ᠲᠤᠩ ᠬᠢᠰᠤᠭ᠎ᠠ ᠶᠢᠨ ᠲᠦᠷᠦᠯ+ ᠮᠦᠬᠦ ᠶᠢᠨ ᠲᠦᠷᠦᠯ᠃ ᠴᠠᠶᠢᠷ ᠨᠢ ᠦᠯᠦ ᠬᠠᠯᠳᠠᠭᠠᠬᠤ ᠴᠢᠳᠠᠪᠤᠷᠢ ᠳᠤ ᠵᠤᠬᠢᠬᠤ ᠲᠤᠬᠢᠷᠠᠭᠤᠯᠤᠯᠲᠠ ᠪᠤᠯᠳᠠᠭ᠃ ᠲᠤᠩ | ᠬᠢᠰᠤᠭ᠎ᠠ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠠᠭᠤᠯᠤᠭᠳᠠᠳᠠᠭ᠃ ᠬᠡᠷᠪᠡ ᠲᠤᠩ ᠬᠢᠰᠤᠭ᠎ᠠ ᠶᠢᠨ ᠲᠦᠷᠦᠯ ᠢ ᠦᠷᠭᠦᠯᠵᠢ ᠢᠳᠡᠬᠦ ᠦᠭᠡᠢ ᠳᠤ ᠬᠦᠷᠪᠡᠯ | ᠮᠦᠬᠦ ᠶᠢᠨ ᠲᠦᠷᠦᠯ ᠢ ᠢᠳᠡᠭᠰᠡᠨ ᠴᠦ ᠪᠤᠯᠤᠨ᠎ᠠ᠃ ᠮᠦᠭᠦ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠪᠠᠶᠢᠬᠤ ᠠᠴᠠ ᠭᠠᠳᠠᠨ᠎ᠠ᠂ ᠰᠢᠬᠢᠷ ᠡᠯᠪᠡᠭ ᠪᠠᠶᠢᠵᠦ᠂ | ᠦᠯᠤ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ᠃ ᠡᠭᠦᠨ ᠠᠴᠠ ᠭᠠᠳᠠᠨ᠎ᠠ᠂ ᠠᠮᠢᠲᠠᠨ ᠤ ᠡᠯᠢᠭᠡ᠂ ᠪᠤᠭᠤᠳᠠᠢ ᠶᠢᠨ ᠬᠦᠪᠤᠷᠡᠯ ᠤᠨ ᠨᠤᠨᠳᠠᠭ᠂ | ᠬᠠᠷ᠎ᠠ ᠮᠢᠬ᠎ᠠ᠂ ᠬᠡᠭᠡᠷ᠎ᠡ ᠶᠢᠨ ᠬᠤᠰᠢᠭ᠎ᠠ ᠳᠤ ᠴᠦ ᠴᠠᠶᠢᠷ ᠨᠡᠯᠢᠶᠡᠳ ᠡᠯᠪᠡᠭ ᠪᠠᠶᠢᠳᠠᠭ᠃ | ᠡᠯᠢᠭᠡ+ ᠤᠯᠠᠪᠤᠷ ᠰᠢᠷ᠎ᠠ ᠦᠩᠭᠡᠲᠡᠢ ᠨᠤᠭᠤᠭ᠎ᠠ᠃ ᠠᠮᠢᠲᠠᠨ ᠤ ᠴᠢᠨᠠᠷᠲᠠᠢ ᠢᠳᠡᠭᠡᠨ ᠵᠢᠱᠢᠶᠡᠯᠡᠪᠡᠯ ᠡᠯᠢᠭᠡ᠂ ᠭᠠᠯᠠᠭᠤᠨ ᠦᠨᠳᠡᠭᠡᠨ ᠰᠢᠷ᠎ᠠ᠂ ᠵᠢᠭᠠᠰᠤᠨ | ᠲᠤᠰᠤᠨ ᠳᠤ ᠸᠢᠲ᠋ᠠᠮᠢᠨ A ᠮᠠᠰᠢ ᠡᠯᠪᠡᠭ ᠪᠠᠶᠢᠳᠠᠭ᠃ ᠸᠢᠲ᠋ᠠᠮᠢᠨ A ᠨᠢᠳᠤᠨ ᠤ ᠬᠠᠷᠠᠭ᠎ᠠ ᠬᠠᠮᠠᠭᠠᠯᠠᠳᠠᠭ ᠢ ᠤᠯᠠᠨ ᠢᠶᠠᠷ ᠢᠶᠠᠨ ᠪᠦᠷ ᠮᠡᠳᠡᠨ᠎ᠡ᠃ ᠦᠨᠡᠨ ᠳᠡᠭᠡᠨ | ᠲᠡᠷᠡ ᠪᠤᠯ ᠦᠯᠤ ᠬᠠᠯᠳᠠᠭᠠᠬᠤ ᠴᠢᠳᠠᠪᠤᠷᠢ ᠲᠠᠢ ᠨᠢᠭᠲᠠ ᠬᠠᠷᠢᠴᠠᠭ᠎ᠠ ᠲᠠᠢ ᠶᠤᠮ᠃ ᠰᠢᠷ᠎ᠠ ᠯᠤᠤᠪᠠᠩ᠂ ᠨᠠᠩᠭᠤᠸᠠ᠂ ᠵᠦᠷᠵᠢ ᠵᠡᠷᠭᠡ ᠤᠯᠠᠪᠤᠷ ᠰᠢᠷ᠎ᠠ ᠦᠩᠭᠡᠲᠡᠢ | ᠨᠤᠭᠤᠭ᠎ᠠ ᠵᠢᠮᠢᠰ ᠤᠨ ᠬᠠᠩᠭᠠᠬᠤ B᠂ ᠰᠢᠷ᠎ᠠ ᠯᠤᠤᠪᠠᠩ ᠤᠨ ᠡᠳ᠋ ᠨᠢ ᠪᠡᠶ᠎ᠡ ᠶᠢᠨ ᠲᠤᠲᠤᠷ᠎ᠠ ᠸᠢᠲ᠋ᠠᠮᠢᠨ A ᠪᠤᠯᠵᠦ ᠬᠤᠪᠢᠷᠠᠳᠠᠭ᠃ | ᠭᠦᠨ ᠨᠤᠭᠤᠭᠠᠨ ᠦᠩᠭᠡᠲᠡᠢ ᠨᠤᠭᠤᠭ᠎ᠠ+ ᠲᠤᠯᠤᠭᠤᠨ᠎ᠠ᠃ ᠨᠤᠭᠤᠭᠠᠨ ᠴᠡᠴᠡᠭᠳᠤ ᠴᠠᠭᠠᠨ ᠨᠣᠭᠤᠭ᠎ᠠ᠂ ᠦᠷᠭᠡᠰᠤᠳᠤ ᠨᠤᠭᠤᠭ᠎ᠠ᠂ ᠠᠪᠤᠭ᠎ᠠ᠂ ᠲᠤᠮᠤ | ᠴᠠᠭᠠᠨ ᠨᠤᠭᠤᠭ᠎ᠠ᠂ ᠰᠢᠯᠡᠮᠳᠡᠭ ᠵᠡᠷᠭᠡ ᠭᠦᠨ ᠨᠤᠭᠤᠭᠠᠨ ᠦᠩᠭᠡᠲᠡᠢ ᠨᠤᠭᠤᠭ᠎ᠠ︔ ᠲᠤᠯᠤᠭᠤᠨ᠎ᠠ᠂ ᠴᠢᠪᠠᠭ᠎ᠠ᠂ ᠲᠤᠰᠢᠯᠤᠢ᠂ ᠭᠠᠲᠢᠷ᠎ᠠ ᠶᠢᠨ ᠵᠢᠮᠢᠰ᠂ | ᠬᠦᠵᠡᠯᠵᠡᠭᠡᠨ᠎ᠡ᠂ ᠰᠢᠷᠠᠰᠤ ᠵᠡᠷᠭᠡ ᠵᠢᠮᠢᠰ ᠨᠢ ᠪᠦᠷ ᠸᠢᠲ᠋ᠠᠮᠢᠨ C ᠶᠢᠨ ᠠᠪᠤᠷᠭᠤ ᠤᠳ ᠶᠤᠮ᠃ ᠸᠢᠲ᠋ᠠᠮᠢᠨ C ᠨᠢ ᠡᠰᠡᠷᠭᠦᠴᠡᠯ ᠴᠤᠭᠴᠠ ᠶᠢᠨ ᠪᠦᠷᠢᠯᠳᠦᠯ ᠢ | ᠠᠬᠢᠭᠤᠯᠳᠠᠭ᠃ | ᠳᠠᠯᠠᠢ ᠶᠢᠨ ᠵᠢᠭᠠᠰᠤ᠃ ᠸᠢᠲ᠋ᠠᠮᠢᠨ D ᠦᠯᠤ ᠬᠠᠯᠳᠠᠭᠠᠬᠤ ᠴᠢᠳᠠᠪᠤᠷᠢ ᠶᠢ ᠴᠢᠩᠭᠠᠷᠠᠭᠤᠯᠵᠦ᠂ ᠸᠢᠲ᠋ᠠᠮᠢᠨ D ᠲᠤᠲᠠᠭᠳᠠᠪᠠᠯ ᠪᠡᠶ᠎ᠡ ᠶᠢᠨ ᠬᠡᠪ ᠤᠨ ᠴᠢᠳᠠᠪᠤᠷᠢ | ᠶᠢ ᠨᠦᠯᠦᠭᠡᠯᠡᠳᠡᠭ᠃ ᠨᠠᠷᠠᠨ ᠳᠤ ᠡᠭᠡᠭᠡᠬᠦ ᠪᠤᠯ ᠸᠢᠲ᠋ᠠᠮᠢᠨ D ᠰᠢᠩᠭᠡᠭᠡᠨ ᠠᠪᠬᠤ ᠪᠦᠳᠦᠮᠵᠢᠲᠠᠢ ᠠᠷᠭ᠎ᠠ ᠪᠤᠯᠪᠠᠴᠤ᠂ ᠡᠪᠤᠯ ᠤᠨ ᠤᠯᠠᠷᠢᠯ ᠳᠤ ᠬᠠᠮᠤᠭ ᠰᠠᠶᠢᠨ ᠨᠢ | ᠸᠢᠲ᠋ᠠᠮᠢᠨ D ᠡᠯᠪᠡᠭᠲᠡᠢ ᠢᠳᠡᠭᠡᠨ ᠨᠦᠬᠦᠪᠤᠷᠢᠯᠡᠪᠡᠯ ᠵᠤᠬᠢᠨ᠎ᠠ᠃ ᠳᠠᠯᠠᠢ ᠶᠢᠨ ᠵᠢᠭᠠᠰᠤ᠂ ᠠᠮᠢᠲᠠᠨ ᠤ ᠡᠯᠢᠭᠡ᠂ ᠵᠢᠭᠠᠰᠤᠨ ᠲᠤᠰᠤ᠂ ᠦᠨᠳᠡᠭᠡᠨ ᠳᠤ ᠸᠢᠲ᠋ᠠᠮᠢᠨ D | ᠶᠢᠨ ᠠᠭᠤᠯᠤᠭᠳᠠᠴᠠ ᠬᠠᠷᠢᠴᠠᠩᠭᠤᠢ ᠡᠯᠪᠡᠭ ᠪᠠᠶᠢᠳᠠᠭ᠃ | ᠠᠮᠢᠲᠠᠨ ᠤ ᠴᠢᠰᠤ+ ᠡᠯᠢᠭᠡ᠃ ᠲᠡᠮᠤᠷ ᠲᠤᠳᠠᠪᠠᠯ ᠦᠯᠤ ᠬᠠᠯᠳᠠᠭᠠᠬᠤ ᠡᠰ ᠬᠠᠰᠤᠭᠳᠠᠵᠦ᠂ ᠦᠯᠤ ᠬᠠᠯᠳᠠᠭᠠᠬᠤ ᠲᠤᠰᠬᠠᠯ ᠲᠤᠲᠠᠭᠤᠳᠠᠳᠠᠭ᠃ ᠬᠠᠷ᠎ᠠ | ᠮᠢᠬ᠎ᠠ᠂ ᠠᠮᠢᠲᠠᠨ ᠤ ᠴᠢᠰᠤ᠂ ᠡᠯᠢᠭᠡ ᠵᠡᠷᠭᠡ ᠢᠳᠡᠭᠡᠨ ᠨᠢ ᠲᠡᠮᠤᠷ ᠡᠯᠪᠡᠭᠲᠡᠢ ᠪᠦᠭᠡᠳ ᠰᠢᠩᠭᠡᠭᠡᠵᠦ ᠠᠪᠬᠤ ᠳᠤ ᠰᠠᠶᠢᠨ ᠪᠠᠶᠢᠳᠠᠭ᠃ ᠡᠳᠤᠷ ᠪᠦᠷᠢ 40 ~75 | ᠭᠷᠠᠮ ᠮᠢᠬ᠎ᠠ ᠢᠳᠡᠵᠦ᠂ ᠠᠮᠢᠲᠠᠨ ᠤ ᠡᠯᠢᠭᠡ ᠶᠢ ᠰᠠᠷ᠎ᠠ ᠪᠦᠷᠢ 2~3 ᠤᠳᠠᠭ᠎ᠠ᠂ ᠤᠳᠠᠭ᠎ᠠ ᠪᠦᠷᠢ 25 ᠭᠷᠠᠮ ᠤᠷᠴᠢᠮ ᠢᠳᠡᠪᠡᠯ ᠰᠠᠶᠢᠨ ᠭᠡᠵᠦ ᠰᠠᠨᠠᠭᠤᠯᠵᠦ | ᠪᠠᠶᠢᠨ᠎ᠠ᠃ | ᠦᠨᠢᠶᠡᠨ ᠰᠦ+ ᠲᠠᠬᠢᠶᠠᠨ ᠦᠨᠳᠡᠭᠡ᠃ ᠢᠳᠡᠭᠡᠨ ᠤᠮᠳᠠᠭᠠᠨ ᠳᠤ ᠤᠭᠤᠷᠠᠭ ᠲᠤᠲᠠᠭᠳᠠᠪᠠᠯ ᠪᠡᠶ᠎ᠡ ᠶᠢᠨ ᠦᠯᠤ ᠬᠠᠯᠳᠠᠭᠠᠬᠤ ᠴᠢᠳᠠᠪᠤᠷᠢ ᠪᠠᠭᠤᠷᠠᠨ᠎ᠠ᠃ | ᠤᠭᠤᠷᠠᠭ ᠶᠡᠬᠡᠲᠡᠢ ᠢᠳᠡᠭᠡᠨ ᠲᠤᠩ ᠠᠷᠪᠢᠨ ᠪᠤᠢ᠂ ᠦᠨᠢᠶᠡᠨ ᠰᠦ᠂ ᠴᠠᠭᠠᠨ ᠢᠳᠡᠭᠡ ᠲᠠᠬᠢᠶᠠᠨᠦᠨᠳᠡᠭᠡ᠂ ᠮᠠᠯ ᠵᠢᠭᠦᠷᠲᠡᠨ ᠤ ᠮᠢᠬ᠎ᠠ᠂ ᠵᠢᠭᠠᠰᠤ᠂ ᠰᠠᠮ | ᠬᠤᠷᠤᠬᠠᠢ᠂ ᠰᠢᠷ᠎ᠠ ᠪᠤᠷᠴᠠᠭ ᠨᠢ ᠴᠦᠮ ᠴᠢᠨᠠᠷᠯᠢᠭ ᠤᠭᠤᠷᠠᠭ ᠤᠨ ᠰᠠᠶᠢᠨ ᠢᠷᠡᠯᠲᠡ ᠮᠥᠨ᠃ ᠦᠨᠢᠶᠡᠨ ᠰᠦ ᠶᠢ ᠡᠳᠤᠷ ᠪᠦᠷᠢ 300 ᠮᠢᠯᠢᠯᠢᠲᠷ ᠪᠠᠷᠤᠭ 2 | ᠤᠭᠤᠲᠠ ᠤᠤᠭᠤᠵᠦ᠂ ᠲᠠᠬᠢᠶᠠᠨ ᠦᠨᠳᠡᠭᠡ 1᠂ ᠮᠠᠯ ᠵᠢᠭᠦᠷᠲᠡᠨ ᠤ ᠮᠢᠬ᠎ᠠ ᠡᠳᠤᠷ ᠪᠦᠷᠢ 40 ~75 ᠭᠷᠠᠮ᠂᠂ ᠵᠢᠭᠠᠰᠤ ᠰᠠᠮ ᠬᠤᠷᠤᠬᠠᠢ ᠡᠳᠤᠷ ᠪᠦᠷᠢ 40 | ~75 ᠭᠷᠠᠮ᠂ ᠰᠢᠷ᠎ᠠ ᠪᠤᠷᠴᠠᠭ ᠨᠢᠭᠡ ᠠᠳᠬᠤ ︵30 ᠭᠷᠠᠮ ᠤᠷᠴᠢᠮ︶ ᠡᠰᠡᠭᠦᠯ᠎ᠡ ᠵᠤᠬᠢᠬᠤ ᠪᠤᠷᠴᠠᠭ ᠤᠨ ᠪᠦᠳᠦᠭᠡᠭᠳᠡᠭᠦᠨ ᠢᠳᠡᠵᠦ ᠤᠤᠭᠤᠪᠠᠯ ᠵᠦᠭᠡᠷ ᠭᠡᠵᠦ | ᠰᠠᠨᠠᠭᠤᠯᠵᠦ ᠪᠠᠶᠢᠨ᠎ᠠ᠃ |