ᠵᠡᠬᠦᠠᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠳ᠋ᠠ ᠯᠦ ᠨᠡᠭᠦᠷᠡᠰᠤ ᠬᠢᠮᠢ ᠶᠢᠨ ᠠᠵᠤ ᠤᠶᠢᠯᠡᠳᠪᠤᠷᠢ ᠶᠢᠨ | ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠲᠤᠮᠤ ᠠᠵᠤ ᠠᠬᠤᠶᠢᠯᠠᠯ ᠳᠤ | ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠵᠡᠭᠦᠨᠭᠠᠷ ᠬᠤᠰᠢᠭᠤᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠰᠤᠷᠭᠠᠨ ᠬᠦᠮᠤᠵᠢᠯ ᠤᠨ ᠲᠦᠷᠢᠮ﹀ ᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠳᠠᠷᠬᠠᠭᠠᠯ᠎ᠠ᠂ ᠨᠠᠷᠢᠨ ᠬᠢᠨᠠᠮᠠᠭᠠᠶ ᠳᠤᠭᠤᠰᠢᠯᠠᠭᠤᠯᠤᠨ ᠬᠡᠷᠡᠭᠵᠢᠭᠦᠯᠲᠦᠭᠡᠶ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 9 ᠰᠠᠷ᠎ᠠ ᠶᠢᠨ 9 ᠤ ᠡᠳᠦᠷ | | ᠵᠡᠭᠦᠨᠭᠠᠷ ᠬᠤᠰᠢᠭᠤᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠦᠮᠤᠵᠢᠯ ᠤᠨ ᠲᠦᠷᠢᠮ ︾ ᠢ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠦᠷᠢᠮ︾ ︵2016 ᠣᠨ ᠤ 9 ᠰᠠᠷ᠎ᠠ ᠶᠢᠨ | 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠠᠴᠠ ᠪᠠᠲᠤᠯᠠᠪᠠ᠃ ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠪᠠ ︽ | ᠦᠨᠳᠤᠰᠤᠳᠡᠨ ᠤ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ | ︵ᠣᠷᠳᠣᠰ ᠵᠠᠰᠠᠭ ᠠᠯᠪᠠᠨ ᠲᠠᠷᠬᠠᠭᠠᠭᠰᠠᠨ ﹇2016﹈ 121 ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠦᠨᠵᠡᠭᠡᠢ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠤᠰᠠᠳᠠ᠂ ᠰᠢᠨ᠎ᠡ ᠪᠠᠶᠢᠳᠠᠯ ᠳᠤᠤᠷᠠᠬᠢ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠤᠯᠠᠮ | ᠴᠢᠨᠠᠬᠰᠢᠳᠠ ᠰᠠᠶᠢᠲᠤᠷ ᠬᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠰᠤᠷᠭᠠᠨ ᠬᠥᠮᠦᠵᠢᠯ ᠤᠨ ᠳᠤᠬᠠᠢ ᠴᠢᠭᠯᠡᠯᠲᠡ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ | ᠭᠤᠤᠯᠯᠠᠬᠴᠢ ᠥᠷᠲᠡᠭ ᠤᠨ ᠦᠵᠡᠯᠲᠡ ᠶᠢ ᠭᠦᠨᠵᠡᠭᠡᠶ ᠤᠶᠢᠯᠡᠳᠤᠯᠭᠡᠵᠢᠬᠦᠯᠤᠨ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦ | ᠪᠣᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠢᠯᠡᠴᠢᠯᠡᠨ᠂ ᠠᠷᠠᠳ ᠤᠨ ᠰᠡᠳᠬᠢᠯ ᠢ ᠨᠢᠭᠲᠠᠷᠠᠭᠤᠯᠬᠤ ᠪᠠᠷ ᠤᠳᠤᠷᠢᠳᠤᠮᠵᠢ ᠪᠣᠯᠭᠠᠵᠤ᠂ ᠴᠥᠭᠡᠨ | ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠤ ᠰᠤᠷᠭᠠᠨ ᠬᠥᠮᠦᠵᠢᠯ ᠬᠦᠷᠲᠡᠬᠦ ᠡᠷᠬᠡ ᠶᠢ ᠪᠠᠲᠤᠯᠠᠵᠤ᠂ ᠴᠥᠭᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠬᠦᠯᠤᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠲᠡ ᠶᠢ ᠶᠡᠬᠡᠪᠡᠷ ᠪᠤᠢ ᠪᠤᠯᠭᠠᠨ ᠪᠠᠳᠠᠷᠠᠭᠤᠯᠵᠤ᠂ | ᠦᠨᠳᠦᠰᠦᠳᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠮᠠᠨ ᠤ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ | ᠠᠵᠢᠯ ᠢ ᠤᠯᠠᠮ ᠴᠢᠨᠠᠬᠰᠢᠳᠠ ᠴᠢᠩᠭᠠᠳᠬᠠᠵᠤ᠂ ᠦᠨᠳᠤᠰᠤᠳᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠠᠰᠠᠭᠤᠳᠠᠯ ᠢ ᠦᠨᠡᠨᠬᠦ ᠰᠢᠢᠳᠪᠤᠷᠢᠯᠡᠵᠤ᠂ ᠮᠠᠨ ᠤ | ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠱᠠᠭᠠᠷᠳᠠᠯᠭ᠎ᠠ ᠶᠢ ᠬᠠᠩᠭᠠᠨ᠂ ᠪᠠᠶᠢᠷᠢᠰᠢᠭᠤᠯᠤᠯᠲᠠ | ᠪᠦᠲᠦᠴᠡ ᠨᠢ ᠵᠦᠶ ᠵᠣᠬᠢᠰᠲᠠᠶ᠂ ᠡᠯ᠎ᠡ ᠲᠥᠷᠥᠯ ᠤᠨ ᠰᠤᠷᠭᠠᠨ ᠬᠥᠮᠦᠵᠢᠯ ᠵᠣᠬᠢᠴᠠᠩᠭᠤᠶ ᠬᠥᠭᠵᠢᠭᠰᠡᠨ᠂ ᠭᠠᠵᠠᠷ ᠣᠷᠣᠨ ᠤ ᠣᠨᠴᠠᠯᠢᠭ ᠪᠠ ᠴᠠᠭ ᠦᠶ᠎ᠡ ᠶᠢᠨ | ᠣᠨᠴᠠᠯᠢᠭ ᠲᠠᠢ ᠦᠨᠳᠦᠰᠦᠲᠡᠨ ᠤ ᠰᠤᠷᠭᠠᠨ ᠬᠥᠮᠦᠵᠢᠯ ᠤᠨ ᠳᠤᠬᠳᠠᠯᠴᠠᠭ᠎ᠠ ᠶᠢ ᠪᠠᠶᠢᠭᠤᠯᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠨᠡᠶᠢᠴᠡᠭᠰᠡᠨ | ᠮᠥᠷᠲᠡᠭᠡᠨ ᠰᠢᠨᠵᠢᠯᠡᠬᠦ ᠤᠬᠠᠭᠠᠨᠴᠢ ᠂ ᠦᠷ᠎ᠡ ᠪᠦᠳᠤᠮᠵᠢᠳᠡᠢ ᠦᠨᠳᠦᠰᠦᠲᠡᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠠᠵᠢᠯᠯᠠᠭᠠᠨ ᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠪᠦᠬᠦ ᠬᠦᠴᠦᠨ ᠢᠶᠠᠷ ᠢᠶᠠᠨ ᠳᠠᠮᠵᠢᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠥᠷᠭᠡᠨ ᠢᠶᠠᠷ ᠣᠷᠣᠯᠴᠠᠭᠰᠠᠨ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠦᠷᠢᠯᠳᠦᠭᠦᠯᠵᠦ᠂ | ᠦᠨᠳᠦᠰᠦᠲᠡᠨ ᠤ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠵᠤ᠂ ᠭᠤᠤᠯᠳᠠᠯᠭ᠎ᠠ ᠲᠠᠢ ᠳᠡᠮᠵᠢᠬᠦ ᠶᠢ ᠪᠠᠷᠢᠮᠳᠠᠯᠠᠨ᠂ ᠡᠬᠡ ᠣᠷᠣᠨᠴᠢ ᠦᠵᠡᠯ ᠢᠶᠠᠷ ᠭᠤᠤᠯ | ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ | ᠬᠥᠮᠦᠵᠢᠯ ᠢ ᠥᠷᠨᠢᠭᠦᠯᠦᠨ᠎ᠡ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠦᠨᠳᠦᠰᠦᠲᠡᠨ ᠤ ᠰᠤᠷᠭᠠᠭᠤᠯᠢ ᠬᠡᠤᠬᠡᠳ ᠤᠨ ᠴᠡᠴᠡᠷᠯᠢᠭ ᠤᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠢ ᠠᠵᠤ ᠠᠬᠤᠶ ᠨᠡᠶᠢᠭᠡᠮ ᠤᠨ ᠬᠦᠭᠵᠢᠯᠳᠡ ᠶᠢᠨ ᠶᠡᠷᠦᠩᠬᠡᠶ | ᠲᠥᠯᠥᠪᠵᠢᠭᠦᠯᠭᠡ ᠳᠤ ᠣᠷᠣᠭᠤᠯᠵᠤ᠂ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠬᠤᠲᠠ | ᠬᠥᠳᠡᠭᠡ ᠶᠢᠨ ᠲᠥᠯᠥᠪᠵᠢᠭᠦᠯᠭᠡ ᠳᠤ ᠣᠷᠣᠭᠤᠯᠵᠤ᠂ ᠵᠦᠶ ᠵᠣᠬᠢᠰᠲᠠᠶ ᠪᠠᠶᠢᠷᠢᠰᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠣᠷᠣᠬᠤ | ᠨᠠᠰᠤᠨ ᠤ ᠬᠡᠤᠬᠡᠳ᠂ ᠪᠠᠭᠠᠴᠤᠳ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠵᠢᠴᠢ ᠣᠳᠣ ᠶᠢᠨ ᠰᠠᠭᠤᠭ᠎ᠠ ᠭᠠᠵᠠᠷ ᠤᠨ ᠣᠶᠢᠷ᠎ᠠ ᠬᠠᠪᠢ ᠳᠠᠭᠠᠨ | ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ ᠶᠢ ᠪᠠᠲᠤᠯᠠᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ | ᠰᠤᠷᠭᠠᠭᠤᠯᠢ ᠡᠷᠬᠢᠯᠡᠬᠦ ᠨᠦᠬᠦᠴᠡᠯ ᠢ ᠪᠠᠷᠢᠮᠵᠢᠶᠠᠵᠢᠭᠤᠯᠬᠤ ᠱᠠᠭᠠᠷᠳᠠᠯᠭ᠎ᠠ ᠳᠤ ᠬᠦᠷᠦᠭᠦᠯᠵᠦ᠂ ᠥᠪᠡᠷᠮᠢᠴᠡ ᠣᠨᠴᠠᠯᠢᠭ ᠲᠠᠢ ᠬᠥᠭᠵᠢᠯᠲᠡ ᠶᠢᠨ ᠬᠡᠷᠡᠭᠴᠡᠭᠡ ᠶᠢ | ᠬᠠᠩᠭᠠᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠤᠶᠢᠯᠡᠰ ᠢ ᠬᠥᠭᠵᠢᠭᠦᠯᠬᠦ ᠳᠤ ᠳᠤᠪᠤᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠣᠯᠤᠨ ᠬᠤᠪᠢ | ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ ᠬᠡᠤᠬᠡᠳ ᠠᠪᠬᠤ ᠰᠢᠨ᠎ᠡ ᠲᠥᠷᠥ ᠶᠢᠨ ᠪᠣᠳᠣᠯᠭ᠎ᠠ ᠠᠴᠠ ᠠᠪᠴᠢᠷᠠᠬᠰᠠᠨ | ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ | ᠪᠠᠶᠢᠷᠢᠰᠢᠭᠤᠯᠵᠤ᠂ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠴᠠᠭ ᠳᠤᠬᠠᠢ ᠲᠤᠨᠢ ᠲᠤᠬᠢᠷᠠᠭᠤᠯᠤᠨ ᠪᠠᠶᠢᠭᠤᠯᠵᠤ᠂ ᠴᠥᠭᠡᠨ | ᠲᠣᠭᠠᠲᠤ ᠦᠨᠳᠦᠰᠦᠲᠡᠨ ᠤ ᠬᠡᠤᠬᠡᠳ ᠤᠳ ᠤᠨ ᠰᠤᠷᠭᠠᠭᠤᠯᠢ ᠳᠤ ᠣᠷᠣᠬᠤ ᠱᠠᠭᠠᠷᠳᠠᠯᠭ᠎ᠠ ᠶᠢ ᠬᠠᠩᠭᠠᠨ᠎ᠠ᠃ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠳᠠᠲᠤ ᠪᠠᠶᠢᠳᠠᠯ ᠢᠶᠠᠨ ᠦᠨᠳᠦᠰᠦᠯᠡᠨ ᠦᠨᠳᠤᠰᠤᠳᠡᠨ ᠤ ᠰᠤᠷᠭᠠᠨ ᠬᠥᠮᠦᠵᠢᠯ ᠤᠨ | ᠠᠵᠢᠯ ᠤᠨ ᠪᠠᠶᠢᠭᠤᠯᠤᠮᠵᠢ ᠪᠠᠶᠢᠭᠤᠯᠵᠤ᠂ ᠲᠤᠰᠬᠠᠢ ᠠᠵᠢᠯᠲᠠᠨ ᠲᠤᠬᠢᠷᠠᠭᠤᠯᠤᠨ ᠦᠨᠳᠤᠰᠤᠳᠡᠨ ᠤ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠭᠤᠯᠤᠨ᠎ᠠ᠃ | ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠳᠤ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ | ᠰᠤᠷᠭᠠᠭᠤᠯᠢ ᠶᠢ ᠳᠤᠰᠠᠭᠠᠷ ᠨᠢ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠲᠠᠷᠠᠬᠠᠶ ᠪᠤᠲᠠᠷᠬᠠᠶ ᠬᠤᠯᠢᠯᠳᠤᠨ ᠰᠠᠭᠤᠷᠢᠰᠢᠭᠰᠠᠨ ᠭᠠᠵᠠᠷ ᠣᠷᠣᠨ ᠳᠤ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ ᠪᠠᠶᠢᠭᠤᠯᠬᠤ ᠪᠤᠶᠤ ᠲᠤᠬᠠᠶ ᠶᠢᠨ ᠭᠠᠵᠠᠷ ᠤᠨ ᠡᠩ ᠤᠨ ᠳᠤᠮᠳᠠᠳᠤ ᠪᠠᠭ᠎ᠠ ᠰᠤᠷᠭᠠᠭᠤᠯᠢ | ᠬᠡᠤᠬᠡᠳ ᠤᠨ ᠴᠡᠴᠡᠷᠯᠢᠭ ᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠬᠤ ᠠᠩᠭᠢ ᠭᠠᠷᠭᠠᠨ᠎ᠠ᠃ ᠱᠠᠭᠠᠷᠳᠠᠯᠭ᠎ᠠ ᠪᠠᠨ ᠦᠨᠳᠦᠰᠦᠯᠡᠨ᠂ | ᠦᠨᠳᠦᠰᠦᠲᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠶᠤ ᠡᠩ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠬᠤ ᠠᠩᠭᠢ ᠶᠢ ᠳᠤᠰᠠᠭᠠᠷ ᠡᠷᠬᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠵᠡᠮᠳᠡᠭ | ᠬᠡᠤᠬᠡᠳ᠂ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠬᠦᠷᠲᠡᠬᠦ ᠡᠷᠭᠡ ᠶᠢ ᠪᠠᠲᠤᠯᠠᠨ᠎ᠠ᠃ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ ᠪᠠᠶᠢᠭᠤᠯᠬᠤ᠂ ᠦᠭᠡᠷᠡᠴᠢᠯᠡᠬᠦ ᠪᠠ ᠵᠤᠬᠰᠤᠭᠠᠬᠤ ᠳᠤ᠂ ᠬᠤᠰᠢᠭᠤᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠨᠠᠨ ᠵᠦᠪᠰᠢᠶᠡᠷᠡᠭᠰᠡᠨ ᠤ ᠳᠠᠷᠠᠭ᠎ᠠ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠤᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠨᠡᠷᠡᠶᠢᠳᠦᠯ ᠢ ᠣᠷᠣᠨ ᠨᠤᠲᠤᠭ ᠤᠨ ᠨᠡᠷᠡᠶᠢᠳᠦᠯ᠂ | ᠦᠨᠳᠦᠰᠦᠲᠡᠨ ᠤ ᠨᠡᠷᠡᠶᠢᠳᠦᠯ᠂ ᠰᠤᠷᠭᠠᠭᠤᠯᠢ ᠡᠷᠬᠢᠯᠡᠬᠦ ᠳᠡᠰ ᠳᠠᠪᠬᠤᠷᠭ᠎ᠠ ᠶᠢᠨ ᠳᠡᠰ ᠳᠠᠷᠠᠭᠠᠯᠠᠯ ᠢᠶᠠᠷ ᠪᠦᠷᠢᠯᠳᠦᠭᠦᠯᠦᠨ᠎ᠡ᠃ ᠦᠨᠳᠦᠰᠦᠲᠡᠨ ᠤ ᠳᠤᠮᠳᠠᠳᠤ ᠪᠠᠭ᠎ᠠ | ᠰᠤᠷᠭᠠᠭᠤᠯᠢ ᠶᠢᠨ ᠵᠠᠬᠢᠷᠤᠯ ᠬᠡᠦᠬᠡᠳ ᠤᠨ ᠴᠡᠴᠡᠷᠯᠢᠭ ᠤᠨ ᠵᠠᠬᠢᠷᠤᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠤᠰᠢᠶᠠᠯ ᠡᠭᠦᠷᠭᠡᠯᠡᠬᠦ | ᠨᠥᠬᠦᠴᠡᠯ ᠢ ᠪᠦᠷᠢᠯᠳᠦᠬᠦᠯᠵᠤ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠴᠥᠭᠡᠨ ᠲᠣᠭᠠᠲᠤ ᠦᠨᠳᠦᠰᠦᠲᠡᠨ ᠤ ᠠᠷᠠᠳ ᠢᠷᠭᠡᠨ ᠡᠭᠦᠷᠭᠡᠯᠡᠨ᠎ᠡ᠃ | ︵ᠬᠤᠶᠠᠷ︶ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠣᠯᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠵᠢᠯ ᠢ | ᠲᠡᠭᠦᠯᠳᠡᠷᠵᠢᠭᠦᠯᠤᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠨᠢ ᠲᠤᠰ ᠦᠨᠳᠦᠰᠦᠲᠡᠨ ᠤ ᠪᠠᠨ ᠦᠭᠡ ᠬᠡᠯᠡ ᠦᠰᠦᠭ | ᠪᠢᠴᠢᠭ ᠪᠤᠶᠤ ᠲᠤᠰ ᠦᠨᠳᠦᠰᠦᠲᠡᠨ ᠤ ᠪᠠᠨ ᠨᠡᠶᠢᠳᠡᠮ ᠬᠡᠷᠡᠭᠯᠡᠵᠦ ᠪᠠᠶᠢᠭ᠎ᠠ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠯᠳᠠ ᠬᠢᠬᠦ ᠬᠡᠷᠡᠭᠲᠡᠢ᠃ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠤᠤᠰ ᠬᠡᠯᠡᠨ ᠤ ᠵᠢᠭᠠᠨ ᠰᠤᠷᠭᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ | ᠬᠢᠵᠦ᠂ ᠰᠤᠷᠤᠭᠴᠢᠳ ᠤᠨ ᠨᠠᠰᠤ ᠵᠢᠯ ᠤᠨ ᠣᠨᠴᠠᠯᠢᠭ ᠲᠤ ᠳᠣᠭᠢᠷᠬᠠᠰᠠᠨ ᠦᠨᠳᠦᠰᠦᠲᠡᠨ ᠤ ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠤᠨ ᠬᠢᠴᠢᠶᠡᠯ ᠨᠡᠭᠡᠭᠡᠨ᠎ᠠ᠃ | ᠮᠣᠩᠭᠤᠯ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠨᠢ ᠭᠤᠤᠯᠳᠠᠭᠤ ᠮᠣᠩᠭᠤᠯ ᠦᠨᠳᠦᠰᠦᠲᠡᠨ ᠤ ᠰᠤᠷᠤᠭᠴᠢᠳ ᠬᠡᠤᠬᠡᠳ ᠢ | ᠡᠯᠰᠡᠵᠦ᠂ ᠮᠣᠩᠭᠤᠯ ᠢᠶᠠᠷ ᠬᠢᠴᠢᠶᠡᠯᠯᠡᠬᠦ ᠪᠠᠷ ᠭᠤᠤᠯ ᠪᠣᠯᠭᠠᠨ ᠬᠢᠲᠠᠳ ᠬᠡᠯᠡ ᠨᠡᠮᠡᠵᠦ ᠵᠢᠭᠠᠬᠤ ᠪᠤᠶᠤ ᠬᠢᠲᠠᠳ ᠢᠶᠠᠷ ᠬᠢᠴᠢᠶᠡᠯᠯᠡᠬᠦ ᠪᠠᠷ ᠭᠤᠤᠯ ᠪᠣᠯᠭᠠᠨ ᠮᠣᠩᠭᠤᠯ | ᠬᠡᠯᠡ ᠨᠡᠮᠡᠵᠦ ᠵᠢᠭᠠᠬᠤ ᠬᠤᠤᠰ ᠬᠡᠯᠡᠨ ᠤ ᠵᠢᠭᠠᠨ ᠰᠤᠷᠭᠠᠯᠲᠠ ᠶᠢ ᠬᠡᠷᠡᠭᠵᠢᠭᠦᠯᠤᠨ᠎ᠠ᠃ ᠰᠤᠷᠤᠭᠴᠢᠳ ᠲᠣᠰ ᠪᠡᠶ᠎ᠡ ᠶᠢᠨ ᠴᠢᠳᠠᠪᠤᠷᠢ ᠪᠠ ᠬᠡᠷᠡᠭᠴᠡᠭᠡ ᠪᠠᠨ | ᠦᠨᠳᠦᠰᠦᠯᠡᠨ ᠬᠢᠴᠢᠶᠡᠯ ᠤᠨ ᠬᠡᠯᠪᠡᠷᠢ ᠶᠢ ᠴᠢᠯᠦᠭᠡᠳᠡᠢ ᠪᠠᠷ ᠰᠣᠩᠭᠤᠵᠤ ᠪᠣᠯᠤᠨ᠎ᠠ᠃ ᠬᠤᠣᠰ ᠬᠡᠯᠡᠨ ᠤ ᠵᠢᠭᠠᠨ ᠰᠤᠷᠭᠠᠯᠲᠠ ᠶᠢ ᠬᠡᠷᠡᠭᠵᠢᠭᠦᠯᠵᠦ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ ᠪᠠᠯᠴᠢᠷ ᠬᠡᠦᠬᠡᠳ ᠤᠨ ᠲᠤᠰ ᠦᠨᠳᠦᠰᠦᠲᠡᠨ ᠤ ᠪᠠᠨ ᠦᠭᠡ ᠬᠡᠯᠡ ᠰᠤᠷᠬᠤ ᠴᠢᠳᠠᠪᠤᠷᠢ ᠪᠠ ᠬᠢᠲᠠᠳ | ᠬᠡᠯᠡ ᠰᠤᠷᠬᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠲᠤᠰ ᠦᠨᠳᠦᠰᠦᠲᠡᠨ ᠤ ᠪᠠᠨ ᠦᠭᠡ ᠬᠡᠯᠡ | ᠦᠰᠦᠭ ᠪᠢᠴᠢᠭ ᠪᠠ ᠬᠢᠲᠠᠳ ᠬᠡᠯᠡ ᠦᠰᠦᠭ ᠪᠢᠴᠢᠭ ᠢ ᠦᠨᠳᠦᠰᠦᠨ ᠳᠡᠭᠡᠨ ᠡᠵᠡᠮᠰᠢᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠲᠤᠰ | ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠪᠠ ᠬᠢᠲᠠᠳ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠶ ᠬᠡᠷᠡᠭᠯᠡᠨ᠎ᠡ᠃ ᠬᠤᠤᠰ ᠬᠡᠯᠡ ᠪᠠᠷ ᠵᠢᠭᠠᠨ | ᠰᠤᠷᠭᠠᠬᠤ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠤᠨ ᠲᠥᠯᠥᠪᠯᠡᠭᠡ ᠶᠣᠰᠣᠭᠠᠷ | ᠨᠢᠭᠡ ᠵᠤᠶᠢᠯ ᠤᠨ ᠭᠠᠳᠠᠭᠠᠳᠤ ᠬᠡᠯᠡᠨ ᠤ ᠬᠢᠴᠢᠶᠡᠯ ᠨᠡᠭᠡᠭᠡᠬᠦ ᠬᠡᠷᠡᠭᠲᠡᠶ᠃ ᠦᠨᠳᠦᠰᠦᠲᠡᠨ ᠨᠦᠭᠦᠳ ᠤᠨ ᠰᠤᠷᠤᠭᠴᠢᠳ ᠤᠨ ᠦᠭᠡ ᠬᠡᠯᠡ ᠦᠰᠦᠭ ᠪᠢᠴᠢᠭ ᠢᠶᠠᠨ | ᠬᠠᠷᠢᠯᠴᠠᠨ ᠰᠤᠷᠤᠯᠴᠠᠵᠤ᠂ ᠰᠣᠶᠣᠯ ᠤᠨ ᠤᠯᠠᠮᠵᠢᠯᠠᠯ ᠪᠠ ᠵᠠᠩ ᠳᠠᠳᠬᠠᠯ ᠢ ᠬᠠᠷᠢᠯᠴᠠᠨ ᠣᠶᠢᠯᠠᠭᠠᠬᠤ ᠶᠢ ᠵᠤᠷᠢᠬᠵᠢᠭᠤᠯᠤᠨ᠎ᠠ᠃ ᠣᠳᠣ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠦᠢᠴᠡᠳ ᠠᠰᠢᠬᠯᠠᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ ᠤᠨ ᠠᠵᠢᠯ ᠢ ᠰᠤᠯᠠᠷᠠᠭᠤᠯᠤᠯ ᠦᠭᠡᠢ ᠥᠷᠨᠢᠭᠦᠯᠵᠦ᠂ ᠵᠢᠯ ᠪᠦᠷᠢ ᠪᠦᠬᠦ ᠬᠤᠰᠢᠭᠤᠨ ᠤ ᠰᠤᠷᠭᠠᠭᠤᠯᠢ ᠬᠡᠦᠬᠡᠳ ᠤᠨ ᠴᠡᠴᠡᠷᠯᠢᠭ ᠤᠨ | ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠵᠠᠷᠤᠳᠠᠯ ᠢ ᠳᠤᠬᠢᠷᠠᠭᠤᠯᠤᠨ᠂ ᠰᠤᠷᠭᠠᠭᠤᠯᠢ ᠬᠡᠦᠬᠡᠳ ᠤᠨ ᠴᠡᠴᠡᠷᠯᠢᠭ ᠤᠨ ᠦᠨᠳᠦᠰᠦᠲᠡᠨ ᠤ ᠪᠦᠯᠬᠦᠮᠳᠡᠯ ᠤᠨ | ᠬᠥᠮᠦᠵᠢᠯ ᠤᠨ ᠠᠵᠢᠯᠯᠠᠭ᠎ᠠ ᠵᠢᠴᠢ ᠬᠥᠬᠢᠭᠦᠯᠦᠨ ᠱᠠᠩᠨᠠᠬᠤ ᠵᠡᠷᠭᠡ ᠠᠵᠢᠯ ᠢ ᠥᠷᠨᠢᠭᠦᠯᠬᠦ ᠳᠤ ᠬᠡᠷᠡᠭᠯᠡᠨ᠎ᠡ᠃ | ︵ᠭᠤᠷᠪᠠ︶ ᠦᠨᠳᠦᠰᠦᠲᠡᠨ ᠤ ᠰᠤᠷᠭᠠᠨ ᠬᠥᠮᠦᠵᠢᠯ ᠤᠨ ᠪᠠᠭᠰᠢ ᠶᠢ ᠵᠥᠪᠰᠢᠶᠡᠷᠡᠨ ᠣᠷᠣᠭᠤᠯᠬᠤ ᠨᠥᠬᠦᠴᠡᠯ ᠢ ᠳᠡᠭᠡᠭᠰᠢᠯᠡᠬᠦᠯᠵᠤ᠂ ᠪᠠᠭᠰᠢ ᠶᠢᠨ ᠣᠯᠭᠤᠮᠵᠢ ᠶᠢ | ᠪᠠᠲᠤᠯᠠᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠭᠰᠢ ᠨᠠᠷ ᠨᠢ ᠤᠯᠤᠰ ᠪᠠ ᠦᠪᠡᠷᠳᠡᠭᠡᠨ ᠵᠠᠰᠠᠬᠤ ᠣᠷᠣᠨ ᠤ | ᠲᠣᠭᠲᠠᠭᠠᠭᠰᠠᠨ ᠪᠠᠭᠰᠢ ᠶᠢᠨ ᠬᠢᠷᠢ ᠬᠡᠮ ᠪᠠ ᠲᠤᠰᠢᠶᠠᠯ ᠡᠭᠦᠷᠭᠡᠯᠡᠬᠦ ᠨᠥᠬᠦᠴᠡᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠡᠢ᠃ ᠪᠠᠭᠰᠢ ᠶᠢᠨ ᠶᠣᠰᠣ ᠮᠣᠷᠠᠯ ᠤᠨ | ᠵᠢᠷᠤᠮᠵᠢᠯ ᠢ ᠴᠢᠩᠭ᠎ᠠ ᠵᠢᠷᠤᠮᠯᠠᠨ᠎ᠠ᠃ ᠬᠤᠤᠰ ᠬᠡᠯᠡᠨ ᠤ ᠵᠢᠭᠠᠨ ᠰᠤᠷᠭᠠᠯᠲᠠ ᠶᠢᠨ ᠠᠵᠢᠯ ᠬᠢᠬᠦ ᠪᠠᠭᠰᠢ ᠶᠢᠨ ᠲᠤᠰᠬᠠᠶᠢᠵᠢᠭᠰᠠᠨ ᠬᠢᠷᠢ ᠬᠡᠮᠵᠢᠶ᠎ᠡ ᠪᠠ ᠮᠤᠩᠭᠤᠯ | ᠬᠢᠲᠠᠳ ᠬᠤᠶᠠᠷ ᠵᠤᠶᠢᠯ ᠤᠨ ᠦᠭᠡ ᠬᠡᠯᠡ ᠥᠰᠥᠭ ᠪᠢᠴᠢᠭ ᠢ ᠬᠡᠷᠡᠭᠯᠡᠬᠦ ᠴᠢᠳᠠᠪᠤᠷᠢ ᠨᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ | ᠃ ᠦᠨᠳᠦᠰᠦᠲᠡᠨ ᠤ ᠰᠢᠯᠢᠳᠡᠭ ᠪᠠᠭᠰᠢ ᠪᠣᠯᠤᠨ ᠲᠤᠰᠢᠶᠠᠯ ᠡᠭᠦᠷᠭᠡᠯᠡᠬᠦ ᠨᠥᠬᠦᠴᠡᠯ ᠳᠤ ᠨᠡᠶᠢᠴᠡᠭᠰᠡᠨ ᠦᠨᠳᠦᠰᠦᠲᠡᠨ ᠤ ᠰᠢᠯᠢᠳᠡᠭ ᠰᠤᠷᠭᠠᠭᠤᠯᠢ ᠲᠡᠭᠦᠰᠦᠭᠰᠡᠳ ᠤᠨ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠲᠤ ᠬᠦᠷᠴᠦ ᠰᠤᠷᠭᠠᠨ ᠬᠥᠮᠦᠵᠢᠯ ᠢ ᠲᠤᠰᠠᠯᠠᠬᠤ᠂ ᠪᠠᠭᠰᠢᠯᠠᠬᠤ ᠶᠢ | ᠵᠤᠷᠢᠬᠵᠢᠭᠤᠯᠤᠨ᠎ᠠ᠃ | ᠬᠤᠤᠰ ᠬᠡᠯᠡᠨ ᠤ ᠵᠢᠭᠠᠨ ᠰᠤᠷᠭᠠᠯᠲᠠ ᠶᠢᠨ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠭᠰᠢ ᠶᠢᠨ ᠴᠠᠯᠢᠩ | ᠣᠯᠭᠤᠮᠵᠢ ᠶᠢ ᠠᠳᠠᠯᠢ ᠱᠠᠲᠤᠨ ᠤ ᠠᠳᠠᠯᠢ ᠲᠥᠷᠥᠯ ᠤᠨ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠤᠰᠤᠳ ᠪᠠᠭᠰᠢ ᠠᠴᠠ ᠵᠣᠬᠢᠬᠤ ᠬᠡᠮᠵᠢᠶ᠎ᠡ ᠪᠠᠷ ᠥᠨᠳᠥᠷ | ᠪᠠᠶᠢᠯᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠦᠷᠢᠮ︾᠂ ︽ ᠬᠤᠳᠠ ᠶᠢᠨ ᠰᠢᠭᠤᠳ | ᠬᠠᠷᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ ᠮᠣᠩᠭᠤᠯ ᠢᠶᠠᠷ ᠬᠢᠴᠢᠶᠡᠯᠯᠡᠬᠦ ᠪᠠᠭᠰᠢ ᠵᠢᠭᠠᠨ ᠰᠤᠳᠤᠯᠤᠭᠴᠢ ᠶᠢᠨ ᠣᠯᠭᠤᠮᠵᠢ ᠶᠢ ᠳᠡᠭᠡᠭᠰᠢᠯᠡᠭᠦᠯᠬᠦ ᠶᠢ ᠵᠥᠪᠰᠢᠶᠡᠷᠡᠬᠦ | ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠣᠷᠳᠣᠰ ᠵᠠᠰᠠᠭ ᠠᠯᠪᠠᠨ ᠪᠢᠴᠢᠭ ﹇2018﹈ 351 ᠲᠣᠭᠠᠲᠤ︶ | ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ | ᠮᠣᠩᠭᠤᠯ ᠢᠶᠠᠷ ᠬᠢᠴᠢᠶᠡᠯᠯᠡᠬᠦ ᠪᠠᠭᠰᠢ᠂ ᠵᠢᠭᠠᠨ ᠰᠤᠳᠤᠯᠬᠤ ᠠᠵᠢᠯᠲᠠᠨ ᠤ ᠬᠠᠷᠠᠭᠠᠯᠵᠠᠯ ᠢ ᠳᠡᠭᠡᠭᠰᠢᠯᠡᠭᠦᠯᠵᠦ᠂ ᠠᠵᠢᠯ ᠤᠨ ᠪᠠᠶᠢᠷᠢ ᠳᠤ ᠤᠷᠢᠭᠳᠠᠭᠰᠠᠨ ᠵᠢᠩᠬᠢᠨᠢ | ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠦᠨ ᠪᠦᠷᠢ ᠳᠤ ᠰᠠᠷ᠎ᠠ ᠳᠤ 250 ᠲᠥᠭᠦᠷᠢᠭ᠂ ᠳᠡᠳ᠋᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ | ᠬᠥᠮᠦᠨ ᠪᠦᠷᠢ ᠳᠤ ᠰᠠᠷ᠎ᠠ ᠳᠤ 200 ᠲᠥᠭᠦᠷᠢᠭ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠦᠨ ᠪᠦᠷᠢ ᠳᠤ ᠰᠠᠷ᠎ᠠ ᠳᠤ 150 ᠲᠥᠭᠦᠷᠢᠭ᠂ ᠠᠩᠬ᠎ᠠ | ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠦᠨ ᠪᠦᠷᠢ ᠳᠤ ᠰᠠᠷ᠎ᠠ ᠳᠤ 100 ᠲᠥᠭᠦᠷᠢᠭ ᠤᠯᠭᠤᠨ᠎ᠠ︔ ᠠᠵᠢᠯᠯᠠᠵᠤ ᠪᠠᠶᠢᠭ᠎ᠠ ᠪᠠᠭᠰᠢ ᠲᠠᠢ ᠠᠳᠠᠯᠢᠬᠠᠨ ᠮᠡᠷᠭᠡᠵᠢᠯ | ᠤᠨ ᠴᠣᠯᠠ ᠲᠠᠢ ᠠᠵᠢᠯ ᠠᠴᠠ ᠪᠠᠨ ᠠᠮᠠᠷᠠᠭᠰᠠᠳ ᠲᠤ 65% ᠪᠠᠷ ᠤᠯᠭᠤᠮᠵᠢ ᠣᠯᠭᠤᠨ᠎ᠠ᠃ | ᠦᠨᠳᠦᠰᠦᠲᠡᠨ ᠤ ᠰᠤᠷᠭᠠᠭᠤᠯᠢ ᠬᠡᠤᠬᠡᠳ ᠤᠨ ᠴᠡᠴᠡᠷᠯᠢᠭ ᠲᠤ ᠲᠣᠬᠢᠷᠠᠭᠤᠯᠤᠭᠰᠠᠨ ᠮᠣᠩᠭᠤᠯ ᠢᠶᠠᠷ ᠬᠢᠴᠢᠶᠡᠯᠯᠡᠬᠦ ᠪᠠᠭᠰᠢ ᠶᠢᠨ ᠲᠤᠰᠬᠠᠶ ᠮᠡᠷᠭᠡᠵᠢᠯ ᠤᠨ ᠳᠡᠭᠡᠳᠤ | ᠵᠡᠷᠭᠡ ᠶᠢᠨ ᠠᠵᠢᠯ ᠤᠨ ᠪᠠᠶᠢᠷᠢ ᠶᠢᠨ ᠤᠯᠭᠤᠮᠵᠢ ᠶᠢᠨ ᠬᠠᠷᠢᠴᠠᠯ ᠢ ᠠᠳᠠᠯᠢ ᠱᠠᠲᠤᠨ ᠤ ᠠᠳᠠᠯᠢ ᠲᠥᠷᠥᠯ ᠤᠨ ᠪᠤᠰᠤᠳ ᠰᠤᠷᠭᠠᠭᠤᠯᠢ ᠬᠡᠤᠬᠡᠳ ᠤᠨ ᠴᠡᠴᠡᠷᠯᠢᠭ ᠤᠨ | ᠬᠢ ᠠᠴᠠ ᠥᠨᠳᠥᠷ ᠪᠠᠶᠢᠯᠭᠠᠨ᠎ᠠ᠃ ᠠᠳᠠᠯᠢ ᠪᠤᠰᠤ ᠦᠨᠳᠦᠰᠦᠲᠡᠨ ᠤ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠬᠡᠪᠴᠢᠶ᠎ᠡ ᠪᠠ ᠳᠡᠰ | ᠳᠠᠪᠬᠤᠷᠭ᠎ᠠ᠂ ᠣᠳᠣ ᠶᠢᠨ ᠳᠡᠭᠡᠳᠤ ᠵᠡᠷᠭᠡ ᠶᠢᠨ ᠪᠠᠭᠰᠢ ᠶᠢᠨ ᠪᠦᠲᠦᠴᠡ ᠶᠢᠨ ᠬᠠᠷᠢᠴᠠᠯ᠂ ᠢᠷᠡᠭᠡᠳᠦᠶ ᠶᠢᠨ ᠰᠤᠷᠭᠠᠭᠤᠯᠢ ᠶᠢᠨ ᠬᠥᠭᠵᠢᠯᠲᠡ ᠶᠢᠨ ᠲᠥᠯᠥᠪᠵᠢᠭᠦᠯᠭᠡ | ᠵᠡᠷᠭᠡ ᠬᠦᠴᠦᠨ ᠵᠤᠶᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ ᠰᠠᠭᠤᠷᠢᠨ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ | ᠡᠩ ᠤᠨ ᠰᠤᠷᠭᠠᠭᠤᠯᠢ ᠶᠢᠨ ᠳᠡᠭᠡᠳᠤ ᠵᠡᠷᠭᠡ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠠᠴᠠ ᠵᠣᠬᠢᠬᠤ ᠬᠡᠮᠵᠢᠶ᠎ᠡ ᠪᠠᠷ ᠥᠨᠳᠥᠷ ᠲᠣᠬᠢᠷᠠᠭᠤᠯᠬᠤ | ᠲᠥᠰᠦᠯ ᠢ ᠳᠤᠷᠠᠳᠴᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠤᠨ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠬᠢᠷᠢ ᠬᠡᠮᠵᠢᠶ᠎ᠡ ᠶᠢ ᠴᠢᠩᠭᠠᠳᠬᠠᠵᠤ᠂ | ᠬᠤᠤᠰ ᠬᠡᠯᠡᠨ ᠤ ᠵᠢᠭᠠᠨ ᠰᠤᠷᠭᠠᠯᠳᠠ ᠶᠢᠨ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠬᠡᠤᠬᠡᠳ ᠤᠨ ᠴᠡᠴᠡᠷᠯᠢᠭ ᠤᠨ ᠵᠠᠬᠢᠷᠤᠯ ᠪᠣᠯᠤᠨ | ᠪᠠᠭᠰᠢ ᠶᠢ ᠰᠤᠶᠢᠳᠭᠡᠯ ᠬᠤᠷᠢᠶᠠᠬᠤ ᠦᠭᠡᠶ ᠪᠠᠷ ᠪᠣᠯᠪᠠᠰᠤᠷᠠᠭᠤᠯᠤᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠬᠡᠤᠬᠡᠳ ᠤᠨ ᠴᠡᠴᠡᠷᠯᠢᠭ | ᠤᠨ ᠵᠠᠬᠢᠷᠤᠯ ᠪᠣᠯᠤᠨ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠢᠳᠡᠷ ᠵᠠᠯᠠᠭᠤ ᠪᠠᠭᠰᠢ ᠶᠢ ᠵᠣᠬᠢᠶᠠᠨ ᠪᠠᠶᠢᠭᠤᠯᠤᠨ ᠳᠠᠪᠲᠠᠨ ᠪᠣᠯᠪᠠᠰᠤᠷᠠᠭᠤᠯᠬᠤ ᠪᠠ ᠲᠤᠰᠢᠶᠠᠯ | ᠡᠭᠦᠷᠭᠡᠯᠡᠭᠦᠯᠦᠨ ᠪᠣᠯᠪᠠᠰᠤᠷᠠᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠨᠢ ᠵᠣᠬᠢᠬᠤ ᠬᠠᠷᠢᠴᠠᠯ ᠪᠦᠬᠦᠢ ᠦᠨᠳᠦᠰᠦᠲᠡᠨ ᠤ | ᠰᠤᠷᠭᠠᠨ ᠬᠥᠮᠦᠵᠢᠯ ᠤᠨ ᠰᠤᠳᠤᠯᠭᠠᠨ ᠤ ᠠᠵᠢᠯᠲᠠᠨ ᠢ ᠲᠣᠬᠢᠷᠠᠭᠤᠯᠵᠤ᠂ ᠮᠣᠩᠭᠤᠯ ᠢᠶᠠᠷ ᠬᠢᠴᠢᠶᠡᠯᠯᠡᠬᠦ ᠭᠤᠣᠯ ᠪᠣᠯᠬᠤ ᠰᠢᠨᠵᠢᠯᠡᠭᠡᠨ ᠰᠤᠳᠤᠯᠭᠠᠨ ᠤ ᠠᠵᠢᠯᠲᠠᠨ ᠢ | ᠪᠦᠷᠢᠨ ᠲᠣᠬᠢᠷᠠᠭᠤᠯᠤᠨ᠎ᠠ᠃ | ︵ᠳᠥᠷᠪᠡ︶ ᠦᠨᠳᠦᠰᠦᠲᠡᠨ ᠤ ᠰᠤᠷᠭᠠᠨ ᠬᠥᠮᠦᠵᠢᠯ ᠤᠨ ᠪᠡᠯᠡ ᠮᠥᠩᠭᠦ ᠶᠢᠨ ᠣᠷᠣᠭᠤᠯᠤᠯᠲᠠ ᠪᠣᠯᠤᠨ ᠰᠤᠷᠤᠭᠴᠢᠳ ᠢ ᠲᠤᠰᠠᠯᠠᠬᠤ ᠡᠷᠴᠢᠮ ᠢᠶᠠᠨ | ᠨᠡᠮᠡᠭᠳᠡᠭᠦᠯᠤᠨ᠎ᠠ᠃ ︽ᠰᠤᠷᠭᠠᠨ ᠬᠥᠮᠦᠵᠢᠯ ᠤᠨ ᠤᠶᠢᠯᠡᠰ ᠤᠨ ᠠᠷᠪᠠᠨ ᠭᠤᠷᠪᠠᠳᠤᠭᠠᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠠᠷᠤᠮᠠᠯᠯᠠᠨ | ᠳᠠᠷᠠᠬᠭᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠷᠳᠤᠰ ᠵᠠᠰᠠᠭ ᠲᠠᠷᠬᠠᠭᠠᠭᠰᠠᠨ ﹇2016﹈ 123 | ᠲᠣᠭᠠᠲᠤ︶᠂ ︽ ᠰᠢᠨ᠎ᠡ ᠪᠠᠶᠢᠳᠠᠯ ᠳᠤᠤᠷᠠᠭᠢ ᠦᠨᠳᠦᠰᠦᠲᠡᠨ ᠤ ᠠᠵᠢᠯ ᠢ ᠤᠯᠠᠮ ᠴᠢᠨᠠᠬᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ ᠢ | ᠳᠠᠷᠤᠮᠠᠯᠯᠠᠨ ᠳᠠᠷᠬᠠᠭᠠᠬᠤ ᠲᠤᠬᠠᠶ ᠣᠷᠳᠣᠰ ᠬᠤᠲᠠ ᠶᠢᠨ ᠨᠠᠮ ᠤᠨ ᠬᠤᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ︾ ︵ᠣᠷᠳᠣᠰ ᠨᠠᠮ | ᠲᠠᠷᠬᠠᠭᠠᠭᠰᠠᠨ ﹇2015 ﹈ 2 ᠲᠣᠭᠠᠲᠤ︶᠂ ︽ᠦᠨᠳᠦᠰᠦᠲᠡᠨ ᠤ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠬᠦ ᠲᠤᠬᠠᠶ ᠣᠷᠳᠣᠰ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠣᠷᠳᠣᠰ ᠵᠠᠰᠠᠭ ᠲᠠᠷᠬᠠᠭᠠᠭᠰᠠᠨ ﹇2016﹈ 121 ᠲᠣᠭᠠᠲᠤ︶ ᠤᠨ ᠱᠠᠭᠠᠷᠳᠠᠯᠭ᠎ᠠ ᠶᠢ | ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠯᠪᠠᠨ ᠬᠡᠷᠡᠭᠯᠡᠭᠡᠨ ᠤ | ᠵᠠᠷᠤᠳᠠᠯ ᠢ ᠬᠢᠨᠠᠨ ᠲᠣᠭᠲᠠᠭᠠᠬᠤ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠠᠳᠠᠯᠢ ᠱᠠᠲᠤᠨ ᠤ ᠠᠳᠠᠯᠢ ᠲᠥᠷᠥᠯ ᠤᠨ ᠰᠤᠷᠭᠠᠭᠤᠯᠢ ᠬᠡᠤᠬᠡᠳ ᠤᠨ ᠴᠡᠴᠡᠷᠯᠢᠭ ᠤᠨ | ᠪᠠᠷᠢᠮᠵᠢᠶ᠎ᠠ ᠠᠴᠠ ᠥᠨᠳᠥᠷ ᠪᠠᠶᠢᠯᠭᠠᠨ᠎ᠠ᠃ ᠮᠣᠩᠭᠤᠯ ᠢᠶᠠᠷ ᠬᠢᠴᠢᠶᠡᠯᠯᠡᠬᠦ ᠰᠤᠷᠭᠠᠭᠤᠯᠢ ᠶᠢᠨ ᠰᠤᠷᠤᠭᠴᠢ ᠨᠢᠭᠡᠪᠦᠷᠢ ᠶᠢᠨ ᠳᠤᠮᠳᠠᠴᠢ ᠠᠯᠪᠠᠨ ᠵᠠᠷᠤᠳᠠᠯ ᠢ ᠬᠢᠳᠠᠳ | ᠬᠡᠯᠡ ᠪᠠᠷ ᠬᠢᠴᠢᠶᠡᠯᠯᠡᠬᠦ ᠰᠤᠷᠭᠠᠭᠤᠯᠢ ︵ᠪᠠᠭ᠎ᠠ ᠰᠤᠷᠭᠠᠭᠤᠯᠢ ᠶᠢᠨ ᠰᠤᠷᠤᠭᠴᠢ ᠵᠢᠯ ᠪᠦᠷᠢ 650 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢ ᠵᠢᠯ ᠪᠦᠷᠢ 850 ᠲᠥᠭᠦᠷᠢᠭ︶ ᠶᠢᠨ ᠰᠠᠭᠤᠷᠢᠨ ᠳᠡᠭᠡᠷ᠎ᠠ 50% ᠪᠠᠷ ᠨᠡᠮᠡᠭᠳᠡᠭᠦᠯᠦᠨ᠎ᠡ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠲᠤ ᠬᠡᠷᠡᠭᠰᠡᠬᠦ ᠤᠰᠤ᠂ ᠴᠠᠬᠢᠯᠭᠠᠨ᠂ ᠳᠤᠯᠠᠭᠠᠯᠠᠭ᠎ᠠ ᠶᠢᠨ ᠵᠠᠷᠤᠳᠠᠯ ᠢ ᠪᠣᠳᠠᠲᠠᠶ ᠵᠠᠷᠤᠯᠭ᠎ᠠ ᠶᠣᠰᠣᠭᠠᠷ ᠡᠳ᠋ ᠤᠨ ᠵᠠᠰᠠᠭ ᠤᠨ ᠲᠥᠰᠦᠪ ᠲᠤ | ᠣᠷᠣᠭᠤᠯᠵᠤ᠂ ᠬᠦᠢᠴᠡᠳ ᠲᠤᠭ᠎ᠠ ᠪᠠᠷ ᠬᠢᠨᠠᠨ ᠳᠤᠬᠳᠠᠭᠠᠬᠤ ᠶᠢᠨ ᠬᠠᠮᠲᠤ ᠴᠠᠭ ᠲᠤᠬᠠᠶ ᠳᠤᠨᠢ ᠪᠠᠭᠤᠯᠭᠠᠵᠤ ᠤᠷᠤᠨᠵᠢᠭᠤᠯᠤᠨᠠ᠃ ᠦᠨᠳᠦᠰᠦᠲᠡᠨ ᠤ ᠰᠤᠷᠭᠠᠨ | ᠬᠥᠮᠦᠵᠢᠯ ᠤᠨ ᠲᠤᠰᠬᠠᠶ ᠨᠥᠬᠦᠪᠥᠷᠢ ᠮᠥᠩᠭᠦ ᠶᠢ ᠵᠢᠯ ᠪᠦᠷᠢ 200 ᠲᠦᠮᠡᠨ ᠲᠥᠭᠦᠷᠢᠭ ᠳᠤᠬᠢᠷᠠᠭᠤᠯᠤᠨ᠂ ᠬᠡᠷᠡᠭᠴᠡᠭᠡ ᠪᠠᠨ ᠦᠨᠳᠦᠰᠦᠯᠡᠨ ᠲᠤᠭ᠎ᠠ ᠶᠣᠰᠣᠭᠠᠷ | ᠬᠢᠨᠠᠨ ᠲᠣᠭᠲᠠᠭᠠᠵᠤ᠂ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ ᠴᠠᠭ ᠲᠤᠬᠠᠶ ᠳᠤᠨᠢ ᠪᠠᠭᠤᠯᠭᠠᠵᠤ ᠤᠷᠤᠨᠵᠢᠭᠤᠯᠤᠨ᠂ ᠦᠨᠳᠦᠰᠦᠲᠡᠨ ᠤ ᠣᠨᠴᠠᠯᠢᠭ ᠪᠦᠬᠦᠢ | ᠰᠤᠷᠭᠠᠨ ᠬᠥᠮᠦᠵᠢᠯ ᠪᠣᠯᠤᠨ ᠣᠳᠣ ᠦᠶ᠎ᠡ ᠶᠢᠨ ᠠᠯᠤᠰ ᠡᠵᠡᠮᠰᠢᠯᠳᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠦᠭᠡ ᠬᠡᠯᠡ ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠪᠣᠯᠤᠨ ᠵᠢᠭᠠᠨ ᠰᠤᠷᠭᠠᠬᠤ ᠬᠢᠴᠢᠶᠡᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ | ᠦᠨᠳᠦᠰᠦᠲᠡᠨ ᠤ ᠰᠤᠷᠭᠠᠭᠤᠯᠢ ᠳᠤ ᠪᠠᠴᠢᠮ ᠬᠡᠷᠡᠭᠰᠡᠬᠦ ᠵᠢᠭᠠᠨ ᠰᠤᠷᠭᠠᠬᠤ ᠲᠥᠬᠦᠭᠡᠷᠦᠮᠵᠢ ᠪᠣᠯᠤᠨ ᠨᠣᠮ ᠪᠢᠴᠢᠭ ᠮᠠᠲ᠋ᠧᠷᠢᠶᠠᠯ ᠢ ᠬᠤᠳᠠᠯᠳᠤᠨ ᠠᠪᠬᠤ ᠵᠢᠴᠢ | ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠤ ᠰᠢᠢᠳᠪᠤᠷᠢᠯᠡᠬᠦ ᠴᠢᠬᠤᠯᠠᠲᠠᠶ ᠪᠤᠰᠤᠳ ᠠᠰᠠᠭᠤᠳᠠᠯ ᠢ ᠲᠥᠪᠯᠡᠷᠡᠭᠦᠯᠦᠨ ᠰᠢᠢᠳᠪᠤᠷᠢᠯᠡᠬᠦ | ᠳᠤ ᠬᠡᠷᠡᠭᠯᠡᠨ᠎ᠠ᠃ | ᠣᠷᠳᠣᠰ ᠤᠨ ᠡᠷᠦᠬᠡ ᠠᠮᠠ ᠶᠢᠨ ᠬᠠᠷᠢᠶ᠎ᠠ ᠲᠠᠢ ᠮᠣᠩᠭᠤᠯ ᠬᠡᠯᠡ ᠪᠠᠷ ᠬᠢᠴᠢᠶᠡᠯᠯᠡᠵᠤ ᠪᠠᠶᠢᠭ᠎ᠠ ᠰᠤᠷᠤᠭᠴᠢᠳ ᠤᠨ ᠪᠠᠯᠴᠢᠷ ᠬᠡᠤᠬᠡᠳ ᠤᠨ ᠰᠤᠶᠢᠳᠭᠡᠯ ᠥᠯᠥ | ᠬᠤᠷᠢᠶᠠᠬᠤ ᠰᠤᠷᠭᠠᠨ ᠬᠥᠮᠦᠵᠢᠯ ᠢ ᠴᠢᠩᠭ᠎ᠠ ᠬᠡᠷᠡᠭᠵᠢᠭᠦᠯᠵᠦ ︵ᠬᠡᠷᠡᠭᠰᠡᠬᠦ ᠪᠠᠯᠠ ᠮᠦᠩᠬᠦ ᠶᠢ ᠪᠦᠬᠦᠨ ᠢ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ | ᠡᠭᠦᠷᠭᠡᠯᠡᠨ᠎ᠡ︶᠂ ᠬᠢᠲᠠᠳ ᠬᠡᠯᠡ ᠪᠠᠷ ᠬᠢᠴᠢᠶᠡᠯᠯᠡᠬᠦ ᠪᠠᠷ ᠭᠤᠤᠯ ᠪᠣᠯᠭᠠᠵᠤ ᠮᠣᠩᠭᠤᠯ ᠬᠡᠯᠡᠨ ᠤ ᠵᠢᠭᠠᠨ ᠰᠤᠷᠭᠠᠯᠲᠠ ᠨᠡᠮᠡᠵᠦ ᠵᠢᠭᠠᠬᠰᠠᠨ ᠦᠨᠳᠦᠰᠦᠲᠡᠨ ᠤ | ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠠᠰᠠᠷᠠᠨ ᠬᠦᠮᠤᠵᠢᠬᠦᠯᠬᠦ ᠵᠠᠷᠤᠳᠠᠯ ᠢ ᠬᠠᠰᠤᠵᠤ ᠭᠡᠯᠳᠦᠷᠢᠭᠦᠯᠦᠨ᠎ᠡ ︵ᠬᠡᠷᠡᠭᠰᠡᠬᠦ ᠪᠠᠯᠠ | ᠮᠥᠩᠭᠦ ᠶᠢ ᠬᠤᠰᠢᠭᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ︶᠃ ᠲᠤᠰᠬᠠᠶ ᠮᠡᠷᠭᠡᠵᠢᠯ᠂ ᠡᠩ ᠤᠨ ᠵᠢᠩᠬᠢᠨᠢ ᠠᠩᠭᠢ᠂ ︽ᠬᠤᠤᠰ ᠲᠡᠷᠢᠭᠦᠨ ᠵᠡᠷᠭᠡ︾ ᠶᠢᠨ | ᠪᠥᠲᠥᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠪᠠ ᠤᠯᠤᠰ ᠤᠨ ᠤᠤᠯ ᠤᠨ ︽211 ᠢᠨᠵᠧᠨᠧᠷᠢᠩ︾ ᠰᠤᠷᠭᠠᠭᠤᠯᠢ ᠳᠤ ᠰᠢᠯᠭᠠᠬᠳᠠᠨ ᠤᠷᠤᠭᠰᠠᠨ | ᠣᠷᠳᠣᠰ ᠤᠨ ᠡᠷᠦᠬᠡ ᠠᠮᠠ ᠶᠢᠨ ᠲᠠᠩᠰᠠ ᠲᠠᠢ ᠮᠣᠩᠭᠤᠯ ᠰᠣᠷᠣᠭᠴᠢ ᠬᠥᠮᠦᠨ ᠪᠦᠷᠢ ᠵᠢᠯ ᠳᠤ ᠲᠣᠰ ᠲᠣᠰ 3000 ᠲᠥᠭᠦᠷᠢᠭ᠂ 5000 ᠲᠥᠭᠦᠷᠢᠭ ᠪᠠ | 7000 ᠲᠥᠭᠦᠷᠢᠭ ᠤᠨ ᠰᠤᠷᠤᠯᠭ᠎ᠠ ᠶᠢᠨ ᠲᠤᠰᠠᠯᠠᠮᠵᠢ ᠦᠭᠬᠦ ᠲᠥᠷᠥ ᠶᠢᠨ ᠪᠣᠳᠣᠯᠭ᠎ᠠ ︵ᠬᠤᠲᠠ᠂ ᠬᠤᠰᠢᠭᠤᠨ ᠤ ᠡᠳ᠋ ᠤᠨ ᠵᠠᠰᠠᠭ ᠠᠴᠠ ᠱᠠᠲᠤ ᠬᠤᠪᠢᠶᠠᠨ | ᠡᠭᠦᠷᠭᠡᠯᠡᠨ᠎ᠡ︶ ᠳᠤ ᠲᠤᠰᠠᠯᠠᠨ᠎ᠠ᠃ ︽︿ᠤᠷᠳᠤᠰ ᠬᠤᠳᠠ ᠶᠢᠨ ᠮᠣᠩᠭᠤᠯ ᠬᠡᠯᠡ ᠪᠠᠷ ᠬᠢᠴᠢᠶᠡᠯᠯᠡᠬᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ | ᠦᠶ᠎ᠡ ᠶᠢᠨ ᠰᠤᠷᠤᠬᠴᠢᠳ ᠤᠨ ᠵᠢᠭᠠᠨ ᠰᠤᠷᠭᠠᠯᠳᠠ ᠶᠢᠨ ᠬᠠᠪᠰᠤᠷᠤᠨ ᠵᠢᠯᠣᠭᠤᠳᠬᠤ ᠳᠤ ᠭᠡᠷᠡᠭᠯᠡᠬᠦ ᠨᠤᠮ ᠪᠢᠴᠢᠭ ᠢ ᠰᠤᠶᠢᠳᠭᠡᠯ ᠬᠤᠷᠢᠶᠠᠬᠤ ᠦᠭᠡᠢ ᠪᠠᠷ | ᠬᠠᠩᠭᠠᠬᠤ ᠬᠠᠮᠢᠶᠠᠷᠤᠯᠳᠠ ᠶᠢᠨ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠳᠤᠬᠠᠢ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ︵ ᠤᠷᠳᠤᠰ ᠡᠳ᠋ ᠰᠤᠷᠭᠠᠨ ᠬᠦᠮᠤᠵᠢᠯ ᠲᠣᠭᠲᠠᠭᠠᠯ ᠲᠠᠷᠬᠠᠭᠠᠭᠰᠠᠨ ﹇2017 ﹈ 1 ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠳᠤ 64.2 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢ ᠨᠢᠭᠡᠪᠦᠷᠢ ᠵᠢᠯ ᠳᠤ 254 ᠲᠥᠭᠦᠷᠢᠭ ᠢ ᠬᠤᠲᠠ᠂ ᠬᠤᠰᠢᠭᠤᠨ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠵᠤ᠂ ᠦᠨᠳᠦᠰᠦᠲᠡᠨ ᠤ | ᠰᠤᠷᠭᠠᠭᠤᠯᠢ ᠶᠢᠨ ᠵᠢᠭᠠᠨ ᠰᠤᠷᠭᠠᠬᠤ ᠬᠠᠪᠰᠤᠷᠤᠨ ᠵᠢᠯᠤᠭᠤᠳᠬᠤ ᠨᠤᠮ ᠪᠢᠴᠢᠭ ᠪᠣᠯᠤᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠬᠦᠨᠳᠦ ᠨᠣᠴᠢᠲᠠᠶ | ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠮᠣᠩᠭᠤᠯ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ ᠶᠢᠨ ᠬᠠᠪᠰᠤᠷᠤᠨ ᠵᠢᠯᠤᠭᠤᠳᠬᠤ | ᠮᠠᠲ᠋ᠧᠷᠢᠶᠠᠯ᠂ ᠨᠣᠮ ᠪᠢᠴᠢᠭ᠂ ᠳᠠᠭᠤ ᠰᠢᠩᠭᠡᠭᠡᠯᠳᠡ ᠶᠢᠨ ᠪᠦᠲᠦᠭᠡᠭᠳᠡᠬᠦᠨ ᠵᠡᠷᠭᠡ ᠬᠡᠪᠯᠡᠭᠳᠡᠬᠦᠨ ᠢ ᠬᠡᠪᠯᠡᠨ ᠲᠠᠷᠬᠠᠭᠠᠬᠤ ᠳᠤ ᠡᠳ᠋ ᠤᠨ ᠵᠠᠰᠠᠭ ᠤᠨ ᠨᠦᠬᠦᠪᠤᠷᠢ | ᠦᠭᠬᠦ ᠳᠦᠷᠦ ᠶᠢᠨ ᠪᠤᠳᠤᠯᠭ᠎ᠠ ᠶᠢ ᠭᠡᠷᠡᠭᠵᠢᠬᠦᠯᠤᠨ᠎ᠠ᠃ ᠮᠤᠩᠭᠤᠯ ᠵᠢᠭᠠᠬᠤ ᠮᠠᠲ᠋ᠧᠷᠢᠶᠠᠯ ᠪᠤᠯᠤᠨ ᠬᠠᠪᠰᠤᠷᠤᠨ ᠵᠢᠯᠤᠭᠤᠳᠬᠤ ᠮᠠᠲ᠋ᠧᠷᠢᠶᠠᠯ ᠢ ᠨᠠᠶᠢᠷᠠᠭᠤᠯᠵᠤ | ᠤᠷᠴᠢᠭᠤᠯᠬᠤ᠂ ᠬᠢᠨᠠᠨ ᠪᠠᠶᠢᠴᠠᠭᠠᠬᠤ ᠳᠤ ᠪᠡᠯᠡ ᠮᠦᠩᠬᠦᠨ ᠤ ᠪᠠᠳᠤᠯᠠᠭ᠎ᠠ ᠤᠯᠭᠤᠨ᠎ᠠ᠃ | ᠮᠤᠩᠭᠤᠯ ᠭᠡᠯᠡ ᠪᠠᠷ ᠬᠢᠴᠢᠶᠡᠯᠯᠡᠭᠰᠡᠨ ᠶᠡᠭᠡ ᠰᠤᠷᠭᠠᠭᠤᠯᠢ ᠳᠡᠬᠦᠰᠦᠭᠰᠡᠨ ᠤᠶᠤᠳᠠᠳ ᠢ ᠤᠷᠢᠳᠠᠪᠠᠷ ᠡᠯᠰᠡᠨ ᠭᠡᠷᠡᠭᠯᠡᠨ᠎ᠠ᠃ ᠠᠯᠪᠠᠳᠠᠨ ᠢ ᠰᠢᠯᠭᠠᠨ ᠠᠪᠬᠤ᠂ | ᠠᠵᠢᠯ ᠤᠶᠢᠯᠡᠰ ᠤᠨ ᠨᠢᠭᠡᠴᠢ ᠠᠵᠢᠯᠳᠠᠨ ᠡᠯᠰᠡᠬᠦ ᠦᠶᠡᠰ᠂ ᠵᠢᠯ ᠪᠤᠯᠭᠠᠨ ᠡᠯᠰᠡᠨ ᠠᠪᠤᠬᠰᠠᠨ ᠳᠦᠯᠦᠪᠯᠡᠭᠡᠨ ᠤ ᠶᠡᠷᠦᠩᠭᠡᠢ ᠳᠤᠭᠠᠨ ᠤ 15 % ᠠᠴᠠ ᠳᠤᠤᠷ᠎ᠠ | ᠦᠭᠡᠢ ᠠᠵᠢᠯ ᠤᠨ ᠪᠠᠶᠢᠷᠢ ᠶᠢ ᠳᠤᠬᠢᠷᠠᠭᠤᠯᠤᠨ ᠮᠤᠩᠭᠤᠯ ᠭᠡᠯᠡ ᠪᠠᠷ ᠬᠢᠴᠢᠶᠡᠯᠯᠡᠭᠰᠡᠨ ᠶᠡᠭᠡ ᠰᠤᠷᠭᠠᠭᠤᠯᠢ ᠳᠡᠬᠦᠰᠦᠭᠰᠡᠨ ᠤᠶᠤᠳᠠᠳ ᠢ ᠡᠯᠰᠡᠨ ᠠᠪᠤᠨ᠎ᠠ᠃ ᠤᠯᠤᠰ | ᠤᠨ ᠦᠮᠴᠢᠯᠡᠯᠳᠤ ᠠᠵᠤ ᠠᠬᠤᠶᠢᠯᠠᠯ ᠠᠵᠢᠯᠳᠠᠨ ᠡᠯᠰᠡᠬᠦ ᠦᠶᠡᠰ᠂ ᠠᠳᠠᠯᠢ ᠨᠦᠬᠦᠴᠡᠯ ᠤᠨ ᠳᠤᠤᠷ᠎ᠠ ᠮᠤᠩᠭᠤᠯ ᠭᠡᠯᠡ ᠪᠠᠷ ᠬᠢᠴᠢᠶᠡᠯᠯᠡᠭᠰᠡᠨ ᠶᠡᠭᠡ ᠳᠤᠮᠳᠠ ᠵᠡᠷᠭᠡ | ᠶᠢᠨ ᠳᠤᠰᠬᠠᠢ ᠮᠡᠷᠭᠡᠵᠢᠯ ᠤᠨ ᠰᠤᠷᠭᠠᠭᠤᠯᠢ ᠳᠡᠬᠦᠰᠦᠭᠰᠡᠨ ᠰᠤᠷᠤᠬᠴᠢᠳ ᠢ ᠤᠷᠢᠳᠠᠪᠠᠷ ᠡᠯᠰᠡᠨ ᠠᠪᠤᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ︵ᠨᠢᠭᠡ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠬᠤᠰᠢᠭᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠨᠳᠦᠰᠦᠲᠡᠨ ᠤ | ᠰᠤᠷᠭᠠᠨ ᠬᠥᠮᠦᠵᠢᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ︽ | ᠲᠦᠷᠢᠮ︾ ᠢ ᠳᠤᠭᠤᠰᠢᠯᠠᠭᠤᠯᠤᠨ ᠬᠡᠷᠡᠭᠵᠢᠭᠦᠯᠬᠦ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠦᠨᠳᠤᠰᠤᠳᠡᠨ ᠤ ᠲᠦᠷᠦ ᠶᠢᠨ ᠪᠤᠳᠤᠯᠭ᠎ᠠ ᠶᠢ ᠦᠢᠯᠡᠳᠦᠯᠭᠡᠵᠢᠭᠦᠯᠬᠦ᠂ ᠨᠡᠶᠢᠭᠡᠮ | ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠬᠦᠴᠦᠲᠡᠢ | ᠭᠠᠷᠳᠠᠴᠠ ᠪᠣᠯᠭᠠᠨ᠎ᠠ᠃ ︽ᠳᠦᠷᠢᠮ︾ ᠤᠨ ᠱᠠᠭᠠᠷᠳᠠᠯᠭ᠎ᠠ ᠶᠢ ᠦᠨᠳᠦᠰᠦᠯᠡᠨ ᠦᠨᠳᠦᠰᠦᠲᠡᠨ ᠤ ᠰᠤᠷᠭᠠᠨ ᠬᠥᠮᠦᠵᠢᠯ ᠢ ᠲᠦᠷᠭᠡᠳᠬᠡᠨ ᠬᠦᠭᠵᠢᠬᠦᠯᠬᠦ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠦᠨᠳᠦᠰᠦᠲᠡᠨ ᠤ ᠰᠤᠷᠭᠠᠨ ᠬᠥᠮᠦᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠷᠢᠳᠠᠪᠠᠷ ᠬᠥᠭᠵᠢᠭᠦᠯᠵᠦ᠂ | ᠭᠤᠤᠯᠳᠠᠯᠭ᠎ᠠ ᠲᠠᠢ ᠪᠠᠲᠤᠯᠠᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ | ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠰᠬᠠᠶ ᠵᠤᠶᠢᠯ ᠤᠨ ᠲᠥᠯᠥᠪᠵᠢᠭᠦᠯᠭᠡ ᠪᠣᠯᠤᠨ ᠤᠨ ᠤ ᠲᠥᠯᠥᠪᠯᠡᠭᠡ ᠶᠢ ᠰᠤᠳᠤᠯᠤᠨ ᠲᠣᠭᠲᠠᠭᠠᠵᠤ᠂ | ᠬᠥᠭᠵᠢᠯᠲᠡ ᠶᠢᠨ ᠬᠠᠷᠠᠯᠲᠠ᠂ ᠠᠵᠢᠯ ᠤᠨ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠲᠥᠷᠥᠯ ᠵᠤᠶᠢᠯ ᠪᠣᠯᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠦᠨᠳᠦᠰᠦᠲᠡᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠲᠠ ᠶᠢᠨ ᠰᠤᠳᠤᠯᠭᠠᠨ ᠤ | ᠪᠠᠶᠢᠭᠤᠯᠤᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠦᠨᠳᠦᠰᠦᠲᠡᠨ ᠤ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠠᠵᠢᠯ ᠢ | ᠰᠠᠶᠢᠲᠤᠷ ᠬᠢᠨ᠎ᠠ︔ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠵᠠᠷᠤᠳᠠᠯ ᠢ ᠤᠷᠤᠨᠵᠢᠭᠤᠯᠬᠤ ᠶᠢ ᠦᠨᠡᠨᠬᠦ ᠪᠠᠲᠤᠯᠠᠨ᠎ᠠ︔ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠤᠯᠢ ᠶᠤᠰᠤᠭᠠᠷ ᠪᠠᠭᠰᠢ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠪᠠᠭᠰᠢ ᠡᠯᠰᠡᠬᠦ ᠳᠤ ᠳᠡᠮᠵᠢᠯᠭᠡ ᠬᠠᠩᠭᠠᠨ᠎ᠠ︔ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠨᠳᠦᠰᠦᠲᠡᠨ ᠤ ᠰᠤᠷᠭᠠᠨ ᠬᠥᠮᠦᠵᠢᠯ ᠤᠨ ᠴᠢᠭᠯᠡᠯᠲᠡ | ᠂ ᠲᠥᠷᠥ ᠶᠢᠨ ᠪᠣᠳᠣᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠦᠨᠳᠦᠰᠦᠲᠡᠨ ᠤ ᠰᠤᠷᠭᠠᠨ ᠬᠥᠮᠦᠵᠢᠯ ᠳᠠᠬᠢ ᠤᠨᠴᠠᠭᠠᠢ | ᠬᠦᠴᠢᠷᠳᠡᠯ ᠢ ᠬᠠᠪᠰᠤᠷᠤᠨ ᠰᠢᠢᠳᠪᠤᠷᠢᠯᠡᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠶ ᠵᠠᠷᠤᠳᠠᠯ ᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ︽ᠳᠦᠷᠢᠮ︾ ᠤᠨ ᠭᠡᠷᠡᠭᠵᠢᠬᠦᠯᠦᠯᠳᠡ ᠶᠢ ᠱᠠᠯᠠᠪᠳᠠᠭᠤᠯᠤᠨ ᠪᠠᠶᠢᠴᠠᠭᠠᠬᠤ ᠶᠢ ᠵᠠᠰᠠᠭ ᠤᠨ | ᠣᠷᠳᠣᠨ ᠤ ᠪᠦᠬᠦᠯᠢ ᠴᠣᠭᠴᠠ ᠶᠢᠨ ᠠᠵᠢᠯ ᠤᠨ ᠬᠢᠨᠠᠨ ᠰᠢᠯᠭᠠᠬᠤ ᠰᠢᠰᠲ᠋ᠧᠮ ᠳᠤ ᠣᠷᠣᠭᠤᠯᠬᠤ ᠶᠢᠨ ᠬᠠᠮᠲᠤ ᠬᠢᠨᠠᠨ ᠰᠢᠯᠭᠠᠵᠤ᠂ ︽ᠲᠦᠷᠢᠮ︾ ᠢ ᠤᠯᠠᠮ | ᠴᠢᠨᠠᠬᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠬᠤᠯᠪᠤᠬᠳᠠᠯ ᠪᠥᠬᠦᠶ ᠰᠠᠯᠠᠭ᠎ᠠ ᠮᠥᠴᠢᠷ ᠢ ᠴᠠᠭ ᠳᠤᠬᠠᠢ ᠳᠤᠨᠢ ᠵᠤᠬᠢᠶᠠᠨ | ᠪᠠᠶᠢᠭᠤᠯᠤᠨ ᠡᠯ᠎ᠡ ᠰᠠᠯᠠᠭ᠎ᠠ ᠮᠥᠴᠢᠷ ᠤᠨ ︽ᠲᠦᠷᠢᠮ︾ ᠢ ᠳᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠤᠰᠬᠠᠢ ᠳᠦᠷᠤᠯ ᠢᠶᠠᠷ ᠱᠠᠯᠠᠪᠳᠠᠭᠤᠯᠤᠨ | ᠪᠠᠶᠢᠴᠠᠭᠠᠵᠤ᠂ ᠱᠠᠯᠠᠪᠳᠠᠭᠤᠯᠤᠨ ᠵᠢᠯᠣᠭᠤᠳᠤᠭᠰᠠᠨ ᠦᠷ᠎ᠡ ᠳ᠋ᠦᠩ ᠢ ᠬᠤᠰᠢᠭᠤᠨ ᠤ ᠰᠠᠯᠠᠭ᠎ᠠ ᠮᠥᠴᠢᠷ ᠤᠨ ᠠᠵᠢᠯ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ | ᠴᠢᠬᠤᠯᠠ ᠦᠨᠳᠦᠰᠦᠯᠡᠯ ᠪᠣᠯᠭᠠᠨ᠎ᠠ᠃ | ︵ᠭᠤᠷᠪᠠ︶ ᠰᠤᠷᠤᠯᠴᠠᠯᠭ᠎ᠠ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠨ᠎ᠠ᠃ ᠲᠧᠯᠸᠢᠰ᠂ ᠷᠠᠳᠢᠣ᠋᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ | ᠵᠢᠴᠢ ᠠᠯᠪᠠᠨ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠢ ᠬᠦᠢᠴᠡᠳ ᠠᠰᠢᠭᠯᠠᠵᠤ᠂ ︽ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠳᠡᠭᠡᠳᠤ ᠱᠠᠲᠤᠨ ᠤ ᠦᠨᠳᠦᠰᠦᠲᠡᠨ ᠤ ᠰᠤᠷᠭᠠᠨ ᠬᠦᠮᠤᠵᠢᠯ ᠤᠨ ᠲᠤᠬᠠᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠰᠢᠷᠢᠰ ᠱᠠᠭᠠᠷᠳᠠᠯᠭ᠎ᠠ ᠶᠢ | ᠶᠡᠬᠡᠪᠡᠷ ᠤᠬᠠᠭᠤᠯᠵᠤ᠂ ᠰᠤᠳᠤᠯᠤᠨ ᠶᠠᠷᠢᠯᠴᠠᠬᠤ ᠬᠤᠷᠠᠯ᠂ ᠮᠡᠳᠡᠭᠦᠯᠦᠯᠲᠡ ᠶᠢᠨ ᠬᠤᠷᠠᠯ᠂ ᠭᠤᠤᠯ ᠰᠡᠳᠦᠪᠲᠦ ᠡᠬᠡ ᠪᠢᠴᠢᠭ ᠡᠯᠰᠡᠬᠦ᠂ ᠤᠬᠠᠮᠰᠠᠷ ᠲᠥᠷᠥᠭᠳᠡᠯ ᠢ | ᠬᠤᠷᠢᠶᠠᠬᠤ ᠵᠡᠷᠭᠡ ᠣᠯᠠᠨ ᠵᠤᠶᠢᠯ ᠤᠨ ᠬᠡᠯᠪᠡᠷᠢ ᠪᠠᠷ ᠳᠠᠮᠵᠢᠭᠤᠯᠤᠨ᠂ ᠰᠤᠷᠤᠯᠴᠠᠯᠭ᠎ᠠ ᠤᠬᠠᠭᠤᠯᠭ᠎ᠠ ᠶᠢᠨ ᠪᠣᠳᠠᠲᠤ ᠦᠷ᠎ᠡ ᠪᠦᠳᠦᠮᠵᠢᠳᠦ ᠴᠢᠨᠠᠷ ᠪᠠ ᠬᠠᠨᠳᠤᠯᠭᠠᠲᠤ | ᠴᠢᠨᠠᠷ ᠢ ᠨᠡᠮᠡᠭᠳᠡᠬᠦᠯᠤᠨ᠎ᠠ᠃ ︽ᠳᠦᠷᠢᠮ︾ ᠤᠨ ᠠᠭᠤᠯᠭ᠎ᠠ ᠶᠢ ᠪᠠᠭᠰᠢ ᠶᠢᠨ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠲᠤᠰᠬᠠᠶ ᠰᠡᠳᠦᠪᠲᠦ ᠪᠣᠯᠪᠠᠰᠤᠷᠠᠯ ᠢ | ᠥᠷᠨᠢᠭᠦᠯᠤᠨ᠎ᠠ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠬᠠᠮᠵᠢᠯᠴᠠᠵᠤ᠂ ᠢᠳᠡᠪᠬᠢᠲᠡᠢ ᠬᠠᠮᠵᠢᠯᠴᠠᠵᠤ᠂ ︽ᠳᠦᠷᠢᠮ︾ ᠢ | ᠤᠬᠠᠭᠤᠯᠤᠨ ᠳᠡᠯᠭᠡᠷᠡᠭᠦᠯᠬᠦ ᠪᠠ ᠬᠡᠷᠡᠭᠵᠢᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ | ᠬᠠᠭᠤᠯᠪᠤᠷᠢᠯᠠᠨ ᠬᠦᠷᠭᠡᠬᠦ ᠨᠢ᠄ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠠᠯᠪᠠᠨ ᠭᠡᠷ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ | ᠠᠷᠠᠳ ᠤᠨ ᠵᠡᠪᠰᠡᠭᠳᠤ ᠬᠦᠴᠤᠨ ᠤ ᠭᠡᠯᠳᠡᠰ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠡᠯ᠎ᠠ ᠰᠠᠯᠠᠭ᠎ᠠ ᠮᠦᠴᠢᠷ᠂ | ᠡᠯ᠎ᠠ ᠠᠷᠠᠳ ᠤᠨ ᠪᠦᠯᠬᠦᠮ᠂ ᠡᠯ᠎ᠠ ᠰᠤᠨᠢᠨ ᠮᠡᠳᠡᠭᠡᠨ ᠤ ᠨᠢᠭᠡᠴᠢ᠃ | ᠵᠡᠬᠦᠠᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 9 ᠰᠠᠷ᠎ᠠ ᠶᠢᠨ 16 ᠤ ᠡᠳᠤᠷ ᠳᠠᠷᠤᠮᠠᠯᠯᠠᠨ ᠳᠠᠷᠬᠠᠭᠠᠪᠠ | |