ᠬᠤᠰᠢᠭᠤᠨ ᠤ ᠬᠤᠷᠢᠶ᠎ᠠ ᠶᠢᠨ ᠨᠠᠮ ᠤᠨ ᠰᠤᠷᠭᠠᠭᠤᠯᠢ
ᠨᠡᠶᠢᠲᠡᠯᠡᠭᠰᠡᠨ ᠴᠠᠭ᠄
2021/12/16
       ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠬᠤᠷᠢᠶ᠎ᠠ ᠶᠢᠨ ᠨᠠᠮ ᠤᠨ ᠰᠤᠷᠭᠠᠭᠤᠯᠢ ︵ᠵᠡᠭᠦᠨᠭᠠᠷ ᠬᠤᠰᠢᠭᠤᠨ  ᠤ ᠵᠠᠰᠠᠭ ᠵᠠᠬᠢᠷᠭᠠᠨ ᠤ ᠰᠤᠷᠭᠠᠭᠤᠯᠢ᠂ ᠵᠡᠭᠦᠨᠭᠠᠷ ᠬᠤᠰᠢᠭᠤᠨ ᠤ ᠨᠡᠶᠢᠭᠡᠮ ᠵᠢᠷᠤᠮ  ᠤᠨ ᠰᠤᠷᠭᠠᠭᠤᠯᠢ ︶   ᠨᠢ ᠨᠠᠮ  ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠲᠤᠬᠠᠶ ᠨᠠᠮ  ᠤᠨ ᠲᠥᠪ ᠬᠤᠷᠢᠶ᠎ᠠ ᠶᠢᠨ ᠴᠢᠭᠯᠡᠯᠲᠡ ᠲᠥᠷᠥ  ᠶᠢᠨ ᠪᠣᠳᠣᠯᠭ᠎ᠠ  ᠶᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ ᠂ ᠣᠷᠳᠣᠰ ᠬᠤᠲᠠ  ᠶᠢᠨ ᠨᠠᠮ  ᠤᠨ ᠬᠤᠷᠢᠶ᠎ᠠ ᠂ ᠵᠡᠭᠦᠨᠭᠠᠷ ᠬᠤᠰᠢᠭᠤᠨ  ᠤ ᠨᠠᠮ  ᠤᠨ ᠬᠤᠷᠢᠶ᠎ᠠ  ᠶᠢᠨ  ᠬᠤᠯᠪᠤᠬᠳᠠᠯ ᠪᠥᠬᠦᠶ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ  ᠶᠢ ᠨᠠᠶᠢᠳᠠᠪᠤᠷᠢᠵᠢᠭᠤᠯᠤᠨ᠎ᠠ ᠃ ᠭᠤᠣᠯ ᠡᠭᠦᠷᠭᠡ ᠬᠠᠷᠢᠭᠤᠴᠠᠯᠭ᠎ᠠ  ᠨᠢ ᠪᠣᠯ ᠄       ︵ᠨᠢᠭᠡ︶ ᠰᠠᠯᠠᠭᠠᠨ ᠤ ᠲᠠᠰ ᠤᠨ ᠤᠳᠤᠷᠢᠳᠬᠤ ᠺᠠᠳ᠋ᠷ᠂ ᠰᠢᠯᠢᠳᠡᠭ ᠵᠠᠯᠠᠭᠤ ᠢᠳᠡᠷ ᠺᠠᠳ᠋ᠷ᠂ ᠬᠤᠰᠢᠭᠤᠨ  ᠤ  ᠬᠠᠷᠢᠶᠠᠳᠤ ᠠᠵᠤ ᠠᠬᠤᠢᠢᠯᠠᠯ ᠠᠵᠢᠯ ᠦᠶᠯᠡᠰ ᠤᠨ ᠨᠢᠭᠡᠴᠢ ᠪᠠ ᠤᠯᠤᠰ  ᠤᠨ ᠥᠮᠴᠢᠯᠡᠯᠲᠦ ᠠᠵᠤ ᠠᠬᠤᠢᠢᠯᠠᠯ  ᠤᠨ ᠬᠠᠷᠢᠭᠤᠴᠠᠯᠭᠠᠲᠠᠨ ᠂ ᠴᠥᠭᠡᠨ ᠲᠣᠭᠠᠲᠤ ᠦᠨᠳᠦᠰᠦᠲᠡᠨ  ᠤ ᠺᠠᠳ᠋ᠷ ᠂ ᠡᠮᠡᠭᠲᠡᠶ ᠺᠠᠳ᠋ᠷ ᠂ ᠣᠨᠣᠯ  ᠤᠨ ᠤᠬᠠᠭᠤᠯᠭ᠎ᠠ  ᠶᠢᠨ ᠭᠤᠤᠯᠯᠠᠭᠴᠢ ᠬᠦᠴᠦᠨ ᠂ ᠭᠦᠨ ᠤᠬᠠᠭᠠᠨ ᠨᠡᠶᠢᠭᠡᠮ  ᠤᠨ ᠰᠢᠨᠵᠢᠯᠡᠬᠦ ᠤᠬᠠᠭᠠᠨ  ᠤ ᠵᠢᠭᠠᠨ ᠰᠤᠷᠭᠠᠯᠲᠠ ᠰᠢᠨᠵᠢᠯᠡᠬᠦ ᠤᠬᠠᠭᠠᠨ  ᠤ ᠰᠤᠳᠤᠯᠭᠠᠨ  ᠤ ᠭᠤᠤᠯᠯᠠᠭᠴᠢ ᠬᠦᠴᠦᠨ  ᠤ ᠪᠣᠯᠪᠠᠰᠤᠷᠠᠯ  ᠤᠨ ᠠᠵᠢᠯ  ᠢ ᠡᠭᠦᠷᠭᠡᠯᠡᠨ᠎ᠡ ︔ ᠪᠥᠬᠦ ᠬᠤᠰᠢᠭᠤᠨ  ᠤ ᠨᠠᠮ  ᠤᠨ ᠭᠡᠰᠢᠭᠦᠨ ᠺᠠᠳ᠋ᠷᠴᠤᠳ  ᠢ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ ᠠᠵᠢᠯ  ᠢ ᠡᠭᠦᠷᠭᠡᠯᠡᠨ᠎ᠡ ︔ ᠠᠯᠪᠠᠲᠠᠨ ᠵᠢᠴᠢ ︽ᠠᠯᠪᠠᠳᠠᠨ ᠤ ᠬᠠᠤᠯᠢ︾ ᠪᠠᠷ ᠯᠠᠪᠯᠠᠯᠲᠠ ᠪᠤᠯᠭᠠᠨ ᠬᠠᠮᠢᠶᠠᠷᠴᠤ ᠪᠠᠶᠢᠭ᠎ᠠ ᠠᠵᠢᠯᠲᠠᠨ  ᠤ ᠪᠣᠯᠪᠠᠰᠤᠷᠠᠯ  ᠤᠨ ᠠᠵᠢᠯ  ᠢ ᠡᠭᠦᠷᠭᠡᠯᠡᠨ᠎ᠡ ︔ ᠳᠤᠰᠬᠤᠨ  (ᠨᠡᠶᠢᠭᠡᠮ ᠲᠣᠭᠤᠷᠢᠭ) ᠤ ᠨᠠᠮ  ᠤᠨ ᠵᠣᠬᠢᠶᠠᠨ ᠪᠠᠶᠢᠭᠤᠯᠤᠯᠲᠠ  ᠶᠢᠨ ᠱᠦᠵᠢ ᠪᠠ ᠦᠨᠳᠦᠰᠦᠨ ᠱᠠᠲᠤᠨ  ᠤ ᠨᠠᠮ  ᠤᠨ ᠭᠡᠰᠢᠭᠦᠨ  ᠢ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ ᠠᠵᠢᠯ  ᠢ ᠡᠭᠦᠷᠭᠡᠯᠡᠨ᠎ᠡ︔ ᠰᠤᠷᠤᠭᠴᠢᠳ  ᠤᠨ ᠪᠣᠯᠪᠠᠰᠤᠷᠠᠯ  ᠤᠨ ᠬᠤᠭᠤᠴᠠᠭᠠᠨ  ᠳᠠᠬᠢ ᠢᠯᠡᠷᠡᠯ  ᠢ ᠬᠢᠨᠠᠨ ᠰᠢᠯᠭᠠᠵᠤ ᠂ ᠬᠢᠨᠠᠨ ᠰᠢᠯᠭᠠᠬᠤ ᠰᠠᠨᠠᠭᠤᠯᠭ᠎ᠠ  ᠳᠤᠷᠠᠳᠤᠨ᠎ᠠ ᠃        ︵ᠬᠤᠶᠠᠷ︶  ᠨᠠᠮ ᠪᠦᠯᠦᠭ  ᠤᠨ ᠪᠤᠰᠤ ᠬᠥᠮᠦᠰ ᠪᠠ ᠨᠢᠭᠡᠳᠦᠮᠡᠯ ᠹᠷᠣᠨᠲ  ᠤᠨ ᠪᠤᠰᠤᠳ ᠬᠦᠷᠢᠶᠡᠨ  ᠳᠠᠬᠢ ᠲᠥᠯᠥᠭᠡᠯᠡᠭᠴᠢ ᠬᠥᠮᠦᠰ  ᠢ ᠪᠣᠯᠪᠠᠰᠤᠷᠠᠭᠤᠯᠬᠤ ᠠᠵᠢᠯ  ᠢ ᠡᠭᠦᠷᠭᠡᠯᠡᠨ᠎ᠡ︔ ᠨᠢᠭᠡᠳᠦᠮᠡᠯ ᠹᠷᠣᠨᠲ  ᠤᠨ ᠺᠠᠳ᠋ᠷ  ᠢ ᠪᠣᠯᠪᠠᠰᠤᠷᠠᠭᠤᠯᠬᠤ ᠠᠵᠢᠯ  ᠢ ᠡᠭᠦᠷᠭᠡᠯᠡᠵᠦ ᠂ ᠨᠢᠭᠡᠳᠦᠮᠡᠯ ᠹᠷᠣᠨᠲ  ᠤᠨ ᠤᠨᠤᠯ  ᠤᠨ ᠰᠤᠳᠤᠯᠭᠠᠨ  ᠤ ᠴᠢᠳᠠᠪᠤᠷᠢᠲᠠᠨ  ᠢ ᠬᠥᠮᠦᠵᠢᠭᠦᠯᠦᠨ᠎ᠡ ᠃        ︵ᠭᠤᠷᠪᠠ︶ ᠮᠠᠷᠺᠰ  ᠤᠨ ᠦᠵᠡᠯ  ᠤᠨ ᠦᠨᠳᠦᠰᠦᠨ ᠤᠨᠤᠯ  ᠤᠨ ᠰᠤᠳᠤᠯᠭᠠᠨ  ᠢ ᠴᠢᠩᠭᠠᠳᠬᠠᠵᠤ ᠂ ᠰᠢ  ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ  ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠭᠤᠣᠯᠳᠠᠯᠭ᠎ᠠ  ᠲᠠᠢ ᠰᠤᠳᠤᠯᠵᠤ ᠰᠤᠷᠤᠭᠴᠢᠳ  ᠲᠤ ᠮᠠᠷᠺᠰ ᠯᠧᠨᠢᠨ  ᠤ ᠦᠵᠡᠯ ᠂ ᠮᠠᠤ ᠽᠤ᠋ ᠳ᠋ᠦᠩ  ᠤᠨ ᠦᠵᠡᠯ ᠰᠠᠨᠠᠭ᠎ᠠ ᠂ ᠳ᠋ᠧᠩ ᠰᠢᠶᠤᠤ ᠫᠢᠩ  ᠤᠨ ᠣᠨᠣᠯ ᠂ 《 ᠭᠤᠷᠪᠠ  ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ  ᠶᠢᠨ ᠦᠵᠡᠯᠲᠡ ᠂ ᠰᠢ  ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭᠠᠨ  ᠤ ᠣᠨᠣᠯ  ᠤᠨ ᠬᠥᠮᠦᠵᠢᠯ ᠪᠠ ᠨᠠᠮᠴᠢ ᠴᠢᠨᠠᠷ  ᠤᠨ ᠬᠥᠮᠦᠵᠢᠯ    ᠬᠢᠵᠦ ᠂ ᠰᠤᠷᠤᠭᠴᠢᠳ  ᠢ ᠬᠦᠳᠦᠯᠦᠨ ᠵᠢᠯᠣᠭᠤᠳᠴᠤ ᠪᠠᠶᠢᠭᠠᠳ ︽ ᠲᠦᠷᠪᠡᠨ ᠤᠬᠠᠮᠰᠠᠷ ︾   ᠢ ᠨᠢ ᠴᠢᠩᠭᠠᠳᠬᠠᠵᠤ ᠂       ︽ ᠲᠦᠷᠪᠡᠨ ᠢᠲᠡᠭᠡᠯ ︾   ᠢ ᠨᠢ ᠪᠠᠲᠤᠳᠬᠠᠨ ᠂ ︽ ᠬᠤᠶᠠᠷ  ᠢ ᠬᠠᠮᠠᠭᠠᠯᠠᠬᠤ ︾ ᠶᠢ ᠪᠡᠶᠡᠯᠡᠭᠦᠯᠵᠦ ᠂ ᠤᠬᠠᠮᠰᠠᠷ  ᠠᠴᠠ  ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ  ᠶᠢᠨ ᠲᠠᠯ᠎ᠠ  ᠪᠠᠷ ᠰᠢ ᠶᠢᠨ ᠫᠢᠩ ᠨᠥᠬᠦᠷ  ᠢᠶᠠᠷ ᠭᠤᠣᠯ ᠪᠣᠯᠭᠠᠭᠰᠠᠨ ᠨᠠᠮ  ᠤᠨ ᠲᠥᠪ ᠬᠤᠷᠢᠶ᠎ᠠ  ᠲᠠᠢ ᠳᠡᠭᠡᠳᠦ ᠬᠡᠮᠵᠢᠶ᠎ᠡ  ᠪᠠᠷ ᠨᠢᠭᠡᠳᠦᠯᠲᠡᠢ ᠪᠠᠶᠢᠯᠭᠠᠨ᠎ᠠ ᠃       ︵ᠳᠥᠷᠪᠡ︶ ᠬᠤᠰᠢᠭᠤᠨ ᠤ ᠨᠠᠮ  ᠤᠨ ᠬᠤᠷᠢᠶ᠎ᠠ ᠪᠣᠯᠤᠨ ᠵᠠᠰᠠᠭ  ᠤᠨ ᠣᠷᠳᠣᠨ ᠵᠢᠴᠢ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠡᠷᠭᠢᠯᠡᠭᠰᠡᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ  ᠶᠢ ᠳᠠᠭᠠᠭᠠᠨ ᠡᠷᠭᠢᠯᠡᠵᠦ ᠂ ᠴᠢᠬᠤᠯᠠ ᠶᠡᠭᠡ ᠣᠨᠣᠯ  ᠤᠨ ᠪᠠ ᠲᠥᠷᠥ  ᠶᠢᠨ ᠪᠣᠳᠣᠯᠭ᠎ᠠ  ᠶᠢᠨ ᠠᠰᠠᠭᠤᠳᠠᠯ  ᠢ ᠰᠤᠳᠤᠯᠤᠨ᠎ᠠ ︔ ᠮᠠᠷᠺᠰ  ᠤᠨ ᠦᠵᠡᠯ  ᠤᠨ ᠦᠨᠳᠦᠰᠦᠨ ᠤᠨᠤᠯ  ᠤᠨ ᠰᠤᠳᠤᠯᠭᠠᠨ  ᠢ ᠡᠭᠦᠷᠭᠡᠯᠡᠵᠦ ᠂ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ  ᠭᠤᠤᠯᠳᠠᠯᠭ᠎ᠠ ᠲᠠᠢ ᠰᠤᠳᠤᠯᠤᠨ ᠤᠬᠠᠭᠤᠯᠤᠨ᠎ᠠ︔ ᠨᠠᠮ  ᠤᠨ ᠱᠤᠭᠤᠮ ᠴᠢᠭᠯᠡᠯᠲᠡ ᠲᠦᠷᠦ  ᠶᠢᠨ ᠪᠤᠳᠤᠯᠭ᠎ᠠ  ᠶᠢ ᠰᠤᠳᠤᠯᠵᠤ ᠤᠬᠠᠭᠤᠯᠬᠤ ᠠᠵᠢᠯ  ᠢ  ᠦᠷᠨᠢᠬᠦᠯᠤᠨ᠎ᠠ︔ ᠭᠦᠨ ᠤᠬᠠᠭᠠᠨ ᠨᠡᠶᠢᠭᠡᠮ  ᠤᠨ ᠰᠢᠨᠵᠢᠯᠡᠬᠦ ᠤᠬᠠᠭᠠᠨ  ᠤ ᠰᠤᠳᠤᠯᠭᠠᠨ  ᠢ ᠴᠢᠩᠭᠠᠳᠬᠠᠵᠤ ᠂ ᠴᠢᠬᠤᠯᠠ ᠶᠡᠭᠡ ᠤᠨᠤᠯ  ᠤᠨ ᠪᠠ ᠪᠣᠳᠠᠲᠤ ᠠᠰᠠᠭᠤᠳᠠᠯ  ᠤᠨ ᠰᠤᠳᠤᠯᠭᠠᠨ  ᠢ ᠥᠷᠨᠢᠭᠦᠯᠦᠨ᠎ᠡ ︔ ᠵᠡᠭᠦᠨᠭᠠᠷ ᠬᠤᠰᠢᠭᠤᠨ  ᠤ ᠨᠠᠮ  ᠤᠨ ᠬᠤᠷᠢᠶ᠎ᠠ ᠪᠠ ᠵᠠᠰᠠᠭ  ᠤᠨ ᠣᠷᠳᠣᠨ  ᠤ ᠰᠢᠶᠳᠪᠦᠷᠢᠲᠦ ᠪᠣᠳᠣᠯᠭ᠎ᠠ  ᠶᠢᠨ ᠯᠠᠪᠯᠠᠯᠭ᠎ᠠ  ᠳᠤ ᠦᠶᠯᠡᠴᠢᠯᠡᠨ᠎ᠡ ᠃        ︵ᠲᠠᠪᠤ︶ ᠴᠢᠬᠤᠯᠠ ᠶᠡᠭᠡ ᠣᠨᠣᠯ  ᠤᠨ ᠪᠠ ᠪᠣᠳᠠᠲᠠᠶ ᠠᠰᠠᠭᠤᠳᠠᠯ  ᠤᠨ ᠰᠤᠳᠤᠯᠭᠠᠨ  ᠢ ᠥᠷᠨᠢᠭᠦᠯᠵᠦ ᠂ ᠬᠤᠰᠢᠭᠤᠨ  ᠤ ᠨᠠᠮ  ᠤᠨ ᠬᠤᠷᠢᠶ᠎ᠠ ᠪᠠ ᠵᠠᠰᠠᠭ  ᠤᠨ ᠣᠷᠳᠣᠨ  ᠤ ᠰᠢᠶᠳᠪᠦᠷᠢᠲᠦ ᠪᠣᠳᠣᠯᠭ᠎ᠠ  ᠶᠢᠨ ᠯᠠᠪᠯᠠᠯᠭ᠎ᠠ  ᠶᠢᠨ ᠦᠶᠯᠡᠴᠢᠯᠡᠭᠡ  ᠶᠢ  ᠡᠭᠦᠷᠭᠡᠯᠡᠨ᠎ᠡ ᠃        ︵ᠵᠢᠷᠭᠤᠭ᠎ᠠ︶ ᠬᠤᠰᠢᠭᠤᠨ ᠤ ᠨᠠᠮ  ᠤᠨ ᠬᠤᠷᠢᠶ᠎ᠠ  ᠶᠢᠨ ᠨᠠᠮ  ᠤᠨ ᠰᠤᠷᠭᠠᠭᠤᠯᠢ ︵ ᠵᠡᠭᠦᠨᠭᠠᠷ ᠬᠤᠰᠢᠭᠤᠨ  ᠤ ᠵᠠᠰᠠᠭ ᠵᠠᠬᠢᠷᠭᠠᠨ  ᠤ ᠰᠤᠷᠭᠠᠭᠤᠯᠢ ᠂ ᠵᠡᠭᠦᠨᠭᠠᠷ ᠬᠤᠰᠢᠭᠤᠨ  ᠤ ᠨᠡᠶᠢᠭᠡᠮ ᠵᠢᠷᠤᠮ  ᠤᠨ ᠰᠤᠷᠭᠠᠭᠤᠯᠢ ︶   ᠶᠢᠨ ᠠᠵᠢᠯ  ᠤᠨ ᠲᠥᠷᠥ  ᠶᠢᠨ ᠪᠣᠳᠣᠯᠭ᠎ᠠ ᠵᠢᠴᠢ ᠺᠠᠳ᠋ᠷ  ᠢ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠬᠤ ᠠᠵᠢᠯ  ᠳᠤ ᠣᠷᠣᠯᠴᠠᠨ᠎ᠠ ᠃        ︵ᠳᠣᠯᠤᠭ᠎ᠠ︶ ᠤᠯᠤᠰ ᠤᠨ ᠳᠣᠲᠣᠭᠠᠳᠤ  ᠶᠢᠨ ᠺᠠᠳ᠋ᠷ  ᠤᠨ ᠪᠣᠯᠪᠠᠰᠤᠷᠠᠯ  ᠤᠨ ᠪᠠᠶᠢᠭᠤᠯᠤᠮᠵᠢ ᠂ ᠡᠷᠳᠡᠮ ᠰᠢᠨᠵᠢᠯᠡᠭᠡᠨ  ᠤ ᠰᠤᠳᠤᠯᠭᠠᠨ ᠤ ᠪᠠᠶᠢᠭᠤᠯᠤᠮᠵᠢ ᠂ ᠵᠠᠰᠠᠭ  ᠤᠨ ᠣᠷᠳᠣᠨ  ᠤ ᠪᠠᠶᠢᠭᠤᠯᠤᠮᠵᠢ ᠵᠡᠷᠭᠡ  ᠯᠦᠭᠡ ᠬᠠᠮᠲᠤᠷᠠᠯᠴᠠᠭ᠎ᠠ ᠰᠣᠯᠢᠯᠴᠠᠭ᠎ᠠ ᠬᠢᠬᠦ ᠶᠢ ᠥᠷᠨᠢᠭᠦᠯᠦᠨ᠎ᠡ ᠃        ︵ᠨᠠᠶᠮᠠ︶ ᠬᠤᠰᠢᠭᠤᠨ ᠤ ᠨᠠᠮ ᠤᠨ ᠬᠤᠷᠢᠶ᠎ᠠ ᠪᠣᠯᠤᠨ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ  ᠤᠨ ᠡᠭᠦᠷᠭᠡ  ᠶᠢ ᠡᠭᠦᠷᠭᠡᠯᠡᠨ᠎ᠡ ᠃ 
ᠢᠷᠡᠯᠲᠡ᠄ ᠲᠤᠰ ᠰᠦᠯᠵᠢᠶ᠎ᠡ