ᠦᠨᠡᠨ ᠪᠣᠳᠠᠲᠠᠢ ᠠᠵᠢᠯᠯᠠᠨ ᠡᠮᠦᠨ᠎ᠡ ᠡᠩᠨᠡᠭᠡᠨ  ᠳᠤ ᠶᠠᠪᠤᠵᠤ ᠳᠠᠭᠠᠭᠤᠯᠤᠬᠴᠢ ᠪᠤᠯᠬᠤ ᠪᠠᠷ ᠴᠢᠷᠮᠠᠶᠢᠨ ᠠᠵᠢᠯᠯᠠᠶ᠎ᠠ
ᠨᠡᠶᠢᠲᠡᠯᠡᠭᠰᠡᠨ ᠴᠠᠭ᠄
2021/11/15
                                  ᠵᠡᠭᠦᠨᠭᠠᠷ ᠬᠤᠰᠢᠭᠤᠨ  ᠤ ᠨᠠᠮ  ᠤᠨ ᠬᠤᠷᠢᠶᠠᠨ  ᠤ ᠱᠦᠵᠢ ᠰᠥ᠋ ᠰᠢᠨ ᠶᠠ    ᠬᠤᠳᠠ  ᠶᠢᠨ ᠲᠠᠪᠤᠳᠤᠭᠠᠷ ᠤᠳᠠᠭᠠᠨ   ᠤ ᠨᠠᠮ  ᠤᠨ ᠲᠥᠯᠦᠭᠡᠯᠡᠭᠴᠢᠳ  ᠤᠨ ᠬᠤᠷᠠᠯ  ᠤᠨ ᠮᠡᠳᠡᠭᠦᠯᠦᠯᠲᠡ ᠪᠦᠬᠦ ᠲᠠᠯ᠎ᠠ  ᠶᠢ ᠶᠡᠷᠦᠩᠬᠡᠶᠢᠯᠡᠨ ᠡᠵᠡᠮᠳᠡᠵᠦ ᠂ ᠠᠯᠤᠰ ᠬᠡᠳᠤ  ᠶᠢᠨ ᠵᠣᠷᠢᠯᠲᠠ  ᠶᠢ ᠲᠣᠭᠲᠠᠭᠠᠵᠤ ᠂ ︽ᠪᠣᠳᠠᠲᠤ ᠬᠦᠴᠦᠨ ᠲᠠᠢ ᠂ ᠠᠮᠢᠵᠢᠷᠠᠯ  ᠤᠨ ᠬᠦᠴᠦᠨ ᠲᠠᠢ ᠂ ᠪᠣᠬᠢᠷᠲᠤᠯ ᠦᠭᠡᠢ ᠂ ᠣᠷᠣᠰᠢᠨ ᠠᠮᠢᠳᠤᠷᠠᠬᠤ  ᠳᠤ ᠲᠠᠭᠠᠯᠠᠮᠵᠢᠲᠠᠢ ᠂ ᠵᠣᠯ ᠵᠢᠷᠭᠠᠯᠲᠤ ᠤᠷᠳᠤᠰ  ᠢ ᠪᠦᠳᠤᠬᠡᠨ ᠪᠠᠶᠢᠭᠤᠯᠬᠤ ︾ ᠲᠠᠪᠤᠨ ᠲᠠᠯ᠎ᠠ  ᠠᠴᠠ ᠬᠤᠶᠢᠰᠢᠳᠠ   ᠶᠢᠨ ᠲᠠᠪᠤᠨ ᠵᠢᠯ  ᠤᠨ ᠪᠦᠬᠦ ᠬᠤᠳᠠ  ᠶᠢᠨ ᠬᠥᠭᠵᠢᠯᠲᠡ  ᠶᠢᠨ ᠴᠢᠭᠯᠡᠯ  ᠢ ᠣᠨᠣᠪᠴᠢᠲᠠᠢ ᠲᠣᠭᠲᠠᠭᠠᠵᠤ ᠂ ︽ ᠠᠵᠤ ᠠᠬᠤᠢ  ᠶᠢᠨ ᠶᠡᠷᠦᠩᠬᠡᠢ ᠬᠡᠮᠵᠢᠶ᠎ᠡ 5000 ᠳ᠋ᠦᠩᠰᠢᠭᠤᠷ ᠲᠥᠭᠦᠷᠢᠭ  ᠢ ᠳᠠᠪᠠᠵᠤ ᠂ ᠪᠦᠬᠦ ᠤᠯᠤᠰ  ᠤᠨ ᠲᠤᠰᠬᠠᠢ ᠣᠷᠣᠨ  ᠤ ᠲᠡᠰ  ᠤᠨ ᠬᠤᠳᠠ  ᠶᠢᠨ ᠡᠮᠦᠨ᠎ᠡ 50 ᠬᠦᠴᠦᠷᠬᠡᠭ  ᠲᠤ ᠲᠠᠪᠰᠢᠨ ᠣᠷᠣᠬᠤ ︾ ᠠᠯᠢ ᠤᠯᠠᠨ ᠬᠥᠭᠵᠢᠯᠲᠡ  ᠶᠢᠨ ᠬᠠᠷᠠᠯᠲᠠ  ᠶᠢ ᠳᠤᠷᠠᠳᠴᠤ ᠂ ᠬᠥᠮᠦᠰ  ᠢ ᠲᠦᠢᠯ  ᠢᠶᠠᠷ ᠤᠷᠮᠠᠰᠢᠭᠤᠯᠤᠨ ᠵᠣᠷᠢᠭᠵᠢᠭᠤᠯᠤᠭᠰᠠᠨ ᠪᠠᠶᠢᠨ᠎ᠠ ᠃ ᠬᠤᠲᠠ  ᠶᠢᠨ ᠨᠠᠮ  ᠤᠨ ᠬᠤᠷᠢᠶᠠᠨ  ᠤ ᠱᠦᠵᠢ ᠯᠢ ᠯᠢ ᠵᠡᠭᠦᠨᠭᠠᠷ ᠬᠤᠰᠢᠭᠤᠨ  ᠤ ᠲᠥᠯᠦᠭᠡᠯᠡᠭᠴᠢᠳ  ᠤᠨ ᠪᠦᠯᠬᠦᠮ  ᠤᠨ ᠬᠢᠨᠠᠨ ᠵᠥᠪᠯᠡᠬᠦ   ᠳᠤ ᠣᠷᠣᠯᠴᠠᠬᠤ ᠳᠠᠭᠠᠨ ᠂ ᠵᠡᠭᠦᠨᠭᠠᠷ ᠬᠤᠰᠢᠭᠤ ᠡᠮᠦᠨ᠎ᠡ ᠡᠩᠨᠡᠭᠡᠨ  ᠳᠤ ᠶᠠᠪᠤᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠴᠢᠩᠭᠠᠳᠬᠠᠨ ᠂ ᠳᠠᠭᠠᠭᠤᠯᠤᠬᠴᠢ ᠪᠣᠯᠵᠣ ᠂ ᠰᠢᠨ᠎ᠡ ᠵᠠᠮ   ᠢᠶᠠᠷ ᠰᠠᠶᠢᠲᠤᠷ ᠵᠠᠮᠨᠠᠵᠤ ᠂ ᠰᠢᠨ᠎ᠡ ᠬᠤᠲᠠ ᠬᠥᠳᠡᠭᠡ  ᠶᠢ ᠰᠠᠶᠢᠲᠤᠷ ᠪᠥᠲᠥᠭᠡᠨ ᠪᠠᠶᠢᠭᠤᠯᠵᠤ ᠂ ᠪᠢᠳᠡᠨ  ᠤ ᠬᠤᠶᠢᠰᠢᠳᠠ  ᠶᠢᠨ ᠠᠵᠢᠯ  ᠢᠶᠠᠨ ᠰᠠᠶᠢᠲᠤᠷ ᠬᠢᠬᠦ  ᠳᠤ ᠴᠢᠭᠯᠡᠯ  ᠢ ᠵᠢᠭᠠᠨ ᠥᠭᠴᠦ ᠂ ᠵᠢᠷᠤᠮᠯᠠᠯ ᠬᠠᠩᠭᠠᠬᠤ ᠬᠡᠷᠡᠭᠲᠡᠶ ᠭᠡᠵᠤ ᠴᠢᠬᠤᠯᠠᠴᠢᠯᠠᠪᠠ ᠃ ᠵᠡᠭᠦᠨᠭᠠᠷ ᠬᠤᠰᠢᠭᠤ ᠬᠤᠳᠠ  ᠶᠢᠨ ᠨᠠᠮ  ᠤᠨ ᠲᠥᠯᠦᠭᠡᠯᠡᠭᠴᠢᠳ  ᠤᠨ ᠬᠤᠷᠠᠯ  ᠤᠨ ᠵᠣᠷᠢᠭ ᠰᠠᠨᠠᠭ᠎ᠠ ᠪᠣᠯᠤᠨ ᠯᠢ ᠯᠢ ᠨᠥᠬᠦᠷ  ᠤᠨ ᠵᠢᠭᠠᠪᠤᠷᠢ  ᠶᠢᠨ ᠱᠠᠭᠠᠷᠳᠠᠯᠭ᠎ᠠ  ᠶᠢᠨ ᠲᠣᠭᠤᠷᠢᠨ  ᠳᠤ ᠂ ᠨᠠᠶᠢᠳᠠᠪᠤᠷᠢᠵᠢᠭᠤᠯᠤᠯᠲᠠ  ᠶᠢ ᠪᠦᠬᠦ ᠬᠦᠴᠦᠨ  ᠢᠶᠠᠷ  ᠢᠶᠠᠨ ᠰᠠᠶᠢᠲᠤᠷ ᠠᠳᠬᠤᠵᠤ ᠂ ᠡᠯ᠎ᠡ  ᠳᠦᠷᠤᠯ  ᠤᠨ ᠠᠵᠢᠯ  ᠢ ᠯᠠᠪᠳᠠᠭᠤᠨ ᠪᠠᠲᠤᠲᠠᠢ ᠠᠬᠢᠭᠤᠯᠤᠨ ᠂ ᠤᠷᠳᠤᠰ  ᠤᠨ ︽ ᠰᠢᠨ᠎ᠡ ᠵᠠᠮ  ᠢᠶᠠᠷ ᠰᠠᠶᠢᠲᠤᠷ ᠵᠠᠮᠨᠠᠵᠤ ᠂ ᠤᠷᠢᠳ  ᠢᠶᠠᠷ ᠭᠡᠷᠡᠭᠵᠢᠬᠦᠯᠬᠦ ᠣᠷᠣᠨ  ᠢ ᠪᠦᠳᠦᠬᠡᠨ ᠪᠠᠶᠢᠭᠤᠯᠬᠤ ︾   ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠂ ᠰᠢᠨ᠎ᠡ ᠬᠤᠪᠢ ᠨᠡᠮᠡᠷᠢ ᠦᠵᠡᠭᠦᠯᠬᠦ ᠪᠠᠷ ᠪᠠᠶᠢᠨ᠎ᠠ ᠃   ᠵᠡᠭᠦᠨᠭᠠᠷ ᠬᠤᠰᠢᠭᠤ ᠪᠦᠬᠦ ᠤᠯᠤᠰ  ᠤᠨ ᠨᠡᠭᠦᠷᠡᠰᠦ ᠴᠠᠬᠢᠯᠭᠠᠨ ᠬᠦᠴᠦᠨ   ᠤ ᠦᠢᠯᠡᠳᠪᠦᠷᠢᠯᠡᠯ  ᠤᠨ ᠴᠢᠬᠤᠯᠠ ᠭᠠᠷᠭᠠᠯᠲᠠ   ᠶᠢᠨ ᠰᠠᠭᠤᠷᠢᠨ ᠪᠣᠯᠤᠭᠰᠠᠨ  ᠤ ᠬᠤᠪᠢ  ᠳᠤ ᠂ ᠲᠣᠭᠲᠠᠭᠤᠨ  ᠢᠶᠠᠷ ᠨᠡᠮᠡᠭᠳᠡᠭᠦᠯᠬᠦ  ᠶᠢ ᠢᠮᠠᠭᠲᠠ ᠲᠡᠷᠢᠭᠦᠨ ᠴᠢᠬᠤᠯᠠ ᠡᠭᠦᠷᠭᠡ  ᠪᠠᠨ ᠪᠣᠯᠭᠠᠵᠤ ᠂ ᠭᠤᠣᠯ ᠪᠣᠯᠬᠤ ᠠᠵᠤ ᠠᠬᠤᠢ  ᠶᠢᠨ ᠭᠦᠢᠴᠡᠳᠭᠡᠯ ᠲᠤᠭ᠎ᠠ   ᠶᠢ ᠬᠢᠨᠠᠨ ᠬᠡᠮᠵᠢᠬᠦ ᠂ ᠵᠠᠳᠠᠯᠬᠤ ᠪᠠ ᠲᠤᠬᠢᠷᠠᠭᠤᠯᠬᠤ  ᠪᠠᠨ ᠴᠢᠩᠭᠠᠳᠬᠠᠨ ᠂ ᠨᠡᠭᠦᠷᠡᠰᠦᠨ  ᠤ ᠲᠡᠷᠢᠭᠦᠨ  ᠤ ᠦᠢᠯᠡᠳᠪᠦᠷᠢᠯᠡᠯ  ᠤᠨ ᠴᠢᠳᠠᠪᠤᠷᠢ  ᠶᠢ ᠲᠦᠷᠭᠡᠨ ᠪᠠᠳᠠᠷᠠᠭᠤᠯᠵᠤ ᠂ ᠵᠠᠬ᠎ᠠ ᠳᠡᠯᠭᠡᠭᠦᠷ  ᠤᠨ ᠭᠤᠣᠯ ᠴᠣᠭᠴᠠ  ᠶᠢ ᠴᠢᠨᠠᠭᠰᠢᠳᠠ ᠪᠤᠶᠢᠵᠢᠭᠤᠯᠤᠨ ᠪᠤᠵᠠᠭᠠᠢᠢᠷᠠᠭᠤᠯᠵᠤ ᠂ ᠡᠳ᠋  ᠤᠨ ᠵᠠᠰᠠᠭ  ᠤᠨ ᠣᠷᠣᠯᠭ᠎ᠠ  ᠪᠠᠨ ᠨᠡᠮᠡᠭᠳᠡᠭᠦᠯᠤᠨ ᠂ ᠡᠳ᠋  ᠤᠨ ᠬᠦᠴᠦᠨ  ᠤ ᠬᠡᠪᠴᠢᠶᠡᠵᠢᠯ   ᠢᠶᠠᠨ ᠥᠷᠭᠡᠳᠬᠡᠵᠦ ᠂ ᠨᠡᠩ ᠤᠯᠠᠨ ᠨᠡᠮᠡᠭᠳᠡᠯ  ᠤᠨ ᠴᠡᠭ  ᠢ ᠪᠤᠢ ᠪᠤᠯᠭᠠᠬᠤ  ᠪᠠᠷ ᠴᠢᠷᠮᠠᠶᠢᠵᠤ ᠪᠤᠢ ᠃ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ  ᠶᠢ ᠠᠵᠤ ᠠᠬᠤᠢ  ᠶᠢᠨ ᠬᠥᠭᠵᠢᠯᠲᠡ  ᠶᠢ ᠳᠠᠶᠢᠴᠢᠯᠠᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠵᠤ ᠂ ᠪᠡᠭᠡᠵᠢᠩ  ᠤᠨ ᠬᠤᠪᠢ ᠡᠵᠡᠮᠳᠡᠯ  ᠤᠨ ᠪᠦᠯᠦᠭᠯᠡᠯ  ᠤᠨ ᠨᠡᠭᠦᠷᠡᠰᠦ  ᠪᠠᠷ ᠰᠢᠲᠠᠮᠠᠬᠠᠶ ᠬᠡᠶ ᠦᠶᠯᠡᠳᠬᠦ ᠂ ᠢ  ᠲᠠᠢ ᠪᠦᠯᠦᠭᠯᠡᠯ  ᠤᠨ ᠨᠡᠭᠦᠷᠡᠰᠦ  ᠪᠠᠷ ᠲᠣᠰᠣ ᠦᠶᠯᠡᠳᠬᠦ ᠂ ᠳᠤᠮᠳᠠᠳᠤ ᠤᠯᠤᠰ  ᠤᠨ ᠴᠢᠯᠠᠭᠤᠨ ᠲᠣᠰᠣ ᠬᠢᠮᠢ  ᠶᠢᠨ ᠠᠵᠤ ᠤᠢᠢᠯᠡᠳᠪᠤᠷᠢ ᠶᠢᠨ ᠪᠦᠯᠦᠭᠯᠡᠯ  ᠤᠨ ᠨᠡᠭᠦᠷᠡᠰᠦ  ᠪᠠᠷ ᠠᠯᠺᠧᠨ ᠦᠶᠯᠡᠳᠬᠦ ᠵᠡᠷᠭᠡ ᠴᠢᠬᠤᠯᠠ ᠶᠡᠭᠡ ᠲᠥᠷᠥᠯ ᠵᠦᠶᠯ  ᠢ ᠪᠣᠳᠠᠲᠠᠶᠢᠵᠢᠭᠤᠯᠤᠨ ᠪᠥᠲᠥᠭᠡᠨ ᠪᠠᠶᠢᠭᠤᠯᠬᠤ  ᠶᠢ ᠪᠥᠬᠦ ᠬᠦᠴᠦᠨ  ᠢᠶᠠᠷ  ᠢᠶᠠᠨ ᠠᠬᠢᠭᠤᠯᠵᠤ ᠂ ᠵᠢᠩ  ᠲᠠᠢ   ᠶᠢᠨ ᠬᠤᠶᠠᠳᠤᠭᠠᠷ ᠬᠤᠭᠤᠴᠠᠭᠠᠨ  ᠤ ᠴᠠᠬᠢᠯᠭᠠᠨ  ᠤ ᠦᠶᠯᠡᠳᠪᠦᠷᠢ ᠂ ᠤᠯᠤᠰ  ᠤᠨ ᠴᠠᠬᠢᠯᠭᠠᠨ ᠬᠦᠴᠦᠨ  ᠤ ᠪᠥᠲᠥᠭᠡᠨ ᠪᠠᠶᠢᠭᠤᠯᠤᠯᠲᠠ  ᠶᠢᠨ ᠪᠠᠯᠠ ᠣᠷᠣᠭᠤᠯᠤᠯᠲᠠ  ᠶᠢᠨ ᠴᠠᠩ ᠲᠠᠨ  ᠤ ᠴᠠᠬᠢᠯᠭᠠᠨ  ᠤ ᠦᠶᠯᠡᠳᠪᠦᠷᠢ ᠂ ᠬᠤᠢ ᠨᠧᠩ  ᠤᠨ ᠴᠠᠩ ᠲᠠᠨ  ᠤ ᠵᠠᠳᠠᠭᠠᠶ ᠠᠭᠤᠷᠬᠠᠶ ᠂ ᠶᠢᠨ  ᠲᠠᠢ ᠶᠢᠨ ᠴᠧᠩ ᠲᠠ ᠨᠡᠭᠦᠷᠡᠰᠦᠨ ᠠᠭᠤᠷᠬᠠᠶ ᠵᠡᠷᠭᠡ ᠲᠥᠷᠥᠯ ᠵᠦᠶᠯ  ᠢ ᠠᠰᠢᠭᠯᠠᠯᠲᠠ  ᠳᠤ ᠣᠷᠣᠭᠤᠯᠬᠤ  ᠶᠢ ᠲᠦᠷᠭᠡᠳᠬᠡᠨ ᠠᠬᠢᠭᠤᠯᠵᠤ ᠂ ᠲᠥᠷᠥᠯ ᠵᠦᠶᠯ  ᠤᠨ ᠡᠷᠲᠡ ᠪᠠᠷᠢᠯᠭ᠎ᠠ ᠡᠬᠢᠯᠡᠭᠦᠯᠬᠦ ᠂ ᠡᠷᠲᠡ ᠪᠠᠶᠢᠭᠤᠯᠵᠤ ᠳᠠᠭᠤᠰᠬᠠᠬᠤ ᠂ ᠡᠷᠲᠡ ᠦᠷ᠎ᠡ ᠪᠦᠲᠦᠮᠵᠢ ᠤᠯᠬᠤ  ᠶᠢ ᠦᠨᠡᠨ ᠬᠦ ᠪᠠᠲᠤᠯᠠᠵᠤ ᠂ ᠠᠷᠭ᠎ᠠ ᠪᠦᠬᠦᠨ  ᠢ ᠰᠦᠪᠡᠭᠴᠢᠯᠡᠨ ᠪᠠᠯᠠ ᠣᠷᠣᠭᠤᠯᠤᠯᠲᠠ  ᠶᠢ ᠥᠷᠭᠡᠳᠬᠡᠵᠤ ᠂ ᠠᠵᠤ ᠦᠢᠯᠡᠳᠪᠦᠷᠢ  ᠶᠢᠨ ᠠᠵᠤ ᠠᠬᠤᠢ ᠶᠢᠨ ᠡᠷᠬᠢᠯᠳᠡ  ᠶᠢ ᠪᠥᠬᠦ ᠬᠦᠴᠦᠨ  ᠢᠶᠠᠷ  ᠢᠶᠠᠨ ᠲᠣᠭᠲᠠᠭᠤᠨ ᠪᠠᠶᠢᠯᠭᠠᠨ᠎ᠠ ᠃ ︽ ᠠᠷᠪᠠᠨ ᠳᠥᠷᠪᠡᠳᠦᠭᠡᠷ ᠲᠠᠪᠤᠨ ᠵᠢᠯ ︾   ᠤᠨ ᠲᠥᠯᠥᠪᠵᠢᠭᠦᠯᠭᠡ  ᠶᠢᠨ ᠡᠬᠢᠨ  ᠤ ᠬᠤᠭᠤᠴᠠᠭᠠᠨ  ᠳᠤ ᠪᠥᠬᠦ ᠣᠷᠣᠨ  ᠤ ᠠᠩᠬᠠᠳᠠᠭᠴᠢ ᠮᠢᠩᠭᠠᠨ ᠳ᠋ᠦᠩᠰᠢᠭᠤᠷ ᠳᠦᠬᠦᠷᠢᠭ  ᠤᠨ ᠪᠣᠳᠠᠲᠤ ᠬᠦᠴᠦᠨ  ᠲᠠᠢ ᠬᠤᠰᠢᠭᠤ ᠲᠣᠭᠤᠷᠢᠭ  ᠢ ᠤᠷᠢᠳ  ᠢᠶᠠᠷ ᠪᠠᠶᠢᠭᠤᠯᠵᠤ ᠂ ᠮᠢᠩᠭᠠᠨ ᠳ᠋ᠦᠩᠰᠢᠭᠤᠷ ᠳᠦᠬᠦᠷᠢᠭ  ᠤᠨ ᠠᠵᠤ ᠦᠶᠯᠡᠰ  ᠤᠨ ᠰᠦᠷᠦᠭᠵᠢᠯ ᠂ ᠮᠢᠩᠭᠠᠨ ᠳ᠋ᠦᠩᠰᠢᠭᠤᠷ ᠳᠦᠬᠦᠷᠢᠭ  ᠤᠨ ᠦᠶᠯᠡᠳᠬᠦᠨ  ᠤ ᠥᠷᠲᠡᠭ  ᠤᠨ ᠬᠦᠷᠢᠶᠡᠯᠡᠩ ᠲᠣᠭᠤᠷᠢᠭ  ᠢ ᠪᠣᠶ ᠪᠣᠯᠭᠠᠬᠤ  ᠪᠠᠷ ᠴᠢᠷᠮᠠᠶᠢᠵᠤ ᠂ ᠡᠩ  ᠤᠨ ᠣᠯᠠᠨ ᠨᠡᠶᠢᠲᠡ  ᠶᠢᠨ ᠲᠥᠰᠦᠪ  ᠤᠨ ᠣᠷᠤᠯᠭ᠎ᠠ ᠶᠢ ᠵᠠᠭᠤᠨ ᠳ᠋ᠦᠩᠰᠢᠭᠤᠷ ᠳᠦᠬᠦᠷᠢᠭ  ᠠᠴᠠ ᠳᠠᠪᠠᠭᠤᠯᠵᠤ ᠂ ᠰᠢᠶᠠᠨ  ᠤ ᠤᠷᠤᠨ ᠪᠦᠰᠡ ᠶᠢᠨ ᠠᠵᠤ ᠠᠬᠤᠶ  ᠶᠢᠨ ᠨᠡᠷᠡᠰ  ᠤᠨ ᠵᠢᠭᠰᠠᠭᠠᠯᠲᠠ  ᠶᠢ ᠪᠥᠬᠦ ᠤᠯᠤᠰ  ᠤᠨ ᠡᠮᠦᠨ᠎ᠡ 20 ᠳ᠋ᠤᠭᠠᠷ  ᠲᠤ ᠣᠷᠣᠭᠤᠯᠬᠤ ᠪᠠᠷ ᠴᠢᠷᠮᠠᠶᠢᠨ᠎ᠠ ᠃   ᠵᠡᠭᠦᠨᠭᠠᠷ ᠬᠤᠰᠢᠭᠤ ᠨᠡᠭᠦᠷᠡᠰᠦᠨ  ᠤ ᠡᠬᠢ ᠪᠠᠶᠠᠯᠢᠭ  ᠤᠨ ᠲᠤᠮᠤ ᠬᠤᠰᠢᠭᠤ ᠪᠣᠯᠤᠭᠰᠠᠨ  ᠤ ᠬᠤᠪᠢ  ᠳᠤ ᠂ ᠡᠨᠧᠷᠭᠢ  ᠶᠢᠨ ᠠᠵᠤ ᠦᠢᠯᠡᠰ  ᠤᠨ ᠲᠠᠭᠠᠭᠤᠯᠬᠤ ᠪᠠ ᠳᠠᠶᠢᠴᠢᠯᠠᠬᠤ ᠦᠢᠯᠡᠳᠦᠯ  ᠢ ᠦᠨᠡᠨ ᠬᠦ ᠰᠠᠶᠢᠲᠤᠷ ᠪᠠᠳᠠᠷᠠᠭᠤᠯᠵᠤ ᠂ ᠡᠨᠧᠷᠭᠢ  ᠶᠢᠨ ᠠᠵᠤ ᠤᠢᠢᠯᠡᠰ  ᠤᠨ ᠬᠡᠯᠪᠡᠷᠢ  ᠶᠢ ᠬᠤᠪᠢᠷᠠᠭᠤᠯᠬᠤ  ᠪᠠᠷ ᠠᠵᠤ ᠦᠢᠯᠡᠰ  ᠤᠨ ᠬᠡᠯᠪᠡᠷᠢ  ᠪᠠᠨ ᠬᠤᠪᠢᠷᠠᠭᠤᠯᠬᠤ  ᠶᠢ  ᠳᠠᠶᠢᠴᠢᠯᠠᠨ᠎ᠠ ᠃ ᠨᠢᠭᠡ  ᠳᠤ ᠰᠢᠨ᠎ᠡ ᠡᠨᠧᠷᠭᠢ  ᠶᠢᠨ ᠠᠵᠤ ᠦᠢᠯᠡᠰ  ᠤᠨ ᠪᠦᠬᠦ ᠬᠡᠯᠬᠢᠶ᠎ᠡ  ᠶᠢᠨ ᠬᠥᠭᠵᠢᠯᠲᠡ  ᠶᠢ ᠲᠦᠷᠭᠡᠪᠴᠢᠯᠡᠨ ᠠᠬᠢᠭᠤᠯᠤᠨ᠎ᠠ ᠃ ᠴᠦᠯᠯᠡᠷᠭᠡᠭᠵᠢᠭᠰᠡᠨ ᠳᠠᠴᠢᠷᠰᠢᠭᠰᠠᠨ ᠤᠷᠤᠨ ᠂ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠪᠣᠯᠤᠨ ᠨᠡᠭᠦᠷᠡᠰᠦᠨ ᠠᠭᠤᠷᠬᠠᠶ  ᠶᠢᠨ ᠳᠠᠬᠢᠨ ᠬᠠᠭᠠᠯᠪᠤᠷᠢᠯᠠᠭᠰᠠᠨ ᠣᠷᠣᠨ ᠵᠡᠷᠭᠡ ᠣᠷᠣᠨ ᠪᠦᠰᠡ  ᠶᠢ ᠪᠦᠲᠦᠮᠵᠢᠲᠡᠶ ᠠᠰᠢᠭᠯᠠᠨ ᠂ ᠰᠠᠯᠬᠢᠨ ᠬᠦᠴᠦᠨ  ᠤ ᠴᠠᠬᠢᠯᠭᠠᠨ ᠂ ᠬᠡᠷᠡᠯ ᠴᠡᠨᠡᠭ  ᠤᠨ ᠴᠠᠬᠢᠯᠭᠠᠨ  ᠤ ᠨᠠᠩ ᠣᠯᠠᠨ ᠲᠥᠷᠥᠯ ᠵᠦᠶᠯ  ᠢ ᠵᠡᠭᠦᠨᠭᠠᠷ ᠬᠤᠰᠢᠭᠤᠨ  ᠳᠤ ᠨᠤᠳᠤᠭᠰᠢᠭᠤᠯᠬᠤ ᠪᠠᠷ ᠢᠳᠡᠪᠬᠢᠯᠡᠨ ᠴᠢᠷᠮᠠᠶᠢᠨ᠎ᠠ ᠃ ᠵᠡᠭᠦᠨᠭᠠᠷ ᠬᠤᠰᠢᠭᠤ  ᠶᠢ ᠤᠯᠤᠰ  ᠤᠨ ᠪᠥᠬᠦ ᠰᠢᠶᠠᠨ  ᠤ ᠤᠷᠤᠨ   ᠤ ᠬᠡᠷ  ᠤᠨ ᠣᠷᠣᠶ  ᠶᠢᠨ ᠲᠠᠷᠬᠠᠯᠲᠠ  ᠶᠢᠨ ᠮᠠᠶ᠋ᠢᠭ  ᠤᠨ ᠬᠡᠷᠡᠯ ᠴᠡᠨᠡᠭ  ᠤᠨ ᠨᠡᠭᠡᠭᠡᠨ ᠬᠥᠭᠵᠢᠭᠦᠯᠬᠦ ᠲᠤᠷᠰᠢᠯᠲᠠ  ᠶᠢᠨ ᠴᠡᠭ  ᠢᠶᠠᠷ ᠳᠤᠬᠳᠠᠭᠠᠬᠤ ᠠᠵᠠ ᠲᠣᠬᠢᠶᠠᠯ  ᠢ ᠡᠵᠡᠮᠳᠡᠨ ᠂ 40 ᠲᠦᠮᠡᠨ ᠺᠢᠯᠣᠸᠠᠲ  ᠤᠨ ᠬᠡᠷᠡᠯ ᠴᠡᠨᠡᠭ  ᠢᠶᠠᠷ ᠤᠰᠤᠲᠥ᠋ᠷᠥᠭᠴᠢ ᠦᠶᠯᠡᠳᠬᠦ ᠲᠥᠷᠥᠯ ᠵᠦᠶᠯ  ᠢ ᠪᠥᠬᠦ ᠬᠦᠴᠦᠨ  ᠢᠶᠠᠷ  ᠢᠶᠠᠨ ᠠᠬᠢᠭᠤᠯᠵᠤ ᠂ 24.3 ᠲᠦᠮᠡᠨ ᠺᠢᠯᠣᠸᠠᠲ  ᠤᠨ ᠲᠠᠷᠬᠠᠯᠲᠠ  ᠶᠢᠨ ᠮᠠᠶ᠋ᠢᠭ  ᠤᠨ ᠬᠡᠷᠡᠯ ᠴᠡᠨᠡᠭ  ᠤᠨ ᠲᠥᠷᠥᠯ ᠵᠦᠶᠯ  ᠢ ᠠᠯᠢ ᠲᠦᠷᠭᠡᠨ  ᠢᠶᠠᠷ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ ᠂ 340 ᠲᠦᠮᠡᠨ ᠺᠢᠯᠣᠸᠠᠲ  ᠤᠨ ᠬᠡᠷᠡᠯ ᠴᠡᠨᠡᠭ ᠰᠠᠯᠬᠢᠨ ᠬᠦᠴᠦᠨ  ᠤ ᠴᠠᠬᠢᠯᠭᠠᠨ  ᠤ ᠲᠥᠷᠥᠯ ᠵᠦᠶᠯ  ᠢ ᠪᠥᠬᠦ ᠬᠦᠴᠦᠨ  ᠢᠶᠠᠷ  ᠢᠶᠠᠨ ᠨᠠᠶᠢᠳᠠᠪᠤᠷᠢᠵᠢᠭᠤᠯᠬᠤ  ᠪᠠᠷ ᠴᠢᠷᠮᠠᠶᠢᠨ᠎ᠠ ᠃ ︽ ᠬᠠᠪᠳᠠᠰᠤᠨ ᠳᠣᠤᠷᠠᠬᠢ ︾ ᠠᠵᠤ ᠠᠬᠤᠶ  ᠶᠢ ᠢᠵᠢ ᠪᠥᠷᠢᠳᠦᠭᠦᠯᠦᠨ ᠬᠥᠭᠵᠢᠭᠦᠯᠵᠦ ᠂ ︽ ᠦᠵᠡᠮᠵᠢ  ᠶᠢᠨ ᠮᠠᠯ ᠲᠠᠷᠢᠶᠠᠯᠠᠩ ︾    ᠤᠨ ᠨᠢᠭᠡ ᠴᠣᠠᠠᠴᠠᠵᠢᠭᠤᠯᠤᠬᠰᠠᠨ ᠪᠥᠲᠥᠭᠡᠨ ᠪᠠᠶᠢᠭᠤᠯᠤᠯᠲᠠ  ᠶᠢ ᠣᠷᠣᠨ ᠪᠦᠰᠡ ᠬᠤᠪᠢᠶᠠᠨ ᠲᠥᠪᠯᠡᠷᠡᠭᠦᠯᠦᠨ ᠵᠠᠯᠭᠠᠯᠳᠤᠭᠤᠯᠤᠨ ᠠᠬᠢᠭᠤᠯᠵᠤ ᠂ ᠠᠮᠢ ᠠᠬᠤᠶ ᠪᠠ ᠠᠵᠤ ᠠᠬᠤᠢ  ᠶᠢᠨ ᠬᠤᠤᠰ ᠦᠷ᠎ᠡ ᠠᠰᠢᠭ ᠭᠥᠷᠳᠡᠬᠦ  ᠶᠢ ᠴᠢᠷᠮᠠᠶᠢᠨ ᠪᠡᠶᠡᠯᠡᠭᠦᠯᠦᠨ᠎ᠡ ᠃ ᠬᠤᠶᠠᠷ  ᠲᠤ ᠤᠯᠠᠮᠵᠢᠯᠠᠯᠲᠤ ᠳᠠᠪᠠᠭᠤᠯᠢᠭ ᠠᠵᠤ ᠦᠢᠯᠡᠰ  ᠢ ᠰᠢᠨ᠎ᠡ ᠠᠮᠢᠵᠢᠷᠠᠯ  ᠤᠨ ᠬᠦᠴᠦᠨ  ᠲᠠᠢ ᠪᠣᠯᠭᠠᠨ᠎ᠠ ᠃ ᠨᠡᠭᠦᠷᠡᠰᠦᠨ  ᠤ ᠠᠵᠤ ᠦᠶᠯᠡᠰ  ᠤᠨ ︽ ᠰᠠᠭᠤᠷᠢ ᠪᠤᠯᠬᠤ ︾ ᠴᠢᠬᠤᠯᠠ ᠦᠶᠯᠡᠳᠦᠯ  ᠢ ᠰᠠᠶᠢᠲᠤᠷ ᠪᠠᠳᠠᠷᠠᠭᠤᠯᠤᠨ ᠂ ᠨᠡᠭᠦᠷᠡᠰᠦᠨ  ᠤ ᠠᠵᠤ ᠤᠢᠢᠯᠡᠰ  ᠢ ᠤᠶᠤᠨᠵᠢᠭᠤᠯᠬᠤ ᠂ ᠪᠣᠬᠢᠷᠲᠤᠯ ᠥᠬᠡᠶ ᠪᠣᠯᠭᠠᠬᠤ ᠂ ᠡᠷᠴᠢᠮᠵᠢᠭᠦᠯᠦᠨ ᠨᠡᠭᠡᠭᠡᠨ ᠮᠠᠯᠲᠠᠬᠤ  ᠶᠢ ᠶᠡᠭᠡ ᠪᠠᠷ ᠠᠬᠢᠭᠤᠯᠵᠤ ᠂ ᠴᠢᠨᠠᠷ ᠰᠠᠶᠢᠲᠠᠶ ᠦᠶᠯᠡᠳᠪᠦᠷᠢᠯᠡᠯ  ᠤᠨ ᠴᠢᠳᠠᠪᠤᠷᠢ  ᠶᠢ ᠰᠤᠯᠠᠯᠠᠨ ᠭᠠᠷᠭᠠᠬᠤ  ᠶᠢ ᠲᠦᠷᠭᠡᠳᠬᠡᠨ ᠂ ᠵᠢᠯ  ᠤᠨ ᠨᠡᠭᠦᠷᠡᠰᠦᠨ  ᠤ ᠦᠶᠯᠡᠳᠪᠦᠷᠢᠯᠡᠯ  ᠤᠨ ᠴᠢᠳᠠᠪᠤᠷᠢ  ᠶᠢ 2.8 ᠳ᠋ᠦᠩᠰᠢᠭᠤᠷ ᠲᠣᠨ ᠣᠷᠴᠢᠮ ᠲᠣᠭᠲᠠᠭᠤᠨ ᠪᠠᠶᠢᠯᠭᠠᠬᠤ  ᠶᠢ ᠦᠨᠡᠨ ᠬᠦ ᠪᠠᠲᠤᠯᠠᠨ᠎ᠠ ᠃ ᠨᠡᠭᠦᠷᠡᠰᠦ ᠬᠢᠮᠢ  ᠶᠢᠨ ᠠᠵᠤ ᠦᠢᠯᠡᠳᠪᠦᠷᠢ  ᠶᠢᠨ ᠠᠵᠤ ᠦᠢᠯᠡᠰ  ᠤᠨ ᠳᠡᠭᠡᠳᠦ ᠦᠵᠦᠭᠦᠷᠰᠢᠯᠲᠡ ᠂ ᠣᠯᠠᠨ ᠡᠰᠢᠵᠢᠭᠦᠯᠦᠯᠲᠡ ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ  ᠶᠢ ᠪᠦᠬᠦ ᠲᠠᠯ᠎ᠠ  ᠪᠠᠷ ᠠᠬᠢᠭᠤᠯᠤᠨ ᠂ ᠳᠡᠭᠡᠳᠦ ᠳᠤᠤᠷᠠᠳᠤ ᠭᠡᠯᠬᠢᠶᠠᠨ  ᠤ ᠬᠡᠯᠬᠢᠶ᠎ᠡ ᠶᠢ ᠪᠤᠵᠠᠭᠠᠢᠢᠷᠠᠭᠤᠯᠬᠤ ᠂ ᠬᠡᠯᠬᠢᠶ᠎ᠡ ᠶᠢ ᠨᠦᠬᠦᠪᠤᠷᠢᠯᠡᠬᠦ ᠂ ᠬᠡᠯᠬᠢᠶ᠎ᠡ  ᠶᠢ ᠤᠷᠳᠤᠳᠬᠠᠬᠤ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ  ᠶᠢ ᠰᠠᠶᠢᠲᠤᠷ ᠬᠢᠵᠦ ᠂ ᠨᠡᠭᠦᠷᠡᠰᠦ  ᠪᠠᠷ ᠮᠧᠲ᠋ᠢᠯ ᠠᠯᠺᠣᠣᠯ ᠂ ᠡᠲ᠋ᠢᠯ ᠬᠤᠶᠠᠷᠴᠢ ᠠᠯᠺᠣᠣᠯ ᠵᠡᠷᠭᠡ ᠠᠩᠬᠠᠨ  ᠤ ᠪᠦᠲᠦᠭᠡᠭᠳᠡᠬᠦᠨ ᠤᠢᠢᠯᠡᠳᠪᠤᠷᠢᠯᠡᠳᠡᠭ ᠪᠠᠶᠢᠬᠰᠠᠨ ᠠᠴᠠ ᠪᠠᠨ ᠨᠡᠶᠢᠯᠡᠯᠭᠡ ᠰᠢᠷᠬᠡᠭᠯᠢᠭ ᠂ ᠨᠡᠶᠢᠯᠡᠮᠡᠯ ᠳᠠᠪᠠᠷᠬᠠᠢ ᠂ ᠨᠡᠶᠢᠯᠡᠮᠡᠯ ᠭᠤᠮ ᠵᠡᠷᠭᠡ ᠳᠡᠭᠡᠳᠦ  ᠮᠤᠯᠧᠺᠦ᠋ᠯᠳᠤ ᠰᠢᠨ᠎ᠡ ᠮᠠᠲ᠋ᠧᠷᠢᠶᠠᠯ ᠵᠢᠴᠢ ᠳᠤᠤᠷᠠᠳᠤ ᠭᠡᠯᠬᠢᠶᠠᠨ  ᠤ ᠳᠡᠭᠡᠳᠦ ᠦᠵᠦᠭᠦᠷ  ᠤᠨ ᠨᠠᠷᠢᠯᠢᠭ ᠬᠢᠮᠢ  ᠶᠢᠨ ᠠᠵᠤ ᠦᠢᠯᠡᠳᠪᠦᠷᠢ  ᠶᠢᠨ ᠪᠦᠲᠦᠭᠡᠭᠳᠡᠬᠦᠨ ᠲᠡᠰᠢ ᠤᠷᠲᠤᠳᠬᠠᠬᠤ  ᠶᠢ ᠠᠬᠢᠭᠤᠯᠵᠤ ᠂ ᠲᠦᠯᠡᠰᠢ  ᠠᠴᠠ ᠮᠠᠲ᠋ᠧᠷᠢᠶᠠᠯ ᠬᠦᠷᠲᠡᠯᠡᠬᠢ ᠠᠵᠤ ᠦᠢᠯᠡᠰ  ᠤᠨ ᠪᠦᠬᠦ ᠬᠡᠯᠬᠢᠶ᠎ᠡ  ᠶᠢ ᠪᠠᠶᠢᠭᠤᠯᠤᠨ᠎ᠠ ︔ ᠠᠵᠤ ᠠᠬᠤᠢᠢᠯᠠᠯ  ᠤᠨ ᠮᠡᠷᠭᠡᠵᠢᠯ   ᠤᠨ ᠪᠤᠭᠤᠮᠳᠠ ᠰᠢᠪᠳᠤᠯᠬᠤ  ᠶᠢ ᠲᠡᠮᠵᠢᠵᠤ ᠂ ᠨᠡᠭᠦᠷᠡᠰᠦ ᠬᠢᠮᠢ  ᠶᠢᠨ ᠠᠵᠤ ᠦᠢᠯᠡᠳᠪᠦᠷᠢ  ᠶᠢᠨ ᠠᠵᠢᠯ ᠲᠥᠷᠥᠯ  ᠤᠨ ᠨᠡᠭᠦᠷᠡᠰᠦᠲᠥ᠋ᠷᠥᠭᠴᠢ  ᠶᠢᠨ ᠭᠠᠳᠠᠭᠰᠢᠯᠠᠭᠤᠯᠤᠯᠲᠠ  ᠶᠢ ᠪᠠᠭᠠᠰᠬᠠᠬᠤ  ᠶᠢ ᠠᠬᠢᠭᠤᠯᠤᠨ ᠂ ᠠᠵᠤ ᠦᠢᠯᠡᠰ  ᠤᠨ ᠬᠡᠯᠬᠢᠶ᠎ᠡ  ᠶᠢᠨ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ  ᠶᠢ ᠪᠡᠶᠡᠯᠡᠭᠦᠯᠦᠨ᠎ᠡ ᠃ ᠤᠳᠤ ᠪᠠᠶᠢᠭ᠎ᠠ ᠨᠡᠭᠦᠷᠡᠰᠦ ᠴᠠᠬᠢᠯᠭᠠᠨ  ᠤ ᠤᠶᠠᠨ ᠬᠠᠳᠠᠨ ᠴᠢᠨᠠᠷᠳᠠᠢ ᠥᠭᠡᠷᠡᠴᠢᠯᠡᠯᠲᠡ  ᠶᠢ ᠲᠦᠷᠭᠡᠳᠬᠡᠨ ᠂ ᠥᠪᠥᠷ ᠮᠣᠩᠭᠤᠯ  ᠤᠨ ᠪᠠᠷᠠᠭᠤᠨ ᠬᠡᠰᠡᠭ  ᠠᠴᠠ ᠲᠢᠶᠠᠨᠵᠢᠨ  ᠤ ᠡᠮᠦᠨ᠎ᠡ ᠬᠡᠰᠡᠭ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠢᠵᠢ ᠪᠦᠷᠢᠳᠦᠭᠦᠯᠬᠦ ᠴᠠᠬᠢᠯᠭᠠᠨ ᠡᠭᠦᠰᠭᠡᠭᠴᠢ  ᠶᠢᠨ ᠴᠡᠭ  ᠤᠨ ᠪᠥᠳᠥᠭᠡᠨ ᠪᠠᠶᠢᠭᠤᠯᠤᠯᠲᠠ  ᠶᠢ ᠲᠦᠷᠭᠡᠳᠬᠡᠨ᠎ᠠ ᠃ ᠭᠤᠷᠪᠠ  ᠳᠤ ᠣᠷᠭᠠᠨᠢᠭ ᠪᠤᠰᠤ ᠲᠡᠮᠦᠷᠯᠢᠭ ᠪᠤᠰᠤ ᠮᠠᠲ᠋ᠧᠷᠢᠶᠠᠯ  ᠤᠨ ᠠᠵᠤ ᠦᠢᠯᠡᠰ  ᠢ ᠶᠡᠬᠡᠪᠡᠷ ᠬᠥᠭᠵᠢᠭᠦᠯᠦᠨ᠎ᠡ ᠃ ᠸᠠᠭᠠᠷ ᠱᠠᠭᠠᠵᠠᠩ  ᠤᠨ ᠵᠢᠷᠤᠭ ᠲᠥᠯᠥᠪᠯᠡᠭᠡᠨ  ᠤ ᠬᠦᠷᠢᠶᠡᠯᠡᠩ  ᠤᠨ ᠰᠤᠳᠤᠯᠤᠨ ᠨᠡᠭᠡᠭᠡᠬᠦ ᠳᠠᠪᠠᠭᠤᠯᠢᠭ  ᠢ ᠭᠦᠢᠴᠡᠳ ᠪᠠᠳᠠᠷᠠᠭᠤᠯᠤᠨ ᠂ ᠳᠡᠭᠡᠳᠦ ᠮᠡᠷᠭᠡᠵᠢᠯ  ᠤᠨ ᠸᠠᠭᠠᠷ ᠱᠠᠭᠠᠵᠠᠩ  ᠢᠶᠠᠷ ᠤᠳᠤᠷᠢᠳᠤᠮᠵᠢ ᠪᠣᠯᠭᠠᠭᠰᠠᠨ ᠂ ᠳᠡᠭᠡᠳᠦ ᠲᠡᠰ  ᠤᠨ ᠪᠠᠷᠢᠯᠭ᠎ᠠ  ᠶᠢᠨ ᠸᠠᠭᠠᠷ ᠱᠠᠭᠠᠵᠠᠩ ᠂ ᠡᠳᠦᠷ ᠲᠤᠳᠤᠮ  ᠤᠨ ᠬᠡᠷᠡᠭᠯᠡᠭᠡᠨ  ᠤ ᠸᠠᠭᠠᠷ ᠱᠠᠭᠠᠵᠠᠩ  ᠢᠶᠠᠷ ᠭᠤᠣᠯ ᠴᠣᠭᠴᠠ ᠪᠣᠯᠭᠠᠭᠰᠠᠨ ᠣᠯᠠᠨ ᠡᠰᠢᠵᠢᠭᠦᠯᠦᠯᠲᠡ   ᠶᠢᠨ ᠸᠠᠭᠠᠷ ᠱᠠᠭᠠᠵᠠᠩ  ᠤᠨ ᠠᠵᠤ ᠦᠢᠯᠡᠰ  ᠢ ᠶᠡᠬᠡᠪᠡᠷ ᠬᠥᠭᠵᠢᠭᠦᠯᠵᠦ ᠂ ᠤᠨᠴᠠᠯᠢᠭᠳᠤ ᠸᠠᠭᠠᠷ ᠱᠠᠭᠠᠵᠠᠩ  ᠤᠨ ᠲᠡᠷᠢᠭᠦᠨ  ᠤ ᠦᠢᠯᠡᠳᠬᠦ ᠠᠵᠤ ᠦᠢᠯᠡᠰ  ᠤᠨ ᠰᠦᠷᠦᠭᠵᠢᠯ  ᠢ ᠪᠤᠢ ᠪᠣᠯᠭᠠᠨ ᠂ ᠱᠠᠬᠳᠠᠷ  ᠢ ᠪᠦᠬᠦ ᠤᠯᠤᠰ  ᠲᠤ ᠨᠡᠷᠡᠳᠡᠢ ᠤᠨᠴᠠᠯᠢᠭᠳᠤ ᠸᠠᠭᠠᠷ ᠱᠠᠭᠠᠵᠠᠩ  ᠤᠨ ᠪᠠᠯᠭᠠᠰᠤ ᠪᠣᠯᠭᠠᠨ ᠪᠦᠳᠦᠭᠡᠨ ᠪᠠᠶᠢᠭᠤᠯᠤᠨ᠎ᠠ ᠃    ᠪᠢᠳᠠ ᠳᠦᠪ  ᠤᠨ ᠵᠤᠷᠢᠭ ᠰᠠᠨᠠᠭ᠎ᠠ ᠪᠠᠷ ᠪᠠᠷᠢᠮᠵᠢᠶᠠᠯᠠᠨ ᠨᠠᠶᠢᠳᠠᠪᠤᠷᠢᠵᠢᠭᠤᠯᠵᠤ ᠂ ᠵᠥᠷᠢᠶ᠎ᠡ  ᠳᠤ ᠵᠥᠪ  ᠢᠶᠠᠷ ᠬᠠᠨᠳᠤᠨ ᠂ ᠰᠢᠨᠵᠢᠯᠡᠬᠦ ᠤᠬᠠᠭᠠᠨᠴᠢ  ᠪᠠᠷ ᠲᠥᠯᠥᠪᠵᠢᠭᠦᠯᠵᠦ ᠂ ᠲᠦᠷᠭᠡᠨ ᠬᠡᠷᠡᠭᠵᠢᠭᠦᠯᠵᠦ ᠂ ᠵᠡᠭᠦᠨᠭᠠᠷ   ᠢᠶᠠᠨ ᠤᠷᠤᠰᠢᠨ ᠠᠮᠢᠳᠤᠷᠠᠬᠤ  ᠳᠤ ᠳᠠᠭᠠᠯᠠᠮᠵᠢᠲᠠᠢ ᠰᠠᠶᠢᠨ ᠰᠠᠶᠢᠬᠠᠨ ᠠᠮᠢᠳᠤᠷᠠᠯ ᠲᠠᠢ  ᠤᠷᠤᠨ ᠨᠤᠲᠤᠭ ᠪᠣᠯᠭᠠᠨ ᠪᠦᠳᠦᠭᠡᠨ ᠪᠠᠶᠢᠭᠤᠯᠵᠤ ᠂ ᠬᠦᠳᠡᠭᠡ ᠳᠤᠰᠬᠤᠨ  ᠢ ᠪᠦᠬᠦ ᠣᠷᠣᠨ  ᠤ ᠬᠦᠳᠡᠭᠡ ᠳᠤᠰᠬᠤᠨ  ᠢ ᠬᠥᠭᠵᠢᠭᠦᠯᠬᠦ ᠳᠠᠭᠤᠷᠢᠶᠠᠯ ᠦᠵᠡᠭᠦᠯᠬᠦ ᠣᠷᠣᠨ ᠪᠣᠯᠭᠠᠨ ᠪᠦᠳᠦᠭᠡᠨ ᠪᠠᠶᠢᠭᠤᠯᠤᠨ᠎ᠠ ᠃ ᠬᠤᠲᠠ  ᠶᠢᠨ ᠲᠠᠯ᠎ᠠ  ᠪᠠᠷ ᠂ ︽ ᠰᠢᠶᠠᠨ  ᠤ ᠬᠤᠲᠠᠴᠢᠯᠠᠯᠲᠠ ᠪᠤᠰᠤ ᠪᠠᠶᠢᠬᠤ ︾   ᠶᠢ ᠪᠠᠷᠢᠮᠲᠠᠯᠠᠵᠤ ᠂ ᠤᠯᠤᠰ  ᠤᠨ 4A ᠲᠠᠰ  ᠤᠨ ᠵᠤᠭᠠᠴᠠᠯ  ᠤᠨ ᠬᠤᠲᠠ  ᠶᠢᠨ ᠪᠠᠷᠢᠮᠵᠢᠶ᠎ᠠ ᠶᠣᠰᠣᠭᠠᠷ ᠪᠥᠲᠥᠭᠡᠨ ᠪᠠᠶᠢᠭᠤᠯᠤᠨ᠎ᠠ ᠃ ᠬᠥᠳᠡᠭᠡ ᠲᠣᠰᠬᠤᠨ  ᠤ ᠲᠠᠯ᠎ᠠ  ᠪᠠᠷ ᠂ ᠵᠢᠯ ᠪᠦᠷᠢ 1 ᠳ᠋ᠦᠩᠰᠢᠭᠤᠷ ᠲᠥᠭᠦᠷᠢᠭ ᠰᠢᠬᠠᠮ ᠤᠨ ᠬᠥᠳᠡᠭᠡ ᠲᠣᠰᠬᠤᠨ  ᠤ ᠠᠵᠤ ᠦᠢᠯᠡᠰ  ᠤᠨ ᠬᠥᠭᠵᠢᠯᠲᠡ  ᠶᠢᠨ ᠪᠡᠯᠡ ᠮᠥᠩᠭᠦ ᠭᠠᠷᠭᠠᠵᠤ ᠂ ᠠᠵᠤ ᠦᠢᠯᠡᠰ  ᠤᠨ ᠬᠥᠭᠵᠢᠨ ᠪᠤᠵᠠᠭᠠᠢᠢᠷᠠᠬᠤ  ᠶᠢ ᠳᠡᠮᠵᠢᠨ᠎ᠠ ᠃ 《 ᠵᠠᠬ᠎ᠠ ᠳᠡᠯᠭᠡᠭᠦᠷ + ᠺᠣᠮᠫᠠᠨᠢ + ᠳᠤᠰᠬᠠᠢ ᠬᠤᠷᠰᠢᠶᠠᠵᠢᠯ+ ᠮᠠᠯᠴᠢᠨ ᠲᠠᠷᠢᠶᠠᠴᠢᠨ 》  ᠤ ᠬᠡᠪ ᠵᠠᠭᠪᠤᠷ  ᠢ ᠶᠡᠭᠡ  ᠪᠠᠷ ᠬᠡᠷᠡᠭᠵᠢᠭᠦᠯᠵᠦ ᠂ ᠵᠠᠰᠠᠭ  ᠤᠨ ᠣᠷᠳᠣᠨ ᠪᠠ ᠠᠵᠤ ᠠᠬᠤᠢᠢᠯᠠᠯ ᠬᠠᠮᠲᠤᠷᠠᠨ ᠠᠵᠤ ᠦᠢᠯᠡᠰᠵᠢᠭᠰᠡᠨ ᠲᠣᠯᠣᠭᠠᠢᠢᠯᠠᠭᠴᠢ ᠬᠠᠩᠭᠠᠨ ᠪᠣᠷᠣᠯᠠᠭᠤᠯᠬᠤ ᠺᠣᠮᠫᠠᠨᠢ  ᠶᠢ ᠬᠠᠮᠲᠤ  ᠪᠠᠷ ᠪᠠᠶᠢᠭᠤᠯᠬᠤ  ᠶᠢ ᠬᠠᠶᠢᠨ ᠰᠦᠪᠡᠭᠴᠢᠯᠡᠵᠦ ᠂ ᠬᠥᠳᠡᠭᠡ ᠲᠣᠰᠬᠤᠨ  ᠤ ᠳᠠᠷᠢᠮᠠᠯ ᠲᠡᠵᠢᠭᠡᠪᠤᠷᠢ ᠶᠢᠨ ᠤᠢᠢᠯᠡᠰ ᠂ ᠦᠵᠡᠮᠵᠢᠲᠦ ᠮᠠᠯ ᠲᠠᠷᠢᠶᠠᠯᠠᠩ ᠵᠡᠷᠭᠡ ᠳᠦᠷᠤᠯ ᠵᠦᠢᠯ  ᠢ ᠬᠥᠭᠵᠢᠭᠦᠯᠬᠦ  ᠶᠢ ᠲᠠᠶᠢᠴᠢᠯᠠᠨ ᠂ ᠬᠥᠳᠡᠭᠡ ᠲᠣᠰᠬᠤᠨ  ᠢ ᠠᠵᠤ ᠦᠢᠯᠡᠰ  ᠤᠨ ᠬᠦᠷᠢᠶᠡᠯᠡᠩ ᠲᠣᠭᠤᠷᠢᠭ ᠂ ᠲᠠᠷᠢᠶᠠᠴᠢᠳ  ᠢ ᠠᠵᠤ ᠦᠢᠯᠡᠰ  ᠤᠨ ᠠᠵᠢᠯᠴᠢᠨ ᠪᠣᠯᠭᠠᠵᠤ ᠂ ᠨᠡᠩ ᠤᠯᠠᠨ ᠲᠠᠷᠢᠶᠠᠴᠢᠨ  ᠢ ᠭᠡᠷ  ᠤᠨ ᠡᠭᠦᠳᠡᠨ ᠳᠡᠭᠡᠨ ᠴᠠᠯᠢᠩ ᠮᠥᠩᠭᠦ ᠤᠯᠵᠤ ᠴᠢᠳᠠᠬᠤ ᠂ ᠬᠤᠪᠢ ᠣᠷᠣᠭᠤᠯᠤᠭᠰᠠᠨ ᠮᠥᠩᠭᠦ ᠬᠤᠪᠢᠶᠠᠵᠤ ᠤᠯᠬᠤ ᠂ ᠲᠦᠷᠢᠶᠡᠰᠦᠨ ᠮᠥᠩᠭᠦ ᠬᠤᠷᠢᠶᠠᠬᠤ ᠶᠢ ᠪᠡᠶᠡᠯᠡᠭᠦᠯᠵᠦ᠂ ᠣᠷᠤᠯᠭ᠎ᠠ ᠶᠢ ᠨᠢ ᠶᠡᠭᠡ ᠪᠠᠷ ᠨᠡᠮᠡᠭᠳᠡᠬᠦᠯᠬᠦ  ᠶᠢ ᠪᠡᠶᠡᠯᠡᠭᠦᠯᠦᠨ᠎ᠡ ᠃ ᠠᠷᠪᠠᠨ ᠳᠥᠷᠪᠡᠳᠦᠭᠡᠷ ᠲᠠᠪᠤᠨ ᠵᠢᠯ  ᠤᠨ ᠲᠥᠯᠥᠪᠵᠢᠭᠦᠯᠭᠡ  ᠶᠢᠨ ᠬᠤᠭᠤᠴᠠᠭᠠᠨ ᠳᠤ ᠂ ᠲᠠᠷᠢᠶᠠᠴᠢᠳ  ᠤᠨ ᠣᠷᠤᠯᠭ᠎ᠠ ᠶᠢ ᠵᠢᠯ ᠪᠤᠯᠭᠠᠨ ᠳᠤᠮᠳᠠᠴᠢ  ᠪᠠᠷ 2000 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ  ᠪᠠᠷ ᠴᠢᠷᠮᠠᠶᠢᠵᠤ ᠂ ᠠᠵᠤ ᠦᠢᠯᠡᠰ  ᠤᠨ ᠲᠥᠷᠥᠯ ᠵᠦᠢᠯ  ᠤᠨ ᠡᠭᠦᠳᠦᠭᠰᠡᠨ ᠣᠷᠣᠯᠭ᠎ᠠ  ᠶᠢ ᠲᠠᠷᠢᠶᠠᠴᠢᠳ  ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠤᠯᠭ᠎ᠠ    ᠶᠢᠨ 50% ᠠᠴᠠ ᠳᠡᠭᠡᠭᠰᠢ  ᠶᠢ ᠡᠵᠡᠯᠡᠭᠦᠯᠦᠨ᠎ᠡ ᠃    ᠰᠢᠨ᠎ᠡ ᠠᠶᠠᠨ  ᠳᠤ ᠳᠠᠷᠪᠠᠭᠤᠯ ᠬᠡᠶᠢᠰᠬᠡᠨ ᠠᠶᠠᠯᠠᠯ  ᠢᠶᠠᠨ ᠡᠬᠢᠯᠡᠭᠦᠯᠬᠦ  ᠳᠤ ᠂ ᠰᠢᠨ᠎ᠡ ᠪᠦᠭᠡᠳ ᠬᠦᠨᠳᠤ ᠡᠭᠦᠷᠭᠡ ᠬᠠᠷᠢᠭᠤᠴᠠᠯᠭ᠎ᠠ  ᠶᠢ ᠡᠭᠦᠷᠭᠡᠯᠡᠨ᠎ᠡ ᠃ ᠵᠡᠭᠦᠨᠭᠠᠷ ᠬᠤᠰᠢᠭᠤ ᠲᠥᠪ ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ ᠂ ᠬᠤᠳᠠ  ᠶᠢᠨ ᠨᠠᠮ  ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ  ᠶᠢ ᠲᠤᠭᠤᠰᠢᠲᠠᠢ ᠰᠠᠶᠢᠲᠤᠷ ᠨᠠᠶᠢᠳᠠᠪᠤᠷᠢᠵᠢᠭᠤᠯᠵᠤ ᠂ ᠰᠡᠳᠬᠢᠴᠡ  ᠪᠠᠨ ᠤᠯᠠᠮ ᠴᠢᠨᠠᠭᠰᠢᠳᠠ ᠳᠤᠳᠤᠷᠬᠠᠢᠢᠯᠠᠨ ᠂ ᠢᠲᠡᠭᠡᠯ ᠵᠣᠷᠢᠭ  ᠢᠶᠠᠨ ᠪᠠᠲᠤᠳᠬᠠᠵᠤ ᠂ ᠵᠣᠷᠢᠭᠲᠠᠢ  ᠪᠠᠷ ᠤᠷᠤᠭᠰᠢᠯᠠᠨ ᠲᠠᠪᠰᠢᠵᠦ ᠂ ᠬᠦᠴᠢᠷ  ᠢ ᠲᠤᠭᠤᠯᠤᠨ ᠪᠡᠷᠬᠡ  ᠶᠢ ᠳᠠᠪᠠᠵᠤ ᠂ ᠰᠢᠶᠠᠨ  ᠤ ᠤᠷᠤᠨ ᠪᠦᠰᠡ ᠶᠢᠨ ᠠᠵᠤ ᠠᠬᠤᠢ  ᠶᠢᠨ ᠬᠥᠭᠵᠢᠯᠲᠡ  ᠶᠢ ᠲᠦᠷᠭᠡᠳᠬᠡᠬᠦ ᠶᠠᠪᠤᠴᠠ  ᠳᠤ ᠲᠤᠭ  ᠢ ᠡᠷᠭᠦᠨ ᠳᠠᠭᠤᠷᠢᠶᠠᠯ ᠪᠤᠯᠵᠤ ᠂ ᠤᠷᠳᠤᠰ  ᠤᠨ ᠴᠢᠨᠠᠷ ᠰᠠᠶᠢᠲᠠᠢ ᠬᠥᠭᠵᠢᠯᠲᠡ  ᠳᠤ ᠦᠢᠯᠡᠴᠢᠯᠡᠬᠦ ᠶᠠᠪᠤᠴᠠ  ᠳᠤ ᠬᠦᠨᠳᠦ ᠡᠭᠦᠷᠭᠡ  ᠶᠢ ᠡᠭᠦᠷᠭᠡᠯᠡᠵᠦ ᠂ ᠡᠮᠦᠨ᠎ᠡ ᠨᠢ     ᠤᠷᠤᠭᠰᠢᠯᠠᠨ ᠂ ᠰᠢᠯᠢᠳᠡᠭ ᠬᠢᠷᠢ ᠪᠦᠲᠦᠮᠵᠢ  ᠪᠠᠷ  ᠢᠶᠠᠨ ᠨᠠᠮ ᠪᠣᠯᠤᠨ ᠠᠷᠠᠳ ᠲᠦᠮᠡᠨ  ᠳᠤ ᠬᠠᠨᠤᠮᠵᠢᠲᠠᠢ ᠬᠠᠷᠢᠭᠤᠯᠲᠠ  ᠶᠢᠨ ᠬᠠᠭᠤᠳᠠᠰᠤ ᠲᠤᠰᠢᠶᠠᠬᠤ  ᠪᠠᠷ ᠴᠢᠷᠮᠠᠶᠢᠨ᠎ᠠ ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ