ᠵᠠᠩ ᠽᠠᠢ ᠯᠢᠨ ᠪᠤᠯ ᠵᠡᠬᠦᠨᠭᠠᠷ ᠬᠤᠰᠢᠭᠤᠨ ᠤ ᠱᠠᠬᠳᠠᠷ ᠪᠠᠯᠭᠠᠰᠤᠨ ᠤ ᠡᠦ ᠽᠢ ᠸᠠᠨ ᠲᠤᠰᠬᠤᠨ ᠤ ᠡᠯ ᠯᠢ ᠪᠠᠨ ᠬᠤᠷᠰᠢᠶ᠎ᠠ ᠶᠢᠨ ᠲᠠᠷᠤᠭ᠎ᠠ ᠪᠤᠯᠤᠨ᠎ᠠ᠃ ᠡᠨᠡ | ᠨᠤᠳᠤᠭ ᠲᠤ ᠲᠦᠷᠦᠵᠦ ᠦᠰᠦᠭᠰᠡᠨ ᠲᠡᠷᠡ ᠨᠤᠳᠤᠭ ᠤᠰᠤᠨ ᠳᠠᠭᠠᠨ ᠤᠨᠴᠠ ᠶᠢᠨ ᠶᠡᠭᠡ ᠬᠠᠶᠢᠷ᠎ᠠ ᠰᠡᠳᠬᠢᠯᠭᠡ ᠲᠠᠢ ᠪᠠᠶᠢᠳᠠᠭ᠃ 18 ᠨᠠᠰᠤᠨ ᠳᠠᠭᠠᠨ ᠭᠠᠳᠠᠬᠰᠢ | ᠭᠠᠷᠴᠤ ᠦᠢᠯᠡᠰ ᠪᠤᠰᠬᠠᠨ᠂ ᠠᠵᠢᠯ ᠦᠢᠯᠡᠰ ᠤᠨ ᠠᠯᠳᠠᠨ ᠠᠮᠵᠢᠯᠲᠠ ᠳᠤ ᠬᠦᠷᠦᠭᠰᠡᠨ ᠲᠡᠷᠡ ᠨᠤᠳᠤᠭ ᠲᠠᠭᠠᠨ ᠪᠤᠴᠠᠬᠤ ᠪᠠᠷ ᠵᠤᠷᠢᠭ ᠰᠢᠭᠤᠳᠴᠤ᠂ ᠨᠤᠳᠤᠭ ᠤᠨ | ᠤᠯᠠᠨ ᠲᠦᠮᠡᠨ ᠢᠶᠠᠨ ᠲᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠬᠰᠠᠨ ᠪᠠᠶᠢᠨ᠎ᠠ᠃ ᠡᠳᠦᠬᠡ ᠡᠯ ᠯᠢ ᠪᠠᠨ ᠬᠤᠷᠰᠢᠶ᠎ᠠ ᠨᠢ ᠲᠡᠬᠦᠨ ᠤ ᠲᠠᠭᠠᠭᠤᠯᠭ᠎ᠠ ᠲᠤᠤᠷ᠎ᠠ ᠠᠳᠠᠷ | ᠭᠠᠵᠠᠷ ᠨᠢ ︽ᠠᠯᠳᠠᠨ︾ ᠲᠠᠷᠢᠶ᠎ᠠ ᠪᠤᠯᠤᠨ ᠬᠤᠪᠢᠷᠠᠵᠤ᠂ ᠲᠤᠰᠬᠤᠨ ᠤ ᠬᠠᠮᠲᠦ ᠶᠢᠨ ᠠᠵᠤ ᠠᠬᠤᠢ ᠲᠤᠬᠳᠠᠭᠤᠨ ᠢᠶᠠᠷ ᠬᠦᠭᠵᠢᠵᠦ᠂ ᠲᠤᠰᠬᠤᠨ ᠤ ᠠᠷᠠᠳ ᠤᠨ | ᠤᠷᠤᠯᠭ᠎ᠠ ᠨᠡᠮᠡᠭᠳᠡᠵᠦ ᠠᠮᠢᠳᠤᠷᠠᠯ ᠰᠠᠶᠢᠵᠢᠷᠠᠬᠰᠠᠨ ᠪᠠᠶᠢᠨ᠎ᠠ᠃ | ᠡᠦ ᠽᠢ ᠸᠠᠨ ᠲᠤᠰᠬᠤᠨ ᠤ ᠡᠯ ᠯᠢ ᠪᠠᠨ ᠬᠤᠷᠰᠢᠶ᠎ᠠ ᠳᠤ ᠬᠦᠷᠬᠦ ᠳᠤ ᠲᠤᠰᠬᠤᠨ ᠤ ᠠᠷᠠᠳ ᠯᠢᠦ ᠱᠧᠩ ᠷᠦᠩ ᠴᠠᠷᠭᠠᠰᠤ ᠶᠢᠨ ᠲᠠᠷᠢᠶᠠᠨ ᠳᠠᠭᠠᠨ ᠶᠠᠭᠠᠷᠠᠯᠲᠠᠢ | ᠠᠵᠢᠯᠯᠠᠵᠤ ᠪᠠᠶᠢᠯ᠎ᠠ᠃ ᠲᠡᠷᠡ᠄ ︽ᠡᠨᠡ ᠵᠢᠯ ᠤᠨ ᠴᠠᠷᠭᠠᠰᠤ ᠶᠢᠨ ᠤᠷᠭᠤᠯᠲᠠ ᠮᠠᠰᠢ ᠰᠠᠶᠢᠨ ᠪᠠᠶᠢᠵᠤ᠂ ᠡᠯᠪᠡᠭ ᠬᠤᠷᠢᠶᠠᠯᠲᠠ ᠤᠯᠵᠠᠢ᠃ ᠤᠤᠯ ᠨᠢ ᠵᠤᠨ ᠪᠤᠯᠬᠤ | ᠳᠤ ᠦᠶᠡᠷ ᠤᠰᠤᠳᠤᠯ ᠠᠴᠠ ᠪᠤᠯᠵᠤ᠂ ᠴᠠᠷᠭᠠᠰᠤ ᠶᠢᠨ ᠬᠤᠷᠢᠶᠠᠯᠲᠠ ᠮᠠᠭᠤ ᠪᠠᠶᠢᠬᠰᠠᠨ᠂ 2018 ᠤᠨ ᠳᠤ ᠵᠠᠩ ᠽᠠᠢ ᠯᠢᠨ ᠤ ᠲᠠᠭᠠᠭᠤᠯᠭ᠎ᠠ ᠲᠤᠤᠷ᠎ᠠ᠂ | ᠲᠤᠰᠬᠤᠨ ᠤ ᠠᠷᠠᠳ ᠮᠦᠡᠭᠭᠦ ᠴᠤᠬᠯᠠᠭᠤᠯᠬᠤ᠂ ᠵᠠᠩ ᠽᠠᠢ ᠯᠢᠨ ᠦᠪᠡᠷ ᠢᠶᠠᠨ ᠮᠦᠡᠭᠭᠦ ᠭᠠᠷᠭᠠᠬᠤ᠂ ᠪᠠᠰᠠ ᠵᠠᠰᠠᠭ ᠤᠨ ᠤᠷᠳᠤᠨ ᠤ ᠨᠦᠬᠦᠪᠦᠷᠢ ᠶᠢ ᠨᠡᠮᠡᠬᠦ ᠵᠠᠷᠭᠡ | ᠪᠠᠷ ᠵᠤᠭᠤᠰ ᠮᠦᠡᠭᠬᠦ ᠬᠤᠷᠠᠮᠳᠤᠭᠤᠯᠵᠤ ᠭᠤᠤᠯ ᠤᠨ ᠲᠠᠯᠠᠩ ᠢ ᠵᠠᠰᠠᠵᠤ᠂ ᠤᠰᠤᠯᠠᠯᠲᠠ ᠶᠢᠨ ᠲᠦᠬᠦᠬᠡᠷᠦᠮᠵᠢ ᠶᠢ ᠪᠦᠷᠢᠳᠦᠬᠦᠯᠦᠭᠰᠡᠨ ᠢᠶᠠᠷ 300 ᠮᠦ ᠡᠵᠡᠬᠦᠢ ᠲᠠᠯ᠎ᠠ | ᠶᠢ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠪᠤᠯᠭᠠᠨ ᠬᠤᠪᠢᠷᠠᠭᠤᠯᠤᠬᠰᠠᠨ ᠪᠠᠶᠢᠨ᠎ᠠ︾ ᠭᠡᠵᠦ ᠲᠠᠨᠢᠯᠴᠠᠭᠤᠯᠪᠠ᠃ ᠢᠡᠭᠬᠢᠬᠡᠳ ᠯᠢᠦ ᠱᠧᠩ ᠷᠦᠩ ᠠᠳᠠᠷ ᠭᠠᠵᠠᠷ | ᠢᠶᠠᠨ ᠬᠤᠪᠢ ᠤᠷᠤᠭᠤᠯᠤᠨ ᠠᠰᠢᠭ ᠬᠤᠪᠢᠶᠠᠭᠰᠠᠨ ᠮᠦᠷᠳᠡᠭᠡᠨ ᠬᠠᠮᠲᠦ ᠶᠢᠨ ᠠᠵᠤ ᠠᠬᠤᠢ ᠳᠤ ᠬᠦᠯᠦᠰᠦᠨ ᠠᠵᠢᠯ ᠬᠢᠵᠦ ᠴᠠᠯᠢᠩ ᠤᠯᠵᠤ᠂ ᠲᠤᠬᠳᠠᠭᠤᠨ | ᠤᠷᠤᠯᠭ᠎ᠠ ᠲᠠᠢ ᠪᠤᠯᠤᠬᠰᠠᠨ ᠪᠠᠶᠢᠨ᠎ᠠ᠃ ︽ᠤᠳᠤ ᠪᠢ ᠠᠷᠪᠠᠭᠠᠳ ᠮᠦ ᠭᠠᠵᠠᠷ ᠠᠴᠠ ᠪᠠᠨ ᠵᠢᠯ ᠪᠤᠯᠭᠠᠨ ᠠᠰᠢᠭ ᠬᠦᠷᠳᠡᠵᠦ ᠪᠠᠶᠢᠬᠤ ᠶᠢᠨ ᠬᠠᠮᠲᠦ ᠡᠨᠡ | ᠬᠤᠷᠰᠢᠶᠠᠵᠢᠯ ᠲᠤᠳᠤᠷᠠᠬᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠢᠭᠡᠳ ᠵᠢᠯ ᠪᠦᠷᠢ 3 ᠲᠦᠮᠡᠨ ᠲᠦᠬᠦᠷᠢᠭ ᠤᠨ ᠴᠠᠯᠢᠩ ᠤᠯᠵᠤ ᠪᠠᠶᠢᠨ᠎ᠠ᠂ ᠤᠤᠯ ᠨᠢ | ᠲᠡᠮᠠᠢ ᠤᠷᠤᠯᠭ᠎ᠠ ᠦᠬᠡᠢ ᠪᠠᠶᠢᠬᠰᠠᠨ᠂ ᠵᠠᠩ ᠽᠠᠢ ᠯᠢᠨ ᠢᠷᠡᠭᠰᠡᠨ ᠠᠴᠠ ᠬᠤᠶᠢᠰᠢ᠂ ᠡᠯ᠎ᠡ ᠲᠠᠯ᠎ᠠ ᠪᠠᠷ ᠪᠢᠳᠡᠨ ᠢ ᠬᠠᠪᠰᠤᠷᠤᠨ ᠶᠠᠳᠠᠭᠤ ᠠᠴᠠ ᠠᠩᠬᠢᠵᠢᠷᠠᠭᠤᠯᠤᠨ | ᠪᠠᠶᠠᠵᠢᠨ ᠴᠢᠨᠡᠭᠡᠯᠢᠭᠵᠢᠬᠦᠯᠤᠭᠡᠳ ᠤᠷᠤᠯᠭ᠎ᠠ ᠦᠡᠭᠭᠡᠷᠡᠭᠰᠡᠨ ᠠᠴᠠ ᠬᠤᠯᠠ ᠦᠨᠳᠦᠷ ᠪᠤᠯᠤᠬᠰᠠᠨ ᠰᠢᠦ︾ ᠭᠡᠵᠦ ᠯᠢᠦ ᠱᠧᠩ ᠷᠦᠩ ᠪᠠᠶᠠᠷᠳᠠᠶᠢᠬᠠᠨ ᠶᠠᠷᠢᠵᠦ ᠪᠠᠶᠢᠯ᠎ᠠ᠃ | | ᠲᠠᠯ᠎ᠠ ᠬᠦᠷᠦᠭᠰᠡᠨ ᠬᠠᠨ ᠷᠦᠨ ᠶᠧ ᠨᠠᠰᠤᠳᠠᠨ ᠤ ᠬᠡᠷ ᠲᠤ ᠵᠠᠩ ᠽᠠᠢ ᠯᠢᠨ ᠨᠠᠰᠤᠳᠠᠨ ᠲᠠᠢ ᠲᠤᠳᠤᠨᠤ ᠪᠠᠷ ᠶᠠᠷᠢᠯᠴᠠᠵᠤ᠂ ᠠᠮᠢᠳᠤᠷᠠᠯ ᠤᠨ ᠬᠦᠴᠢᠷᠳᠡᠯ ᠢ ᠨᠢ | ᠨᠠᠷᠢᠨ ᠤᠢᠢᠯᠠᠭᠠᠵᠤ ᠪᠠᠶᠢᠯ᠎ᠠ᠃ ᠦᠷ᠎ᠡ ᠬᠡᠦᠬᠡᠳ ᠨᠢ ᠭᠠᠳᠠᠬᠰᠢ ᠶᠠᠪᠤᠵᠤ ᠬᠦᠯᠦᠰᠦᠨ ᠠᠵᠢᠯ ᠬᠢᠭᠰᠡᠨ ᠲᠤᠯᠠ ᠬᠤᠶᠠᠷ ᠨᠠᠰᠤᠳᠠᠨ ᠢ ᠠᠰᠠᠷᠠᠬᠤ ᠬᠦᠮᠦᠨ ᠦᠬᠡᠢ᠂ | ᠬᠤᠯᠠ ᠠᠴᠠ ᠤᠰᠤ ᠲᠠᠳᠠᠵᠤ᠂ ᠵᠠᠮ ᠬᠠᠷᠢᠯᠴᠠᠭ᠎ᠠ ᠲᠦᠬᠦᠮ ᠦᠬᠡᠢ ᠪᠠᠶᠢᠬᠤ ᠶᠢ ᠤᠯᠵᠤ ᠮᠡᠳᠡᠭᠰᠡᠨ ᠤ ᠲᠠᠷᠠᠭ᠎ᠠ ᠵᠠᠩ ᠽᠠᠢ ᠯᠢᠨ ᠦᠪᠡᠷ ᠢᠶᠠᠨ 150 ᠲᠦᠮᠡᠨ | ᠲᠦᠬᠦᠷᠢᠭ ᠭᠠᠷᠭᠠᠵᠤ᠂ ᠲᠤᠰᠬᠤᠨ ᠳᠤ 3 ᠺᠢᠯᠤᠮᠧᠲᠷ ᠤᠨ ᠱᠦᠢᠨᠢ ᠵᠠᠮ ᠵᠠᠰᠠᠵᠤ᠂ ᠲᠤᠰᠬᠤᠨ ᠤ ᠠᠷᠠᠳ ᠲᠤ ᠲᠦᠭᠡᠭᠡᠯ ᠤᠰᠤ ᠨᠡᠪᠳᠡᠷᠡᠬᠦᠯᠵᠦ ᠦᠭᠴᠠᠢ᠃ | ᠡᠳᠦᠬᠡ ᠬᠤᠶᠠᠷ ᠨᠠᠰᠤᠳᠠᠨ ᠤ ᠦᠨᠳᠦᠰᠦᠨ ᠠᠮᠢᠳᠤᠷᠠᠯ ᠪᠠᠳᠤᠯᠠᠭ᠎ᠠ ᠲᠠᠢ ᠪᠤᠯᠵᠤ᠂ ᠦᠳᠡᠯᠦᠭᠡ ᠨᠠᠰᠤ ᠪᠠᠨ ᠰᠡᠳᠬᠢᠯ ᠲᠠᠶᠢᠪᠤᠩ ᠦᠡᠭᠭᠡᠷᠡᠬᠦᠯᠵᠦ ᠪᠠᠶᠢᠨ᠎ᠠ᠃ | 2008 ᠤᠨ ᠳᠤ᠂ ᠤᠯᠠᠨ ᠵᠢᠯ ᠭᠠᠳᠠᠨ᠎ᠠ ᠶᠠᠪᠤᠬᠰᠠᠨ ᠵᠠᠩ ᠽᠠᠢ ᠯᠢᠨ ᠨᠤᠳᠤᠭ ᠲᠠᠭᠠᠨ ᠪᠤᠴᠠᠵᠤ᠂ ᠨᠤᠳᠤᠭ ᠤᠨ ᠠᠷᠠᠳ ᠤᠯᠠᠨ ᠳᠤ ᠠᠴᠢ ᠬᠠᠷᠢᠭᠤᠯᠠᠬᠤ | ᠶᠢ ᠵᠤᠷᠢᠵᠠᠢ᠃ ᠲᠡᠷᠡ ᠮᠦᠡᠭᠭᠦ ᠭᠠᠷᠭᠠᠵᠤ ᠲᠤᠰᠬᠤᠨ ᠤ ᠵᠠᠮ ᠢ ᠵᠠᠰᠠᠨ᠂ ᠬᠤᠳᠳᠤᠭ ᠮᠠᠯᠳᠠᠵᠤ᠂ ᠲᠦᠬᠡᠬᠡᠯ ᠤᠰᠤ ᠨᠡᠪᠳᠡᠷᠡᠬᠦᠯᠦᠨ᠂ ᠰᠢᠨ᠎ᠡ ᠤᠷᠤᠨ ᠰᠠᠭᠤᠴᠠ | ᠪᠠᠷᠢᠵᠤ᠂ ᠲᠤᠰᠬᠤᠨ ᠤ ᠠᠷᠠᠳ ᠤᠨ ᠬᠠᠯᠠᠭᠤᠨ ᠬᠦᠷᠢᠶᠡᠯᠡᠯ ᠢ ᠤᠯᠤᠬᠰᠠᠨ ᠪᠠᠶᠢᠨ᠎ᠠ᠃ 2015 ᠤᠨ ᠳᠤ ᠲᠡᠷᠡ ᠲᠤᠰᠬᠤᠨ ᠤ ᠠᠷᠠᠳ ᠤᠨ ᠰᠤᠩᠭᠤᠭᠤᠯᠢ ᠪᠠᠷ ᠡᠯ | ᠯᠢ ᠪᠠᠨ ᠬᠤᠷᠰᠢᠶ᠎ᠠ ᠶᠢᠨ ᠲᠠᠷᠤᠭ᠎ᠠ ᠪᠤᠯᠪᠠ᠃ ᠬᠤᠷᠰᠢᠶ᠎ᠠ ᠶᠢᠨ ᠲᠠᠷᠤᠭ᠎ᠠ ᠪᠤᠯᠤᠬᠰᠠᠨ ᠬᠡᠳᠦᠨ ᠵᠢᠯ ᠤᠨ ᠲᠤᠷᠰᠢ᠂ ᠲᠡᠷᠡ ᠲᠤᠰᠬᠤᠨ ᠤ ᠠᠷᠠᠳ ᠢᠶᠠᠨ ᠲᠠᠭᠠᠭᠤᠯᠤᠨ᠂ | ᠲᠤᠰᠬᠤᠨ ᠤ ᠬᠠᠮᠲᠦ ᠶᠢᠨ ᠠᠵᠤ ᠠᠬᠤᠢ ᠶᠢ ᠬᠦᠭᠵᠢᠬᠦᠯᠵᠦ᠂ ᠲᠠᠷᠢᠵᠦ ᠲᠠᠵᠢᠭᠡᠬᠦ ᠲᠤᠰᠬᠠᠢ ᠬᠤᠷᠰᠢᠶᠠᠵᠢᠯ ᠢ ᠪᠠᠶᠢᠭᠤᠯᠵᠠᠢ᠃ ᠲᠡᠬᠦᠨ ᠤ ᠲᠠᠭᠠᠭᠤᠯᠭ᠎ᠠ ᠲᠤᠤᠷ᠎ᠠ ᠡᠯ | ᠯᠢ ᠪᠠᠨ ᠬᠤᠷᠰᠢᠶ᠎ᠠ ᠶᠢᠨ ᠠᠷᠠᠳ ᠤᠯᠠᠨ ᠤ ᠠᠮᠢᠳᠤᠷᠠᠯ ᠶᠠᠪᠤᠬᠤ ᠲᠤᠳᠤᠮ ᠰᠠᠶᠢᠵᠢᠷᠠᠵᠤ᠂ ᠴᠦᠬᠡᠨ ᠪᠤᠰᠤ ᠭᠠᠳᠠᠬᠰᠢ ᠶᠠᠪᠤᠬᠰᠠᠨ ᠲᠤᠰᠬᠤᠨ ᠤ ᠠᠷᠠᠳ ᠴᠦ | ᠲᠤᠰᠬᠤᠨ ᠳᠠᠭᠠᠨ ᠪᠤᠴᠠᠵᠤ ᠢᠷᠡᠭᠰᠡᠨ ᠪᠠᠶᠢᠨ᠎ᠠ᠃ ︽ᠲᠤᠰᠬᠤᠨ ᠤ ᠡᠯ᠎ᠡ ᠲᠠᠯ᠎ᠠ ᠶᠢᠨ ᠨᠦᠬᠦᠴᠡᠯ ᠶᠠᠪᠤᠬᠤ ᠲᠤᠳᠤᠮ ᠰᠠᠶᠢᠵᠢᠷᠠᠵᠤ᠂ ᠠᠵᠤ ᠦᠢᠯᠡᠰ ᠤᠨ | ᠬᠦᠭᠵᠢᠯᠲᠡ ᠰᠠᠶᠢᠨ ᠪᠤᠯᠤᠬᠰᠠᠨ ᠢᠶᠠᠷ ᠴᠦᠬᠡᠨ ᠪᠤᠰᠤ ᠭᠠᠳᠠᠬᠰᠢ ᠶᠠᠪᠤᠬᠰᠠᠨ ᠬᠦᠮᠦᠰ ᠨᠤᠳᠤᠭ ᠲᠠᠭᠠᠨ ᠪᠤᠴᠠᠨ ᠦᠢᠯᠡᠰ ᠪᠤᠰᠬᠠᠬᠤ ᠰᠠᠨᠠᠭ᠎ᠠ ᠲᠠᠢ ᠪᠤᠯᠵᠠᠢ︾ ᠭᠡᠵᠤ | ᠵᠠᠩ ᠽᠠᠢ ᠯᠢᠨ ᠶᠠᠷᠢᠨ᠎ᠠ᠃ | ᠡᠳᠦᠬᠡ ᠡᠯ ᠯᠢ ᠪᠠᠨ ᠬᠤᠷᠰᠢᠶ᠎ᠠ ᠶᠢᠨ ᠬᠢᠨ ᠴᠠᠷᠭᠠᠰᠤ ᠲᠠᠷᠢᠭᠠᠳ 3 ᠵᠢᠯ ᠤᠨ ᠨᠢᠭᠤᠷ ᠦᠵᠡᠵᠦ᠂ ᠵᠢᠯ ᠤᠨ ᠤᠷᠤᠯᠭ᠎ᠠ 10 ᠲᠦᠮᠡᠨ ᠲᠦᠬᠦᠷᠢᠭ ᠲᠤ | ᠬᠦᠷᠴᠠᠢ ︔ ᠲᠤᠰᠬᠤᠨ ᠳᠤ ᠤᠷᠲᠦ ᠬᠤᠭᠤᠴᠠᠭ᠎ᠠ ᠪᠠᠷ ᠤᠰᠤ ᠬᠠᠨᠭ᠍ᠭᠠᠬᠤ ᠲᠦᠷᠦᠯ ᠵᠦᠢᠯ ᠤᠨ ᠵᠢᠯ ᠤᠨ ᠤᠷᠤᠯᠭ᠎ᠠ 15 ᠲᠦᠮᠡᠨ ᠲᠦᠬᠦᠷᠢᠭ ᠲᠤ ᠬᠦᠷᠪᠡ ︔ | ᠡᠯ ᠯᠢ ᠪᠠᠨ ᠬᠤᠷᠰᠢᠶ᠎ᠠ ᠶᠢᠨ 46 ᠡᠷᠦᠬᠡ ᠴᠦᠮ ᠲᠤᠬᠳᠠᠭᠤᠨ ᠤᠷᠤᠯᠭ᠎ᠠ ᠲᠠᠢ ᠪᠤᠯᠪᠠ᠃ ᠬᠡᠪᠡᠴᠦ ᠵᠠᠩ ᠽᠠᠢ ᠯᠢᠨ ᠤ ᠤᠷᠤᠬᠰᠢᠯᠠᠨ ᠲᠡᠮᠡᠦᠯᠬᠦ ᠠᠯᠬᠤᠭ᠎ᠠ | ᠵᠤᠬᠰᠤᠬᠰᠠᠨ ᠦᠬᠡᠢ᠂ ᠲᠡᠷᠡ ᠲᠤᠮᠤ ᠬᠡᠯᠪᠡᠷᠢ ᠶᠢᠨ ᠤᠳᠤᠬᠢᠴᠢᠯᠠᠬᠰᠠᠨ ᠲᠠᠵᠢᠭᠡᠨ ᠦᠷᠡᠵᠢᠬᠦᠯᠬᠦ ᠦᠢᠯᠡᠳᠪᠦᠷᠢ ᠪᠠᠶᠢᠭᠤᠯᠬᠤ ᠪᠠᠷ ᠵᠢᠳᠬᠦᠨ ᠴᠢᠷᠮᠠᠶᠢᠬᠰᠠᠭᠠᠷ ᠁ |