ᠭᠠᠷ ᠤᠳᠠᠰᠤ ᠨᠢ ᠬᠦᠮᠦᠰ ᠤᠨ ᠠᠮᠢᠳᠤᠷᠠᠯ ᠳᠤ ᠮᠠᠰᠢ ᠤᠯᠠᠨ ᠲᠦᠬᠦᠮ ᠨᠦᠬᠦᠴᠡᠯ ᠠᠪᠴᠢᠷᠠᠭᠰᠠᠨ ᠪᠤᠯᠪᠠᠴᠤ ᠬᠤᠤᠷ ᠬᠦᠨᠦᠭᠡᠯ ᠨᠢ ᠴᠤ ᠪᠠᠭ᠎ᠠ ᠪᠤᠰᠤ᠃ | ᠤᠶᠢᠢᠷ᠎ᠠ ᠳᠤ᠂ ᠠᠩᠭ᠍ᠯᠢ ᠶᠢᠨ ᠨᠢᠶᠦ᠋ᠺᠢᠨ ᠶᠡᠭᠡ ᠰᠤᠷᠭᠠᠭᠤᠯᠢ ᠶᠢᠨ ᠮᠡᠳᠡᠷᠡᠯ ᠤᠨ ᠰᠠᠯᠠᠭᠠᠨ ᠤ ᠰᠤᠳᠤᠯᠭᠠᠳᠠᠳ ᠤᠨ ᠰᠡᠷᠡᠮᠵᠢᠯᠡᠬᠦᠯᠦᠭᠰᠡᠨ ᠢᠶᠠᠷ᠂ ᠭᠠᠷ ᠤᠳᠠᠰᠤ | ᠦᠷᠬᠦᠯᠵᠢ ᠨᠠᠭᠠᠳᠪᠠᠯ ᠬᠦᠮᠦᠨ ᠤ ᠳᠠᠷᠢᠬᠢ ᠬᠦᠳᠡᠯᠬᠦ ᠨᠢ ᠤᠳᠠᠭᠠᠯᠢᠭ ᠪᠤᠯᠳᠠᠭ᠃ | ᠳᠤᠰᠬᠠᠢ ᠮᠡᠷᠭᠡᠵᠢᠯᠳᠡᠳ ᠤᠨ ᠦᠵᠡᠬᠦ ᠪᠠᠷ᠂ ᠲᠡᠭᠡᠳᠦ ᠲᠧᠭᠨᠢᠢᠡ ᠮᠡᠷᠭᠡᠵᠢᠯ ᠤᠨ ᠦᠢᠯᠡᠳᠬᠦᠨ ᠢ ᠦᠷᠭᠡᠨ ᠢᠶᠠᠷ ᠭᠡᠷᠡᠭᠯᠡᠬᠦ ᠶᠢ ᠳᠠᠭᠠᠯᠳᠤᠨ᠂ ᠤᠳᠤ ᠶᠢᠨ ᠨᠢᠭᠡ | ᠦᠶ᠎ᠡ ᠶᠢᠨ ᠬᠢᠨ ᠤᠯᠠᠮ ᠠᠴᠠ ᠤᠯᠠᠮ ᠳᠤᠰᠭᠠᠷ ᠠᠰᠠᠭᠤᠳᠠᠯ ᠰᠢᠢᠳᠪᠦᠷᠢᠯᠡᠬᠦ ᠪᠠ ᠮᠡᠳᠡᠯᠭᠡ ᠬᠤᠷᠠᠮᠳᠤᠭᠤᠯᠬᠤ ᠭᠡᠷᠡᠭ ᠦᠭᠡᠢ ᠪᠤᠯᠤᠭᠰᠠᠨ᠂ ᠭᠠᠷ ᠤᠳᠠᠰᠤ | ᠶᠡᠭᠡᠩᠭᠡᠢ ᠶᠢ ᠨᠢ ᠬᠠᠮᠵᠢᠭᠠᠳ ᠰᠢᠢᠳᠪᠦᠷᠢᠯᠡᠴᠢᠭᠡᠨᠡ᠃ ᠶᠠᠬ ᠡᠶᠢᠮᠦ ᠠᠴᠠ᠂ ᠶᠡᠭᠡ ᠳᠠᠷᠢᠬᠢᠨ ᠤ ᠴᠢᠳᠠᠪᠬᠢ ︽ᠭᠡᠷᠡᠭᠯᠡᠪᠡᠯ ᠬᠦᠭᠵᠢᠵᠦ ᠭᠡᠷᠡᠭᠯᠡᠬᠦ ᠦᠭᠡᠢ ᠪᠤᠯ | ᠮᠠᠭᠤᠳᠠᠳᠠᠭ︾ ᠵᠠᠷᠴᠢᠮ ᠢᠶᠠᠷ ᠴᠡᠭᠡᠵᠢᠯᠡᠬᠦ ᠴᠢᠳᠠᠪᠤᠷᠢ ᠵᠡᠷᠭᠡ ᠴᠢᠳᠠᠪᠬᠢ ᠴᠦᠮ ᠮᠠᠭᠤᠳᠠᠬᠤ ᠶᠤᠮ᠃ | ᠮᠡᠷᠭᠡᠵᠢᠯ ᠳᠤ ᠲᠦᠰᠢᠭᠯᠡᠨ ᠰᠤᠷᠠᠭ ᠵᠠᠩᠬᠢ ᠤᠯᠬᠤ ᠨᠢ ᠦᠵᠡᠬᠦ ᠳᠤ ᠬᠤᠬᠢᠷᠠᠯ ᠪᠤᠯᠬᠤ ᠦᠭᠡᠢ ᠪᠤᠯᠪᠠᠴᠤ ᠦᠨᠡᠨᠳᠡᠭᠡᠨ ᠬᠦᠮᠦᠰ ᠤᠨ ᠡᠳᠦᠷ ᠳᠤᠳᠤᠮ ᠤᠨ | ᠪᠤᠳᠤᠯᠢᠶᠠᠨᠳᠠᠢ ᠠᠰᠠᠭᠤᠳᠠᠯ ᠤᠨ ᠳᠤᠬᠠᠢ ᠤᠶᠢᠢᠯᠠᠭᠠᠯᠳᠠ ᠳᠠᠨᠢᠬᠤᠢ ᠶᠢ ᠬᠦᠨᠳᠦ ᠨᠤᠴᠢᠳᠠᠢ ᠨᠦᠯᠦᠭᠡᠯᠡᠵᠦ ᠪᠠᠶᠢᠳᠠᠭ ᠭᠡᠵᠦ ᠳᠤᠰᠬᠠᠢ ᠮᠡᠷᠭᠡᠵᠢᠯᠳᠡᠳ ᠵᠢᠭᠠᠵᠤ | ᠭᠠᠷᠭᠠᠵᠠᠢ᠃ |