1. ᠰᠠ ᠳᠤ ᠲᠠᠭᠠᠷᠢᠭᠳᠠᠬᠤ ᠶᠢ ᠰᠡᠷᠬᠡᠶᠢᠯᠡᠨ᠎ᠡ᠃ ᠲᠦᠮᠦᠰᠦᠨ ᠳᠤ ᠮᠠᠰᠢ ᠡᠯᠪᠡᠭ ᠸᠢᠲ᠋ᠠᠮᠢᠨ B ᠶᠢᠨ ᠪᠦᠯᠦᠭ ᠪᠤᠯᠤᠨ ᠤᠨᠴᠠ ᠰᠠᠶᠢᠨ ᠰᠢᠷᠬᠡᠭᠯᠢᠭ ᠡᠳ᠋ ᠪᠡᠶ᠎ᠡ | ᠮᠠᠬᠠᠪᠤᠳ ᠤᠨ ᠦᠳᠡᠯᠬᠦ ᠶᠢ ᠤᠳᠠᠭᠠᠰᠢᠷᠠᠭᠤᠯᠬᠤ ᠳᠤ ᠴᠢᠬᠤᠯᠠ ᠦᠢᠯᠡᠳᠦᠯ ᠦᠵᠡᠬᠦᠯᠳᠡᠭ᠃ ᠲᠦᠮᠦᠰᠦᠨ ᠳᠤ ᠡᠯᠪᠡᠭ ᠪᠠᠶᠢᠳᠠᠭ ᠢᠳᠡᠰᠢ ᠶᠢᠨ ᠰᠢᠷᠬᠡᠭᠯᠢᠭ ᠪᠤᠯᠤᠨ | ᠨᠢᠰᠢᠩᠬᠦ ᠶᠢᠨ ᠰᠢᠬᠢᠷ ᠰᠢᠩᠬᠡᠬᠡᠯᠳᠡ ᠶᠢᠨ ᠵᠠᠮ ᠤᠨ ᠦᠮᠡᠨ ᠢ ᠰᠡᠷᠬᠡᠶᠢᠯᠡᠨ ᠡᠮᠴᠢᠯᠡᠵᠦ᠂ ᠴᠢᠰᠦᠨ ᠳᠠᠬᠢ ᠰᠦᠰᠦᠨ ᠴᠢᠯᠠᠭᠤᠯᠢᠭ ᠠᠯᠺᠤᠤᠯ ᠤᠨ ᠠᠭᠤᠯᠤᠭᠳᠠᠴᠠ ᠶᠢ | ᠡᠷᠬᠡᠰᠢᠶᠡᠬᠦ ᠳᠤ ᠲᠤᠰᠠᠳᠠᠢ᠃ ᠡᠬᠦᠨ ᠤ ᠲᠤᠳᠤᠷᠠᠬᠢ ᠨᠢᠯᠴᠠᠭᠠᠢ ᠤᠭᠤᠷᠠᠭ ᠨᠢ ᠵᠢᠷᠤᠬᠡ ᠴᠢᠰᠦᠨ ᠰᠤᠳᠠᠯ ᠤᠨ ᠡᠪᠡᠳᠴᠢᠨ ᠬᠡᠮ ᠢ ᠤᠷᠢᠳᠴᠢᠯᠠᠨ ᠰᠡᠷᠬᠡᠶᠢᠯᠡᠳᠡᠭ᠃ | ᠲᠦᠮᠦᠰᠦ ᠪᠠᠰᠠ ᠺᠠᠯᠢ ᠶᠢᠨ ᠡᠯᠧᠮᠧᠨ᠋ᠲ ᠡᠯᠪᠡᠭ ᠠᠭᠤᠯᠤᠭᠳᠠᠳᠠᠭ ᠪᠠᠨᠠᠨᠠ᠂ ᠬᠦᠢᠯᠡᠰᠦ᠂ ᠲᠤᠭᠤᠷ ᠲᠠᠢ ᠠᠳᠠᠯᠢᠬᠠᠨ ᠰᠠ ᠡᠪᠡᠳᠴᠢᠨ ᠲᠤᠰᠬᠤ ᠠᠶᠤᠯ ᠢ ᠪᠠᠭᠠᠰᠬᠠᠬᠤ | ᠮᠦᠷᠳᠡᠬᠡᠨ ᠶᠠᠮᠠᠷᠴᠦ ᠭᠠᠵᠢᠭᠤ ᠦᠢᠯᠡᠳᠦᠯ ᠦᠬᠡᠢ᠃ ᠰᠤᠳᠤᠯᠭᠠᠳᠠᠳ᠂ ᠡᠳᠦᠷ ᠪᠤᠯᠭᠠᠨ ᠨᠢᠬᠡ ᠲᠦᠮᠦᠰᠦ ᠢᠳᠡᠪᠡᠯ ᠰᠠ ᠳᠤ ᠲᠠᠭᠠᠷᠢᠭᠳᠠᠬᠤ ᠲᠤᠬᠢᠶᠠᠯᠳᠤᠮᠵᠢ | 40% ᠪᠠᠷ ᠲᠤᠷᠤᠭᠰᠢᠯᠠᠨ᠎ᠠ ᠬᠡᠵᠦ ᠵᠢᠭᠠᠵᠦ ᠭᠠᠷᠭᠠᠭᠰᠠᠨ ᠪᠠᠶᠢᠨ᠎ᠠ᠃ | 2. ᠮᠠᠷᠢᠶ᠎ᠠ ᠰᠢᠭᠤᠷᠠᠨ᠎ᠠ᠃ ᠲᠦᠮᠦᠰᠦ ᠢᠳᠡᠬᠦ ᠳᠤ ᠪᠡᠶ᠎ᠡ ᠮᠠᠬᠠᠪᠤᠳ ᠲᠤ ᠦᠬᠡᠬᠦ ᠬᠤᠷᠠᠮᠳᠤᠬᠤ ᠠᠴᠠ ᠰᠠᠨᠠᠭ᠎ᠠ ᠪᠣᠯᠬᠤ ᠤᠴᠢᠷ ᠦᠬᠡᠢ᠃ ᠲᠡᠬᠦᠨ ᠳᠤ᠂ | ᠵᠦᠪᠬᠡᠨ 0.1% ᠶᠢᠨ ᠯᠡ ᠦᠬᠡᠬᠦ ᠠᠭᠤᠯᠤᠭᠳᠠᠳᠠᠭ᠃ ᠲᠡᠶᠢᠮᠦ ᠠᠴᠠ᠂ ᠡᠳᠦᠷ ᠪᠤᠯᠭᠠᠨ ᠲᠦᠮᠦᠰᠦ ᠢᠯᠡᠬᠦᠬᠡᠨ ᠢᠳᠡᠪᠡᠯ ᠪᠡᠶ᠎ᠡ ᠮᠠᠬᠠᠪᠤᠳ ᠲᠤ ᠰᠢᠩᠬᠡᠬᠦ ᠦᠬᠡᠬᠦ | ᠬᠠᠰᠤᠭᠳᠠᠵᠦ᠂ ᠢᠯᠡᠬᠦᠴᠡ ᠦᠬᠡᠬᠦ ᠠᠯᠭᠤᠷ ᠰᠤᠯᠢᠯᠴᠠᠭ᠎ᠠ ᠪᠠᠷ ᠭᠠᠳᠠᠭᠰᠢᠯᠠᠬᠤ ᠪᠤᠯᠤᠨ᠎ᠠ᠃ ᠲᠠᠬᠢᠪᠠᠯ ᠲᠦᠮᠦᠰᠦ ᠢᠳᠡᠪᠡᠯ ᠰᠢᠮ᠎ᠡ ᠲᠡᠵᠢᠬᠡᠯ ᠴᠤᠯᠭᠤᠶᠢᠳᠠᠨ ᠡᠷᠡᠬᠦᠯ | ᠮᠡᠨᠳᠦ ᠬᠤᠬᠢᠷᠠᠬᠤ ᠠᠴᠠ ᠰᠠᠨᠠᠭ᠎ᠠ ᠵᠤᠪᠠᠭ᠋ᠤ ᠵᠦᠢᠯ ᠦᠬᠡᠢ᠃ ᠲᠦᠮᠦᠰᠦᠨ ᠳᠤ ᠠᠭᠤᠯᠤᠭᠳᠠᠭ᠎ᠠ ᠰᠢᠯᠢᠳᠡᠭ ᠴᠢᠨᠠᠷ ᠤᠨ ᠤᠭᠤᠷᠠᠭ ᠤᠨ ᠰᠢᠮ᠎ᠡ ᠲᠡᠵᠢᠬᠡᠯ ᠤᠨ ᠦᠷᠳᠡᠭ | ᠴᠦ ᠲᠡᠷᠡ᠂ ᠡᠷᠡᠬᠦᠯᠵᠢᠯ ᠤᠨ ᠦᠢᠯᠡᠳᠦᠯ ᠨᠢ ᠴᠦ ᠪᠤᠯᠤᠭ᠂ ᠪᠦᠷ ᠰᠢᠷ᠎ᠠ ᠪᠤᠷᠴᠠᠭ ᠠᠴᠠ ᠲᠤᠤᠷᠠᠳᠠᠬᠤ ᠦᠬᠡᠢ᠃ ᠪᠡᠶ᠎ᠡ ᠮᠠᠬᠠᠪᠤᠳ ᠲᠤ ᠱᠠᠭᠠᠷᠳᠠᠭᠳᠠᠳᠠᠭ ᠨᠡᠬᠦᠷᠡᠰᠦ | ᠤᠰᠤᠨ ᠤ ᠨᠢᠬᠡᠳᠪᠦᠷᠢ᠂ ᠡᠯ᠎ᠡ ᠵᠦᠢᠯ ᠤᠨ ᠸᠢᠲ᠋ᠠᠮᠢᠨ᠂ ᠡᠷᠤᠳᠡᠰᠦ ᠪᠤᠳᠠᠰ ᠵᠡᠷᠭᠡ ᠶᠢᠨ ᠪᠤᠰᠤᠳ ᠰᠢᠮ᠎ᠡ ᠲᠡᠵᠢᠬᠡᠯᠳᠤ ᠪᠤᠳᠠᠰ ᠨᠢ ᠴᠦ ᠲᠤᠳᠤᠷᠭ᠎ᠠ᠂ ᠭᠤᠯᠢᠷ ᠠᠴᠠ | ᠨᠡᠩ ᠪᠦᠷᠢᠨ ᠲᠡᠬᠦᠯᠳᠡᠷ ᠪᠠᠶᠢᠳᠠᠭ᠃ | 3. ᠬᠤᠳᠤᠭᠤᠳᠤ ᠶᠢ ᠰᠤᠪᠢᠯᠠᠨ᠎ᠠ᠃ ᠬᠢᠳᠡᠳ ᠡᠮᠨᠡᠯᠬᠡ ᠳᠤ ᠲᠦᠮᠦᠰᠦ ᠬᠤᠳᠤᠭᠤᠳᠤ ᠶᠢ ᠰᠤᠪᠢᠯᠠᠵᠦ᠂ ᠲᠡᠯᠢᠬᠦᠤ ᠶᠢ ᠴᠢᠬᠢᠷᠠᠭᠵᠢᠭᠤᠯᠤᠨ᠂ ᠬᠤᠳᠤᠭᠤᠳᠤᠨ ᠤ | ᠰᠢᠷᠬᠠᠯᠠᠭ᠎ᠠ ᠶᠢ ᠡᠮᠴᠢᠯᠡᠨ᠎ᠡ ᠬᠡᠵᠦ ᠦᠵᠡᠳᠡᠭ᠃ ᠵᠤᠷᠰᠢᠯ ᠤᠨ ᠴᠢᠨᠠᠷᠳᠠᠢ ᠬᠤᠷᠭᠤᠰᠤᠯᠠᠳᠠᠭ ᠡᠪᠡᠳᠴᠢᠨ ᠬᠡᠮ ᠳᠤ ᠮᠠᠰᠢ ᠲᠤᠰᠠᠳᠠᠢ ᠮᠦᠷᠳᠡᠬᠡᠨ ᠬᠤᠤᠷ ᠲᠠᠶᠢᠯᠵᠦ᠂ | ᠦᠷᠪᠢᠰᠦᠯ ᠢ ᠲᠠᠷᠤᠬᠤ ᠦᠢᠯᠡᠳᠦᠯ ᠲᠠᠢ᠃ |