ᠵᠡᠭᠦᠨᠭᠠᠷ ᠬᠤᠰᠢᠭᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠶᠯᠡᠰ ᠤᠨ ᠲᠥᠪ ᠨᠢ ᠬᠤᠲᠠ ᠶᠢᠨ ᠬᠠᠮᠢᠶᠠᠷᠤᠯᠲᠠ ᠪᠠ ᠬᠤᠲᠠ ᠶᠢᠨ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠰᠠᠶᠢᠵᠢᠷᠠᠭᠤᠯᠬᠤ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ | ᠪᠣᠳᠣᠯᠭ᠎ᠠ ᠶᠢ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠣᠷᠳᠣᠰ ᠬᠤᠲᠠ ᠶᠢᠨ | ᠨᠠᠮ ᠤᠨ ᠬᠤᠷᠢᠶ᠎ᠠ ᠪᠠ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠬᠤᠯᠪᠤᠬᠳᠠᠯ ᠪᠥᠬᠦᠶ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ ᠂ ᠭᠤᠤᠯ ᠡᠭᠦᠷᠭᠡ ᠬᠠᠷᠢᠭᠤᠴᠠᠯᠭ᠎ᠠ ᠨᠢ ᠪᠣᠯ ᠄ | (ᠨᠢᠭᠡ)ᠲᠤᠰ ᠭᠠᠵᠠᠷ ᠣᠷᠣᠨ ᠤ ᠪᠠᠨ ᠣᠷᠴᠢᠨ ᠳᠤᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢᠨ ᠪᠠᠶᠢᠷᠢᠰᠢᠯ ᠤᠨ | ᠲᠥᠯᠥᠪᠵᠢᠭᠦᠯᠭᠡ ᠪᠠ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ︔ ᠬᠤᠲᠠ ᠶᠢᠨ ᠶᠠᠪᠤᠳᠠᠯ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ | ᠭᠡᠷᠡᠭᠵᠢᠬᠦᠯᠤᠨ᠎ᠠ︔ ᠬᠤᠯᠪᠣᠭᠳᠠᠯ ᠪᠥᠬᠦᠢ ᠪᠠᠶᠢᠭᠤᠯᠭ᠎ᠠ ᠶᠢ ᠵᠢᠯᠣᠭᠤᠳᠴᠤ ᠪᠠᠶᠢᠭᠠᠳ ᠬᠤᠳᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ | ᠤᠨ ᠠᠵᠢᠯ ᠢ ᠰᠠᠶᠢᠲᠤᠷ ᠬᠢᠨ᠎ᠡ ᠃ | ︵ᠬᠤᠶᠠᠷ︶ ᠰᠢᠤᠸᠠᠢ ᠵᠢᠶᠠ ᠸᠠᠨ ᠬᠤᠲᠠ ᠶᠢᠨ ᠶᠠᠪᠤᠳᠠᠯ ᠤᠨ ᠲᠣᠭᠤᠷᠢᠭ ᠂ ᠳ᠋ᠠ ᠯᠦ ᠬᠤᠲᠠ ᠶᠢᠨ ᠶᠠᠪᠤᠳᠠᠯ ᠤᠨ ᠲᠣᠭᠤᠷᠢᠭ ᠂ ᠵᠡᠬᠦᠠᠭᠠᠷ ᠤᠨ | ᠡᠨᠧᠷᠭᠢ ᠶᠢᠨ ᠺᠤᠮᠫᠠᠨᠢ ᠶᠢᠨ ᠭᠡᠰᠡᠭ ᠲᠣᠭᠤᠷᠢᠭ ᠢ ᠴᠡᠪᠡᠷᠯᠡᠵᠦ ᠠᠷᠢᠭᠤᠳᠬᠠᠬᠤ ᠪᠠ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠬᠦᠯ | ᠬᠠᠮᠠᠭᠠᠯᠠᠯ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | ︵ᠭᠤᠷᠪᠠ︶ ᠰᠢᠤᠸᠠᠢ ᠵᠢᠶᠠ ᠸᠠᠨ ᠬᠤᠲᠠ ᠶᠢᠨ ᠶᠠᠪᠤᠳᠠᠯ ᠤᠨ ᠲᠣᠭᠤᠷᠢᠭ ᠂ ᠳ᠋ᠠ ᠯᠦ ᠬᠤᠲᠠ ᠶᠢᠨ ᠶᠠᠪᠤᠳᠠᠯ ᠤᠨ ᠲᠣᠭᠤᠷᠢᠭ ᠪᠠ ᠵᠡᠬᠦᠠᠭᠠᠷ ᠤᠨ | ᠡᠨᠧᠷᠭᠢ ᠶᠢᠨ ᠺᠤᠮᠫᠠᠨᠢ ᠶᠢᠨ ᠭᠡᠰᠡᠭ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠂ ᠰᠢᠶᠳᠪᠦᠷᠢᠯᠡᠬᠦ ᠪᠠ | ᠨᠡᠶᠢᠲᠡ ᠶᠢᠨ ᠵᠣᠷᠯᠣᠩ ᠢ ᠬᠠᠮᠢᠶᠠᠷᠴᠤ ᠠᠵᠢᠯᠯᠠᠭᠤᠯᠬᠤ ᠠᠵᠢᠯ ᠢ ᠬᠠᠷᠢᠭᠤᠴᠠᠨ᠎ᠠ ︔ ᠳᠤᠮᠳᠠ ᠂ ᠵᠢᠵᠢᠭ ᠬᠡᠯᠪᠡᠷᠢ ᠶᠢᠨ ᠣᠷᠴᠢᠨ ᠲᠣᠭᠤᠷᠢᠨ ᠤ | ᠡᠷᠡᠬᠦᠯ ᠬᠠᠮᠠᠭᠠᠯᠠᠯ ᠤᠨ ᠳᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠂ ᠬᠤᠳᠠᠯᠳᠤᠨ ᠠᠪᠬᠤ ᠪᠠ ᠬᠠᠮᠠᠭᠠᠯᠠᠵᠤ ᠰᠡᠯᠪᠢᠨ ᠵᠠᠰᠠᠬᠤ ᠠᠵᠢᠯ ᠢ | ᠥᠷᠨᠢᠭᠦᠯᠦᠨ᠎ᠡ ︔ | ︵ᠳᠥᠷᠪᠡ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠬᠤᠯᠪᠤᠬᠳᠠᠯ | ᠪᠥᠬᠦᠶ ᠠᠵᠢᠯ ᠢ ᠠᠬᠢᠭᠤᠯᠤᠨ᠎ᠠ ︔ | ︵ᠲᠠᠪᠤ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠤᠬᠠᠭᠤᠯᠬᠤ ᠪᠠ ᠳᠤᠭᠤᠰᠢᠯᠠᠭᠤᠯᠵᠤ ᠂ ᠬᠤᠯᠪᠤᠬᠳᠠᠯ ᠪᠥᠬᠦᠶ ᠪᠣᠯᠪᠠᠰᠤᠷᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠥᠷᠨᠢᠭᠦᠯᠦᠨ᠎ᠡ ᠃ | ︵ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠤᠨ | ᠡᠭᠦᠷᠭᠡ ᠶᠢ ᠡᠭᠦᠷᠭᠡᠯᠡᠨ᠎ᠡ ᠃ |