| 1. ᠬᠡᠭᠡᠷᠠᠯᠡᠭᠴᠢ ᠮᠠᠰᠢᠨ ᠳᠤ ᠰᠠᠭᠤᠵᠤ ᠡᠯᠡᠰᠤᠨ ᠴᠦᠯ ᠢ ᠳᠤᠭᠤᠯᠬᠤ ᠦᠶᠡᠰ᠂ ᠠᠶᠦᠯ ᠦᠭᠡᠢ ᠪᠦᠰᠠ ᠶᠢ ᠰᠠᠶᠢᠨ ᠪᠦᠰᠡᠯᠡᠵᠤ᠂ ᠬᠤᠶᠠᠷ ᠭᠠᠷ ᠢᠶᠠᠨ ᠳᠡᠷᠭᠡᠨ | ᠳᠤᠳᠤᠷᠠᠬᠢ ᠳᠦᠰᠢᠭᠦᠷ ᠠᠴᠠ ᠴᠢᠩᠭ᠎ᠠ ᠠᠳᠬᠤᠵᠤ᠂ ᠡᠮᠦᠨᠡᠬᠢ ᠵᠠᠮ ᠢᠶᠠᠨ ᠰᠠᠶᠢᠨ ᠬᠠᠷᠠᠬᠤ ᠪᠦᠭᠡᠳ ᠵᠢᠯᠤᠭᠤᠴᠢ ᠶᠢᠨ ᠠᠮᠤᠷ ᠳᠦᠪᠰᠢᠨ ᠤ ᠰᠠᠨᠠᠭᠤᠯᠭ᠎ᠠ ᠶᠢ | ᠰᠠᠶᠢᠨ ᠰᠤᠨᠤᠰᠬᠤ ᠬᠡᠷᠡᠭᠳᠡᠢ᠃ ᠵᠢᠷᠦᠬᠡᠨ ᠡᠪᠡᠳᠴᠢᠨ ᠪᠤᠶᠤ ᠴᠢᠰᠤᠨ ᠳᠠᠷᠤᠯᠳᠠ ᠦᠨᠳᠦᠷ ᠬᠦᠮᠦᠨ ᠡᠯᠡᠰᠤᠨ ᠴᠦᠯ ᠳᠤ ᠤᠷᠤᠵᠤ ᠪᠤᠯᠬᠤ ᠦᠭᠡᠢ᠃ | 2. ᠦᠵᠡᠮᠵᠢ ᠶᠢᠨ ᠤᠷᠤᠨ ᠨᠢ ᠡᠯᠡᠰᠦᠨ ᠴᠦᠯ ᠳᠤ ᠪᠠᠶᠢᠬᠤ ᠭᠠᠵᠠᠷ ᠨᠢ ᠡᠬᠡ ᠬᠠᠭᠤᠷᠠᠢ ᠶᠢᠨ ᠭᠠᠩ ᠬᠠᠭᠤᠷᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ | ᠬᠠᠪᠤᠷ ᠤᠨ ᠤᠯᠠᠷᠢᠯ ᠳᠤ ᠰᠠᠯᠬᠢᠨ ᠠᠷᠪᠢᠨ᠂ ᠵᠤᠨ ᠨᠠᠮᠤᠷ ᠤᠨ ᠡᠳᠦᠷ ᠲᠤ ᠨᠢ ᠨᠡᠷᠡᠨ ᠤ ᠭᠡᠷᠡᠯ ᠤᠨ ᠳᠤᠰᠤᠯᠳᠠ ᠨᠢ ᠬᠤᠷᠴᠠ᠂ ᠦᠷᠯᠦᠭᠡ ᠤᠷᠤᠢ ᠶᠢᠨ | ᠳᠤᠯᠠᠭᠠᠨ ᠤ ᠬᠡᠮᠵᠢᠶ᠎ᠡ ᠲᠦᠷᠭᠡᠨ ᠪᠠᠭᠤᠷᠠᠳᠠᠭ ᠪᠤᠯᠬᠤᠷ ᠵᠤᠨ ᠵᠢᠭᠤᠯᠴᠢᠯᠠᠬᠤ ᠳᠤ ᠪᠠᠨ ᠬᠦᠯᠦᠰᠦ ᠰᠠᠶᠢᠨ ᠰᠢᠩᠭᠡᠭᠡᠲᠡᠭ ᠬᠠᠨᠳᠠᠭᠠᠰᠤ ᠵᠡᠷᠭᠡ ᠶᠢ ᠰᠤᠩᠭᠤᠬᠤ | ᠬᠡᠷᠡᠭᠳᠡᠢ ᠪᠦᠭᠡᠳ ᠬᠦᠷᠢᠨ ᠤ ᠭᠠᠳᠠᠨᠠᠬᠢ ᠲᠤᠶᠠᠭ᠎ᠠ ᠶᠢ ᠰᠡᠷᠭᠡᠶᠢᠯᠡᠬᠦ ᠳᠤᠰᠤ᠂ ᠤᠷᠤᠭᠤᠯ ᠤᠨ ᠳᠤᠰᠤ᠂ ᠨᠠᠷᠠᠨ ᠰᠢᠯ᠂ ᠨᠠᠷᠠ ᠬᠠᠯᠬᠠᠯᠠᠬᠤ ᠮᠠᠯᠠᠭᠠᠢ ᠵᠠᠷᠭᠡ ᠵᠦᠢᠯ ᠢ | ᠪᠠᠯᠡᠳᠭᠡᠬᠦ ᠬᠡᠷᠡᠭᠳᠡᠢ᠃ ᠨᠠᠮᠤᠷ ᠤᠨ ᠤᠯᠠᠷᠢᠯ ᠤᠨ ᠦᠷᠯᠦᠭᠡ ᠤᠷᠦᠢ ᠳᠤ ᠨᠢ ᠬᠤᠪᠴᠠᠰᠤ ᠪᠠᠨ ᠵᠤᠵᠠᠭᠠᠯᠠᠨ ᠡᠮᠦᠰᠴᠤ᠂ ᠳᠠᠭᠠᠷᠠᠬᠤ ᠠᠴᠠ ᠬᠢᠴᠢᠶᠡᠬᠦ ᠬᠡᠷᠡᠭᠳᠡᠢ᠃ | | 3. ᠡᠯᠡᠰᠤᠨ ᠳᠤ ᠶᠠᠪᠤᠬᠤ ᠳᠤ ᠪᠠᠨ ᠬᠠᠮᠤᠭ ᠰᠠᠶᠢᠨ ᠨᠢ ᠬᠦᠩᠭᠡᠨ᠂ ᠠᠭᠠᠷ ᠨᠡᠪᠳᠡᠷᠡᠬᠦ ᠴᠢᠨᠠᠷ ᠢᠶᠠᠷ ᠰᠠᠶᠢᠨ᠂ ᠦᠨᠳᠦᠷ ᠲᠦᠷᠠᠢ ᠲᠠᠢ ᠢᠯᠬᠢᠨ ᠠᠷᠠᠰᠤᠨ | ᠱᠠᠬᠠᠢ ᠶᠢ ᠰᠤᠩᠭᠤᠵᠤ᠂ ᠱᠠᠬᠠᠢ ᠳᠤ ᠡᠯᠡᠰᠤ ᠤᠷᠤᠵᠤ ᠵᠠᠮ ᠶᠡᠪᠤᠬᠤ ᠶᠢ ᠨᠦᠯᠦᠭᠡᠯᠡᠬᠦ ᠶᠢ ᠰᠡᠷᠭᠡᠶᠢᠯᠡᠨ᠂ ᠵᠤᠨ ᠤ ᠭᠤᠤᠯ ᠦᠳᠡ ᠳᠤ ᠶᠠᠪᠠᠭᠠᠨ ᠶᠠᠪᠤᠵᠤ ᠪᠤᠯᠬᠤ | ᠦᠭᠡᠢ᠂ ᠡᠯᠡᠰᠤᠨ ᠤ ᠭᠠᠲᠠᠷᠭᠤ ᠶᠢᠨ ᠬᠠᠯᠠᠭᠤᠨ ᠤ ᠬᠡᠮᠵᠢᠶ᠎ᠡ ᠲᠤᠩ ᠦᠨᠳᠤᠷ ᠪᠠᠶᠢᠳᠠᠭ᠂ ᠠᠮᠠᠷᠬᠠᠨ ᠨᠠᠷᠠᠰᠢᠬᠤ ᠪᠤᠶᠤ ᠠᠷᠠᠰᠤ ᠮᠢᠬ᠎ᠠ ᠶᠢ ᠰᠢᠷᠠᠵᠤ | ᠰᠢᠷᠬᠠᠳᠤᠭᠤᠯᠤᠨᠠ᠃ | 4. ᠡᠯᠡᠰᠤ ᠮᠠᠩᠬᠠᠨ ᠳᠤ ᠶᠠᠪᠤᠪᠠᠯ ᠦᠷᠭᠦᠯᠵᠢ ᠤᠰᠤ ᠤᠤᠭᠤᠬᠤ ᠪᠦᠭᠡᠳ ᠢᠯᠡᠭᠦᠦ ᠵᠢᠮᠢᠰ ᠢᠳᠡᠬᠦ ᠠᠴᠠ ᠭᠠᠳᠠᠨ᠎ᠠ᠂ ᠦᠷᠭᠦᠯᠵᠢ ᠬᠡᠷᠡᠭᠯᠡᠬᠦ ᠡᠮ ᠢᠶᠠᠨ | ᠪᠡᠯᠡᠳᠭᠡᠨ᠎ᠡ᠂ ᠵᠢᠱᠢᠶᠠᠯᠡᠪᠠᠯ᠄ ᠨᠢᠳᠦᠨ ᠳᠤ ᠲᠤᠰᠤᠭᠠᠬᠤ ᠡᠮ᠂ ᠪᠠᠺᠲ᠋ᠧᠷᠢ ᠦᠷᠪᠢᠰᠤᠯ ᠢ ᠰᠡᠷᠭᠡᠶᠢᠯᠡᠬᠦ ᠡᠮ᠂ ᠳᠡᠷᠭᠡᠨ ᠳᠤ ᠰᠠᠭᠤᠭᠠᠳ ᠲᠤᠷ᠎ᠠ ᠪᠤᠯᠭᠢᠬᠤ ᠶᠢ | ᠰᠡᠷᠭᠡᠶᠢᠯᠡᠬᠦ ᠡᠮ ᠵᠢᠴᠢ ᠬᠢᠮᠤᠷᠠᠭᠠᠨ ᠤ ᠡᠮ ᠪᠤᠯᠤᠨ ᠬᠤᠳᠤᠭᠤᠳᠤ ᠭᠡᠳᠡᠰᠤᠨ ᠤ ᠡᠮ ᠵᠡᠷᠭᠡ᠃ ᠵᠢᠮᠢᠰ ᠢᠳᠡᠵᠤ ᠪᠠᠷᠠᠭᠰᠠᠨ ᠤ ᠳᠠᠷᠠᠭ᠎ᠠ ᠬᠠᠯᠠᠭᠤᠨ ᠴᠠᠢ ᠤᠤᠭᠤᠵᠤ | ᠪᠤᠯᠬᠤ ᠦᠭᠡᠢ᠂ ᠠᠮᠠᠷᠬᠠᠨ ᠴᠢᠴᠠᠭ᠎ᠠ ᠠᠯᠳᠠᠨ᠎ᠠ᠃ | 5. ᠴᠦᠭᠡᠨ ᠳᠤᠭᠠᠳᠤ ᠦᠨᠳᠦᠰᠦᠳᠡᠨ ᠤ ᠭᠠᠵᠠᠷ ᠤᠷᠤᠨ ᠤᠯᠠᠩᠬᠢ ᠳᠤ ᠪᠠᠨ ᠦᠬᠡᠷ ᠬᠤᠨᠢᠨ ᠮᠢᠬ᠎ᠠ ᠪᠠᠷ ᠭᠤᠤᠯ ᠪᠤᠯᠭᠠᠳᠠᠭ᠃ ᠲᠤᠬᠠᠢ ᠶᠢᠨ ᠭᠠᠵᠠᠷ | ᠤᠷᠤᠨ ᠤ ᠴᠦᠭᠡᠨ ᠳᠤᠭᠠᠳᠤ ᠦᠨᠳᠦᠰᠦᠳᠡᠨ ᠤ ᠵᠠᠩ ᠳᠠᠳᠬᠠᠯ ᠢ ᠬᠦᠨᠳᠦᠳᠬᠡᠵᠤ᠂ ᠰᠡᠷᠭᠡᠭ ᠴᠢᠨᠠᠷ ᠲᠠᠢ ᠦᠭᠡ ᠶᠠᠷᠢᠬᠤ ᠶᠢ ᠴᠡᠭᠡᠷᠯᠡᠨ᠎ᠡ᠃ | 6. ᠡᠯᠡᠰᠤ ᠮᠠᠩᠬᠠᠨ ᠤ ᠨᠠᠷᠠ ᠭᠠᠷᠬᠤ ᠪᠠ ᠨᠠᠷᠠ ᠰᠢᠩᠭᠡᠬᠦ ᠦᠶ᠎ᠡ ᠶᠢᠨ ᠦᠵᠡᠮᠵᠢ ᠶᠢ ᠰᠡᠭᠦᠳᠡᠷᠯᠡᠭᠰᠡᠨ ᠦᠷ᠎ᠡ ᠳ᠋ᠦᠩ ᠨᠢ ᠲᠤᠩ ᠰᠠᠶᠢᠨ ᠪᠠᠶᠢᠳᠠᠭ᠂ | ᠰᠠᠭᠦᠲᠡᠷᠯᠡᠬᠦ ᠰᠠᠨᠠᠭ᠎ᠠ ᠲᠠᠢ ᠪᠠᠶᠢᠪᠠᠯ᠂ ᠰᠠᠭᠦᠳᠡᠷᠯᠡᠬᠦ ᠮᠠᠰᠢᠨ ᠵᠡᠷᠭᠡ ᠪᠠᠨ ᠰᠠᠶᠢᠬᠠᠨ ᠪᠡᠯᠡᠳᠭᠡᠵᠤ᠂ ᠬᠡᠷᠡᠭᠯᠡᠬᠦ ᠦᠭᠡᠢ ᠦᠶ᠎ᠡ ᠳᠤ ᠪᠠᠨ ᠡᠷᠬᠡᠪᠰᠢ ᠰᠠᠶᠢᠬᠠᠨ ᠪᠤᠭᠤᠵᠤ | ᠲᠠᠯᠪᠢᠨ᠂ ᠰᠡᠭᠦᠳᠡᠷᠯᠡᠬᠦ ᠮᠠᠰᠢᠨ ᠵᠡᠷᠭᠡ ᠳᠤ ᠡᠯᠡᠰᠤ ᠰᠢᠷᠦᠢ ᠤᠷᠤᠵᠤ᠂ ᠮᠠᠰᠢᠨ ᠢ ᠡᠪᠳᠡᠯᠬᠦ ᠠᠴᠠ ᠬᠢᠴᠢᠶᠡᠨ᠎ᠡ᠃ | 7. ᠡᠯᠡᠰᠤ ᠮᠠᠩᠬᠠᠨ ᠤ ᠡᠯ᠎ᠡ ᠵᠦᠢᠯ ᠤᠨ ᠡᠪᠡᠰᠤ ᠤᠷᠭᠤᠮᠠᠯ ᠢ ᠡᠪᠳᠡᠵᠤ ᠰᠦᠢᠳᠬᠡᠵᠦ ᠪᠤᠯᠬᠤ ᠦᠭᠡᠢ ᠪᠦᠭᠡᠳ ᠤᠰᠤ ᠠᠷᠪᠢᠯᠠᠬᠤ ᠬᠡᠷᠡᠭᠳᠡᠢ᠂ ᠳᠡᠳᠡᠭᠡᠷ ᠨᠢ | ᠡᠯᠡᠰᠤ ᠮᠠᠩᠬᠠᠨ ᠠᠮᠢ ᠠᠬᠤᠢ ᠶᠢ ᠬᠠᠮᠠᠭᠠᠯᠠᠬᠤ ᠳᠤ ᠤᠮᠳᠤᠭᠠᠢᠢᠯᠠᠵᠤ ᠪᠤᠯᠤᠰᠢ ᠦᠭᠡᠢ ᠦᠢᠯᠡᠳᠦᠯ ᠲᠠᠢ᠃ | 8. ᠲᠠᠨ ᠤ ᠵᠢᠭᠤᠯᠴᠢᠯᠠᠵᠤ ᠪᠠᠶᠢᠭ᠎ᠠ ᠤᠷᠤᠨ ᠪᠤᠯ ᠡᠯᠡᠰᠤ ᠮᠠᠩᠬᠠᠨ ᠠᠮᠢ ᠠᠬᠤᠢ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠬᠤᠷ ᠦᠪᠡᠷ ᠤᠨ | ᠬᠡᠷᠡᠭᠯᠡᠵᠤ ᠦᠩᠭᠡᠷᠡᠭᠰᠡᠨ ᠠᠮᠢᠳᠤᠷᠠᠯ ᠤᠨ ᠬᠠᠶᠠᠭᠳᠠᠮᠠᠯ ᠡᠳ᠋ ᠪᠠᠨ ᠲᠦᠷᠦᠯ ᠬᠤᠪᠢᠶᠠᠨ᠂ ᠦᠵᠡᠮᠵᠢ ᠶᠢᠨ ᠤᠷᠤᠨ ᠳᠤ ᠲᠤᠬᠢᠷᠠᠭᠤᠯᠤᠭᠰᠠᠨ ᠬᠤᠭ ᠤᠨ ᠰᠠᠪᠠᠨ ᠳᠤ | ᠬᠢᠬᠦ ᠬᠡᠷᠡᠭᠳᠡᠢ᠃ | 9. ᠶᠠᠪᠠᠭᠠᠨ ᠢᠶᠠᠷ ᠡᠯᠡᠰᠤ ᠮᠠᠩᠬᠠᠨ ᠳᠤ ᠪᠠᠷᠲᠠᠭ᠎ᠠ ᠰᠢᠨᠵᠢᠯᠡᠬᠦ ᠳᠤ᠂ ᠬᠡᠭᠡᠷ᠎ᠡ ᠬᠤᠨᠤᠭᠯᠠᠬᠤ ᠲᠦᠬᠦᠭᠡᠷᠦᠮᠵᠢ ᠪᠤᠯᠤᠨ ᠬᠡᠷᠡᠭᠯᠡᠬᠦ ᠪᠠᠭᠠᠵᠢ ᠶᠢ ᠪᠡᠯᠡᠳᠭᠡᠵᠤ᠂ | ᠬᠠᠮᠤᠭ ᠰᠠᠶᠢᠨ ᠨᠢ ᠲᠤᠰᠬᠠᠢ ᠮᠡᠷᠭᠡᠵᠢᠯᠳᠡᠨ ᠢᠶᠠᠷ ᠬᠠᠪᠰᠤᠷᠠᠭᠤᠯᠤᠨ ᠮᠠᠶᠢᠬᠠᠨ ᠢᠶᠠᠨ ᠪᠤᠰᠬᠠᠬᠤ ᠶᠢᠨ ᠬᠠᠮᠳᠤ ᠵᠠᠮ ᠳᠠᠭᠠᠭᠤᠯᠤᠭᠴᠢ ᠲᠠᠢ ᠰᠠᠶᠢᠨ ᠨᠡᠪᠳᠡᠷᠡᠯᠴᠡᠬᠦ ᠶᠢ | ᠠᠩᠬᠠᠷᠬᠤ ᠬᠡᠷᠡᠭᠳᠡᠢ᠃ | 10. ᠡᠯᠡᠰᠤ ᠮᠠᠩᠬᠠᠨ ᠳᠤ ᠵᠢᠭᠤᠯᠴᠢᠯᠠᠬᠤ ᠶᠢᠨ ᠲᠤᠬᠢᠷᠠᠮᠵᠢᠲᠡᠢ ᠤᠯᠠᠷᠢᠯ ᠪᠤᠯ 5--10 ᠰᠠᠷ᠎ᠠ ᠪᠠᠶᠢᠵᠤ᠂ 6--9 ᠰᠠᠷ᠎ᠠ ᠪᠤᠯ ᠬᠠᠮᠤᠭ ᠰᠠᠶᠢᠨ ᠦᠶ᠎ᠡ | ᠪᠤᠯᠤᠨ᠎ᠠ᠂ ᠶᠠᠪᠠᠭᠠᠨ ᠢᠶᠠᠷ ᠡᠯᠡᠰᠤ ᠮᠠᠩᠬᠠᠨ ᠳᠤ ᠪᠠᠷᠲᠠᠭ᠎ᠠ ᠰᠢᠨᠵᠢᠯᠡᠬᠦ ᠤᠯᠠᠷᠢᠯ ᠪᠤᠯ 9--10 ᠰᠠᠷ᠎ᠡ ᠪᠤᠯᠤᠨ᠎ᠠ᠃ |