2021 ᠤᠨ ᠤ ᠬᠤᠶᠠᠳᠤᠭᠠᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ  ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/11/3
      2 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠰᠢᠤᠸᠠᠢ ᠵᠢᠶᠠ ᠸᠠᠨ ᠪᠠᠯᠭᠠᠰᠤᠨ ᠤ ᠬᠤᠲᠠ ᠶᠢᠨ ᠶᠠᠪᠤᠳᠠᠯ ᠤᠨ ᠲᠣᠭᠤᠷᠢᠭ ᠲᠤ ᠭᠦᠨᠵᠡᠭᠡᠶᠢᠷᠡᠨ ᠰᠣᠶᠣᠯ ᠴᠡᠩᠭᠡᠯ ᠤᠨ ᠲᠠᠯᠠᠪᠤᠷ ᠤᠨ ᠠᠶᠤᠯᠭᠦᠶ ᠦᠶᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤᠳᠤᠷᠢᠳᠤᠯᠭ᠎ᠠ ᠰᠢᠨ᠎ᠡ᠂ ᠴᠢᠦᠶ ᠱᠦ ᠴᠢᠩ ᠵᠢᠴᠢ ᠤᠬᠠᠭᠤᠯᠭ᠎ᠠ᠂ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ᠂ ᠰᠣᠶᠣᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      2 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ︵ᠸᠢᠳᠢᠤ᠋ ᠬᠤᠷᠠᠯ︶ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠡ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠡ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠡ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠤᠯᠭ᠎ᠠ ᠵᠢᠴᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠨ᠎ᠠ᠃ ᠸᠠᠩ ᠷᠦᠢ᠂ ᠯᠦ ᠵᠠᠨ ᠴᠢᠩ᠂ ᠰᠤᠷᠭᠠᠯᠳᠤ᠂ ᠸᠠᠩ ᠶᠤᠸᠠᠨ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠡᠷ ᠲᠡᠭᠡᠨ  ᠪᠠᠶᠢᠭ᠎ᠠ ᠤᠳᠤᠷᠢᠳᠤᠯᠭ᠎ᠠ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠠ ᠶᠢᠨ ᠬᠤᠶᠠᠷ ᠳᠠᠷᠤᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠡᠯ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃      2 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ 171 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠸᠠᠩ ᠶᠤᠸᠠᠨ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠸᠠᠩ ᠶᠦᠩ ᡁᠢ᠂ ᠵᠠᠩ ᡁᠢ ᠶᠤᠸᠠᠨ᠂ ᠪᠦᠦ ᠲᠦᠩ ᠵᠡᠷᠭᠡ ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      2 ᠳ᠋ᠤᠭᠠᠷ ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ  ᠡᠵᠡᠩᠨᠡᠨ ᠬᠤᠳᠠᠯᠳᠤᠭᠠᠯᠠᠬᠤ ᠣᠷᠴᠢᠨ  ᠨᠦᠭᠦᠴᠠᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠪᠯᠡᠷᠡᠩᠭᠦᠶ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠳᠥᠷᠪᠡᠨ ᠶᠡᠭᠡ ᠪᠠᠭ ᠤᠨ ᠪᠦᠷᠢᠯᠳᠦᠬᠦᠨ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤᠨ ᠤ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      2 ᠳ᠋ᠤᠭᠠᠷ ᠰᠠᠷ᠎ᠠ ᠶᠢᠨ 2 ᠤᠨ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠡᠵᠡᠩᠨᠡᠨ ᠬᠤᠳᠠᠯᠳᠤᠭᠠᠯᠠᠬᠤ ᠣᠷᠴᠢᠨ  ᠨᠦᠭᠦᠴᠠᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠴᠢᠳᠠᠪᠤᠷᠢᠲᠠᠨ ᠤ ᠠᠵᠢᠯ ᠤᠨ ᠰᠠᠯᠠᠭᠠᠨ ᠤ ᠳᠡᠳ᠋ ᠳᠠᠷᠤᠭ᠎ᠠ ᠴᠢᠦᠶ ᠶᠠᠨ ᠵᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠣᠷᠣᠯᠠᠭᠴᠢ ᠬᠤᠰᠢᠭᠤᠨ ᠤ ᠳᠠᠷᠤᠭ᠎ᠠ ᠰᠦᠷᠭᠠᠷᠲᠤ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠬᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠸᠠᠩ ᠶᠤᠸᠠᠨ ᠬᠤᠷᠠᠯ ᠳᠤ ᠰᠤᠯᠠ ᠣᠷᠣᠯᠴᠠᠪᠠ᠃       2 ᠳ᠋ᠤᠭᠠᠷ ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ  ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠡᠵᠡᠩᠨᠡᠨ ᠬᠤᠳᠠᠯᠳᠤᠭᠠᠯᠠᠬᠤ ᠣᠷᠴᠢᠨ  ᠨᠦᠭᠦᠴᠠᠯ  ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       2 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠵᠧᠨ ᠬᠤᠸᠠ ᠬᠢᠶ᠎ᠠ ᠪᠠᠭᠰᠢ ᠲᠣᠭᠤᠷᠢᠭ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠡᠴᠡᠨᠪᠢᠯᠢᠭ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠢ᠊ ᠪᠢᠰᠢᠷᠡᠯᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠢᠶᠠᠨ ᠭᠦᠸᠧ ᠵᠡᠷᠭᠡ ᠬᠤᠲᠠ ᠶᠢᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠡ ᠶᠢᠨ ᠬᠤᠶᠠᠷ ᠳᠠᠷᠤᠭ᠎ᠠ ᠬᠤᠷᠠᠯ ᠳᠤ ᠣᠷᠣᠯᠴᠠᠪᠠ᠃ ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠪᠠ᠃ ᠬᠤᠰᠢᠭᠤᠨ ᠤᠳᠤᠷᠢᠳᠤᠯᠭ᠎ᠠ ᠸᠠᠩ ᠷᠦᠢ᠂ ᠯᠢ ᠶᠢᠨ ᠴᠧᠩ᠂  ᠰᠤᠷᠭᠠᠯᠳᠤ᠂ ᠸᠠᠩ ᠶᠤᠸᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂ ᠪᠦᠦ ᠲᠦᠩ ᠵᠡᠷᠭᠡ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ᠂ ᠬᠤᠰᠢᠭᠤᠨ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃     2 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠰᠡᠴᠡᠨᠪᠢᠯᠢᠭ ᠪᠥᠬᠦ ᠬᠤᠲᠠ ᠶᠢᠨ ᠠᠶᠤᠯᠭᠦᠶ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠰᠬᠠᠶ ᠰᠡᠳᠦᠪᠲᠦ ᠠᠬᠢᠭᠤᠯᠬᠤ ᠬᠤᠷᠠᠯ ︵ᠸᠢᠳᠢᠣ᠋ ᠬᠤᠷᠠᠯ︶ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠡᠤ᠂ ᠯᠢᠦ ᠰᠢᠶᠤᠤ ᠹᠧᠩ᠂ ᠬᠤᠲᠠ ᠶᠢᠨ ᠳᠡᠳ᠋ ᠳᠠᠷᠤᠭ᠎ᠠ ᠢᠦᠶ ᠷᠧᠨ ᠵᠢᠶᠧ᠂ ᠯᠢ ᠸᠧᠨ ᠵᠥᠩ᠂ ᠱᠢ ᠶᠠᠨ ᠵᠢᠶᠧ ᠬᠤᠷᠠᠯ ᠳᠤ ᠣᠷᠣᠯᠴᠠᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠵᠢᠶᠠ ᠭᠤᠸᠠᠩ ᠬᠤᠸᠠ᠂ ᠯᠢᠦ ᠭᠤᠸᠠᠩ ᠮᠢᠩ᠂ ᠸᠠᠩ ᠵᠢᠩ ᠯᠦᠩ᠂ ᠴᠢᠦᠶ ᠱᠤ᠋ ᠴᠢᠩ᠂ ᠶᠢᠨ ᠵᠠᠨ ᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃      2 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠸᠠᠩ ᠷᠦᠢ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠶᠦᠩ ᡁᠢ᠂ ᠳᠡᠳ᠋ ᠳᠠᠷᠤᠭ᠎ᠠ ᠸᠠᠩ ᠵᠢᠩ ᠯᠦᠩ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠪᠥᠸᠧ᠂ ᠳᠡᠳ᠋ ᠳᠠᠷᠤᠭ᠎ᠠ ᠲᠢᠶᠠᠨ ᠶᠤᠸᠠᠢ ᠹᠸᠢ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ︵ᠠᠵᠢᠯᠴᠢᠨ ᠤ ᠡᠪᠯᠡᠯ︶ ᠬᠤᠷᠢᠶᠠᠨ ᠤ ᠱᠦᠵᠢ᠂ ᠲᠤᠰᠬᠠᠶ ᠴᠡᠷᠢᠭ ᠤᠨ ᠶᠠᠪᠤᠳᠠᠯ ᠤᠨ ᠶᠠᠮᠤᠨ ᠤ ᠰᠠᠶᠢᠳ᠂ ᠲᠤᠰᠬᠠᠶ ᠴᠡᠷᠢᠭ ᠤᠨ ᠶᠠᠪᠤᠳᠠᠯ ᠤᠨ ᠠᠵᠢᠯᠯᠠᠭᠴᠢ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂  ᠭᠤᠤᠯᠯᠠᠬᠴᠢ ᠡᠷᠦᠬᠡ ᠶᠢᠨ ᠴᠡᠷᠢᠭ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃      2 ᠳ᠋ᠤᠭᠠᠷ ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 173 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠵᠠᠩ ᡁᠢ ᠶᠤᠸᠠᠨ᠂ ᠪᠦᠦ ᠲᠦᠩ ᠬᠤᠷᠠᠯ ᠳᠤ ᠣᠷᠣᠯᠴᠠᠵᠤ᠂ ᠯᠢ ᠶᠢᠨ ᠴᠧᠩ᠂ ᠯᠦ ᠵᠠᠨ ᠴᠢᠩ᠂ ᠸᠠᠩ ᠶᠤᠸᠠᠨ᠂ ᠸᠠᠩ ᠵᠢᠩ ᠯᠦᠩ᠂ ᠴᠢᠨ ᠸᠧᠶ᠂ ᠴᠢᠦᠶ ᠱᠦ ᠴᠢᠩ᠂ ᠶᠢᠨ ᠵᠠᠨ ᠢ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃      2 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠶ ᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠠᠵᠢᠯ ᠤᠨ ᠮᠡᠳᠡᠭᠦᠯᠦᠯᠲᠡ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠯᠢ ᠶᠢᠨ ᠴᠧᠩ᠂ ᠯᠦ ᠵᠠᠨ ᠴᠢᠩ᠂ ᠰᠤᠷᠭᠠᠯᠳᠤ᠂ ᠸᠠᠩ ᠶᠤᠸᠠᠨ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠰᠢᠭᠤᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋ ᠶᠢᠨ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠪᠠᠭ ᠤᠨ ᠭᠡᠰᠢᠭᠦᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃       2 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠣᠷᠣᠯᠠᠭᠴᠢ ᠬᠤᠰᠢᠭᠤᠨ ᠤ ᠳᠠᠷᠤᠭ᠎ᠠ ᠰᠤᠷᠭᠠᠯᠳᠤ ᠤᠷᠢᠳ ᠬᠤᠵᠢᠳ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ᠂ ᠵᠢᠦ ᠲᠠᠢ ᠡᠨᠧᠷᠭᠢ ᠶᠢᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠳᠤ ᠬᠦᠷᠴᠦ ᠲᠣᠬᠤᠨᠢᠭᠤᠯᠪᠠ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂  ᠰᠢᠨ᠎ᠡ᠂ ᠸᠠᠩ ᠵᠢᠩ ᠯᠦᠩ᠂ ᠶᠢᠨ ᠵᠠᠨ ᠢ ᠲᠣᠬᠤᠨᠢᠭᠤᠯᠤᠯ ᠳᠤ ᠣᠷᠣᠯᠴᠠᠪᠠ᠃       2 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠣᠷᠣᠯᠠᠭᠴᠢ ᠬᠤᠰᠢᠭᠤᠨ ᠤ ᠳᠠᠷᠤᠭ᠎ᠠ ᠰᠤᠷᠭᠠᠯᠳᠤ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠠᠵᠤ ᠠᠬᠤᠶᠢᠯᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠳ ᠢ ᠲᠣᠬᠤᠨᠢᠭᠤᠯᠵᠤ᠂ ᠪᠦᠭᠦ ᠬᠤᠰᠢᠭᠤᠨ ᠤ ᠡᠯ᠎ᠡ ᠲᠤᠮᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ᠂ ᠬᠡᠲᠦ ᠳᠡᠯᠭᠡᠭᠦᠷ᠂ ᠡᠮ ᠤᠨ ᠳᠡᠯᠭᠡᠭᠦᠷ ᠪᠠ ᠵᠣᠴᠢᠳ ᠤᠨ ᠪᠠᠭᠤᠳᠠᠯ ᠵᠡᠷᠭᠡ ᠭᠠᠵᠠᠷ ᠢᠶᠠᠷ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠠᠩᠭᠠᠯᠭ᠎ᠠ ᠶᠢ ᠪᠠᠲᠤᠯᠠᠨ ᠦᠨ᠎ᠡ ᠶᠢ ᠲᠣᠭᠲᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠳᠡᠳ᠋ ᠳᠠᠷᠤᠭ᠎ᠠ ᠸᠠᠩ ᠵᠢᠩ ᠯᠦᠩ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃       2 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠥᠬᠦ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠤᠲᠠ ᠰᠢᠶᠠᠨ ᠰᠢᠶᠠᠩ ᠤᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ  ᠹᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠣᠤ ᠴᠦᠨ᠂ ᠯᠢᠦ ᠴᠢ ᠹᠠᠨ᠂ ᠪᠠᠶ ᠢᠦᠶ ᠭᠠᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠨᠠᠰᠤᠨᠮᠦ᠋ᠩᠬᠡ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠶ ᠳ᠋ᠦᠩ ᠬᠤᠷᠠᠯ ᠢ ᠡᠷᠭᠢᠯᠡᠪᠡ᠃ ᠬᠤᠷᠠᠯ ᠨᠢ ᠸᠢᠳᠢᠤ᠋ ᠬᠡᠯᠪᠡᠷᠢ ᠪᠠᠷ ᠬᠤᠰᠢᠭᠤ ᠲᠤᠭᠤᠷᠢᠭ ᠳᠤ ᠶᠠᠪᠤᠭᠳᠠᠵᠤ᠂ ᠬᠤᠰᠢᠭᠤᠨ ᠤᠳᠤᠷᠢᠳᠤᠯᠭ᠎ᠠ ᠸᠠᠩ ᠷᠦᠢ᠂ ᠯᠢ ᠶᠢᠨ ᠴᠧᠩ᠂ ᠯᠦ ᠵᠠᠨ ᠴᠢᠩ᠂ ᠰᠤᠷᠭᠠᠯᠳᠤ᠂ ᠸᠠᠩ ᠶᠤᠸᠠᠨ᠂ ᠰᠥᠩ ᠶᠠᠨ᠂ ᠵᠣᠣ ᠴᠧᠨ ᠰᠢᠶᠠ᠂ ᠵᠠᠩ ᡁᠢ ᠶᠤᠸᠠᠨ ᠨᠠᠷ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃        2 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ  ᠢ ᠳ᠋ᠦᠩ ᠪᠦᠯᠦᠭᠯᠡᠯ᠂ ᠾᠧᠩ ᠳ᠋ᠦᠩ ᠪᠦᠯᠦᠭᠯᠡᠯ ᠢ ᠲᠤᠬᠤᠨᠢᠭᠤᠯᠪᠠ᠃ ᠳᠡᠳ᠋ ᠬᠤᠰᠢᠭᠤᠨ ᠳᠠᠷᠤᠭ᠎ᠠ ᠶᠢᠨ ᠵᠠᠨ ᠢ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠲᠣᠬᠤᠨᠢᠭᠤᠯᠤᠯ ᠳᠤ ᠣᠷᠣᠯᠴᠠᠵᠠᠶ᠃        2 ᠳ᠋ᠤᠭᠠᠷ ᠰᠠᠷ᠎ᠠ ᠶᠢᠨ 8 ᠤ ᠡᠳᠦᠷ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠠᠩ ᠬᠠᠶ ᠯᠦᠩ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ 2020 ᠣᠨ ᠤ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠡᠷᠭᠢᠯᠡᠨ ᠬᠤᠷᠠᠯᠳᠤᠭᠤᠯᠪᠠ᠃ ᠤᠷᠳᠤᠰ ᠬᠤᠳᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠡ ᠶᠢᠨ ᠤᠯᠤᠰ ᠳᠦᠷᠦ ᠶᠢᠨ ᠬᠡᠯᠲᠡᠰ ᠤᠨ ᠳᠡᠳ᠋ ᠡᠷᠬᠢᠯᠡᠭᠴᠢ ᠯᠢᠦ ᠶᠠ ᠵᠢᠶᠧ᠂ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠢᠶᠠ ᠭᠤᠸᠠᠩ ᠬᠤᠸᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠵᠡᠭᠦᠨᠭᠠᠷ ᠠᠵᠤ ᠠᠬᠤᠢ  ᠨᠡᠭᠡᠭᠡᠯᠳᠠ ᠶᠢᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠡ ᠶᠢᠨ ᠪᠦᠬᠦ ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠠᠢ᠃        2 ᠳ᠋ᠤᠭᠠᠷ ᠰᠠᠷ᠎ᠠ ᠶᠢᠨ 9 ᠤ ᠡᠳᠦᠷ᠂ ᠪᠥᠬᠦ ᠣᠷᠣᠨ ᠤ 2021 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ‌‍ᠰᠢᠶᠤᠤ ᠬᠤᠶ ᠬᠤᠷᠠᠯ ᠳᠤ ᠣᠷᠣᠯᠴᠠᠪᠠ᠃ ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠢᠶᠠ ᠭᠤᠸᠠᠩ ᠬᠤᠸᠠ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋  ᠶᠢᠨ ᠨᠡᠭᠦᠷᠡᠰᠦ ᠬᠢᠮᠢ ᠶᠢᠨ ᠠᠵᠤ  ᠦᠢᠯᠡᠳᠪᠤᠷᠢ ᠶᠢᠨ ᠰᠠᠭᠤᠷᠢᠨ ᠭᠠᠵᠠᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃         2 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠬᠥᠬᠡᠬᠤᠲᠠ ᠳᠤ ᠪᠥᠬᠦ ᠣᠷᠣᠨ ᠤ  ᠡᠵᠡᠩᠨᠡᠨ ᠬᠤᠳᠠᠯᠳᠤᠭᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠡ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠡ ᠪᠠᠶᠢᠴᠠᠭᠠᠬᠤ ᠬᠤᠷᠢᠶ᠎ᠡ ᠶᠢᠨ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠬᠤᠰᠢᠭᠤᠨ ᠤ ᠤᠳᠤᠷᠢᠳᠤᠯᠭ᠎ᠠ ᠸᠠᠩ ᠷᠦᠢ᠂ ᠯᠦ ᠵᠠᠨ ᠴᠢᠩ᠂ ᠰᠤᠷᠭᠠᠯᠳᠤ᠂ ᠸᠠᠩ ᠶᠤᠸᠠᠨ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠵᠠᠩ ᡁᠢ ᠶᠤᠸᠠᠨ᠂ ᠪᠦᠦ ᠲᠦᠩ᠂ ᠳ᠋ᠦᠩ ᠡᠤ ᠪᠠᠨ᠂ ᠴᠧᠨ ᠵᠢᠶᠧ᠂ ᠰᠢᠶᠠ ᠮᠧᠶ ᠪᠢᠨ᠂ ᠠᠨ ᠰᠢᠶᠠ᠂ ᠸᠠᠩ ᠵᠢᠩ ᠯᠦᠩ᠂ ᠴᠢᠨ ᠸᠧᠶ᠂ ᠴᠢᠦᠶ ᠱᠤ᠋ ᠴᠢᠩ᠂ ᠶᠢᠨ ᠵᠠᠨ ᠢ᠂ ᠵᠣᠣ ᠶᠦᠩ ᠵᠢᠶᠦ᠋ᠨ᠂ ᠸᠠᠩ ᠵᠢᠶᠦ᠋ᠨ ᠹᠧᠩ᠂ ᠸᠠᠨ ᠮᠢᠩ ᠭᠠᠶ᠂ ᠯᠢ ᠱᠤᠸᠠᠨ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠳᠠ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠬᠠᠤᠯᠢ ᠪᠠᠶᠢᠴᠠᠭᠠᠬᠤ ︽ᠬᠤᠶᠠᠷ ᠳᠠᠷᠤᠭ᠎ᠠ︾᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃       2 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ  ᠳᠠᠷᠤᠭ᠎ᠠ  ᠰᠤᠷᠭᠠᠯᠳᠤ  ᠳ᠋ᠠ ᠯᠤ᠋ ᠰᠢᠨ᠎ᠡ ᠲᠣᠭᠤᠷᠢᠭ᠂ ᠰᠢᠤᠸᠠᠢ ᠵᠢᠶᠠ ᠸᠠᠨ ᠪᠠᠯᠭᠠᠰᠤᠨ ᠤ ᠲᠣᠭᠤᠷᠢᠭ ᠲᠤ ᠭᠦᠨᠵᠡᠭᠡᠶᠢᠷᠡᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠢᠶᠠ ᠭᠤᠸᠠᠩ ᠬᠤᠸᠠ᠂ ᠳ᠋ᠠ ᠯᠦ ᠨᠡᠭᠦᠷᠡᠰᠦ ᠬᠢᠮᠢ ᠶᠢᠨ ᠠᠵᠤ   ᠦᠢᠯᠡᠳᠪᠤᠷᠢ  ᠶᠢᠨ ᠰᠠᠭᠤᠷᠢᠨ ᠭᠠᠵᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       2 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠨᠢᠦ ᠵᠢᠶᠦ᠋ᠨ ᠶᠠᠨ ᠵᠡᠭᠦᠨᠭᠠᠷ ᠬᠤᠰᠢᠭᠤᠨ ᠳᠤ ᠭᠦᠨᠵᠡᠭᠡᠶᠢᠷᠡᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᠵᠠᠨ ᠱᠧᠩ᠂ ᠬᠤᠲᠠ ᠶᠢᠨ ᠳᠡᠳ᠋ ᠳᠠᠷᠤᠭ᠎ᠠ ᠯᠢ ᠸᠧᠨ ᠵᠥᠩ᠂ ᠬᠤᠰᠢᠭᠤᠨ ᠤ ᠤᠳᠤᠷᠢᠳᠤᠯᠭ᠎ᠠ ᠸᠠᠩ ᠷᠦᠢ᠂ ᠰᠤᠷᠭᠠᠯᠳᠤ᠂  ᠰᠢᠨ᠎ᠡ᠂ ᠶᠢᠨ ᠵᠠᠨ ᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       2 ᠳ᠋ᠤᠭᠠᠷ ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 2021 ᠣᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ  ᠲᠡᠪᠰᠢᠭᠦᠯᠭᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠡᠢᠳᠪᠤᠷᠢᠯᠡᠭᠦᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠡᠷᠭᠡ ᠤᠴᠢᠷ ᠶᠠᠪᠤᠳᠠᠯ ᠢ ᠶᠠᠷᠢᠯᠴᠠᠨ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       2 ᠰᠠᠷ᠎ᠠ ᠶᠢᠨ 24 ᠤ ᠡᠳᠦᠷ᠂ ᠳᠡᠳ᠋ ᠬᠤᠰᠢᠭᠤᠨ ᠳᠠᠷᠤᠭ᠎ᠠ ᠶᠢᠨ ᠵᠠᠨ ᠢ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃       2 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠧ ᠱᠢ ᠸᠧᠨ ᠪᠥᠬᠦ ᠬᠤᠲᠠ ᠶᠢᠨ ᠬᠤᠰᠢᠭᠤ ᠲᠣᠭᠤᠷᠢᠭ ᠤᠨ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠤᠰᠢᠭᠤ ᠲᠣᠭᠤᠷᠢᠭ ᠤᠨ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠷᠠᠯ ᠳᠤ ᠣᠷᠣᠯᠴᠠᠵᠤ᠂ ᠬᠤᠳᠠ ᠶᠢᠨ ᠤᠳᠤᠷᠢᠳᠤᠯᠭ᠎ᠠ ᠯᠢ ᠯᠢ᠂  ᠴᠢ᠊ ᠪᠢᠰᠢᠷᠡᠯᠳᠤ᠂ ᠵᠠᠩ ᠵᠠᠨ ᠯᠢᠨ᠂ ᠭᠤᠤ ᠵᠠᠨ ᠱᠧᠩ᠂ ᠢᠦᠢ ᠰᠢᠨ ᠹᠠᠩ᠂ ᠶᠢᠨ ᠡᠦ᠂ ᠵᠧᠨ ᠬᠤᠸᠠ᠂ ᠯᠢᠦ ᠰᠢᠶᠤᠤ ᠹᠧᠩ᠂ ᠾᠧ ᠲᠤᠤ ᠬᠤᠷᠠᠯ ᠳᠤ ᠣᠷᠣᠯᠴᠠᠪᠠ᠃ ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠸᠠᠩ ᠷᠦᠢ᠂ ᠯᠢ ᠶᠢᠨ ᠴᠧᠩ᠂ ᠯᠦ ᠵᠠᠨ ᠴᠢᠩ᠂  ᠰᠤᠷᠭᠠᠯᠳᠤ ᠂ ᠪᠠᠶ ᠶᠠᠨ᠂ ᠰᠥᠩ ᠶᠠᠨ᠂ ᠵᠣᠣ ᠴᠧᠨ ᠰᠢᠶᠠ᠂  ᠰᠢᠨ᠎ᠡ᠂ ᠵᠠᠩ ᡁᠢ ᠶᠤᠸᠠᠨ᠂ ᠸᠠᠩ ᠵᠢᠶᠦ᠋ᠨ  ᠹᠧᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃       2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 174  ᠳ᠋ᠦ᠋ᠭᠡᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠵᠠᠩ ᡁᠢ ᠶᠤᠸᠠᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠬᠠᠤᠯᠢ ᠪᠠᠶᠢᠴᠠᠭᠠᠬᠤ ᠬᠤᠶᠠᠷ ᠬᠤᠷᠢᠶ᠎ᠡ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋  ᠶᠢᠨ ᠠᠵᠤ ᠦᠢᠯᠡᠳᠪᠤᠷᠢ ᠶᠢᠨ ᠬᠦᠷᠢᠶᠡᠯᠡᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃       2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠤ ᠳᠠᠷᠤᠭ᠎ᠠ  ᠰᠤᠷᠭᠠᠯᠳᠤ  ᠶᠢᠨ ᠬᠠᠲᠤᠨ ᠭᠤᠤᠯ ᠤᠨ  ᠱᠢ ᠡᠯ ᠯᠢᠶᠠᠨ ᠴᠧᠩ ᠰᠢᠶᠠᠩ ᠤᠨ ᠵᠠᠯᠭᠠᠯᠳᠤᠬᠰᠠᠨ ᠬᠡᠰᠡᠭ᠂ ᠳ᠋ᠠ ᠯᠤ᠋ ᠶᠢᠨ ᠬᠡᠰᠡᠭ ᠢᠶᠠᠷ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠭᠤᠤᠯ ᠤᠨ ᠵᠠᠮ ᠢ ᠲᠣᠭᠤᠷᠢᠨ  ᠪᠠᠶᠢᠴᠠᠭᠠᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠢᠶᠠ ᠭᠤᠸᠠᠩ ᠬᠤᠸᠠ᠂ ᠬᠠᠮᠢᠶ᠎ᠠ ᠪᠥᠬᠦᠶ ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       2 ᠰᠠᠷ᠎ᠠ ᠶᠢᠨ 25 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠶᠤᠸᠠᠨ ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤᠳᠤᠷᠢᠳᠤᠯᠭ᠎ᠠ ᠰᠥᠩ ᠶᠠᠨ᠂ ᠴᠢᠦᠶ ᠱᠤ᠋ ᠴᠢᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ ᠬᠤᠷᠠᠯ ᠳᠤ ᠣᠷᠣᠯᠴᠠᠵᠠᠶ᠃       2 ᠳ᠋ᠤᠭᠠᠷ ᠰᠠᠷ᠎ᠠ ᠶᠢᠨ 25 ᠤ ᠡᠳᠦᠷ᠂ ᠳᠡᠳ᠋ ᠬᠤᠰᠢᠭᠤᠨ ᠳᠠᠷᠤᠭ᠎ᠠ ᠶᠢᠨ ᠵᠠᠨ ᠢ ᠪᠥᠬᠦ ᠬᠤᠰᠢᠭᠤᠨ ᠤ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠵᠢᠴᠢ ᠠᠶᠤᠯᠭᠦᠶ  ᠦᠢᠯᠡᠳᠪᠤᠷᠢᠯᠡᠯ  ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠣᠷᠣᠯᠴᠠᠨ᠎ᠠ᠃        2 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢ ᠯᠢ ᠵᠡᠭᠦᠨᠭᠠᠷ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠰᠤᠷᠭᠠᠯᠳᠤ᠂ ᠳᠡᠳ᠋ ᠬᠤᠰᠢᠭᠤᠨ ᠳᠠᠷᠤᠭ᠎ᠠ ᠶᠢᠨ ᠵᠠᠨ ᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃        2 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ  ᠶᠢᠨ ᠬᠤᠷᠢᠶᠠᠨ ᠤ ᠡᠷᠭᠢᠯᠡᠭᠴᠢ ᠯᠢ ᠶᠢᠨ ᠴᠧᠩ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ  ᠬᠤᠷᠢᠨ ᠵᠢᠷᠭᠤᠳᠤᠭᠠᠷ  ᠬᠤᠷᠠᠯ ᠢ  ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳ᠋ᠦᠩ ᠡᠤ ᠪᠠᠨ᠂ ᠴᠧᠨ ᠵᠢᠶᠧ᠂ ᠰᠢᠶᠠ ᠮᠧᠶ ᠪᠢᠨ᠂ ᠠᠨ ᠰᠢᠶᠠ ᠵᠢᠴᠢ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠰᠢᠭᠤᠨ ᠤᠳᠤᠷᠢᠳᠤᠯᠭ᠎ᠠ ᠯᠦ ᠵᠠᠨ ᠴᠢᠩ᠂ ᠵᠢᠶᠠ ᠭᠤᠸᠠᠩ ᠬᠤᠸᠠ᠂ ᠸᠠᠩ ᠵᠢᠩ ᠯᠦᠩ᠂ ᠴᠢᠨ ᠸᠧᠶ᠂ ᠬᠤᠰᠢᠭᠤᠨ ᠬᠠᠤᠯᠢ ᠪᠠᠶᠢᠴᠠᠭᠠᠬᠤ ︽ᠬᠤᠶᠠᠷ ᠳᠠᠷᠤᠭ᠎ᠠ︾᠂ ᠬᠤᠶᠠᠷ ᠬᠦᠷᠢᠶᠡᠯᠡᠩ ᠲᠣᠭᠤᠷᠢᠭ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠵᠡᠷᠭᠡ  ᠬᠠᠷᠢᠭᠤᠴᠠᠯᠭᠠᠳᠠᠳ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠡᠭᠡᠯᠢ ᠭᠤᠳᠤᠮᠵᠢ ᠶᠢᠨ ᠠᠵᠢᠯ ᠤᠨ ᠵᠥᠪᠯᠡᠯ ᠤᠨ ᠡᠷᠬᠢᠯᠡᠭᠴᠢ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ ᠬᠤᠷᠠᠯ ᠳᠤ ᠰᠤᠯᠠ  ᠤᠷᠤᠯᠴᠠᠪᠠ᠃        2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠬᠥᠬᠡᠬᠤᠲᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠷᠢᠶ᠎ᠠ ᠶᠢᠨ  ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃ ᠬᠤᠷᠠᠯ ᠨᠢ ᠸᠢᠳᠢᠣ᠋  ᠬᠡᠯᠪᠡᠷᠢ ᠪᠠᠷ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠸᠠᠩ ᠷᠦᠢ᠂  ᠰᠤᠷᠭᠠᠯᠳᠤ᠂ ᠳ᠋ᠠ ᠯᠦ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠣᠷᠳᠣᠰ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ︔ ᠬᠤᠰᠢᠭᠤᠨ ᠤ ᠤᠳᠤᠷᠢᠳᠤᠯᠭ᠎ᠠ ᠯᠢ ᠶᠢᠨ ᠴᠧᠩ᠂ ᠯᠦ ᠵᠠᠨ ᠴᠢᠩ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠸᠠᠩ ᠶᠦᠩ ᡁᠢ᠂ ᠪᠦᠦ ᠲᠦᠩ ᠵᠡᠷᠭᠡ᠂ ᠬᠤᠰᠢᠭᠤᠨ ᠤ ᠬᠠᠤᠯᠢ ᠪᠠᠶᠢᠴᠠᠭᠠᠬᠤ ︽ᠬᠤᠶᠠᠷ ᠳᠠᠷᠤᠭ᠎ᠠ︾ ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
ᠢᠷᠡᠯᠲᠡ᠄ ᠲᠤᠰ ᠰᠦᠯᠵᠢᠶ᠎ᠡ