11 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠮᠠᠨ ᠤ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠤᠤᠷ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠬᠦᠴᠦᠲᠡᠶ ᠵᠢᠯᠣᠭᠤᠳᠣᠯᠭ᠎ᠠ | ᠳᠤᠤᠷ᠎ᠠ᠂ ᠡᠯ᠎ᠡ ᠲᠠᠯ᠎ᠠ ᠶᠢᠨ ᠬᠦᠴᠦᠨ ᠤ ᠬᠦᠴᠦᠲᠡᠢ ᠳᠡᠮᠵᠢᠯᠭᠡ ᠪᠠ ᠨᠢᠭᠲᠠ ᠬᠠᠮᠵᠢᠯᠴᠠᠭ᠎ᠠ ᠳᠤᠤᠷ᠎ᠠ᠂ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢᠳᠡᠪᠬᠢᠲᠡᠶ ᠠᠬᠢᠴᠠ ᠲᠠᠢ ᠪᠣᠯᠵᠣ᠂ ᠬᠢᠵᠢᠭ ᠤᠨ ᠪᠠᠶᠢᠳᠠᠯ ᠰᠠᠶᠢᠵᠢᠷᠠᠬᠤ ᠬᠠᠨᠳᠤᠰᠢ ᠢᠯᠡᠷᠡᠪᠡ᠃ ᠡᠭᠦᠨ ᠤ ᠬᠠᠮᠲᠤ᠂ ᠣᠳᠣᠬᠠᠨ ᠳᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ᠂ ᠰᠡᠷᠭᠡᠶᠢᠯᠡᠨ ᠡᠵᠡᠮᠳᠡᠬᠦ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠬᠦᠨᠳᠦ | ᠪᠠᠶᠢᠨ᠎ᠠ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠵᠠᠪᠠᠯ ᠭᠦᠶᠴᠡᠳ ᠰᠡᠷᠭᠡᠭ ᠰᠡᠷᠡᠮᠵᠢ ᠲᠠᠢ ᠪᠠᠶᠢᠵᠤ᠂ ᠶᠠᠭᠠᠬᠢᠭᠰᠠᠨ ᠴᠤ ᠰᠣᠬᠤᠷ ᠪᠠᠯᠠᠶ ᠪᠠᠷ | ᠪᠠᠶᠠᠰᠤᠩᠭᠤᠢ ᠪᠠᠶᠢᠵᠤ ᠪᠣᠯᠬᠤ ᠥᠬᠡᠶ᠂ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠃ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠴᠢ | ᠵᠣᠷᠢᠭ ᠢᠶᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠢᠮᠠᠭᠲᠠ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ᠂ ᠨᠢᠭᠡ ᠯᠡ ᠠᠮᠢᠰᠬᠤᠭ᠎ᠠ ᠪᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠰᠦᠨᠦᠭᠡᠯᠲᠡ ᠶᠢᠨ ᠡᠨᠡ | ᠤᠳᠠᠭᠠᠨ ᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ᠃ ᠤᠶᠢᠢᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠤ ᠢᠯᠡᠷᠡᠭᠰᠡᠨ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠭᠦᠨᠵᠡᠭᠡᠢ ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠢ | ᠰᠤᠷᠭᠠᠮᠵᠢ ᠠᠪᠴᠤ᠂ ᠡᠭᠦᠨ ᠢᠶᠠᠷ ᠦᠨᠡᠨ ᠬᠦ ᠴᠡᠭᠡᠷᠯᠡᠯ ᠪᠣᠯᠭᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠵᠤ᠂ ᠵᠠᠯᠠᠷᠠᠭᠤᠯᠬᠤ ᠶᠤᠰᠤᠳᠠᠢ ᠠᠯᠳᠠᠬᠳᠠᠯ ᠢ ᠵᠠᠯᠠᠷᠠᠭᠤᠯᠵᠤ᠂ ᠨᠥᠬᠦᠪᠥᠷᠢᠯᠡᠬᠦ ᠶᠣᠰᠣᠲᠠᠢ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠣᠨᠢᠨ ᠲᠡᠬᠡᠷ᠎ᠡ ᠨᠢ ᠪᠦᠲᠦᠮᠵᠢᠲᠡᠢ ᠰᠠᠶᠢᠲᠤᠷ ᠬᠢᠵᠦ᠂ ᠡᠯ᠎ᠡ ᠵᠦᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠤᠰᠠᠭᠠᠷᠯᠠᠬᠤ ᠴᠡᠭ ᠤᠨ ᠬᠠᠮᠢᠶᠠᠷᠤᠯᠲᠠ | ᠪᠣᠯᠤᠨ ᠳᠤᠮᠳᠠ ᠥᠨᠳᠥᠷ ᠠᠶᠤᠯ ᠲᠦᠭᠰᠢᠭᠦᠷᠢ ᠲᠠᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠥᠪᠯᠡᠷᠡᠭᠦᠯᠦᠨ ᠲᠤᠰᠠᠭᠠᠷᠯᠠᠵᠤ | ᠪᠠᠶᠢᠭ᠎ᠠ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠪᠢᠲᠡᠭᠦᠮᠵᠢᠯᠡᠨ ᠡᠵᠡᠮᠳᠡᠭᠰᠡᠨ ᠰᠠᠭᠤᠭᠠᠯᠢ ᠠᠷᠠᠳ ᠤᠨ ᠲᠣᠭᠤᠷᠢᠭ ᠤᠨ ᠭᠡᠷ ᠠᠴᠠ ᠪᠠᠨ ᠭᠠᠷᠬᠤ ᠦᠭᠡᠢ | ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠵᠠᠮ ᠱᠤᠭᠤᠮ ᠢ ᠦᠨᠡᠨ ᠬᠦ ᠲᠠᠰᠤᠯᠬᠤ ᠬᠡᠷᠡᠭᠲᠡᠢ᠃ | ᠲᠤᠭᠤᠷᠢᠭ ᠱᠠᠲᠤ ᠬᠤᠪᠢᠶᠠᠨ ᠣᠨᠢᠨ ᠲᠡᠭᠡᠷ᠎ᠡ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠣᠷᠣᠨ | ᠪᠦᠰᠡ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠤᠨ ᠲᠤᠬᠠᠢ ᠬᠠᠮᠢᠶᠠᠷᠤᠯᠲᠠ ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠵᠤ᠂ ᠠᠶᠤᠯ | ᠲᠦᠭᠰᠢᠭᠦᠷᠢ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠶ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠯ᠎ᠡ ᠪᠣᠭᠤᠮᠲᠠ ᠶᠢ ᠴᠢᠩᠭ᠎ᠠ | ᠰᠠᠬᠢᠵᠤ᠂ ᠬᠢᠯᠢ ᠪᠠᠷ ᠣᠷᠣᠵᠤ ᠢᠷᠡᠬᠦ ᠶᠢ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠬᠢᠯᠢ ᠶᠢᠨ ᠪᠣᠭᠤᠮᠲᠠ ᠶᠢᠨ ᠡᠳ᠋ | ᠪᠠᠷᠠᠭᠠᠨ ᠤ ᠬᠢᠯᠢ ᠪᠠᠷ ᠣᠷᠣᠵᠤ ᠢᠷᠡᠬᠦ ᠡᠯ᠎ᠡ ᠭᠤᠭᠴᠤᠭ᠎ᠠ ᠳᠤ ᠪᠠᠶᠢᠩᠭᠤᠵᠢᠬᠰᠠᠨ ᠠᠶᠤᠯ ᠲᠦᠭᠰᠢᠭᠦᠷᠢ ᠶᠢᠨ ᠵᠢᠭᠰᠠᠭᠠᠨ ᠪᠠᠶᠢᠴᠠᠭᠠᠯᠲᠠ ᠬᠢᠵᠦ᠂ ᠭᠠᠳᠠᠭᠠᠳᠤ ᠠᠴᠠ | ᠣᠷᠣᠭᠤᠯᠬᠤ ᠬᠦᠢᠳᠡᠨ ᠢᠶᠠᠷ ᠵᠦᠭᠡᠭᠡᠪᠦᠷᠢᠯᠡᠬᠦ ᠢᠳᠡᠭᠡᠨ ᠪᠠ ᠬᠦᠢᠳᠡᠨ ᠢᠶᠠᠷ ᠵᠦᠭᠡᠭᠡᠪᠦᠷᠢᠯᠡᠬᠦ ᠪᠤᠰᠤ ᠡᠳ᠋ ᠪᠣᠳᠠᠰ ᠢ ᠲᠡᠭᠡᠭᠡᠪᠦᠷᠢᠯᠡᠬᠦ ᠪᠣᠭᠤᠮᠲᠠ ᠶᠢ ᠴᠢᠩᠭ᠎ᠠ ᠰᠠᠬᠢᠵᠤ᠂ | ᠬᠢᠵᠢᠭ ᠬᠠᠯᠳᠠᠪᠤᠷᠢᠯᠠᠨ ᠣᠷᠣᠵᠤ ᠢᠷᠡᠬᠦ ᠰᠢᠨ᠎ᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠳᠤᠮᠳᠠ ᠥᠨᠳᠥᠷ ᠠᠶᠤᠯ ᠲᠦᠭᠰᠢᠭᠦᠷᠢ ᠲᠠᠢ | ᠭᠠᠵᠠᠷ ᠣᠷᠣᠨ ᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠲᠤᠮᠳᠠ | ᠭᠤᠭᠤᠵᠢᠭᠳᠠᠭᠤᠯᠵᠤ ᠡᠵᠡᠮᠳᠡᠵᠤ ᠲᠡᠶᠢᠯᠬᠦ ᠦᠬᠡᠢ ᠪᠤᠯᠬᠤ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠡᠪᠡᠳᠴᠢᠲᠡᠨ ᠢ ᠠᠪᠤᠷᠠᠨ ᠡᠮᠨᠡᠬᠦ ᠪᠠ | ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠮᠦᠨ᠎ᠡ ᠹᠷᠣᠨᠲ ᠤᠨ ᠡᠮᠴᠢ | ᠰᠤᠪᠢᠯᠠᠭᠴᠢ ᠶᠢᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠬᠤᠴᠤᠷᠴᠤ ᠦᠯᠡᠳᠡᠭᠰᠡᠨ | ᠵᠢᠭᠤᠯᠴᠢᠯᠠᠭᠰᠠᠳ ᠲᠤ ᠦᠶᠯᠡᠴᠢᠯᠡᠬᠦ ᠪᠠ ᠪᠠᠲᠤᠯᠠᠭ᠎ᠠ ᠬᠠᠩᠭᠠᠬᠤ ᠠᠵᠢᠯ ᠢ ᠨᠠᠷᠢᠯᠢᠭ ᠰᠠᠶᠢᠲᠤᠷ ᠬᠢᠵᠦ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠪᠡᠯᠡᠳᠭᠡᠯ ᠲᠥᠰᠦᠯ ᠢ ᠲᠡᠭᠦᠯᠳᠡᠷᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠨᠥᠭᠡᠴᠡᠯᠡᠬᠦ ᠪᠠ ᠲᠣᠬᠢᠷᠠᠭᠤᠯᠬᠤ ᠶᠢ | ᠴᠢᠩᠭᠠᠳᠬᠠᠵᠤ᠂ ᠨᠡᠭᠦᠳᠡᠯ ᠪᠠᠶᠢᠴᠠᠭᠠᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ | ᠴᠢᠳᠠᠪᠤᠷᠢ ᠶᠢ ᠴᠢᠩᠭᠠᠳᠬᠠᠵᠤ᠂ ᠲᠦᠷᠭᠡᠨ ᠲᠤᠰᠬᠠᠯ ᠭᠠᠷᠬᠤ ᠲᠣᠭᠲᠠᠴᠠ ᠶᠢ ᠪᠦᠷᠢᠨᠰᠢᠬᠦᠯᠵᠤ᠂ ᠬᠢᠵᠢᠭ ᠤᠨ ᠪᠠᠶᠢᠳᠠᠯ ᠢ ᠰᠢᠶᠳᠪᠦᠷᠢᠯᠡᠬᠦ ᠰᠠᠨᠠᠭᠠᠴᠢᠯᠠᠭᠠᠲᠤ ᠡᠷᠬᠡ ᠶᠢ | ᠦᠨᠡᠨ ᠬᠦ ᠴᠢᠩᠭ᠎ᠠ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ | ᠶᠢᠨ ᠲᠤᠳᠤᠷᠠᠬᠢ ᠭᠤᠤᠯᠳᠠᠯᠭ᠎ᠠ ᠪᠣᠯᠭᠠᠵᠤ᠂ ᠭᠤᠤᠯ ᠤᠳᠤᠷᠢᠳᠤᠯᠭ᠎ᠠ ᠲᠦᠷᠦᠭᠦᠯᠡᠨ ᠵᠢᠯᠣᠭᠤᠳᠴᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ | ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠡᠷᠬᠡᠪᠰᠢ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ︽ᠬᠥᠮᠦᠨ᠂ | ᠪᠣᠳᠠᠰ᠂ ᠣᠷᠴᠢᠨ ᠲᠣᠭᠤᠷᠢᠨ︾ ᠤ ᠬᠠᠮᠲᠤ ᠪᠠᠷ ᠰᠡᠷᠭᠡᠶᠢᠯᠡᠬᠦ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠨ ᠰᠡᠷᠭᠡᠶᠢᠯᠡᠨ ᠡᠵᠡᠮᠳᠡᠬᠦ ᠡᠬᠢ ᠪᠠᠶᠠᠯᠢᠭ᠂ ᠰᠡᠷᠭᠡᠶᠢᠯᠡᠨ ᠡᠵᠡᠮᠳᠡᠬᠦ ᠬᠦᠴᠦᠨ ᠢᠶᠠᠨ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠵᠢᠯᠣᠭᠤᠳᠬᠤ ᠰᠢᠰᠲ᠋ᠧᠮ ᠤᠨ ᠢᠮᠠᠭᠲᠠ ᠠᠮᠢᠳᠤᠯᠢᠭ ᠪᠠᠶᠢᠳᠠᠯ ᠳᠤ ᠪᠠᠶᠢᠬᠤ ᠶᠢ | ᠦᠨᠡᠨ ᠬᠦ ᠪᠠᠲᠤᠯᠠᠵᠤ᠂ ᠰᠡᠷᠭᠡᠶᠢᠯᠡᠨ ᠡᠵᠡᠮᠳᠡᠬᠦ ᠡᠩᠨᠡᠭᠡᠨ ᠤ ᠭᠦᠶᠴᠡᠳ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠬᠠᠪᠲᠠᠭᠠᠶᠢᠷᠠᠭᠰᠠᠨ ᠮᠠᠶ᠋ᠢᠭ ᠤᠨ | ᠬᠠᠮᠢᠶᠠᠷᠤᠯᠲᠠ ᠶᠢ ᠴᠢᠩᠭᠠᠳᠬᠠᠵᠤ᠂ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠬᠤ᠂ ᠨᠠᠷᠢᠯᠢᠭ ᠠᠳᠬᠤᠵᠤ ᠪᠣᠳᠠᠲᠠᠶ ᠠᠳᠬᠤᠬᠤ ᠶᠢ ᠴᠢᠬᠤᠯᠠᠴᠢᠯᠠᠵᠤ᠂ | ᠶᠠᠭᠠᠬᠢᠭᠰᠠᠨ ᠴᠤ ᠱᠠᠲᠤ ᠱᠠᠲᠤ ᠪᠠᠷ ᠳᠡᠭᠡᠭᠰᠢ ᠮᠡᠳᠡᠭᠦᠯᠵᠤ᠂ ᠣᠯᠠᠨ ᠲᠠᠯ᠎ᠠ ᠶᠢᠨ ᠬᠢᠨ ᠤᠷᠤᠯᠴᠠᠬᠤ ᠠᠴᠠ ᠪᠤᠯᠵᠤ ᠠᠵᠢᠯ ᠢᠶᠠᠨ ᠦᠷᠨᠢᠭᠦᠯᠬᠦ ᠶᠢ ᠰᠠᠭᠠᠲᠠᠭᠠᠵᠤ ᠪᠣᠯᠬᠤ | ᠥᠬᠡᠶ᠃ ᠴᠢᠩᠭ᠎ᠠ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠡᠷᠡᠰ ᠲᠡᠪᠴᠢᠵᠦ᠂ ᠠᠵᠢᠯ ᠨᠢ ᠪᠣᠳᠠᠲᠠᠢ ᠪᠢᠰᠢ᠂ ᠰᠡᠷᠭᠡᠶᠢᠯᠡᠨ ᠡᠵᠡᠮᠳᠡᠬᠦ ᠡᠷᠴᠢᠮ ᠨᠢ ᠰᠤᠯᠠ ᠠᠴᠠ ᠪᠣᠯᠤᠭᠰᠠᠨ ᠬᠦᠨᠳᠦ ᠨᠣᠴᠢᠲᠠᠢ ᠦᠷ᠎ᠡ ᠳ᠋ᠦᠩ ᠢ ᠪᠤᠢ | ᠪᠤᠯᠭᠠᠬᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽︿ᠴᠢᠬᠡᠴᠢ ᠰᠤᠷᠲᠠᠯ ᠲᠠᠢ ᠺᠠᠳ᠋ᠷ﹀ ᠢ ᠰᠣᠩᠭᠤᠨ ᠪᠤᠢ ᠪᠣᠯᠭᠠᠬᠤ ᠠᠵᠢᠯ ᠢ ᠪᠠᠬᠢᠵᠢᠭᠦᠯᠦᠨ ᠳᠡᠭᠡᠭᠰᠢᠯᠡᠭᠦᠯᠵᠦ ᠦᠨᠳᠦᠰᠦᠨ ᠱᠠᠲᠤᠨ ᠤ | ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠶᠢ ᠵᠣᠷᠢᠭᠵᠢᠭᠤᠯᠬᠤ ᠲᠤᠬᠠᠢ ᠰᠠᠨᠠᠯ︾ ᠢ ᠰᠤᠳᠤᠯᠵᠤ᠂ ︽ᠴᠢᠬᠡᠴᠢ ᠰᠤᠷᠲᠠᠯ ᠲᠠᠢ ᠺᠠᠳ᠋ᠷ︾ ᠢ ᠰᠣᠩᠭᠤᠨ ᠪᠤᠢ | ᠪᠣᠯᠭᠠᠬᠤ ᠡᠨᠡ ᠬᠦ ᠪᠦᠲᠦᠮᠵᠢᠲᠡᠢ ᠠᠴᠢᠶᠠᠯᠠᠪᠤᠷᠢ ᠶᠢ ᠭᠦᠢᠴᠡᠳ ᠰᠠᠶᠢᠲᠤᠷ ᠠᠰᠢᠭᠯᠠᠵᠤ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠨᠠᠭᠰᠢᠳᠠ ᠴᠢᠩᠭᠠᠳᠬᠠᠵᠤ᠂ | ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ | ᠭᠦᠢᠴᠡᠳ ᠳᠠᠶᠢᠴᠢᠯᠠᠬᠤ ᠬᠡᠷᠡᠭᠲᠡᠢ᠃ ᠰᠣᠩᠭᠤᠵᠤ ᠪᠣᠶ ᠪᠣᠯᠭᠠᠬᠤ ᠪᠣᠭᠤᠮᠲᠠ ᠶᠢ ᠰᠠᠶᠢᠲᠤᠷ ᠠᠳᠬᠤᠵᠤ᠂ ᠤᠯᠤᠰ ᠲᠥᠷᠥ ᠶᠢᠨ ᠪᠠᠷᠢᠮᠵᠢᠶ᠎ᠠ᠂ ᠴᠢᠬᠡᠴᠢ ᠵᠠᠰᠠᠭ ᠤᠨ | ᠪᠠᠷᠢᠮᠵᠢᠶ᠎ᠠ᠂ ᠪᠣᠳᠠᠲᠤ ᠬᠢᠷᠢ ᠪᠦᠲᠦᠮᠵᠢ ᠶᠢᠨ ᠪᠠᠷᠢᠮᠵᠢᠶ᠎ᠠ᠂ ᠠᠷᠠᠳ ᠤᠨ ᠰᠠᠨᠠᠭ᠎ᠠ ᠶᠢᠨ ᠪᠠᠷᠢᠮᠵᠢᠶ᠎ᠠ ᠶᠢ ᠴᠢᠩᠳᠠᠯᠠᠵᠤ᠂ ᠰᠣᠩᠭᠤᠵᠤ ᠪᠣᠶ ᠪᠣᠯᠭᠠᠬᠤ ᠵᠥᠪ | ᠤᠳᠤᠷᠢᠳᠤᠮᠵᠢ ᠶᠢ ᠢᠮᠠᠭᠲᠠ ᠪᠠᠲᠤ ᠪᠣᠶ ᠪᠣᠯᠭᠠᠬᠤ ᠬᠡᠷᠡᠭᠲᠡᠶ᠃ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠰᠢᠯᠭᠠᠷᠠᠭᠤᠯᠤᠭᠰᠠᠨ ᠦᠷ᠎ᠡ ᠳ᠋ᠦᠩ ᠢ ᠺᠠᠳ᠋ᠷ ᠢ | ᠰᠣᠩᠭᠤᠨ ᠬᠡᠷᠡᠭᠯᠡᠬᠦ᠂ ᠬᠢᠨᠠᠨ ᠰᠢᠯᠭᠠᠬᠤ ᠵᠡᠷᠭᠡ ᠲᠠᠢ ᠤᠶᠠᠯᠳᠤᠭᠤᠯᠵᠤ᠂ ᠥᠷᠭᠡᠨ ᠤᠯᠠᠨ ᠺᠠᠳ᠋ᠷ ᠢ ᠬᠦᠳᠦᠯᠦᠨ ᠵᠢᠯᠣᠭᠤᠳᠴᠤ ᠢᠮᠠᠭᠲᠠ ᠠᠷᠠᠳ ᠤᠨ ᠲᠥᠯᠥᠭᠡ | ᠪᠠᠶᠢᠬᠤ᠂ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |