2020 ᠣᠨ ᠤ ᠵᠡᠭᠦᠨᠭᠠᠷ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠬᠤ ᠠᠯᠪᠠᠨ ᠵᠠᠷ
ᠨᠡᠶᠢᠲᠡᠯᠡᠭᠰᠡᠨ ᠴᠠᠭ᠄
2020/12/3
    ︽ᠵᠡᠭᠦᠨᠭᠠᠷ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠬᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠪᠠ ︽ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠤᠨ ᠲᠣᠪᠴᠢ ᠲᠡᠮᠳᠡᠭᠯᠡᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ 2020 ᠣᠨ ᠤ 12  ᠰᠠᠷ᠎ᠠ ᠶᠢᠨ 4 ᠤ ᠡᠳᠦᠷ ᠠᠴᠠ ᠡᠬᠢᠯᠡᠨ ᠣᠲᠣ ᠶᠢᠨ ᠪᠠᠶᠢᠭ᠎ᠠ ᠣᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠬᠤ ᠠᠵᠢᠯ ᠢᠶᠠᠨ ᠡᠬᠢᠯᠡᠭᠦᠯᠦᠨ᠎ᠡ᠃ ᠡᠳᠦᠭᠡ ᠬᠤᠯᠪᠣᠭᠳᠠᠯ ᠪᠥᠬᠦᠶ  ᠵᠤᠶᠢᠯᠡᠰ ᠢ  ᠳᠤᠤᠷᠠᠬᠢ ᠮᠡᠲᠦ ᠵᠠᠷᠯᠠᠶ᠎ᠠ᠄    ᠨᠢᠭᠡ᠂ ᠬᠤᠳᠠᠯᠳᠤᠬᠤ ᠭᠡᠵᠤ ᠪᠠᠶᠢᠭ᠎ᠠ  ᠰᠠᠭᠤᠭᠠᠯᠢ ᠲᠣᠭᠤᠷᠢᠭ ᠤᠨ ᠨᠡᠷᠡᠶᠢᠳᠦᠯ   ᠰᠢᠤᠸᠠᠢ ᠵᠢᠶᠠ ᠸᠠᠨ ᠤ ᠰᠢᠶᠠᠩ ᠶᠦᠨ ᠰᠠᠭᠤᠭᠠᠯᠢ ᠲᠣᠭᠤᠷᠢᠭ᠂ ᠬᠤ᠋ ᠰᠢ ᠰᠠᠭᠤᠭᠠᠯᠢ ᠲᠣᠭᠤᠷᠢᠭ᠂ ᠸᠠᠨ ᠲᠦᠩ ᠴᠡᠴᠡᠷᠯᠢᠭ ᠤᠨ A ᠲᠣᠭᠤᠷᠢᠭ᠂  ᠱᠠᠬᠳᠠᠷ  ᠤᠨ ᠮᠢᠨ ᠯᠧ  ᠰᠠᠭᠤᠭᠠᠯᠢ ᠲᠣᠭᠤᠷᠢᠭ᠃    ᠬᠤᠶᠠᠷ᠂ ᠬᠤᠳᠠᠯᠳᠤᠬᠤ ᠵᠠᠷᠴᠢᠮ  ︽ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠬᠤᠳᠠᠯᠳᠤᠬᠤ᠂ ᠲᠦᠷᠢᠶᠡᠰᠦᠯᠡᠬᠦ ᠪᠠ ᠬᠤᠳᠠᠯᠳᠤᠬᠤ ᠶᠢ  ᠵᠡᠷᠭᠡᠪᠡᠷ ᠴᠢᠬᠤᠯᠠᠴᠢᠯᠠᠬᠤ᠂ ᠰᠠᠶᠢᠨ ᠳᠤᠷ᠎ᠠ ᠠᠴᠠ ᠪᠠᠨ ᠬᠤᠳᠠᠯᠳᠤᠨ ᠠᠪᠬᠤ᠂ ᠬᠢᠵᠠᠭᠠᠷᠲᠤ ᠥᠮᠴᠢᠯᠡᠬᠦ ᠡᠷᠬᠡ ᠣᠯᠬᠤ︾ ᠵᠠᠷᠴᠢᠮ ᠢ ᠵᠢᠷᠤᠮᠯᠠᠵᠤ᠂ ᠨᠢᠭᠡᠨᠲᠡ ᠣᠯᠠᠨ ᠨᠡᠶᠢᠲᠡ ᠶᠢᠨ ᠲᠦᠷᠢᠶᠡᠰᠦᠨ ᠤᠷᠤᠨ ᠰᠠᠭᠤᠴᠠ  ᠶᠢ ᠲᠦᠷᠢᠶᠡᠰᠦᠯᠡᠭᠰᠡᠨ ᠪᠠᠲᠤᠯᠠᠭ᠎ᠠ ᠭᠥᠷᠳᠡᠭᠰᠡᠨ ᠬᠡᠷ ᠪᠦᠯᠢ ᠶᠢᠨ ᠬᠢᠨ ᠲᠦᠷᠢᠶᠡᠰᠦᠯᠡᠭᠰᠡᠨ ᠣᠯᠠᠨ ᠨᠡᠶᠢᠲᠡ ᠶᠢᠨ ᠲᠦᠷᠢᠶᠡᠰᠦᠨ  ᠤᠷᠤᠨ ᠰᠠᠭᠤᠴᠠ ᠶᠢᠨ ᠬᠢᠵᠠᠭᠠᠷᠲᠤ  ᠦᠮᠴᠢᠯᠡᠯ ᠤᠨ ᠡᠷᠬᠡ ᠶᠢ ᠬᠤᠳᠠᠯᠳᠤᠨ ᠠᠪᠬᠤ ᠪᠠᠷ ᠰᠠᠶᠢᠨ ᠳᠤᠷ᠎ᠠ ᠠᠴᠠ ᠪᠠᠨ ᠭᠤᠶᠤᠴᠢᠯᠠᠵᠤ ᠪᠣᠯᠤᠨ᠎ᠠ᠃ ᠬᠤᠳᠠᠯᠳᠤᠨ ᠠᠪᠬᠤ ᠳᠤᠷ᠎ᠠ ᠦᠭᠡᠢ ᠪᠣᠯ ᠤᠤᠯ ᠤᠨ ᠤᠯᠠᠨ ᠨᠡᠶᠢᠲᠡ ᠶᠢᠨ ᠲᠦᠷᠢᠶᠡᠰᠦᠨ ᠤᠷᠤᠨ ᠰᠠᠭᠤᠴᠠ ᠶᠢ ᠦᠷᠭᠦᠯᠵᠢᠯᠡᠨ ᠳᠦᠷᠢᠶᠡᠰᠤᠯᠡᠵᠤ ᠪᠣᠯᠤᠨ᠎ᠠ᠃   ᠭᠤᠷᠪᠠ᠂ ᠬᠤᠳᠠᠯᠳᠤᠬᠤ ᠨᠥᠬᠦᠴᠡᠯ ︵ ᠳᠤᠤᠷᠠᠬᠢ ᠨᠥᠬᠦᠴᠡᠯ ᠳᠤ ᠵᠡᠷᠭᠡᠪᠡᠷ ᠨᠡᠶᠢᠴᠡᠨ᠎ᠡ︶  1. ᠬᠤᠳᠠᠯᠳᠤᠨ ᠠᠪᠬᠤ ᠪᠠᠷ ᠭᠤᠶᠤᠴᠢᠯᠠᠬᠤ ᠣᠶᠶ᠎ᠠ ᠳᠤ ᠮᠠᠨ ᠤ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠤᠯᠬᠤ ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ ᠭᠡᠷ ᠲᠦᠷᠢᠶᠡᠰᠦᠯᠡᠭᠴᠢ᠃  2. ᠲᠦᠷᠢᠶᠡᠰᠦᠯᠡᠬᠦ ᠬᠤᠭᠤᠴᠠᠭᠠᠨ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠪᠠ ᠪᠤᠰᠤᠳ ᠵᠠᠷᠤᠳᠠᠯ ᠢ ᠳᠤᠲᠠᠭᠤ ᠲᠤᠰᠢᠶᠠᠭᠰᠠᠨ ᠦᠭᠡᠢ ᠲᠡᠮᠳᠡᠭᠯᠡᠯ ᠵᠢᠴᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠦᠭᠡᠢ ᠦᠢᠯᠡ ᠠᠵᠢᠯᠯᠠᠭ᠎ᠠ   ᠲᠠᠢ ᠪᠠᠶᠢᠬᠤ᠃   ᠲᠦᠷᠪᠡ᠂ ᠬᠤᠳᠠᠯᠳᠤᠬᠤ ᠦᠨ᠎ᠡ ᠬᠠᠩᠰᠢ   ᠲᠤᠬᠠᠶ ᠶᠢᠨ ᠴᠠᠭ ᠤᠨ ᠠᠳᠠᠯᠢ ᠭᠠᠵᠠᠷ ᠤᠷᠤᠨ᠂ ᠠᠳᠠᠯᠢ ᠲᠥᠷᠥᠯ ᠤᠨ ᠡᠩ ᠤᠨ ᠲᠠᠸᠠᠷ ᠤᠨ ᠣᠷᠣᠨ ᠰᠠᠭᠤᠴᠠ ᠶᠢᠨ ᠦᠨ᠎ᠡ ᠬᠠᠩᠰᠢ ᠶᠢᠨ 70% ᠪᠠᠷ ᠲᠣᠭᠲᠠᠭᠠᠨ᠎ᠠ᠂ ᠭᠡᠷ ᠪᠠᠶᠢᠰᠢᠩ ᠤᠨ ᠶᠡᠷᠦᠩᠬᠡᠶ ᠦᠨ᠎ᠡ ᠶᠢ ᠭᠡᠷ ᠪᠠᠶᠢᠰᠢᠩ ᠤᠨ ᠡᠴᠦᠰ ᠤᠨ ᠬᠡᠮᠵᠢᠯᠲᠡ ᠶᠢᠨ ᠪᠠᠷᠢᠯᠭ᠎ᠠ ᠶᠢᠨ ᠳᠠᠠᠯᠪᠠᠢ ᠪᠠᠷ ᠪᠤᠳᠤᠨ᠎ᠠ᠃   ᠲᠠᠪᠤ᠂ ᠬᠤᠳᠠᠯᠳᠤᠬᠤ ᠬᠠᠷᠢᠴᠠᠯ  ᠣᠯᠠᠨ ᠨᠡᠶᠢᠲᠡ ᠶᠢᠨ ᠲᠦᠷᠢᠶᠡᠰᠦᠨ ᠤᠷᠤᠨ ᠰᠠᠭᠤᠴᠠ ᠬᠤᠳᠠᠯᠳᠤᠬᠤ ᠲᠤᠭ᠎ᠠ ᠮᠠᠭᠠᠳ ᠢ ᠵᠠᠷᠴᠢᠮ ᠳᠡᠭᠡᠷ᠎ᠡ ᠪᠠᠨ ᠲᠥᠷᠥᠯ ᠵᠤᠶᠢᠯ  ᠪᠤᠯᠭᠠᠨ ᠤ ᠶᠡᠷᠦᠩᠬᠡᠶ ᠬᠡᠮᠵᠢᠶᠡᠨ ᠤ 50% ᠠᠴᠠ ᠬᠡᠲᠦᠷᠡᠬᠦᠯᠵᠤ ᠪᠣᠯᠬᠤ ᠦᠭᠡᠢ᠂ ᠡᠴᠦᠰ ᠲᠡᠭᠡᠨ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠲᠣᠭᠲᠠᠭᠰᠠᠨ ᠲᠤᠭ᠎ᠠ ᠮᠠᠭᠠᠳ ᠢᠶᠠᠷ ᠪᠤᠳᠤᠵᠤ᠂  ᠤᠷᠢᠳ ᠢᠶᠠᠷ ᠬᠤᠳᠠᠯᠳᠤᠨ ᠠᠪᠤᠪᠠᠯ ᠤᠷᠢᠳ ᠢᠶᠠᠷ ᠭᠡᠷ ᠢᠶᠠᠨ ᠣᠯᠵᠤ᠂ ᠬᠤᠳᠠᠯᠳᠤᠵᠤ ᠳᠠᠭᠤᠰᠲᠠᠯ᠎ᠠ ᠪᠤᠳᠤᠨ᠎ᠠ᠃   ᠵᠢᠷᠭᠤᠭ᠎ᠠ᠂ ᠬᠤᠳᠠᠯᠳᠤᠬᠤ ᠶᠠᠪᠤᠴᠠ  ︵ᠨᠢᠭᠡ︶ ᠳᠠᠩᠰᠠᠯᠠᠭᠤᠯᠬᠤ ᠪᠠᠷ ᠭᠤᠶᠤᠴᠢᠯᠠᠬᠤ᠃ ᠬᠤᠳᠠᠯᠳᠤᠨ ᠠᠪᠤᠭᠴᠢ  ᠬᠤᠰᠢᠭᠤᠨ ᠤ ᠭᠡᠷ ᠪᠠᠶᠢᠰᠢᠩ ᠤᠨ ᠬᠠᠮᠢᠶᠠᠷᠤᠯᠲᠠ ᠵᠢᠨ‌‍ᠲ᠋ᠥ᠋ᠪ ᠲᠤ ᠬᠦᠷᠴᠦ ᠭᠤᠶᠤᠴᠢᠯᠠᠯ ᠭᠠᠷᠭᠠᠬᠤ ᠶᠢᠨ ᠬᠠᠮᠲᠤ ᠳᠡᠷᠡᠴᠢᠯᠡᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠥᠪ  ᠲᠤ ᠳᠠᠩᠰᠠᠯᠠᠭᠤᠯᠬᠤ ᠬᠡᠷᠡᠭᠲᠡᠶ᠃ ᠭᠤᠶᠤᠴᠢᠯᠠᠬᠤ ᠴᠢᠬᠤᠯᠠ ᠨᠥᠬᠦᠴᠡᠯ᠄   1.  ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ   2.  ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠵᠢᠴᠢ ᠬᠠᠭᠤᠯᠪᠤᠷᠢ   3. ᠤᠷᠤᠭ ᠤᠨ  ᠪᠠᠶᠢᠳᠠᠯ ᠤᠨ  ᠭᠡᠷᠡᠴᠢᠯᠡᠯᠳᠡ ᠶᠢᠨ ᠤᠭ ᠮᠠᠲ᠋ᠧᠷᠢᠶᠠᠯ ᠵᠢᠴᠢ ᠬᠠᠭᠤᠯᠪᠤᠷᠢ   4. ᠭᠡᠷ ᠥᠬᠡᠶ ᠭᠡᠷᠡᠴᠢ ᠪᠢᠴᠢᠭ ᠤᠨ ᠤᠭ ᠮᠠᠲ᠋ᠧᠷᠢᠶᠠᠯ   5.  ᠬᠤᠳᠠᠯᠳᠤᠨ ᠠᠪᠬᠤ ᠪᠠᠷ ᠭᠤᠶᠤᠴᠢᠯᠠᠬᠴᠢ ᠶᠢᠨ ᠭᠡᠷ ᠪᠦᠯᠢ ᠶᠢᠨ ᠣᠷᠣᠯᠭ᠎ᠠ ᠶᠢᠨ ᠮᠡᠳᠡᠭᠦᠯᠦᠯᠲᠡ᠃   ︵ᠬᠤᠶᠠᠷ︶ ᠢᠯᠡ ᠨᠡᠶᠢᠲᠡᠯᠡᠬᠦ᠃  ᠭᠤᠶᠤᠴᠢᠯᠠᠵᠤ ᠳᠠᠩᠰᠠᠯᠠᠭᠤᠯᠤᠬᠰᠠᠨ ᠤ ᠳᠠᠷᠠᠭ᠎ᠠ᠂  ᠬᠤᠰᠢᠭᠤᠨ ᠤ  ᠭᠡᠷ ᠪᠠᠶᠢᠰᠢᠩ ᠤᠨ ᠬᠠᠮᠢᠶᠠᠷᠤᠯᠲᠠ ᠶᠢᠨ ᠲᠥᠪ ᠠᠴᠠ ᠬᠤᠳᠠᠯᠳᠤᠨ ᠠᠪᠬᠤ ᠪᠠᠷ ᠭᠤᠶᠤᠴᠢᠯᠠᠭᠴᠢ ᠶᠢᠨ ᠮᠡᠳᠡᠭᠡ ᠵᠠᠩᠭᠢ ᠶᠢ ᠵᠡᠭᠦᠨᠭᠠᠷ ᠤᠨ ᠴᠤᠩᠬᠤᠪᠴᠢ ᠰᠦᠯᠵᠢᠶᠡᠨ ᠳᠡᠭᠡᠷ᠎ᠠ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠴᠠᠭ  ᠨᠢ ᠭᠤᠷᠪᠠᠨ ᠠᠵᠢᠯᠯᠠᠬᠤ ᠡᠳᠦᠷ ᠪᠣᠯᠤᠨ᠎ᠠ᠃   ︵ᠭᠤᠷᠪᠠ︶ ᠠᠩᠬ᠎ᠠ ᠬᠢᠨᠠᠬᠤ᠃ ᠠᠩᠬ᠎ᠠ ᠬᠢᠨᠠᠬᠤ ᠠᠵᠢᠯᠲᠠᠨ ︽ᠵᠡᠭᠦᠨᠭᠠᠷ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠤᠳᠠᠯᠳᠤᠨ ᠠᠪᠬᠤ ᠭᠤᠶᠤᠴᠢᠯᠠᠯ ᠢ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠬᠢᠨᠠᠨ ᠬᠠᠷᠭᠤᠭᠤᠯᠬᠤ ᠶᠢᠨ ᠬᠠᠮᠲᠤ ᠠᠩᠬ᠎ᠠ  ᠬᠢᠨᠠᠬᠰᠠᠨ ᠰᠠᠨᠠᠯ  ᠢᠶᠠᠨ ᠳᠤᠷᠠᠳᠤᠨ᠎ᠠ᠃    ︵ᠲᠦᠷᠪᠡ︶ ᠲᠠᠬᠢᠨ ᠬᠢᠨᠠᠬᠤ᠃ ᠳᠠᠬᠢᠨ ᠬᠢᠨᠠᠬᠤ ᠬᠠᠷᠢᠭᠤᠴᠠᠯᠭᠠᠲᠠᠨ ᠬᠢᠨᠠᠨ ᠬᠠᠷᠭᠤᠭᠤᠯᠤᠭᠰᠠᠨ ᠰᠠᠨᠠᠯ   ᠢᠶᠠᠨ ᠳᠤᠷᠠᠳᠤᠨ᠎ᠠ᠃    ︵ᠲᠠᠪᠤ︶ ᠬᠢᠨᠠᠨ ᠵᠥᠪᠰᠢᠶᠡᠷᠡᠬᠦ᠃ ᠬᠢᠨᠠᠨ ᠵᠥᠪᠰᠢᠶᠡᠷᠡᠬᠦ ᠬᠠᠷᠢᠭᠤᠴᠠᠯᠭᠠᠲᠠᠨ ᠬᠢᠨᠠᠨ ᠵᠥᠪᠰᠢᠶᠡᠷᠡᠭᠰᠡᠨ ᠰᠠᠨᠠᠯ   ᠢᠶᠠᠨ ᠳᠤᠷᠠᠳᠤᠨ᠎ᠠ᠃   ︵ᠵᠢᠷᠭᠤᠭ᠎ᠠ︶ ᠬᠤᠳᠠᠯᠳᠤᠨ ᠠᠪᠬᠤ ᠶᠢ ᠵᠥᠪᠰᠢᠶᠡᠷᠡᠭᠰᠡᠨ ᠦᠨᠡᠮᠯᠡᠯ ᠣᠯᠭᠤᠨ᠎ᠠ᠃ ᠬᠢᠨᠠᠨ ᠵᠥᠪᠰᠢᠶᠡᠷᠡᠭᠰᠡᠨ ᠤ ᠳᠠᠷᠠᠭ᠎ᠠ ︽ᠵᠡᠭᠦᠨᠭᠠᠷ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ︾ ᠣᠯᠭᠤᠨ᠎ᠠ᠃   ︵ᠳᠣᠯᠤᠭ᠎ᠠ︶ ᠵᠣᠭᠤᠰ ᠲᠤᠰᠢᠶᠠᠬᠤ᠃ ᠬᠤᠳᠠᠯᠳᠤᠨ ᠠᠪᠤᠭᠴᠢ ︽ᠵᠡᠭᠦᠨᠭᠠᠷ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ︾ ᠢᠶᠠᠨ ᠠᠪᠴᠤ ᠭᠡᠷ ᠬᠤᠳᠠᠯᠳᠤᠨ ᠠᠪᠤᠭᠰᠠᠨ ᠵᠣᠭᠤᠰ ᠢᠶᠠᠨ ᠪᠦᠬᠦ ᠲᠤᠭ᠎ᠠ ᠪᠠᠷ ᠨᠢ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠲᠤᠰᠢᠶᠠᠵᠤ᠂ ᠭᠤᠶᠤᠴᠢᠯᠠᠨ ᠬᠤᠳᠠᠯᠳᠤᠨ ᠠᠪᠤᠭᠴᠢ ᠨᠢ ᠪᠠᠰᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠳᠠᠯᠳᠤᠨ ᠠᠪᠤᠭᠰᠠᠨ ᠤᠯᠠᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠤᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ  ᠮᠦᠩᠬᠦ ᠶᠢ ᠲᠤᠰᠢᠶᠠᠬᠤ ᠬᠡᠷᠡᠭᠲᠡᠶ᠃    ︵ ᠨᠠᠢᠮᠠ︶ ᠭᠡᠷ᠎ᠡ ᠲᠣᠭᠲᠠᠬᠤ᠃ ᠬᠤᠳᠠᠯᠳᠤᠨ ᠠᠪᠤᠭᠴᠢ ︽ᠵᠡᠭᠦᠨᠭᠠᠷ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ︾᠂ ︽ᠵᠡᠭᠦᠨᠭᠠᠷ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠤᠳᠠᠯᠳᠤᠨ ᠠᠪᠬᠤ ᠭᠤᠶᠤᠴᠢᠯᠠᠯ ᠢ ᠬᠢᠨᠠᠨ ᠵᠥᠪᠰᠢᠶᠡᠷᠡᠬᠦ ᠬᠦᠰᠦᠨᠦᠭᠲᠦ︾ ᠵᠢᠴᠢ ᠪᠣᠶ ᠪᠥᠬᠦᠶ ᠵᠣᠭᠤᠰ ᠲᠤᠰᠢᠶᠠᠭᠰᠠᠨ ᠫᠢᠶᠣᠣ ᠪᠠᠷᠢᠮᠲᠠ ᠪᠠᠨ ᠠᠪᠴᠤ ᠬᠤᠰᠢᠭᠤᠨ ᠤ ᠬᠡᠷ ᠪᠠᠶᠢᠰᠢᠩ ᠤᠨ ᠬᠠᠮᠢᠶᠠᠷᠤᠯᠲᠠ ᠶᠢᠨ ᠲᠥᠪ ᠲᠤ ᠬᠦᠷᠴᠦ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠮᠠᠶᠢᠮᠠᠶᠢᠯᠠᠬᠤ ᠭᠡᠷ᠎ᠡ︾ ᠲᠣᠭᠲᠠᠨ᠎ᠠ᠃     ᠳᠣᠯᠤᠭ᠎ᠠ᠂ ᠬᠤᠳᠠᠯᠳᠤᠭᠰᠠᠨ ᠤ ᠳᠠᠷᠠᠭᠠᠬᠢ ᠬᠠᠮᠢᠶᠠᠷᠤᠯᠲᠠ    ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠭᠰᠠᠨ ᠤ ᠳᠠᠷᠠᠭ᠎ᠠ᠂ ᠡᠷᠬᠡ ᠶᠢᠨ ᠬᠠᠷᠢᠶᠠᠯᠠᠯ ᠢ ᠳᠠᠩᠰᠠᠯᠠᠭᠰᠠᠨ ᠡᠳᠦᠷ ᠠᠴᠠ ᠡᠬᠢᠯᠡᠨ ᠪᠦᠬᠦᠯᠢ 5 ᠵᠢᠯ ᠪᠣᠯᠤᠭᠰᠠᠨ ᠤ ᠳᠠᠷᠠᠭ᠎ᠠ ᠰᠠᠶ᠋ᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠵᠤ ᠪᠣᠯᠤᠨ᠎ᠠ᠃ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠦᠶᠡᠰ ᠂ ᠭᠡᠷ ᠬᠤᠳᠠᠯᠳᠤᠨ ᠠᠪᠤᠭᠴᠢ ᠵᠠᠰᠠᠭ ᠤᠨ ᠣᠷᠳᠣᠨ ᠳᠤ ᠪᠣᠳᠠᠲᠠᠶ ᠠᠷᠠᠯᠵᠢᠶᠠᠯᠠᠭᠰᠠᠨ ᠦᠨ᠎ᠡ ᠶᠢᠨ ᠵᠣᠭᠤᠰ ᠤᠨ 30% ᠶᠢ ᠲᠤᠰᠢᠶᠠᠪᠠᠯ ᠰᠠᠶ᠋ᠢ ᠪᠦᠬᠦ ᠥᠮᠴᠢᠯᠡᠬᠦ ᠡᠷᠬᠡ ᠶᠢ ᠣᠯᠵᠤ ᠪᠣᠯᠤᠨ᠎ᠠ᠃ ᠭᠡᠷ ᠬᠤᠳᠠᠯᠳᠤᠨ ᠠᠪᠤᠭᠴᠢ ᠠᠷᠠᠯᠵᠢᠶ᠎ᠠ ᠪᠦᠲᠦᠭᠰᠡᠨ ᠦᠨ᠎ᠡ ᠪᠠᠨ ᠦᠨᠡᠨ ᠮᠥᠨ ᠢᠶᠠᠷ ᠨᠢ ᠳᠡᠭᠡᠭᠰᠢ ᠮᠡᠳᠡᠭᠦᠯᠦᠭᠰᠡᠨ ᠦᠭᠡᠢ ᠪᠣᠯ᠂  ᠬᠤᠰᠢᠭᠤᠨ ᠤ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠥᠪ ᠪᠤᠶᠤ ᠭᠡᠷ ᠬᠤᠳᠠᠯᠳᠤᠨ ᠠᠪᠤᠭᠴᠢ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠭᠦᠯᠵᠦ᠂ ᠵᠠᠰᠠᠭ ᠤᠨ ᠣᠷᠳᠣᠨ ᠳᠤ ᠦᠨᠡᠯᠡᠨ ᠵᠢᠱᠢᠭᠰᠡᠨ ᠦᠨ᠎ᠡ ᠬᠠᠩᠰᠢ ᠶᠢᠨ 30% ᠶᠢ ᠳᠡᠭᠡᠭᠰᠢ ᠲᠤᠰᠢᠶᠠᠵᠤ᠂ ᠪᠦᠬᠦ ᠥᠮᠴᠢᠯᠡᠬᠦ ᠡᠷᠬᠡ ᠶᠢ ᠣᠯᠵᠤ᠂ ᠦᠨᠡᠯᠡᠨ ᠵᠢᠱᠢᠬᠦ ᠵᠠᠷᠤᠳᠠᠯ ᠢ ᠭᠡᠷ ᠬᠤᠳᠠᠯᠳᠤᠨ ᠠᠪᠤᠭᠴᠢ ᠡᠭᠦᠷᠭᠡᠯᠡᠨ᠎ᠡ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠭᠰᠠᠨ ᠤ ᠳᠠᠷᠠᠭ᠎ᠠ᠂ ᠬᠡᠷ ᠪᠠᠶᠢᠰᠢᠩ ᠤᠨ ᠰᠢᠨᠵᠢ ᠴᠢᠨᠠᠷ ᠢ ᠡᠩ ᠤᠨ ᠲᠠᠸᠠᠷ ᠤᠨ ᠣᠷᠣᠨ ᠰᠠᠭᠤᠴᠠ ᠪᠣᠯᠭᠠᠨ ᠬᠤᠪᠢᠷᠠᠭᠤᠯᠤᠨ᠎ᠠ᠃    ᠡᠷᠬᠡ ᠶᠢᠨ ᠬᠠᠷᠢᠶᠠᠯᠠᠯ ᠢ ᠳᠠᠩᠰᠠᠯᠠᠭᠤᠯᠤᠭᠰᠠᠨ ᠡᠳᠦᠷ ᠠᠴᠠ ᠡᠬᠢᠯᠡᠨ ᠪᠦᠬᠦᠯᠢ 5 ᠵᠢᠯ ᠪᠣᠯᠤᠭ᠎ᠠ ᠦᠭᠡᠢ᠂ ᠭᠡᠷ ᠬᠤᠳᠠᠯᠳᠤᠨ ᠠᠪᠤᠭᠴᠢ ᠣᠨᠴᠠᠭᠠᠢ ᠰᠢᠯᠲᠠᠭᠠᠨ ᠠᠴᠠ ᠪᠣᠯᠵᠤ ᠦᠨᠡᠬᠡᠷ ᠠᠷᠠᠯᠵᠢᠶᠠᠯᠠᠬᠤ ᠴᠢᠬᠤᠯᠠᠲᠠᠶ  ᠪᠤᠯᠪᠠᠯ᠂ ᠬᠤᠰᠢᠭᠤᠨ ᠤ ᠭᠡᠷ ᠪᠠᠶᠢᠰᠢᠩ ᠤᠨ ᠬᠠᠮᠢᠶᠠᠷᠤᠯᠲᠠ ᠶᠢᠨ ᠲᠥᠪ ᠲᠤ ᠭᠤᠶᠤᠴᠢᠯᠠᠯ ᠭᠠᠷᠭᠠᠵᠤ᠂ ᠬᠤᠰᠢᠭᠤᠨ ᠤ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠥᠪ ᠤᠤᠯ ᠤᠨ ᠪᠣᠷᠣᠯᠠᠭᠤᠯᠬᠤ ᠦᠨ᠎ᠡ ᠶᠢᠨ ᠰᠠᠭᠤᠷᠢᠨ  ᠳᠡᠭᠡᠷ᠎ᠠ᠂ ᠣᠷᠣᠨ ᠰᠠᠭᠤᠴᠠ ᠶᠢᠨ ᠡᠯᠡᠭᠳᠡᠯ ᠪᠠ  ᠪᠠᠷᠠᠭᠠᠨ ᠤ ᠦᠨ᠎ᠡ ᠶᠢᠨ ᠬᠢᠷᠢ ᠬᠡᠮᠵᠢᠶ᠎ᠡ ᠵᠡᠷᠭᠡ ᠬᠦᠴᠦᠨ  ᠵᠤᠶᠢᠯ ᠢ ᠶᠡᠷᠦᠩᠭᠡᠶᠢᠯᠡᠨ ᠪᠣᠳᠣᠯᠬᠢᠯᠠᠵᠤ᠂ ᠦᠨ᠎ᠡ ᠬᠠᠩᠰᠢ ᠶᠢ ᠲᠣᠭᠲᠠᠭᠠᠬᠤ ᠶᠢᠨ ᠬᠠᠮᠲᠤ ᠪᠤᠴᠠᠭᠠᠨ ᠠᠪᠬᠤ ᠬᠡᠷᠡᠭᠲᠡᠶ᠃   ᠨᠢᠭᠡᠨᠲᠡ ᠬᠤᠳᠠᠯᠳᠤᠨ ᠠᠪᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ  ᠭᠠᠷᠭᠠᠵᠤ ᠰᠢᠯᠵᠢᠭᠦᠯᠦᠨ ᠥᠭᠭᠦᠭᠰᠡᠨ ᠬᠤᠪᠢ ᠬᠥᠮᠦᠨ ᠪᠤᠶᠤ ᠭᠡᠷ ᠪᠦᠯᠢ ᠨᠢ ᠪᠠᠲᠤᠯᠠᠭ᠎ᠠ ᠶᠢᠨ ᠴᠢᠨᠠᠷᠲᠠᠶ ᠣᠷᠣᠨ  ᠰᠠᠭᠤᠴᠠ ᠶᠢ ᠳᠠᠬᠢᠵᠤ ᠭᠤᠶᠤᠴᠢᠯᠠᠵᠤ ᠪᠣᠯᠬᠤ ᠦᠭᠡᠢ᠃     ᠨᠠᠢᠮᠠ᠂ ᠬᠤᠳᠠᠯᠳᠤᠬᠤ ᠶᠢ  ᠬᠦᠢᠴᠡᠳᠭᠡᠬᠦ ᠴᠠᠭ   2020 ᠣᠨ ᠤ 12 ᠰᠠᠷ᠎ᠠ ᠶᠢᠨ 4 ᠤ ᠡᠳᠦᠷ — 2020 ᠣᠨ ᠤ 12 ᠰᠠᠷ᠎ᠠ ᠶᠢᠨ 31 ᠤ ᠡᠳᠦᠷ    ᠶᠢᠰᠦ᠂  ᠬᠦᠢᠴᠡᠳᠭᠡᠬᠦ ᠬᠠᠶ᠋ᠢᠭ   ︵ᠨᠢᠭᠡ︶ ᠬᠤᠳᠠᠯᠳᠤᠨ ᠠᠪᠬᠤ ᠪᠠᠷ ᠭᠤᠶᠤᠴᠢᠯᠠᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ᠂ ᠬᠤᠳᠠᠯᠳᠤᠨ ᠠᠪᠬᠤ ᠵᠥᠪᠰᠢᠶᠡᠷᠡᠯ ‍ᠦᠨ‌ᠦᠨᠡᠮᠯᠡᠯ᠂ ᠭᠡᠷ᠎ᠡ ᠲᠣᠭᠲᠠᠬᠤ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠦᠩᠬᠦ ᠲᠤᠰᠢᠶᠠᠬᠤ ᠬᠠᠶ᠋ᠢᠭ ᠢ ᠠᠪᠤᠨ᠎ᠠ᠄ ᠵᠡᠭᠦᠨᠭᠠᠷ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠠ ᠬᠡᠷ ᠬᠥᠷᠥᠩᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠥᠪ ᠤᠨ ᠨᠢᠭᠡᠳᠦᠭᠡᠷ ᠳᠠᠪᠬᠤᠷᠯᠢᠭ ᠤᠨ ᠲᠢᠩᠬᠢᠮ᠃   ︵ᠬᠤᠶᠠᠷ︶ ᠬᠡᠷ ᠪᠠᠶᠢᠰᠢᠩ ᠬᠤᠳᠠᠯᠳᠤᠨ ᠠᠪᠬᠤ ᠵᠣᠭᠤᠰ ᠤᠨ ᠲᠠᠩᠰᠠᠨ ᠨᠣᠮᠧᠷ ᠲᠤᠰᠢᠶᠠᠬᠤ ᠵᠢᠴᠢ ᠬᠡᠷ ᠪᠠᠶᠢᠰᠢᠩ  ᠬᠤᠳᠠᠯᠳᠤᠨ ᠠᠪᠬᠤ ᠵᠣᠭᠤᠰ ᠤᠨ ᠪᠠᠷᠢᠮᠲᠠ ᠬᠢᠵᠦ ᠥᠭᠬᠦ ᠬᠠᠶ᠋ᠢᠭ᠄  ᠳᠠᠩᠰᠠᠨ‌ᠡᠷᠦᠬᠡ ᠶᠢᠨ ᠨᠡᠷ᠎ᠡ᠄ ᠵᠡᠭᠦᠨᠭᠠᠷ ᠬᠤᠰᠢᠭᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ  ᠳᠤᠪᠴᠢᠶ᠎ᠠ    ᠳᠠᠩᠰᠠᠨ ᠨᠣᠮᠧᠷ᠄ 047716012000010752    ᠳᠠᠩᠰᠠ ᠨᠡᠭᠡᠭᠡᠭᠰᠡᠨ ᠪᠠᠩᠬᠢ᠄ ᠣᠷᠳᠣᠰ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠡᠭᠦᠨᠭᠠᠷ ᠬᠤᠰᠢᠭᠤᠨ ᠤ ᠰᠠᠯᠪᠤᠷᠢ ᠪᠠᠩᠬᠢ ︵ᠳ᠋ᠠ ᠵᠢᠶᠠᠨ ᠪᠠᠩᠬᠢ ᠶᠢᠨ ᠡᠰᠡᠷᠭᠦ ᠲᠠᠯ᠎ᠠ︶    ᠭᠡᠷ ᠬᠤᠳᠠᠯᠳᠤᠨ ᠠᠪᠬᠤ ᠵᠣᠭᠤᠰ ᠤᠨ ᠪᠠᠷᠢᠮᠲᠠ ᠶᠢᠨ ᠬᠠᠶ᠋ᠢᠭ᠄ ᠡᠳ᠋ ᠤᠨ ᠵᠠᠰᠠᠭ ᠤᠨ ᠲᠣᠪᠴᠢᠶ᠎ᠠ ᠶᠢᠨ 5 ᠳ᠋ᠤᠭᠠᠷ  ᠳᠠᠪᠬᠤᠷᠯᠢᠭ ᠤᠨ 506 ᠳ᠋ᠤᠭᠠᠷ ᠥᠷᠥᠭᠡ᠃               ᠡᠭᠦᠨ ᠤ ᠲᠤᠯᠠ ᠣᠨᠴᠠᠭᠠᠶᠢᠯᠠᠨ ᠵᠠᠷᠯᠠᠪᠠ᠃            ᠵᠡᠭᠦᠨᠭᠠᠷ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠠ ᠭᠡᠷ ᠬᠥᠷᠥᠩᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠥᠪ              2020 ᠣᠨ ᠤ 12 ᠰᠠᠷ᠎ᠠ ᠶᠢᠨ 1 ᠤ ᠡᠳᠦᠷ
ᠢᠷᠡᠯᠲᠡ᠄ ᠵᠡᠬᠦᠠᠭᠠᠷ ᠤᠨ ᠨᠡᠶᠢᠳᠡᠯᠡᠯ