| ᠵᠡᠭᠦᠨᠭᠠᠷ᠂ ᠮᠣᠩᠭᠤᠯ ᠬᠡᠯᠡ᠂ ᠬᠢᠲᠠᠳ ᠤᠳᠬ᠎ᠠ ᠨᠢ ︽ᠵᠡᠭᠦᠨ ᠭᠠᠷ︾ ᠭᠡᠰᠡᠨ ᠤᠳᠬ᠎ᠠ ᠲᠠᠢ᠂ ᠱᠠᠨ ᠰᠢ ᠱᠠᠨᠰᠢ ᠥᠪᠥᠷ ᠮᠣᠩᠭᠤᠯ ᠭᠤᠷᠪᠠᠨ ᠮᠤᠵᠢ ᠶᠢᠨ | ᠠᠭᠤᠯᠵᠠᠷ ᠲᠤ ᠪᠠᠶᠢᠷᠢᠯᠠᠵᠤ᠂ ᠬᠠᠲᠤᠨ ᠭᠤᠣᠯ ᠨᠢ ᠬᠤᠶᠢᠲᠤ ᠲᠠᠯ᠎ᠠ᠂ ᠵᠡᠭᠦᠨ ᠲᠠᠯ᠎ᠠ᠂ ᠡᠮᠦᠨ᠎ᠡ ᠲᠠᠯ᠎ᠠ ᠪᠠᠷ 238 ᠺᠢᠯᠣᠮᠧᠲᠷ ᠤᠷᠤᠰᠤᠨ ᠥᠩᠭᠡᠷᠡᠵᠦ᠂ ᠭᠤᠣᠯ | ᠠᠯᠤᠰᠯᠠᠨ ᠱᠠᠨ ᠰᠢ᠂ ᠱᠠᠨᠰᠢ ᠲᠠᠢ ᠬᠥᠷᠰᠢᠯᠡᠵᠦ᠂ ᠶᠡᠷᠦ ᠠᠴᠠ ︽ᠲᠠᠬᠢᠶ᠎ᠡ ᠲᠤᠤᠭᠠᠷᠪᠠᠯ ᠭᠤᠷᠪᠠᠨ ᠮᠤᠵᠢ ᠤᠷᠤᠨ ᠳᠤ ᠰᠤᠨᠤᠰᠳᠠᠳᠠᠭ︾ ᠭᠡᠰᠡᠨ ᠴᠤᠯᠠ ᠲᠠᠢ | ᠪᠠᠶᠢᠳᠠᠭ᠂ ᠭᠠᠵᠠᠷ ᠤᠨ ᠲᠥᠷᠬᠦ ᠨᠢ ᠠᠭᠤᠯᠠ ᠳᠣᠪᠣᠷᠬᠠᠭ ᠭᠤᠣ ᠭᠠᠩᠭ᠎ᠠ ᠪᠠᠷ ᠭᠤᠣᠯᠯᠠᠵᠤ᠂ ︽ᠳᠣᠯᠣᠭᠠᠨ ᠬᠤᠪᠢ ᠶᠢᠨ ᠠᠭᠤᠯᠠ ᠬᠤᠶᠠᠷ ᠬᠤᠪᠢ ᠶᠢᠨ ᠡᠯᠡᠰᠦ | ᠨᠢᠭᠡ ᠬᠤᠪᠢ ᠶᠢᠨ ᠲᠠᠷᠢᠶ᠎ᠠ︾ ᠭᠡᠰᠡᠨ ᠠᠯᠳᠠᠷᠲᠠᠶ ᠶᠤᠮ᠃ ᠪᠥᠬᠦ ᠬᠤᠰᠢᠭᠤᠨ ᠤ ᠶᠡᠷᠦᠩᠬᠡᠶ ᠲᠠᠯᠠᠪᠠᠶ ᠨᠢ 7692 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 2 | ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ 10 ᠰᠤᠮᠤ ᠰᠢᠶᠠᠩ ᠪᠠᠯᠭᠠᠰᠤ᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ ᠬᠠᠷᠢᠶᠠᠯᠠᠬᠳᠠᠵᠤ᠂ | ᠨᠡᠶᠢᠲᠡ 158 ᠭᠠᠴᠠᠭ᠎ᠠ ᠲᠣᠰᠬᠤᠨ᠂ 42 ᠨᠡᠶᠢᠭᠡᠮ ᠲᠣᠭᠤᠷᠢᠭ᠂ ᠪᠠᠶᠢᠩᠭᠤ ᠰᠠᠭᠤᠭ᠎ᠠ ᠬᠥᠮᠦᠨ ᠠᠮᠠ ᠨᠢ 35.9 ᠲᠦᠮᠡ ᠪᠠᠶᠢᠵᠤ᠂ ᠮᠣᠩᠭᠤᠯ᠂ ᠬᠢᠲᠠᠳ᠂ | ᠬᠤᠲᠣᠩ᠂ ᠮᠠᠨᠵᠤ᠂ ᠲᠥᠪᠡᠳ ᠵᠡᠷᠭᠡ 15 ᠦᠨᠳᠦᠰᠦᠲᠡᠨ ᠰᠠᠭᠤᠷᠢᠰᠢᠵᠤ ᠪᠣᠶ᠃ ᠬᠢᠯᠢ ᠶᠢᠨ ᠳᠣᠲᠣᠷᠠᠬᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ | ᠳᠡᠯᠪᠡᠭ ᠪᠠᠶᠢᠵᠤ᠂ ᠬᠠᠶᠢᠨ ᠳᠣᠲᠣᠯᠠᠭᠰᠠᠨ ᠨᠡᠭᠦᠷᠡᠰᠦᠨ ᠤ ᠬᠠᠳᠠᠭᠠᠯᠠᠭᠳᠠᠴᠠ ᠨᠢ 582 ᠳ᠋ᠦᠩᠰᠢᠭᠤᠷ ᠲᠣᠨ᠂ ᠠᠯᠤᠰ ᠬᠡᠲᠦ ᠶᠢᠨ ᠬᠠᠳᠠᠭᠠᠯᠠᠭᠳᠠᠴᠠ ᠨᠢ 1000 | ᠳ᠋ᠦᠩᠰᠢᠭᠤᠷ ᠲᠣᠨ ᠠᠴᠠ ᠳᠡᠭᠡᠭᠰᠢ ᠪᠠᠶᠢᠵᠤ᠂ ᠦᠨᠡᠰᠦ ᠪᠠᠭᠠᠲᠠᠶ᠂ ᠹᠣᠰᠹᠣᠷ ᠪᠠᠭᠠᠲᠠᠶ᠂ ᠬᠦᠬᠦᠷ ᠪᠠᠭᠠᠲᠠᠶ᠂ ᠢᠯᠴᠢ ᠶᠡᠬᠡᠲᠡᠶ ︽ᠪᠣᠬᠢᠷᠲᠤᠯ ᠥᠬᠡᠶ ᠨᠡᠭᠦᠷᠡᠰᠦ︾ | ᠭᠡᠰᠡᠨ ᠰᠠᠶᠢᠬᠠᠨ ᠨᠡᠷ᠎ᠡ ᠲᠠᠢ ᠪᠠᠶᠢᠳᠠᠭ︔ ᠡᠭᠦᠨ ᠤ ᠬᠠᠮᠲᠤ ᠪᠠᠰᠠ ᠭᠤᠤ ᠯᠢᠩ ᠰᠢᠷᠣᠶ᠂ ᠴᠣᠬᠤᠶ ᠶᠢᠨ ᠴᠢᠯᠠᠭᠤ᠂ ᠭᠦᠩᠭᠡᠨᠴᠠᠭᠠᠨ ᠪᠠᠶᠢᠪᠠᠩ ᠰᠢᠷᠣᠶ᠂ ᠪᠠᠶ ᠶᠦᠨ | ᠶᠠᠨ᠂ ᠥᠭᠡᠬᠦᠨ ᠴᠢᠯᠠᠭᠤᠨ ᠡᠯᠡᠰᠦ᠂ ᠨᠡᠭᠦᠷᠡᠰᠦᠨ ᠳᠠᠪᠬᠤᠷᠭ᠎ᠠ ᠶᠢᠨ ᠬᠡᠢ ᠵᠡᠷᠭᠡ ᠡᠯᠪᠡᠭ ᠪᠠᠶᠠᠯᠢᠭ ᠡᠬᠢ ᠪᠠᠶᠠᠯᠢᠭ ᠲᠠᠢ ᠪᠠᠶᠢᠳᠠᠭ᠃ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠡᠯᠪᠡᠭ ᠳᠡᠯᠪᠡᠭ ᠪᠠᠶᠢᠵᠤ᠂ ᠬᠠᠲᠤᠨ ᠭᠤᠤᠯ ᠤᠨ ᠶᠡᠭᠡ ᠬᠠᠪᠴᠢᠯ᠂ ᠨᠠᠷᠠᠰᠤᠨ ᠸᠠᠩ᠂ ᠠᠭᠤᠢ ᠶᠢᠨ ᠰᠦᠮ᠎ᠡ ᠶᠢᠨ ᠪᠠᠯᠠᠷ ᠡᠷᠲᠡᠨ ᠤ ᠳᠡᠳ᠋ ᠣᠶ ᠰᠢᠭᠤᠶ | ᠵᠡᠷᠭᠡ ᠪᠠᠶᠢᠭᠠᠯᠢ ᠶᠢᠨ ᠪᠠ ᠬᠥᠮᠦᠨ ᠰᠣᠶᠣᠯ ᠤᠨ ᠦᠵᠡᠮᠵᠢ ᠶᠢᠨ ᠥᠪᠡᠷᠮᠢᠴᠡ ᠣᠨᠴᠠᠯᠢᠭ ᠲᠠᠢ ᠪᠠᠶᠢᠵᠤ᠂ ᠮᠣᠩᠭᠤᠯ ᠬᠢᠲᠠᠳ ᠠᠭᠤᠰᠤᠯᠴᠠᠭᠰᠠᠨ ᠠᠷᠠᠳ ᠤᠨ | ᠤᠷᠠᠯᠢᠭ ᠤᠨ ︽ᠮᠠᠩᠬᠠᠨ ᠠᠶᠠᠯᠭᠤ︾ ᠨᠢ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠲᠣᠭᠳᠠᠭᠠᠭᠳᠠᠭᠰᠠᠨ ᠪᠠᠶᠢᠨ᠎ᠠ᠃ ᠪᠥᠬᠦ ᠤᠯᠤᠰ ᠤᠨ ᠪᠣᠯᠪᠠᠰᠤᠨ | ᠰᠢᠶᠠᠨ ᠤ ᠬᠤᠲᠠ᠂ ᠪᠥᠬᠦ ᠤᠯᠤᠰ ᠤᠨ ᠴᠡᠴᠡᠷᠯᠢᠭᠵᠢᠭᠦᠯᠦᠭᠰᠡᠨ ᠰᠢᠶᠠᠨ ᠤ ᠬᠤᠲᠠ᠂ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠪᠥᠬᠦ | ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ ᠪᠣᠯᠪᠠᠰᠤᠨ ᠤ ᠬᠤᠰᠢᠭᠤ᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢᠨ ᠲᠡᠷᠢᠭᠦᠨ ᠤ ᠬᠤᠰᠢᠭᠤ᠂ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠲᠡᠷᠢᠭᠦᠨ ᠤ ᠬᠠᠮᠲᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠠᠮᠲᠤ ᠪᠣᠯᠤᠨ᠎ᠠ᠃ | 2020 ᠣᠨ ᠳᠤ᠂ ᠪᠥᠬᠦ ᠬᠤᠰᠢᠭᠤᠨ ᠤ ᠤᠷᠤᠨ ᠨᠤᠳᠤᠭ ᠤᠨ ᠦᠢᠯᠡᠳᠪᠤᠷᠢᠯᠠᠯ ᠤᠨ ᠶᠡᠷᠦᠩᠬᠡᠶ ᠥᠷᠲᠡᠭ ᠢ 751.91 ᠳ᠋ᠦᠩᠰᠢᠭᠤᠷ ᠲᠥᠭᠦᠷᠢᠭ | ᠪᠡᠶᠡᠯᠡᠭᠦᠯᠪᠡ ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 4.2% ᠢᠶᠠᠷ ᠨᠡᠮᠡᠭᠳᠡᠵᠦ᠂ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ | ᠪᠣᠯᠪᠠ︔ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠶᠢᠯᠡᠭᠰᠡᠨ ᠶᠡᠷᠦᠩᠭᠡᠢ ᠲᠤᠭ᠎ᠠ ᠨᠢ 55 % ᠪᠠᠷ ᠪᠠᠭᠤᠷᠠᠵᠤ᠂ ᠠᠯᠬᠤᠮ | ᠠᠯᠬᠤᠮ ᠢᠶᠠᠷ ᠳᠡᠭᠡᠭᠰᠢᠯᠡᠵᠦ ᠪᠠᠭᠠᠰᠬᠤ ᠪᠠᠶᠢᠳᠠᠯ ᠲᠠᠢ ᠪᠣᠯᠪᠠ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 82.7 ᠳ᠋ᠦᠩᠰᠢᠭᠤᠷ | ᠲᠥᠭᠦᠷᠢᠭ ᠢᠶᠠᠷ ᠲᠣᠬᠢᠷᠠᠭᠤᠯᠵᠤ᠂ 0.1% ᠪᠠᠷ ᠨᠡᠮᠡᠭᠳᠡᠪᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠲᠤᠬᠢᠷᠠᠭᠤᠯᠵᠤ ᠪᠣᠯᠬᠤ ᠣᠷᠣᠯᠭ᠎ᠠ ᠨᠢ51380 ᠲᠥᠭᠦᠷᠢᠭ ᠪᠠ 20944 ᠲᠥᠭᠦᠷᠢᠭ ᠲᠤ ᠬᠦᠷᠴᠦ᠂ ᠲᠤᠰ ᠲᠤᠰ 0.5 % ᠪᠠ 5.7% ᠪᠠᠷ ᠨᠡᠮᠡᠭᠳᠡᠪᠡ᠃ | 2021 ᠣᠨ ᠤ 1 — 8 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 12.3% ᠨᠡᠮᠡᠭᠳᠡᠵᠦ᠂ 2019 | ᠣᠨ ᠤ ᠠᠳᠠᠯᠢ ᠬᠤᠭᠤᠴᠠᠭᠠᠨ ᠤ ᠬᠢ ᠠᠴᠠ 18.7% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ | 63 ᠳ᠋ᠦᠩᠰᠢᠭᠤᠷ ᠲᠥᠭᠦᠷᠢᠭ ᠲᠤ ᠬᠦᠷᠴᠦ᠂ 10.8% ᠢᠶᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 0.2% ᠢᠶᠠᠷ ᠪᠠᠭᠤᠷᠠᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠤᠷᠢᠯᠠᠯ ᠤᠨ ᠶᠡᠷᠦᠩᠬᠡᠢ ᠦᠷᠳᠡᠭ 46.7% ᠨᠡᠮᠡᠭᠳᠡᠵᠦ᠂ 2019 ᠣᠨ ᠤ ᠠᠳᠠᠯᠢ | ᠬᠤᠭᠤᠴᠠᠭᠠᠨ ᠤ ᠬᠢ ᠠᠴᠠ 25.1% ᠨᠡᠮᠡᠭᠳᠡᠵᠡᠢ᠃ ᠲᠦᠷᠦᠭᠦᠤ ᠭᠤᠷᠪᠠᠨ ᠤᠯᠠᠷᠢᠯ ᠳᠤ᠂ ᠵᠢᠱᠢᠯᠲᠡ ᠪᠠᠷ ᠤᠷᠤᠨ ᠨᠤᠳᠤᠭ ᠤᠨ ᠦᠢᠡᠯᠳᠪᠤᠷᠢᠯᠡᠯ ᠤᠨ | ᠶᠡᠷᠤᠦᠩᠭᠡᠢ ᠥᠷᠲᠡᠭ ᠢ 690 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 7. | 8% ᠪᠠᠷ ᠪᠠᠭᠤᠷᠠᠪᠠ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 6.5% ᠣᠷᠴᠢᠮ ᠨᠡᠮᠡᠭᠳᠡᠵᠦ᠂ 2019 ᠣᠨ ᠤ ᠠᠳᠠᠯᠢ | ᠬᠤᠭᠤᠴᠠᠭᠠᠨ ᠤ ᠬᠢ ᠠᠴᠠ 21.3% ᠣᠷᠴᠢᠮ ᠨᠡᠮᠡᠭᠳᠡᠪᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 4% ᠣᠷᠴᠢᠮ ᠪᠠ 5 % ᠣᠷᠴᠢᠮ ᠨᠡᠮᠡᠭᠳᠡᠪᠡ᠃ 10 ᠰᠠᠷ᠎ᠠ ᠶᠢᠨ 10 ᠤ ᠡᠳᠦᠷ ᠪᠣᠯᠲᠠᠯ᠎ᠠ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠨᠢ74.4 ᠳ᠋ᠦᠩᠰᠢᠭᠤᠷ ᠲᠥᠭᠦᠷᠢᠭ ᠲᠤ ᠬᠦᠷᠴᠦ᠂ 32.6% ᠪᠠᠷ ᠨᠡᠮᠡᠭᠳᠡᠨ᠂ 2019 ᠣᠨ ᠤ ᠠᠳᠠᠯᠢ | ᠬᠤᠭᠤᠴᠠᠭᠠᠨ ᠤ ᠬᠢ ᠠᠴᠠ 17.4% ᠪᠠᠷ ᠨᠡᠮᠡᠭᠳᠡᠵᠡᠶ᠃ | |