1. ᠦᠨᠢᠶᠡᠨ ᠰᠦ ᠶᠢ ᠶᠠᠮᠠᠷ ᠴᠠᠭ ᠲᠤ ᠤᠤᠭᠤᠪᠠᠯ ᠬᠠᠮᠤᠭ ᠰᠠᠶᠢᠨ ᠪᠣᠢ︖ | ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠨᠢᠭᠡ ᠡᠳᠦᠷ ᠤᠨ ᠲᠣᠲᠣᠷ᠎ᠠ ᠦᠨᠢᠶᠡᠨ ᠰᠦ ᠤᠤᠭᠤᠬᠤ ᠳᠤ ᠲᠣᠬᠢᠷᠠᠮᠵᠢᠲᠠᠢ ᠭᠤᠷᠪᠠᠨ ︽ᠬᠠᠮᠤᠭ ᠰᠠᠶᠢᠨ | ᠴᠠᠭ︾᠂ ᠨᠢᠭᠡ᠄ ᠡᠷᠲᠡ ᠶᠢᠨ ᠬᠤᠭᠤᠯᠠᠨ ᠤ ᠢᠯᠴᠢ ᠶᠢᠨ ᠡᠨᠧᠷᠬᠢ ᠶᠢᠨ ᠬᠠᠩᠭᠠᠯᠲᠠ ᠨᠢ ᠬᠦᠮᠦᠨ ᠤ ᠪᠡᠶ᠎ᠡ ᠶᠢᠨ ᠬᠡᠷᠡᠭᠰᠡᠬᠦ ᠶᠡᠷᠦᠩᠬᠡᠢ ᠢᠯᠴᠢ ᠶᠢᠨ ᠡᠨᠧᠷᠬᠢ ᠶᠢᠨ | 25%—30% ᠶᠢ ᠡᠵᠡᠯᠡᠨ᠎ᠡ᠂ ᠡᠷᠲᠡ ᠶᠢᠨ ᠬᠤᠭᠤᠯᠠᠨ ᠳᠤ ᠪᠠᠨ ᠨᠢᠭᠡ ᠴᠣᠮᠣ ᠦᠨᠢᠶᠡᠨ ᠰᠦ ᠤᠤᠭᠤᠵᠤ᠂ ᠲᠠᠬᠢᠨ ᠦᠨᠳᠡᠭᠡ ᠪᠤᠶᠤ ᠲᠠᠯᠬ᠎ᠠ ᠲᠠᠢ | ᠲᠤᠬᠢᠷᠠᠭᠤᠯᠤᠨ ᠢᠳᠡᠪᠡᠯ ᠬᠦᠮᠦᠨ ᠤ ᠪᠡᠶ᠎ᠡ ᠳᠤ ᠬᠦᠢᠴᠡᠳ ᠰᠢᠮ᠎ᠡ ᠲᠡᠵᠢᠭᠡᠯ ᠢ ᠬᠠᠩᠭᠠᠵᠤ ᠴᠢᠳᠠᠨ᠎ᠠ᠃ ᠬᠤᠶᠠᠷ᠄ ᠦᠳᠡ ᠶᠢᠨ ᠬᠤᠶᠢᠨᠠᠬᠢ 4 ᠴᠠᠭ ᠤᠨ ᠦᠶ᠎ᠡ | ᠪᠠᠷ᠂ ᠤᠷᠤᠢ ᠶᠢᠨ ᠬᠤᠭᠤᠯᠠᠨ ᠠᠴᠠ ᠡᠮᠦᠨ᠎ᠡ ᠦᠨᠢᠶᠡᠨ ᠰᠦ ᠤᠤᠭᠤᠪᠠᠯ ᠰᠠᠶᠢᠨ᠃ ᠭᠤᠷᠪᠠ᠄ ᠣᠷᠣᠢ ᠤᠨᠲᠠᠬᠤ ᠠᠴᠠ ᠪᠠᠨ ᠡᠮᠦᠨ᠎ᠡ ᠨᠢᠭᠡ ᠴᠣᠮᠣ ᠦᠨᠢᠶᠡᠨ | ᠰᠦ ᠤᠤᠭᠤᠪᠠᠯ ᠰᠠᠶᠢᠨ ᠨᠣᠶᠢᠷᠰᠣᠵᠤ ᠠᠮᠠᠷᠠᠬᠤ ᠳᠤ ᠲᠤᠰᠠᠲᠠᠢ᠃ | 2. ᠦᠨᠢᠶᠡᠨ ᠰᠦ ᠤᠤᠭᠤᠬᠤ ᠳᠤ ᠶᠠᠭᠤ ᠶᠠᠭᠤ ᠶᠢ ᠠᠩᠬᠠᠷᠬᠤ ᠴᠢᠬᠤᠯᠠ ᠲᠠᠢ ᠪᠤᠢ︖ | ᠨᠢᠭᠡ᠄ ᠲᠦᠬᠦᠬᠡᠢ ᠰᠦ ᠶᠢ ᠤᠤᠭᠤᠵᠤ ᠪᠣᠯᠬᠤ ᠦᠭᠡᠢ᠂ ᠰᠢᠨ᠎ᠡ ᠰᠣᠷᠭᠤᠭ ᠦᠨᠢᠶᠡᠨ ᠰᠦ ᠤᠤᠭᠤᠬᠤ ᠳᠤ ᠪᠠᠨ ᠡᠷᠬᠡᠪᠰᠢ ᠬᠠᠯᠠᠭᠤᠯᠤᠨ ᠪᠣᠴᠠᠯᠭᠠᠵᠤ | ᠤᠤᠭᠤᠬᠤ ᠬᠡᠷᠡᠭᠲᠡᠢ᠂ ᠦᠭᠡᠢ ᠪᠣᠯ ᠡᠪᠡᠳᠴᠢᠨ ᠤ ᠪᠠᠺᠲ᠋ᠧᠷᠢ ᠠᠮᠠ ᠪᠠᠷ ᠳᠠᠮᠵᠢᠨ ᠪᠡᠶ᠎ᠡ ᠳᠤ ᠰᠢᠩᠭᠡᠬᠦ ᠠᠶᠤᠯᠲᠠᠢ᠃ | ᠬᠤᠶᠠᠷ᠄ ᠦᠨᠢᠶᠡᠨ ᠰᠦ ᠶᠢ ᠵᠢᠭᠠᠬᠠᠨ ᠶᠠᠭᠤᠮ᠎ᠠ ᠢᠳᠡᠭᠰᠡᠨ ᠤ ᠳᠠᠷᠠᠭ᠎ᠠ ᠤᠤᠭᠤᠬᠤ ᠪᠣᠶᠣ ᠶᠠᠭᠤᠮ᠎ᠠ ᠢᠳᠡᠬᠦ ᠶᠢᠨ ᠳᠠᠭᠠᠤ ᠤᠤᠭᠤᠪᠠᠯ ᠰᠠᠶᠢᠨ᠃ | ᠭᠤᠷᠪᠠ᠄ ᠦᠨᠢᠶᠡᠨ ᠰᠦ ᠳᠤ ᠵᠢᠮᠢᠰ ᠤᠨ ᠰᠢᠭᠦᠰᠦ ᠮᠡᠲᠦ ᠶᠢᠨ ᠬᠦᠴᠢᠯᠯᠢᠭ ᠴᠢᠨᠠᠷ ᠲᠠᠢ ᠤᠮᠳᠠᠭᠠᠨ ᠨᠡᠮᠡᠵᠤ ᠤᠤᠭᠤᠵᠤ ᠪᠣᠯᠬᠤ ᠦᠭᠡᠢ᠂ ᠦᠨᠢᠶᠡᠨ ᠰᠦ | ᠤᠤᠭᠤᠬᠤ ᠠᠴᠠ ᠡᠮᠦᠨ᠎ᠡ ᠬᠤᠶᠢᠨᠠᠬᠢ ᠨᠢᠭᠡ ᠴᠠᠭ ᠲᠤ ᠵᠦᠷᠵᠢ ᠮᠡᠲᠦ ᠶᠢᠨ ᠢᠰᠭᠦᠯᠡᠩ ᠴᠢᠨᠠᠷ ᠲᠠᠢ ᠵᠢᠮᠢᠰ ᠢᠳᠡᠵᠦ ᠪᠣᠯᠬᠤ ᠦᠭᠡᠢ᠃ | ᠳᠦᠷᠪᠡ᠄ ᠵᠠᠷᠢᠮ ᠬᠦᠮᠦᠰ ᠦᠨᠢᠶᠡᠨ ᠰᠦ ᠶᠢ ᠪᠣᠴᠠᠯᠤᠭᠰᠠᠨ ᠤᠰᠤ ᠶᠢᠨ ᠣᠷᠣᠨ ᠳᠤ ᠬᠡᠷᠡᠭᠯᠡᠵᠦ ᠲᠡᠭᠦᠨ ᠢᠶᠠᠷ ᠡᠮ ᠤᠤᠭᠤᠳᠠᠭ᠂ ᠢᠩᠬᠢᠬᠦ ᠨᠢ ᠬᠦᠮᠦᠨ | ᠤ ᠪᠡᠶ᠎ᠡ ᠶᠢᠨ ᠡᠮ ᠢ ᠰᠢᠩᠭᠡᠭᠡᠬᠦ ᠶᠢ ᠬᠠᠷᠰᠢᠯᠠᠨ᠎ᠠ᠂ ᠡᠪᠡᠳᠴᠢᠲᠡᠨ ᠡᠮ ᠤᠤᠭᠤᠬᠤ ᠠᠴᠠ ᠡᠮᠦᠨ᠎ᠡ ᠬᠤᠶᠢᠨᠡᠬᠢ ᠨᠢᠭᠡ ᠴᠠᠭ ᠲᠤ ᠦᠨᠢᠶᠡᠨ ᠰᠦ ᠤᠤᠭᠤᠬᠤ ᠦᠭᠡᠢ | ᠪᠣᠯ ᠰᠠᠶᠢᠨ᠃ | ᠲᠠᠪᠤ᠄ ᠬᠦᠯᠳᠡᠭᠡᠭᠰᠡᠨ ᠪᠤᠶᠤ ᠬᠦᠢᠲᠡᠨ ᠦᠨᠢᠶᠡᠨ ᠰᠦ ᠨᠢ ᠬᠦᠮᠦᠨ ᠤ ᠪᠡᠶ᠎ᠡ ᠶᠢᠨ ᠬᠤᠳᠤᠭᠤᠳᠤ ᠭᠡᠳᠡᠰᠦᠨ ᠤ ᠬᠦᠳᠡᠯᠭᠡᠭᠡᠨ ᠤ ᠴᠢᠳᠠᠪᠬᠢ ᠶᠢ | ᠨᠦᠯᠦᠭᠡᠯᠡᠵᠦ ᠰᠠᠭᠤᠯᠭᠠᠬᠤ ᠮᠡᠲᠦ ᠶᠢᠨ ᠪᠠᠶᠢᠳᠠᠯ ᠢᠯᠡᠷᠡᠳᠡᠭ᠃ |