ᠴᠢᠳᠠᠪᠤᠷᠢᠳᠠᠠ ᠤ ᠦᠢᠯᠡᠳᠦᠯ ᠢ ᠪᠠᠳᠠᠷᠠᠭᠤᠯᠤᠨ ᠬᠦᠳᠡᠭᠡ ᠳᠤᠰᠬᠤᠨ ᠤ ᠰᠢᠨ᠎ᠡ ᠬᠦᠭᠵᠢᠯᠳᠡ ᠶᠢ ᠡᠷᠢᠯᠬᠢᠯᠡᠨ᠎ᠡ
ᠨᠡᠶᠢᠲᠡᠯᠡᠭᠰᠡᠨ ᠴᠠᠭ᠄
2021/10/25
      ᠣᠢᠢᠷ᠎ᠠ ᠶᠢᠨ ᠵᠢᠯ ᠳᠤ ᠵᠡᠭᠦᠨᠭᠠᠷ ᠬᠤᠰᠢᠭᠤ ᠨᠢ ︽ᠬᠥᠳᠡᠭᠡ ᠲᠣᠰᠬᠤᠨ ᠢ ᠬᠥᠭᠵᠢᠭᠦᠯᠬᠦ ᠳᠤ ᠴᠢᠳᠠᠪᠤᠷᠢᠲᠠᠨ ᠢ ᠤᠷᠢᠳ ᠢᠶᠠᠷ ᠬᠥᠭᠵᠢᠭᠦᠯᠬᠦ︾ ᠶᠢ ᠪᠠᠷᠢᠮᠲᠠᠯᠠᠵᠤ᠂ ᠴᠢᠳᠠᠪᠤᠷᠢᠲᠠᠨ ᠢ ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠬᠦ ᠴᠢᠬᠤᠯᠠ ᠪᠠᠶᠢᠷᠢᠨ ᠳᠤ ᠲᠠᠯᠪᠢᠨ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠬᠡᠷᠡᠭᠯᠡᠬᠦ᠂ ᠴᠢᠳᠠᠪᠤᠷᠢᠲᠠᠨ ᠢ ᠬᠠᠶᠢᠷᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠬᠦ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠤᠨ᠂ ᠬᠥᠳᠡᠭᠡ ᠲᠣᠰᠬᠤᠨ ᠢ ᠬᠥᠭᠵᠢᠭᠦᠯᠬᠦ ᠳᠤ ᠴᠢᠳᠠᠪᠤᠷᠢᠲᠠᠨ ᠤ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠬᠦ ᠳᠤ ᠴᠢᠩᠭ᠎ᠠ ᠬᠦᠴᠦᠳᠠᠢ ᠳᠣᠲᠣᠭᠠᠳᠤ ᠲᠤᠯᠭᠠᠭᠤᠷᠢᠯᠠᠯ ᠬᠦᠴᠦᠨ ᠬᠠᠩᠭᠠᠪᠠ᠃         ᠤᠯᠠᠨ ᠲᠠᠯ᠎ᠠ ᠶᠢᠨ ᠴᠢᠳᠠᠪᠤᠷᠢᠲᠠᠨ ᠨᠤᠳᠤᠭ ᠲᠠᠭᠠᠨ ᠪᠤᠴᠠᠨ ᠦᠢᠯᠡᠰ ᠪᠤᠰᠬᠠᠵᠤ ᠪᠠᠶᠢᠨ᠎ᠠ         ᠵᠡᠭᠦᠨᠭᠠᠷ ᠬᠤᠰᠢᠭᠤ ᠭᠠᠳᠠᠭᠰᠢ ᠭᠠᠷᠤᠭᠰᠠᠨ ᠴᠢᠳᠠᠪᠤᠷᠢᠲᠠᠨ ᠢ ᠨᠤᠲᠤᠭ ᠤᠰᠤᠨ ᠳᠠᠭᠠᠨ ᠢᠳᠡᠪᠬᠢᠲᠡᠶ ᠪᠠᠷ ᠳᠠᠳᠠᠨ ᠠᠪᠴᠢᠷᠠᠵᠤ᠂ ᠳᠡᠳᠡ ᠨᠠᠷ ᠤᠨ ᠬᠤᠳᠠ ᠭᠠᠵᠠᠷ ᠲᠤ ᠬᠤᠷᠠᠮᠳᠤᠭᠤᠯᠤᠭᠰᠠᠨ ᠲᠤᠷᠰᠢᠯᠭ᠎ᠠ ᠮᠡᠷᠭᠡᠵᠢᠯ ᠵᠢᠴᠢ ᠪᠡᠯᠡ ᠮᠥᠩᠭᠦ ᠪᠠᠨ ᠠᠰᠢᠬᠯᠠᠨ ᠨᠤᠲᠤᠭ ᠤᠰᠤᠨ ᠳᠠᠭᠠᠨ ᠦᠢᠯᠡᠰ ᠪᠤᠰᠬᠠᠬᠤ ᠶᠢ ᠵᠤᠷᠢᠭᠵᠢᠭᠤᠯᠵᠤ ᠪᠠᠶᠢᠨ᠎ᠠ᠃          ᠸᠠᠩ ᠰᠢ ᠷᠦᠩ ᠪᠤᠯ ᠳᠤᠰ ᠬᠤᠰᠢᠭᠤᠨ ᠤ ᠨᠤᠲᠤᠭ ᠲᠠᠭᠠᠨ ᠪᠤᠴᠠᠵᠤ ᠦᠢᠯᠡᠰ ᠪᠤᠰᠬᠠᠭᠰᠠᠨ ᠵᠠᠯᠠᠭᠤᠴᠤᠳ ᠤᠨ ᠨᠢᠭᠡ ᠨᠢ ᠪᠤᠯᠬᠤ ᠶᠤᠮ ᠃ 2016 ᠣᠨ ᠳᠤ ᠲᠡᠷᠡ ᠨᠤᠳᠤᠭ ᠲᠠᠭᠠᠨ ᠪᠤᠴᠠᠨ ︽ᠤᠷᠳᠤᠰ ᠬᠤᠳᠠ ᠶᠢᠨ ᠶᠢᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ︾ ᠶᠢ ᠳᠠᠩᠰᠠᠯᠠᠭᠤᠯᠤᠨ ᠪᠠᠶᠢᠭᠤᠯᠵᠤ ᠦᠢᠯᠡᠰ ᠤᠨ ᠵᠠᠮ ᠢᠶᠠᠨ ᠡᠯᠬᠦᠭᠰᠡᠡ ᠪᠢᠯᠠ᠃ ᠳᠡᠷᠡ ᠱᠠᠨ ᠰᠢ ᠮᠤᠵᠢ ᠠᠴᠠ 60 ᠭᠠᠷᠤᠢ ᠵᠦᠢᠯ ᠤᠨ ᠡᠪᠡᠰᠦᠨ ᠡᠮ ᠤᠨ ᠮᠠᠲ᠋ᠧᠷᠢᠶᠠᠯ ᠣᠷᠣᠭᠤᠯᠤᠨ ᠠᠪᠴᠢᠷᠠᠵᠤ ᠨᠠᠷᠢᠨᠲᠤᠬᠤᠢ ᠪᠠᠯᠭᠠᠰᠤ ᠶᠢᠨ ᠢᠶᠠᠨ ᠡᠷᠬᠢᠨ ᠲᠣᠭᠤᠷᠢᠨ ᠳᠤ ᠲᠤᠷᠰᠢᠨ ᠲᠠᠷᠢᠭᠰᠠᠨ ᠳᠤ 5 ᠵᠦᠢᠯ ᠨᠢ ᠡᠨᠡ ᠨᠤᠳᠤᠭ ᠲᠤ ᠳᠤᠬᠢᠷᠠᠬᠰᠠᠨ ᠪᠠᠶᠢᠵᠠᠢ᠃ ᠦᠢᠯᠡᠰ ᠪᠤᠰᠬᠠᠭᠰᠠᠨ ᠠᠩᠬᠠᠨ ᠤ ᠱᠠᠳᠤᠨ ᠳᠤ ᠳᠠᠷᠢᠮᠠᠯ ᠤᠨ ᠬᠡᠮᠵᠢᠶ᠎ᠠ ᠨᠢ ᠪᠠᠭ᠎ᠠ᠂ ᠪᠤᠷᠤᠯᠠᠭᠤᠯᠭ᠎ᠠ ᠮᠠᠭᠤᠳᠠᠢ ᠵᠡᠷᠭᠡ ᠡᠯ᠎ᠠ ᠵᠦᠢᠯ ᠤᠨ ᠬᠦᠴᠢᠷᠳᠠᠯ ᠳᠤ ᠳᠤᠯᠭᠠᠷᠠᠵᠤ ᠪᠠᠶᠢᠭᠰᠠᠨ ᠦᠶ᠎ᠡ ᠳᠤ ᠳᠡᠷᠡ ᠬᠤᠰᠢᠭᠤᠨ ᠤ ᠪᠠᠨ ᠴᠢᠳᠠᠪᠤᠷᠢᠳᠠᠨ ᠬᠦᠮᠦᠵᠢᠭᠦᠯᠬᠦ ᠲᠦᠷᠦ ᠶᠢᠨ ᠪᠤᠳᠤᠯᠭ᠎ᠠ ᠶᠢᠨ ᠳᠠᠶᠢᠴᠢᠯᠠᠯ ᠳᠤᠤᠷ᠎ᠠ ᠤᠨᠤᠯ ᠦᠢᠯᠡᠳᠦᠯᠭᠡ ᠶᠢᠨ ᠰᠤᠷᠤᠯᠴᠠᠯᠭ᠎ᠠ ᠶᠢ ᠥᠪᠡᠷ ᠤᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠬᠥᠭᠵᠢᠯᠲᠡ ᠶᠢᠨ ᠰᠡᠳᠬᠢᠴᠡ ᠪᠠᠨ ᠬᠤᠪᠢᠷᠠᠭᠤᠯᠵᠤ᠂ ᠡᠴᠦᠰ ᠲᠡᠭᠡᠨ ᠡᠪᠡᠰᠤᠨ ᠡᠮ ᠤᠨ ᠮᠠᠲ᠋ᠧᠷᠢᠶᠠᠯ ᠬᠤᠨᠴᠢᠨ ᠢ ᠠᠮᠲᠠᠲᠤ ᠴᠠᠢ ᠪᠣᠯᠭᠠᠨ ᠡᠳ᠋ᠰᠢᠭᠦᠯᠦᠨ ᠪᠤᠯᠪᠠᠰᠤᠷᠠᠭᠤᠯᠵᠤ ᠪᠣᠷᠣᠯᠠᠭᠤᠯᠭ᠎ᠠ ᠰᠠᠶᠢᠲᠠᠶ ᠪᠣᠯᠭᠠᠪᠠ᠃ ᠲᠡᠷᠡ ᠪᠠᠰᠠ ᠲᠤᠬᠠᠢ ᠶᠢᠨ ᠭᠠᠵᠠᠷ ᠤᠨ ᠤᠷᠭᠤᠯᠳᠠ ᠰᠠᠶᠢᠳᠠᠢ ᠴᠢᠴᠠᠷᠭᠠᠨ᠎ᠠ ᠶᠢ ᠠᠰᠢᠬᠯᠠᠨ ᠬᠠᠯᠠᠭᠤᠨ ᠢ ᠲᠠᠭᠤᠬᠤ᠂ ᠦᠷᠪᠢᠰᠦᠯ ᠢ ᠳᠠᠷᠤᠵᠤ ᠡᠪᠡᠳᠬᠦ ᠶᠢ ᠵᠣᠭᠰᠣᠭᠠᠬᠤ ᠵᠡᠷᠭᠡ ᠦᠢᠯᠡᠳᠦᠯ ᠲᠠᠢ ︽ᠱᠠ ᠡᠮᠡᠭᠡ︾ ᠲᠠᠸᠠᠷ ᠤᠨ ᠳᠡᠮᠳᠡᠭᠳᠦ ᠴᠠᠢ ᠶᠢ ᠰᠤᠳᠤᠯᠤᠨ ᠦᠢᠯᠡᠳᠦᠭᠰᠡᠨ ᠪᠠᠶᠢᠨ᠎ᠠ᠃ ᠡᠨᠡ ᠬᠤᠶᠠᠷ ᠵᠢᠯ ᠳᠤ ᠸᠠᠩ ᠰᠢ ᠷᠦᠩ ᠡᠪᠡᠰᠤᠨ ᠡᠮ ᠤᠨ ᠮᠠᠲ᠋ᠧᠷᠢᠶᠠᠯ ᠤᠨ ᠳᠠᠷᠢᠮᠠᠯ ᠤᠨ ᠳᠠᠯᠠᠪᠠᠢ ᠪᠠᠨ ᠶᠡᠭᠡ ᠬᠡᠪᠴᠢᠶ᠎ᠡ ᠪᠠᠷ ᠦᠷᠭᠡᠳᠭᠡᠵᠤ᠂ ᠤᠢᠢᠷ᠎ᠠ ᠬᠠᠪᠢ ᠶᠢᠨ ᠮᠠᠯᠴᠢᠨ ᠳᠠᠷᠢᠶᠠᠴᠢᠨ ᠡᠷᠦᠭᠡ ᠶᠢ ᠳᠠᠶᠢᠴᠢᠯᠠᠵᠤ ᠡᠬᠢᠯᠡᠭᠰᠡᠡ ᠪᠠᠶᠢᠨ᠎ᠠ᠃          ᠵᠡᠭᠦᠨᠭᠠᠷ ᠬᠤᠰᠢᠭᠤ ᠨᠢ ᠬᠥᠳᠡᠭᠡ ᠲᠣᠰᠬᠤᠨ ᠤ ᠰᠢᠨ᠎ᠡ ᠶᠢ ᠡᠭᠦᠳᠬᠦ ᠦᠢᠯᠡᠰ ᠪᠤᠰᠬᠠᠬᠤ ᠵᠥᠭᠡᠯᠡᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠨᠡᠩ ᠤᠯᠠᠨ ᠴᠢᠳᠠᠪᠤᠷᠢᠲᠠᠨ ᠢ ᠳᠠᠳᠠᠨ ᠠᠪᠴᠢᠷᠠᠬᠤ ᠶᠢ ᠠᠬᠢᠭᠤᠯᠵᠤ ᠪᠤᠢ᠃ ᠡᠪᠡᠰᠤᠨ ᠡᠮ᠂ ᠵᠢᠮᠢᠰ ᠨᠣᠭᠤᠭ᠎ᠠ᠂ ᠡᠯᠳᠡᠪ ᠠᠮᠤ᠂ ᠮᠢᠬᠠᠨ ᠤ ᠦᠬᠡᠷ᠂ ᠮᠢᠬᠠᠨ ᠤ ᠢᠮᠠᠭ᠎ᠠ ᠵᠡᠷᠭᠡ ᠤᠨᠴᠠᠯᠢᠬᠳᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠤᠳᠤ ᠵᠡᠭᠦᠨᠭᠠᠷ ᠬᠤᠰᠢᠭᠤ ᠨᠢ ᠨᠢᠬᠡᠨᠳᠡ ᠥᠨᠳᠥᠷ ᠪᠠᠷᠢᠮᠵᠢᠶᠠᠳᠤ ᠡᠯᠳᠡᠪ ᠠᠮᠤ᠂ ᠢᠮᠠᠭ᠎ᠠ᠂ ᠣᠶ ᠵᠢᠮᠢᠰ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠲᠠᠭᠤᠷᠢᠶᠠᠯ ᠦᠵᠡᠭᠦᠯᠬᠦ ᠰᠠᠭᠤᠷᠢᠨ ᠢ ᠪᠦᠳᠦᠬᠡᠨ ᠪᠠᠶᠢᠭᠤᠯᠵᠤ᠂ ᠪᠥᠬᠦ ᠬᠤᠰᠢᠭᠤᠨ ᠤ ᠣᠶ ᠵᠢᠮᠢᠰ᠂ ᠲᠦᠭᠦᠭᠡᠷᠦᠮᠵᠢᠳᠤ ᠵᠢᠮᠢᠰ ᠨᠣᠭᠤᠭ᠎ᠠ᠂ ᠠᠮᠢ ᠠᠬᠤᠶ ᠶᠢᠨ ᠡᠯᠳᠡᠪ ᠠᠮᠤ ᠶᠢᠨ ᠲᠠᠷᠢᠮᠠᠯ ᠨᠢ 10.6 ᠲᠦᠮᠡᠨ ᠮᠥ ᠳᠤ ᠬᠦᠷᠴᠦ᠂ ᠨᠣᠤᠯᠤᠭᠤᠷ ᠤᠨ ᠢᠮᠠᠭᠠᠨ ᠤ ᠲᠡᠵᠢᠭᠡᠨ ᠦᠷᠡᠵᠢᠭᠦᠯᠬᠦ ᠬᠡᠪᠴᠢᠶ᠎ᠡ 30 ᠲᠦᠮᠡ ᠶᠢ ᠳᠠᠪᠠᠪᠠ᠃ ᠡᠭᠦᠨ ᠤ ᠬᠠᠮᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠲᠠᠢ ᠢᠳᠡᠪᠬᠢᠲᠡᠶ ᠬᠠᠮᠵᠢᠯᠴᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠢ ᠳᠡᠯᠭᠡᠷᠡᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠵᠤ ᠪᠤᠢ᠃           2016 ᠣᠨ ᠤ 12 ᠰᠠᠷ᠎ᠠ ᠶᠢᠨ 23 ᠤ ᠡᠳᠦᠷ᠂ ᠵᠡᠭᠦᠨᠭᠠᠷ ᠬᠤᠰᠢᠭᠤ ᠨᠢ ᠪᠥᠬᠦ ᠤᠯᠤᠰ ᠤᠨ ᠬᠤᠶᠠᠳᠤᠭᠠᠷ ᠪᠦᠯᠦᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠲᠠᠢ ᠤᠶᠠᠯᠳᠤᠭᠤᠯᠤᠨ ᠬᠥᠯᠥᠰᠥᠨ ᠲᠠᠷᠢᠶᠠᠴᠢᠨ ᠵᠡᠷᠭᠡ ᠬᠥᠮᠦᠰ ᠤᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠳᠡᠮᠵᠢᠬᠦ ᠲᠤᠷᠰᠢᠯᠲᠠ ᠶᠢᠨ ᠴᠡᠭ ᠤᠨ ᠨᠢᠭᠡ ᠪᠣᠯᠵᠠᠶ᠃ ᠲᠤᠷᠰᠢᠯᠲᠠ ᠶᠢᠨ ᠴᠡᠭ ᠢᠶᠠᠷ ᠵᠥᠪᠰᠢᠶᠡᠷᠡᠭᠦᠯᠦᠭᠰᠡᠨ ᠠᠴᠠ ᠨᠠᠭᠠᠰᠢ᠂ ᠲᠣᠰ ᠬᠤᠰᠢᠭᠤ 5 ᠭᠤᠤᠯᠳᠠᠯᠭ᠎ᠠ ᠲᠠᠢ ᠦᠢᠯᠡᠰ ᠪᠤᠰᠬᠠᠬᠤ ᠬᠦᠷᠢᠶᠡᠯᠡᠩ ᠳᠤ ᠲᠦᠰᠢᠭᠯᠡᠨ᠂ ᠦᠢᠯᠡᠰ ᠪᠤᠰᠬᠠᠬᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠢᠳᠡᠪᠬᠢᠲᠡᠶ ᠠᠬᠢᠭᠤᠯᠤᠭᠰᠠᠨ ᠪᠠᠶᠢᠨ᠎ᠠ᠃ ᠳᠤᠰ ᠬᠤᠰᠢᠭᠤ ᠪᠠᠰᠠ ᠴᠢᠳᠠᠪᠤᠷᠢᠳᠠᠨ ᠤ ᠦᠢᠯᠡᠰ ᠪᠤᠰᠬᠠᠬᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠰᠤᠮᠤ ᠰᠢᠶᠠᠩ ᠪᠠᠯᠭᠠᠰᠤᠨ ᠳᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ 10 ᠦᠢᠯᠡᠴᠢᠯᠡᠭᠡᠨ ᠤ ᠴᠣᠩᠬᠤᠪᠴᠢ ᠶᠢ ᠪᠠᠶᠢᠭᠤᠯᠵᠤ᠂ ᠨᠤᠲᠤᠭ ᠲᠠᠭᠠᠨ ᠪᠤᠴᠠᠵᠤ ᠦᠢᠯᠡᠰ ᠪᠤᠰᠬᠠᠭᠴᠢᠳ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠡᠩᠰᠡᠯᠡᠯᠲᠡ ᠬᠢᠵᠤ ᠦᠭᠬᠦ᠂ ᠪᠠᠯᠠ ᠬᠤᠷᠠᠮᠳᠤᠭᠤᠯᠭ᠎ᠠ ᠶᠢᠨ ᠵᠢᠭᠡᠯᠡᠯᠭᠡ ᠤᠯᠭᠤᠬᠤ ᠵᠡᠷᠭᠡ ︽ᠨᠢᠭᠡ ᠥᠷᠲᠡᠭᠡᠨ ᠤ ᠬᠡᠯᠪᠡᠷᠢ︾ ᠶᠢᠨ ᠦᠢᠯᠡᠴᠢᠯᠡᠭᠡ ᠶᠢ ᠬᠠᠩᠭᠠᠵᠤ ᠪᠤᠢ᠃ ᠨᠤᠲᠤᠭ ᠲᠠᠭᠠᠨ ᠪᠤᠴᠠᠨ ᠢᠷᠡᠵᠤ ᠦᠢᠯᠡᠰ ᠪᠤᠰᠬᠠᠭᠰᠠᠨ 276 ᠣᠶᠤᠲᠠᠨ ᠪᠠ ᠴᠡᠷᠢᠭ ᠠᠴᠠ ᠬᠠᠯᠠᠭᠳᠠᠭᠰᠠᠳ ᠲᠤ ᠦᠢᠯᠡᠰ ᠪᠤᠰᠬᠠᠬᠤ ᠶᠢ ᠳᠡᠮᠵᠢᠭᠦ 5165 ᠲᠦᠮᠡᠨ ᠲᠥᠭᠦᠷᠢᠭ ᠤᠨ ᠵᠢᠭᠡᠯᠡᠯᠭᠡ ᠲᠠᠷᠬᠠᠭᠠᠵᠤ᠂ ᠬᠦᠦ ᠮᠦᠩᠭᠦ ᠶᠢ ᠨᠢ ᠴᠦᠮ ᠵᠠᠰᠠᠭ ᠤᠨ ᠤᠷᠳᠤᠨ ᠤ ᠳᠠᠯ᠎ᠠ ᠠᠴᠠ ᠤᠷᠤᠯᠠᠨ ᠳᠤᠰᠢᠶᠠᠵᠤ ᠪᠠᠶᠢᠨ᠎ᠠ᠃ ᠨᠢᠳᠤᠨᠤᠨ ᠠᠴᠠ ᠨᠠᠭᠠᠰᠢ ᠪᠠᠰᠠ 302 ᠪᠠᠭᠰᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ 244 ᠠᠵᠢᠯᠲᠠᠨ ᠡᠯᠰᠡᠨ᠂ ᠬᠥᠳᠡᠭᠡ ᠲᠣᠰᠬᠤᠨ ᠤ ᠰᠤᠷᠭᠠᠭᠤᠯᠢ᠂ ᠬᠡᠤᠬᠡᠳ ᠤᠨ ᠴᠡᠴᠡᠷᠯᠢᠭ ᠪᠣᠯᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠳᠤᠬᠢᠷᠠᠭᠤᠯᠵᠤ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠠᠵᠢ᠃    ᠡᠶᠢᠡ ᠬᠦ ᠢᠳᠡᠪᠬᠢ ᠲᠦᠷᠦ ᠶᠢᠨ ᠪᠤᠳᠤᠯᠭ᠎ᠠ ᠶᠢᠨ ᠳᠠᠶᠢᠴᠢᠯᠠᠯ ᠳᠤᠤᠷ᠎ᠠ ᠵᠠᠭᠦᠨᠭᠠᠷ ᠬᠤᠰᠢᠭᠤᠨ ᠤ ᠣᠯᠠᠨ ᠵᠠᠯᠠᠭᠤᠴᠤᠳ ᠨᠤᠳᠤᠭ ᠲᠠᠭᠠᠨ ᠪᠤᠴᠠᠵᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠣᠯᠵᠣ᠂ ᠨᠤᠳᠤᠭ ᠤᠰᠤᠨ ᠤ ᠪᠠᠨ ᠬᠦᠭᠵᠢᠯᠳᠡ ᠳᠤ ᠬᠦᠴᠦᠨ ᠴᠢᠳᠠᠯ ᠢᠶᠠᠨ ᠡᠷᠭᠦᠵᠤ ᠶᠠᠪᠤᠨ᠎ᠠ᠃          ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠤ ᠡ᠊ᠩᠨᠡᠭᠡ ᠶᠢ ᠪᠦᠷᠢᠯᠳᠦᠬᠦᠯᠵᠤ ᠪᠠᠶᠢᠨ᠎ᠠ          ᠣᠢᠢᠷ᠎ᠠ ᠶᠢᠨ ᠵᠢᠯ ᠳᠤ ᠵᠡᠭᠦᠨᠭᠠᠷ ᠬᠤᠰᠢᠭᠤ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠬᠦ ᠪᠠᠷ ᠳᠡᠮᠵᠢᠨ ᠮᠠᠯ ᠲᠠᠷᠢᠶ᠎ᠠ ᠳᠤ ᠪᠠᠭ᠋ᠠᠳᠠᠢ᠂ ᠵᠤᠬᠢᠬᠤ ᠮᠡᠷᠭᠡᠵᠢᠯ ᠲᠠᠢ᠂ ᠡᠵᠡᠩᠨᠡᠯᠲᠡ ᠳᠤ ᠴᠢᠳᠠᠮᠠᠭᠠᠶ ᠪᠥᠬᠦᠢ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠤ ᠡ᠊ᠩᠨᠡᠭᠡ ᠶᠢ ᠬᠥᠮᠦᠵᠢᠭᠦᠯᠵᠤ᠂ ᠬᠥᠳᠡᠭᠡ ᠲᠣᠰᠬᠤᠨ ᠢ ᠬᠥᠭᠵᠢᠭᠦᠯᠬᠦ ᠳᠤ ᠠᠮᠢᠵᠢᠷᠠᠯ ᠤᠨ ᠬᠦᠴᠦᠨ ᠨᠡᠮᠡᠷᠢᠯᠡᠪᠡ᠃    ᠵᠡᠭᠦᠨᠭᠠᠷ ᠬᠤᠰᠢᠭᠤᠨ ᠤ ᠱᠠᠭᠳᠠᠷ ᠪᠠᠯᠭᠠᠰᠤ ᠶᠢᠨ ᠪᠠᠷᠠᠭᠤᠨ ᠰᠠᠩ ᠲᠣᠰᠬᠤᠨ ᠤ ᠵᠠᠯᠠᠭᠤ ᠵᠣᠣ ᠬᠤᠩ ᠸᠧᠶ 2017 ᠣᠨ ᠳᠤ ᠵᠡᠭᠦᠨᠭᠠᠷ ᠬᠤᠰᠢᠭᠤᠨ ᠤ ᠮᠠᠯ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠪᠣᠯᠪᠠᠰᠤᠷᠠᠯ ᠢᠶᠠᠷ ᠳᠡᠮᠵᠢᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠬᠢᠷᠢ ᠬᠡᠮ ᠤᠨ ᠦᠨᠡᠮᠯᠡᠯ ᠬᠦᠷᠳᠡᠵᠤ᠂ ᠳᠤᠰ ᠬᠤᠰᠢᠭᠤᠨ ᠤ ᠠᠩᠬᠠᠨ ᠤ ᠪᠦᠯᠦᠭ ᠤᠨ ᠦᠨᠡᠮᠯᠡᠯ ᠲᠠᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠪᠣᠯᠵᠠᠢ᠃ ᠲᠡᠷᠡ ᠬᠤᠨᠢ ᠳᠡᠵᠢᠭᠡᠭᠦ ᠪᠠ ᠵᠢᠮᠢᠰ ᠤᠨ ᠬᠦᠷᠢᠶᠡᠯᠡᠩ ᠪᠠᠶᠢᠭᠤᠯᠬᠤ ᠠᠵᠢᠯ ᠳᠤ ᠰᠢᠭᠤᠳᠤᠨ᠂ ᠦᠪᠡᠷ ᠢᠶᠠᠨ ᠠᠭᠤᠯᠠᠨ ᠬᠦᠢᠯᠡᠰᠤ ᠳᠠᠷᠢᠵᠤ ᠶᠡᠭᠡ ᠠᠮᠵᠢᠯᠳᠠ ᠲᠠᠢ ᠪᠤᠯᠤᠭᠰᠠᠨ ᠪᠦᠭᠡᠳ 200 ᠭᠠᠷᠤᠢ ᠰᠠᠭᠤᠷᠢ ᠡᠭᠡ ᠬᠤᠨᠢ ᠲᠠᠢ ᠪᠤᠯᠵᠤ᠂ ᠷᠦ᠋ ᠶᠤᠸᠠᠨ ᠲᠠᠷᠢᠵᠤ ᠲᠠᠵᠢᠬᠡᠬᠦ ᠳᠤᠰᠬᠠᠢ ᠬᠤᠷᠰᠢᠶ᠎ᠠ ᠶᠢ ᠪᠠᠶᠢᠭᠤᠯᠵᠤ᠂ ᠳᠤᠰᠬᠤᠨ ᠤ ᠠᠷᠠᠳ ᠢᠶᠠᠨ ᠳᠠᠶᠢᠴᠢᠯᠠᠨ ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠳᠦᠭᠡᠭᠳᠡᠭᠦᠨ ᠢ ᠭᠠᠳᠠᠭᠰᠢ ᠪᠤᠷᠤᠯᠠᠭᠤᠯᠵᠤ ᠪᠠᠶᠢᠨ᠎ᠠ᠃ ︽ᠪᠢ ᠦᠪᠡᠷ ᠢᠶᠠᠨ ᠬᠢᠷᠢ ᠳᠡᠩᠴᠡᠭᠰᠡᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠤᠯᠵᠠᠢ᠃ ᠲᠠᠷᠠᠭᠠᠴᠢ ᠪᠠᠷ ᠳᠤᠰᠬᠠᠢ ᠬᠤᠷᠰᠢᠶ᠎ᠠ ᠶᠢᠨ ᠭᠡᠰᠢᠭᠦᠳ ᠢᠶᠠᠨ ᠳᠠᠭᠠᠭᠤᠯᠤᠨ ᠪᠦᠬᠦᠨ ᠢ ᠬᠢᠷᠢ ᠲᠡᠩᠴᠡᠭᠰᠡᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠣᠯᠭᠠᠨ᠎ᠠ︾ ᠭᠡᠵᠤ ᠵᠣᠣ ᠬᠤᠩ ᠸᠧᠶ ᠶᠠᠷᠢᠨ᠎ᠠ᠃ ᠲᠣᠰ ᠬᠤᠰᠢᠭᠤ ᠤᠷᠢᠳ ᠬᠤᠵᠢᠳ ᠱᠠᠭᠳᠠᠷ ᠪᠠᠯᠭᠠᠰᠤ᠂ ᠯᠦᠩ ᠺᠸᠦ ᠪᠠᠯᠭᠠᠰᠤ᠂ ᠸᠧᠶ ᠵᠢᠶᠠ ᠮᠠᠤ ᠪᠠᠯᠭᠠᠰᠤ᠂ ᠰᠢᠷᠠᠯᠵᠢᠳᠠᠢ ᠰᠢᠶᠠᠩ ᠳᠠᠭᠠᠨ ᠮᠠᠯ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠡᠷᠬᠢᠯᠡᠵᠤ᠂ ᠵᠣᠣ ᠬᠤᠩ ᠸᠧᠶ ᠮᠡᠳᠤ ᠶᠢᠨ 500 ᠭᠠᠷᠤᠶ ᠬᠥᠳᠡᠭᠡ ᠲᠣᠰᠬᠤᠨ ᠤ ᠴᠢᠳᠠᠪᠤᠷᠢᠲᠠᠨ᠂ ᠠᠵᠤ ᠦᠢᠯᠡᠰ ᠤᠨ ᠡᠵᠡᠩᠨᠡᠭᠴᠢ ᠳᠤ ᠲᠤᠰᠬᠠᠢ ᠪᠤᠯᠪᠠᠰᠤᠷᠠᠯ ᠬᠦᠷᠳᠡᠭᠡᠵᠡᠢ᠃    ᠵᠡᠬᠦᠨᠭᠠᠷ ᠬᠤᠰᠢᠭᠤ ᠨᠢ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠬᠡᠪᠴᠢᠶᠡᠵᠢᠭᠰᠡᠨ ᠲᠣᠮᠣ ᠡᠷᠦᠬᠡ᠂ ᠳᠤᠰᠬᠠᠢ ᠬᠤᠷᠰᠢᠶ᠎ᠠ᠂ ᠠᠵᠤ ᠠᠬᠤᠢᠢᠯᠠᠯ ᠤᠨ ᠬᠠᠷᠢᠭᠤᠴᠠᠯᠭᠠᠲᠠᠨ ᠪᠤᠶᠤ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ᠂ ᠦᠢᠯᠡᠰ ᠪᠤᠰᠬᠠᠭᠰᠠᠨ ᠣᠶᠤᠲᠠᠨ᠂ ᠨᠤᠲᠤᠭ ᠲᠠᠭᠠᠨ ᠪᠤᠴᠠᠭᠰᠠᠨ ᠬᠥᠯᠥᠰᠥᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠶᠢᠨ ᠮᠠᠯ ᠠᠵᠤ ᠠᠬᠤᠶ ᠲᠠᠷᠢᠶᠠᠯᠠᠩ ᠡᠷᠭᠢᠯᠡᠵᠦ ᠪᠠᠶᠢᠭ᠎ᠠ ᠵᠠᠯᠠᠭᠤ ᠢᠳᠡᠷᠴᠦᠳ ᠲᠤ ᠬᠠᠨᠳᠤᠭᠤᠯᠤᠨ ᠵᠢᠯ ᠪᠦᠷᠢ ︽6+3+4︾ ᠵᠠᠭᠪᠤᠷ ᠤᠨ ᠪᠣᠯᠪᠠᠰᠤᠷᠠᠯ ᠬᠥᠮᠦᠵᠢᠯ ᠤᠨ ᠠᠩᠭᠢ ᠡᠷᠭᠢᠯᠡᠵᠦ᠂ ᠤᠨᠤᠯ ᠤᠨ ᠬᠢᠴᠢᠶᠡᠯ ᠪᠠ ᠭᠠᠳᠠᠭᠰᠢ ᠭᠠᠷᠴᠦ ᠳᠤᠭᠤᠷᠢᠨ ᠰᠤᠷᠤᠯᠴᠠᠬᠤ ᠶᠢ ᠤᠶᠠᠯᠳᠤᠭᠤᠯᠤᠨ ᠨᠤᠲᠤᠭ ᠤᠨ ᠴᠢᠳᠠᠪᠤᠷᠢᠲᠠᠨ ᠢ ᠬᠦᠮᠦᠵᠢᠭᠦᠯᠦᠨ ᠪᠣᠯᠪᠠᠰᠤᠷᠠᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠨᠢᠳᠤᠨᠤᠨ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠲᠥᠷᠥᠯ ᠵᠦᠢᠯ ᠢᠶᠠᠷ ᠳᠠᠮᠵᠢᠨ ᠰᠢᠨ᠎ᠡ ᠬᠡᠯᠪᠡᠷᠢ ᠶᠢᠨ ᠮᠠᠯ ᠠᠵᠤ ᠠᠬᠤᠶ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ 656 ᠳᠠᠭᠠᠭᠤᠯᠤᠭᠴᠢ ᠶᠢ ᠬᠥᠮᠦᠵᠢᠭᠦᠯᠪᠡ᠃ ᠮᠠᠯ ᠠᠵᠤ ᠠᠬᠤᠶ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ 20 ᠬᠤᠭᠤᠴᠠᠭ᠎ᠠ ᠡᠷᠬᠢᠯᠡᠵᠤ᠂ 2300 ᠭᠠᠷᠤᠢ ᠮᠠᠯᠴᠢᠨ ᠲᠠᠷᠢᠶᠠᠴᠢᠨ ᠳᠤ ᠲᠤᠰᠬᠠᠢ ᠪᠤᠯᠪᠠᠰᠤᠷᠠᠯ ᠬᠦᠷᠳᠡᠬᠡᠪᠡ᠃         ᠬᠥᠳᠡᠭᠡ ᠲᠣᠰᠬᠤᠨ ᠤ ᠴᠢᠳᠠᠪᠤᠷᠢᠲᠠᠨ ᠤ ᠪᠣᠭᠤᠮᠢ ᠶᠢᠨ ᠬᠢᠵᠠᠭᠠᠷᠯᠠᠯ ᠢ ᠰᠢᠢᠳᠪᠦᠷᠢᠯᠡᠬᠦ ᠳᠤ ᠡᠷᠬᠡᠪᠰᠢ ᠲᠤᠰ ᠭᠠᠵᠠᠷ ᠣᠷᠣᠨ ᠤ ᠪᠠᠨ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠬᠤ ᠴᠢᠬᠤᠯᠠᠳᠠᠢ᠃ ᠵᠡᠬᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ ᠨᠢ ᠪᠠᠰᠠ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠪᠣᠯᠪᠠᠰᠤᠷᠠᠯ ᠳᠤ ᠣᠷᠣᠯᠴᠠᠭᠰᠠᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠳᠤ ᠦᠢᠯᠡᠴᠢᠯᠡᠭᠡ ᠬᠠᠩᠭᠠᠨ᠂ ᠲᠡᠳᠡᠨ ᠤ ᠠᠵᠤ ᠦᠢᠯᠡᠰ ᠤᠨ ᠬᠥᠭᠵᠢᠯᠲᠡ ᠶᠢᠨ ᠳᠤᠮᠳᠠ ᠲᠣᠬᠢᠶᠠᠯᠳᠤᠭᠰᠠᠨ ᠬᠠᠮᠢᠶᠠᠷᠤᠯᠲᠠ ᠪᠠ ᠮᠡᠷᠭᠡᠵᠢᠯ ᠤᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠨ ᠦᠭᠴᠦ ᠪᠠᠶᠢᠨ᠎ᠠ᠃ ᠳᠤᠰ ᠬᠤᠰᠢᠭᠤ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ 41 ᠣᠨᠴᠠ ᠲᠣᠮᠢᠯᠠᠭᠴᠢ ᠶᠢ ᠳᠤᠮᠢᠯᠠᠨ ᠮᠠᠯᠴᠢᠨ ᠲᠠᠷᠢᠶᠠᠴᠢᠨ ᠡᠷᠦᠬᠡ ᠵᠢᠴᠢ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠤ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠢ ᠵᠢᠯᠣᠭᠤᠳᠤᠭᠤᠯᠪᠠ᠃ ᠤᠳᠤᠬᠠᠨ ᠪᠤᠯᠳᠠᠯ᠎ᠠ ︽ᠵᠠᠭᠤᠨ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠪᠠᠷ ᠲᠠᠮᠵᠢᠭᠤᠯᠣᠠ 50 ᠪᠦᠯᠦᠭ ᠲᠤᠰᠬᠠᠶ ᠮᠡᠷᠭᠡᠵᠢᠯᠲᠡᠨ ᠢ ᠰᠣᠩᠭᠤᠨ 1500 ᠭᠠᠷᠤᠢ ᠮᠠᠯᠴᠢᠨ ᠲᠠᠷᠢᠶᠠᠴᠢᠨ ᠳᠤ ᠲᠤᠰᠬᠠᠢ ᠦᠢᠯᠡᠴᠢᠯᠡᠭᠡ ᠬᠠᠩᠭᠠᠪᠠ ᠃         ︽2017 ᠣᠨ ᠠᠴᠠ ᠡᠬᠢᠯᠡᠨ ᠵᠠᠯᠭᠠᠭ᠎ᠠ ᠪᠠᠷ ᠳᠥᠷᠪᠡᠨ ᠵᠢᠯ ᠪᠤᠯᠪᠠᠰᠤᠷᠠᠯ ᠬᠦᠮᠦᠵᠢᠯ ᠪᠤᠶᠤ ᠳᠤᠷᠰᠢᠯᠭ᠎ᠠ ᠰᠣᠯᠢᠯᠴᠠᠬᠤ ᠠᠵᠢᠯᠯᠠᠭ᠎ᠠ ᠳᠤ ᠤᠷᠤᠯᠴᠠᠵᠤ ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠠᠭᠠᠵᠢᠮ ᠢᠶᠠᠷ ᠨᠦᠭᠦᠪᠦᠷᠢᠯᠡᠵᠡᠢ᠃ ᠤᠳᠤ ᠮᠠᠨ ᠤ ᠬᠢᠨ ᠤ ᠠᠵᠤ ᠦᠢᠯᠡᠰ ᠨᠡᠯᠢᠶᠡᠳ ᠶᠡᠭᠡ ᠬᠡᠪᠴᠢᠶ᠎ᠠ ᠲᠠᠢ ᠪᠤᠯᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠴᠤ ᠥᠷᠭᠡᠵᠢᠵᠤ ᠪᠠᠶᠢᠨ᠎ᠠ᠂ ᠬᠤᠶᠢᠰᠢᠳᠠ ᠪᠢ ᠡᠷᠬᠢᠨ ᠲᠣᠭᠤᠷᠢᠨ ᠤ ᠨᠡᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠬᠠᠮᠲᠤ ᠪᠠᠷ ᠬᠥᠭᠵᠢᠵᠤ ᠬᠠᠮᠳᠤ ᠪᠠᠷ ᠪᠠᠶᠠᠵᠢᠨ᠎ᠠ︾ ᠭᠡᠵᠦ ᠵᠤᠤ ᠬᠤᠩ ᠸᠧᠢ ᠢᠳᠡᠭᠡᠯ ᠳᠡᠭᠦᠯᠳᠡᠷ ᠶᠠᠷᠢᠨ᠎ᠠ᠃ ︽ᠲᠦᠷᠦᠭᠦᠴᠢ ᠭᠠᠯᠠᠭᠤ︾ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ ᠪᠠᠶᠢᠨ᠎ᠠ    ᠬᠥᠳᠡᠭᠡ ᠲᠣᠰᠬᠤᠨ ᠢ ᠬᠥᠭᠵᠢᠭᠦᠯᠭᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤᠮᠳᠠ ᠵᠡᠭᠦᠨᠭᠠᠷ ᠬᠤᠰᠢᠭᠤ ᠨᠢ ︽ᠲᠥᠷᠥᠭᠦᠴᠢ ᠭᠠᠯᠠᠭᠤ︾ ᠶᠢᠨ ᠲᠠᠭᠤᠷᠢᠶᠠᠯ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠪᠠᠶᠠᠵᠢᠭᠰᠠᠨ ᠴᠢᠳᠠᠪᠤᠷᠢᠲᠠᠳ ᠲᠦᠷᠦᠭᠦᠯᠡᠨ ᠳᠤᠰᠬᠠᠢ ᠬᠤᠷᠰᠢᠶ᠎ᠠ ᠪᠠᠶᠢᠭᠤᠯᠬᠤ ᠶᠢ ᠨᠢ ᠵᠣᠷᠢᠭᠵᠢᠭᠤᠯᠤᠨ ᠵᠢᠯᠣᠭᠤᠳᠴᠤ᠂ ᠡᠷᠬᠢᠨ ᠲᠣᠭᠤᠷᠢᠨ ᠤ ᠬᠦᠴᠢᠷᠳᠡᠯᠲᠡᠢ ᠤᠯᠠᠨ ᠲᠦᠮᠡᠨ ᠤ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠶᠢ ᠳᠠᠶᠢᠴᠢᠯᠠᠬᠰᠠᠨ ᠪᠠᠶᠢᠨ᠎ᠠ᠃         ᠣᠷᠳᠣᠰ ᠬᠤᠲᠠ ᠶᠢᠨ ᠯᠢᠦᠢ ᠷᠦᠨ ᠠᠮᠢ ᠠᠬᠤᠶ ᠶᠢᠨ ᠮᠠᠯ ᠠᠵᠤ ᠠᠬᠤᠶ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠷᠦᠢ ᠪᠤᠯ ᠵᠡᠬᠦᠨᠭᠠᠷ ᠬᠤᠰᠢᠭᠤᠨ ᠤ 2017 ᠣᠨ ᠤ ᠬᠦᠮᠦᠵᠢᠯ ᠪᠣᠯᠪᠠᠰᠤᠷᠠᠯ ᠤᠨ ᠠᠩᠭᠢ ᠶᠢᠨ ᠠᠩᠬᠠᠨ ᠤ ᠪᠦᠯᠦᠭ ᠤᠨ ᠰᠤᠷᠤᠭᠴᠢᠳ ᠤᠨ ᠨᠢᠬᠡ ᠪᠤᠯᠬᠤ ᠶᠤᠮ᠃ ᠳᠡᠭᠦᠨ ᠤ ᠪᠠᠶᠢᠭᠤᠯᠤᠭᠰᠠᠨ ᠺᠣᠮᠫᠠᠨᠢ ᠨᠢ ᠠᠮᠢ ᠠᠬᠤᠢ ᠶᠢᠨ ᠳᠠᠬᠢᠶ᠎ᠠ ᠲᠡᠵᠢᠭᠡᠬᠦ᠂ ᠬᠤᠪᠣᠷ ᠵᠢᠭᠦᠷᠲᠡᠨ ᠢ ᠲᠡᠵᠢᠭᠡᠨ ᠦᠷᠡᠵᠢᠭᠦᠯᠬᠦ ᠪᠠᠷ ᠭᠤᠣᠯ ᠪᠣᠯᠭᠠᠵᠤ᠂ ᠬᠤᠷᠢᠶᠠᠭᠰᠠᠨ ᠵᠢᠭᠦᠷᠳᠡᠨ ᠤ ᠥᠨᠳᠡᠭᠡ ᠨᠢ ᠤᠷᠢᠳ ᠬᠤᠵᠢᠳ ᠤᠯᠤᠰ ᠤᠨ ᠬᠥᠳᠡᠭᠡ ᠠᠵᠤ ᠠᠬᠤᠢ ᠶᠢᠨ ᠶᠠᠮᠤᠨ ᠤ ︽ᠪᠣᠬᠢᠷᠳᠣᠯ ᠦᠭᠡᠢ︾ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠵᠢᠴᠢ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ︾ ᠤ ᠭᠡᠷᠡᠴᠢᠯᠡᠯ ᠢ ᠤᠯᠵᠤ᠂ 2019 ᠣᠨ ᠳᠤ ᠤᠷᠳᠤᠰ ᠬᠤᠳᠠ ᠶᠢᠨ ᠵᠠᠰᠠᠭ ᠤᠨ ᠣᠷᠳᠣᠨ ᠳᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠢᠢᠯᠠᠯ ᠢᠶᠠᠷ ᠦᠨᠡᠯᠡᠭᠳᠡᠭᠰᠡᠨ ᠪᠠᠶᠢᠨ᠎ᠠ᠃ ᠸᠠᠩ ᠷᠦᠢ ᠺᠣᠮᠫᠠᠨᠢ ᠪᠠᠨ ᠬᠥᠭᠵᠢᠭᠦᠯᠬᠦ ᠶᠢᠨ ᠬᠠᠮᠲᠤ ᠤᠷᠢᠳ ᠬᠤᠵᠢᠳ ᠡᠷᠬᠢᠨ ᠲᠣᠭᠤᠷᠢᠨ ᠤ ᠮᠠᠯᠴᠢᠨ ᠲᠠᠷᠢᠶᠠᠴᠢᠨ᠂ ᠳᠤᠰᠬᠠᠢ ᠬᠤᠷᠰᠢᠶ᠎ᠠ᠂ ᠠᠮᠢ ᠠᠬᠤᠢ ᠶᠢᠨ ᠡᠳ᠋ᠯᠡᠩ ᠤᠨ 1800 ᠰᠢᠬᠠᠮ ᠡᠷᠦᠭᠡ ᠶᠢ ᠳᠠᠶᠢᠴᠢᠯᠠᠨ ᠠᠮᠢ ᠠᠬᠤᠢ ᠶᠢᠨ ᠲᠠᠬᠢᠶ᠎ᠠ ᠳᠡᠵᠢᠭᠡᠭᠦ ᠦᠢᠯᠡᠰ ᠢ ᠬᠥᠭᠵᠢᠭᠦᠯᠵᠦ᠂ ︽ᠺᠣᠮᠫᠠᠨᠢ + ᠳᠤᠰᠬᠠᠢ ᠬᠤᠷᠰᠢᠶ᠎ᠠ + ᠮᠠᠯᠴᠢᠨ ᠲᠠᠷᠢᠶᠠᠴᠢᠨ ᠡᠷᠦᠭᠡ︾ ᠶᠢᠨ ᠪᠣᠬᠢᠷᠲᠤᠯ ᠦᠭᠡᠢ ᠦᠷᠭᠦᠯᠵᠢᠯᠡᠬᠦ᠋ᠢᠴᠡ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠡᠢ᠃         ᠵᠡᠭᠦᠨᠭᠠᠷ ᠬᠤᠰᠢᠭᠤ ᠨᠢ ᠮᠠᠯᠵᠢᠬᠤ ᠲᠠᠷᠢᠶᠠᠯᠠᠬᠤ ᠣᠷᠣᠨ ᠤ ᠳᠠᠭᠠᠭᠤᠯᠤᠭᠴᠢ ᠶᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠨᠢᠳᠤᠨᠤᠨ ᠬᠦᠳᠡᠭᠡ ᠳᠤᠰᠬᠤᠨ ᠤ 5 ᠪᠠᠶᠠᠵᠢᠯ ᠤᠨ ᠵᠠᠯᠠᠭᠤ ᠳᠠᠭᠠᠭᠤᠯᠤᠭᠴᠢ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ 10 ᠭᠠᠷᠮᠠᠭᠠᠢ ᠮᠠᠯᠴᠢᠨ ᠲᠠᠷᠢᠶᠠᠴᠢᠨ ᠵᠢᠴᠢ ᠡᠯ᠎ᠡ ᠲᠥᠷᠥᠯ ᠤᠨ ᠲᠠᠷᠢᠮᠠᠯ ᠤᠨ ᠴᠢᠳᠠᠪᠤᠷᠢᠲᠠᠨ᠂ ᠨᠤᠲᠤᠭ ᠲᠠᠭᠠᠨ ᠪᠤᠴᠠᠨ ᠦᠢᠯᠡᠰ ᠪᠤᠰᠬᠠᠭᠰᠠᠨ ᠮᠠᠯᠴᠢᠨ ᠲᠠᠷᠢᠶᠠᠴᠢᠨ᠂ ᠨᠤᠳᠤᠭ ᠤᠨ ᠮᠡᠷᠭᠡᠵᠢᠯᠲᠡᠨ ᠵᠡᠷᠭᠡ 100 ᠬᠥᠮᠦᠨ ᠢ ᠬᠥᠮᠦᠵᠢᠭᠦᠯᠦᠨ ᠰᠢᠯᠭᠠᠷᠠᠭᠤᠯᠵᠠᠢ᠃ ᠪᠠᠰᠠ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ︽ᠨᠢᠭᠡᠳᠥᠭᠡᠷ ᠱᠦᠵᠢ︾ ᠪᠣᠯᠤᠨ ᠬᠡᠰᠢᠭᠦᠨ ᠢ ᠨᠡᠶᠢᠳᠡ 528 ᠰᠣᠩᠭᠤᠨ ᠳᠤᠮᠢᠯᠠᠪᠠ᠃ ᠡᠭᠦᠨ ᠤ ᠬᠠᠮᠲᠤ᠂ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠨᠠᠷ ᠤᠨ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠶᠢ ᠵᠣᠷᠢᠭᠵᠢᠭᠤᠯᠵᠤ᠂ ︽ᠠᠵᠤ ᠠᠬᠤᠢᠢᠯᠠᠯ + ᠨᠠᠮ ᠤᠨ ᠡᠭᠦᠷ + ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ + ᠮᠠᠯᠴᠢᠨ ᠲᠠᠷᠢᠶᠠᠴᠢᠠ ᠡᠷᠦᠬᠡ︾ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠪᠠᠷ ᠭᠠᠷᠳᠠᠴᠠ ᠪᠣᠯᠭᠠᠵᠤ᠂ ︽ᠵᠠᠭᠤᠨ ᠠᠵᠤ ᠠᠬᠤᠢᠢᠯᠠᠯ ᠵᠠᠭᠤᠨ ᠲᠣᠰᠬᠤᠨ ᠢ ᠬᠠᠪᠰᠤᠷᠬᠤ︾ ᠪᠠᠷ ᠠᠵᠠ ᠲᠣᠬᠢᠶᠠᠯ ᠪᠤᠯᠭᠠᠨ ᠳᠠᠭᠠᠭᠤᠯᠤᠭᠴᠢ᠂ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠳᠠᠭᠠᠭᠤᠯᠤᠭᠴᠢ ᠠᠵᠤ ᠠᠬᠤᠢᠢᠯᠠᠯ ᠵᠡᠷᠭᠡ ᠶᠢᠨ ᠵᠢᠱᠢᠶ᠎ᠡ ᠦᠵᠡᠭᠦᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ 6 ᠬᠤᠯᠪᠣᠭᠠᠲᠤ ᠴᠣᠭᠴᠠ ᠶᠢ ᠪᠦᠷᠢᠯᠳᠦᠭᠦᠯᠵᠤ᠂ ᠮᠠᠯᠴᠢᠨ ᠲᠠᠷᠢᠶᠠᠴᠢᠨ ᠡᠷᠦᠬᠡ ᠬᠢᠬᠡᠳ ᠠᠵᠤ ᠠᠬᠤᠢᠢᠯᠠᠯ ᠤᠨ ᠠᠰᠢᠭ ᠲᠤᠰᠠ ᠶᠢᠨ ᠨᠢᠭᠲᠠ ᠬᠤᠯᠪᠣᠭᠠᠨ ᠤ ᠬᠠᠷᠢᠴᠠᠯ ᠢ 71% ᠳᠤ ᠬᠦᠷᠭᠡᠪᠡ᠃ ᠣᠲᠣ ᠮᠠᠯ ᠠᠵᠤ ᠠᠬᠤᠶ ᠲᠠᠷᠢᠶᠠᠯᠠᠩ ᠤᠨ 1619 ᠳᠤᠰᠬᠠᠢ ᠬᠤᠷᠰᠢᠶ᠎ᠠ᠂ 670 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠲᠠᠢ ᠪᠤᠯᠤᠭᠰᠠᠨ ᠪᠠᠶᠢᠨ᠎ᠠ᠃           ᠵᠡᠭᠦᠨᠭᠠᠷ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠬᠦ ︽ᠴᠢᠳᠠᠪᠣᠷᠢᠳᠠᠠ ᠤ ᠵᠤᠷ︾ ᠨᠢ ᠰᠢᠨ᠎ᠡ ᠴᠠᠭ ᠦᠶ᠎ᠡ ᠶᠢᠨ ᠨᠢᠭᠡ ᠪᠦᠯᠦᠭ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠡ ᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠪᠤᠯᠭᠠᠨ ᠬᠦᠮᠦᠵᠢᠭᠦᠯᠵᠤ᠂ ᠮᠠᠯ ᠠᠵᠤ ᠠᠬᠤᠢ ᠳᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ ᠪᠠ ᠬᠥᠳᠡᠭᠡ ᠲᠣᠰᠬᠤᠨ ᠤ ᠠᠵᠤ ᠦᠢᠯᠡᠰ ᠢ ᠳᠡᠰ ᠳᠡᠪᠰᠢᠭᠦᠯᠬᠦ᠂ ᠬᠥᠳᠡᠭᠡ ᠲᠣᠰᠬᠤᠨ ᠢ ᠬᠥᠭᠵᠢᠭᠦᠯᠬᠦ ᠪᠠ ᠬᠦᠳᠡᠭᠡ ᠲᠤᠰᠬᠤᠨ ᠮᠠᠯ ᠠᠵᠤ ᠠᠬᠤᠢ ᠳᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃ ᠤᠯᠠᠨ ᠲᠠᠯ᠎ᠠ ᠶᠢᠨ ᠴᠢᠳᠠᠪᠤᠷᠢᠳᠠᠨ ᠵᠠᠮ ᠨᠡᠭᠡᠭᠡᠨ ᠰᠢᠨ᠎ᠡ ᠶᠢ ᠡᠭᠦᠳᠤᠨ᠂ ᠬᠥᠳᠡᠭᠡ ᠲᠣᠰᠬᠤᠨ ᠢ ᠬᠥᠭᠵᠢᠭᠦᠯᠭᠦ ᠰᠢᠨ᠎ᠡ ᠲᠠᠭᠠᠭᠤᠯᠤᠭᠴᠢ ᠬᠦᠴᠦᠨ ᠪᠤᠯᠵᠤ᠂ ᠲᠠᠳᠠᠡ ᠤ ᠰᠢᠨ᠎ᠡ ᠣᠢᠢᠯᠠᠭᠠᠭᠳᠠᠬᠤᠨ ᠪᠠ ᠠᠵᠢᠯᠯᠠᠭᠠᠨ ᠤ ᠰᠢᠨ᠎ᠠ ᠵᠠᠭᠪᠤᠷ ᠨᠢ ᠨᠤᠳᠤᠭ ᠤᠰᠤᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠦᠯᠬᠢᠴᠡ ᠬᠦᠴᠦᠨ ᠪᠤᠯᠵᠤ ᠪᠠᠶᠢᠨ᠎ᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ