ᠪᠥᠬᠦ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠢᠯᠡᠷᠡᠭᠦᠯᠦᠭᠰᠡᠨ ᠢᠶᠠᠷ᠂ ᠣᠲᠣ | ᠪᠣᠯᠲᠠᠯ᠎ᠠ᠂ ᠪᠥᠬᠦ ᠣᠷᠣᠨ ᠳᠤ ᠨᠡᠶᠢᠲᠡ 447 ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ 3.19 ᠲᠦᠮᠡᠨ ᠵᠠᠯᠠᠭᠤ | ᠰᠠᠶᠢᠨ ᠳᠤᠷᠠᠴᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ | ᠥᠷᠭᠡᠨ ᠢᠶᠠᠷ ᠣᠷᠣᠯᠴᠠᠵᠤ᠂ ᠨᠡᠶᠢᠲᠡ 18 ᠲᠦᠮᠡ ᠭᠠᠷᠤᠶ ᠴᠠᠭ ᠦᠢᠯᠡᠴᠢᠯᠡᠪᠡ᠃ | ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠬᠤᠷᠢᠭᠯᠠᠬᠤ ᠪᠣᠯ ᠬᠠᠷᠢᠭᠤᠴᠠᠯᠭ᠎ᠠ ᠮᠥᠨ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠪᠦᠬᠦ | ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠠᠵᠢᠯᠯᠠᠵᠤ᠂ | ᠥᠷᠭᠡᠨ ᠤᠯᠠᠨ ᠵᠠᠯᠠᠭᠤ ᠰᠠᠶᠢᠨ ᠳᠤᠷᠠᠴᠢᠨ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠦᠳᠦᠯᠦᠨ ᠵᠢᠯᠣᠭᠤᠳᠴᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ | ᠵᠢᠷᠤᠮ ᠲᠠᠢ ᠪᠠᠷ ᠥᠷᠨᠢᠭᠦᠯᠪᠡ᠃ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠵᠠᠯᠠᠭᠤ ᠰᠠᠶᠢᠨ ᠳᠤᠷᠠᠴᠢᠨ ᠤ | ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠵᠠᠯᠠᠭᠤ ᠰᠠᠶᠢᠨ ᠳᠤᠷᠠᠴᠢᠨ ᠢ ᠲᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠡᠮᠦᠨ᠎ᠡ ᠹᠷᠣᠨᠲ ᠲᠤ ᠤᠬ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠨ ᠤ ᠬᠠᠮᠲᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ | ᠤᠶᠠᠯᠳᠤᠭᠤᠯᠵᠤ᠂ ︽ᠡᠪᠯᠡᠯ ᠤᠨ ᠺᠠᠳ᠋ᠷ + ᠵᠠᠯᠠᠭᠤ ᠰᠠᠶᠢᠨ ᠳᠤᠷᠠᠴᠢᠨ︾ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠡᠮᠦᠨ᠎ᠡ ᠡᠩᠨᠡᠭᠡᠨ ᠳᠤ | ᠭᠠᠪᠰᠢᠭᠠᠶᠢᠯᠠᠵᠤ᠂ ᠦᠯᠢᠭᠡᠷ ᠳᠠᠭᠤᠷᠢᠶᠠᠯ ᠪᠣᠯᠵᠤ ᠪᠤᠢ᠃ | 10 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠥᠪᠥᠷ ᠮᠣᠩᠭᠤᠯ ᠤᠨ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ᠂ | ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠯᠠᠭᠤ ᠰᠠᠶᠢᠨ | ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠨᠢᠭᠡᠳᠦᠭᠡᠷ ᠹᠷᠣᠨᠲ ᠲᠤ ᠣᠴᠢᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯᠯᠠᠭᠠᠨ ᠤ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ 10 ᠳ᠋ᠤᠭᠠᠷ ᠰᠠᠷ᠎ᠠ ᠶᠢᠨ 21 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ ᠢ ᠨᠡᠶᠢᠲᠡᠯᠡᠵᠦ᠂ | ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠰᠠᠶᠢᠨ ᠳᠤᠷᠠᠴᠢᠨ ᠤ ᠬᠠᠷᠢᠶ᠎ᠠ ᠭᠠᠵᠠᠷ ᠤᠨ ᠢᠶᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠤᠷᠢᠭᠯᠠᠬᠤ ᠠᠵᠢᠯ ᠳᠤ ᠣᠷᠣᠯᠴᠠᠬᠤ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠵᠢᠯᠣᠭᠤᠳᠴᠤ ᠪᠤᠢ᠃ |