠᠭᠠᠰᠬᠠᠵᠤ | ᠭᠤᠷᠪᠠ ᠶᠢ ᠴᠢᠬᠢᠷᠠᠬᠵᠢᠭᠤᠯᠬᠤ︾ ᠠᠵᠢᠯᠯᠠᠭ᠎ᠠ ᠶᠢᠨ ᠲᠥᠰᠦᠯ | ︽ᠳᠤᠮᠳᠠᠳᠤ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠳᠤᠮᠳᠠ ᠣᠷᠳᠣ ᠬᠤᠭᠤᠴᠠᠭᠠᠨ ᠤ ᠳᠦᠯᠦᠪᠵᠢᠬᠦᠯᠭᠡ ︵2017 ︱ | 2025 ᠤᠨ︶ ᠶᠢ ᠳᠠᠷᠤᠮᠠᠯᠯᠠᠨ ᠳᠠᠷᠠᠬᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ᠤᠳᠠᠭᠠᠨ ᠴᠢᠨᠠᠷᠲᠠᠶ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠬᠤᠷᠢᠬᠯᠠᠬᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠪᠠᠬᠢᠵᠢᠭᠦᠯᠬᠦ ᠶᠢ ᠪᠦᠬᠦ ᠳᠠᠯ᠎ᠠ ᠪᠠᠷ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠠᠷᠭ᠎ᠠ | ᠮᠠᠶ᠋ᠢᠭ ᠤᠨ ︿ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ﹀ ᠠᠵᠢᠯᠯᠠᠭ᠎ᠠ ᠶᠢᠨ ᠲᠥᠰᠦᠯ︾ ᠶᠣᠰᠣᠭᠠᠷ᠂ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠳᠤᠯᠠᠬᠤ ᠶᠢᠨ ᠳᠤᠰᠠᠳᠠ᠂ ᠲᠣᠰ ᠠᠵᠢᠯᠯᠠᠭ᠎ᠠ ᠶᠢᠨ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ | ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠡᠳ᠋ᠯᠡᠬᠦ ᠬᠦᠭᠵᠢᠯᠳᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠰᠡᠷᠭᠡᠶᠢᠯᠡᠬᠦ ᠪᠠᠷ ᠭᠤᠣᠯ ᠪᠣᠯᠭᠠᠬᠤ︾ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ | ᠠᠵᠢᠯ ᠤᠨ ᠴᠢᠭᠯᠡᠯᠳᠡ ᠶᠢ ᠪᠠᠷᠢᠮᠲᠠᠯᠠᠨ᠂ ᠠᠷᠠᠳ ᠣᠯᠠᠨ ᠤ ᠡᠷᠡᠭᠦᠯ ᠮᠡᠨᠳᠦ ᠶᠢᠨ ᠱᠠᠭᠠᠷᠳᠠᠯᠭ᠎ᠠ ᠶᠢ ᠬᠠᠩᠭᠠᠬᠤ ᠪᠠ ᠡᠷᠡᠭᠦᠯ ᠮᠡᠨᠳᠦ ᠶᠢᠨ ᠭᠤᠤᠯ ᠠᠰᠠᠭᠤᠳᠠᠯ ᠢ | ᠰᠢᠢᠳᠪᠤᠷᠢᠯᠡᠬᠦ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠭᠤᠤᠯᠯᠠᠨ᠂ ᠰᠠᠯᠠᠭ᠎ᠠ ᠮᠥᠴᠢᠷ ᠬᠠᠮᠵᠢᠯᠴᠠᠵᠤ᠂ ᠨᠡᠶᠢᠭᠡᠮ ᠨᠡᠶᠢᠳᠡ ᠶᠢ ᠳᠠᠶᠢᠴᠢᠯᠠᠨ᠂ ᠪᠦᠬᠦ | ᠠᠷᠠᠳ ᠢᠶᠠᠷ ᠢᠶᠠᠨ ᠣᠷᠣᠯᠴᠠᠬᠤ ᠶᠢ ᠪᠠᠷᠢᠮᠲᠠᠯᠠᠨ᠂ ︽ᠡᠶ᠎ᠡ ᠵᠣᠬᠢᠴᠠᠯ ᠲᠠᠢ ᠮᠠᠨ ᠤ ᠠᠮᠢᠳᠤᠷᠠᠯ᠂ ᠡᠷᠡᠭᠦᠯ ᠡᠩᠬᠡ ᠳᠤᠮᠳᠠᠳᠤᠴᠤᠳ︾ ᠢᠶᠠᠷ ᠭᠤᠣᠯ ᠰᠡᠳᠦᠪ ᠪᠣᠯᠭᠠᠵᠤ | ᠂ ᠵᠦᠢ ᠵᠣᠬᠢᠰᠲᠠᠶ ᠬᠤᠭᠤᠯᠠᠯᠠᠬᠤ ᠪᠠ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠᠷ ᠭᠤᠤᠯᠳᠠᠯᠭ᠎ᠠ ᠪᠣᠯᠭᠠᠨ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠡᠷᠡᠭᠦᠯ | ᠮᠡᠨᠳᠦ ᠶᠢ ᠠᠬᠢᠭᠤᠯᠬᠤ ᠪᠠᠷ ᠠᠷᠭ᠎ᠠ ᠪᠠᠷᠢᠯ ᠪᠣᠯᠭᠠᠵᠤ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ︵ᠳᠠᠪᠤᠰᠤ᠂ ᠲᠣᠰᠣ᠂ ᠰᠢᠬᠢᠷ ᠢ | ᠪᠠᠭᠠᠰᠬᠠᠨ᠂ ᠠᠮᠠᠨ ᠬᠥᠨᠳᠡᠢ᠂ ᠪᠡᠶ᠎ᠡ ᠶᠢᠨ ᠬᠦᠨᠳᠦ᠂ ᠠᠷᠤᠭ ᠶᠠᠰᠤ ᠪᠠᠨ ᠴᠢᠬᠢᠷᠠᠬᠵᠢᠭᠤᠯᠬᠤ︶ ᠪᠠᠷ ᠭᠤᠣᠯ ᠠᠭᠤᠯᠭ᠎ᠠ ᠪᠤᠯᠭᠠᠨ᠂ ᠡᠷᠡᠭᠦᠯ ᠮᠡᠨᠳᠦ ᠶᠢ | ᠳᠡᠮᠵᠢᠬᠦ ᠴᠢᠨᠠᠷᠲᠠᠶ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠰᠤᠷᠳᠠᠯᠴᠢᠯᠠᠨ | ᠤᠯᠠᠮᠵᠢᠯᠠᠵᠤ᠂ ᠡᠷᠡᠭᠦᠯ ᠮᠡᠨᠳᠦ ᠶᠢᠨ ᠮᠡᠷᠭᠡᠵᠢᠯ ᠴᠢᠳᠠᠪᠤᠷᠢ ᠶᠢ ᠥᠷᠭᠡᠨ ᠢᠶᠠᠷ ᠳᠡᠯᠭᠡᠷᠡᠬᠦᠯᠤᠨ᠂ ᠪᠦᠬᠦ ᠠᠷᠠᠳ ᠤᠨ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ | ᠮᠠᠶ᠋ᠢᠭ ᠢ ᠭᠦᠨᠵᠡᠭᠡᠶ ᠰᠠᠨᠠᠭᠠᠴᠢᠯᠠᠵᠤ᠂ ᠬᠤᠪᠢ ᠬᠥᠮᠦᠨ ᠤ ᠡᠷᠡᠭᠦᠯ ᠮᠡᠨᠳᠦ ᠶᠢᠨ ᠦᠵᠡᠯ ᠤᠬᠠᠮᠰᠠᠷ ᠪᠠ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠬᠦᠯᠤᠨ᠂ | ᠡᠪᠡᠳᠴᠢᠨ ᠡᠮᠭᠡᠭ ᠢ ᠡᠮᠨᠡᠨ ᠵᠠᠰᠠᠵᠤ ᠪᠠᠶᠢᠬᠰᠠᠨ ᠠᠴᠠ ᠪᠠᠨ ᠡᠷᠡᠭᠦᠯ ᠮᠡᠨᠳᠦ ᠶᠢᠨ ᠬᠠᠮᠢᠶᠠᠷᠤᠯᠲᠠ ᠬᠢᠬᠦ ᠲᠡᠰᠢ ᠬᠤᠪᠢᠷᠠᠭᠤᠯᠬᠤ ᠶᠢ ᠠᠬᠢᠭᠤᠯᠵᠤ᠂ ᠠᠷᠠᠳ | ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠬᠠᠮᠠᠭᠠᠯᠠᠨ᠂ ᠡᠷᠡᠭᠦᠯ ᠡᠩᠭᠡ ᠶᠢᠨ ᠵᠡᠭᠦᠨᠭᠠᠷ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃ | ᠬᠤᠶᠠᠷ᠂ ᠠᠵᠢᠯᠯᠠᠭᠠᠨ ᠤ ᠬᠠᠷᠠᠯᠲᠠ | ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ︽ᠭᠤᠷᠪᠠ ᠶᠢ ᠪᠠᠭᠠᠰᠬᠠᠵᠤ ᠭᠤᠷᠪᠠ ᠶᠢ ᠴᠢᠬᠢᠷᠠᠬᠵᠢᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠪᠦᠷᠬᠦᠴᠡ ᠶᠢᠨ ᠨᠣᠷᠮ᠎ᠠ ᠶᠢ 100% ᠳᠤ ᠬᠦᠷᠭᠡᠨ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠬᠦ ᠠᠭᠤᠷ | ᠠᠮᠢᠰᠬᠤᠯ ᠢ ᠪᠤᠢ ᠪᠣᠯᠭᠠᠨ᠎ᠠ᠃ | ᠭᠤᠷᠪᠠ᠂ ᠠᠵᠢᠯᠯᠠᠭᠠᠨ ᠤ ᠠᠭᠤᠯᠭ᠎ᠠ | ︵ᠨᠢᠭᠡ︶ ᠳᠠᠪᠤᠰᠤ ᠪᠠᠭᠠᠰᠬᠠᠬᠤ᠃ ᠳᠠᠪᠤᠰᠤ ᠪᠠᠭᠠᠰᠬᠠᠬᠤ ᠳᠡᠮᠵᠢᠯᠭᠡ ᠶᠢᠨ ᠴᠢᠨᠠᠷᠲᠠᠶ ᠣᠷᠴᠢᠨ ᠲᠣᠭᠤᠷᠢᠨ ᠢ ᠪᠤᠢ ᠪᠤᠯᠭᠠᠵᠤ᠂ ᠢᠳᠡᠭᠡᠨ ᠤᠮᠳᠠᠭᠠᠨ ᠤ ᠠᠵᠤ | ᠠᠬᠤᠶᠢᠯᠠᠯ᠂ ᠪᠠᠶᠢᠭᠤᠯᠭ᠎ᠠ ᠨᠢᠭᠡᠴᠢ ᠶᠢᠨ ᠬᠤᠭᠤᠯᠠᠨ ᠭᠡᠷ ᠢ ᠬᠥᠲᠥᠯᠥᠨ ᠵᠢᠯᠣᠭᠤᠳᠴᠤ ᠪᠠᠶᠢᠭᠠᠳ ᠳᠠᠪᠤᠰᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ | ᠠᠪᠴᠤ᠂ ᠳᠠᠪᠤᠰᠤ ᠶᠢ ᠬᠢᠵᠠᠭᠠᠷᠯᠠᠬᠤ ᠪᠠᠷᠢᠮᠵᠢᠶᠠᠵᠢᠭᠤᠯᠤᠭᠰᠠᠨ ᠬᠡᠷᠡᠭᠰᠡᠯ ︵ᠬᠡᠮᠵᠢᠶ᠎ᠡ ᠲᠠᠢ ᠳᠠᠪᠤᠰᠤᠨ ᠬᠠᠯᠪᠠᠭ᠎ᠠ᠂ ᠳᠠᠪᠤᠰᠤ ᠬᠠᠳᠠᠭᠠᠯᠠᠬᠤ ᠰᠠᠪᠠ︶ ᠢ | ᠳᠡᠯᠭᠡᠷᠡᠭᠦᠯᠬᠦ ᠶᠢ ᠠᠬᠢᠭᠤᠯᠤᠨ᠎ᠠ᠃ ᠢᠳᠡᠭᠡᠨ ᠤᠮᠳᠠᠭᠠᠨ ᠤ ᠠᠵᠢᠯ ᠡᠷᠬᠢᠯᠡᠵᠤ ᠪᠠᠶᠢᠭ᠎ᠠ ᠬᠥᠮᠦᠰ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠭᠡᠷ | ᠪᠦᠯᠢ ᠶᠢᠨ ᠭᠤᠣᠯ ᠲᠣᠭᠤᠭᠠᠴᠢ ᠵᠡᠷᠭᠡ ᠶᠢ ᠭᠤᠣᠯᠳᠠᠯᠭ᠎ᠠ ᠲᠠᠢ ᠬᠥᠮᠦᠰ ᠪᠤᠯᠭᠠᠨ᠂ ᠬᠤᠭᠤᠯᠠᠨ ᠭᠡᠷ᠂ ᠰᠤᠷᠭᠠᠭᠤᠯᠢ᠂ ᠨᠡᠶᠢᠭᠡᠮ ᠲᠣᠭᠤᠷᠢᠭ᠂ ᠬᠡᠲᠦ ᠳᠡᠯᠭᠡᠭᠦᠷ ᠢ | ᠭᠤᠤᠯᠳᠠᠯᠭ᠎ᠠ ᠲᠠᠢ ᠠᠳᠬᠤᠬᠤ ᠲᠠᠯᠠᠪᠤᠷ ᠪᠣᠯᠭᠠᠵᠤ᠂ ︽ᠳᠠᠪᠤᠰᠤ ᠶᠢ ᠪᠠᠭ᠎ᠠ ᠭᠡᠷᠡᠭᠯᠡᠵᠤ᠂ ᠠᠮᠲᠠ ᠨᠢ ᠨᠠᠩ ᠰᠣᠷᠭᠤᠭ︾ ᠢᠳᠡᠭᠡᠨ ᠤᠮᠳᠠᠭᠠᠨ ᠤ ᠠᠵᠤ | ᠠᠬᠤᠶᠢᠯᠠᠯ ᠤᠨ ᠳᠠᠪᠤᠰᠤ ᠪᠠᠭᠠᠰᠬᠠᠬᠤ ᠠᠵᠢᠯᠯᠠᠭ᠎ᠠ ᠂ ︽ᠳᠠᠪᠤᠰᠤ ᠪᠠᠭ᠎ᠠ ᠢᠳᠡᠵᠤ ᠪᠡᠶ᠎ᠡ ᠮᠠᠬᠠᠪᠣᠳ ᠢᠶᠠᠨ ᠡᠷᠡᠭᠦᠯ ᠴᠢᠭᠢᠷᠠᠭ ᠪᠤᠯᠭᠠᠬᠤ︾ ᠰᠤᠷᠭᠠᠭᠤᠯᠢ ᠶᠢᠨ | ᠳᠠᠪᠤᠰᠤ ᠪᠠᠭᠠᠰᠬᠠᠬᠤ ᠠᠵᠢᠯᠯᠠᠭ᠎ᠠ ᠪᠠ ︽ᠳᠤᠭᠤᠭᠠᠨ ᠭᠡᠷ ᠲᠤ ᠳᠠᠪᠤᠰᠤ ᠪᠠᠭᠠᠰᠬᠠᠨ ᠲᠣᠰᠣ ᠬᠢᠵᠠᠭᠠᠷᠯᠠᠵᠤ᠂ ᠬᠤᠭᠤᠯᠠ ᠪᠤᠳᠠᠭ᠎ᠠ ᠪᠠᠨ ᠦᠨᠤᠷ ᠠᠮᠳᠠᠳᠠᠢ | ᠪᠠᠶᠢᠯᠭᠠᠨ ᠡᠷᠡᠭᠦᠯ ᠮᠡᠨᠳᠦ ᠶᠢ ᠠᠬᠢᠭᠤᠯᠬᠤ︾ ᠨᠡᠶᠢᠭᠡᠮ ᠲᠣᠭᠤᠷᠢᠭ ᠤᠨ ᠳᠠᠪᠤᠰᠤ ᠪᠠᠭᠠᠰᠬᠠᠬᠤ ᠠᠵᠢᠯᠯᠠᠭ᠎ᠠ ᠶᠢ ᠴᠢᠭᠯᠡᠭᠦᠯᠬᠦ ᠴᠢᠨᠠᠷᠲᠠᠶ ᠪᠠᠷ ᠦᠷᠨᠢᠬᠦᠯᠤᠨ᠂ ︽ | ᠳᠠᠪᠤᠰᠤ ᠬᠢᠭᠡᠳ ᠡᠷᠡᠭᠦᠯ ᠮᠡᠨᠳᠦ︾ ᠶᠢᠨ ᠤᠬᠠᠭᠤᠯᠭ᠎ᠠ ᠬᠦᠮᠤᠵᠢᠯ ᠢ ᠥᠷᠭᠡᠨ ᠳᠡᠯᠭᠡᠷ ᠥᠷᠨᠢᠭᠦᠯᠵᠦ᠂ ᠳᠠᠪᠤᠰᠤ ᠪᠠᠭ᠎ᠠ ᠬᠤᠭᠤᠯᠠᠯᠠᠬᠤ ᠪᠠ ᠤᠳᠠᠭᠠᠨ ᠴᠢᠨᠠᠷᠲᠠᠶ | ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠳᠦᠭᠡᠮᠡᠯᠵᠢᠬᠦᠯᠤᠨ᠂ ᠰᠠᠭᠤᠭᠠᠯᠢ ᠠᠷᠠᠳ ᠤᠨ ᠳᠠᠪᠤᠰᠤ ᠪᠠᠭ᠎ᠠ ᠬᠤᠭᠤᠯᠠᠯᠠᠬᠤ ᠦᠵᠡᠯ ᠤᠬᠠᠮᠰᠠᠷ ᠢ ᠨᠡᠮᠡᠭᠳᠡᠭᠦᠯᠵᠦ᠂ | ᠰᠠᠭᠤᠭᠠᠯᠢ ᠠᠷᠠᠳ ᠤᠨ ᠳᠠᠪᠤᠰᠤ ᠪᠠᠭ᠎ᠠ ᠢᠳᠡᠭᠡᠨ ᠰᠣᠩᠭᠤᠬᠤ ᠪᠠ ᠳᠠᠪᠤᠰᠤ ᠪᠠᠭ᠎ᠠ ᠬᠤᠭᠤᠯᠠ ᠬᠢᠬᠦ ᠮᠡᠷᠭᠡᠵᠢᠯ ᠢ ᠳᠡᠭᠡᠭᠰᠢᠯᠡᠭᠦᠯᠤᠨ᠎ᠠ᠃ | ︵ᠬᠤᠶᠠᠷ︶ ᠲᠣᠰᠣ ᠪᠠᠭᠠᠰᠬᠠᠬᠤ᠃ ︽ᠳᠠᠪᠤᠰᠤ ᠪᠠᠭᠠᠰᠬᠠᠬᠤ︾ ᠠᠵᠢᠯᠯᠠᠭ᠎ᠠ ᠲᠠᠢ ᠤᠶᠠᠯᠳᠤᠭᠤᠯᠤᠨ᠂ ᠳᠠᠪᠤᠰᠤ ᠪᠠᠭ᠎ᠠ ᠲᠣᠰᠣ ᠪᠠᠭ᠎ᠠ ᠢᠳᠡᠭᠡᠨ | ᠤᠮᠳᠠᠭᠠᠨ ᠤ ᠳᠠᠳᠬᠠᠯ ᠢ ᠰᠠᠨᠠᠭᠠᠴᠢᠯᠠᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ᠂ ᠬᠠᠮᠲᠤ ᠶᠢᠨ ᠬᠤᠭᠤᠯᠠᠨ ᠭᠡᠷ ᠪᠣᠯᠤᠨ ᠣᠯᠠᠨ ᠨᠡᠶᠢᠲᠡ ᠶᠢ ᠬᠥᠲᠥᠯᠥᠨ | ᠵᠢᠯᠣᠭᠤᠳᠴᠤ ᠪᠠᠶᠢᠭᠠᠳ ᠬᠠᠮᠲᠤᠪᠠᠷ ᠠᠷᠭ᠎ᠠ ᠬᠡᠮᠵᠢᠶ᠎ᠡ ᠠᠪᠴᠤ᠂ ᠲᠣᠰᠣ ᠢᠳᠡᠬᠦ ᠬᠡᠮᠵᠢᠶ᠎ᠡ ᠶᠢ ᠬᠢᠵᠠᠭᠠᠷᠯᠠᠨ᠎ᠠ᠃ ᠰᠤᠷᠤᠭᠴᠢ᠂ ᠭᠡᠷ ᠤᠨ ᠡᠵᠡᠭᠲᠡᠶ᠂ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠤᠨ ᠵᠢᠭᠠᠨ ᠵᠢᠯᠤᠭᠤᠳᠤᠬᠴᠢ ᠵᠡᠷᠭᠡ ᠭᠤᠤᠯᠳᠠᠯᠭ᠎ᠠ ᠲᠠᠢ ᠬᠥᠮᠦᠰ ᠲᠤ ᠪᠣᠯᠪᠠᠰᠤᠷᠠᠯ ᠪᠠ ᠵᠢᠯᠣᠭᠤᠳᠣᠯᠭ᠎ᠠ ᠬᠢᠵᠦ᠂ ᠲᠣᠰᠣ ᠬᠡᠲᠦ | ᠠᠷᠪᠢᠨ ᠢᠳᠡᠬᠦ ᠬᠤᠤᠷ ᠬᠥᠨᠥᠭᠡᠯ᠂ ᠲᠣᠰᠣ ᠢᠳᠡᠬᠦ ᠪᠠᠷᠢᠮᠵᠢᠶ᠎ᠠ᠂ ᠠᠮᠢᠳᠤᠷᠠᠯ ᠤᠨ ᠮᠡᠷᠭᠡᠵᠢᠯ ᠵᠡᠷᠭᠡ ᠲᠣᠰᠣ ᠶᠢ ᠪᠠᠭᠠᠰᠬᠠᠬᠤ ᠮᠡᠳᠡᠯᠭᠡ ᠶᠢ ᠥᠷᠭᠡᠨ ᠢᠶᠠᠷ | ᠤᠬᠠᠭᠤᠯᠵᠤ᠂ ᠰᠠᠭᠤᠭᠠᠯᠢ ᠠᠷᠠᠳ ᠤᠨ ᠲᠣᠰᠣ ᠪᠠᠭᠠᠲᠠᠶ ᠢᠳᠡᠭᠡᠨ ᠤᠮᠳᠠᠭᠠᠨ ᠪᠠ ᠡᠷᠡᠭᠦᠯ ᠢᠳᠡᠭᠡᠨ ᠤᠮᠳᠠᠭᠠᠨ ᠤ ᠲᠤᠬᠠᠶ ᠦᠵᠡᠯ ᠤᠬᠠᠮᠰᠠᠷ ᠢ ᠨᠡᠮᠡᠭᠳᠡᠭᠦᠯᠦᠨ᠎ᠡ᠃ | | ︵ᠭᠤᠷᠪᠠ︶ ᠰᠢᠬᠢᠷ ᠪᠠᠭᠠᠰᠬᠠᠬᠤ᠃ ᠬᠡᠦᠬᠡᠳ ᠪᠠᠭᠠᠴᠤᠳ ᠵᠠᠯᠠᠭᠤᠴᠤᠳ ᠢᠶᠠᠷ ᠭᠤᠣᠯᠳᠠᠯᠭ᠎ᠠ ᠪᠣᠯᠭᠠᠭᠰᠠᠨ ᠬᠡᠤᠬᠡᠳ ᠰᠠᠭᠠᠲᠠᠭᠤᠯᠬᠤ ᠪᠠᠶᠢᠭᠤᠯᠤᠮᠵᠢ᠂ | ᠳᠤᠮᠳᠠᠳᠤ ᠪᠠᠭ᠎ᠠ ᠰᠤᠷᠭᠠᠭᠤᠯᠢ ᠳᠤ ︽ᠰᠢᠬᠢᠷ ᠬᠢᠭᠡᠳ ᠡᠷᠡᠭᠦᠯ ᠮᠡᠨᠳᠦ︾ ᠡᠷᠡᠭᠦᠯ ᠮᠡᠨᠳᠦ ᠶᠢᠨ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ | ᠰᠢᠬᠢᠷ ᠠᠭᠤᠯᠤᠭᠰᠠᠨ ᠤᠮᠳᠠᠭᠠᠨ ᠪᠠ ᠰᠢᠬᠢᠷ ᠶᠡᠬᠡᠲᠡᠶ ᠢᠳᠡᠭᠡᠨ ᠢᠳᠡᠬᠦ ᠶᠢ ᠪᠠᠭᠠᠰᠬᠠᠬᠤ ᠶᠢ ᠵᠤᠷᠢᠬᠵᠢᠭᠤᠯᠤᠨ᠎ᠠ᠃ ᠡᠭᠦᠨ ᠤ ᠬᠠᠮᠲᠤ ᠢᠳᠡᠭᠡᠨ ᠤᠮᠳᠠᠭᠠᠨ ᠤ | ᠠᠵᠤ ᠠᠬᠤᠶᠢᠯᠠᠯ᠂ ᠬᠠᠮᠲᠤ ᠶᠢᠨ ᠬᠤᠭᠤᠯᠠᠨ ᠭᠡᠷ ᠢ ᠬᠥᠲᠥᠯᠥᠨ ᠵᠢᠯᠤᠭᠤᠳᠴᠤ ᠪᠠᠶᠢᠭᠠᠳ ᠰᠢᠬᠢᠷ ᠨᠡᠮᠡᠬᠦ ᠬᠡᠮᠵᠢᠶ᠎ᠡ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ | ᠰᠢᠬᠢᠷ ᠲᠠᠢ ᠤᠮᠳᠠᠭᠠᠨ ᠤ ᠬᠠᠩᠭᠠᠯᠭ᠎ᠠ ᠶᠢ ᠪᠠᠭᠠᠰᠬᠠᠨ᠎ᠠ᠃ ᠣᠯᠠᠨ ᠨᠡᠶᠢᠲᠡ ᠳᠤ ᠬᠠᠨᠳᠤᠨ ᠰᠢᠬᠢᠷ ᠬᠢᠭᠡᠳ ᠬᠤᠷᠣᠬᠠᠶᠢᠲᠤᠭᠰᠠᠨ ᠰᠢᠳᠦ᠂ ᠬᠡᠲᠦ ᠳᠠᠷᠭᠤᠨ ᠪᠠ | ᠲᠠᠷᠭᠤᠨ ᠵᠡᠷᠭᠡ ᠲᠠᠢ ᠬᠤᠯᠪᠤᠬᠳᠠᠬᠰᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠰᠢᠬᠢᠷ | ᠪᠠᠭ᠎ᠠ ᠢᠳᠡᠬᠦ ᠳᠠᠳᠬᠠᠯ ᠲᠠᠢ ᠪᠣᠯᠬᠤ ᠶᠢ ᠠᠬᠢᠭᠤᠯᠤᠨ᠎ᠠ᠃ | ︵ᠳᠥᠷᠪᠡ︶ ᠠᠮᠠᠨ ᠬᠥᠨᠳᠡᠶ ᠪᠠᠨ ᠴᠢᠬᠢᠷᠠᠬᠵᠢᠭᠤᠯᠬᠤ᠃ ᠬᠡᠦᠬᠡᠳ ᠵᠠᠯᠠᠭᠤᠴᠤᠳ ᠪᠠᠭᠠᠴᠤᠳ ᠪᠣᠯᠤᠨ ᠨᠠᠰᠤᠲᠠᠶᠢᠴᠤᠳ ᠢᠶᠠᠷ ᠭᠤᠣᠯᠳᠠᠯᠭ᠎ᠠ ᠪᠣᠯᠭᠠᠭᠰᠠᠨ | ᠰᠤᠷᠭᠠᠭᠤᠯᠢ ᠬᠡᠤᠬᠡᠳ ᠰᠠᠭᠠᠲᠠᠭᠤᠯᠬᠤ ᠪᠠᠶᠢᠭᠤᠯᠤᠮᠵᠢ ᠪᠣᠯᠤᠨ ᠨᠡᠶᠢᠭᠡᠮ ᠲᠣᠭᠤᠷᠢᠭ ᠢᠶᠠᠷ ᠭᠤᠤᠯᠳᠠᠯᠭ᠎ᠠ ᠲᠠᠢ ᠲᠠᠯᠠᠪᠤᠷ ᠪᠣᠯᠭᠠᠵᠤ᠂ ᠬᠡᠤᠬᠡᠳ ᠪᠠᠭᠠᠴᠤᠳ | ᠵᠠᠯᠠᠭᠤᠴᠤᠳ ᠲᠤ ᠴᠢᠭᠯᠡᠭᠦᠯᠦᠨ ︽ᠬᠦᠭᠡᠷᠤᠬᠦᠨ ᠪᠦᠪᠡᠢ︾ ᠬᠡᠤᠬᠡᠳ ᠤᠨ ᠴᠡᠴᠡᠷᠯᠢᠭ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠪᠣᠯᠤᠨ | ︽ᠪᠠᠶᠠᠷ ᠪᠠᠶᠠᠰᠤᠯ ᠲᠠᠢ ᠪᠠᠭᠠᠴᠤᠳ︾ ᠰᠤᠷᠭᠠᠭᠤᠯᠢ ᠶᠢᠨ ᠠᠮᠠᠨ ᠬᠥᠨᠳᠡᠶ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠪᠢᠴᠢᠬᠠᠨ ᠭᠠᠷ ᠪᠤᠯᠤᠨ ᠲᠣᠮᠣ ᠭᠠᠷ ᠬᠤᠯᠪᠤᠯᠴᠠᠬᠤ︾ ᠠᠵᠢᠯᠯᠠᠭ᠎ᠠ ᠪᠠᠷ ᠳᠠᠮᠵᠢᠭᠤᠯᠤᠨ᠂ ᠬᠡᠤᠬᠡᠳ ᠤᠨ ᠴᠡᠴᠡᠷᠯᠢᠭ ᠤᠨ ᠬᠡᠤᠬᠡᠳ ᠪᠠ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠮᠡᠳᠡᠯᠭᠡ ᠪᠠ ᠮᠡᠳᠡᠭᠡ ᠵᠠᠩᠭᠢ ᠪᠠᠨ ᠭᠡᠷ ᠲᠡᠭᠡᠨ ᠠᠪᠴᠢᠷᠠᠵᠤ ᠮᠡᠳᠡᠬᠦᠯᠬᠦ ᠶᠢ | ᠵᠤᠷᠢᠬᠵᠢᠭᠤᠯᠵᠤ᠂ ᠬᠡᠤᠬᠡᠳ ᠤᠨ ᠭᠡᠷ ᠤᠨ ᠠᠬᠠᠮᠠᠳ ᠢ ᠳᠠᠶᠢᠴᠢᠯᠠᠨ ᠰᠢᠳᠦ ᠪᠠᠨ ᠬᠠᠶᠢᠷᠠᠯᠠᠵᠤ ᠰᠢᠳᠦ ᠪᠠᠨ ᠬᠠᠮᠠᠭᠠᠯᠠᠬᠤ ᠭᠡᠷ ᠪᠦᠯᠢ ᠶᠢᠨ ᠠᠭᠤᠷ ᠠᠮᠢᠰᠬᠤᠯ ᠢ | ᠪᠤᠢ ᠪᠣᠯᠭᠠᠬᠤ ᠶᠢ ᠵᠤᠷᠢᠬᠵᠢᠭᠤᠯᠤᠨ᠎ᠠ᠃ ᠨᠠᠰᠤᠲᠠᠶᠢᠴᠤᠳ ᠲᠤ ᠴᠢᠭᠯᠡᠭᠦᠯᠦᠨ ︽ᠡᠷᠡᠭᠦᠯ ᠮᠡᠨᠳᠦ ᠨᠢ ᠰᠢᠳᠦᠨ ᠠᠴᠠ ᠡᠬᠢᠯᠡᠵᠦ︾ ᠨᠡᠶᠢᠭᠡᠮ ᠲᠣᠭᠤᠷᠢᠭ ᠤᠨ ᠠᠮᠠᠨ | ᠬᠥᠨᠳᠡᠶ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠳᠦ ᠱᠤᠸᠠᠰᠠᠳᠠᠬᠤ᠂ ᠲᠣᠭᠲᠠᠭᠰᠠᠨ | ᠬᠤᠭᠤᠴᠠᠭ᠎ᠠ ᠲᠠᠢ ᠪᠠᠷ ᠠᠮᠠᠨ ᠬᠥᠨᠳᠡᠶ ᠶᠢᠨ ᠪᠠᠶᠢᠴᠠᠭᠠᠯᠲᠠ ᠬᠢᠬᠦ᠂ ᠹᠯᠤᠷᠳᠤ ᠰᠢᠳᠦᠨ ᠤ ᠤ ᠭᠡᠷᠡᠭᠯᠡᠬᠦ ᠵᠡᠷᠭᠡ ᠠᠮᠠᠨ ᠬᠥᠨᠳᠡᠶ ᠶᠢᠨ ᠡᠷᠡᠭᠦᠯ ᠬᠠᠮᠠᠭᠠᠯᠠᠯ ᠤᠨ ᠰᠠᠶᠢᠨ | ᠰᠠᠶᠢᠬᠠᠨ ᠳᠠᠳᠬᠠᠯ ᠢ ᠥᠷᠭᠡᠨ ᠢᠶᠠᠷ ᠤᠯᠠᠮᠵᠢᠯᠠᠨ ᠳᠡᠯᠭᠡᠷᠡᠬᠦᠯᠤᠨᠠ᠃ ᠰᠠᠭᠤᠭᠠᠯᠢ ᠠᠷᠠᠳ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢ ᠠᠩᠬᠠᠷᠬᠤ ᠬᠡᠮᠵᠢᠶ᠎ᠡ ᠶᠢ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠠᠵᠢᠯᠯᠠᠭ᠎ᠠ ᠶᠢ ᠰᠠᠶᠢᠵᠢᠷᠠᠭᠤᠯᠤᠨ᠎ᠠ᠃ | ︵ᠲᠠᠪᠤ︶ ᠪᠠᠷᠢᠮᠵᠢᠶ᠎ᠠ ᠪᠡᠶ᠎ᠡ ᠶᠢᠨ ᠬᠦᠨᠳᠦ᠃ ᠠᠵᠢᠯ ᠮᠡᠷᠭᠡᠵᠢᠯ ᠤᠨ ᠬᠥᠮᠦᠰ ᠪᠠ ᠬᠡᠦᠬᠡᠳ ᠪᠠᠭᠠᠴᠤᠳ ᠵᠠᠯᠠᠭᠤᠴᠤᠳ ᠢᠶᠠᠷ ᠭᠤᠣᠯᠳᠠᠯᠭ᠎ᠠ ᠪᠣᠯᠭᠠᠭᠰᠠᠨ ᠬᠥᠮᠦᠰ | ᠲᠤ ︽ᠪᠠᠶᠠᠷ ᠪᠠᠶᠠᠰᠬᠤᠯᠠᠩ ᠲᠠᠢ ᠠᠵᠢᠯᠯᠠᠨ᠂ ᠡᠷᠡᠬᠦᠯ ᠠᠮᠢᠳᠤᠷᠠᠬᠤ︾ ᠠᠵᠢᠯ ᠮᠡᠷᠭᠡᠵᠢᠯ ᠤᠨ ᠲᠠᠯᠠᠪᠤᠷ ᠤᠨ ᠪᠡᠶ᠎ᠡ ᠶᠢᠨ ᠬᠦᠨᠳᠦ ᠶᠢ ᠬᠢᠵᠠᠭᠠᠷᠯᠠᠬᠤ ᠠᠵᠢᠯᠯᠠᠭ᠎ᠠ | ᠪᠠ ︽ ᠠᠶᠠᠳᠠᠢ ᠳᠠᠭᠠᠳᠠᠢ ᠬᠡᠤᠬᠡᠳ ᠨᠠᠰᠤ︾ ᠬᠡᠤᠬᠡᠳ ᠪᠠᠭᠠᠴᠤᠳ ᠵᠠᠯᠠᠭᠤᠴᠤᠳ ᠤᠨ ᠬᠡᠲᠦ ᠮᠠᠷᠢᠶᠠᠯᠠᠬᠤ ᠶᠢ ᠬᠤᠷᠢᠬᠯᠠᠬᠤ ᠠᠵᠢᠯᠯᠠᠭ᠎ᠠ ᠶᠢ ᠥᠷᠨᠢᠭᠦᠯᠵᠦ᠂ | ᠪᠠᠷᠢᠮᠵᠢᠶ᠎ᠠ ᠪᠡᠶ᠎ᠡ ᠶᠢᠨ ᠬᠦᠨᠳᠦ ᠶᠢ ᠪᠠᠲᠤᠯᠠᠬᠤ ᠳᠡᠮᠵᠢᠯᠭᠡ ᠶᠢᠨ ᠴᠢᠨᠠᠷᠲᠠᠶ ᠣᠷᠴᠢᠨ ᠲᠣᠭᠤᠷᠢᠨ ᠢ ᠪᠣᠶ ᠪᠣᠯᠭᠠᠨ᠎ᠠ᠃ ᠠᠳᠠᠯᠢ ᠪᠤᠰᠤ ᠨᠠᠰᠤᠨ ᠤ ᠬᠥᠮᠦᠰ ᠲᠤ | ᠴᠢᠭᠯᠡᠭᠦᠯᠦᠨ ᠰᠢᠨᠵᠢᠯᠡᠬᠦ ᠤᠬᠠᠭᠠᠨᠴᠢ ᠰᠠᠨᠠᠭᠤᠯᠭ᠎ᠠ ᠳᠤᠷᠠᠳᠴᠤ᠂ ᠡᠳᠦᠷ ᠪᠦᠷᠢ ᠬᠥᠳᠡᠯᠭᠡᠭᠡᠨ ᠬᠢᠬᠦ᠂ ᠡᠨᠧᠷᠭᠢ ᠶᠢᠨ ᠲᠡᠩᠴᠡᠭᠦᠷᠢ ᠶᠢ ᠪᠠᠲᠤᠯᠠᠬᠤ᠂ ᠪᠠᠷᠢᠮᠵᠢᠶ᠎ᠠ ᠪᠡᠶ᠎ᠡ | ᠶᠢᠨ ᠬᠦᠨᠳᠦ ᠶᠢ ᠪᠠᠲᠤᠯᠠᠬᠤ ᠡᠷᠡᠭᠦᠯ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠵᠤ᠂ ᠠᠯᠬᠤᠬᠤ᠂ ᠬᠦᠨᠳᠦ ᠶᠢ ᠪᠠᠭᠤᠷᠠᠭᠤᠯᠬᠤ ᠤᠷᠤᠯᠳᠤᠭᠠᠨ ᠵᠡᠷᠭᠡ ᠣᠯᠠᠨ | ᠬᠡᠯᠪᠡᠷᠢ ᠮᠠᠶ᠋ᠢᠭ ᠤᠨ ᠪᠠᠷᠢᠮᠵᠢᠶ᠎ᠠ ᠪᠡᠶ᠎ᠡ ᠶᠢᠨ ᠬᠦᠨᠳᠦ ᠶᠢ ᠰᠠᠨᠠᠭᠠᠴᠢᠯᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠨ ᠣᠯᠠᠨ ᠠᠷᠭ᠎ᠠ ᠵᠠᠮ ᠤᠨ᠂ ᠥᠪᠡᠷᠮᠢᠴᠡ ᠤᠨᠴᠠᠯᠢᠭ | ᠲᠠᠢ ᠪᠠᠷᠢᠮᠵᠢᠶ᠎ᠠ ᠪᠡᠶ᠎ᠡ ᠶᠢᠨ ᠬᠦᠨᠳᠦ ᠶᠢᠨ ᠵᠢᠯᠣᠭᠤᠳᠣᠯᠭ᠎ᠠ ᠪᠠ ᠤᠶᠢᠯᠡᠴᠢᠯᠡᠭᠡ ᠬᠠᠩᠭᠠᠨ᠎ᠠ᠃ | ︵ᠵᠢᠷᠭᠤᠭ᠎ᠠ︶ ᠠᠷᠤᠭ ᠶᠠᠰᠤ ᠶᠢ ᠴᠢᠬᠢᠷᠠᠬᠵᠢᠭᠤᠯᠬᠤ᠃ ᠢᠳᠡᠷ ᠵᠠᠯᠠᠭᠤ ᠪᠠ ᠨᠠᠰᠤᠲᠠᠶᠢᠴᠤᠳ ᠢᠶᠠᠷ ᠭᠤᠣᠯᠳᠠᠯᠭ᠎ᠠ ᠪᠣᠯᠭᠠᠨ᠂ ᠨᠡᠶᠢᠭᠡᠮ ᠲᠣᠭᠤᠷᠢᠭ ᠲᠤ | ᠭᠦᠨᠵᠡᠭᠡᠶᠢᠷᠡᠨ ︽ᠡᠷᠡᠭᠦᠯ ᠮᠡᠨᠳᠤ ᠠᠷᠤᠭ ᠶᠠᠰᠤ᠂ ᠡᠷᠡᠭᠦᠯ ᠠᠮᠢᠳᠤᠷᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨᠴᠢ ᠴᠢᠨᠠᠷᠲᠠᠶ ᠶᠠᠰᠤ | ᠰᠡᠶᠢᠷᠡᠭᠵᠢᠬᠦ ᠶᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠷᠤᠯᠳᠤᠭᠠᠨ᠂ ᠶᠠᠰᠤ ᠶᠢ ᠴᠢᠭᠢᠷᠠᠭᠵᠢᠭᠤᠯᠬᠤ ᠪᠡᠶ᠎ᠡ ᠲᠠᠮᠢᠷ ᠤᠨ ᠤᠷᠤᠯᠳᠤᠭᠠᠨ ᠵᠡᠷᠭᠡ ᠣᠯᠠᠨ ᠨᠡᠶᠢᠲᠡ ᠪᠠᠷ | ᠢᠶᠠᠨ ᠥᠷᠭᠡᠨ ᠢᠶᠠᠷ ᠣᠷᠣᠯᠴᠠᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠵᠤ᠂ ᠶᠠᠰᠤ ᠰᠡᠶᠢᠷᠡᠭᠵᠢᠬᠦ ᠶᠢ ᠰᠡᠷᠭᠡᠶᠢᠯᠡᠭᠦ ᠡᠷᠡᠭᠦᠯ ᠠᠮᠢᠳᠤᠷᠠᠯ ᠤᠨ ᠠᠷᠭ᠎ᠠ | ᠮᠠᠶ᠋ᠢᠭ ᠢ ᠥᠷᠭᠡᠨ ᠢᠶᠠᠷ ᠰᠤᠷᠳᠠᠯᠴᠢᠯᠠᠨ ᠤᠬᠠᠭᠤᠯᠵᠤ᠂ ᠰᠠᠭᠤᠭᠠᠯᠢ ᠠᠷᠠᠳ ᠤᠨ ᠶᠠᠰᠤ ᠰᠡᠶᠢᠷᠡᠭᠵᠢᠬᠦ ᠲᠤᠬᠠᠶ ᠲᠠᠨᠢᠯᠲᠠ ᠪᠠ ᠡᠷᠡᠭᠦᠯ ᠮᠡᠨᠳᠦ ᠶᠢᠨ ᠥᠪᠡᠷ ᠢ ᠪᠠᠨ | ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠤᠨ᠎ᠠ᠃ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠪᠣᠯᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ | ᠵᠢᠯᠤᠭᠤᠳᠤᠬᠴᠢ ᠳᠤ ᠪᠣᠯᠪᠠᠰᠤᠷᠠᠯ ᠬᠢᠵᠤ᠂ ᠤᠶᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠤᠨ᠎ᠠ᠃ ︽ᠭᠤᠷᠪᠠ ᠶᠢ ᠪᠠᠭᠠᠰᠬᠠᠵᠤ ᠭᠤᠷᠪᠠ ᠶᠢ ᠴᠢᠬᠢᠷᠠᠬᠵᠢᠭᠤᠯᠬᠤ︾ | ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ᠂ ᠵᠣᠬᠢᠬᠤ ᠬᠡᠮᠵᠢᠶᠠᠨ ᠤ ᠬᠥᠳᠡᠯᠭᠡᠭᠡᠨ ᠬᠢᠬᠦ᠂ ᠲᠠᠮᠠᠬᠢ ᠲᠠᠲᠠᠬᠤ ᠪᠠᠨ ᠵᠣᠭᠰᠣᠵᠤ ᠠᠷᠢᠬᠢ ᠬᠢᠵᠠᠭᠠᠷᠯᠠᠬᠤ᠂ ᠰᠡᠳᠬᠢᠴᠡ | ᠪᠠᠨ ᠳᠤᠬᠳᠠᠭᠤᠨ ᠪᠠᠶᠢᠯᠭᠠᠬᠤ ᠵᠡᠷᠭᠡ ᠪᠦᠬᠦ ᠠᠷᠠᠳ ᠤᠨ ᠡᠷᠡᠭᠦᠯ ᠮᠡᠨᠳᠦ ᠶᠢᠨ ᠠᠵᠢᠯᠯᠠᠭ᠎ᠠ ᠶᠢ ᠵᠡᠷᠭᠡ ᠳᠤᠨᠢ ᠠᠬᠢᠭᠤᠯᠤᠨ᠎ᠠ᠃ | ᠳᠥᠷᠪᠡ᠂ ᠠᠵᠢᠯᠯᠠᠭᠠᠨ ᠤ ᠠᠯᠬᠤᠮ ᠳᠠᠷᠠᠭ᠎ᠠ | ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ᠄ 2020 ᠤᠨ ᠤ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 10 ᠤ ᠡᠳᠦᠷ ᠪᠣᠯᠲᠠᠯ᠎ᠠ᠂ | ᠪᠣᠳᠠᠲᠠᠶ ᠠᠵᠢᠯᠯᠠᠭᠠᠨ ᠤ ᠲᠥᠰᠦᠯ ᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠬᠤᠯᠪᠤᠬᠳᠠᠯ ᠪᠦᠬᠦᠢ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠤᠨ | ᠤ ᠪᠦᠬᠦ ᠠᠷᠠᠳ ᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ | ᠡᠬᠢᠯᠡᠭᠦᠯᠵᠦ᠂ ᠬᠠᠮᠢᠶ᠎ᠠ ᠪᠦᠬᠦᠢ ᠠᠵᠢᠯ ᠤᠨ ᠡᠬᠦᠷᠭᠡ ᠶᠢ ᠲᠤᠬᠢᠷᠠᠭᠤᠯᠤᠨ ᠪᠠᠶᠢᠷᠢᠯᠠᠭᠤᠯᠤᠨ᠎ᠠ᠃ | ︵ᠬᠤᠶᠠᠷ︶ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ᠄ 2020 ᠤᠨ ᠤ 9 ᠰᠠᠷ᠎ᠠ ᠠᠴᠠ 11 ᠰᠠᠷ᠎ᠠ ᠪᠣᠯᠲᠠᠯ᠎ᠠ᠂ ᠡᠯ᠎ᠡ ᠰᠠᠯᠠᠭ᠎ᠠ ᠮᠥᠴᠢᠷ᠂ ᠡᠯ᠎ᠡ | ᠪᠠᠶᠢᠭᠤᠯᠭ᠎ᠠ ᠨᠢᠭᠡᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯᠯᠠᠭᠠᠨ ᠤ ᠲᠥᠰᠦᠯ ᠤᠨ ᠡᠯ᠎ᠡ ᠵᠦᠢᠯ ᠤᠨ ᠠᠭᠤᠯᠭ᠎ᠠ ᠶᠢ ᠳᠤᠬᠳᠠᠭᠠᠨ᠂ ᠡᠷᠡᠭᠦᠯ ᠠᠮᠢᠳᠤᠷᠠᠯ ᠤᠨ | ᠠᠷᠭ᠎ᠠ ᠮᠠᠶ᠋ᠢᠭ ᠤᠨ ᠬᠠᠮᠢᠶ᠎ᠠ ᠪᠦᠬᠦᠢ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠤ᠂ ᠪᠢᠴᠢᠯ ᠪᠦᠷᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠠᠰᠢᠬᠯᠠᠨ | ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ᠮᠡᠳᠡᠯᠭᠡ ᠶᠢ ᠥᠷᠭᠡᠨ ᠢᠶᠠᠷ ᠰᠤᠷᠳᠠᠯᠴᠢᠯᠠᠨ ᠤᠬᠠᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠤᠳᠠᠭᠠᠨ | ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠨᠡᠶᠢᠭᠡᠮ ᠲᠣᠭᠤᠷᠢᠭ᠂ ᠡᠷᠡᠭᠦᠯ ᠮᠡᠨᠳᠦ ᠪᠠᠶᠢᠭᠤᠯᠭ᠎ᠠ ᠨᠢᠭᠡᠴᠢ᠂ ᠡᠷᠡᠭᠦᠯ ᠮᠡᠨᠳᠦ ᠰᠤᠷᠭᠠᠭᠤᠯᠢ᠂ ᠡᠷᠡᠭᠦᠯ | ᠮᠡᠨᠳᠦ ᠬᠤᠭᠤᠯᠠᠨ ᠭᠡᠷ᠂ ᠡᠷᠡᠭᠦᠯ ᠮᠡᠨᠳᠦ ᠬᠤᠭᠤᠯᠠᠨ ᠳᠢᠩᠬᠢᠮ᠂ ᠡᠷᠡᠭᠦᠯ ᠮᠡᠨᠳᠦ ᠠᠯᠬᠤᠮ᠂ ᠡᠷᠡᠭᠦᠯ ᠮᠡᠨᠳᠦ ᠥᠷᠥᠭᠡ᠂ ᠡᠷᠡᠭᠦᠯ ᠮᠡᠨᠳᠦ ᠭᠤᠤᠯ ᠰᠡᠳᠦᠪᠲᠦ | ᠴᠡᠴᠡᠷᠯᠢᠭ᠂ ᠡᠷᠡᠭᠦᠯ ᠮᠡᠨᠳᠦ ᠶᠢᠨ ᠮᠡᠳᠡᠯᠭᠡ ᠲᠠᠢ ᠵᠡᠭᠡᠯᠢ ᠶᠢ ᠪᠠᠶᠢᠭᠤᠯᠤᠨ᠎ᠠ᠃ | ︵ᠭᠤᠷᠪᠠ︶ ᠳ᠋ᠦᠩᠨᠡᠯᠲᠡ ᠬᠢᠵᠦ ᠦᠨᠡᠯᠡᠨ ᠵᠢᠱᠢᠬᠦ ᠱᠠᠲᠤ ᠦᠶ᠎ᠡ᠄ 2020 ᠤᠨ ᠤ 12 ᠰᠠᠷ᠎ᠠ᠂ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠭᠡᠴᠢ | ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢᠶᠠᠨ ᠬᠤᠷᠢᠶᠠᠩᠭᠤᠶᠢᠯᠠᠵᠤ᠂ ᠠᠵᠢᠯᠯᠠᠭ᠎ᠠ ᠶᠢᠨ ᠮᠡᠳᠡᠭᠡ ᠵᠠᠩᠭᠢ ᠶᠢ ᠡᠮᠬᠢᠳᠬᠡᠨ ᠳᠡᠭᠡᠭᠰᠢ ᠮᠡᠳᠡᠭᠦᠯᠵᠦ᠂ ᠬᠢᠯᠠᠰ ᠴᠡᠭ ᠢ | ᠢᠯᠡᠷᠡᠭᠦᠯᠦᠨ᠂ ᠬᠦᠷᠦᠯᠴᠡᠬᠦ ᠦᠭᠡᠶ ᠲᠠᠯ᠎ᠠ ᠶᠢ ᠡᠷᠢᠵᠦ᠂ ᠲᠤᠷᠰᠢᠯᠭ᠎ᠠ ᠪᠠᠨ ᠳ᠋ᠦᠩᠨᠡᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠪᠦᠬᠦ | ᠠᠷᠠᠳ ᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ᠠᠵᠢᠯᠯᠠᠭ᠎ᠠ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠭᠤᠤᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠡᠬᠦᠷᠭᠡᠯᠡᠨ᠂ ᠬᠤᠪᠢᠶᠠᠷᠢᠯᠠᠨ ᠬᠠᠮᠢᠶᠠᠷᠬᠤ | ᠤᠳᠤᠷᠢᠳᠤᠯᠭ᠎ᠠ ᠪᠣᠳᠠᠲᠠᠶ ᠠᠳᠬᠤᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠲᠣᠭᠲᠠᠴᠠ ᠶᠢ ᠪᠦᠷᠢᠨᠰᠢᠬᠦᠯᠤᠨ | ᠂ ᠨᠠᠷᠢᠨ ᠨᠢᠮᠪᠠᠶ ᠲᠤᠬᠢᠷᠠᠭᠤᠯᠤᠨ ᠪᠠᠶᠢᠷᠢᠯᠠᠭᠤᠯᠵᠤ᠂ ᠱᠠᠯᠠᠪᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢ ᠪᠠᠬᠢᠵᠢᠭᠦᠯᠬᠦ᠂ ᠤᠳᠠᠭᠠᠨ ᠴᠢᠨᠠᠷᠲᠠᠶ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠨ ᠬᠤᠷᠢᠬᠯᠠᠬᠤ ᠵᠢᠱᠢᠶ᠎ᠡ ᠦᠵᠡᠭᠦᠯᠬᠦ ᠤᠷᠤᠨ ᠢ | ᠪᠠᠬᠢᠵᠢᠭᠦᠯᠬᠦ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡ | ᠶᠢ ᠳᠡᠩᠴᠡᠬᠦᠷᠢᠰᠢᠬᠦᠯᠬᠦ ᠲᠥᠷᠥᠯ ᠵᠤᠶᠢᠯ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠂ ᠡᠷᠡᠭᠦᠯ ᠡᠩᠬᠡ ᠳᠤᠮᠳᠠᠳᠤ ᠤᠯᠤᠰ ᠤᠨ ᠠᠶᠠᠯᠠᠯ ᠤᠨ | ᠠᠵᠢᠯᠯᠠᠭ᠎ᠠ ᠵᠡᠷᠭᠡ ᠲᠠᠪᠴᠠᠩ ᠳᠤ ᠲᠦᠰᠢᠭᠯᠡᠨ᠂ ᠡᠷᠡᠭᠦᠯ ᠮᠡᠨᠳᠦ ᠶᠢ ᠳᠡᠮᠵᠢᠬᠦ ᠴᠢᠨᠠᠷᠲᠠᠶ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠠᠬᠢᠭᠤᠯᠤᠨ᠎ᠠ᠃ ᠡᠷᠡᠭᠦᠯ ᠮᠡᠨᠳᠦ | ᠨᠡᠶᠢᠭᠡᠮ ᠲᠣᠭᠤᠷᠢᠭ᠂ ᠡᠷᠡᠭᠦᠯ ᠮᠡᠨᠳᠦ ᠪᠠᠶᠢᠭᠤᠯᠭ᠎ᠠ ᠨᠢᠭᠡᠴᠢ᠂ ᠡᠷᠡᠭᠦᠯ ᠮᠡᠨᠳᠦ ᠰᠤᠷᠭᠠᠭᠤᠯᠢ᠂ ᠡᠷᠡᠭᠦᠯ ᠮᠡᠨᠳᠦ ᠬᠤᠭᠤᠯᠠᠨ ᠭᠡᠷ᠂ ᠡᠷᠡᠭᠦᠯ ᠮᠡᠨᠳᠦ ᠬᠤᠭᠤᠯᠠᠨ | ᠳᠢᠩᠬᠢᠮ᠂ ᠡᠷᠡᠭᠦᠯ ᠮᠡᠨᠳᠦ ᠠᠯᠬᠤᠮ᠂ ᠡᠷᠡᠭᠦᠯ ᠮᠡᠨᠳᠦ ᠥᠷᠥᠭᠡ᠂ ᠡᠷᠡᠭᠦᠯ ᠮᠡᠨᠳᠦ ᠭᠤᠤᠯ ᠰᠡᠳᠦᠪᠲᠦ ᠴᠡᠴᠡᠷᠯᠢᠭ᠂ ᠡᠷᠡᠭᠦᠯ ᠮᠡᠨᠳᠦ ᠶᠢᠨ ᠮᠡᠳᠡᠯᠭᠡ ᠲᠠᠢ | ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠯᠦᠩᠭᠦᠶ ᠦᠨᠡᠯᠡᠨ ᠵᠢᠱᠢᠬᠦ ᠬᠠᠮᠢᠶᠠᠷᠤᠯᠲᠠ ᠶᠢ ᠬᠡᠷᠡᠭᠵᠢᠭᠦᠯᠵᠦ᠂ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠳᠠ ᠶᠢᠨ ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠥᠷᠭᠡᠨ ᠳᠡᠯᠭᠡᠷ ᠢᠶᠠᠷ ᠤᠬᠠᠭᠤᠯᠤᠨ ᠳᠠᠶᠢᠴᠢᠯᠠᠨ᠎ᠠ᠃ 9 ᠰᠠᠷ᠎ᠠ ᠶᠢᠨ 1 ᠤ ᠡᠳᠦᠷ ᠤᠨ ᠪᠦᠬᠦ ᠠᠷᠠᠳ ᠤᠨ ᠡᠷᠡᠭᠦᠯ ᠮᠡᠨᠳᠤ ᠠᠮᠢᠳᠤᠷᠠᠯ ᠤᠨ | ᠠᠷᠭ᠎ᠠ ᠮᠠᠶ᠋ᠢᠭ ᠤᠨ ᠡᠳᠦᠷ ᠵᠡᠷᠭᠡ ᠡᠯ᠎ᠡ ᠲᠥᠷᠥᠯ ᠤᠨ ᠡᠷᠡᠭᠦᠯ ᠮᠡᠨᠳᠦ ᠶᠢᠨ ᠭᠤᠣᠯ ᠰᠡᠳᠦᠪ ᠲᠠᠢ ᠤᠶᠠᠯᠳᠤᠭᠤᠯᠤᠨ᠂ ᠡᠳᠦᠷ ᠲᠤᠲᠤᠮ ᠤᠨ ᠤᠬᠠᠭᠤᠯᠭ᠎ᠠ ᠪᠠ | ᠲᠥᠪᠯᠡᠷᠡᠩᠭᠦᠶ ᠤᠬᠠᠭᠤᠯᠭ᠎ᠠ ᠶᠢ ᠤᠶᠠᠯᠳᠤᠭᠤᠯᠬᠤ᠂ ᠭᠤᠤᠯ ᠰᠡᠳᠦᠪᠲᠦ ᠤᠬᠠᠭᠤᠯᠭ᠎ᠠ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ | ᠬᠠᠷᠢᠯᠴᠠᠨ ᠬᠠᠪᠰᠤᠷᠤᠯᠴᠠᠭᠤᠯᠬᠤ᠂ ᠤᠯᠠᠮᠵᠢᠯᠠᠯᠳᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠬᠠᠮᠲᠤᠪᠠᠷ ᠠᠬᠢᠭᠤᠯᠬᠤ ᠠᠷᠭ᠎ᠠ ᠬᠡᠯᠪᠡᠷᠢ ᠶᠢ ᠠᠪᠴᠤ᠂ ︽ | ᠭᠤᠷᠪᠠ ᠶᠢ ᠪᠠᠭᠠᠰᠬᠠᠵᠤ ᠭᠤᠷᠪᠠ ᠶᠢ ᠴᠢᠬᠢᠷᠠᠬᠵᠢᠭᠤᠯᠬᠤ︾ ᠭᠤᠤᠯᠯᠠᠬᠤ ᠮᠡᠳᠡᠭᠡ ᠵᠠᠩᠭᠢ ᠶᠢ ᠢᠳᠡᠪᠬᠢᠲᠡᠶ ᠪᠠᠷ ᠰᠤᠷᠳᠠᠯᠴᠢᠯᠠᠨ ᠳᠡᠯᠭᠡᠷᠡᠭᠦᠯᠵᠦ᠂ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠢ ᠠᠬᠢᠭᠤᠯᠬᠤ ᠶᠠᠷᠢᠶ᠎ᠠ ᠭᠡᠯᠡᠯᠴᠡᠭᠡᠨ ᠤ ᠣᠷᠴᠢᠨ ᠨᠦᠬᠦᠴᠡᠯ ᠢ ᠪᠤᠢ ᠪᠣᠯᠭᠠᠨ᠎ᠠ᠃ ᠤᠯᠠᠮᠵᠢᠯᠠᠯᠲᠤ ᠰᠣᠶᠣᠯ ᠪᠠ ᠣᠶᠤᠨ ᠤ | ᠪᠣᠯᠪᠠᠰᠤᠨ ᠤ ᠪᠠᠶᠢᠭᠤᠯᠤᠯᠲᠠ ᠲᠠᠢ ᠤᠶᠠᠯᠳᠤᠭᠤᠯᠤᠨ᠂ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ᠬᠠᠮᠢᠶ᠎ᠠ ᠪᠦᠬᠦᠢ ᠮᠡᠳᠡᠯᠭᠡ ᠶᠢᠨ ᠤᠷᠤᠯᠳᠤᠭᠠᠨ᠂ ᠬᠤᠭᠤᠯᠠ | ᠬᠢᠬᠦ ᠤᠷᠤᠯᠳᠤᠭᠠᠨ᠂ ᠢᠳᠡᠷᠡᠭᠦᠨ ᠠᠯᠬᠤᠬᠤ ᠠᠵᠢᠯᠯᠠᠭ᠎ᠠ᠂ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ᠂ ᠰᠣᠶᠣᠯ ᠲᠠᠮᠢᠷ ᠤᠨ ᠲᠣᠭᠯᠠᠯᠲᠠ ᠵᠡᠷᠭᠡ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ᠂ ᠲᠥᠷᠥᠭᠳᠡᠯ ᠬᠦᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠤ ᠠᠵᠢᠯᠯᠠᠭ᠎ᠠ ᠳᠤ | ᠣᠷᠣᠯᠴᠠᠬᠤ ᠰᠠᠨᠠᠭᠠᠴᠢᠯᠠᠭᠠᠲᠤ ᠴᠢᠨᠠᠷ ᠢ ᠬᠥᠭᠵᠢᠭᠡᠨ᠎ᠡ᠃ ᠨᠡᠶᠢᠭᠡᠮ ᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ᠲᠤᠬᠠᠶ ᠵᠦᠪᠰᠢᠶᠡᠷᠡᠬᠦ ᠪᠤᠳᠤᠯ ᠢ | ᠳᠡᠭᠡᠭᠰᠢᠯᠡᠭᠦᠯᠦᠨ᠎ᠡ᠃ | ︵ᠭᠤᠷᠪᠠ︶ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠳᠠᠷᠠᠭᠤᠯᠤᠨ᠎ᠠ᠃ ᠲᠣᠰᠬᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠣᠶᠤᠲᠠᠨ | ᠵᠡᠷᠭᠡ ᠰᠠᠶᠢᠨ ᠳᠤᠷ᠎ᠠ ᠶᠢᠨ ᠠᠵᠢᠯᠯᠠᠭᠴᠢᠳ ᠢ ᠢᠳᠡᠪᠬᠢᠲᠡᠢ ᠡᠯᠰᠡᠵᠦ᠂ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢ | ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢ ᠲᠣᠭᠲᠠᠮᠠᠯ | ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ ᠪᠠ ᠬᠥᠳᠡᠯᠦᠩᠭᠦᠶ ᠦᠨᠡᠯᠡᠨ ᠵᠢᠱᠢᠬᠦ ᠶᠢ ᠥᠷᠨᠢᠭᠦᠯᠦᠨ᠎ᠡ᠃ ᠨᠡᠶᠢᠲᠡᠯᠢᠭ ᠵᠢᠱᠢᠶ᠎ᠡ ᠭᠠᠷᠭᠠᠬᠤ ᠶᠢ ᠴᠢᠬᠤᠯᠠᠴᠢᠯᠠᠵᠤ᠂ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠤᠨ ᠵᠢᠭᠠᠨ ᠵᠢᠯᠣᠭᠤᠳᠣᠭᠴᠢ ᠶᠢᠨ ᠵᠢᠱᠢᠶ᠎ᠡ ᠦᠵᠡᠭᠦᠯᠦᠨ ᠬᠦᠳᠤᠯᠤᠨ ᠳᠠᠭᠠᠭᠤᠯᠬᠤ ᠤᠶᠢᠯᠡᠳᠤᠯ ᠢ ᠬᠦᠢᠴᠡᠳ ᠪᠠᠳᠠᠷᠠᠭᠤᠯᠵᠤ᠂ | ᠥᠪᠡᠷᠮᠢᠴᠡ ᠴᠣᠭᠴᠠᠲᠤ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠤᠨ ᠮᠡᠳᠡᠯᠭᠡ ᠶᠢᠨ ᠤᠬᠠᠭᠤᠯᠭ᠎ᠠ ᠪᠠ ᠮᠡᠷᠭᠡᠵᠢᠯ ᠴᠢᠳᠠᠪᠤᠷᠢ ᠶᠢᠨ ᠵᠢᠯᠣᠭᠤᠳᠣᠯᠭ᠎ᠠ ᠶᠢᠨ | ᠤᠶᠢᠯᠡᠴᠢᠯᠡᠭᠡ ᠶᠢ ᠥᠷᠨᠢᠭᠦᠯᠦᠨ᠎ᠡ᠃ ᠭᠡᠷ ᠪᠦᠯᠢ᠂ ᠬᠤᠪᠢ ᠬᠥᠮᠦᠨ ᠪᠠ ᠬᠠᠮᠲᠤ ᠨᠡᠶᠢᠲᠡ ᠶᠢᠨ ᠬᠥᠮᠦᠰ ᠤᠨ ᠲᠣᠰᠣ ᠡᠵᠡᠮᠳᠡᠬᠦ ᠳᠡᠪᠦᠷ᠎ᠡ᠂ ᠬᠡᠮᠵᠢᠶ᠎ᠡ | ᠳᠤᠬᠳᠠᠭᠠᠬᠰᠠᠨ ᠳᠠᠪᠤᠰᠤᠨ ᠬᠠᠯᠪᠠᠭ᠎ᠠ᠂ ᠳᠠᠪᠤᠰᠤ ᠬᠢᠵᠠᠭᠠᠷᠯᠠᠬᠤ ᠰᠠᠪᠠ᠂ ᠪᠡᠶ᠎ᠡ ᠮᠠᠬᠠᠪᠣᠳ ᠤᠨ ᠢᠯᠡᠳᠬᠡᠭᠴᠢ ᠶᠢᠨ ᠬᠤᠷᠳᠤᠨ ᠪᠤᠳᠤᠬᠤ ᠱᠤᠭᠤᠮ ᠵᠡᠷᠭᠡ ᠡᠷᠡᠭᠦᠯ | ᠮᠡᠨᠳᠦ ᠶᠢ ᠳᠡᠮᠵᠢᠬᠦ ᠪᠠᠭᠠᠵᠢ ᠬᠡᠷᠡᠭᠯᠡᠬᠦ ᠶᠢ ᠵᠤᠷᠢᠬᠵᠢᠭᠤᠯᠤᠨ᠎ᠠ᠃ ᠬᠠᠷᠠᠬᠠᠨ ᠪᠠᠭ᠎ᠠ ᠠᠴᠠ ᠪᠠᠨ ᠭᠠᠷᠳᠠᠨ ᠬᠢᠵᠤ᠂ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ | ᠳᠤᠮᠳᠠ ᠪᠠᠨ ᠡᠷᠡᠭᠦᠯ ᠮᠡᠨᠳᠤ ᠤᠶᠢᠯᠡ ᠠᠵᠢᠯᠯᠠᠭ᠎ᠠ ᠲᠠᠢ ᠪᠤᠯᠭᠠᠨ᠎ᠠ᠃ | ︵ ᠳᠦᠷᠪᠡ︶ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠬᠤᠰᠢᠭᠤᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ | ᠰᠡᠷᠭᠡᠶᠢᠯᠡᠨ ᠬᠤᠷᠢᠬᠯᠠᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠱᠠᠯᠠᠪᠳᠠᠭᠤᠯᠤᠨ | ᠵᠢᠯᠣᠭᠤᠳᠴᠤ ᠦᠨᠡᠯᠡᠨ ᠵᠢᠱᠢᠬᠦ ᠠᠵᠢᠯ ᠢ ᠦᠨᠡᠨᠬᠦ ᠴᠢᠩᠭᠠᠳᠬᠠᠨ᠎ᠠ᠃ ᠠᠵᠢᠯ ᠤᠨ ᠳᠤᠮᠳᠠᠬᠢ ᠳᠤᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ | ᠰᠢᠢᠳᠪᠤᠷᠢᠯᠡᠵᠤ᠂ ᠲᠤᠷᠰᠢᠯᠭ᠎ᠠ ᠪᠠᠨ ᠳ᠋ᠦᠩᠨᠡᠵᠦ᠂ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ᠬᠠᠷᠢᠯᠴᠠᠬᠤ ᠬᠥᠮᠦᠨ᠄ ᠵᠡᠭᠦᠨᠭᠠᠷ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠯᠢᠦ ᠶᠦᠩ | ᠵᠡᠬᠦᠠᠭᠠᠷ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠵᠸᠦ ᠱᠢ ᠮᠢᠨ | ᠬᠠᠷᠢᠯᠴᠠᠬᠤ ᠬᠡᠯᠪᠡᠷᠢ᠄ | 0477 ︱ 4886334 ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 0477 ︱ 4223531 ︵ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ︶ | ᠢᠮᠧᠯ᠄ zqwjwjkfy2019 @ 126. com | | ᠬᠠᠭᠤᠯᠪᠤᠷᠢᠯᠠᠨ ᠬᠦᠷᠭᠡᠬᠦ ᠨᠢ᠄ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ | ᠡᠯ᠎ᠡ ᠠᠷᠠᠳ ᠤᠨ ᠪᠦᠯᠬᠦᠮ᠂ ᠡᠯ᠎ᠡ ᠰᠣᠨᠢᠨ ᠮᠡᠳᠡᠭᠡᠨ ᠤ ᠨᠢᠭᠡᠴᠢ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2020 ᠣᠨ ᠤ 9 ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ | |