—— 2020 ᠣᠨ ᠤ 4 ᠰᠠᠷ᠎ᠠ ᠶᠢᠨ 28 ᠤ ᠡᠳᠦᠷ ᠵᠡᠭᠦᠨᠭᠠᠷ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ | ᠬᠤᠰᠢᠭᠤᠨ ᠤ ᠳᠠᠷᠤᠭ᠎ᠠ ᠸᠠᠩ ᠹᠧᠩ | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠠᠨ ᠵᠥᠪᠯᠡᠬᠦ ᠪᠣᠯᠪᠠᠤ᠂ | ᠲᠡᠷᠡᠴᠢᠯᠡᠨ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠮᠦᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ | ᠵᠤᠶᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ | ᠢᠳᠡᠪᠬᠢᠲᠡᠶ ᠤᠶᠢᠯᠡᠳᠤᠯᠭᠡᠵᠢᠬᠦᠯᠤᠨ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ | ᠵᠤᠶᠢᠯ ᠤᠨ ᠠᠵᠢᠯ ᠲᠠᠰᠤᠷᠠᠯᠲᠠ ᠥᠬᠡᠶ ᠰᠢᠨ᠎ᠡ ᠠᠮᠵᠢᠯᠲᠠ ᠪᠦᠲᠦᠮᠵᠢ ᠣᠯᠵᠤ᠂ ᠪᠥᠬᠦ ᠬᠤᠰᠢᠭᠤᠨ ᠤ ᠠᠵᠤ ᠠᠬᠤᠶ ᠦᠷᠭᠦᠯᠵᠢᠯᠡᠨ ᠡᠷᠡᠭᠦᠯ ᠰᠠᠶᠢᠨ ᠬᠠᠨᠳᠤᠰᠢ ᠲᠠᠢ | ᠪᠤᠯᠵᠤ᠂ ᠨᠡᠶᠢᠭᠡᠮ ᠤᠨ ᠡᠶ᠎ᠡ ᠵᠣᠬᠢᠴᠠᠯ᠂ ᠲᠣᠭᠲᠠᠭᠤᠨ ᠪᠠᠶᠢᠬᠤ ᠶᠢ ᠪᠠᠲᠤᠯᠠᠪᠠ᠃ | ︱ ᠬᠤᠰᠢᠭᠤ ᠰᠢᠶᠠᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠡᠭᠰᠢᠯᠡᠯᠲᠡ ᠲᠠᠢ ᠪᠣᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 820 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3.1% ᠪᠠᠷ ᠨᠡᠮᠡᠭᠳᠡᠭᠦᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 16. | 1% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠢ 2.1% ᠪᠠᠷ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠳᠤᠭ᠎ᠠ ᠨᠢ 128.5 ᠳ᠋ᠦᠩᠰᠢᠭᠤᠷ ᠲᠥᠭᠦᠷᠢᠭ ᠲᠤ ᠬᠦᠷᠴᠤ᠂ 3.4% ᠪᠠᠷ ᠨᠡᠮᠡᠭᠳᠡᠭᠦᠯᠵᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ 82.6 ᠳ᠋ᠦᠩᠰᠢᠭᠤᠷ ᠲᠥᠭᠦᠷᠢᠭ ᠲᠤ ᠬᠦᠷᠴᠤ᠂ 6.3% ᠪᠠᠷ ᠨᠡᠮᠡᠭᠳᠡᠭᠦᠯᠪᠠ᠃ ᠵᠠᠰᠠᠮᠠᠯ ᠵᠠᠮ ᠪᠠ | ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠲᠤᠰ ᠲᠤᠰ 4% ᠪᠠ 5% ᠪᠠᠷ ᠨᠡᠮᠡᠭᠳᠡᠵᠦ᠂ ᠶᠡᠷᠦᠩᠬᠡᠶ ᠠᠵᠤ ᠠᠬᠤᠶ ᠲᠣᠭᠲᠠᠭᠤᠨ ᠤ ᠳᠤᠮᠳᠠ ᠨᠡᠮᠡᠭᠳᠡᠨ᠂ | ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠯᠡᠷᠡᠵᠦ᠂ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ | ᠰᠢᠶᠠᠨ ᠤ ᠬᠤᠳᠠ ᠶᠢᠨ 30 ᠳ᠋ᠤᠭᠠᠷ ᠲᠤ ᠵᠢᠭᠰᠠᠭᠠᠭᠳᠠᠵᠤ᠂ ᠪᠦᠬᠦ ᠤᠯᠤᠰ ᠤᠨ ᠠᠵᠤ ᠤᠶᠢᠯᠡᠳᠪᠤᠷᠢ ᠶᠢᠨ ᠵᠠᠭᠤᠨ ᠬᠦᠴᠦᠷᠬᠡᠭ ᠰᠢᠶᠠᠨ ᠤ 15 ᠳ᠋ᠤᠭᠠᠷ ᠲᠤ | ᠵᠢᠭᠰᠠᠭᠠᠭᠳᠠᠪᠠ᠃ | ︱ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠰᠢᠨ᠎ᠡ ᠠᠯᠬᠤᠴᠠ ᠲᠠᠢ ᠪᠤᠯᠪᠠ᠃ ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠶᠢᠨ ᠤᠶᠢᠯᠡᠳᠪᠤᠷᠢᠯᠡᠯ | ᠤᠨ ᠴᠢᠳᠠᠪᠤᠷᠢ 500 ᠲᠦᠮᠡᠨ ᠲᠣᠨ ᠢ ᠳᠠᠪᠠᠵᠤ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ 3100 ᠲᠦᠮᠡᠨ ᠲᠣᠨ ᠬᠤᠪᠢᠷᠠᠭᠤᠯᠵᠤ᠂ ᠨᠡᠭᠦᠷᠡᠰᠦ ᠬᠢᠮᠢ ᠶᠢᠨ | ᠠᠵᠤ ᠦᠶ᠋ᠯᠡᠳᠪᠦᠷᠢ᠂ ᠴᠠᠬᠢᠯᠭᠠᠨ ᠬᠦᠴᠦ᠂ ᠸᠠᠭᠠᠷ ᠱᠠᠭᠠᠵᠠᠩ᠂ ᠲᠣᠨᠣᠭᠯᠠᠯ ᠤᠶᠢᠯᠡᠳᠬᠦ ᠵᠡᠷᠭᠡ ᠨᠡᠭᠦᠷᠡᠰᠦᠨ ᠤ ᠪᠤᠰᠤ ᠠᠵᠤ ᠤᠶᠢᠯᠡᠰ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠤᠶᠢᠯᠡᠳᠪᠤᠷᠢ ᠶᠢᠨ ᠤᠶᠢᠯᠡᠳᠬᠦᠨ ᠤ ᠶᠡᠷᠦᠩᠭᠡᠢ ᠦᠷᠲᠡᠭ ᠤᠨ 27.1% ᠶᠢ ᠡᠵᠡᠯᠡᠪᠡ᠃ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ | ︶ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠢᠨᠵᠧᠨᠧᠷᠢᠩ ᠤᠨ ᠲᠤᠷᠰᠢᠯᠲᠠ ᠶᠢᠨ ᠰᠢᠶᠠᠨ︾ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ 2᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 8 ᠰᠢᠨ᠎ᠡ ᠪᠠᠷ ᠨᠡᠮᠡᠭᠳᠡᠵᠦ᠂ 110 ᠲᠤᠰᠬᠠᠶ | ᠠᠰᠢᠭ ᠤᠨ ᠡᠷᠬᠡ ᠣᠯᠭᠤᠵᠤ᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠰᠢᠶᠠᠨ ᠬᠤᠲᠠ ᠳᠤ | ᠰᠣᠩᠭᠤᠭᠳᠠᠨ ᠤᠷᠤᠪᠠ᠃ | ︱ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠰᠢᠨ᠎ᠡ ᠦᠷ᠎ᠡ ᠪᠦᠲᠦᠮᠵᠢ ᠤᠯᠪᠠ᠃ ᠵᠠᠰᠠᠭ ᠤᠨ ᠣᠷᠳᠣᠨ ᠤ ᠲᠠᠯᠳᠠ ᠴᠢᠨᠠᠷᠲᠠᠶ ᠥᠷᠢ | ᠥᠭᠴᠡᠭᠡ ᠶᠢ 21.06 ᠳ᠋ᠦᠩᠰᠢᠭᠤᠷ ᠲᠥᠭᠦᠷᠢᠭ ᠰᠢᠢᠳᠪᠤᠷᠢᠯᠡᠵᠤ᠂ ᠪᠠᠩᠬᠢ ᠶᠢᠨ ᠪᠤᠴᠠᠭᠠᠯ ᠦᠭᠡᠢ ᠵᠢᠭᠡᠯᠡᠯᠭᠡ ᠶᠢ 16.75 ᠳ᠋ᠦᠩᠰᠢᠭᠤᠷ ᠲᠥᠭᠦᠷᠢᠭ | ᠰᠢᠢᠳᠪᠤᠷᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠣᠨᠣᠪᠴᠢᠲᠠᠢ ᠰᠠᠶᠢᠲᠤᠷ ᠬᠢᠵᠦ᠂ ᠡᠯ᠎ᠡ ᠲᠥᠷᠥᠯ ᠤᠨ ᠶᠠᠳᠠᠭᠤ ᠶᠢ | ᠲᠡᠳᠬᠦᠬᠦ ᠪᠡᠯᠡ ᠮᠥᠩᠭᠦ ᠶᠢ 7164 ᠲᠦᠮᠡᠨ ᠲᠥᠭᠦᠷᠢᠭ ᠣᠷᠣᠭᠤᠯᠪᠠ᠃ ᠠᠵᠤ ᠦᠢᠯᠡᠰ᠂ ᠠᠮᠢ ᠠᠬᠤᠢ᠂ ᠬᠡᠷᠡᠭᠯᠡᠭᠡ ᠵᠡᠷᠭᠡ ᠪᠠᠷ ᠶᠠᠳᠠᠭᠤ ᠶᠢ ᠲᠡᠳᠬᠦᠬᠦ ᠠᠵᠢᠯ ᠢ | ᠲᠣᠪᠤᠶᠢᠮ᠎ᠠ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠤᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠠᠮᠢ ᠠᠬᠤᠢ ᠣᠷᠴᠢᠨ | ᠲᠣᠭᠤᠷᠢᠨ ᠢ ᠵᠠᠰᠠᠬᠤ ᠨᠢᠭᠡᠳᠦᠯᠲᠡᠢ ᠲᠥᠯᠥᠪᠵᠢᠬᠦᠯᠭᠡ ᠶᠢᠨ ᠪᠡᠯᠡ ᠮᠥᠩᠭᠦ ᠶᠢ ᠪᠠᠶᠢᠭᠤᠯᠵᠤ᠂ ᠯᠦᠩ ᠸᠠᠩ ᠭᠸᠦ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠤᠨ | ᠤᠰᠤᠨ ᠤ ᠴᠢᠨᠠᠷ ᠲᠠᠰᠤᠷᠠᠯᠲᠠ ᠦᠭᠡᠢ ᠰᠠᠶᠢᠵᠢᠷᠠᠵᠦ᠂ ᠲᠥᠪᠯᠡᠷᠡᠬᠦᠯᠦᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠣᠷᠣᠨ ᠤ ᠤᠰᠤᠨ ᠤ | ᠴᠢᠨᠠᠷ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠦᠷᠴᠦ᠂ ᠭᠤᠣᠯᠳᠠᠯᠭᠠᠳᠤ ᠬᠤᠲᠠ ᠲᠣᠭᠤᠷᠢᠭ ᠤᠨ ᠠᠭᠠᠷ ᠤᠨ ᠴᠢᠨᠠᠷ ᠰᠠᠶᠢᠵᠢᠷᠠᠬᠰᠠᠨ ᠨᠣᠷᠮ᠎ᠠ 90. | 4% ᠳᠤ ᠬᠦᠷᠪᠡ᠃ | ︱ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠪᠡ᠃ | ᠬᠤᠴᠣᠷᠤᠩᠭᠤᠶ ᠤᠶᠢᠯᠡᠳᠪᠤᠷᠢᠯᠡᠯ ᠤᠨ ᠴᠢᠳᠠᠪᠤᠷᠢ ᠶᠢ ᠡᠷᠡᠰ ᠰᠢᠭᠰᠢᠭᠳᠡᠭᠦᠯᠵᠦ᠂ ︽ᠦᠬᠦᠰᠢᠷᠡᠮᠡᠯ ᠠᠵᠤ ᠠᠬᠤᠶᠢᠯᠠᠯ︾ ᠤᠨ ᠦᠨᠡᠮᠯᠡᠯ ᠢ 92 ᠬᠦᠴᠦᠨ ᠦᠭᠡᠢ | ᠪᠣᠯᠭᠠᠵᠤ᠂ ᠲᠠᠸᠠᠷ ᠤᠨ ᠭᠡᠷ ᠪᠠᠶᠢᠰᠢᠩ ᠤᠨ ᠬᠥᠮᠥᠷᠭᠡ ᠶᠢᠨ ᠬᠠᠳᠠᠭᠠᠯᠠᠭᠳᠠᠴᠠ ᠶᠢ 15.03 ᠲᠦᠮᠡᠨ ᠲᠡᠭᠰᠢ ᠳᠥᠷᠪᠡᠯᠵᠢᠨ ᠮᠧᠲᠷ ᠰᠢᠢᠳᠪᠤᠷᠢᠯᠡᠵᠦ᠂ ᠴᠠᠬᠢᠯᠭᠠᠨ | ᠬᠦᠴᠦᠨ ᠤ ᠣᠯᠠᠨ ᠲᠠᠯᠠᠲᠤ ᠠᠷᠠᠯᠵᠢᠶ᠎ᠠ ᠨᠢ ᠠᠵᠤ ᠠᠬᠤᠶᠢᠯᠠᠯ ᠳᠤ 1.47 ᠳ᠋ᠦᠩᠰᠢᠭᠤᠷ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠪᠠ᠃ ︽ᠳᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ︽ᠦᠷᠳᠡᠭᠡᠴᠢᠯᠡᠭᠰᠡᠨ | ᠬᠡᠯᠪᠡᠷᠢ︾ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠬᠤᠰᠢᠭᠤᠨ ᠤ ᠲᠡᠰ ᠤᠨ ᠡᠷᠬᠡ ᠮᠡᠳᠡᠯ ᠲᠠᠢ ᠤᠴᠢᠷ ᠶᠠᠪᠤᠳᠠᠯ ᠢ 50 ᠠᠵᠢᠯᠯᠠᠬᠤ ᠡᠳᠦᠷ ᠤᠨ ᠳᠣᠲᠣᠷ᠎ᠠ | ᠰᠢᠢᠳᠪᠦᠷᠢᠯᠡᠵᠡᠢ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ 6081 ᠨᠡᠮᠡᠭᠳᠡᠵᠦ᠂ ᠳᠠᠩᠰᠠᠯᠠᠭᠤᠯᠤᠭᠰᠠᠨ ᠬᠥᠷᠥᠩᠭᠡ ᠨᠢ 62.13 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠨ᠂ 15273 ᠬᠥᠮᠦᠨ ᠳᠤ ᠠᠵᠢᠯ ᠣᠯᠭᠤᠪᠠ᠃ ᠭᠠᠶᠢᠯᠢ ᠬᠠᠰᠤᠵᠤ ᠰᠤᠶᠢᠳᠭᠡᠯ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ 25.68 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠵᠤ ᠬᠡᠯᠲᠦᠷᠢᠭᠦᠯᠪᠡ᠃ ᠪᠥᠬᠦ | ᠣᠷᠣᠨ ᠳᠤ ︽ ᠬᠦᠢᠴᠡᠳᠭᠡᠬᠦ ᠪᠠ ᠬᠢᠨᠠᠯᠲᠠ ᠲᠠᠯᠪᠢᠬᠤ ᠶᠢ ᠰᠠᠯᠭᠠᠬᠤ︾ ᠬᠠᠤᠯᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠵᠠᠭᠪᠤᠷ ᠢ ᠤᠷᠢᠳᠠᠪᠠᠷ ᠰᠦᠪᠡᠭᠴᠢᠯᠡᠨ | ᠥᠷᠨᠢᠭᠦᠯᠦᠭᠰᠡᠨ ᠪᠠᠶᠢᠨ᠎ᠠ᠃ ᠤᠯᠤᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠢ ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠠᠯ ᠤᠨ ᠱᠠᠩᠨᠠᠯ ᠢ ᠬᠦᠷᠲᠡᠪᠡ᠃ | ︱ ᠠᠷᠠᠳ ᠤᠨ ᠠᠮᠢᠳᠤᠷᠠᠯ ᠤᠨ ᠤᠶᠢᠯᠡᠰ ᠰᠢᠨ᠎ᠡ ᠲᠠᠪᠰᠢᠯᠳᠠ ᠶᠢ ᠪᠡᠶᠡᠯᠡᠭᠦᠯᠪᠡ᠃ ᠰᠢᠨ᠎ᠡ ᠪᠦᠷᠢᠳᠬᠡᠯ ᠤᠨ ᠪᠠᠷᠢᠮᠵᠢᠶ᠎ᠠ ᠪᠠᠷ ᠪᠣᠯ᠂ ᠡᠳ᠋ ᠤᠨ ᠵᠠᠰᠠᠭ ᠤᠨ | ᠠᠷᠠᠳ ᠤᠨ ᠠᠮᠢᠳᠤᠷᠠᠯ ᠳᠤ ᠬᠡᠷᠡᠭᠯᠡᠬᠦ ᠵᠠᠷᠤᠯᠭ᠎ᠠ 45.5 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 5. | 04% ᠶᠢ ᠡᠵᠡᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 51122 ᠲᠥᠭᠦᠷᠢᠭ ᠪᠠ | 19814 ᠲᠥᠭᠦᠷᠢᠭ ᠲᠤ ᠬᠦᠷᠴᠦ᠂ ᠲᠣᠰ ᠲᠣᠰ 6% ᠪᠠ 8.6% ᠪᠠᠷ ᠨᠡᠮᠡᠭᠳᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠪᠢᠯᠧᠲ ᠥᠭᠴᠦ ᠪᠠᠳᠤᠯᠠᠬᠤ ᠲᠥᠷᠥᠯ ᠵᠦᠢᠯ ᠤᠨ ᠲᠤᠷᠰᠢᠯᠲᠠ ᠶᠢ ᠬᠡᠷᠡᠭᠵᠢᠭᠦᠯᠵᠦ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 10 ᠲᠥᠷᠥᠯ ᠵᠦᠢᠯ ᠢ ᠲᠣᠭᠲᠠᠭᠠᠨ᠂ ᠶᠡᠷᠦᠩᠬᠡᠢ ᠪᠡᠯᠡ ᠣᠷᠣᠭᠤᠯᠤᠯᠲᠠ ᠨᠢ 9.2 ᠳ᠋ᠦᠩᠰᠢᠭᠤᠷ | ᠲᠥᠭᠦᠷᠢᠭ ᠲᠤ ᠬᠦᠷᠪᠡ᠃ ᠶᠠᠪᠠᠭᠠᠨ ᠬᠥᠮᠦᠨ ᠤ ᠵᠦᠷᠢᠯᠢᠭ ᠬᠥᠭᠦᠷᠭᠡ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠲᠥᠷᠥᠯ ᠵᠤᠶᠢᠯ ᠢ ᠪᠠᠶᠢᠭᠤᠯᠵᠤ | ᠠᠰᠢᠭᠯᠠᠯᠲᠠ ᠳᠤ ᠣᠷᠣᠭᠤᠯᠵᠤ᠂ ᠪᠣᠰᠤᠭ᠎ᠠ ᠴᠣᠭᠴᠠᠲᠤ ᠲᠡᠷᠭᠡᠨ ᠵᠣᠭᠰᠣᠭᠠᠯ ᠢ ᠶᠠᠭ ᠰᠠᠶᠢᠬᠠᠨ ᠲᠤᠷᠰᠢᠨ ᠲᠣᠬᠢᠷᠠᠭᠤᠯᠵᠤ᠂ ᠣᠨᠴᠠᠭᠠᠶ ᠰᠤᠷᠭᠠᠭᠤᠯᠢ᠂ | ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠨ ᠥᠷᠭᠡᠳᠬᠡᠨ ᠪᠠᠶᠢᠭᠤᠯᠬᠤ ᠵᠡᠷᠭᠡ 6 ᠲᠥᠷᠥᠯ ᠵᠤᠶᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ | ᠤᠯᠠᠭᠠᠨ ᠬᠥᠭᠦᠷᠭᠡ ᠶᠢᠨ ᠲᠥᠷᠥᠯ ᠵᠤᠶᠢᠯ ᠤᠨ ᠪᠠᠷᠢᠯᠭ᠎ᠠ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠰᠤᠷᠭᠠᠨ ᠬᠥᠮᠦᠵᠢᠯ᠂ | ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠤᠶᠢᠯᠡᠰ ᠤᠨ ᠬᠥᠭᠵᠢᠯᠲᠡ ᠨᠠᠩ ᠬᠦᠢᠴᠡᠳ ᠪᠣᠯᠵᠣ᠂ ᠵᠡᠬᠦᠠᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠣᠯᠠᠨ ᠡᠰᠢᠵᠢᠭ᠍ᠰᠡᠨ ᠰᠤᠷᠭᠠᠭᠤᠯᠢ ᠡᠷᠭᠢᠯᠡᠬᠦ ᠳᠤ ︽ᠳᠤᠤᠷ᠎ᠠ ᠬᠤᠪᠢ ᠪᠠᠷ ᠤᠷᠤᠵᠤ ᠦᠨᠳᠤᠷ ᠬᠤᠪᠢ ᠪᠠᠷ ᠰᠢᠯᠭᠠᠬᠳᠠᠬᠤ᠂ ᠳᠤᠤᠷ᠎ᠠ ᠬᠤᠪᠢ ᠪᠠᠷ ᠤᠷᠤᠵᠤ | ᠰᠢᠯᠢᠳᠡᠭ ᠪᠦᠳᠤᠮᠵᠢ ᠪᠠᠷ ᠰᠢᠯᠭᠠᠭᠳᠠᠬᠤ︾ ᠶᠢ ᠪᠡᠶᠡᠯᠡᠬᠦᠯᠤᠨ᠂ ᠱᠢ ᠵᠢᠢ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠬᠢ ᠳᠤ ᠳᠠᠪᠰᠢᠨ ᠤᠷᠤᠬᠰᠠᠨ ᠨᠤᠷᠮ᠎ᠠ 51. | 7% ᠳᠤ ᠬᠦᠷᠴᠦ ᠳᠡᠤᠭᠡ ᠶᠢᠨ ᠬᠠᠮᠤᠭ ᠦᠨᠳᠤᠷ ᠳᠡᠮᠳᠡᠭᠯᠡᠯ ᠢ ᠡᠬᠦᠳᠤᠨ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠨ | ᠤᠷᠤᠭᠰᠡᠨ ᠨᠣᠷᠮ᠎ᠠ ᠨᠢ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠮᠳᠠᠴᠢ ᠬᠢᠷᠢ ᠲᠦᠪᠰᠢᠨ ᠤ 4.5 | ᠳᠠᠬᠢᠨ ᠪᠣᠯᠵᠠᠶ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠤᠷᠤᠭᠰᠢᠲᠠᠢ ᠥᠩᠭᠡᠷᠡᠭᠡᠵᠦ᠂ ᠯᠦᠩ ᠺᠸᠦ ᠪᠠᠯᠭᠠᠰᠤ᠂ | ᠨᠤᠸᠠᠨ ᠱᠦᠢ ᠰᠢᠶᠠᠩ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠪᠦᠬᠦ ᠤᠯᠤᠰ ᠤᠨ ︽ | ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠰᠢᠯᠭᠠᠨ ᠬᠤᠷᠢᠶᠠᠯᠳᠠ ᠳᠤ ᠲᠡᠷᠢᠭᠦᠨ ᠤ ᠬᠤᠰᠢᠭᠤ ᠪᠠᠷ ᠬᠦᠬᠢᠬᠦᠯᠦᠭᠳᠡᠪᠡ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠱᠠᠲᠤᠴᠢ ᠴᠢᠨᠠᠷᠲᠠᠶ ᠦᠷ᠎ᠡ ᠪᠦᠲᠦᠭᠡᠯ ᠣᠯᠵᠤ᠂ ᠬᠠᠷ᠎ᠠ ᠪᠦᠯᠦᠭᠲᠡᠨ ᠳᠤ ᠬᠤᠯᠪᠣᠭᠳᠠᠭᠰᠠᠨ | 1 ᠬᠡᠷᠡᠭ᠂ ᠬᠠᠷᠬᠢᠰ ᠬᠦᠴᠤᠨ ᠳᠤ ᠬᠤᠯᠪᠤᠬᠳᠠᠬᠰᠠᠨ 2 ᠭᠡᠷᠡᠭ ᠢ ᠬᠢᠨᠠᠨ ᠪᠠᠶᠢᠴᠠᠭᠠᠵᠤ ᠵᠠᠭᠠᠯᠳᠤᠨ᠂ ᠡᠯ᠎ᠡ ᠲᠥᠷᠥᠯ ᠤᠨ ᠡᠷᠡᠬᠦᠦ ᠶᠢᠨ ᠬᠡᠷᠡᠭ᠂ ᠠᠮᠤᠷ | ᠲᠦᠪᠰᠢᠨ ᠤ ᠬᠡᠷᠡᠭ ᠭᠠᠷᠤᠭᠰᠠᠨ ᠨᠣᠷᠮ᠎ᠠ ᠲᠣᠰ ᠲᠣᠰ 23.3% ᠪᠠ 17.7% ᠪᠠᠷ ᠪᠠᠭᠤᠷᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠪᠡ᠃ | ᠨᠢᠭᠡ ᠵᠢᠯ ᠤᠨ ᠲᠤᠷᠰᠢ᠂ ᠪᠢᠳᠡ ᠪᠦᠯᠬᠦᠮᠳᠡᠨ ᠨᠢᠭᠡᠳᠴᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠡᠷᠡᠮᠡᠭᠡᠶᠢᠯᠡᠨ ᠤᠷᠤᠬᠰᠢᠯᠠᠭᠠᠳ᠂ ᠭᠤᠤᠯᠳᠠᠭᠤ ᠳᠤᠤᠷᠠᠬᠢ | ᠠᠵᠢᠯ ᠤᠳ ᠢ ᠬᠢᠪᠡ᠄ | ᠨᠢᠭᠡ ᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠪᠠ᠃ ︽ᠵᠡᠭᠦᠨᠭᠠᠷ ᠬᠤᠰᠢᠭᠤᠨ ᠤ ᠠᠵᠤ | ᠤᠶᠢᠯᠡᠳᠪᠤᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ ᠥᠷᠭᠡᠳᠬᠡᠬᠦ ᠶᠢᠨ ᠳᠤᠭᠤᠷᠢᠨ ᠳᠤ᠂ 20 ᠲᠥᠷᠥᠯ ᠵᠦᠢᠯ ᠢ ᠣᠷᠣᠭᠤᠯᠤᠨ ᠠᠪᠴᠢᠷᠠᠵᠤ᠂ 9 ᠲᠥᠷᠥᠯ ᠵᠦᠢᠯ ᠢ ᠨᠠᠶᠢᠳᠠᠪᠤᠷᠢᠵᠢᠭᠤᠯᠵᠤ | ᠂ 74 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 56 ᠭᠤᠣᠯᠳᠠᠯᠭ᠎ᠠ ᠲᠠᠢ ᠲᠥᠷᠥᠯ | ᠵᠦᠢᠯ ᠠᠵᠢᠯ ᠡᠬᠢᠯᠡᠭᠦᠯᠦᠨ ᠤᠢᠢᠯᠡᠳᠪᠤᠷᠢᠯᠡᠯ ᠢᠶᠠᠨ ᠰᠡᠷᠭᠦᠭᠡᠵᠦ᠂ ᠵᠢᠤ ᠲᠠᠢ ᠶᠢᠨ 60 ᠲᠦᠮᠡᠨ ᠲᠣᠨ ᠠᠯᠺᠧᠨ ᠤᠢᠢᠯᠡᠳᠪᠤᠷᠢᠯᠡᠬᠦ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠯᠡᠯᠭᠡ ᠲᠣᠰᠣᠨ ᠤ ᠲᠦᠷᠭᠡᠳᠬᠡᠭᠦᠷ ᠬᠢᠬᠦ ᠵᠡᠷᠭᠡ 6 ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠪᠠ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠸᠠᠭᠠᠷ ᠱᠠᠭᠠᠵᠠᠩ ᠤᠨ ᠰᠤᠳᠤᠯᠭᠠᠨ ᠤ ᠬᠦᠷᠢᠶᠡᠯᠡᠩ ᠵᠡᠭᠦᠨᠭᠠᠷ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠲᠤ ᠫᠠᠶᠢᠰᠠ ᠡᠯᠭᠦᠨ ᠪᠠᠶᠢᠭᠤᠯᠤᠭᠳᠠᠪᠠ᠃ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠨᠢ ᠤᠯᠤᠰ ᠤᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠵᠢᠱᠢᠶ᠎ᠠ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠲᠣᠭᠳᠠᠭᠠᠭᠳᠠᠵᠠᠢ᠃ ᠬᠦᠢᠯᠡᠰᠤᠨ | ᠴᠡᠴᠡᠭ ᠤᠨ ᠨᠠᠶᠢᠷ ᠵᠡᠷᠭᠡ ᠠᠯᠢ ᠣᠯᠠᠨ ᠰᠣᠶᠣᠯ ᠵᠤᠭᠠᠴᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠪᠦᠬᠦ ᠵᠢᠯ ᠳᠤ 155 ᠲᠦᠮᠡᠨ ᠬᠦᠮᠤᠨ ᠤᠳᠠᠭ᠎ᠠ ᠶᠢᠨ | ᠵᠤᠭᠠᠴᠠᠭᠴᠢ ᠶᠢ ᠬᠦᠯᠢᠶᠡᠨ ᠠᠪᠴᠤ᠂ 21.6 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠪᠡᠶᠡᠯᠡᠭᠦᠯᠵᠦ᠂ 2019 ᠣᠨ ᠤ ᠳᠤᠮᠳᠠᠳᠤ | ᠤᠯᠤᠰ ᠤᠨ ᠬᠠᠮᠤᠭ ᠤᠨ ᠭᠤᠶᠣ ᠬᠤᠰᠢᠭᠤ ᠰᠢᠶᠠᠨ ᠤ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ | ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠪᠠ᠃ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠠᠵᠢᠯᠯᠠᠭᠠᠨ ᠤ ᠲᠥᠰᠦᠯ ᠪᠠ ᠠᠵᠤ ᠤᠶᠢᠯᠡᠰ ᠢ ᠬᠥᠭᠵᠢᠭᠦᠯᠬᠦ ᠵᠡᠷᠭᠡ 5 ᠲᠤᠰᠬᠠᠶ ᠢᠵᠢ ᠪᠦᠷᠢᠳᠦᠭᠦᠯᠬᠦ ᠲᠥᠰᠦᠯ ᠢ ᠲᠣᠭᠲᠠᠭᠠᠵᠠᠢ᠃ ᠳᠤᠮᠳᠠᠳᠤ | ᠤᠯᠤᠰ ᠤᠨ ᠰᠢᠤᠳᠠᠨ ᠤ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠯᠤᠭ᠎ᠠ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ︽ᠵᠢᠮᠢᠰ | ᠢᠳᠡᠰᠢᠨ ᠨᠣᠭᠤᠭ᠎ᠠ ᠡᠯᠳᠡᠪ ᠠᠮᠤ ᠰᠡᠷᠭᠡ︾ ᠭᠡᠬᠦ ᠳᠥᠷᠪᠡᠨ ᠶᠡᠭᠡ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠢ | ᠲᠣᠭᠲᠠᠭᠠᠭᠰᠠᠨ ᠪᠥᠭᠡᠳ ᠪᠠᠷᠢᠮᠵᠢᠶᠠᠵᠢᠭᠰᠠᠨ ᠤᠶᠢᠯᠡᠳᠪᠤᠷᠢᠯᠡᠯ ᠤᠨ ᠵᠢᠱᠢᠶ᠎ᠡ ᠦᠵᠡᠭᠦᠯᠬᠦ ᠣᠷᠣᠨ ᠢ 4.2 ᠲᠦᠮᠡᠨ ᠮᠥ ᠪᠠᠶᠢᠭᠤᠯᠪᠠ ︔ 2 ᠲᠦᠷᠦᠯ ᠤᠨ | ᠲᠠᠷᠢᠶᠠᠯᠠᠩ ᠤᠨ ᠪᠦᠲᠦᠭᠡᠭᠳᠡᠬᠦᠨ ᠭᠠᠵᠠᠷ ᠵᠦᠢ ᠶᠢᠨ ᠳᠡᠮᠳᠡᠭ ᠤᠨ ᠬᠠᠮᠠᠭᠠᠯᠠᠯᠲᠠ ᠶᠢ ᠬᠦᠷᠲᠡᠵᠦ᠂ 4 ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ ᠤᠯᠤᠰ ᠤᠨ | ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠵᠥᠪᠰᠢᠶᠡᠷᠡᠭᠳᠡᠵᠦ᠂ ᠬᠠᠳᠤᠨ ᠭᠤᠣᠯ ᠤᠨ ᠬᠤᠵᠢᠷᠯᠢᠭ ᠭᠠᠵᠠᠷ ᠤᠨ ᠠᠮᠤ ᠨᠢ ᠣᠷᠭᠠᠨᠢᠭ | ᠪᠦᠳᠤᠭᠡᠭᠳᠡᠬᠦᠨ ᠤ ᠭᠡᠷᠡᠴᠢᠯᠡᠯ ᠪᠠ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠭᠡᠷᠡᠴᠢᠯᠡᠯᠲᠡ ᠳᠤ ᠬᠢᠷᠢ ᠲᠡᠩᠴᠡᠪᠡ᠃ ᠲᠠᠷᠢᠶᠠᠯᠠᠩ ᠮᠠᠯ ᠠᠵᠤ | ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠬᠡᠪᠡᠷ ᠪᠤᠶᠢᠵᠢᠭᠤᠯᠵᠤ᠂ 28 ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠲᠦᠮᠡ | ᠰᠢᠬᠠᠮ ᠲᠠᠷᠢᠶᠠᠴᠢᠨ ᠡᠷᠦᠬᠡ ᠶᠢᠨ ᠬᠤᠭᠤᠷᠣᠨᠳᠣᠬᠢ ᠨᠢᠭᠲᠠ ᠴᠢᠩᠭ᠎ᠠ ᠠᠰᠢᠭ ᠲᠤᠰᠠ ᠶᠢᠨ ᠬᠤᠯᠪᠣᠭᠠᠳᠤ ᠲᠣᠭᠲᠠᠴᠠ ᠶᠢ ᠪᠠᠶᠢᠭᠤᠯᠵᠤ᠂ ᠲᠠᠷᠢᠶᠠᠴᠢᠨ ᠡᠷᠦᠬᠡ ᠶᠢᠨ | ᠳᠤᠮᠳᠠᠴᠢ ᠣᠷᠣᠯᠭ᠎ᠠ ᠶᠢ 2000 ᠭᠠᠷᠤᠢ ᠲᠥᠭᠦᠷᠢᠭ ᠨᠡᠮᠡᠭᠳᠡᠭᠦᠯᠵᠡᠢ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠯᠤᠭ᠎ᠠ ᠨᠢᠰᠬᠡᠯ ᠢᠶᠠᠷ | ᠪᠣᠷᠣᠭᠠᠨ ᠨᠡᠮᠡᠭᠳᠡᠭᠦᠯᠬᠦ ᠤᠶᠢᠯᠡᠴᠢᠯᠡᠬᠡᠨ ᠤ ᠵᠥᠪᠯᠡᠯᠴᠡᠭᠡᠷ ᠲᠣᠭᠲᠠᠵᠤ᠂ ᠪᠦᠬᠦ ᠵᠢᠯ ᠤᠨ ᠬᠤᠷ᠎ᠠ ᠲᠣᠨᠣᠳᠠᠰᠤ ᠶᠢ 15% ᠪᠠᠷ ᠨᠡᠮᠡᠭᠳᠡᠭᠦᠯᠪᠠ᠃ ᠬᠥᠳᠡᠭᠡ | ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠦ᠂ 15 ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ ᠶᠢ | ᠪᠠᠶᠢᠭᠤᠯᠵᠤ᠂ 7 ᠪᠤᠭᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠤᠨ᠂ 4996 ᠡᠷᠦᠬᠡ ᠶᠢᠨ ᠵᠣᠷᠯᠣᠩ ᠢ ᠥᠭᠡᠷᠡᠴᠢᠯᠡᠪᠡ︔ ᠪᠢᠴᠢᠯ ᠵᠠᠰᠠᠯᠲᠠ ᠶᠢᠨ | ᠠᠷᠪᠠᠨ ᠵᠤᠶᠢᠯ ᠤᠨ ᠠᠷᠭ᠎ᠠ ᠬᠡᠮᠵᠢᠶ᠎ᠡ ᠵᠢᠴᠢ ᠵᠠᠰᠠᠭ ᠵᠠᠬᠢᠷᠭᠠᠨ ᠤ ᠰᠢᠳᠬᠡᠯ ᠤᠨ ᠪᠢᠴᠢᠭ ᠢ ᠲᠣᠭᠲᠠᠭᠠᠵᠤ᠂ ᠭᠤᠤᠯᠳᠠᠯᠭ᠎ᠠ ᠲᠠᠢ ᠣᠷᠣᠨ ᠳᠤᠭᠤᠷᠢᠭ ᠤᠨ ᠣᠷᠴᠢᠨ | ᠳᠤᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ︽ᠵᠠᠭᠤᠨ ᠡᠳᠤᠷ ᠤᠨ ᠪᠤᠭᠤᠮᠳᠠ ᠰᠢᠪᠳᠤᠯᠬᠤ ᠳᠤᠰᠬᠠᠢ ᠠᠵᠢᠯᠯᠠᠭ᠎ᠠ︾ ᠶᠢ ᠡᠬᠢᠯᠡᠭᠦᠯᠵᠦ᠂ | ᠦᠷᠭᠦᠯᠵᠢᠯᠡᠨ ᠪᠤᠵᠠᠷ ᠪᠤᠷᠲᠠᠭ ᠢ ᠠᠷᠢᠯᠭᠠᠨ᠂ ᠡᠮᠬᠢ ᠵᠠᠮᠪᠠᠷᠠᠭ᠎ᠠ ᠦᠭᠡᠢ ᠪᠠᠶᠢᠳᠠᠯ ᠢ ᠵᠠᠰᠠᠵᠤ᠂ ᠨᠣᠭᠤᠭᠠᠨ ᠦᠩᠭᠡ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠤᠬᠰᠠᠨ ᠪᠠᠶᠢᠨ᠎ᠠ︔ ᠱᠢ ᠡᠯ ᠯᠢᠶᠠᠨ ᠴᠧᠩ ᠰᠢᠶᠠᠩ ᠨᠢ ᠪᠦᠬᠦ ᠤᠯᠤᠰ ᠤᠨ ᠬᠥᠳᠡᠭᠡ | ᠲᠣᠰᠬᠤᠨ ᠢ ᠴᠡᠭᠴᠡᠯᠡᠨ ᠵᠠᠰᠠᠬᠰᠠᠨ ᠵᠢᠱᠢᠶ᠎ᠡ ᠦᠵᠡᠭᠦᠯᠬᠦ ᠰᠢᠶᠠᠩ ᠪᠠᠯᠭᠠᠰᠤ ᠪᠠᠷ ᠦᠨᠡᠯᠡᠭᠳᠡᠪᠡ᠃ | ᠭᠤᠷᠪᠠ ᠳᠤ ᠰᠠᠭᠤᠷᠢ ᠲᠥᠬᠦᠭᠡᠷᠦᠮᠵᠢ ᠶᠢᠨ ᠲᠣᠣᠷᠵᠢᠯᠳᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠰᠢᠤᠸᠠᠢ ᠵᠢᠶᠠ ᠸᠠᠨ ᠳ᠋ᠡ ᠯᠥ ᠶᠢᠨ ᠴᠣᠭᠴᠠᠵᠢᠭᠰᠠᠨ | ᠠᠬᠢᠴᠠ ᠶᠢ ᠬᠦᠴᠦᠯᠡᠨ ᠲᠦᠷᠭᠡᠳᠬᠡᠵᠦ᠂ ᠲᠦᠷᠭᠡᠨ ᠨᠡᠪᠲᠡᠷᠡᠬᠦ ᠵᠠᠮ ᠤᠨ ᠠᠶᠤᠯ ᠤᠨ ᠳᠠᠯᠳᠠ ᠭᠡᠮ ᠢ ᠵᠠᠰᠠᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ | ᠭᠡᠷᠡᠯᠲᠦᠭᠦᠯᠭᠡ ᠶᠢᠨ ᠢᠨᠵᠧᠨᠧᠷᠢᠩ ᠢ ᠳᠠᠭᠤᠰᠬᠠᠪᠠ᠃ ᠵᠡᠬᠦᠠᠭᠠᠷ ᠤᠨ ᠡᠨᠧᠷᠭᠢ ᠶᠢᠨ ᠺᠤᠮᠫᠠᠨᠢ ᠶᠢᠨ ᠠᠮᠢᠳᠤᠷᠠᠯ ᠤᠨ ᠲᠣᠭᠤᠷᠢᠭ ᠤᠨ ︽ᠭᠤᠷᠪᠠᠨ ᠬᠠᠩᠭᠠᠯᠭ᠎ᠠ ᠨᠢᠭᠡ | ᠤᠶᠢᠯᠡᠰ︾ ᠢ ᠰᠡᠯᠪᠢᠨ ᠵᠠᠰᠠᠵᠤ ᠥᠭᠡᠷᠡᠴᠢᠯᠡᠬᠦ᠂ ᠬᠤᠲᠠ ᠶᠢᠨ ᠶᠠᠪᠤᠳᠠᠯ ᠤᠨ ᠵᠠᠮ ᠢ ᠥᠷᠭᠡᠳᠬᠡᠨ ᠵᠠᠰᠠᠬᠤ ᠪᠠ ᠭᠠᠵᠠᠷ ᠳᠤᠤᠷᠠᠬᠢ ᠬᠤᠭᠤᠯᠠᠶ ᠳᠤᠤᠷ ᠤᠨ | ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ 1 ᠲᠦᠮᠡ ᠭᠠᠷᠤᠶ ᠡᠷᠦᠬᠡ ᠳᠤ ᠪᠠᠶᠢᠭᠠᠯᠢ ᠶᠢᠨ ᠰᠢᠲᠠᠮᠠᠬᠠᠶ ᠬᠡᠢ ᠤᠷᠤᠭᠤᠯᠬᠤ ᠨᠥᠬᠦᠴᠡᠯ ᠢ | ᠪᠦᠷᠢᠯᠳᠦᠭᠦᠯᠵᠦ᠂ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠳᠠ ᠶᠢᠨ ᠭᠠᠵᠠᠷ ᠢ 41.48 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ | ᠱᠠᠬᠳᠠᠷ᠂ ᠰᠢᠤᠸᠠᠢ ᠵᠢᠶᠠ ᠸᠠᠨ ᠬᠤᠶᠠᠷ ᠭᠠᠵᠠᠷ ᠤᠨ ᠬᠠᠭᠤᠴᠢᠨ ᠬᠤᠳᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠢᠴᠢ ᠬᠤᠲᠠ ᠶᠢᠨ ᠶᠠᠪᠤᠳᠠᠯ ᠤᠨ ᠲᠥᠷᠥᠯ | ᠵᠤᠶᠢᠯ ᠢ ᠯᠠᠪᠳᠠᠭᠤᠨ ᠢᠶᠠᠷ ᠠᠬᠢᠭᠤᠯᠪᠠ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠳᠠᠬᠢᠨ ᠬᠢᠨᠠᠨ ᠰᠢᠯᠭᠠᠯᠲᠠ ᠶᠢ | ᠦᠡᠭᠭᠡᠷᠡᠭᠡᠪᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠳᠤᠨ ᠭᠤᠣᠯ ᠤᠨ ᠬᠤᠶᠠᠳᠤᠭᠠᠷ | ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠧᠩ ᠰᠢ ᠠᠴᠠ ᠱᠠᠨ ᠰᠢ ᠶᠢᠨ ᠳᠤᠮᠳᠠ ᠬᠡᠰᠡᠭ ᠬᠦᠷᠬᠦ | ᠣᠨᠴᠠ ᠥᠨᠳᠥᠷ ᠬᠦᠴᠦᠳᠡᠯᠲᠦ ᠴᠠᠬᠢᠯᠭᠠᠨ ᠤ ᠬᠤᠶᠠᠳᠤᠭᠠᠷ ᠬᠤᠭᠤᠴᠠᠭ᠎ᠠ᠂ ᠬᠠᠢ ᠽᠢ ᠲᠠ ᠶᠢᠨ 220 ᠺᠢᠯᠣᠸᠤᠯᠲ ᠤᠨ ᠴᠠᠬᠢᠯᠭᠠᠨ ᠬᠤᠪᠢᠰᠬᠠᠵᠤ ᠬᠦᠷᠭᠡᠬᠦ | ᠵᠡᠷᠭᠡ ᠲᠥᠷᠥᠯ ᠵᠦᠢᠯ ᠢ ᠡᠮᠬᠢ ᠳᠢᠭᠯᠢᠮ ᠲᠠᠢ ᠪᠠᠷ ᠠᠬᠢᠭᠤᠯᠪᠠ᠃ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 88.8 ᠺᠢᠯᠣᠮᠧᠲᠷ ᠰᠢᠨ᠎ᠡ ᠪᠠᠷ ᠳᠡᠪᠢᠰᠴᠦ᠂ ᠢᠦᠢ | ᠱᠤ᠋ ᠸᠠᠨ ᠠᠴᠠ ᠮᠠ ᠵᠠ ᠬᠦᠷᠬᠦ᠂ ᠰᠢᠤᠸᠠᠢ ᠵᠢᠶᠠ ᠸᠠᠨ ᠠᠴᠠ ᠸᠧᠢ ᠵᠢᠶᠠ ᠮᠤᠤ ᠬᠦᠷᠬᠦ ᠱᠤᠭᠤᠮ ᠤᠨ ᠵᠡᠭᠦᠨ ᠬᠡᠰᠡᠭ ᠵᠢᠴᠢ ᠸᠠᠨ ᠵᠢᠶᠠ ᠵᠠᠢ ᠬᠠᠳᠤᠨ ᠭᠤᠣᠯ ᠤᠨ | ᠶᠡᠭᠡ ᠬᠥᠭᠦᠷᠭᠡ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠳ᠋ᠠ ᠹᠠᠨ ᠫᠦ᠋ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ ᠵᠠᠰᠠᠮᠠᠯ | ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ︽ᠵᠠᠰᠠᠮᠠᠯ ᠵᠠᠮ ᠢᠶᠠᠷ ᠳᠡᠭᠡᠭᠡᠪᠤᠷᠢᠯᠡᠵᠤ ᠪᠠᠶᠢᠬᠰᠠᠨ ᠢ ᠲᠡᠮᠦᠷ ᠵᠠᠮ ᠢᠶᠠᠷ ᠳᠡᠭᠡᠭᠡᠪᠤᠷᠢᠯᠡᠬᠦ︾ ᠶᠢ | ᠲᠦᠷᠭᠡᠨ ᠠᠬᠢᠭᠤᠯᠵᠤ᠂ ᠰᠧ ᠳ᠋ᠤᠤ ᠯᠢᠦ᠂ ᠭᠤᠸᠠᠨ ᠽᠢ ᠭᠧᠦ ᠵᠡᠷᠭᠡ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠢ | ᠠᠬᠢᠵᠤ᠂ ᠴᠢᠩ ᠴᠦᠨ ᠲᠠ ᠨᠡᠭᠦᠷᠡᠰᠦᠨ ᠠᠭᠤᠷᠬᠠᠢ ᠶᠢᠨ ᠲᠡᠮᠦᠷ ᠵᠠᠮ ᠤᠨ ᠲᠤᠰᠬᠠᠢ ᠱᠤᠭᠤᠮ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠵᠡᠬᠦᠠᠭᠠᠷ ᠠᠴᠠ | ᠱᠦᠸᠧᠵᠸᠤ ᠬᠦᠷᠬᠦ ᠲᠡᠮᠦᠷ ᠵᠠᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ | ᠲᠦᠷᠪᠡ ᠳᠤ ᠠᠮᠢ ᠠᠬᠤᠶ ᠶᠢᠨ ᠣᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠪᠠ᠃ ᠠᠮᠢ ᠠᠬᠤᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ | ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ | ᠪᠠᠶᠢᠴᠠᠭᠠᠯᠲᠠ ᠶᠢ ᠪᠡᠶᠡᠯᠡᠭᠦᠯᠪᠡ᠃ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠵᠡᠷᠭᠡ ᠴᠢᠬᠤᠯᠠ ᠶᠡᠭᠡ ᠠᠮᠢ ᠠᠬᠤᠢ ᠶᠢᠨ ᠲᠥᠷᠥᠯ ᠵᠤᠶᠢᠯ ᠤᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠣᠢ ᠰᠢᠭᠤᠶ ᠶᠢᠨ ᠠᠮᠢ ᠠᠬᠤᠶ ᠪᠠ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ | ᠠᠵᠢᠯ ᠢ 20.5 ᠲᠦᠮᠡᠨ ᠮᠦ ᠪᠡᠶᠡᠯᠡᠭᠦᠯᠵᠦ᠂ ᠣᠢ ᠰᠢᠭᠤᠶ ᠶᠢᠨ ᠪᠦᠷᠬᠦᠴᠡ ᠶᠢᠨ ᠨᠣᠷᠮ᠎ᠠ 35.6% ᠳᠤ ᠬᠦᠷᠪᠡ᠃ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠢ ᠰᠡᠷᠭᠦᠭᠡᠨ ᠵᠠᠰᠠᠬᠤ ᠶᠢ ᠴᠢᠩᠭᠠᠳᠬᠠᠵᠤ᠂ ᠠᠭᠤᠷᠬᠠᠢ ᠶᠢᠨ ᠣᠷᠣᠨ ᠤ 2025 ᠾᠧᠺᠲ᠋ᠠᠷ ᠳᠠᠬᠢᠨ ᠠᠳᠠᠷᠰᠢᠭᠤᠯᠬᠤ ᠶᠢ ᠪᠡᠶᠡᠯᠡᠭᠦᠯᠪᠡ︔ 16 | ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ ᠵᠢᠯ ᠤᠨ ᠲᠥᠯᠥᠪᠯᠡᠭᠡ ᠪᠠᠨ 160% ᠪᠠᠷ ᠪᠡᠶᠡᠯᠡᠭᠦᠯᠪᠠ᠃ ᠭᠤᠷᠪᠠᠨ ᠱᠠᠲᠤᠨ ᠤ ᠭᠤᠤᠯ ᠤᠨ ᠬᠠᠮᠢᠶᠠᠷᠤᠯᠳᠠ ᠶᠢᠨ | ᠳᠠᠷᠤᠭ᠎ᠠ ᠶᠢᠨ ᠲᠦᠷᠢᠮ ᠤᠨ ᠳᠤᠬᠳᠠᠯᠴᠠᠭ᠎ᠠ ᠨᠢ ᠪᠥᠬᠦ ᠲᠠᠯ᠎ᠠ ᠪᠠᠷ ᠦᠷ᠎ᠡ ᠪᠦᠲᠦᠮᠵᠢ ᠣᠯᠵᠤ᠂ 77 ᠭᠤᠤᠯ ᠤᠨ ᠤᠷᠤᠰᠬᠠᠯ ︽ᠨᠢᠭᠡ ᠭᠤᠤᠯ ᠨᠢᠭᠡ ᠲᠠᠩᠰᠠ | ᠡᠪᠬᠡᠮᠡᠯ︾ ᠲᠠᠢ ᠪᠤᠯᠵᠤ᠂ ᠭᠤᠤᠯ ᠨᠠᠭᠤᠷ ᠴᠥᠭᠦᠷᠥᠮ ᠤᠨ ︽ᠳᠥᠷᠪᠡᠨ ᠳᠤᠷᠠᠪᠠᠷ ᠪᠠᠶᠢᠳᠠᠯ ᠢ ᠴᠡᠪᠡᠷᠯᠡᠬᠦ︾ ᠠᠵᠢᠯ ᠢᠯᠡᠳᠲᠡ ᠦᠷ᠎ᠡ ᠪᠦᠲᠦᠮᠵᠢ ᠣᠯᠵᠤ᠂ | ᠴᠢᠬᠤᠯᠠ ᠤᠰᠤᠨ ᠤ ᠴᠢᠳᠠᠪᠬᠢᠳᠤ ᠣᠷᠣᠨ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠴᠦ᠂ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ | ᠲᠠᠪᠤ ᠳᠤ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠪᠠ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠨ᠂ | ᠨᠠᠷᠠᠲᠤ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ᠂ 359 ᠪᠠᠭᠰᠢ ᠶᠢ ᠤᠷᠢᠨ ᠠᠪᠴᠢᠷᠠᠵᠤ᠂ ᠰᠤᠷᠭᠠᠨ ᠬᠥᠮᠦᠵᠢᠯ ᠤᠨ 7 | ᠲᠥᠷᠥᠯ ᠵᠤᠶᠢᠯ ᠢ ᠪᠠᠶᠢᠭᠤᠯᠤᠨ ᠠᠰᠢᠬᠯᠠᠯᠳᠠ ᠳᠤ ᠤᠷᠤᠭᠤᠯᠤᠨ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ | ᠥᠯᠢᠭᠡᠷ ᠳᠠᠭᠤᠷᠢᠶᠠᠯᠳᠤ ᠰᠢᠶᠠᠨ ᠢᠶᠠᠷ ᠲᠣᠭᠲᠠᠭᠠᠬᠳᠠᠪᠠ᠃ ︽ᠡᠷᠡᠭᠦᠯ ᠬᠠᠮᠠᠭᠠᠯᠠᠯ᠂ ᠡᠷᠡᠭᠦᠯ ᠮᠡᠨᠳᠦ︾ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠵᠡᠷᠭᠡ ᠠᠯᠢ ᠣᠯᠠᠨ ᠡᠷᠡᠭᠦᠯ ᠬᠠᠮᠠᠭᠠᠯᠠᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠯᠤᠰ ᠠᠴᠠ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠬᠤᠰᠢᠭᠤ ᠰᠢᠶᠠᠨ ᠪᠣᠯᠪᠠ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ | 88.7% ᠳᠤ ᠬᠦᠷᠪᠡ᠃ ᠡᠯ᠎ᠡ ᠲᠥᠷᠥᠯ ᠤᠨ ᠬᠦᠴᠢᠷᠳᠡᠯ ᠲᠠᠢ ᠤᠯᠠᠨ ᠳᠦᠮᠡᠨ ᠳᠤ ᠪᠠᠲᠤᠯᠠᠭ᠎ᠠ ᠶᠢᠨ ᠪᠡᠯᠡ ᠮᠥᠩᠭᠦ 8430.3 ᠲᠦᠮᠡᠨ ᠲᠥᠭᠦᠷᠢᠭ ᠲᠠᠷᠬᠠᠭᠠᠪᠠ | ᠃ ᠣᠯᠠᠨ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠠᠵᠢᠯᠲᠠᠨ ᠠᠵᠢᠯᠴᠢᠨ ᠤ ᠰᠣᠶᠣᠯ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ᠂ ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ ᠲᠥᠪ ᠤᠨ ᠲᠥᠷᠥᠯ ᠵᠤᠶᠢᠯ ᠡᠮᠬᠢ ᠳᠢᠭᠯᠢᠮ ᠲᠠᠢ ᠪᠠᠷ ᠠᠬᠢᠵᠤ᠂ ᠱᠢ | ᠵᠢᠢ ᠳᠤᠮᠳᠠᠳᠤ ᠰᠤᠷᠭᠠᠭᠤᠯᠢ ᠵᠡᠷᠭᠡ 5 ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠲᠠᠯᠠᠪᠠᠢ ᠨᠢ ᠭᠠᠳᠠᠭᠰᠢ ᠨᠡᠭᠡᠭᠡᠯᠲᠡ ᠬᠢᠵᠦ᠂ ᠮᠠᠩᠬᠠᠨ ᠠᠶᠠᠯᠭᠤ ᠶᠢᠨ | ᠳᠠᠭᠤᠯᠠᠯᠳᠤ ᠵᠦᠴᠦᠭᠡ ︽ᠰᠡᠳᠬᠢᠯ ᠤᠨ ᠠᠷᠭᠠᠮᠵᠢᠶ᠎ᠠ︾ ᠨᠢ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ | ᠢᠨᠵᠧᠨᠧᠷᠢᠩ︾ ᠤᠨ ᠱᠠᠩᠨᠠᠯ ᠢ ᠬᠦᠷᠲᠡᠪᠡ᠃ | ᠵᠢᠷᠭᠤᠭ᠎ᠠ ᠳᠤ ᠳᠡᠤᠭᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠬᠦᠴᠦᠯᠡᠨ ᠰᠢᠢᠳᠪᠤᠷᠢᠯᠡᠪᠡ᠃ ᠥᠩᠭᠡᠷᠡᠭᠰᠡᠨ ᠵᠢᠯ ᠤᠳ ᠤᠨ ᠭᠠᠵᠠᠷ ᠰᠢᠷᠣᠶ ᠶᠢᠨ | ᠳᠤᠬᠳᠠᠮᠠᠯ ᠱᠠᠯᠠᠪᠳᠠᠭᠤᠯᠤᠬᠰᠠᠨ ᠪᠠᠶᠢᠴᠠᠭᠠᠯᠲᠠ᠂ ᠳᠠᠭᠠᠭᠤᠯᠢ ᠤᠳᠤᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠭᠠᠵᠠᠷ | ᠰᠢᠷᠣᠶ ᠶᠢᠨ ᠬᠠᠤᠯᠢ ᠶᠢ ᠵᠥᠷᠢᠴᠡᠭᠰᠡᠨ ᠠᠰᠠᠭᠤᠳᠠᠯ ᠢ ᠬᠦᠴᠦᠲᠡᠶ ᠴᠡᠭᠴᠡᠯᠡᠨ ᠵᠠᠰᠠᠵᠤ᠂ ᠬᠦᠴᠤᠨ ᠴᠢᠳᠠᠯ ᠢᠶᠠᠨ ᠲᠥᠪᠯᠡᠷᠡᠭᠦᠯᠦᠨ ᠵᠠᠳᠠᠭᠠᠶ ᠨᠡᠭᠦᠷᠡᠰᠦᠨ | ᠠᠭᠤᠷᠬᠠᠶ ᠶᠢᠨ ᠲᠦᠷ ᠴᠠᠭ ᠭᠡᠷᠡᠭᠯᠡᠬᠦ ᠭᠠᠵᠠᠷ ᠰᠢᠷᠣᠶ ᠶᠢ ᠰᠡᠷᠭᠦᠭᠡᠨ ᠠᠳᠠᠷᠰᠢᠭᠤᠯᠵᠤ ᠪᠤᠴᠠᠭᠠᠬᠤ ᠠᠵᠢᠯ ᠢ ᠠᠬᠢᠭᠤᠯᠵᠤ᠂ ᠰᠡᠷᠭᠦᠭᠡᠨ ᠠᠳᠠᠷᠰᠢᠭᠤᠯᠬᠤ ᠶᠣᠰᠣᠲᠠᠶ ᠶᠢ | ᠨᠢ ᠴᠦᠮ ᠰᠡᠷᠭᠦᠭᠡᠨ ᠠᠳᠠᠷᠰᠢᠭᠤᠯᠬᠤ᠂ ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ ᠶᠢ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠵᠣᠭᠤᠰ ᠢ 12.87 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠪᠡᠯᠡ ᠣᠷᠣᠭᠤᠯᠤᠯᠲᠠ 24.1% ᠪᠠᠷ ᠨᠡᠮᠡᠭᠳᠡᠪᠡ᠃ ᠨᠢᠭᠡ ᠪᠦᠯᠦᠭ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ᠂ ᠨᠤᠷᠠᠭᠠᠵᠤ | ᠨᠡᠭᠦᠯᠭᠡᠬᠦ ᠥᠭᠡᠷᠡᠴᠢᠯᠡᠯᠲᠡ ᠵᠡᠷᠭᠡ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠰᠢᠢᠳᠪᠤᠷᠢᠯᠡᠵᠤ᠂ | 35ᠰᠠᠭᠤᠭᠠᠯᠢ ᠲᠣᠭᠤᠷᠢᠭ᠂ 14634 ᠰᠠᠭᠤᠭᠠᠯᠢ ᠠᠷᠠᠳ ᠲᠤ ᠣᠷᠣᠨ ᠰᠠᠭᠤᠴᠠ ᠶᠢᠨ ᠥᠮᠴᠢᠯᠡᠬᠦ ᠡᠷᠬᠡ ᠶᠢᠨ ᠳᠠᠩᠰᠠᠯᠠᠯᠳᠠ ᠶᠢ ᠬᠦᠢᠴᠡᠳᠭᠡᠵᠤ᠂ 1438 | ᠢᠵᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠬᠡᠷ ᠪᠠᠶᠢᠰᠢᠩ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠪᠠ᠃ | ᠲᠤᠯᠤᠭ᠎ᠠ ᠳᠤ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠳᠤᠭᠤᠰᠢᠯᠠᠭᠤᠯᠤᠨ | ᠨᠠᠶᠢᠳᠠᠪᠤᠷᠢᠵᠢᠭᠤᠯᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠤᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠪᠠ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 100 ᠬᠤᠪᠢ ᠠᠷᠠᠳ ᠤᠨ | ᠲᠥᠯᠥᠭᠡᠯᠡᠭᠴᠢᠳ ᠤᠨ ᠰᠠᠨᠠᠭᠤᠯᠭ᠎ᠠ᠂ 87 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠪᠦᠬᠦᠨ ᠢ ᠰᠢᠢᠳᠪᠤᠷᠢᠯᠡᠵᠤ | ᠳᠠᠭᠤᠰᠬᠠᠪᠠ᠃ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠠᠯᠪᠠᠯᠠᠬᠤ ᠬᠡᠷ ᠪᠣᠯᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠴᠢᠩᠳᠠᠯᠠᠵᠤ | ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠡᠩ ᠤᠨ ᠴᠢᠨᠠᠷᠲᠠᠶ ᠵᠠᠷᠤᠯᠭ᠎ᠠ ᠶᠢ 10% ᠪᠠᠷ ᠪᠠᠭᠠᠰᠬᠠᠪᠠ᠃ | ᠡᠭᠦᠨ ᠤ ᠬᠠᠮᠲᠤ ᠦᠨᠳᠦᠰᠦᠲᠡᠨ ᠱᠠᠰᠢᠨ ᠰᠤᠷᠲᠠᠬᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ | ᠳᠡᠤᠭᠡ ᠣᠶᠢᠯᠠᠯᠭ᠎ᠠ ᠶᠢᠨ ᠲᠠᠩᠰᠠ ᠡᠪᠬᠡᠮᠡᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠨᠠᠰᠤᠲᠠᠶᠢᠴᠤᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ | ᠠᠵᠢᠯᠴᠢᠨ ᠤ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠪᠠ ᠡᠮᠡᠭᠲᠡᠶᠢᠴᠦᠳ᠂ ᠤᠯᠠᠭᠠᠨ ᠵᠠᠭᠠᠯᠮᠠᠶᠢᠲᠠᠨ᠂ ᠵᠡᠮᠳᠡᠭᠴᠦᠳ ᠵᠡᠷᠭᠡ ᠤᠶᠢᠯᠡᠰ ᠴᠥᠮ ᠰᠢᠨ᠎ᠡ ᠦᠷ᠎ᠡ | ᠪᠦᠲᠦᠮᠵᠢ ᠤᠯᠪᠠ᠃ | ᠢᠯᠠᠩᠭᠤᠶ᠎ᠠ ᠰᠢᠨ᠎ᠡ ᠲᠢᠲᠢᠮᠯᠢᠭ ᠡᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤᠨ ᠤ | ᠬᠢᠨ ᠦᠳᠲᠡᠷ ᠲᠦᠷᠭᠡᠨ ᠴᠤᠤᠷᠢᠶᠠᠳᠤᠨ ᠳᠠᠭᠠᠵᠤ᠂ ᠡᠯ᠎ᠡ ᠱᠠᠲᠤᠨ ᠤ ᠺᠠᠳ᠋ᠷᠴᠤᠳ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠡᠳᠦᠷ ᠰᠥᠨᠢ ᠥᠬᠡᠶ ᠪᠠᠲᠤ | ᠰᠠᠬᠢᠵᠤ᠂ ᠡᠮᠨᠡᠯᠭᠡ ᠶᠢᠨ ᠠᠵᠢᠯᠲᠠᠳ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠬᠦᠴᠢᠷ ᠢ ᠰᠦᠷᠦᠨ ᠤᠷᠤᠭᠰᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ | ᠢᠳᠡᠪᠬᠢᠲᠡᠶ ᠣᠷᠣᠯᠴᠠᠵᠤ᠂ ᠣᠯᠠᠨ ᠤ ᠵᠣᠷᠢᠭ ᠨᠢᠭᠡᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ ᠢ ᠬᠦᠴᠦ ᠪᠠᠨ | ᠬᠠᠮᠲᠤᠳᠬᠠᠨ ᠰᠠᠶᠢᠲᠤᠷ ᠬᠢᠵᠦ᠂ ᠤᠶᠢᠯᠡᠳᠪᠤᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠨ ᠰᠡᠷᠭᠦᠭᠡᠵᠦ᠂ ᠠᠵᠤ ᠠᠬᠤᠶ ᠨᠡᠶᠢᠭᠡᠮ ᠤᠨ ᠠᠵᠢᠯᠯᠠᠭᠠᠨ ᠠᠯᠬᠤᠮ | ᠠᠯᠬᠤᠮ ᠢᠶᠠᠷ ᠬᠡᠪ ᠤᠨ ᠪᠠᠶᠢᠳᠠᠯ ᠳᠤ ᠤᠷᠤᠭᠰᠠᠨ ᠪᠠᠶᠢᠨ᠎ᠠ᠃ | ᠲᠥᠯᠥᠭᠡᠯᠡᠭᠴᠢᠳ ᠡ᠂ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ | ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ | ᠪᠠᠰᠠ ᠴᠤ ᠪᠦᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠬᠠᠮᠵᠢᠯᠴᠠᠵᠤ᠂ ᠴᠥᠬᠦᠷᠡᠰᠢ ᠦᠭᠡᠢ | ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠵᠡᠭᠦᠨᠭᠠᠷ ᠤᠨ ᠬᠥᠭᠵᠢᠯᠲᠡ ᠳᠤ ᠠᠩᠬᠠᠷᠤᠯ | ᠲᠠᠯᠪᠢᠭᠰᠠᠨ᠂ ᠳᠡᠮᠵᠢᠭᠰᠡᠨ᠂ ᠣᠷᠣᠯᠴᠠᠭᠰᠠᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠹᠷᠣᠨᠲ ᠳᠡᠭᠡᠷ᠎ᠡ ᠡᠷᠡᠯᠬᠡᠭᠯᠡᠨ ᠪᠠᠶᠢᠯᠳᠤᠵᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠡᠳᠡᠭᠡᠷ ᠠᠮᠵᠢᠯᠲᠠ ᠶᠢ ᠣᠯᠤᠬᠰᠠᠨ ᠤ ᠬᠠᠮᠲᠤ᠂ ᠪᠢᠳᠠ ᠪᠠᠰᠠ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠥᠭᠡᠨ ᠪᠤᠰᠤ ᠬᠦᠴᠢᠷᠳᠡᠯ | ᠪᠠ ᠥᠷᠢᠰᠥᠯᠳᠦᠭᠡᠨ ᠣᠷᠣᠰᠢᠵᠤ ᠪᠠᠶᠢᠬᠤ ᠶᠢ ᠰᠡᠷᠭᠡᠭ ᠢᠶᠠᠷ ᠤᠯᠵᠤ ᠳᠠᠨᠢᠪᠠ᠃ ᠡᠨᠡ ᠨᠢ ᠭᠤᠤᠯᠳᠠᠭᠤ᠄ ᠠᠵᠤ ᠤᠶᠢᠯᠡᠰ ᠤᠨ ︽ᠳᠦᠷᠪᠡᠨ ᠤᠯᠠᠨ ᠳᠦᠷᠪᠡᠨ | ᠴᠥᠭᠡᠨ︾ ᠪᠠᠶᠢᠬᠤ ᠠᠰᠠᠭᠤᠳᠠᠯ ᠪᠠᠰᠠ ᠮᠠᠰᠢ ᠲᠤᠪᠤᠶᠢᠮ᠎ᠠ ᠪᠠᠶᠢᠵᠤ᠂ ᠰᠢᠨ᠎ᠡ ᠬᠥᠳᠡᠯᠭᠡᠭᠦ ᠡᠨᠧᠷᠭᠢ᠂ ᠰᠢᠨ᠎ᠡ ᠠᠵᠤ ᠤᠶᠢᠯᠡᠰ ᠬᠠᠷᠠᠬᠠᠨ ᠬᠦᠴᠦᠲᠡᠶ ᠲᠦᠰᠢᠭ | ᠲᠤᠯᠭᠠᠭᠤᠷᠢᠯᠠᠯ ᠪᠤᠯᠵᠤ ᠴᠢᠳᠠᠭᠠᠳᠤᠶ ᠪᠠᠶᠢᠨ᠎ᠠ ︔ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ᠂ ᠬᠡᠪᠴᠢᠶᠡᠵᠢᠯᠲᠡ᠂ ᠲᠤᠰᠬᠠᠶᠢᠵᠢᠭᠰᠠᠨ ᠬᠡᠮᠵᠢᠶ᠎ᠡ | ᠥᠨᠳᠥᠷ ᠪᠢᠰᠢ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ ᠡᠭᠦᠷᠭᠡ ᠬᠦᠨᠳᠦ ᠵᠠᠮ ᠬᠤᠯᠠ ᠪᠠᠶᠢᠨ᠎ᠠ︔ ︽ᠳᠠᠯᠪᠢᠬᠤ ᠬᠠᠮᠢᠶᠠᠷᠬᠤ ᠤᠶᠢᠯᠡᠴᠢᠯᠡᠬᠦ︾ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠠᠰᠠ ᠪᠣᠳᠠᠲᠠᠶ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ | ᠳᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠰᠠ ᠲᠡᠭᠦᠯᠳᠡᠷᠵᠢᠭᠡᠳᠦᠢ ᠪᠠᠶᠢᠭᠰᠠᠭᠠᠷ᠂ ᠣᠨᠴᠠᠭᠠᠶᠢᠯᠠᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ | ᠡᠭᠦᠷᠭᠡ ᠲᠦᠢᠯ ᠤᠨ ᠬᠠᠲᠠᠭᠤ ᠪᠡᠷᠬᠡ ᠪᠠᠶᠢᠭᠰᠠᠭᠠᠷ︔ ᠨᠡᠶᠢᠭᠡᠮ ᠤᠨ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠲᠤᠪᠤᠶᠢᠮ᠎ᠠ ᠵᠥᠷᠢᠴᠡᠯ ᠢ ᠤᠯᠠᠮ ᠨᠢᠭᠡ ᠠᠯᠬᠤᠮ ᠰᠢᠢᠳᠪᠤᠷᠢᠯᠡᠬᠦ ᠴᠢᠬᠤᠯᠠᠲᠠᠶ ᠪᠠᠶᠢᠨ᠎ᠠ ︔ ᠡᠯ᠎ᠡ ᠱᠠᠲᠤᠨ ᠤ | ᠺᠠᠳ᠋ᠷ ᠤᠨ ᠴᠢᠳᠠᠪᠤᠷᠢ ᠬᠡᠪ ᠴᠢᠨᠠᠷ ᠨᠢ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠱᠠᠭᠠᠷᠳᠠᠯᠭ᠎ᠠ ᠲᠠᠢ | ᠬᠠᠷᠠᠬᠠᠨ ᠵᠣᠬᠢᠴᠠᠬᠤ ᠦᠭᠡᠢ᠂ ᠬᠢᠬᠦ ᠰᠠᠨᠠᠭ᠎ᠠ ᠦᠭᠡᠢ᠂ ᠬᠢᠬᠦ ᠵᠣᠷᠢᠭ ᠦᠭᠡᠢ᠂ ᠬᠢᠵᠤ ᠴᠢᠳᠠᠬᠤ ᠦᠭᠡᠢ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ | ᠪᠠᠶᠢᠨ᠎ᠠ᠃ ᠡᠭᠦᠨ ᠳᠤ ᠪᠢᠳᠡ ᠠᠰᠠᠭᠤᠳᠠᠯ ᠪᠠ ᠥᠷᠢᠰᠥᠯᠳᠦᠭᠡᠨ ᠳᠤ ᠰᠢᠭᠤᠳ ᠬᠠᠨᠳᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠦᠴᠦᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠢᠳᠪᠤᠷᠢᠯᠡᠬᠦ ᠬᠡᠷᠡᠭᠲᠡᠶ ᠪᠠᠶᠢᠨ᠎ᠠ᠃ | ᠬᠤᠶᠠᠷ᠂ 2020 ᠣᠨ ᠤ ᠬᠠᠷᠠᠯᠲᠠ ᠡᠭᠦᠷᠭᠡ ᠪᠠ ᠠᠵᠢᠯ ᠤᠨ ᠭᠤᠣᠯᠳᠠᠯᠭ᠎ᠠ | ᠣᠳᠣᠬᠠᠨ ᠳᠤ᠂ ᠠᠵᠤ ᠠᠬᠤᠢ ᠶᠢᠨ ᠡᠷᠬᠢᠯᠳᠡ ᠤᠷᠤᠭᠤᠳᠠᠬᠤ ᠳᠠᠷᠤᠯᠲᠠ ᠳᠤ ᠲᠤᠯᠭᠠᠷᠠᠵᠤ᠂ ᠬᠥᠭᠵᠢᠯᠲᠡ ᠶᠢᠨ ᠣᠷᠴᠢᠨ ᠲᠣᠭᠤᠷᠢᠨ ᠤ ᠳᠤᠮᠳᠠᠬᠢ | ᠲᠣᠭᠲᠠᠪᠤᠷᠢ ᠦᠭᠡᠢ᠂ ᠲᠣᠭᠲᠠᠭᠤᠨ ᠪᠤᠰᠤ ᠬᠦᠴᠦᠨ ᠵᠦᠢᠯ ᠠᠭᠠᠵᠢᠮ ᠢᠶᠠᠷ ᠨᠡᠮᠡᠭᠳᠡᠵᠦ᠂ ᠡᠯ᠎ᠡ ᠵᠦᠢᠯ ᠤᠨ ᠤᠷᠲᠤ ᠬᠤᠭᠤᠴᠠᠭᠠᠨ ᠤ ᠪᠠ ᠣᠬᠤᠷ ᠬᠤᠭᠤᠴᠠᠭ᠎ᠠ᠂ | ᠳᠣᠲᠣᠭᠠᠳᠤ ᠪᠠ ᠭᠠᠳᠠᠭᠠᠳᠤ ᠬᠦᠴᠦᠨ ᠵᠦᠢᠯ ᠬᠤᠷᠠᠮᠳᠤᠭᠰᠠᠨ ᠵᠥᠷᠢᠴᠡᠯ ᠶᠠᠭ ᠢᠯᠡᠷᠡᠵᠦ ᠪᠤᠢ᠃ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠤ | ᠡᠮᠦᠨ᠎ᠡ᠂ ᠪᠢᠳᠡ ᠣᠳᠣᠬᠠᠨ ᠤ ᠠᠵᠤ ᠠᠬᠤᠢ ᠶᠢᠨ ᠡᠷᠬᠢᠯᠳᠡ ᠲᠣᠭᠲᠠᠭᠤᠨ ᠤ ᠳᠤᠮᠳᠠ ᠬᠤᠪᠢᠷᠠᠯᠲᠠ ᠲᠠᠢ᠂ ᠬᠤᠪᠢᠷᠠᠯᠲᠠ ᠶᠢᠨ ᠳᠤᠮᠳᠠ ᠬᠦᠴᠢᠷ ᠲᠠᠢ ᠪᠠᠶᠢᠭ᠎ᠠ | ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠵᠤ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ | ᠬᠥᠭᠵᠢᠯᠲᠡ ᠶᠢᠨ ᠴᠢᠭᠯᠡᠯ ᠢ ᠬᠤᠪᠢᠷᠠᠭᠤᠯᠬᠤ ᠥᠬᠡᠶ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠤᠨ ᠲᠥᠷᠥᠯ ᠵᠤᠶᠢᠯ ᠢ ᠥᠷᠭᠡᠳᠬᠡᠬᠦ ᠭᠠᠷᠳᠠᠴᠠ ᠶᠢ | ᠬᠤᠪᠢᠷᠠᠭᠤᠯᠬᠤ ᠥᠬᠡᠶ᠂ ᠴᠢᠨᠡᠭᠡᠯᠢᠭ ᠨᠡᠶᠢᠭᠡᠮ ᠢ ᠪᠥᠬᠦ ᠲᠠᠯ ᠠ ᠪᠠᠷ ᠪᠡᠶᠡᠯᠡᠭᠦᠯᠬᠦ ᠰᠢᠢᠳᠪᠤᠷᠢᠳᠤ ᠢᠯᠠᠯᠲᠠ ᠶᠢ ᠤᠯᠬᠤ ᠣᠭ ᠰᠠᠨᠠᠭ᠎ᠠ ᠶᠢ ᠬᠤᠪᠢᠷᠠᠭᠤᠯᠬᠤ ᠥᠬᠡᠶ | ᠪᠠᠷ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠪᠣᠭᠤᠮᠲᠠ ᠰᠢᠪᠲᠤᠯᠬᠤ ᠬᠦᠴᠦᠨ ᠢ ᠨᠢᠭᠲᠠᠷᠠᠭᠤᠯᠤᠨ᠂ ᠳᠤᠲᠠᠭᠤᠳᠠᠯ ᠪᠠ ᠪᠠᠭᠤᠷᠠᠶ ᠳᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠪᠲᠤᠯᠤᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ᠂ | ᠬᠤᠲᠠ ᠪᠠ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠪᠣᠳᠠᠲᠠᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ | ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠳᠡ ᠶᠢᠨ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠣᠯᠤᠨ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠣᠷᠣᠨ᠂ ᠪᠦᠬᠦ | ᠬᠤᠲᠠ ᠪᠠ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠤᠭᠰᠠᠨ ᠤᠷᠢᠲᠠᠯ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ | ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ | ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠵᠢᠷᠭᠤᠭ᠎ᠠ ᠶᠢ | ᠳᠤᠬᠳᠠᠪᠤᠷᠢᠵᠢᠭᠤᠯᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠴᠢᠷᠮᠠᠶᠢᠨ ᠢᠯᠠᠨ ᠳᠠᠪᠠᠵᠤ᠂ ᠨᠡᠮᠡᠭᠳᠡᠯ ᠢ ᠲᠣᠭᠲᠠᠭᠤᠨ | ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠡᠷᠬᠢᠯᠳᠡ ᠶᠢ ᠵᠦᠶ ᠵᠣᠬᠢᠰᠲᠠᠶ ᠣᠷᠣᠨ ᠵᠠᠶ ᠳᠤ | ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ | ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠲᠦᠷᠭᠡᠨ ᠰᠦᠪᠡᠭᠴᠢᠯᠡᠨ᠎ᠡ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ 4% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 3% ᠣᠷᠴᠢᠮ ᠨᠡᠮᠡᠭᠳᠡᠭᠦᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2% ᠣᠷᠴᠢᠮ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠢ 3% ᠣᠷᠴᠢᠮ ᠨᠡᠮᠡᠭᠳᠡᠭᠦᠯᠤᠨ᠂ ᠨᠡᠶᠢᠭᠡᠮ ᠤᠨ ᠬᠡᠷᠡᠭᠯᠡᠭᠡᠨ ᠤ ᠵᠤᠶᠢᠯ ᠢ | ᠵᠢᠵᠢᠭᠯᠡᠨ ᠪᠤᠷᠤᠯᠠᠭᠤᠯᠬᠤ ᠶᠡᠷᠦᠩᠬᠡᠶ ᠲᠤᠭ᠎ᠠ ᠶᠢ 4% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ | ᠪᠣᠯᠬᠤ ᠣᠷᠣᠯᠭ᠎ᠠ ᠶᠢ ᠲᠣᠰ ᠲᠣᠰ 7% ᠪᠠ 8% ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠢᠳᠡ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠪᠣᠳᠠᠲᠤ ᠴᠣᠭᠴᠠ ᠶᠢᠨ ᠠᠵᠤ ᠠᠬᠤᠶ ᠶᠢᠨ | ᠰᠢᠰᠲ᠋ᠧᠮ ᠢ ᠪᠠᠶᠢᠭᠤᠯᠤᠨ᠎ᠠ᠃ | ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠷᠳᠣᠰ ᠬᠤᠲᠠ ᠶᠢᠨ ᠤᠯᠤᠰ ᠤᠨ ᠦᠷᠭᠦᠯᠵᠢᠯᠡᠭᠰᠡᠨ | ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ | ᠠᠳᠬᠤᠵᠤ᠂ ᠨᠢᠭᠡ ᠪᠦᠯᠦᠭ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠰᠡᠯᠭᠦᠬᠦ ᠬᠦᠴᠦᠨ ᠢᠶᠠᠨ ᠨᠡᠮᠡᠭᠳᠡᠭᠦᠯᠬᠦ ᠭᠤᠣᠯᠳᠠᠯᠭ᠎ᠠ ᠲᠠᠢ ᠲᠥᠷᠥᠯ ᠵᠦᠢᠯ ᠢ | ᠲᠥᠯᠥᠪᠵᠢᠭᠦᠯᠦᠨ ᠬᠡᠷᠡᠭᠵᠢᠭᠦᠯᠵᠦ᠂ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠨ᠂ ᠬᠡᠯᠪᠡᠷᠢ ᠪᠠᠨ ᠬᠤᠪᠢᠷᠠᠭᠤᠯᠬᠤ ᠲᠦᠭᠵᠢᠷᠡᠯ ᠢ ᠨᠡᠪᠲᠡᠷᠡᠭᠦᠯᠵᠦ᠂ | ᠬᠥᠭᠵᠢᠯᠲᠡ ᠶᠢᠨ ᠵᠠᠮ ᠮᠦᠷ ᠢ ᠨᠡᠪᠲᠡᠷᠡᠭᠦᠯᠦᠨ᠎ᠡ᠃ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 41 | ᠬᠡᠷᠡᠭᠵᠢᠭᠦᠯᠵᠦ᠂ ᠪᠡᠯᠡ ᠤᠷᠤᠭᠤᠯᠤᠯᠳᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠬᠦᠯᠤᠨ᠎ᠠ᠃ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ | ᠤᠷᠢᠬᠤ ᠶᠢ ᠪᠠᠷᠢᠮᠲᠠᠯᠠᠵᠤ᠂ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠨᠢᠳᠤᠨᠤᠨ ᠤ ᠣᠷᠣᠭᠤᠯᠤᠨ | ᠠᠪᠴᠢᠷᠠᠭᠰᠠᠨ 20 ᠲᠥᠷᠥᠯ ᠵᠤᠶᠢᠯ ᠢ ᠪᠦᠬᠦᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ | ᠲᠥᠬᠦᠭᠡᠷᠦᠮᠵᠢ ᠶᠢ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠤᠨ ᠣᠷᠣᠨ ᠵᠠᠢ ᠶᠢ ᠡᠮᠬᠢᠯᠡᠨ ᠨᠡᠶᠢᠯᠡᠭᠦᠯᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠣᠯᠠᠨ | ᠨᠡᠶᠢᠲᠡ ᠶᠢᠨ ᠦᠢᠯᠡᠴᠢᠯᠡᠭᠡ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠰᠤᠯᠠ ᠲᠠᠯᠪᠢᠵᠤ ᠪᠠᠶᠢᠭ᠎ᠠ ᠦᠷ᠎ᠡ ᠠᠰᠢᠭ ᠢᠶᠠᠷ ᠳᠣᠣᠷ᠎ᠠ ᠭᠠᠵᠠᠷ ᠪᠠ ︽ᠦᠬᠦᠰᠢᠷᠡᠮᠡᠯ | ᠠᠵᠤ ᠠᠬᠤᠶᠢᠯᠠᠯ︾ ᠢ ᠴᠡᠪᠡᠷᠯᠡᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠪᠠ ᠤᠶᠢᠯᠡᠳᠪᠤᠷᠢᠯᠡᠯ ᠤᠨ ᠴᠢᠨᠠᠷᠲᠠᠶ ᠤᠶᠢᠯᠡᠴᠢᠯᠡᠭᠡᠨ ᠤ ᠦᠢᠯᠡᠰ ᠤᠨ ᠲᠣᠭᠤᠷᠢᠨ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ | ᠲᠥᠷᠥᠯ ᠵᠤᠶᠢᠯ ᠤᠨ ᠤᠶᠢᠯᠡᠴᠢᠯᠡᠭᠡᠨ ᠤ ᠬᠦᠴᠤᠯᠡᠴᠡ ᠶᠢ ᠨᠡᠮᠡᠭᠳᠡᠬᠦᠯᠵᠤ᠂ ᠭᠤᠤᠯᠯᠠᠬᠤ ᠠᠵᠤ ᠤᠶᠢᠯᠡᠰ ᠲᠣᠳᠣᠷᠬᠠᠶ᠂ ᠬᠠᠷᠢᠴᠠᠭᠤᠯᠤᠭᠰᠠᠨ ᠳᠠᠪᠠᠭᠤᠯᠢᠭ | ᠢᠯᠡᠷᠬᠡᠶ᠂ ᠲᠥᠪᠯᠡᠷᠡᠯ ᠤᠨ ᠤᠶᠠᠯᠳᠤᠯ ᠲᠣᠪᠤᠶᠢᠮ᠎ᠠ ᠣᠳᠣ ᠦᠶ᠎ᠡ ᠶᠢᠨ ᠠᠵᠤ ᠦᠢᠯᠡᠰ ᠤᠨ ᠳᠤᠬᠳᠠᠯᠴᠠᠭ᠎ᠠ ᠶᠢ ᠲᠦᠷᠭᠡᠨ ᠪᠠᠶᠢᠭᠤᠯᠤᠨ᠎ᠠ᠃ | ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠢ ᠲᠦᠷᠭᠡᠳᠬᠡᠨ᠎ᠡ᠃ ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠤᠨ ᠬᠥᠭᠵᠢᠯᠲᠡ ᠶᠢᠨ | ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ | ᠲᠥᠪᠯᠡᠷᠡᠨ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ | ᠺᠠᠢ ᠯᠤᠸᠠᠨ ᠤ 40 ᠲᠦᠮᠡᠨ ᠲᠣᠨ ᠡᠲ᠋ᠠ ᠬᠤᠶᠠᠷᠴᠢ ᠠᠯᠺᠣᠣᠯ ᠤᠢᠢᠯᠡᠳᠪᠤᠷᠢᠯᠡᠬᠦ᠂ ᠵᠢᠤ ᠲᠠᠢ ᠶᠢᠨ ᠡᠲ᠋ᠧᠡ ᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᡁᠢ ᠰᠢᠨ ᠨᠡᠭᠦᠷᠡᠰᠦᠲᠥ᠋ᠷᠥᠭᠴᠢ ᠶᠢᠨ 30 ᠲᠦᠮᠡᠨ ᠲᠣᠨ ᠪᠢᠳᠡᠬᠦᠮᠵᠢᠯᠡᠭᠰᠡᠨ ᠨᠠᠭᠠᠯᠳᠠ ᠬᠢᠬᠦ᠂ ᠹᠦ᠋ ᠱᠢ ᠬᠤᠢ | ᠭᠤᠸᠠᠩ ᠤᠨ ᠲᠣᠭᠲᠠᠪᠤᠷᠢᠵᠢᠭᠤᠯᠤᠭᠴᠢ ᠤᠢᠢᠯᠡᠳᠪᠤᠷᠢᠯᠡᠬᠦ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠪᠠ ᠰᠢᠨ᠎ᠡ ᠶᠢ ᠡᠭᠦᠳᠬᠦ ᠬᠡᠯᠪᠡᠷᠢ ᠶᠢᠨ ᠬᠤᠰᠢᠭᠤ ᠰᠢᠶᠠᠨ ︵ | ᠬᠤᠲᠠ︶ ᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠬᠤᠭᠤᠴᠠᠭᠠᠲᠤ ᠡᠷᠬᠡ ᠶᠢ ᠤᠷᠮᠠᠰᠢᠭᠤᠯᠬᠤ᠂ | ᠮᠡᠷᠭᠡᠵᠢᠯ ᠢᠶᠠᠷ ᠬᠤᠪᠢ ᠣᠷᠣᠭᠤᠯᠬᠤ᠂ ᠦᠷ᠎ᠡ ᠪᠦᠲᠦᠭᠡᠯ ᠢ ᠱᠠᠩᠨᠠᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠪᠠ ᠦᠯᠡᠳᠡᠭᠡᠵᠦ ᠠᠪᠬᠤ ᠶᠢ ᠳᠡᠮᠵᠢᠨ᠎ᠡ᠃ ᠤᠶᠢᠯᠡᠳᠪᠤᠷᠢᠯᠡᠯ᠂ ᠰᠤᠷᠤᠯᠴᠠᠯᠭ᠎ᠠ᠂ ᠰᠤᠳᠤᠯᠭᠠᠨ ᠤ ᠪᠠᠶᠢᠭᠤᠯᠤᠮᠵᠢ ᠶᠢᠨ ᠨᠢᠭᠲᠠ ᠬᠠᠮᠲᠤᠷᠠᠯᠴᠠᠬᠤ ᠶᠢ ᠬᠥᠲᠥᠯᠦᠨ | ᠵᠢᠯᠣᠭᠤᠳᠴᠤ᠂ ᠭᠠᠵᠠᠷ ᠳᠤᠤᠷᠠᠬᠢ ᠨᠡᠭᠦᠷᠡᠰᠦ ᠶᠢ ᠬᠡᠶᠢᠵᠢᠭᠦᠯᠬᠦ ᠵᠡᠷᠭᠡ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ | ᠲᠦᠷᠭᠡᠳᠬᠡᠵᠦ᠂ ᠠᠵᠤ ᠤᠶᠢᠯᠡᠰ ᠢ ᠨᠠᠷᠢᠯᠢᠬᠵᠢᠭᠤᠯᠬᠤ᠂ ᠲᠠᠰᠵᠢᠬᠦᠯᠬᠦ ᠳᠠᠰᠢ ᠬᠥᠭᠵᠢᠬᠦ ᠶᠢ ᠠᠬᠢᠭᠤᠯᠤᠨ᠎ᠠ᠃ ᠨᠢᠭᠡ ᠪᠦᠯᠦᠭ ᠤᠯᠤᠰ ᠪᠠ ᠥᠪᠡᠷᠲᠡᠭᠡᠨ ᠵᠠᠰᠠᠬᠤ | ᠣᠷᠣᠨ ᠤ ᠲᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠢ ᠪᠠᠶᠢᠭᠤᠯᠵᠤ᠂ ᠵᠢᠯ ᠤᠨ ᠳᠣᠲᠣᠷ᠎ᠠ | ᠥᠪᠡᠷᠲᠡᠭᠡᠨ ᠵᠠᠰᠠᠬᠤ ᠣᠷᠣᠨ ᠤ ᠲᠡᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ 1᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5 ᠶᠢ ᠰᠢᠨ᠎ᠡ ᠪᠠᠷ | ᠨᠡᠮᠡᠭᠳᠡᠭᠦᠯᠦᠨ᠎ᠡ᠃ | ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ | ᠲᠥᠯᠥᠪᠵᠢᠭᠦᠯᠭᠡ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ᠬᠠᠲᠤᠨ | ᠭᠤᠤᠯ ᠤᠨ ᠰᠠᠪᠠ ᠭᠠᠵᠠᠷ ᠤᠨ ᠳᠡᠤᠭᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢ ᠰᠡᠷᠭᠦᠭᠡᠨ ᠵᠠᠰᠠᠬᠤ ᠢᠨᠵᠧᠨᠧᠷᠢᠩ ᠢ ᠡᠬᠢᠯᠡᠭᠦᠯᠵᠦ᠂ ᠬᠠᠲᠤᠨ | ᠭᠤᠤᠯ ᠳᠠᠭᠠᠤ ᠶᠢᠨ ᠠᠮᠢ ᠠᠬᠤᠶ ᠶᠢᠨ ᠬᠤᠩᠭᠢᠯ ᠢ ᠪᠥᠲᠥᠭᠡᠨ ᠪᠠᠶᠢᠭᠤᠯᠵᠤ᠂ ᠬᠠᠲᠤᠨ ᠭᠤᠤᠯ ᠤᠨ ᠡᠷᠬᠢ ᠳᠠᠭᠠᠤ ᠺᠢᠯᠣᠮᠧᠲᠷ ᠤᠨ ᠬᠡᠪᠴᠢᠶᠡᠨ ᠳᠠᠬᠢ ᠠᠵᠤ | ᠠᠬᠤᠶᠢᠯᠠᠯ ᠢ ᠠᠯᠬᠤᠮ ᠠᠯᠬᠤᠮ ᠢᠶᠠᠷ ᠡᠮᠬᠢ ᠳᠢᠭᠯᠢᠮ ᠲᠠᠢ ᠪᠠᠷ ᠤᠬᠤᠷᠢᠨ ᠭᠠᠷᠭᠠᠬᠤ ᠶᠢᠨ ᠬᠠᠮᠲᠤ ᠠᠮᠢ ᠠᠬᠤᠶ ᠶᠢ ᠰᠡᠷᠭᠦᠭᠡᠨ᠎ᠡ᠃ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 7 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠬᠠᠳᠤᠨ ᠭᠤᠣᠯ ᠤᠨ ᠦᠶᠡᠷ ᠢ ᠰᠡᠷᠭᠡᠶᠢᠯᠡᠵᠦ ᠰᠢᠪᠠᠷ ᠰᠢᠷᠤᠢ ᠢ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ | ᠠᠬᠤᠢ ᠶᠢᠨ ᠤᠰᠤᠨ ᠰᠤᠷᠪᠤᠯᠵᠢ ᠶᠢᠨ ᠢᠨᠵᠧᠨᠧᠷᠢᠩ ᠢ 1᠂ ᠬᠦᠷᠤᠰᠤ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ 6 ᠲᠦᠮᠡᠨ ᠮᠦ ᠬᠡᠷᠡᠭᠵᠢᠭᠦᠯᠵᠦ᠂ | ᠨᠤᠸᠠᠨ ᠱᠦᠢ ᠰᠢᠶᠠᠩ ᠤᠨ ᠬᠠᠶᠢᠷ ᠴᠢᠯᠠᠭᠤᠯᠢᠭ ᠬᠠᠯᠴᠠᠭᠠᠢ ᠣᠷᠣᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠭᠧ ᠴᠢᠦ ᠭᠧᠤ ᠶᠢᠨ ᠬᠦᠷᠤᠰᠤ ᠰᠢᠷᠤᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠢ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠦᠨᠡᠯᠡᠨ ᠵᠦᠪᠰᠢᠶᠡᠷᠡᠬᠦᠯᠬᠦ ᠪᠠᠷ ᠴᠢᠷᠮᠠᠶᠢᠵᠤ᠂ ᠠᠮᠢ ᠠᠬᠤᠢ ᠣᠷᠴᠢᠨ ᠲᠣᠭᠤᠷᠢᠨ ᠤ | ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠬᠠᠲᠤᠨ ᠭᠤᠤᠯ ᠳᠠᠭᠠᠤ ᠠᠵᠤ ᠠᠬᠤᠶ ᠶᠢᠨ ᠪᠦᠰᠡ ᠶᠢᠨ ᠣᠷᠴᠢᠨ ᠲᠣᠭᠤᠷᠢᠨ ᠤ ᠪᠠᠭᠲᠠᠭᠠᠮᠵᠢ᠂ | ᠤᠰᠤᠨ ᠤ ᠬᠦᠢᠴᠡᠳᠭᠡᠯ ᠲᠤᠭ᠎ᠠ᠂ ᠭᠠᠵᠠᠷ ᠰᠢᠷᠣᠶ ᠵᠡᠷᠭᠡ ᠬᠥᠭᠵᠢᠯᠲᠡ ᠶᠢᠨ ᠬᠦᠴᠦᠨ ᠵᠤᠶᠢᠯ ᠤᠨ ᠬᠠᠩᠭᠠᠯᠭ᠎ᠠ ᠶᠢ ᠡᠩ ᠲᠡᠷᠢᠭᠦᠨ ᠳᠤ ᠪᠠᠲᠤᠯᠠᠵᠤ᠂ ᠤᠰᠤ | ᠠᠷᠪᠢᠯᠠᠵᠤ ᠤᠰᠤ ᠶᠢ ᠡᠵᠡᠮᠳᠡᠬᠦ ᠠᠵᠢᠯᠯᠠᠭ᠎ᠠ᠂ ᠬᠠᠲᠤᠨ ᠭᠤᠤᠯ ᠤᠨ ᠤᠰᠤᠨ ᠤ ᠡᠷᠬᠡ ᠶᠢ ᠬᠤᠪᠢᠷᠠᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠰᠤᠨ ᠤ | ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠡᠷᠭᠢᠯᠳᠦᠭᠦᠯᠦᠨ ᠠᠰᠢᠭᠯᠠᠬᠤ ᠲᠦᠷᠢᠮ ᠲᠣᠭᠲᠠᠴᠠ ᠶᠢ ᠲᠦᠷᠭᠡᠨ ᠪᠣᠶ ᠪᠣᠯᠭᠠᠨ᠎ᠠ᠃ | ︵ᠬᠤᠶᠠᠷ︶ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠤᠨ᠎ᠠ᠃ ᠤᠨᠢᠨ ᠳᠡᠭᠡᠷ᠎ᠠ ᠨᠢ ᠶᠠᠳᠠᠭᠤ ᠠᠴᠠ | ᠠᠩᠭᠢᠵᠢᠷᠠᠭᠤᠯᠬᠤ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠨ ᠤ ᠲᠡᠰ ᠤᠨ ᠶᠠᠳᠠᠭᠤ ᠶᠢ ᠲᠡᠳᠬᠦᠬᠦ | ᠪᠡᠯᠡ ᠮᠥᠩᠭᠦ ᠶᠢ 4150 ᠲᠦᠮᠡᠨ ᠲᠥᠭᠦᠷᠢᠭ ᠠᠴᠠ ᠳᠡᠭᠡᠭᠰᠢ ᠨᠢᠭᠡᠳᠦᠯᠲᠡᠢ ᠳᠦᠯᠦᠪᠯᠡᠨ ᠳᠤᠬᠢᠷᠠᠭᠤᠯᠵᠤ᠂ ᠡᠯ᠎ᠡ ᠠᠵᠢᠯ ᠲᠥᠷᠥᠯ᠂ ᠡᠯ᠎ᠡ ᠬᠦᠷᠢᠶᠡᠨ ᠳᠠᠬᠢ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢ ᠢᠳᠡᠪᠬᠢᠵᠢᠬᠦᠯᠤᠨᠠ᠃ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠶᠢ ᠳᠤᠪᠤᠶᠢᠯᠭᠠᠨ ᠰᠠᠶᠢᠲᠤᠷ | ᠠᠳᠬᠤᠵᠤ᠂ ︽ᠠᠵᠤ ᠠᠬᠤᠶᠢᠯᠠᠯ + ᠨᠠᠮ ᠤᠨ ᠡᠭᠦᠷ + ᠳᠤᠰᠬᠠᠢ ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠠᠵᠤ ᠤᠶᠢᠯᠡᠰ ᠤᠨ ᠬᠥᠭᠵᠢᠯᠲᠡ ᠶᠢᠨ | ᠵᠠᠭᠪᠤᠷ ᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠦᠭᠵᠢᠬᠦᠯᠬᠦ ᠶᠢ | ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠠᠵᠤ ᠠᠬᠤᠶᠢᠯᠠᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠬᠤᠰᠢᠭᠤᠨ ᠤ ᠳᠤᠳᠤᠷᠠᠬᠢ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠨᠢ ᠢᠳᠡᠪᠬᠢᠲᠡᠶ ᠬᠦᠢᠴᠡᠳᠭᠡᠬᠦᠯᠵᠤ᠂ ᠬᠤᠳᠠᠯᠳᠤᠨ ᠠᠪᠬᠤ ᠪᠠᠷ | ᠪᠣᠷᠣᠯᠠᠭᠤᠯᠭ᠎ᠠ ᠶᠢ ᠣᠷᠣᠯᠠᠭᠤᠯᠬᠤ᠂ ᠬᠤᠳᠠᠯᠳᠤᠨ ᠠᠪᠬᠤ ᠪᠠᠷ ᠬᠠᠪᠰᠤᠷᠬᠤ ᠶᠢ ᠣᠷᠣᠯᠠᠭᠤᠯᠬᠤ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢ ᠪᠣᠳᠠᠲᠠᠶᠢᠵᠢᠭᠤᠯᠤᠨ | ᠨᠠᠷᠢᠯᠢᠬᠵᠢᠭᠤᠯᠬᠤ ᠬᠡᠷᠡᠭᠲᠡᠶ᠃ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠣᠰᠬᠤᠨ ᠢ | ᠬᠠᠪᠰᠤᠷᠬᠤ︾ ᠶᠢ ᠠᠬᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ 10 | ᠲᠦᠮᠡᠨ ᠲᠥᠭᠦᠷᠢᠭ ᠢ ᠳᠠᠪᠠᠭᠰᠠᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠤᠶᠢᠯ ᠢ 60 ᠠᠴᠠ ᠳᠠᠪᠠᠭᠤᠯᠵᠤ᠂ ᠪᠦᠬᠦᠯᠢ ᠴᠣᠭᠴᠠ ᠶᠢᠨ ᠠᠵᠤ | ᠠᠬᠤᠶ ᠶᠢᠨ ᠦᠷ᠎ᠡ ᠠᠰᠢᠭ ᠢ 1700 ᠲᠦᠮᠡᠨ ᠲᠥᠭᠦᠷᠢᠭ ᠠᠴᠠ ᠳᠠᠪᠠᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠪᠠ ᠲᠦᠷ ᠴᠠᠭ ᠠᠪᠤᠷᠠᠨ ᠲᠤᠰᠠᠯᠠᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ︽ᠭᠤᠷᠪᠠᠨ ᠨᠢᠭᠡ ᠪᠦᠯᠦᠭ︾ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠶᠠᠳᠠᠭᠤᠷᠠᠬᠤ ᠶᠢ ᠰᠡᠷᠭᠡᠶᠢᠯᠡᠬᠦ ᠪᠠᠳᠤᠯᠠᠭ᠎ᠠ | ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠶᠠᠳᠠᠭᠤ ᠶᠢ ᠲᠡᠳᠬᠦᠬᠦ ᠶᠢ ᠴᠢᠩᠭᠠᠳᠬᠠᠬᠤ ᠪᠠ ᠡᠷᠴᠢ ᠵᠣᠷᠢᠭ ᠢ ᠲᠡᠳᠬᠦᠵᠦ | ᠣᠶᠤᠨ ᠤᠬᠠᠭᠠᠨ ᠢ ᠲᠡᠳᠬᠦᠬᠦ ᠯᠦᠭᠡ ᠤᠶᠠᠯᠳᠤᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ | ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠣᠯᠤᠨ ᠣᠷᠣᠯᠭ᠎ᠠ ᠪᠠᠭᠠᠲᠠᠢ ᠤᠯᠠᠨ ᠳᠦᠮᠡᠨ ᠢ ᠬᠠᠪᠰᠤᠷᠤᠨ ᠲᠡᠳᠬᠦᠬᠦ ᠲᠥᠷᠦ ᠶᠢᠨ ᠪᠣᠳᠣᠯᠭ᠎ᠠ ᠶᠢ | ᠰᠠᠶᠢᠳᠤᠷ ᠲᠥᠯᠥᠪᠵᠢᠭᠦᠯᠵᠦ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠪᠦᠬᠦ ᠬᠤᠰᠢᠭᠤᠨ ᠤ | ᠠᠷᠠᠳ ᠲᠦᠮᠡᠨ ᠤ ᠬᠠᠮᠲᠤᠪᠠᠷ ᠴᠢᠨᠡᠭᠡᠯᠢᠭ ᠨᠡᠶᠢᠭᠡᠮ ᠳᠤ ᠠᠯᠬᠤᠨ ᠣᠷᠣᠬᠤ ᠶᠢ ᠪᠠᠲᠤᠯᠠᠨ᠎ᠠ᠃ | ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ | ᠲᠣᠭᠤᠷᠢᠨ ᠢ ᠵᠠᠰᠠᠬᠤ ᠶᠢ ᠲᠣᠪᠤᠶᠢᠯᠭᠠᠨ ᠰᠠᠶᠢᠲᠤᠷ ᠠᠳᠬᠤᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠠᠭᠤᠷᠢ | ᠮᠥᠩᠭᠦ ᠶᠢ ᠰᠠᠶᠢᠲᠤᠷ ᠬᠠᠮᠢᠶᠠᠷᠴᠤ᠂ ᠠᠮᠢᠳᠤᠯᠢᠭ ᠢᠶᠠᠷ ᠬᠡᠷᠡᠭᠯᠡᠵᠦ᠂ ᠨᠢᠭᠡᠨᠲᠡ ᠲᠣᠭᠲᠠᠭᠠᠭᠰᠠᠨ ᠠᠭᠤᠯᠠ ᠤᠰᠤᠨ ᠤ ᠣᠷᠴᠢᠨ ᠲᠣᠭᠤᠷᠢᠨ ᠢ ᠵᠠᠰᠠᠬᠤ᠂ ᠪᠤᠭᠤᠳᠤ | ᠠᠴᠠ ᠰᠠᠶᠢᠨᠳᠤᠷ᠎ᠠ ᠬᠦᠷᠬᠦ ᠱᠤᠭᠤᠮ ᠤᠨ ᠠᠮᠢ ᠠᠬᠤᠶ ᠶᠢ ᠵᠠᠰᠠᠬᠤ ᠵᠡᠷᠭᠡ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠬᠦ ᠶᠢᠨ ᠰᠠᠭᠤᠷᠢᠨ ᠳᠡᠭᠡᠷ᠎ᠡ᠂ ᠠᠭᠤᠷᠬᠠᠢ ᠶᠢᠨ | ᠣᠷᠣᠨ ᠤ ᠣᠯᠠᠨ ᠨᠡᠶᠢᠲᠡ ᠶᠢᠨ ᠣᠷᠣᠨ ᠪᠦᠰᠡ ᠶᠢᠨ ᠣᠷᠴᠢᠨ ᠲᠣᠭᠤᠷᠢᠨ ᠢ ᠵᠠᠰᠠᠬᠤ ᠨᠢᠭᠡ ᠪᠦᠯᠦᠭ ᠲᠥᠷᠥᠯ ᠵᠤᠶᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠵᠠᠳᠠᠭᠠᠶ ᠨᠡᠭᠦᠷᠡᠰᠦᠨ ᠠᠭᠤᠷᠬᠠᠢ ᠶᠢ ᠳᠠᠬᠢᠨ ᠠᠳᠠᠷᠰᠢᠭᠤᠯᠵᠤ ᠨᠣᠭᠤᠭᠠᠷᠠᠭᠤᠯᠬᠤ ᠪᠠ ᠬᠤᠳᠳᠤᠭ ᠮᠠᠯᠲᠠᠬᠤ ᠨᠡᠭᠦᠷᠡᠰᠦᠨ ᠠᠭᠤᠷᠬᠠᠢ ᠶᠢᠨ ᠨᠡᠭᠦᠷᠡᠰᠦ ᠮᠠᠯᠲᠠᠭᠠᠳ | ᠳᠣᠷᠣᠭᠰᠢ ᠰᠠᠭᠤᠭᠰᠠᠨ ᠣᠷᠣᠨ ᠢ ᠵᠠᠰᠠᠬᠤ ᠶᠢ ᠴᠢᠩᠭᠠᠳᠬᠠᠵᠤ᠂ ᠠᠭᠤᠷᠬᠠᠢ ᠶᠢᠨ ᠣᠷᠣᠨ ᠤ ᠳᠠᠬᠢᠨ ᠠᠳᠠᠷᠰᠢᠭᠤᠯᠵᠤ ᠨᠣᠭᠤᠭᠠᠷᠠᠭᠤᠯᠬᠤ ᠶᠢ 1000 ᠾᠧᠺᠲ᠋ᠠᠷ | ᠪᠡᠶᠡᠯᠡᠭᠦᠯᠦᠨ᠎ᠡ᠃ ᠭᠤᠣᠯ ᠨᠠᠭᠤᠷ ᠴᠥᠭᠦᠷᠥᠮ ᠤᠨ ᠬᠠᠮᠢᠶᠠᠷᠤᠯᠳᠠ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠯᠦᠩ ᠸᠠᠩ ᠭᠧᠦ᠂ ᠪᠤᠬ᠎ᠠ | ᠶᠢᠨ ᠭᠤᠤᠯ᠂ ᠬᠤᠸᠠᠩ ᠹᠦ᠋ ᠴᠤᠸᠠᠨ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠥᠷᠨᠢᠭᠦᠯᠵᠦ᠂ ᠵᠢᠯ ᠤᠨ ᠳᠣᠲᠣᠷ᠎ᠠ ᠤᠰᠤᠨ ᠤ ᠴᠢᠨᠠᠷ ᠢ ᠢᠯᠡᠳᠲᠡ ᠰᠠᠶᠢᠵᠢᠷᠠᠭᠤᠯᠬᠤ ᠶᠢ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ | ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠪᠣᠬᠢᠷᠲᠤᠯ ᠲᠠᠢ ᠭᠠᠵᠠᠷ ᠤᠨ ᠨᠡᠷᠡᠰ ᠤᠨ ᠵᠢᠭᠰᠠᠭᠠᠯᠲᠠ ᠵᠢᠴᠢ ᠨᠡᠭᠡᠭᠡᠨ ᠠᠰᠢᠭᠯᠠᠬᠤ ᠨᠠᠵᠠᠭᠠᠶ ᠲᠠᠯ᠎ᠠ ᠶᠢᠨ ᠨᠠᠷᠢᠨ | ᠳᠠᠩᠰᠠ ᠶᠢᠨ ᠲᠦᠷᠢᠮ ᠢ ᠬᠡᠷᠡᠭᠵᠢᠭᠦᠯᠵᠦ᠂ ᠪᠣᠬᠢᠷᠲᠤᠯ ᠲᠠᠢ ᠭᠠᠵᠠᠷ ᠤᠨ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠬᠡᠪᠡᠷ ᠠᠬᠢᠭᠤᠯᠵᠤ᠂ ᠵᠡᠭᠦᠨᠭᠠᠷ ᠢᠯᠴᠢ ᠶᠢᠨ ᠴᠠᠬᠢᠯᠭᠠᠨ ᠤ ᠤᠶᠢᠯᠡᠳᠪᠤᠷᠢ ᠵᠡᠷᠭᠡ | 9 ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ᠂ ᠳ᠋ᠦᠩ ᠬᠤᠸᠠ ᠡᠨᠧᠷᠭᠢ ᠶᠢᠨ ᠰᠤᠷᠪᠤᠯᠵᠢ ᠵᠡᠷᠭᠡ 7 ᠲᠣᠮᠣ ᠬᠡᠯᠪᠡᠷᠢ ᠶᠢᠨ ᠠᠵᠤ ᠤᠶᠢᠯᠡᠳᠪᠤᠷᠢ ᠶᠢᠨ | ᠭᠦᠸᠧᠯᠦ ᠶᠢᠨ ᠬᠡᠲᠦ ᠳᠤᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠪᠠ ᠢ ᠲᠠᠢ ᠶᠢᠨ ᠨᠡᠭᠦᠷᠡᠰᠦ ᠪᠠᠷ ᠲᠣᠰᠣ ᠤᠶᠢᠯᠡᠳᠪᠤᠷᠢᠯᠡᠬᠦ ᠵᠡᠷᠭᠡ 9 ᠵᠤᠶᠢᠯ ᠤᠨ ᠳᠠᠪᠤᠰᠤ | ᠶᠡᠬᠡᠳᠡᠢ ᠤᠰᠤ ᠶᠢ ᠵᠠᠰᠠᠬᠤ ᠲᠥᠷᠥᠯ ᠵᠤᠶᠢᠯ ᠢ ᠪᠡᠶᠡᠯᠡᠭᠦᠯᠦᠨ᠎ᠡ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾ ᠲᠠᠢ ᠠᠵᠤ ᠠᠬᠤᠶᠢᠯᠠᠯ ᠢ ᠪᠦᠬᠦ | ᠲᠠᠯ᠎ᠠ ᠪᠠᠷ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠳᠠᠷᠢᠶᠠᠨ ᠭᠠᠵᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠵᠤ ᠤᠶᠢᠯᠡᠳᠪᠤᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠰᠢᠢᠳᠪᠤᠷᠢᠯᠡᠬᠦ᠂ ᠬᠤᠳᠠ ᠶᠢᠨ ᠲᠡᠭᠦᠷᠭᠡ ᠶᠢᠨ ᠰᠤᠯᠠ ᠨᠡᠭᠦᠷᠡᠰᠦ ᠶᠢ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢ ᠦᠷᠭᠦᠯᠵᠢᠯᠡᠨ ᠠᠬᠢᠭᠤᠯᠵᠤ᠂ ᠬᠤᠭ ᠨᠣᠪᠰᠢ ᠶᠢ ᠪᠤᠬᠢᠷᠳᠤᠯ ᠦᠭᠡᠢ ᠪᠠᠷ ᠰᠢᠢᠳᠪᠤᠷᠢᠯᠡᠬᠦ ᠨᠤᠷᠮ᠎ᠠ ᠶᠢ | ᠳᠡᠭᠡᠭᠰᠢᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠤᠷᠢᠳᠤ ᠢᠯᠠᠯᠲᠠ ᠶᠢ ᠣᠯᠬᠤ ᠠᠷᠪᠠᠨ ᠶᠡᠭᠡ | ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠬᠰᠠᠨ ᠪᠠᠶᠢᠴᠠᠭᠠᠯᠲᠠ ᠵᠢᠴᠢ ︽ᠡᠷᠬᠢᠨ | ᠬᠠᠷᠠᠬᠤ︾ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠪᠡᠶᠡᠯᠡᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠯᠡᠳᠡᠭᠳᠡᠯ ᠥᠷᠢ ᠥᠭᠴᠡᠭᠡ ᠶᠢ ᠯᠠᠪᠳᠠᠭᠤᠨ ᠢᠶᠠᠷ ᠰᠢᠢᠳᠪᠦᠷᠢᠯᠡᠵᠦ᠂ ᠭᠠᠶᠢᠯᠢ ᠶᠢᠨ | ᠢᠷᠡᠯᠲᠡ ᠶᠢ ᠪᠤᠶᠢᠵᠢᠭᠤᠯᠬᠤ᠂ ᠥᠷᠢᠲᠦᠵᠦ ᠪᠠᠶᠢᠭ᠎ᠠ ᠭᠠᠶᠢᠯᠢ ᠶᠢ ᠢᠯᠭᠠᠷᠠᠭᠤᠯᠬᠤ᠂ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ ᠠᠮᠢᠳᠤᠯᠢᠬᠵᠢᠭᠤᠯᠬᠤ᠂ | ᠵᠠᠷᠤᠯᠭ᠎ᠠ ᠶᠢ ᠰᠢᠯᠢᠳᠡᠭᠵᠢᠭᠦᠯᠬᠦ ᠵᠡᠷᠭᠡ ᠬᠠᠮ ᠠᠷᠭ᠎ᠠ ᠪᠠᠷᠢᠯ ᠢ ᠰᠠᠶᠢᠲᠤᠷ ᠠᠪᠴᠤ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 9.4 | ᠳ᠋ᠦᠩᠰᠢᠭᠤᠷ ᠲᠥᠭᠦᠷᠢᠭ ᠠᠷᠢᠯᠭᠠᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠤᠯ ᠵᠦᠢᠯ ᠢ ᠬᠢᠨᠠᠨ ᠵᠥᠪᠰᠢᠶᠡᠷᠡᠬᠦ ᠪᠠ ᠥᠭᠴᠡᠭᠡᠨ ᠤ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ | ᠲᠥᠰᠦᠪ ᠤᠨ ᠬᠠᠮᠢᠶᠠᠷᠤᠯᠲᠠ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠦᠷᠢ ᠭᠠᠷᠬᠤ ᠶᠢ ᠴᠢᠩᠭ᠎ᠠ ᠰᠡᠷᠭᠡᠶᠢᠯᠡᠨ᠎ᠡ᠃ ᠳᠡᠭᠡᠳᠦ ᠱᠠᠲᠤᠨ ᠤ ᠪᠡᠯᠡ | ᠮᠥᠩᠭᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠢ ᠣᠯᠵᠤ᠂ ᠲᠥᠷᠥᠯ ᠵᠦᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠰᠠᠶᠢᠲᠤᠷ ᠭᠠᠮᠨᠠᠨ ᠠᠷᠪᠢᠯᠠᠬᠤ ᠶᠢ ᠪᠠᠷᠢᠮᠲᠠᠯᠠᠵᠤ᠂ | ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠨ᠎ᠠ᠃ ᠮᠥᠩᠭᠦᠨ ᠬᠦᠢᠯᠭᠡᠭᠡᠨ ᠤ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠮᠥᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠪᠤᠴᠠᠭᠠᠯ ᠦᠭᠡᠢ ᠵᠢᠭᠡᠯᠡᠯᠭᠡ᠂ ᠠᠵᠤ ᠠᠬᠤᠶᠢᠯᠠᠯ ᠤᠨ ᠵᠢᠭᠡᠯᠡᠯᠭᠡ ᠶᠢᠨ | ᠲᠡᠮᠳᠡᠭᠲᠦ ᠶᠢᠨ ᠭᠡᠷ᠎ᠠ ᠵᠥᠷᠢᠴᠡᠭᠰᠡᠨ ᠠᠶᠤᠯ ᠲᠦᠭᠰᠢᠭᠦᠷᠢ ᠶᠢ ᠬᠠᠤᠯᠢ ᠶᠣᠰᠣᠭᠠᠷ ᠰᠢᠢᠳᠪᠤᠷᠢᠯᠡᠬᠦ ᠶᠢ ᠳᠡᠮᠵᠢᠵᠦ᠂ ᠮᠡᠳᠡᠭᠡ ᠵᠠᠩᠭᠢᠵᠢᠯᠲᠠ ᠶᠢᠨ ᠨᠥᠬᠦᠴᠡᠯ | ᠳᠤᠤᠷᠠᠬᠢ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠵᠢᠭᠦᠯᠬᠦ ᠶᠢ ᠪᠠᠷᠢᠮᠲᠠᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ | ᠬᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠮᠥᠩᠭᠦᠨ ᠬᠦᠢᠯᠭᠡᠭᠡᠨ ᠤ ᠠᠶᠤᠯ | ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠭᠦ ᠶᠢ ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠦᠴᠦᠷᠬᠡᠭᠵᠢᠭᠦᠯᠦᠨ᠎ᠡ᠃ ᠨᠡᠭᠦᠷᠡᠰᠦ ᠶᠢ ᠪᠣᠬᠢᠷᠲᠤᠯ ᠦᠭᠡᠢ ᠪᠠᠷ ᠨᠡᠭᠡᠭᠡᠭᠦ᠂ ᠠᠷᠢᠭᠤᠨ ᠴᠡᠪᠡᠷ ᠢᠶᠠᠷ ᠭᠠᠳᠠᠭᠰᠢ | ᠭᠠᠷᠭᠠᠬᠤ᠂ ᠬᠡᠯᠬᠢᠶ᠎ᠡ ᠶᠢ ᠤᠷᠲᠤᠳᠬᠠᠬᠤ᠂ ᠶᠡᠷᠦᠩᠬᠡᠶᠢᠯᠡᠨ ᠠᠰᠢᠭᠯᠠᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠤᠳᠤ ᠦᠶ᠎ᠡ ᠶᠢᠨ ᠡᠨᠧᠷᠭᠢ ᠶᠢᠨ ᠠᠵᠤ | ᠠᠬᠤᠶ ᠶᠢᠨ ᠡᠨᠡ ᠬᠦ ᠶᠡᠭᠡ ᠶᠠᠪᠤᠳᠠᠯ ᠢ ᠬᠦᠴᠦᠯᠡᠨ ᠰᠠᠶᠢᠲᠤᠷ ᠬᠢᠨ᠎ᠠ᠃ ᠨᠡᠭᠦᠷᠡᠰᠦ ᠶᠢ ᠪᠣᠬᠢᠷᠲᠤᠯ ᠥᠬᠡᠶ ᠪᠠᠷ ᠨᠡᠭᠡᠭᠡᠭᠦ ᠶᠢ ᠠᠬᠢᠭᠤᠯᠤᠨ᠎ᠠ᠃ ᠦᠢᠯᠡᠳᠪᠤᠷᠢᠯᠠᠯ ᠤᠨ | ᠴᠢᠳᠠᠪᠤᠷᠢ ᠶᠢ ᠲᠠᠶᠠᠬᠳᠠᠬᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠭᠦᠷᠡᠰᠦᠨ ᠤ ᠦᠢᠯᠡᠳᠪᠤᠷᠢᠯᠠᠯ ᠤᠨ ᠴᠢᠳᠠᠪᠤᠷᠢ ᠶᠢᠨ ᠬᠡᠮᠵᠢᠶ᠎ᠡ ᠶᠢ ᠪᠠᠭᠠᠰᠬᠠᠵᠤ ᠰᠣᠯᠢᠬᠤ ᠪᠠ | ᠬᠡᠮᠵᠢᠶ᠎ᠡ ᠶᠢ ᠪᠠᠭᠠᠰᠬᠠᠵᠤ ᠳᠠᠬᠢᠨ ᠵᠣᠬᠢᠶᠠᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠶ ᠦᠢᠯᠡᠳᠪᠤᠷᠢᠯᠠᠯ ᠤᠨ ᠴᠢᠳᠠᠪᠤᠷᠢ ᠶᠢ ᠡᠮᠬᠢ ᠲᠢᠭᠯᠢᠮ ᠲᠠᠢ | ᠪᠠᠳᠠᠷᠠᠭᠤᠯᠵᠤ᠂ ᠨᠡᠭᠦᠷᠡᠰᠦᠨ ᠤ ᠭᠠᠷᠤᠯᠲᠠ ᠶᠢ 2.8 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠤᠨ᠎ᠠ᠃ ᠬᠤᠸᠠ ᠰᠢᠩ ᠳᠠᠩ ᠵᠢᠶᠠ ᠬᠤᠢ᠂ | ᠮᠸᠡᠭ ᠲᠠᠢ ᠶᠢᠨ ᠪᠦᠯᠢᠶᠠᠨ ᠭᠸᠦ ᠵᠡᠷᠭᠡ 28 ᠨᠡᠭᠦᠷᠡᠰᠦᠨ ᠠᠭᠤᠷᠬᠠᠶ ᠶᠢ ᠪᠣᠬᠢᠷᠲᠤᠯ ᠦᠭᠡᠢ ᠠᠭᠤᠷᠬᠠᠶ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠰᠤᠸᠠᠨ | ᠼᠢ ᠭᠧᠦ᠂ ᠬᠤᠸᠠᠩ ᠢᠦᠶ ᠴᠤᠸᠠᠨ ᠤ ᠨᠡᠭᠦᠷᠡᠰᠦᠨ ᠠᠭᠤᠷᠬᠠᠶ ᠶᠢ ᠣᠶᠤᠨᠴᠢ ᠠᠭᠤᠷᠬᠠᠶ ᠪᠣᠯᠭᠠᠨ ᠪᠦᠲᠦᠭᠡᠨ ᠪᠠᠶᠢᠭᠤᠯᠤᠨ᠎ᠠ᠃ ᠨᠡᠭᠦᠷᠡᠰᠦ ᠶᠢ ᠠᠷᠢᠭᠤᠨ ᠴᠡᠪᠡᠷ | ᠭᠠᠳᠠᠭᠰᠢ ᠭᠠᠷᠭᠠᠬᠤ ᠶᠢ ᠠᠬᠢᠭᠤᠯᠤᠨ᠎ᠠ᠃ ᠲᠡᠮᠦᠷ ᠵᠠᠮ ᠤᠨ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢᠯᠡᠬᠦ ᠲᠤᠬᠳᠠᠯᠴᠠᠭ᠎ᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ | ᠳᠠᠩ ᠭᠦᠩ ᠲᠠ᠂ ᠯᠦᠩ ᠸᠠᠩ ᠴᠢᠦᠶ ᠶᠢᠨ ᠨᠡᠭᠦᠷᠡᠰᠦ ᠠᠴᠢᠶᠠᠯᠠᠵᠤ ᠪᠠᠭᠤᠯᠭᠠᠬᠤ ᠣᠷᠣᠨ ᠪᠣᠯᠤᠨ ᠮᠢᠩ ᠸᠠᠩ ᠳ᠋ᠠ᠂ ᠴᠢᠶᠠᠨ ᠶᠤᠸᠠᠨ ᠵᠡᠷᠭᠡ ᠲᠥᠪᠯᠡᠷᠡᠭᠦᠯᠦᠨ | ᠲᠡᠭᠡᠭᠡᠪᠦᠷᠢᠯᠡᠬᠦ ᠥᠷᠲᠡᠭᠡ ᠶᠢᠨ ᠲᠥᠷᠥᠯ ᠵᠤᠶᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠴᠢᠩ ᠴᠦᠨ ᠲᠠ ᠨᠡᠭᠦᠷᠡᠰᠦᠨ ᠠᠭᠤᠷᠬᠠᠢ ᠶᠢᠨ ᠲᠡᠮᠦᠷ ᠵᠠᠮ ᠤᠨ | ᠲᠤᠰᠬᠠᠶ ᠬᠡᠷᠡᠭᠯᠡᠬᠦ ᠱᠤᠭᠤᠮ᠂ ᠰᠧ ᠳ᠋ᠤᠤ ᠯᠢᠦ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠡᠷᠭᠡ ᠲᠥᠷᠥᠯ ᠵᠤᠶᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠵᠤ᠂ ᠲᠡᠮᠦᠷ ᠵᠠᠮ ᠤᠨ ᠲᠥᠪᠯᠡᠷᠡᠭᠦᠯᠦᠨ ᠲᠡᠭᠡᠭᠡᠪᠦᠷᠢᠯᠡᠬᠦ ᠴᠢᠳᠠᠪᠤᠷᠢ ᠶᠢ 1600 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ᠃ | ᠰᠢᠨ᠎ᠡ ᠪᠠᠷ ᠵᠣᠬᠢᠶᠠᠨ ᠪᠠᠶᠢᠭᠤᠯᠵᠤ ᠳᠠᠩᠰᠠᠯᠠᠭᠤᠯᠤᠭᠰᠠᠨ ᠱᠧᠨ ᠬᠤᠸᠠ ᠰᠢᠨ ᠱᠦᠸᠧ ᠲᠡᠮᠦᠷ ᠵᠠᠮ ᠤᠨ ᠺᠣᠮᠫᠠᠨᠢ ᠶᠢᠨ ᠡᠷᠭᠢᠯᠳᠠ ᠡᠵᠡᠩᠨᠡᠯᠲᠡ ᠶᠢ ᠰᠠᠶᠢᠲᠤᠷ | ᠲᠡᠮᠵᠢᠨ᠎ᠠ᠃ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠤᠷᠢ ᠶᠢᠨ 80 ᠲᠦᠮᠡᠨ ᠲᠣᠨ ᠨᠡᠭᠦᠷᠡᠰᠦ ᠪᠠᠷ ᠠᠯᠺᠧᠨ ᠦᠢᠯᠡᠳᠪᠤᠷᠢᠯᠡᠭᠦ᠂ ᠢ ᠲᠠᠢ 200 ᠲᠦᠮᠡᠨ ᠲᠣᠨ ᠨᠡᠭᠦᠷᠡᠰᠦ ᠪᠠᠷ ᠲᠣᠰᠣ ᠦᠢᠯᠡᠳᠪᠤᠷᠢᠯᠡᠭᠦ ᠵᠡᠷᠭᠡ | 5 ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠦ ᠵᠢᠶᠠ ᠫᠢᠩ ᠴᠠᠬᠢᠯᠭᠠᠨ ᠤ ᠦᠢᠯᠡᠳᠪᠤᠷᠢ᠂ ᠬᠤᠢ ᠨᠧᠩ ᠴᠠᠩ ᠲᠠᠨ ᠴᠠᠬᠢᠯᠭᠠᠨ ᠤ | ᠦᠢᠯᠡᠳᠪᠤᠷᠢ ᠵᠡᠷᠭᠡ 37 ᠴᠢᠬᠤᠯᠠ ᠶᠡᠭᠡ ᠲᠥᠷᠥᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠨᠡᠭᠦᠷᠡᠰᠦ ᠬᠢᠮᠢ ᠶᠢᠨ | ᠠᠵᠤ ᠦᠢᠯᠡᠳᠪᠤᠷᠢ ᠶᠢᠨ ᠦᠢᠯᠡᠳᠪᠤᠷᠢᠯᠠᠯ ᠤᠨ ᠴᠢᠳᠠᠪᠤᠷᠢ ᠶᠢ 40 ᠲᠦᠮᠡᠨ ᠲᠣᠨ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 264 | ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠨᠡᠭᠦᠷᠡᠰᠦ ᠶᠢ ᠲᠣᠰ ᠭᠠᠵᠠᠷ ᠲᠤᠨᠢ 3700 ᠲᠦᠮᠡᠨ ᠲᠣᠨ ᠠᠴᠠ ᠳᠡᠭᠡᠭᠰᠢ ᠬᠤᠪᠢᠷᠠᠭᠤᠯᠤᠨ᠎ᠠ᠃ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ ᠤ ᠦᠨᠡᠰᠦ ᠶᠢ ᠡᠬᠢ ᠪᠠᠶᠠᠯᠢᠬᠵᠢᠭᠤᠯᠤᠨ ᠬᠠᠳᠠᠭᠠᠯᠠᠬᠤ᠂ ᠱᠧᠨ | ᠬᠤᠸᠠ 30 ᠲᠦᠮᠡᠨ ᠲᠣᠨ ᠤ ᠢᠰᠦᠯᠳᠦᠭᠰᠡᠨ ᠬᠥᠩᠭᠡᠨᠴᠠᠭᠠᠨ ᠤ ᠢᠰᠦᠯ᠂ ᠱᠧᠩ ᠶᠤᠸᠠᠢ ᠭᠤᠤ ᠯᠢᠩ ᠰᠢᠷᠤᠢ ᠶᠢ ᠨᠠᠷᠢᠯᠢᠭ ᠪᠤᠯᠪᠠᠰᠤᠷᠠᠭᠤᠯᠬᠤ ᠵᠡᠷᠭᠡ ᠲᠥᠷᠥᠯ | ᠵᠤᠶᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠨᠡᠭᠦᠷᠡᠰᠦᠨ ᠴᠢᠯᠠᠭᠤ ᠪᠣᠯᠤᠨ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠤᠷᠢ ᠶᠢᠨ | ᠬᠠᠲᠠᠭᠤ ᠪᠡᠶᠡᠲᠦ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠎ᠠ᠃ 2 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ | ᠣᠷᠣᠭᠤᠯᠵᠤ᠂ ᠸᠠᠭᠠᠷ ᠱᠠᠭᠠᠵᠠᠩ ᠤᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭ᠎ᠠ ᠨᠡᠭᠡᠭᠡᠯᠲᠡ ᠪᠠ ᠦᠷ᠎ᠡ ᠪᠦᠲᠦᠭᠡᠯ ᠢ | ᠬᠤᠪᠢᠷᠠᠭᠤᠯᠬᠤ ᠶᠢ ᠳᠠᠮᠵᠢᠵᠤ᠂ ᠸᠠᠭᠠᠷ ᠱᠠᠭᠠᠵᠠᠩ ᠤᠨ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ᠂ ᠥᠷᠢᠰᠦᠯᠳᠦᠬᠦ ᠴᠢᠳᠠᠪᠤᠷᠢ ᠪᠠ ᠬᠥᠭᠵᠢᠯᠲᠡ ᠶᠢᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠳᠠᠪᠠᠭᠤᠯᠢᠭ ᠭᠤᠤᠯᠯᠠᠬᠤ ᠠᠵᠤ ᠦᠢᠯᠡᠰ ᠲᠠᠢ ᠨᠢᠭᠲᠠ ᠤᠶᠠᠯᠳᠤᠭᠤᠯᠤᠨ᠂ ᠨᠡᠭᠦᠷᠡᠰᠦᠨ ᠤ | ᠮᠠᠰᠢᠨ᠂ ᠬᠢᠮᠢ ᠶᠢᠨ ᠮᠠᠰᠢᠨ᠂ ᠴᠠᠬᠢᠯᠭᠠᠨ ᠬᠦᠴᠦᠨ ᠤ ᠲᠣᠨᠣᠭᠯᠠᠯ᠂ ᠠᠶᠤᠯᠭᠦᠢ ᠶᠢᠨ ᠲᠥᠬᠦᠭᠡᠷᠦᠮᠵᠢ ᠵᠡᠷᠭᠡ ᠦᠢᠯᠡᠳᠭᠦ ᠦᠢᠯᠡᠰ ᠪᠣᠯᠤᠨ ᠡᠨᠧᠷᠭᠢ ᠠᠷᠪᠢᠯᠠᠨ | ᠣᠷᠴᠢᠨ ᠲᠣᠭᠤᠷᠢᠨ ᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭ᠎ᠠ ᠨᠡᠭᠡᠭᠡᠯᠳᠠ ᠵᠡᠷᠭᠡ ᠦᠢᠯᠡᠳᠪᠤᠷᠢᠯᠠᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠢ ᠢᠵᠢ ᠪᠦᠷᠢᠳᠦᠭᠦᠯᠦᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠬᠡᠯᠪᠡᠷᠢ ᠶᠢᠨ ᠮᠠᠲ᠋ᠧᠷᠢᠶᠠᠯ᠂ ᠳᠡᠭᠡᠳᠦ ᠮᠣᠯᠧᠺᠦ᠋ᠯ ᠤᠨ ᠮᠠᠲ᠋ᠧᠷᠢᠶᠠᠯ | ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠢᠳᠡᠪᠬᠢᠲᠡᠶ ᠪᠠᠷ ᠬᠥᠭᠵᠢᠭᠦᠯᠦᠨ᠎ᠡ᠃ ᠢᠵᠢ ᠪᠦᠷᠢᠳᠦᠭᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ ᠪᠦᠲᠦᠭᠡᠨ | ᠪᠠᠶᠢᠭᠤᠯᠤᠯᠲᠠ ᠪᠠ ᠴᠠᠬᠢᠯᠭᠠᠨ ᠤ ᠦᠨ᠎ᠡ ᠶᠢᠨ ᠥᠪᠡᠷ ᠤᠨ ᠥᠷᠲᠡᠭ ᠤᠨ ᠳᠠᠪᠠᠭᠤᠯᠢᠭ ᠢ ᠭᠦᠢᠴᠡᠳ ᠠᠰᠢᠭᠯᠠᠠ ᠭᠡᠷᠡᠯ ᠸᠣᠯᠲ ᠤᠨ ᠠᠵᠤ ᠦᠢᠯᠡᠰ ᠢ ᠬᠥᠭᠵᠢᠭᠦᠯᠵᠦ | ᠂ ᠡᠯᠡᠰᠤ ᠮᠠᠩᠬ᠎ᠠ᠂ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠪᠠ ᠵᠠᠳᠠᠭᠠᠶ ᠨᠡᠭᠦᠷᠡᠰᠦᠨ ᠠᠭᠤᠷᠬᠠᠶ ᠶᠢᠨ ᠰᠡᠷᠭᠦᠭᠡᠨ ᠠᠳᠠᠷᠰᠢᠭᠤᠯᠬᠤ ᠣᠷᠣᠨ ᠤ | ᠲᠣᠭᠤᠷᠢᠨ ᠳᠤ᠂ 260 ᠲᠦᠮᠡᠨ ᠺᠢᠯᠣᠸᠠᠲ ᠤᠨ ᠭᠡᠷᠡᠯ ᠸᠣᠯᠲ ᠤᠨ ᠴᠠᠬᠢᠯᠭᠠᠨ ᠦᠷᠳᠡᠭᠡ ᠶᠢᠨ ᠲᠥᠷᠥᠯ ᠵᠦᠶ᠋ᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ | ᠰᠢᠨ᠎ᠡ ᠡᠨᠧᠷᠭᠢ ᠶᠢᠨ ᠣᠨᠴᠠ ᠥᠨᠳᠥᠷ ᠭᠦᠴᠦᠳᠡᠯᠳᠤ ᠴᠠᠭᠢᠯᠭᠠᠨ ᠢ ᠭᠠᠳᠠᠭᠰᠢ ᠬᠦᠷᠭᠡᠬᠦ ᠰᠠᠭᠤᠷᠢᠨ ᠭᠠᠵᠠᠷ ᠢ ᠡᠨᠡ ᠵᠢᠯ ᠵᠥᠪᠰᠢᠶᠡᠷᠡᠭᠦᠯᠬᠦ ᠪᠠᠷ ᠴᠢᠷᠮᠠᠶᠢᠨ᠎ᠠ᠃ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠶᠢ ᠪᠣᠳᠠᠲᠤ ᠴᠣᠭᠴᠠ ᠶᠢᠨ ᠠᠵᠤ ᠠᠬᠤᠢ ᠲᠠᠢ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨ᠎ᠠ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠦᠨ᠎ᠡ᠃ ︽ᠨᠢᠭᠡ ᠭᠤᠤᠯ ᠭᠤᠷᠪᠠᠨ ᠨᠠᠭᠤᠷ︾ ᠪᠠ ᠠᠭᠤᠯᠠᠷᠬᠠᠭ ᠣᠷᠣᠨ ᠤ | ᠪᠠᠶᠢᠭᠠᠯᠢ ᠶᠢᠨ ᠨᠥᠬᠦᠴᠡᠯ ᠳᠤ ᠰᠠᠭᠤᠷᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠤᠷᠢᠯᠠᠯ ᠤᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ 4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠪᠣᠳᠠᠲᠠᠢ ᠳᠡᠮᠵᠢᠬᠦ | ᠲᠥᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠵᠤ᠂ ︽ᠵᠢᠮᠢᠰ ᠢᠳᠡᠰᠢᠨ ᠨᠣᠭᠤᠭ᠎ᠠ ᠡᠯᠳᠡᠪ ᠠᠮᠤ ᠰᠡᠷᠭᠡ︾ ᠵᠡᠷᠭᠡ ᠳᠠᠪᠠᠭᠤᠯᠢᠭ ᠣᠨᠴᠠᠯᠢᠭᠲᠤ ᠠᠵᠤ | ᠦᠢᠯᠡᠰ ᠢ ᠦᠷᠭᠦᠯᠵᠢᠯᠡᠨ ᠪᠤᠶᠢᠵᠢᠭᠤᠯᠵᠤ᠂ ︽ᠵᠡᠭᠦᠨᠭᠠᠷ ᠤᠨ ᠭᠦᠢᠯᠡᠰᠦ︾᠂ ︽ᠵᠡᠭᠦᠨᠭᠠᠷ ᠤᠨ ᠬᠠᠢ ᠬᠤᠨᠭ᠌ ᠭᠦᠸᠧ︾ ᠭᠠᠵᠠᠷ ᠤᠨ ᠲᠡᠮᠳᠡᠭ ᠤᠨ ᠬᠠᠮᠠᠭᠠᠯᠠᠯᠲᠠ | ᠪᠠ ᠪᠦᠬᠦ ᠬᠤᠰᠢᠭᠤᠨ ᠤ ᠣᠯᠠᠨ ᠨᠡᠶᠢᠲᠡ ᠶᠢᠨ ᠣᠷᠣᠨ ᠪᠦᠰᠡ ᠶᠢᠨ ᠨᠡᠷᠡᠲᠦ ᠲᠡᠮᠳᠡᠭ ᠢ ᠳᠠᠩᠰᠠᠯᠠᠭᠤᠯᠤᠨ ᠲᠦᠭᠡᠮᠡᠯᠵᠢᠭᠦᠯᠭᠦ ᠪᠠᠷ ᠭᠤᠶᠤᠴᠢᠯᠠᠨ ᠮᠡᠳᠡᠭᠦᠯᠦᠨ᠎ᠡ᠃ | ᠬᠡᠪᠴᠢᠶᠡᠵᠢᠭᠦᠯᠦᠨ ᠲᠠᠷᠢᠵᠤ ᠲᠡᠵᠢᠭᠡᠬᠦ ᠦᠢᠯᠡᠰ ᠢ ᠶᠡᠬᠡᠪᠡᠷ ᠬᠥᠭᠵᠢᠭᠦᠯᠵᠦ᠂ 100 ᠲᠦᠮᠡᠨ ᠲᠣᠯᠣᠭᠠᠢ ᠭᠠᠭ᠋ᠠᠢ ᠲᠡᠵᠢᠭᠡᠨ ᠦᠷᠡᠵᠢᠭᠦᠯᠬᠦ ᠲᠥᠷᠥᠯ ᠵᠦᠢᠯ ᠢ | ᠰᠠᠭᠤᠷᠢᠰᠢᠭᠤᠯᠤᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠡᠸ᠋ᠨ ᠾᠧ ᠮᠠᠯ ᠠᠵᠤ ᠠᠬᠤᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠲᠠᠷᠢᠶᠠᠯᠠᠩ ᠤᠨ ᠪᠦᠳᠦᠭᠡᠭᠳᠡᠭᠦᠨ ᠮᠠᠯ ᠤᠨ | ᠠᠰᠢᠭ ᠰᠢᠮ᠎ᠡ ᠶᠢᠨ ᠬᠢᠷᠢ ᠲᠡᠩᠴᠡᠭᠰᠡᠨ ᠢ ᠭᠡᠷᠡᠴᠢᠯᠡᠬᠦ ᠳᠦᠷᠢᠮ ᠪᠠ ᠳᠠᠪᠠᠭᠤᠯᠢᠭ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ | ᠣᠷᠣᠨ ᠤ ᠮᠥᠷᠳᠡᠨ ᠤᠬᠤᠴᠢᠯᠠᠬᠤ ᠲᠤᠬᠳᠠᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠭᠤᠤᠯᠳᠠᠯᠭ᠎ᠠ ᠲᠠᠢ ᠦᠢᠯᠡᠳᠪᠤᠷᠢᠯᠠᠯ | ᠡᠵᠡᠩᠨᠡᠯᠲᠡ ᠶᠢᠨ ᠭᠤᠤᠯ ᠴᠣᠭᠴᠠ ᠶᠢᠨ ᠮᠥᠷᠳᠡᠨ ᠤᠬᠤᠴᠢᠯᠠᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠢᠯ ᠤᠨ ᠳᠣᠲᠣᠷ᠎ᠠ ᠬᠤᠲᠠ ᠶᠢᠨ ᠱᠠᠲᠤᠨ ᠠᠴᠠ ᠳᠡᠭᠡᠭᠰᠢᠬᠢ | ᠲᠣᠯᠣᠭᠠᠶᠢᠯᠠᠭᠴᠢ ᠠᠵᠤ ᠠᠬᠤᠶᠢᠯᠠᠯ ᠢ 2 ᠪᠤᠶᠢᠵᠢᠭᠤᠯᠵᠤ᠂ ᠨᠢᠭᠡ ᠪᠦᠯᠦᠭ ᠲᠤᠰᠬᠠᠢ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ | ᠳᠦᠷᠢᠮᠵᠢᠭᠦᠯᠦᠨ ᠲᠡᠰ ᠲᠠᠪᠰᠢᠭᠦᠯᠦᠨᠠ᠃ ᠬᠠᠳᠤᠨ ᠭᠤᠣᠯ ᠳᠠᠭᠠᠤ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠰᠡ ᠶᠢ ᠪᠠᠶᠢᠭᠤᠯᠵᠤ᠂ ᠱᠢ | ᠡᠯ ᠯᠢᠶᠠᠨ ᠴᠸᠡᠭ ᠰᠢᠶᠠᠩ ᠨᠢ ᠤᠯᠤᠰ ᠤᠨ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠵᠢᠱᠢᠶ᠎ᠡ ᠦᠵᠡᠭᠦᠯᠬᠦ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠳᠠᠮᠵᠢᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ | ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦᠯᠭᠦ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠬᠦᠷᠢᠶᠡᠨ ᠳᠠᠬᠢ ᠴᠢᠨᠠᠷ ᠰᠠᠶᠢᠲᠠᠶ | ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠤᠷᠭᠠᠨ ᠬᠥᠮᠦᠵᠢᠯ᠂ ᠨᠠᠰᠤᠳᠠᠳ ᠤᠨ ᠠᠰᠠᠷᠠᠮᠵᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ | ᠲᠠᠮᠢᠷ᠂ ᠰᠡᠯᠡᠭᠦᠴᠡᠯ ᠵᠡᠷᠭᠡ ᠭᠡᠷᠡᠭᠯᠡᠭᠡ ᠳᠤ ᠬᠠᠨᠳᠤᠭᠤᠯᠤᠭᠰᠠᠨ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦᠯᠭᠦ ᠶᠢ ᠠᠬᠢᠭᠤᠯᠤᠨ᠎ᠠ᠃ ᠦᠢᠯᠡᠳᠪᠤᠷᠢᠯᠠᠯ ᠤᠨ | ᠴᠢᠨᠠᠷᠲᠠᠶ ᠦᠢᠯᠡᠴᠢᠯᠡᠭᠡᠨ ᠤᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠦᠢᠯᠡᠳᠭᠦ ᠦᠢᠯᠡᠰ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠵᠢᠭᠦᠯᠬᠦ ᠰᠠᠨᠠᠯ | ᠵᠢᠴᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠠᠷᠠᠭᠠᠨ ᠤ ᠭᠦᠢᠯᠭᠡᠭᠡᠨ ᠤ ᠰᠠᠭᠤᠷᠢ ᠲᠦᠭᠦᠭᠡᠷᠤᠮᠵᠢ ᠶᠢᠨ ᠲᠤᠤᠷ ᠰᠦᠯᠵᠢᠶᠡᠨ ᠤ ᠲᠤᠬᠳᠠᠯᠴᠠᠭ᠎ᠠ | ᠶᠢ ᠲᠡᠭᠦᠯᠳᠡᠷᠵᠢᠭᠦᠯᠦᠨ᠂ ᠬᠥᠮᠥᠷᠭᠡᠯᠡᠨ ᠬᠦᠷᠭᠡᠬᠦ ᠲᠥᠪ᠂ ᠪᠠᠷᠠᠭᠠᠨ ᠤ ᠲᠡᠭᠡᠭᠡᠪᠦᠷᠢ ᠶᠢᠨ ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠡᠭᠡᠵᠢᠩ ᠲᠢᠶᠠᠨᠵᠢᠨ ᠾᠧᠪᠧᠢ᠂ ᠱᠠᠨ ᠰᠢ ᠱᠠᠨᠰᠢ ᠥᠪᠥᠷ ᠮᠣᠩᠭᠤᠯ ᠳᠤ ᠦᠢᠯᠡᠴᠢᠯᠡᠭᠦ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ | ᠵᠠᠩᠭᠢᠶᠠᠰᠤ ᠶᠢ ᠪᠦᠬᠦ ᠬᠦᠴᠦᠨ ᠢᠶᠠᠷ ᠪᠤᠢ ᠪᠣᠯᠭᠠᠨ᠎ᠠ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠶᠢ ᠲᠦᠷᠭᠡᠳᠬᠡᠵᠦ᠂ ᠤᠯᠠᠮᠵᠢᠯᠠᠯᠲᠤ ᠪᠣᠷᠣᠯᠠᠭᠤᠯᠭ᠎ᠠ ᠶᠢᠨ ᠵᠠᠭᠪᠤᠷ ᠢ ᠰᠢᠨ᠎ᠡ ᠬᠡᠯᠪᠡᠷᠢ ᠶᠢᠨ ᠡᠯᠧᠺᠲᠷᠤᠨ ᠬᠤᠳᠠᠯᠳᠤᠭᠠᠨ ᠤ ᠵᠠᠭᠪᠤᠷ ᠲᠡᠰᠢ | ᠬᠤᠪᠢᠷᠠᠭᠤᠯᠬᠤ ᠶᠢ ᠠᠬᠢᠭᠤᠯᠵᠤ᠂ ᠬᠤᠰᠢᠭᠤᠨ ᠤ ᠲᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠣᠯᠠᠨ ᠨᠠᠶᠢᠳᠠ ᠶᠢᠨ ᠦᠢᠯᠡᠴᠢᠯᠡᠭᠡᠨ ᠤ ᠲᠤᠬᠳᠠᠯᠴᠠᠭ᠎ᠠ | ᠶᠢ ᠪᠠᠶᠢᠭᠤᠯᠤᠨ᠎ᠠ᠃ ᠡᠨᠧᠷᠭᠢ ᠬᠢᠮᠢ ᠶᠢᠨ ᠠᠵᠤ ᠦᠢᠯᠡᠳᠪᠤᠷᠢ ᠶᠢᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠬᠠᠷᠢᠶ᠎ᠠ ᠤᠷᠤᠨ ᠳᠣᠲᠣᠷᠠᠬᠢ ᠨᠡᠭᠦᠷᠡᠰᠦ᠂ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ ᠦᠢᠯᠡᠳᠭᠦᠨ ᠢ ︽ᠨᠢᠭᠡᠳᠦᠯᠲᠡᠶ | ᠠᠷᠠᠯᠵᠢᠶᠠᠯᠠᠵᠤ᠂ ᠨᠢᠭᠡ ᠪᠢᠯᠧᠲ ᠢᠶᠠᠷ ᠳ᠋ᠦᠩᠨᠡᠨ ᠪᠣᠳᠣᠬᠤ︾ ᠪᠠᠷ ᠴᠢᠷᠮᠠᠶᠢᠨ᠎ᠠ᠃ ᠰᠣᠶᠣᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠪᠤᠶᠢᠵᠢᠭᠤᠯᠵᠤ᠂ ᠰᠣᠶᠣᠯ ᠤᠨ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠂ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠨ᠂ ᠨᠢᠭᠡ ᠪᠦᠯᠦᠭ ᠰᠣᠳᠣᠨ ᠵᠦᠴᠦᠭᠡ ᠶᠢᠨ ᠭᠠᠷᠴᠠᠭ᠂ ᠤᠳᠬ᠎ᠠ ᠵᠣᠬᠢᠶᠠᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠶᠢ ᠠᠬᠢᠭᠤᠯᠤᠨ᠎ᠠ᠃ ᠪᠥᠬᠦ | ᠣᠷᠣᠨ ᠪᠦᠰᠡ ᠪᠥᠬᠦ ᠤᠯᠠᠷᠢᠯ ᠤᠨ ᠵᠤᠭᠠᠴᠠᠯ ᠤᠨ ᠣᠨᠣᠯᠵᠢᠭᠤᠨ ᠢ ᠪᠣᠶ ᠪᠣᠯᠭᠠᠵᠤ᠂ ᠵᠤᠭᠠᠴᠠᠯ ᠤᠨ ᠰᠠᠭᠤᠷᠢ ᠲᠦᠭᠦᠭᠡᠷᠤᠮᠵᠢ ᠪᠠ ᠢᠵᠢ ᠲᠥᠬᠦᠷ ᠦᠢᠯᠡᠴᠢᠯᠡᠭᠡᠨ ᠤ | ᠲᠤᠬᠳᠠᠯᠴᠠᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠳᠠᠢ ᠭᠤᠤᠯ ᠵᠠᠳᠠᠭᠠᠶ ᠨᠡᠭᠦᠷᠡᠰᠦᠨ ᠠᠭᠤᠷᠬᠠᠢ ᠶᠢᠨ ᠠᠵᠤ | ᠦᠢᠯᠡᠳᠪᠤᠷᠢ ᠶᠢᠨ ᠵᠤᠭᠠᠴᠠᠯ᠂ ᠪᠤᠷᠤᠳᠤᠬᠤᠢ ᠦᠨᠳᠦᠰᠦᠲᠡᠨ ᠤ ᠰᠣᠶᠣᠯ ᠵᠤᠭᠠᠴᠠᠯ ᠪᠣᠯᠤᠨ ᠬᠠᠳᠤᠨ ᠭᠤᠤᠯ ᠤᠨ ᠲᠤᠮᠤ ᠬᠠᠪᠴᠢᠯ᠂ ᠵᠡᠭᠦᠨᠭᠠᠷ ᠵᠤᠤ᠂ ᠨᠠᠷᠠᠰᠤᠨ | ᠸᠠᠩ ᠵᠡᠷᠭᠡ ᠵᠤᠭᠠᠴᠠᠯ ᠤᠨ ᠡᠬᠢ ᠪᠠᠶᠠᠯᠢᠭ ᠢ ᠠᠭᠤᠰᠤᠯᠴᠠᠭᠤᠯᠤᠨ ᠭᠦᠭᠵᠢᠭᠦᠯᠭᠦ ᠶᠢ ᠠᠬᠢᠭᠤᠯᠤᠨ᠎ᠠ᠃ ᠬᠠᠳᠤᠨ ᠭᠤᠤᠯ ᠤᠨ ᠲᠤᠮᠤ ᠬᠠᠪᠴᠢᠯ ᠤᠨ AAAAA | ᠲᠡᠰ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠦᠬᠦ ᠵᠢᠯ ᠳᠤ ᠵᠤᠭᠠᠴᠠᠭᠰᠠᠳ ᠢ 170 ᠲᠦᠮᠡᠨ | ᠬᠥᠮᠦᠨ ᠤᠳᠠᠭ᠎ᠠ ᠠᠴᠠ ᠳᠡᠭᠡᠭᠰᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 23 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠤᠨ᠎ᠠ᠃ | ︵ᠳᠥᠷᠪᠡ︶ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠣᠷᠣᠰᠢᠨ ᠰᠠᠭᠤᠬᠤ ᠳᠤ ᠲᠠᠭᠠᠯᠠᠮᠵᠢᠳᠠᠢ ᠠᠵᠢᠯ | ᠣᠯᠬᠤ ᠳᠤ ᠲᠤᠭᠢᠷᠠᠮᠵᠢᠳᠠᠢ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠠ᠃ ᠵᠢᠯ ᠤᠨ ᠳᠣᠲᠣᠷ᠎ᠠ 1 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠭᠦ ᠵᠢᠭᠡᠯᠡᠯᠭᠡ ᠶᠢ 10 ᠳ᠋ᠦᠩᠰᠢᠭᠤᠷ ᠲᠥᠭᠦᠷᠢᠭ ᠲᠠᠷᠬᠠᠭᠠᠵᠤ᠂ ᠬᠥᠳᠡᠭᠡ ᠲᠣᠰᠬᠤᠨ ᠤ ᠠᠵᠤ ᠦᠢᠯᠡᠰ᠂ | ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ | ᠤᠯᠤᠰ ᠤᠨ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠡᠪᠡᠰᠦ ᠪᠡᠯᠴᠢᠭᠡᠷ ᠤᠨ ᠡᠷᠭᠢᠯᠳᠠ ᠶᠢᠨ ᠮᠡᠳᠡᠭᠡ | ᠵᠠᠩᠭᠢ ᠶᠢᠨ ᠲᠠᠪᠴᠠᠩ ᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ ᠭᠠᠵᠠᠷ ᠰᠢᠷᠣᠶ ᠶᠢ ᠵᠦᠶ ᠵᠣᠬᠢᠰᠲᠠᠶ ᠡᠮᠬᠢ ᠵᠢᠷᠤᠮ ᠲᠠᠢ ᠡᠷᠭᠢᠯᠳᠦᠭᠦᠯᠬᠦ ᠶᠢ ᠠᠬᠢᠭᠤᠯᠵᠤ᠂ | ᠭᠠᠵᠠᠷ ᠰᠢᠷᠣᠶ ᠶᠢ ᠵᠣᠬᠢᠬᠤ ᠬᠡᠮᠵᠢᠶ᠎ᠡ ᠪᠠᠷ ᠬᠡᠪᠴᠢᠶᠡᠵᠢᠭᠦᠯᠦᠨ ᠡᠵᠡᠩᠨᠡᠬᠦ ᠶᠢ 1 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ 1000 ᠲᠦᠮᠡᠨ ᠲᠥᠭᠦᠷᠢᠭ ᠤᠨ | ᠲᠤᠰᠬᠠᠶ ᠪᠡᠯᠡ ᠮᠥᠩᠭᠦ ᠲᠣᠬᠢᠷᠠᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠬᠤᠲᠠ ᠶᠢᠨ ᠲᠠᠰ ᠤᠨ ᠬᠥᠳᠡᠭᠡ ᠲᠣᠰᠬᠤᠨ ᠢ | ᠬᠥᠭᠵᠢᠭᠦᠯᠭᠦ ᠵᠢᠱᠢᠶ᠎ᠡ ᠦᠵᠡᠭᠦᠯᠬᠦ ᠲᠣᠰᠬᠤᠨ 11᠂ ᠬᠤᠰᠢᠭᠤ ᠲᠠᠰ ᠤᠨ ᠬᠥᠳᠡᠭᠡ ᠲᠣᠰᠬᠤᠨ ᠢ ᠬᠥᠭᠵᠢᠭᠦᠯᠭᠦ ᠵᠢᠱᠢᠶ᠎ᠡ ᠦᠵᠡᠭᠦᠯᠬᠦ ᠲᠣᠰᠬᠤᠨ 6 ᠶᠢ | ᠦᠷᠭᠦᠯᠵᠢᠯᠡᠨ ᠪᠠᠶᠢᠭᠤᠯᠵᠤ᠂ ᠴᠡᠭ ᠠᠴᠠ ᠪᠥᠬᠦ ᠲᠠᠯ᠎ᠠ ᠳᠤ ᠬᠦᠷᠲᠡᠯ᠎ᠡ ᠬᠥᠳᠡᠭᠡ ᠲᠣᠰᠬᠤᠨ ᠢ ᠬᠥᠭᠵᠢᠭᠦᠯᠭᠦ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠤᠷᠢᠯᠡᠭᠦ ᠶᠢ | ᠲᠤᠰᠬᠠᠶᠢᠵᠢᠬᠤ᠂ ᠠᠵᠤ ᠦᠢᠯᠡᠰᠴᠢᠯᠡᠬᠦ ᠲᠡᠰᠢ ᠠᠬᠢᠭᠤᠯᠵᠤ᠂ 21 ᠬᠤᠭ ᠨᠣᠪᠰᠢ ᠰᠢᠢᠳᠪᠤᠷᠢᠯᠡᠭᠦ ᠲᠦᠭᠦᠭᠡᠷᠤᠮᠵᠢ᠂ 26 ᠪᠣᠬᠢᠷ ᠤᠰᠤ ᠰᠢᠢᠳᠪᠤᠷᠢᠯᠡᠭᠦ | ᠲᠦᠭᠦᠭᠡᠷᠤᠮᠵᠢ ᠶᠢ ᠰᠢᠨ᠎ᠡ ᠪᠠᠷ ᠪᠠᠶᠢᠭᠤᠯᠵᠤ᠂ 2000 ᠡᠷᠦᠬᠡ ᠠᠴᠠ ᠳᠡᠭᠡᠭᠰᠢ ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠦᠨ᠎ᠡ᠃ ᠬᠥᠳᠡᠭᠡ | ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠪᠠᠶᠢᠭᠤᠯᠵᠤ᠂ ᠲᠤᠷᠰᠢᠯᠭ᠎ᠠ ᠲᠠᠢ᠂ ᠬᠢᠬᠦ | ᠠᠷᠭ᠎ᠠ ᠲᠠᠢ᠂ ᠦᠷ᠎ᠡ ᠪᠦᠲᠦᠮᠵᠢ ᠲᠠᠢ ᠲᠡᠷᠢᠭᠦᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠠ᠃ | ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ ᠤ ᠪᠦᠳᠦᠮᠵᠢᠳᠤ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠳᠤ | ᠬᠠᠶᠢᠷᠠᠲᠠᠢ᠂ ᠮᠡᠷᠭᠡᠵᠢᠯᠳᠠᠢ᠂ ᠡᠵᠡᠩᠨᠡᠬᠦ ᠳᠡᠭᠡᠨ ᠴᠢᠳᠠᠮᠠᠭᠠᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠡᠩᠨᠡᠭᠡ ᠶᠢ ᠬᠥᠮᠦᠵᠢᠭᠦᠯᠵᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠬᠤᠲᠠ ᠪᠠᠯᠭᠠᠰᠤᠨ ᠤ ᠴᠢᠳᠠᠪᠬᠢ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠰᠢᠤᠸᠠᠢ ᠵᠢᠶᠠ ᠸᠠᠨ ᠳ᠋ᠠ ᠯᠤ᠋ ᠶᠢ ᠴᠣᠭᠴᠠᠵᠢᠭᠤᠯᠬᠤ︾ | ᠠᠬᠢᠴᠠ ᠶᠢ ᠲᠦᠷᠭᠡᠳᠬᠡᠵᠦ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠰᠠᠭᠤᠷᠢ ᠲᠦᠭᠦᠭᠡᠷᠤᠮᠵᠢ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠤᠯᠠᠭᠠᠨ ᠬᠥᠭᠦᠷᠭᠡ᠂ ᠪᠠᠶᠢᠭᠠᠯᠢ ᠶᠢᠨ ᠰᠢᠲᠠᠮᠠᠬᠠᠶ ᠬᠡᠢ ᠶᠢ ᠡᠷᠦᠬᠡ ᠳᠤ ᠣᠷᠣᠭᠤᠯᠬᠤ ᠵᠡᠷᠭᠡ ᠪᠠᠶᠢᠭᠤᠯᠵᠤ ᠪᠠᠶᠢᠭ᠎ᠠ | ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠤᠮᠵᠢ ᠶᠢᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠲᠠᠷᠢᠶᠠᠯᠠᠩ | ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠡᠭᠦᠨᠭᠠᠷ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠵᠡᠭᠡᠯᠢ ᠥᠩᠭᠡᠷᠡᠬᠦ ᠵᠠᠮ ᠵᠡᠷᠭᠡ | ᠬᠤᠲᠠ ᠶᠢᠨ ᠶᠠᠪᠤᠳᠠᠯ ᠤᠨ ᠲᠣᠭᠤᠷᠢᠭ ᠤᠨ ᠴᠢᠳᠠᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠤᠶᠢᠯ ᠢ ᠡᠬᠢᠯᠡᠭᠦᠯᠦᠨ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ | ᠲᠡᠷᠭᠡ ᠵᠣᠭᠰᠣᠬᠤ ᠲᠠᠯᠠᠪᠠᠢ ᠶᠢ 5 ᠰᠢᠨ᠎ᠡ ᠪᠠᠷ ᠪᠠᠶᠢᠭᠤᠯᠵᠤ᠂ ᠭᠠᠵᠠᠷ ᠲᠤᠤᠷᠡᠬᠢ ᠪᠣᠰᠤᠭ᠎ᠠ ᠴᠣᠭᠴᠠᠲᠤ ᠲᠡᠷᠭᠡ ᠵᠣᠭᠰᠣᠬᠤ ᠲᠠᠯᠠᠪᠠᠢ ᠶᠢ ᠰᠦᠪᠡᠭᠴᠢᠯᠡᠨ ᠪᠠᠶᠢᠭᠤᠯᠵᠤ | ᠂ ᠣᠯᠠᠨ ᠨᠡᠶᠢᠲᠡ ᠶᠢᠨ ᠲᠡᠷᠭᠡ ᠵᠣᠭᠰᠣᠬᠤ ᠪᠠᠶᠢᠷᠢ ᠶᠢ 500 ᠰᠢᠨ᠎ᠡ ᠪᠠᠷ ᠨᠡᠮᠡᠭᠳᠡᠭᠦᠯᠵᠦ᠂ ᠲᠡᠷᠭᠡ ᠵᠣᠭᠰᠣᠭᠠᠬᠤ ᠳᠤ ᠬᠦᠴᠢᠷᠲᠡᠶ᠂ ᠵᠠᠮ ᠬᠠᠷᠢᠯᠴᠠᠭᠠᠨ ᠤ | ᠲᠦᠭᠵᠢᠷᠡᠯ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠤᠷᠢᠯᠠᠨ᠎ᠠ᠃ ᠰᠢᠤᠸᠠᠢ ᠵᠢᠶᠠ ᠸᠠᠨ ᠤ ᠨᠠᠭᠤᠷ ᠤᠨ ᠵᠡᠭᠦᠨᠳᠡᠬᠢ ᠨᠠᠭᠤᠷ ᠤᠨ ᠪᠠᠷᠠᠭᠤᠨᠳᠡᠭᠢ ᠬᠡᠰᠡᠭ ᠤᠨ | ᠦᠵᠡᠮᠵᠢ ᠶᠢᠨ ᠨᠣᠭᠤᠭᠠᠷᠠᠭᠤᠯᠤᠯᠲᠠ᠂ ᠵᠡᠭᠦᠨᠭᠠᠷ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠷᠭᠢᠨ ᠲᠣᠭᠤᠷᠢᠨ ᠤ ᠵᠠᠮ ᠤᠨ ᠨᠣᠭᠤᠭᠠᠷᠠᠭᠤᠯᠤᠯᠲᠠ ᠶᠢᠨ | ᠢᠨᠵᠧᠨᠧᠷᠢᠩ ᠪᠠ ᠬᠤᠲᠠ ᠶᠢᠨ ᠳᠡᠭᠦᠷᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠵᠠᠰᠠᠯᠲᠠ ᠶᠢ ᠬᠡᠷᠡᠭᠵᠢᠭᠦᠯᠵᠦ᠂ 50 ᠲᠦᠮᠡᠨ ᠲᠡᠭᠰᠢ ᠳᠥᠷᠪᠡᠯᠵᠢᠨ | ᠮᠧᠲᠷ ᠴᠡᠴᠡᠷᠯᠢᠭ ᠤᠨ ᠨᠣᠭᠤᠭᠠᠨ ᠬᠥᠷᠥᠰᠥ ᠶᠢ ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠨ ᠪᠠᠶᠢᠭᠤᠯᠤᠨ᠎ᠠ᠃ ᠵᠡᠭᠦᠨᠭᠠᠷ ᠵᠡᠭᠦᠨ ᠵᠡᠭᠡᠯᠢ ᠶᠢ ᠥᠭᠡᠷᠡᠴᠢᠯᠡᠨ | ᠲᠡᠰᠵᠢᠭᠦᠯᠭᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠰᠡᠯᠡᠭᠦᠴᠡᠨ ᠠᠯᠬᠤᠯᠠᠬᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠬᠠᠭᠤᠴᠢᠨ ᠰᠠᠭᠤᠭᠠᠯᠢ | ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠲᠤᠷᠰᠢᠯᠲᠠ ᠶᠢᠨ ᠴᠡᠭ ᠢ ᠡᠬᠢᠯᠡᠭᠦᠯᠵᠦ᠂ ᠬᠠᠭᠤᠴᠢᠨ ᠰᠠᠭᠤᠭᠠᠯᠢ ᠲᠣᠭᠤᠷᠢᠭ ᠤᠨ ᠡᠨᠧᠷᠭᠢ ᠠᠷᠪᠢᠯᠠᠵᠤ | ᠳᠤᠯᠠᠭᠠᠨ ᠢ ᠪᠠᠲᠤᠯᠠᠬᠤ ᠵᠢᠴᠢ ᠭᠠᠵᠠᠷ ᠳᠣᠣᠷᠠᠬᠢ ᠬᠤᠭᠤᠯᠠᠢ ᠲᠣᠣᠷ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠦᠬᠦ ᠬᠤᠰᠢᠭᠤᠨ ᠤ | ᠬᠥᠳᠡᠭᠡ ᠲᠣᠰᠬᠤᠨ ᠤ ᠭᠡᠷ ᠪᠠᠶᠢᠰᠢᠩ ᠢ ᠴᠣᠭᠴᠠᠵᠢᠭᠤᠯᠤᠨ ᠡᠷᠬᠡ ᠶᠢ ᠲᠤᠳᠤᠷᠬᠠᠶᠢᠯᠠᠵᠤ ᠲᠠᠩᠰᠠᠯᠠᠭᠤᠯᠬᠤ ᠠᠵᠢᠯ ᠢ ᠪᠡᠶᠡᠯᠡᠭᠦᠯᠦᠨ᠎ᠡ᠃ ᠳᠥᠭᠦᠮ ᠪᠦᠳᠦᠭᠦᠯᠢᠭ | ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ ᠨᠡᠭᠦᠯᠭᠡᠵᠦ ᠲᠥᠪᠬᠢᠨᠡᠭᠦᠯᠬᠦ᠂ ᠭᠡᠷ ᠪᠠᠶᠢᠰᠢᠩ ᠤᠨ ᠥᠮᠴᠢᠯᠡᠯ ᠤᠨ | ᠡᠷᠬᠡ ᠶᠢ ᠳᠠᠩᠰᠠᠯᠠᠬᠤ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠲᠡᠤᠭᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠤᠷᠢᠯᠠᠨ᠎ᠠ᠃ | ᠱᠠᠬᠳᠠᠷ ᠪᠣᠯᠤᠨ ᠰᠢᠤᠸᠠᠢ ᠵᠢᠶᠠ ᠸᠠᠨ ᠳᠤ ᠨᠢᠭᠡ ᠪᠦᠯᠦᠭ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠤᠶᠢᠯ ᠢ ᠡᠬᠢᠯᠡᠨ ᠬᠡᠷᠡᠭᠵᠢᠭᠦᠯᠵᠦ᠂ ᠣᠯᠠᠨ ᠲᠦᠮᠡᠨ ᠤ | ᠪᠠᠳᠤᠯᠠᠭ᠎ᠠ ᠶᠢᠨ ᠴᠢᠨᠠᠷᠳᠠᠢ ᠱᠠᠭᠠᠷᠳᠠᠯᠭ᠎ᠠ ᠶᠢ ᠰᠢᠢᠳᠪᠤᠷᠢᠯᠠᠨ᠎ᠠ᠃ 5G ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ | ᠵᠣᠬᠢᠶᠠᠮᠠᠯ ᠣᠶᠤᠨ ᠤ ᠴᠢᠳᠠᠪᠤᠷᠢ ᠶᠢ ᠠᠭᠤᠰᠤᠯᠴᠠᠭᠤᠯᠤᠨ ᠬᠡᠷᠡᠭᠯᠡᠬᠦ ᠶᠢ ᠲᠦᠷᠭᠡᠳᠬᠡᠨ᠂ ᠤᠶᠤᠨᠴᠢ ᠵᠡᠭᠦᠨᠭᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ | ᠵᠡᠭᠦᠨᠭᠠᠷ ᠭᠡᠷ ᠤᠷᠤᠨ︾ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠨ᠎ᠠ᠃ | ᠳᠤᠷ᠎ᠠ ᠪᠠᠷ ᠢᠶᠠᠨ ᠪᠠᠶᠢᠭᠤᠯᠬᠤ ᠶᠠᠪᠤᠳᠠᠯ ᠳᠤ ᠴᠢᠩᠭ᠎ᠠ ᠴᠣᠬᠢᠯᠲᠠ ᠥᠭᠴᠦ᠂ ᠵᠠᠮ ᠬᠠᠷᠢᠯᠴᠠᠭᠠᠨ ᠤ ᠡᠮᠬᠢ ᠳᠢᠭᠯᠢᠮ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠴᠢᠩᠭᠠᠳᠬᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠲᠠ ᠶᠢ ᠠᠬᠢᠭᠤᠯᠤᠨ᠂ ᠡᠷᠡᠭᠦᠯ ᠬᠠᠮᠠᠭᠠᠯᠠᠯ ᠤᠨ ᠰᠢᠶᠠᠨ ᠬᠤᠲᠠ᠂ | ᠴᠡᠴᠡᠷᠯᠢᠭᠵᠢᠭᠦᠯᠦᠯᠳᠠ ᠶᠢᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ ᠤᠯᠤᠰ ᠠᠴᠠ | ᠰᠢᠶᠠᠨ ᠤ ᠱᠠᠲᠤᠨ ᠤ ᠪᠣᠯᠪᠠᠰᠤᠨ ᠬᠤᠲᠠ ᠶᠢᠨ ᠢᠷᠠᠭᠤ ᠠᠯᠳᠠᠷ ᠲᠠᠢ ᠵᠠᠯᠭᠠᠯᠳᠤᠨ ᠬᠤᠯᠪᠣᠭᠠᠯᠠᠬᠤ ᠶᠢ ᠦᠨᠡᠨᠬᠦ ᠪᠠᠲᠤᠯᠠᠨ᠎ᠠ᠃ | ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠦᠭᠦᠭᠡᠷᠤᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠦᠪᠵᠢᠭᠦᠯᠦᠨ ᠠᠬᠢᠭᠤᠯᠤᠨ᠎ᠠ᠃ ᠨᠠᠷᠠᠰᠤᠨ ᠠᠴᠠ ᠴᠠᠩ ᠲᠠᠨ ᠬᠦᠷᠬᠦ ᠳᠡᠭᠡᠳᠦ ᠬᠤᠷᠳᠤᠴᠠᠳᠤ ᠵᠠᠰᠠᠮᠠᠯ ᠵᠠᠮ᠂ ᠰᠢᠤᠸᠠᠢ ᠵᠢᠶᠠ | ᠸᠠᠨ — ᠯᠢᠦ ᠴᠢᠩ ᠯᠢᠶᠠᠩ — ᠴᠧᠩ ᠫᠦᠸᠧ ᠬᠦᠷᠬᠦ ᠵᠤᠭᠠᠴᠠᠯ ᠤᠨ ᠲᠤᠰᠬᠠᠢ ᠱᠤᠭᠤᠮ ᠢ ᠡᠬᠢᠯᠡᠨ ᠪᠦᠲᠦᠭᠡᠨ ᠪᠠᠶᠢᠭᠤᠯᠵᠤ᠂ ᠳ᠋ᠠ ᠯᠦᠩ ᠳᠡᠭᠡᠳᠦ | ᠬᠤᠷᠳᠤᠴᠠᠳᠤ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠳᠡᠭᠡᠳᠦ ᠬᠤᠷᠳᠤᠴᠠᠳᠤ ᠵᠠᠰᠠᠮᠠᠯ ᠵᠠᠮ ᠢ 40 ᠺᠢᠯᠤᠮᠧᠲᠷ | ᠰᠢᠨ᠎ᠡ ᠪᠠᠷ ᠨᠡᠮᠡᠭᠳᠡᠭᠦᠯᠦᠨ᠎ᠡ᠃ ᠬᠠᠳᠤᠨ ᠭᠤᠤᠯ ᠤᠨ ᠰᠠᠪᠠ ᠭᠠᠵᠠᠷ ᠢ ᠵᠠᠰᠠᠬᠤ ᠲᠠᠢ ᠤᠶᠠᠯᠳᠤᠭᠤᠯᠤᠨ᠂ ᠲᠠᠬ᠎ᠠ ᠭᠤᠤᠯ ᠤᠨ ᠭᠤᠤᠯ ᠤᠨ ᠵᠠᠮ ᠵᠢᠴᠢ ᠰᠠᠯᠪᠤᠷᠢ | ᠭᠤᠤ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠨᠢᠭᠡᠳᠦᠯᠲᠡᠶ ᠲᠥᠯᠥᠪᠵᠢᠭᠦᠯᠤᠨ ᠠᠬᠢᠭᠤᠯᠤᠨ᠎ᠠ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠤᠰᠤ ᠬᠠᠩᠭᠠᠬᠤ ᠰᠢᠰᠲ᠋ᠧᠮ ᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ᠎ᠡ᠃ ᠬᠥᠳᠡᠭᠡ ᠲᠣᠰᠬᠤᠨ ᠤ ᠰᠦᠯᠵᠢᠶᠡᠨ ᠤ ᠳᠣᠬᠢᠶᠠᠨ ᠤ ᠥᠷᠲᠡᠭᠡ ᠶᠢ 93 | ᠰᠢᠨ᠎ᠡ ᠪᠠᠷ ᠪᠠᠶᠢᠭᠤᠯᠵᠤ᠂ 4G ᠶᠢᠨ ᠰᠦᠯᠵᠢᠶᠡᠨ ᠤ ᠪᠦᠷᠬᠦᠴᠡ ᠶᠢ ᠪᠡᠶᠡᠯᠡᠭᠦᠯᠦᠨ᠎ᠡ᠃ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ | ᠰᠢᠶᠠᠩ ᠪᠠᠢ ᠱᠠᠨ ᠤ 110 ᠺᠢᠯᠣᠸᠣᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠬᠤ ᠪᠠᠷ ᠴᠢᠷᠮᠠᠶᠢᠵᠤ᠂ ᠬᠠᠢ ᠽᠢ ᠲᠠ ᠶᠢᠨ 220 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠬᠤᠪᠢᠰᠬᠠᠬᠤ ᠲᠥᠷᠥᠯ ᠵᠦᠢᠯ ᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠨᠡᠮᠡᠭᠳᠡᠯ ᠴᠠᠬᠢᠯᠭᠠᠨ ᠲᠠᠮᠵᠢᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯᠤᠨ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠢ ᠤᠯᠤᠰ ᠤᠨ ᠨᠡᠮᠡᠭᠳᠡᠯ ᠴᠠᠬᠢᠯᠭᠠᠨ | ᠲᠠᠮᠵᠢᠭᠤᠯᠬᠤ ᠥᠭᠡᠷᠡᠴᠢᠯᠡᠯᠲᠡ ᠶᠢᠨ ᠲᠤᠷᠰᠢᠯᠲᠠ ᠳᠤ ᠣᠷᠣᠭᠤᠯᠬᠤ ᠪᠠᠷ ᠴᠢᠷᠮᠠᠶᠢᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠬᠤᠳᠠᠯᠳᠤᠭ᠎ᠠ ᠡᠷᠭᠢᠯᠡᠭᠦ ᠣᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃ ︽ᠬᠤᠳᠠᠯᠳᠤᠭ᠎ᠠ ᠡᠷᠭᠢᠯᠡᠭᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠦᠷᠢᠮ︾ ᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠡ ᠶᠢᠨ ᠲᠦᠷᠢᠮ ᠢ | ᠴᠢᠩᠭ᠎ᠠ ᠬᠡᠷᠡᠭᠵᠢᠭᠦᠯᠦᠨ᠂ ︽ᠴᠠᠭᠠᠵᠠᠯᠠᠬᠰᠠᠨ ᠥᠬᠡᠶ ᠪᠣᠯ ᠵᠠᠬ᠎ᠠ ᠲᠡᠯᠭᠡᠭᠦᠷ ᠲᠤ ᠣᠷᠣᠵᠤ ᠪᠤᠯᠬᠤ︾ ᠶᠢ ᠨᠡᠶᠢᠳᠡᠮ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠦ᠂ ︽ᠭᠡᠷᠡᠴᠢ ᠦᠨᠡᠮᠯᠡᠯ ᠢ ᠰᠠᠯᠭᠠᠬᠤ︾᠂ ︽ᠣᠯᠠᠨ ᠦᠨᠡᠮᠯᠡᠯ ᠢ ᠨᠢᠭᠡᠳᠬᠡᠬᠦ︾ | ᠥᠭᠡᠷᠡᠴᠢᠯᠡᠯᠲᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠤᠬᠤᠷᠢᠨ ᠭᠠᠷᠬᠤ ᠶᠢ ᠳᠥᠭᠦᠮ ᠪᠣᠯᠭᠠᠬᠤ ᠥᠭᠡᠷᠡᠴᠢᠯᠡᠯᠲᠡ ᠶᠢ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 5000 ᠣᠷᠴᠢᠮ ᠰᠢᠨ᠎ᠡ ᠪᠠᠷ ᠨᠡᠮᠡᠭᠳᠡᠭᠦᠯᠵᠦ᠂ 1.5 ᠲᠦᠮᠠ ᠤᠷᠴᠢᠮ ᠬᠥᠮᠦᠨ ᠳᠤ | ᠰᠢᠨ᠎ᠡ ᠪᠠᠷ ᠠᠵᠢᠯ ᠣᠯᠭᠤᠨ᠎ᠠ᠃ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠳᠠᠴᠠᠯᠭᠠ ᠶᠢᠨ | ᠪᠠᠶᠢᠭᠤᠯᠤᠯᠲᠠ ᠶᠢ ᠲᠦᠷᠭᠡᠳᠬᠡᠵᠦ᠂ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ᠂ ᠪᠦᠬᠦ ᠬᠤᠰᠢᠭᠤ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ ᠡ ᠭᠦᠢᠴᠡᠳᠬᠡᠵᠦ ᠪᠣᠯᠬᠤ ᠨᠣᠷᠮ᠎ᠠ᠂ ︽ᠨᠢᠭᠡ ᠴᠣᠩᠬᠤᠪᠴᠢ︾ ᠪᠠᠷ ᠬᠦᠯᠢᠶᠡᠨ ᠠᠪᠴᠤ | ᠰᠢᠢᠳᠪᠦᠷᠢᠯᠡᠬᠦ ᠨᠣᠷᠮ᠎ᠠ ᠶᠢ ᠴᠥᠮ 80% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ︽ ᠦᠷᠳᠡᠭᠡᠴᠢᠯᠡᠭᠰᠡᠨ ᠬᠡᠯᠪᠡᠷᠢ︾ ᠶᠢᠨ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠲᠥᠪ ᠤᠨ ᠴᠢᠳᠠᠪᠬᠢ ᠶᠢ ᠳᠡᠭᠡᠭᠰᠢᠯᠡᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠴᠠᠭ ᠢ ᠦᠷᠭᠦᠯᠵᠢᠯᠡᠨ ᠪᠠᠭᠠᠰᠬᠠᠨ᠎ᠠ᠃ ︽ᠲᠥᠷᠥᠯ ᠵᠤᠶᠢᠯ ᠤᠨ ᠬᠠᠮᠢᠶᠠᠷᠤᠭᠴᠢ︾ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠰᠢᠶᠠᠨ ᠤ ᠱᠠᠲᠤᠨ ᠤ | ᠤᠳᠤᠷᠢᠳᠤᠯᠭ᠎ᠠ ᠭᠤᠤᠯᠳᠠᠯᠭ᠎ᠠ ᠲᠠᠢ ᠲᠥᠷᠥᠯ ᠵᠤᠶᠢᠯ ᠢ ᠳᠠᠭᠠᠭᠠᠴᠢᠯᠠᠨ ᠬᠤᠯᠪᠣᠭᠠᠯᠠᠬᠤ ᠪᠠ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠬᠤ ᠲᠣᠭᠲᠠᠴᠠ ᠶᠢ | ᠦᠷᠭᠦᠯᠵᠢᠯᠡᠨ ᠬᠡᠷᠡᠭᠵᠢᠭᠦᠯᠵᠦ᠂ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠦᠶᠡᠯᠡᠯ ᠤᠨ ᠦᠢᠯᠡᠴᠢᠯᠡᠭᠡ ᠶᠢ ᠪᠡᠶᠡᠯᠡᠭᠦᠯᠤᠨ᠎ᠠ᠃ | ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠪᠣᠯᠤᠨ ᠠᠵᠢᠯ ᠦᠢᠯᠡᠰ ᠤᠨ | ᠨᠢᠭᠡᠴᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠰᠢᠶᠠᠩ ᠪᠠᠯᠭᠠᠰᠤᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠰᠢᠶᠠᠩ ᠪᠠᠯᠭᠠᠰᠤᠨ ᠤ ᠡᠳ᠋ ᠤᠨ ᠡᠷᠬᠡ ᠠᠵᠢᠯ ᠶᠠᠪᠤᠳᠠᠯ ᠤᠨ ᠡᠷᠬᠡ ᠶᠢ ᠠᠳᠠᠯᠢ ᠲᠡᠭᠰᠢ ᠪᠠᠶᠢᠯᠭᠠᠬᠤ ᠶᠢ ᠪᠡᠶᠡᠯᠡᠭᠦᠯᠵᠦ᠂ | ᠰᠢᠶᠠᠩ ᠪᠠᠯᠭᠠᠰᠤᠨ ᠤ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠨᠢᠬᠳᠠᠷᠠᠬᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠪᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠲᠦᠷᠢᠮ ᠤᠨ | ᠥᠭᠡᠷᠡᠴᠢᠯᠡᠯᠲᠡ ᠶᠢ ᠠᠬᠢᠭᠤᠯᠵᠤ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠬᠡᠪᠴᠢᠶ᠎ᠡ ᠶᠢ ᠥᠷᠭᠡᠳᠬᠡᠵᠦ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠯᠤᠰ ᠤᠨ ᠥᠮᠴᠢᠯᠡᠯᠲᠤ ᠠᠵᠤ ᠠᠬᠤᠶᠢᠯᠠᠯ ᠢ ᠳᠠᠬᠢᠨ | ᠵᠣᠬᠢᠶᠠᠨ ᠪᠠᠶᠢᠭᠤᠯᠬᠤ ᠵᠢᠴᠢ ᠴᠠᠯᠢᠩ ᠬᠥᠯᠥᠰᠥ ᠶᠢᠨ ᠳᠦᠷᠢᠮ᠂ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ | ᠤᠯᠤᠰ ᠤᠨ ᠥᠮᠴᠢᠯᠠᠯᠳᠤ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ | ᠦᠮᠴᠢᠯᠠᠯᠳᠤ ᠡᠳ᠋ ᠬᠥᠷᠥᠩᠭᠡ ᠶᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠳᠠᠩᠰᠠ ᠪᠠ ᠪᠣᠳᠠᠲᠤ ᠪᠠᠶᠢᠳᠠᠯ ᠨᠡᠶᠢᠴᠡᠭᠦ ᠶᠢ ᠪᠡᠶᠡᠯᠡᠭᠦᠯᠵᠤ᠂ ᠤᠯᠤᠰ ᠤᠨ ᠦᠮᠴᠢᠯᠠᠯᠳᠤ | ᠡᠳ᠋ ᠬᠥᠷᠥᠩᠭᠡ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠤᠯᠤᠰ ᠤᠨ ᠦᠮᠴᠢᠯᠠᠯᠳᠤ ᠡᠳ᠋ ᠬᠥᠷᠥᠩᠭᠡ ᠶᠢᠨ ᠥᠷᠲᠡᠭ ᠢ ᠨᠡᠮᠡᠭᠳᠡᠭᠦᠯᠬᠦ ᠶᠢ ᠦᠨᠡᠨᠬᠦ | ᠪᠠᠲᠤᠯᠠᠨ᠎ᠠ᠃ ᠰᠤᠷᠭᠠᠨ ᠬᠥᠮᠦᠵᠢᠯ᠂ ᠰᠣᠶᠣᠯ᠂ ᠨᠠᠰᠤᠳᠠᠳ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶᠡᠨ ᠳᠠᠬᠢ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠵᠤ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠷᠭᠢᠯᠳᠠ ᠡᠵᠡᠩᠨᠡᠯᠲᠡ ᠶᠢᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠣᠯᠠᠨ ᠲᠦᠮᠡᠨ ᠳᠤ ᠨᠠᠩ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠴᠢᠨᠠᠷ ᠰᠠᠶᠢᠲᠠᠶ ᠣᠯᠠᠨ ᠨᠡᠶᠢᠲᠡ ᠶᠢᠨ | ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠣᠯᠠᠨ ᠨᠡᠶᠢᠲᠡ ᠶᠢᠨ ᠡᠬᠢ ᠪᠠᠶᠠᠯᠢᠭ ᠢ ᠰᠦᠯᠵᠢᠶᠡᠨ ᠭᠠᠳᠠᠨ᠎ᠠ ᠠᠷᠠᠯᠵᠢᠶᠠᠯᠠᠬᠤ ᠥᠬᠡᠶ᠂ ᠰᠦᠯᠵᠢᠶᠡᠨ ᠳᠡᠭᠡᠷ᠎ᠡ ᠪᠦᠷᠢᠨ ᠣᠷᠣᠮ ᠦᠯᠡᠳᠡᠭᠡᠬᠦ᠂ ᠰᠦᠯᠵᠢᠶᠡᠨ ᠳᠡᠭᠡᠷ᠎ᠡ | ᠪᠦᠬᠦᠨ ᠢ ᠢᠯᠡ ᠪᠣᠯᠭᠠᠬᠤ ᠶᠢ ᠦᠨᠡᠨ ᠬᠦ ᠪᠠᠲᠤᠯᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠵᠡᠷᠭᠡ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠵᠤᠷᠢᠬᠵᠢᠭᠤᠯᠬᠤ ᠪᠠ ᠳᠡᠮᠵᠢᠬᠦ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠭᠢᠯᠳᠠ ᠡᠵᠡᠩᠨᠡᠯᠲᠡ ᠶᠢᠨ ᠥᠪᠡᠷ ᠤᠨ ᠥᠷᠲᠡᠭ ᠢ | ᠪᠦᠲᠦᠮᠵᠢᠲᠡᠶ ᠪᠠᠭᠤᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠠᠷᠠᠳ ᠤᠨ ᠪᠠᠯᠠ ᠣᠷᠣᠭᠤᠯᠤᠯᠲᠠ ᠶᠢ | 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠲᠤᠮᠳᠠ ᠵᠢᠵᠢᠭ ᠠᠵᠤ ᠠᠬᠤᠶᠢᠯᠠᠯ ᠤᠨ | ᠳᠠᠩᠰᠠᠨ ᠳᠤ ᠥᠷᠢᠲᠦᠭᠰᠡᠨ ᠵᠣᠭᠤᠰ ᠢ ᠪᠦᠬᠦᠨ ᠢ ᠲᠥᠯᠥᠵᠦ ᠳᠠᠭᠤᠰᠬᠠᠨ᠎ᠠ᠃ ᠵᠠᠰᠠᠭ ᠪᠠᠩᠬᠢ ᠠᠵᠤ ᠠᠬᠤᠶᠢᠯᠠᠯ ᠢ ᠲᠣᠭᠲᠠᠮᠠᠯ ᠬᠤᠭᠤᠴᠠᠭ᠎ᠠ ᠲᠠᠢ ᠪᠠᠷ | ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠲᠡᠭᠰᠢ ᠭᠡᠮᠲᠦ ᠪᠠᠶᠢᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠠᠩᠬᠢ ᠶᠢᠨ ᠪᠦᠯᠦᠭᠯᠡᠯ | ᠪᠠᠶᠢᠭᠤᠯᠬᠤ᠂ ᠵᠢᠭᠡᠯᠡᠯᠭᠡ ᠶᠢᠨ ᠲᠡᠮᠳᠡᠭᠲᠦ ᠲᠠᠯᠪᠢᠬᠤ ᠪᠠ ᠲᠠᠷᠬᠠᠯᠳᠠ ᠶᠢᠨ ᠭᠡᠯᠪᠠᠷᠢ ᠲᠠᠢ ᠡᠯᠧᠺᠲᠷᠤᠨ ᠪᠤᠳᠤᠯᠭ᠎ᠠ ᠶᠢᠨ ᠮᠠᠰᠢᠨ ᠢ ᠬᠤᠯᠪᠤᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠥᠷᠥᠯ ᠵᠤᠶᠢᠯ ᠤᠨ ᠪᠠᠯᠠ ᠴᠤᠬᠯᠠᠭᠤᠯᠬᠤ ᠳᠤ ᠬᠦᠴᠢᠷᠲᠡᠶ᠂ ᠪᠠᠯᠠ ᠴᠤᠬᠯᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠦᠨᠡᠨᠬᠦ | ᠰᠢᠢᠳᠪᠤᠷᠢᠯᠠᠵᠤ᠂ ᠵᠢᠤ ᠲᠠᠢ ᠡᠨᠧᠷᠭᠢ ᠶᠢᠨ ᠰᠤᠷᠪᠤᠯᠵᠢ᠂ ᠰᠢᠩ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠵᠠᠬ᠎ᠠ ᠳᠡᠯᠭᠡᠭᠦᠷ ᠲᠤ ᠭᠠᠷᠬᠤ ᠶᠢ | ᠢᠳᠡᠪᠬᠢᠲᠡᠶ ᠪᠠᠷ ᠠᠬᠢᠭᠤᠯᠤᠨ᠎ᠠ᠃ | ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠨ᠎ᠠ᠃ ᠨᠡᠭᠡᠭᠡᠯᠲᠡ ᠬᠢᠵᠦ ᠬᠥᠭᠵᠢᠭᠦᠯᠬᠦ ᠣᠨᠣᠯᠵᠢᠭᠤᠨ ᠢ ᠪᠠᠲᠤ ᠪᠠᠬᠢ ᠪᠤᠢ ᠪᠣᠯᠭᠠᠵᠤ᠂ ︽ᠨᠢᠭᠡ | ᠪᠦᠰᠡ ᠨᠢᠭᠡ ᠵᠠᠮ︾ ᠵᠢᠴᠢ ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ | ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ | ᠰᠢᠶᠠᠩᠭᠠᠩ ᠣᠣᠮᠧᠨ ᠵᠡᠷᠭᠡ ᠭᠠᠵᠠᠷ ᠣᠷᠣᠨ ᠯᠤᠭ᠎ᠠ ᠶᠢᠨ ᠵᠣᠯᠭᠠᠭᠤᠯᠤᠨ ᠬᠠᠮᠲᠤᠷᠠᠯᠴᠠᠬᠤ ᠶᠢ ᠴᠢᠩᠭᠠᠳᠬᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ | ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠪᠤᠢ ᠪᠣᠯᠭᠠᠨ᠎ᠠ᠃ ᠣᠷᠣᠨ | ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠱᠠᠨ ᠰᠢ᠂ ᠱᠠᠨᠰᠢ ᠵᠡᠷᠭᠡ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ | ᠰᠣᠶᠣᠯ ᠵᠤᠭᠠᠴᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠲᠠᠯ᠎ᠠ ᠪᠠᠷ ᠬᠢ ᠬᠠᠮᠵᠢᠯᠴᠠᠭ᠎ᠠ | ᠬᠠᠮᠳᠤᠷᠠᠯᠴᠠᠭ᠎ᠠ ᠪᠠᠨ ᠴᠢᠩᠭᠠᠳᠬᠠᠵᠤ᠂ ᠰᠠᠭᠤᠷᠢ ᠲᠦᠭᠦᠭᠡᠷᠤᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠠᠵᠤ ᠦᠢᠯᠡᠰ ᠤᠨ ᠬᠠᠮᠵᠢᠯᠴᠠᠨ | ᠬᠠᠷᠢᠯᠴᠠᠨ ᠨᠥᠬᠦᠪᠥᠷᠢᠯᠡᠬᠦ ᠬᠠᠷᠢᠯᠴᠠᠨᠠᠬᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠵᠠᠰᠠᠵᠤ ᠬᠠᠮᠲᠤᠪᠠᠷ ᠪᠠᠲᠤᠯᠠᠬᠤ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠣᠷᠳᠣᠰ ᠵᠢᠴᠢ ᠤᠯᠠᠭᠠᠨᠴᠠᠪ ᠤᠨ ᠬᠠᠮᠵᠢᠯᠴᠠᠨ ᠬᠥᠭᠵᠢᠬᠦ ᠲᠦᠯᠦᠪ ᠪᠠᠶᠢᠳᠠᠯ ᠪᠠ | ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠳᠤ ᠭᠦᠨ ᠠᠭᠤᠰᠤᠯᠴᠠᠵᠤ᠂ ᠣᠷᠣᠨ ᠪᠦᠰᠡ ᠠᠯᠤᠰᠯᠠᠭᠰᠠᠨ | ᠠᠵᠤ ᠦᠢᠯᠡᠰ ᠤᠨ ᠠᠵᠢᠯ ᠬᠤᠪᠢᠶᠠᠷᠢᠯᠠᠨ ᠬᠠᠮᠵᠢᠯᠴᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠴᠢᠷᠮᠠᠶᠢᠨ | ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠬᠦᠴᠦᠯᠡᠨ ᠨᠡᠮᠡᠭᠳᠡᠭᠦᠯᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ | ᠰᠠᠶᠢᠲᠤᠷ ᠬᠠᠩᠭᠠᠨ᠎ᠠ᠃ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢ ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ | ᠰᠢᠯᠢᠳᠡᠭᠵᠢᠭᠦᠯᠵᠦ᠂ ᠰᠢᠤᠸᠠᠢ ᠵᠢᠶᠠ ᠸᠠᠨ ᠤ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠠᠮᠤᠷ ᠤᠨ | ᠤᠯᠠᠷᠢᠯ ᠤᠨ ᠰᠤᠷᠤᠭᠴᠢ ᠡᠯᠰᠡᠬᠦ ᠶᠢ ᠦᠨᠡᠨ ᠬᠦ ᠪᠠᠲᠤᠯᠠᠵᠤ᠂ ᠵᠡᠭᠦᠨᠭᠠᠷ ᠳᠤᠮᠳᠠᠳᠤ ᠰᠤᠷᠭᠠᠭᠤᠯᠢ ᠶᠢᠨ ᠲᠥᠯᠥᠪᠵᠢᠭᠦᠯᠭᠡ ᠪᠠ ᠨᠠᠮ ᠤᠨ ᠰᠤᠷᠭᠠᠭᠤᠯᠢ ᠶᠢᠨ ᠰᠢᠨ᠎ᠡ | ᠰᠤᠷᠭᠠᠭᠤᠯᠢ ᠶᠢᠨ ᠲᠣᠭᠤᠷᠢᠭ᠂ ᠳ᠋ᠠ ᠯᠦ ᠳᠤᠮᠳᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠱᠠᠬᠳᠠᠷ ᠤᠨ ᠭᠤᠷᠪᠠᠳᠤᠭᠠᠷ ᠪᠠᠭ᠎ᠠ | ᠰᠤᠷᠭᠠᠭᠤᠯᠢ᠂ ᠱᠠᠬᠳᠠᠷ ᠤᠨ ᠲᠤᠯᠤᠳᠤᠭᠠᠷ ᠬᠡᠤᠭᠡᠳ ᠤᠨ ᠴᠡᠴᠡᠯᠷᠢᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠡᠰᠡᠭ | ᠳᠤᠮᠳᠠᠳᠤ ᠪᠠᠭ᠎ᠠ ᠰᠤᠷᠭᠠᠭᠤᠯᠢ᠂ ᠭᠡᠤᠭᠡᠳ ᠤᠨ ᠴᠡᠴᠡᠷᠯᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠡᠭᠦᠯᠳᠡᠷᠵᠢᠭᠦᠯᠦᠨ᠎ᠡ᠃ ︽ᠵᠡᠭᠦᠨᠭᠠᠷ | ᠬᠤᠰᠢᠭᠤᠨ ᠤ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠠᠷᠭ᠎ᠠ︾ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ | ᠂ ᠪᠠᠭᠰᠢ ᠶᠢᠨ ᠬᠦᠴᠦᠨ ᠤ ᠪᠠᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠤᠯᠠᠮ | ᠨᠢᠭᠡ ᠠᠯᠬᠤᠮ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠷᠡᠭᠵᠢᠭᠦᠯᠬᠦ ᠰᠠᠨᠠᠯ ᠢ | ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠬᠦᠨᠳᠦ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ | ᠰᠢᠢᠳᠪᠤᠷᠢᠯᠠᠨ᠎ᠠ᠃ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠪᠠᠶᠢᠭᠤᠯᠤᠮᠵᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠤᠲᠠ ᠬᠥᠳᠡᠭᠡ ᠶᠢᠨ ᠵᠢᠵᠢᠭ ᠲᠣᠭᠤᠷᠢᠭ ᠤᠨ ᠢᠵᠢ | ᠪᠦᠷᠢᠳᠦᠭᠦᠯᠬᠦ ᠬᠡᠤᠭᠡᠳ ᠤᠨ ᠴᠡᠴᠡᠷᠯᠢᠭ ᠤᠨ ᠵᠠᠰᠠᠯᠳᠠ ᠶᠢ ᠦᠷᠭᠦᠯᠵᠢᠯᠡᠨ ᠥᠷᠨᠢᠭᠦᠯᠵᠦ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠡᠶᠡᠯᠡᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠶ | ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠥᠭᠵᠢᠭᠦᠯᠦᠨ᠎ᠡ᠃ | ᠰᠣᠶᠣᠯ ᠤᠨ ᠦᠢᠯᠡᠰ ᠢ ᠴᠡᠴᠡᠭᠯᠡᠭᠦᠯᠦᠨ ᠭᠦᠭᠵᠢᠭᠦᠯᠭᠦ ᠶᠢ ᠬᠦᠴᠦᠯᠡᠨ ᠠᠬᠢᠭᠤᠯᠤᠨ᠎ᠠ᠃ ᠠᠷᠠᠳ ᠢᠷᠭᠡᠳ ᠤᠨ ᠶᠣᠰᠣ ᠰᠤᠷᠲᠠᠬᠤᠨ ᠪᠠ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠵᠤ᠂ ᠤᠯᠠᠨ ᠨᠡᠶᠢᠲᠡ ᠶᠢᠨ | ᠰᠣᠶᠣᠯ ᠤᠨ ᠬᠠᠩᠭᠠᠯᠭ᠎ᠠ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠎ᠡ᠃ ᠳ᠋ᠠ ᠯᠦ ᠰᠣᠨᠢᠨ ᠮᠡᠳᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠤᠯᠠᠭᠠᠨᠮᠥ᠋ᠴᠢᠷ ᠤᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠤᠯᠠᠭᠠᠨᠮᠥ᠋ᠴᠢᠷ ᠢ | ᠪᠠᠶᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠰᠠᠶᠢᠲᠤᠷ ᠥᠷᠨᠢᠭᠦᠯᠵᠦ᠂ ᠬᠤᠪᠢᠰᠬᠠᠯᠲᠤ ᠬᠥᠩᠭᠡᠨ ᠮᠣᠷᠢᠲᠤ ᠴᠡᠷᠢᠭ ᠤᠨ | ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠵᠤᠷᠢᠬᠵᠢᠭᠤᠯᠤᠨ ᠳᠠᠮᠵᠢᠵᠤ᠂ ᠤᠳᠬ᠎ᠠ ᠤᠷᠠᠯᠢᠭ ᠤᠨ ᠬᠡᠯᠪᠡᠷᠢ ᠪᠠᠷ | ᠵᠡᠭᠦᠨᠭᠠᠷ ᠤᠨ ᠦᠯᠢᠭᠡᠷ ᠢ ᠰᠠᠶᠢᠲᠤᠷ ᠶᠠᠷᠢᠨ᠎ᠠ᠃ ᠱᠢ ᠡᠯ ᠯᠢᠶᠠᠨ ᠴᠸᠡᠭ ᠤᠨ ᠪᠠᠭᠤᠷᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠵᠦ᠂ ᠸᠠᠩ ᠤᠨ ᠣᠷᠳᠣᠨ ᠢ ᠵᠠᠰᠠᠨ ᠰᠡᠯᠪᠢᠵᠦ ᠪᠠᠬᠢᠵᠢᠭᠦᠯᠬᠦ ᠢᠨᠵᠧᠨᠧᠷᠢᠩ ᠢ ᠪᠡᠶᠡᠯᠡᠭᠦᠯᠦᠨ᠎ᠡ᠃ ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠥᠪ᠂ ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ ᠲᠥᠪ ᠢ ᠪᠠᠶᠢᠭᠤᠯᠵᠤ᠂ ᠰᠢᠶᠠᠩ ᠲᠣᠰᠬᠤᠨ ᠬᠤᠶᠠᠷ ᠱᠠᠲᠤᠨ ᠤ | ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠤᠨ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ | ᠡᠷᠡᠭᠦᠯ ᠡᠩᠬᠡ ᠵᠡᠭᠦᠨᠭᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠴᠢᠩᠭ᠎ᠠ ᠪᠣᠳᠠᠲᠠᠶ | ᠨᠠᠷᠢᠨ ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠠᠵᠤ ᠠᠬᠤᠶ ᠨᠡᠶᠢᠭᠡᠮ ᠤᠨ ᠡᠮᠬᠢ | ᠳᠢᠭᠯᠢᠮ ᠢ ᠪᠦᠬᠦ ᠲᠠᠯ᠎ᠠ ᠪᠠᠷ ᠰᠡᠷᠭᠦᠭᠡᠬᠦ ᠳᠤ ᠬᠦᠴᠦᠲᠡᠶ ᠪᠠᠲᠤᠯᠠᠭ᠎ᠠ ᠬᠠᠨᠭ᠍ᠭᠠᠨ᠎ᠠ᠃ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠪᠦᠬᠦ ᠬᠤᠰᠢᠭᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠮᠡᠨᠳᠦ ᠶᠢᠨ ᠡᠯᠧᠺᠲᠷᠣᠨ ᠺᠠᠷᠲ ︵ᠺᠣᠳ᠋︶ ᠢ | ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠳ᠋ᠠ ᠯᠦ ᠪᠠᠯᠭᠠᠰᠤᠨ ᠤ ᠭᠤᠣᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ 7 ᠡᠷᠡᠭᠦᠯ ᠬᠠᠮᠠᠭᠠᠯᠠᠯ ᠤᠨ ᠰᠠᠭᠤᠷᠢ | ᠲᠦᠭᠦᠭᠡᠷᠤᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠨ ᠥᠷᠭᠡᠳᠬᠡᠬᠦ ᠪᠠᠷᠢᠯᠭ᠎ᠠ ᠶᠢᠨ ᠠᠬᠢᠴᠠ ᠶᠢ | ᠲᠦᠷᠭᠡᠳᠬᠡᠵᠦ᠂ ᠰᠢᠶᠠᠨ ᠤ ᠬᠡᠪᠴᠢᠶᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠳᠠᠭᠠᠭᠤᠯᠤᠭᠴᠢ︾ ᠶᠢᠨ ᠤᠷᠮᠠᠰᠢᠭᠤᠯᠬᠤ | ᠲᠣᠭᠲᠠᠴᠠ ᠶᠢ ᠪᠠᠶᠢᠭᠤᠯᠵᠤ᠂ ︽ᠨᠠᠷᠠᠲᠤ ᠡᠮᠴᠢ ᠶᠢᠨ ᠠᠵᠢᠯᠯᠠᠬᠤ ᠲᠠᠰᠤᠭ︾ ᠢ ᠦᠷᠭᠦᠯᠵᠢᠯᠡᠨ ᠡᠭᠦᠳᠦᠨ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠮᠡᠷᠭᠡᠵᠢᠯ ᠤᠨ ᠲᠤᠰᠬᠠᠶ ᠮᠡᠷᠭᠡᠵᠢᠯ ᠤᠨ ᠪᠦᠯᠬᠦᠮ ᠢ ᠪᠠᠶᠢᠭᠤᠯᠤᠨ᠎ᠠ᠃ ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ | ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠤᠨ᠎ᠠ᠃ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠠᠴᠢᠯᠠᠬᠤ ᠡᠪᠡᠳᠴᠢᠨ | ᠡᠮᠭᠡᠭ ᠢ ᠰᠡᠷᠭᠡᠶᠢᠯᠡᠬᠦ ᠪᠠ ᠡᠮᠡᠭᠲᠡᠢ ᠰᠤᠷᠤᠬᠴᠢ ᠶᠢᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠡᠷᠡᠭᠦᠯ | ᠬᠠᠮᠠᠭᠠᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠥᠬᠦᠴᠡᠯ ᠪᠦᠷᠢᠯᠳᠦᠭᠰᠡᠨ ᠰᠤᠷᠭᠠᠭᠤᠯᠢ ᠪᠣᠯᠤᠨ ᠠᠵᠤ ᠠᠬᠤᠶᠢᠯᠠᠯ ᠤᠨ ᠪᠡᠶ᠎ᠡ ᠶᠢᠨ ᠲᠠᠮᠢᠷ ᠤᠨ ᠲᠠᠯᠠᠪᠠᠢ ᠶᠢᠨ | ᠲᠦᠭᠦᠭᠡᠷᠤᠮᠵᠢ ᠶᠢ ᠣᠯᠠᠨ ᠲᠦᠮᠡᠨ ᠳᠤ ᠰᠤᠶᠢᠳᠭᠡᠯ ᠬᠤᠷᠢᠶᠠᠬᠤ ᠦᠭᠡᠢ ᠪᠠᠷ ᠨᠡᠭᠡᠭᠡᠬᠦ ᠶᠢ ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠲᠤᠬᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠩ ᠢᠳᠡᠪᠬᠢᠲᠡᠶ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ | ᠲᠦᠷᠦᠯ ᠵᠤᠶᠢᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠤᠷᠢᠳᠴᠢᠯᠠᠨ ᠵᠣᠯᠭᠠᠭᠤᠯᠵᠤ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠪᠠ ᠴᠢᠳᠠᠪᠤᠷᠢᠲᠠᠨ ᠢ | ᠬᠥᠮᠦᠵᠢᠭᠦᠯᠬᠦ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ | ᠦᠨᠡᠨ ᠬᠦ ᠪᠠᠲᠤᠯᠠᠵᠤ᠂ ᠬᠤᠲᠠ ᠪᠠᠯᠭᠠᠰᠤᠨ ᠤ ᠠᠵᠢᠯ ᠣᠯᠤᠭᠰᠠᠳ ᠢ 4500 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠬᠰᠠᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠳᠠᠭᠠᠳᠬᠠᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠨᠡᠶᠢᠭᠡᠮ ᠤᠨ ᠳᠠᠭᠠᠳᠬᠠᠯ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠬᠠᠷᠠᠭᠠᠯᠵᠠᠨ ᠲᠥᠪᠬᠢᠨᠡᠭᠦᠯᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠬᠤ ᠨᠣᠷᠮ᠎ᠠ | ᠪᠣᠯᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠬᠦ ᠲᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ | ᠪᠠᠲᠤᠯᠠᠨ᠎ᠠ᠃ ᠨᠠᠰᠤᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠡᠯ᠎ᠡ ᠲᠥᠷᠥᠯ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ᠠᠮᠢ ᠠᠬᠤᠢ ᠶᠢᠨ ᠠᠷᠠᠳ ᠢ ᠨᠡᠭᠦᠯᠭᠡᠬᠦ᠂ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠠ ᠦᠢᠯᠡᠴᠢᠯᠡᠭᠡᠨ ᠤ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠰᠢᠯᠵᠢᠭᠰᠡᠨ ᠬᠥᠮᠦᠨ ᠠᠮᠠ ᠶᠢᠨ ᠰᠢᠯᠵᠢᠵᠦ ᠭᠠᠷᠬᠤ᠂ | ᠲᠣᠭᠲᠠᠪᠤᠷᠢᠵᠢᠵᠤ ᠳᠡᠶᠢᠯᠬᠦ᠂ ᠪᠠᠶᠠᠵᠢᠵᠤ ᠳᠡᠶᠢᠯᠬᠦ ᠶᠢ ᠪᠠᠲᠤᠯᠠᠨ᠎ᠠ᠃ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠶᠤᠯᠭᠦᠢ ᠦᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠤᠷᠢᠯᠠᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠭᠤᠤᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠤ ᠲᠤᠰᠬᠠᠶ ᠵᠤᠶᠢᠯ ᠢᠶᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠢᠯᠡᠳᠪᠤᠷᠢᠯᠠᠯ ᠤᠨ ᠠᠶᠤᠯᠭᠦᠢ ᠶᠢᠨ ᠠᠳᠠᠯ ᠭᠡᠷᠡᠭ ᠢ | ᠡᠷᠡᠰ ᠬᠤᠷᠢᠭᠯᠠᠨ ᠵᠣᠭᠰᠣᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠤᠷᠢᠯᠡᠭᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠰᠢᠭᠤ | ᠰᠢᠶᠠᠩ ᠲᠣᠰᠬᠤᠨ ᠤ ᠵᠥᠷᠢᠴᠡᠯ ᠢ ᠣᠯᠠᠨ ᠡᠰᠢᠵᠢᠭᠦᠯᠦᠨ ᠰᠢᠢᠳᠪᠤᠷᠢᠯᠡᠭᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠡ ᠪᠦᠯᠦᠭ ᠲᠡᠤᠭᠡᠨ ᠠᠴᠠ | ᠦᠯᠡᠳᠡᠭᠰᠡᠨ ᠠᠰᠠᠭᠤᠳᠠᠯ ᠢ ᠲᠣᠬᠢᠲᠠᠶ ᠰᠢᠢᠳᠪᠤᠷᠢᠯᠠᠨ᠎ᠠ᠃ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠭᠦᠴᠦᠯᠠᠴᠠ ᠶᠢ ᠴᠢᠩᠭᠠᠷᠠᠭᠤᠯᠵᠤ᠂ | ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠴᠡᠷᠢᠭ ᠠᠴᠠ ᠬᠠᠯᠠᠬᠳᠠᠬᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠤᠬᠳᠠᠯᠴᠠᠭᠠᠨ ᠤ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠴᠡᠷᠢᠭ ᠠᠴᠠ ᠬᠠᠯᠠᠬᠳᠠᠬᠰᠠᠳ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠶᠢ ᠴᠢᠩᠭᠠᠳᠬᠠᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠲᠤᠬᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ | ᠂ ᠢᠲᠡᠭᠡᠯ ᠠᠯᠳᠠᠪᠠᠯ ᠴᠢᠩᠭ᠎ᠠ ᠲᠤᠷᠭᠠᠬᠤ ᠨᠡᠶᠢᠭᠡᠮ ᠤᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠯᠠᠨ ᠠᠷᠭ᠎ᠠ ᠭᠡᠮᠵᠢᠶ᠎ᠠ ᠠᠪᠴᠤ ᠰᠠᠶᠢᠲᠤᠷ ᠬᠢᠨ᠎ᠠ︔ ︽ᠭᠡᠭᠡᠨ ᠰᠠᠷᠠᠭᠤᠯ | ᠢᠨᠵᠧᠨᠧᠷᠢᠩ︾ ᠤᠨ ᠪᠠᠶᠢᠭᠤᠯᠤᠯᠲᠠ ᠶᠢ ᠲᠦᠷᠭᠡᠳᠬᠡᠵᠦ᠂ ᠪᠣᠰᠤᠭ᠎ᠠ ᠴᠣᠭᠴᠠᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠲᠤᠬᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ | ᠰᠢᠳᠭᠡᠵᠤ᠂ ᠠᠷᠠᠳ ᠣᠯᠠᠨ ᠤ ᠠᠮᠢᠳᠤᠷᠠᠯ ᠢ ᠨᠠᠩ ᠰᠠᠨᠠᠭ᠎ᠠ ᠠᠮᠤᠷ᠂ ᠲᠠᠶᠢᠪᠤᠡᠭ᠂ ᠲᠠᠭᠠᠯᠠᠮᠵᠢᠲᠠᠢ ᠪᠣᠯᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠪᠢᠳᠡ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ | ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠢᠮᠠᠭᠲᠠ ᠪᠠᠷᠢᠮᠲᠠᠯᠠᠵᠤ᠂ ᠬᠡᠷᠡᠭᠵᠢᠭᠦᠯᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ | ᠬᠦᠴᠦᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠯᠳᠠ ᠶᠢᠨ ᠴᠢᠳᠠᠪᠤᠷᠢ ᠪᠠ ᠵᠠᠰᠠᠯᠳᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ | ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠥᠷᠥ ᠶᠢᠨ ᠵᠥᠪ ᠴᠢᠭᠯᠡᠯ ᠢ ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠲᠡᠭᠡᠭᠰᠢᠯᠡᠭᠦᠯᠤᠨ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠲᠡᠢ ᠪᠠᠶᠢᠯᠭᠠᠨ᠎ᠠ᠃ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠤᠶᠢᠯ ᠤᠨ ᠰᠢᠢᠳᠪᠤᠷᠢᠳᠦ | ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠦᠬᠦ ᠤᠯᠤᠰ ᠤᠨ | ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠪᠦᠭᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠢᠮᠠᠭᠲᠠ ᠵᠥᠪ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ | ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠰᠠᠬᠢᠵᠤ᠂ ᠬᠠᠤᠯᠢ ᠪᠠᠷ ᠵᠠᠰᠠᠬᠤ | ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠶ ᠬᠡᠷᠡᠭᠯᠡᠨ ᠠᠵᠢᠯ ᠢᠶᠠᠨ ᠥᠷᠨᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠨᠠᠯ ᠵᠥᠪᠯᠡᠯᠭᠡ ᠰᠠᠨᠠᠯ ᠲᠤᠷᠠᠳᠤᠯᠭ᠎ᠠ ᠶᠢ ᠴᠢᠨᠠᠷ ᠰᠠᠶᠢᠲᠠᠶ ᠰᠢᠢᠳᠪᠤᠷᠢᠯᠠᠨ᠎ᠠ᠃ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠬᠢᠨᠠᠯᠲᠠ᠂ ᠤᠯᠠᠨ ᠲᠦᠮᠡᠨ ᠤ | ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ ᠶᠢ ᠢᠯᠡ | ᠪᠣᠯᠭᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ | ᠡᠷᠬᠡ ᠶᠢ ᠦᠨᠡᠨ ᠬᠦ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠢᠯᠧᠲ ᠥᠭᠬᠦ ︵ᠵᠥᠪᠳᠡᠯᠴᠡᠬᠦ︶ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ | ᠬᠠᠤᠯᠢ ᠴᠠᠭᠠᠵᠠ ᠶᠢᠨ ᠵᠥᠪᠯᠡᠭᠴᠢ ᠬᠢᠭᠡᠳ ᠲᠤᠰᠬᠠᠶ ᠮᠡᠷᠭᠡᠵᠢᠯᠲᠡᠨ ᠤ ᠰᠢᠢᠳᠪᠤᠷᠢᠳᠤ ᠪᠣᠳᠣᠯᠭ᠎ᠠ ᠶᠢᠨ ᠯᠠᠪᠯᠠᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ | ᠬᠠᠤᠯᠢ ᠪᠠᠷ ᠵᠠᠰᠠᠬᠤ ᠰᠡᠳᠬᠢᠬᠦᠶ ᠶᠢ ᠬᠡᠷᠡᠭᠯᠡᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠦ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ | ᠣᠷᠳᠣᠨ ᠤ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠮᠦᠷ ᠢᠶᠠᠷ ᠶᠠᠪᠤᠬᠳᠠᠭᠤᠯᠬᠤ ᠶᠢ ᠦᠨᠡᠨ ᠬᠦ ᠪᠠᠲᠤᠯᠠᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠢᠵᠢ ᠪᠦᠷᠢᠳᠦᠭᠰᠡᠨ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ | ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠨᠢᠭᠲᠠ ᠠᠩᠬᠠᠷᠴᠤ᠂ ᠠᠷᠢᠭᠤᠨ ᠴᠢᠬᠡᠴᠢ ᠪᠠᠷ | ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ | ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠢ ᠵᠥᠷᠢᠴᠡᠵᠦ ᠬᠠᠤᠯᠢ ᠶᠢ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠡᠨᠡ ᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠡᠭᠦᠷᠡᠰᠦᠨ ᠤ ᠠᠵᠢᠯ ᠲᠦᠷᠦᠯ ᠤᠨ ᠬᠢᠨᠠᠯᠲᠠ | ᠬᠠᠮᠢᠶᠠᠷᠤᠯᠲᠠ ᠶᠢᠨ ᠡᠮᠬᠢ ᠵᠢᠷᠤᠮ ᠢ ᠪᠦᠬᠦ ᠲᠠᠯ᠎ᠠ ᠪᠠᠷ ᠵᠢᠷᠤᠮᠵᠢᠭᠤᠯᠤᠨ᠎ᠠ᠃ ᠢᠯᠵᠠᠷᠠᠯ ᠢ ᠵᠠᠯᠬᠠᠭᠠᠨ ᠰᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ | ᠪᠠᠲᠤᠯᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ ᠴᠢᠩᠭ᠎ᠠ ᠪᠠᠶᠢᠴᠠᠭᠠᠨ ᠰᠢᠢᠳᠪᠤᠷᠢᠯᠠᠨ᠎ᠠ᠃ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡ | ᠪᠣᠳᠠᠲᠤ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ | ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠳᠥᠷᠪᠡᠨ ᠰᠤᠷᠲᠠᠯ︾ ᠢ ᠴᠥᠬᠦᠷᠡᠰᠢ ᠥᠬᠡᠶ ᠴᠡᠭᠴᠡᠯᠡᠨ ᠵᠠᠰᠠᠵᠤ᠂ ᠭᠡᠯᠪᠠᠷᠢ ᠶᠢᠨ | ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠲᠤᠰᠬᠠᠯ ᠶᠡᠬᠡᠲᠡᠶ | ᠲᠤᠪᠤᠶᠢᠮ᠎ᠠ ᠠᠰᠠᠭᠤᠳᠠᠯ ᠢ ᠬᠢᠨᠠᠮᠠᠭᠠᠶ ᠰᠢᠢᠳᠪᠤᠷᠢᠯᠠᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠤᠷᠠᠯ ᠤᠨ | ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠬᠢᠨᠠᠨ ᠰᠢᠯᠭᠠᠷᠠᠭᠤᠯᠬᠤ ᠶᠢ ᠴᠢᠩᠭ᠎ᠠ ᠵᠢᠷᠤᠮᠵᠢᠭᠤᠯᠤᠨ᠎ᠠ᠃ ︽ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠤᠷᠢᠬᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠂ ᠦᠨᠡᠨ ᠪᠣᠳᠠᠲᠠᠶ ᠠᠵᠢᠯᠯᠠᠬᠤ ᠶᠢ | ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠢᠨ᠎ᠡ ᠮᠡᠳᠡᠯᠭᠡ | ᠰᠤᠷᠤᠯᠴᠠᠭᠤᠯᠬᠤ᠂ ᠰᠢᠨ᠎ᠡ ᠡᠷᠳᠡᠮ ᠴᠢᠳᠠᠪᠤᠷᠢ ᠶᠢ ᠡᠵᠡᠮᠰᠢᠭᠦᠯᠵᠦ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠥᠨᠳᠥᠷ ᠬᠡᠪ ᠴᠢᠨᠠᠷ | ᠪᠥᠬᠦᠶ ᠺᠠᠳ᠋ᠷ ᠤᠨ ᠡᠩᠨᠡᠭᠡ ᠶᠢ ᠪᠣᠶ ᠪᠣᠯᠭᠠᠨ᠎ᠠ᠃ | ᠲᠥᠯᠥᠭᠡᠯᠡᠭᠴᠢᠳ ᠡ︕ ᠦᠶ᠎ᠡ ᠦᠶ᠎ᠡ ᠶᠢᠨ ᠵᠡᠭᠦᠨᠭᠠᠷ ᠤᠨ ᠬᠥᠮᠦᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠ ᠲᠡᠮᠡᠴᠡᠯ ᠢᠶᠠᠷ ᠳᠠᠮᠵᠢᠭᠠᠳ᠂ ᠪᠢᠳᠡ ᠤᠳᠠᠯ | ᠦᠭᠡᠢ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠣᠷᠣᠬᠤ ᠪᠣᠯᠤᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠬᠠᠷᠢᠭᠤᠴᠠᠯᠭ᠎ᠠ ᠬᠦᠨᠳᠦ ᠶᠡᠭᠡ ᠪᠠᠶᠢᠵᠤ᠂ ᠡᠭᠦᠷᠭᠡ ᠢᠷᠠᠭᠤ | ᠠᠯᠳᠠᠷ ᠲᠠᠢ ᠮᠦᠷᠳᠡᠭᠡᠨ ᠪᠠᠰᠠ ᠢᠲᠡᠭᠡᠯ ᠳᠦᠭᠦᠷᠡᠩ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠬᠴᠢ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠦ ᠪᠠᠨ ᠬᠠᠮᠲᠤᠳᠬᠠᠵᠤ᠂ | ᠪᠣᠳᠠᠲᠠᠢ ᠶᠢ ᠡᠷᠬᠢᠮᠯᠡᠨ ᠦᠢᠯᠡᠳᠦᠯᠭᠡᠵᠢᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠨᠠᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠳᠤ ᠨᠠᠩ | ᠶᠡᠭᠡ ᠬᠤᠪᠢ ᠨᠡᠮᠡᠷᠢ ᠦᠵᠡᠭᠦᠯᠵᠡᠭᠡᠶᠠ︕ | | | ᠨᠡᠷᠡᠰ ᠤᠨ ᠲᠠᠶᠢᠯᠪᠤᠷᠢ | ᠭᠦᠢᠴᠡᠳᠭᠡᠭᠦ ᠪᠠ ᠬᠢᠨᠠᠯᠲᠠ ᠲᠠᠯᠪᠢᠬᠤ ᠶᠢ ᠰᠠᠯᠭᠠᠬᠤ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠬᠠᠶᠢᠯᠠᠭᠰᠠᠨ | ᠠᠵᠢᠯ ᠤᠨ ᠰᠲ᠋ᠣᠺ ᠤᠨ ᠲᠠᠰᠤᠭ ᠨᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠣᠷᠣᠰᠢᠵᠤ | ᠪᠠᠶᠢᠭ᠎ᠠ ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠰᠦᠪᠡᠭᠴᠢ ᠶᠢ ᠪᠦᠬᠦᠨ ᠢ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠰᠢᠯᠵᠢᠭᠦᠯᠦᠨ ᠬᠦᠷᠭᠡᠵᠦ | ᠪᠠᠶᠢᠴᠠᠭᠠᠯᠲᠠ ᠬᠢᠯᠭᠡᠵᠦ ᠬᠡᠷᠡᠭ ᠪᠣᠯᠭᠠᠨ ᠳᠠᠩᠰᠠᠯᠠᠭᠤᠯᠬᠤ ᠶᠢᠨ ᠬᠠᠮᠲᠤ ᠰᠢᠢᠳᠪᠤᠷᠢᠯᠡᠭᠦ ᠪᠠᠷ ᠪᠠᠶᠢᠭ᠎ᠠ ᠰᠠᠨᠠᠯ ᠢᠶᠠᠨ ᠳᠤᠷᠠᠳᠴᠤ᠂ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭ ᠢ ᠰᠢᠭᠦᠨ ᠰᠢᠢᠳᠪᠤᠷᠢᠯᠡᠭᠦ ᠺᠣᠮᠢᠰ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠤᠯᠢ ᠶᠣᠰᠣᠭᠠᠷ ᠰᠢᠢᠳᠬᠡᠨ | ᠲᠣᠷᠭᠠᠨ᠎ᠠ᠃ | ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ᠄ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠠᠷ ᠲᠤᠯᠤᠭᠠᠶᠢᠯᠠᠬᠴᠢ ᠪᠣᠯᠭᠠᠵᠤ᠂ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠦᠢᠰᠦ ᠪᠣᠯᠭᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠣᠯᠭᠠᠭᠰᠠᠨ | ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠥᠭᠡᠷᠡᠴᠢᠯᠡᠯᠲᠠ ᠶᠢ ᠵᠢᠭᠠᠵᠤ ᠪᠤᠢ᠃ ᠬᠠᠮᠢᠶᠠᠷᠤᠯᠲᠠ᠂ ᠦᠢᠯᠡᠴᠢᠯᠡᠭᠡ᠂ ᠬᠠᠷᠢᠭᠤᠴᠠᠯᠭ᠎ᠠ᠂ ᠠᠰᠢᠭ ᠲᠤᠰᠠ ᠶᠢᠨ | ᠲᠠᠯ᠎ᠠ ᠪᠠᠷ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠬᠤᠪᠢᠶᠠᠷᠢᠯᠠᠨ ᠬᠠᠮᠵᠢᠯᠴᠠᠬᠤ | ᠲᠣᠭᠲᠠᠴᠠ ᠶᠢ ᠪᠦᠷᠢᠯᠳᠦᠭᠦᠯᠵᠦ᠂ ᠬᠥᠮᠦᠨ ᠢᠶᠠᠷ ᠦᠨᠳᠦᠰᠦ ᠪᠣᠯᠭᠠᠭᠰᠠᠨ ᠪᠦᠬᠦᠯᠢ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ | ᠳᠥᠷᠪᠡ ᠤᠯᠠᠨ ᠳᠥᠷᠪᠡ ᠴᠥᠭᠡᠨ᠄ ᠤᠯᠠᠮᠵᠢᠯᠠᠯᠲᠤ ᠠᠵᠤ ᠦᠢᠯᠡᠰ ᠣᠯᠠᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠴᠥᠭᠡᠨ᠂ ᠲᠤᠤᠷ᠎ᠠ ᠲᠠᠰ ᠤᠨ ᠠᠵᠤ | ᠦᠢᠯᠡᠰ ᠣᠯᠠᠨ᠂ ᠳᠡᠭᠡᠳᠦ ᠲᠠᠰ ᠤᠨ ᠠᠵᠤ ᠦᠢᠯᠡᠰ ᠴᠥᠭᠡᠨ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠣᠯᠠᠨ᠂ ᠥᠨᠳᠥᠷ ᠨᠡᠮᠡᠯᠲᠡ ᠥᠷᠲᠡᠭ ᠲᠠᠢ | ᠠᠵᠤ ᠦᠢᠯᠡᠰ ᠴᠥᠭᠡᠨ᠂ ᠬᠥᠳᠡᠯᠮᠦᠷᠢ ᠨᠢᠭᠲᠠᠷᠠᠭᠰᠠᠨ ᠠᠵᠤ ᠦᠢᠯᠡᠰ ᠣᠯᠠᠨ᠂ ᠬᠥᠷᠥᠩᠭᠡ ᠰᠢᠨᠵᠢᠯᠡᠬᠦ ᠤᠬᠠᠭᠠᠨ ᠮᠡᠷᠭᠡᠵᠢᠯ ᠨᠢᠭᠲᠠᠷᠠᠭᠰᠠᠨ ᠠᠵᠤ ᠦᠢᠯᠡᠰ | ᠴᠥᠭᠡᠨ᠃ | ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠭᠤᠨ ᠪᠠᠶᠢᠯᠭᠠᠬᠤ᠃ | ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠢ ᠪᠠᠳᠤᠯᠠᠬᠤ᠂ ᠦᠨᠳᠦᠰᠦᠨ ᠱᠠᠲᠤᠨ ᠤ ᠡᠷᠭᠢᠯᠳᠠ ᠶᠢ ᠪᠠᠲᠤᠯᠠᠬᠤ᠃ | ᠶᠠᠳᠠᠭᠤᠷᠠᠬᠤ ᠶᠢ ᠰᠡᠷᠭᠡᠶᠢᠯᠡᠭᠦ ᠪᠠᠳᠤᠯᠠᠭ᠎ᠠ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠠᠲᠤᠯᠠᠭ᠎ᠠ ᠶᠢᠨ ᠪᠡᠯᠡ ᠮᠥᠩᠭᠦ ᠪᠠᠶᠢᠭᠤᠯᠬᠤ ᠪᠠᠷ ᠳᠠᠮᠵᠢᠨ᠂ ᠪᠦᠬᠦ ᠬᠤᠰᠢᠭᠤᠨ ᠤ ᠡᠪᠡᠳᠴᠢᠨ ᠠᠴᠠ ᠪᠣᠯᠤᠭᠰᠠᠨ᠂ ᠰᠤᠷᠤᠯᠭ᠎ᠠ ᠠᠴᠠ ᠪᠣᠯᠤᠭᠰᠠᠨ᠂ ᠭᠠᠮᠰᠢᠭ ᠠᠴᠠ | ᠪᠣᠯᠤᠭᠰᠠᠨ᠂ ᠰᠠᠨᠠᠭᠠᠨ ᠠᠴᠠ ᠭᠠᠳᠠᠭᠤᠷ ᠶᠠᠪᠤᠳᠠᠯ ᠠᠴᠠ ᠪᠤᠯᠵᠤ ᠠᠮᠢᠳᠤᠷᠠᠯ ᠨᠢ ᠶᠠᠳᠠᠭᠤᠷᠠᠬᠤ ᠰᠢᠬᠠᠬᠰᠠᠨ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠦᠨ | ᠠᠮᠠ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ︵ᠲᠦᠷᠦ ᠶᠢᠨ ᠪᠤᠳᠤᠯᠭ᠎ᠠ ᠶᠢ ᠡᠳ᠋ᠯᠡᠬᠦ ᠦᠭᠡᠢ︶ ᠬᠥᠮᠦᠰ᠂ ᠠᠮᠢᠳᠤᠷᠠᠯ ᠨᠢ ᠬᠦᠴᠢᠷᠳᠡᠯᠲᠡᠢ ᠪᠤᠰᠤᠳ | ᠬᠥᠮᠦᠰ ᠲᠤ ᠣᠨᠴᠠᠭᠠᠢ ᠠᠪᠤᠷᠠᠨ ᠲᠤᠰᠠᠯᠠᠮᠵᠢ ᠬᠠᠨᠭ᠍ᠭᠠᠵᠤ᠂ ᠶᠠᠳᠠᠭᠤᠷᠠᠬᠤ ᠶᠢ ᠰᠡᠷᠭᠡᠶᠢᠯᠡᠬᠦ ᠪᠠᠲᠤᠯᠠᠭ᠎ᠠ ᠶᠢᠨ ᠬᠠᠷᠠᠯᠲᠠ ᠶᠢ ᠪᠡᠶᠡᠯᠡᠭᠦᠯᠦᠨ᠎ᠡ᠃ | ᠭᠤᠷᠪᠠᠨ ᠣᠷᠣᠨ ᠭᠤᠷᠪᠠᠨ ᠱᠤᠭᠤᠮ᠄ ︽ᠭᠤᠷᠪᠠᠨ ᠣᠷᠣᠨ︾ ᠭᠡᠳᠡᠭ ᠨᠢ ᠳᠠᠷᠤᠶ ᠠᠮᠢ ᠠᠬᠤᠶ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠬᠤᠳᠠ | ᠪᠠᠯᠭᠠᠰᠤᠨ ᠤ ᠣᠷᠣᠨ ᠵᠠᠶ︔ ︽ᠭᠤᠷᠪᠠᠨ ᠱᠤᠭᠤᠮ︾ ᠭᠡᠳᠡᠭ ᠨᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ᠡᠵᠡᠮᠳᠡᠬᠦ ᠱᠤᠭᠤᠮ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠱᠤᠭᠤᠮ ᠪᠣᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠷᠪᠠᠨ ᠶᠡᠭᠡ ᠠᠵᠢᠯᠯᠠᠭ᠎ᠠ᠄ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ᠂ ᠠᠵᠤ ᠦᠢᠯᠡᠳᠪᠦᠷᠢ ᠶᠢᠨ ᠡᠬᠢ ᠰᠤᠷᠪᠤᠯᠵᠢ ᠶᠢᠨ ᠪᠣᠬᠢᠷᠲᠤᠯ ᠢ ᠵᠠᠰᠠᠬᠤ᠂ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠢ | ᠵᠠᠰᠠᠬᠤ᠂ ᠭᠤᠣᠯ ᠨᠠᠭᠤᠷ ᠴᠥᠭᠦᠷᠥᠮ ᠤᠨ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠪᠣᠬᠢᠷ ᠤᠰᠤ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠵᠢᠷᠤᠮᠵᠢᠭᠤᠯᠤᠨ ᠰᠢᠢᠳᠪᠦᠷᠢᠯᠡᠬᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ | ᠵᠠᠰᠠᠬᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠢ ᠶᠢ ᠬᠠᠮᠠᠭᠠᠯᠠᠬᠤ ᠪᠠ ᠵᠠᠰᠠᠨ | ᠰᠡᠷᠭᠦᠭᠡᠬᠦ᠂ ᠡᠨᠧᠷᠭᠢ ᠶᠢᠨ ᠠᠵᠤ ᠦᠢᠯᠡᠰ ᠢ ᠪᠣᠬᠢᠷᠲᠤᠯ ᠦᠭᠡᠢ ᠬᠥᠭᠵᠢᠭᠦᠯᠬᠦ ᠠᠵᠢᠯᠯᠠᠭ᠎ᠠ ᠪᠤᠯᠤᠨ᠎ᠠ᠃ | ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠠᠴᠢᠯᠠᠬᠤ ᠡᠪᠡᠳᠴᠢᠨ ᠡᠮᠭᠡᠭ ᠢ ᠰᠡᠷᠭᠡᠶᠢᠯᠡᠬᠦ ᠡᠷᠡᠭᠦᠯ ᠬᠠᠮᠠᠭᠠᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ | ᠄ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠪᠠ ᠠᠭᠤᠰᠬᠢᠨ ᠦᠷᠪᠢᠰᠦᠯ ᠤᠨ ᠸᠠᠺᠼᠢᠨ ᠰᠤᠶᠢᠳᠭᠡᠯ | ᠬᠤᠷᠢᠶᠠᠬᠤ ᠥᠬᠡᠶ ᠪᠠᠷ ᠳᠠᠷᠢᠨ᠎ᠠ᠃ | ᠡᠮᠡᠭᠲᠡᠶ ᠰᠣᠷᠣᠭᠴᠢ ᠶᠢᠨ ᠡᠷᠡᠭᠦᠯ ᠮᠡᠨᠳᠦ ᠶᠢ ᠬᠠᠯᠠᠮᠵᠢᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠡᠷᠡᠭᠦᠯ ᠬᠠᠮᠠᠭᠠᠯᠠᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ᠄ 13 ︱ 18 ᠪᠦᠬᠦᠯᠢ ᠨᠠᠰᠤᠨ ᠤ ᠰᠤᠷᠭᠠᠭᠤᠯᠢ ᠳᠤ ᠪᠠᠶᠢᠭ᠎ᠠ ᠡᠮᠡᠭᠲᠡᠶ ᠰᠤᠷᠤᠭᠴᠢᠳ ᠲᠤ ᠰᠠᠪᠠ ᠶᠢᠨ ᠬᠦᠵᠦᠭᠦᠨ ᠤ ᠥᠮᠡᠨ ᠤ | ᠸᠠᠺᠼᠢᠨ ᠢ ᠰᠤᠶᠢᠳᠭᠡᠯ ᠬᠤᠷᠢᠶᠠᠬᠤ ᠥᠬᠡᠶ ᠪᠠᠷ ᠳᠠᠷᠢᠨ᠎ᠠ᠃ | | |