ᠴᠢᠰᠤᠨ ᠳᠠᠷᠤᠯᠲᠠ ᠥᠨᠳᠥᠷ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠴᠠᠶᠢᠷᠠᠭᠤᠯᠵᠤ ᠪᠣᠯᠤᠨ᠎ᠠ
ᠨᠡᠶᠢᠲᠡᠯᠡᠭᠰᠡᠨ ᠴᠠᠭ᠄
2021/11/15
     ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ ᠲᠣᠪᠴᠢᠶ᠎ᠠ ᠮᠡᠳᠡᠭᠳᠡᠯ ᠨᠡᠶᠢᠳᠡᠯᠡᠵᠦ᠂ ᠥᠨᠥ ᠵᠢᠯ ᠤᠨ ᠰᠡᠭᠦᠯᠴᠢ  ᠠᠴᠠ ᠡᠮᠦᠨ᠎ᠡ᠂ ᠮᠤᠵᠢ ᠪᠣᠯᠭᠠᠨ ᠨᠠᠭᠠᠳᠤ ᠵᠠᠬ᠎ᠠ ᠳᠠᠭᠠᠨ ᠨᠢᠭᠡᠨ ᠨᠢᠭᠡᠳᠦᠯᠲᠡᠢ ᠲᠥᠯᠥᠪᠵᠢᠭᠦᠯᠦᠭᠰᠡᠨ ᠭᠠᠵᠠᠷ ᠣᠷᠣᠨ ᠢ ᠰᠣᠩᠭᠤᠵᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠪᠠ ᠣᠨᠴᠠᠭᠠᠢ ᠴᠢᠨᠠᠷᠲᠠᠢ ᠡᠪᠡᠳᠴᠢᠨ ᠤ ᠡᠮᠴᠢᠯᠡᠭᠡᠨ ᠤ ᠵᠠᠷᠤᠳᠠᠯ ᠢ ᠮᠤᠵᠢ ᠠᠯᠤᠰᠯᠠᠨ ᠰᠢᠭᠤᠳ ᠴᠠᠶᠢᠷᠠᠭᠤᠯᠬᠤ ᠲᠤᠷᠰᠢᠯᠲᠠ ᠶᠢᠨ ᠠᠵᠢᠯ ᠢ ᠡᠬᠢᠯᠡᠭᠦᠯᠬᠦ ᠬᠡᠷᠡᠭᠲᠡᠢ᠃ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠡᠭᠦᠳᠡᠨ ᠡᠮᠨᠡᠯᠭᠡ ᠶᠢᠨ ᠬᠤᠣᠷᠲᠤ ᠬᠠᠪᠤᠳᠠᠷ ᠤᠨ ᠬᠢᠮᠢ ᠶᠢᠨ ᠵᠠᠰᠠᠯ᠂ ᠰᠢᠭᠡᠰᠦᠨ ᠬᠤᠣᠷᠳᠠᠯ ᠪᠠ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠬᠠᠮᠢᠶᠠᠲᠠᠢ ᠡᠮᠴᠢᠯᠡᠭᠡ ᠵᠡᠷᠭᠡ ᠡᠭᠦᠳᠡᠨ ᠡᠮᠨᠡᠯᠭᠡ ᠶᠢᠨ ᠤᠳᠠᠭᠠᠨ ᠪᠠ ᠣᠨᠴᠠᠭᠠᠢ ᠴᠢᠨᠠᠷᠲᠠᠢ ᠡᠪᠡᠳᠴᠢᠨ ᠤ ᠬᠠᠮᠢᠶ᠎ᠠ ᠪᠦᠬᠦᠢ ᠵᠠᠷᠤᠳᠠᠯ ᠢ ᠮᠤᠵᠢ ᠠᠯᠤᠰᠯᠠᠨ ᠰᠢᠭᠤᠳ ᠴᠠᠶᠢᠷᠠᠭᠤᠯᠵᠤ᠂ ᠡᠭᠦᠨ ᠤ ᠰᠠᠭᠤᠷᠢᠨ ᠳᠡᠭᠡᠷ᠎ᠡ ᠴᠢᠨᠠᠭᠰᠢᠳᠠ ᠲᠦᠭᠡᠮᠡᠯᠵᠢᠭᠦᠯᠬᠦ ᠪᠤᠯᠤᠨ᠎ᠠ ᠬᠡᠵᠠᠢ᠃
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ