ᠵᠡᠭᠦᠨᠭᠠᠷ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠨᠢ ︽ ᠲᠠᠷᠢᠶᠠᠯᠠᠩ ᠳᠠᠷᠢᠶᠠᠯᠠᠬᠤ ᠤᠷᠤᠨ ᠲᠠᠷᠢᠶᠠᠴᠢᠨ︾ ᠳᠤ | ᠦᠶᠯᠡᠴᠢᠯᠡᠬᠦ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠣᠷᠳᠣᠰ ᠬᠤᠲᠠ ᠶᠢᠨ ᠨᠠᠮ ᠤᠨ ᠬᠤᠷᠢᠶ᠎ᠠ ᠂ ᠵᠡᠭᠦᠨᠭᠠᠷ | ᠬᠤᠰᠢᠭᠤᠨ ᠤ ᠨᠠᠮ ᠤᠨ ᠬᠤᠷᠢᠶ᠎ᠠ ᠶᠢᠨ ᠬᠤᠯᠪᠤᠬᠳᠠᠯ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ ᠃ | ᠭᠤᠣᠯ ᠡᠭᠦᠷᠭᠡ ᠬᠠᠷᠢᠭᠤᠴᠠᠯᠭ᠎ᠠ ᠨᠢ ᠪᠣᠯ ᠄ | (ᠨᠢᠭᠡ) ︽ᠲᠠᠷᠢᠶᠠᠯᠠᠩ ᠳᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠳᠤ ᠦᠢᠯᠡᠴᠢᠯᠡᠬᠦ ᠲᠤᠬᠠᠶ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠳᠤᠭᠤᠰᠢᠯᠠᠭᠤᠯᠤᠨᠠ︔ ᠬᠥᠳᠡᠭᠡ ᠲᠣᠰᠬᠤᠨ ᠤ ᠠᠵᠤ ᠠᠬᠤᠶ ᠶᠢᠨ ᠥᠭᠡᠷᠡᠴᠢᠯᠡᠯᠲᠡ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ ᠳᠤ ᠣᠷᠣᠯᠴᠠᠵᠤ ᠂ ᠪᠦᠭᠦ ᠬᠤᠰᠢᠭᠤᠨ ᠤ ᠬᠤᠷᠰᠢᠬᠰᠠᠨ ᠠᠵᠤ ᠠᠬᠤᠶ ᠪᠠ ᠬᠠᠩᠭᠠᠨ | ᠪᠣᠷᠣᠯᠠᠭᠤᠯᠬᠤ ᠬᠤᠯᠪᠤᠭᠠᠳᠤ ᠬᠤᠷᠰᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ ᠃ | ︵ᠬᠤᠶᠠᠷ︶ ᠨᠡᠶᠢᠭᠡᠮ ᠤᠨ ᠥᠮᠴᠢᠯᠡᠯ ᠤᠨ ᠡᠳ᠋ ᠬᠥᠷᠥᠩᠭᠡ ᠶᠢᠨ ᠪᠠᠯᠠ ᠭᠠᠷᠭᠠᠭᠴᠢ ᠶᠢᠨ ᠲᠥᠯᠥᠭᠡᠯᠡᠭᠴᠢ ᠶᠢᠨ ᠡᠭᠦᠷᠭᠡ ᠴᠢᠳᠠᠪᠤᠷᠢ ᠶᠢ | ᠬᠡᠷᠡᠭᠵᠢᠭᠦᠯᠵᠦ ᠂ ᠨᠡᠶᠢᠭᠡᠮ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢ ᠵᠢᠯᠣᠭᠤᠳᠤᠨ ᠂ ᠨᠡᠶᠢᠭᠡᠮ ᠤᠨ ᠥᠮᠴᠢᠯᠡᠯ ᠤᠨ ᠠᠵᠤ | ᠠᠬᠤᠢᠢᠯᠠᠯ ᠤᠨ ᠮᠠᠯ ᠲᠠᠷᠢᠶᠠᠯᠠᠩ ᠳᠤ ᠦᠶᠯᠡᠴᠢᠯᠡᠬᠦ ᠴᠢᠭᠯᠡᠯ ᠢ ᠦᠨᠡᠨᠬᠦ ᠪᠠᠲᠤᠯᠠᠵᠤ ᠂ ᠨᠡᠶᠢᠭᠡᠮ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠵᠦ ᠂ ᠨᠡᠶᠢᠭᠡᠮ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ | ᠥᠷᠲᠡᠭ ᠢ ᠨᠡᠮᠡᠭᠳᠡᠭᠦᠯᠬᠦ ᠪᠠ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ ᠃ | ︵ᠭᠤᠷᠪᠠ︶ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠤᠭᠠᠳᠤ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠳᠤᠬᠳᠠᠯᠴᠠᠭ᠎ᠠ᠂ | ᠵᠠᠰᠠᠯᠲᠠ ᠶᠢᠨ ᠳᠤᠬᠳᠠᠯᠴᠠᠭ᠎ᠠ᠂ ᠦᠶᠯᠡᠴᠢᠯᠡᠭᠡᠨ ᠤ ᠳᠤᠬᠳᠠᠯᠴᠠᠭ᠎ᠠ᠂ ᠡᠵᠡᠩᠨᠡᠯᠲᠡ ᠶᠢᠨ ᠳᠤᠬᠳᠠᠯᠴᠠᠭ᠎ᠠ ᠪᠠ ᠨᠡᠶᠢᠭᠡᠮ ᠤᠨ ᠥᠮᠴᠢᠯᠡᠯᠲᠦ ᠠᠵᠤ | ᠠᠬᠤᠢᠢᠯᠠᠯ ᠤᠨ ᠲᠤᠯᠭᠠᠭᠤᠷᠢᠯᠠᠯ ᠤᠨ ᠳᠤᠬᠳᠠᠯᠴᠠᠭ᠎ᠠ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ ︔ | ᠬᠥᠳᠡᠭᠡ ᠲᠣᠰᠬᠤᠨ ᠤ ᠬᠤᠷᠰᠢᠬᠰᠡᠠ ᠠᠵᠤ ᠠᠬᠤᠶ ᠶᠢᠨ ᠵᠢᠯᠦᠭᠤᠳᠦᠯᠭ᠎ᠠ ᠂ ᠦᠢᠯᠡᠴᠢᠯᠡᠭᠡ ᠪᠠ ᠵᠣᠬᠢᠴᠠᠭᠤᠯᠭ᠎ᠠ ᠶᠢ ᠬᠠᠷᠢᠭᠤᠴᠠᠵᠤ ᠂ ᠤᠯᠡᠠ | ᠬᠡᠯᠪᠡᠷᠢ ᠶᠢᠨ ᠠᠵᠤ ᠠᠬᠤᠶ ᠶᠢᠨ ᠬᠠᠮᠲᠤᠷᠠᠯᠴᠠᠭ᠎ᠠ ᠪᠠ ᠬᠤᠯᠪᠣᠭᠠᠯᠠᠯ ᠢ ᠠᠬᠢᠭᠤᠯᠵᠤ ᠂ ᠤᠯᠠᠨ ᠳᠦᠮᠡᠨᠴᠢ ᠪᠦᠯᠬᠦᠮ ᠤᠨ ᠬᠤᠯᠪᠣᠭᠠᠯᠠᠯ ᠤᠨ | ᠳᠠᠪᠠᠭᠤᠯᠢᠭ ᠢ ᠪᠠᠳᠠᠷᠠᠭᠤᠯᠤᠨ᠎ᠠ︔ ᠰᠢᠰᠲ᠋ᠧᠮ ᠤᠨ ᠬᠠᠤᠯᠢ ᠳᠦᠷᠢᠮᠵᠢᠯᠲᠡ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ ᠃ | | ︵ᠳᠥᠷᠪᠡ︶ ᠪᠥᠬᠦ ᠬᠤᠰᠢᠭᠤᠨ ᠤ ᠬᠥᠳᠡᠭᠡ ᠲᠣᠰᠬᠤᠨ ᠤ ᠣᠲᠣ ᠦᠶ᠎ᠡ ᠶᠢᠨ ᠭᠦᠶᠯᠭᠡᠭᠡᠨ ᠤ ᠦᠶᠯᠡᠴᠢᠯᠡᠭᠡᠨ ᠤ ᠳᠤᠤᠷ ᠰᠦᠯᠵᠢᠶ᠎ᠡ ᠶᠢᠨ | ᠳᠤᠬᠳᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠵᠦ ᠂ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠂ ᠡᠳᠦᠷ ᠲᠤᠲᠤᠮ ᠤᠨ | ᠬᠡᠷᠡᠭᠯᠡᠭᠡᠨ ᠤ ᠵᠦᠶᠯ ᠂ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠂ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠵᠡᠷᠭᠡ | ᠡᠵᠡᠩᠨᠡᠯᠲᠡ ᠶᠢᠨ ᠦᠶᠯᠡᠴᠢᠯᠡᠭᠡᠨ ᠤ ᠲᠣᠤᠷ ᠰᠦᠯᠵᠢᠶ᠎ᠡ ᠶᠢ ᠪᠤᠶᠢᠵᠢᠭᠤᠯᠤᠨ᠎ᠠ᠃ | ︵ᠲᠠᠪᠤ︶ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ | ᠵᠢᠯᠤᠭᠤᠳᠬᠤ ᠪᠠ ᠠᠬᠢᠭᠤᠯᠤᠨ᠎ᠠ ︔ ᠡᠯ᠎ᠡ ᠲᠦᠷᠦᠯ ᠤᠨ ᠲᠤᠰᠬᠠᠶ ᠬᠤᠷᠰᠢᠶᠠᠵᠢᠯ ᠂ ᠲᠤᠰᠬᠠᠶ ᠬᠤᠷᠰᠢᠶᠠᠵᠢᠯ ᠤᠨ ᠬᠤᠯᠪᠣᠭᠠᠲᠤ ᠬᠤᠷᠰᠢᠶ᠎ᠠ ᠪᠠ | ᠬᠡᠷᠡᠭᠯᠡᠭᠡᠨ ᠤ ᠬᠤᠷᠰᠢᠶ᠎ᠠ ᠶᠢ ᠬᠥᠭᠵᠢᠭᠦᠯᠵᠦ ᠂ ᠬᠤᠷᠰᠢᠬᠰᠠᠨ ᠠᠵᠤ ᠠᠬᠤᠶ ᠶᠢᠨ ᠲᠠᠷᠢᠶᠠᠯᠠᠩ ᠤᠨ ᠠᠵᠤ ᠦᠢᠯᠡᠰᠵᠢᠭᠰᠡᠨ ᠡᠵᠡᠩᠨᠡᠯᠲᠡ ᠶᠢᠨ ᠪᠦᠬᠦ | ᠶᠠᠪᠤᠴᠠ ᠪᠠ ᠬᠤᠳᠠ ᠬᠥᠳᠡᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠲᠡᠶᠢᠰᠢ ᠥᠷᠭᠡᠳᠬᠦ ᠶᠢ ᠠᠬᠢᠭᠤᠯᠤᠨ᠎ᠠ︔ ᠡᠳᠦᠷ ᠲᠤᠲᠤᠮ ᠤᠨ ᠬᠡᠷᠡᠭᠯᠡᠭᠡᠨ ᠤ | ᠵᠦᠶᠯ ᠢ ︽ ᠲᠣᠰᠬᠤᠨ ᠳᠤ ᠣᠷᠣᠭᠤᠯᠵᠤ ᠡᠷᠦᠬᠡ ᠳᠤ ᠣᠷᠣᠭᠤᠯᠬᠤ ︾ ᠪᠠ ᠲᠠᠷᠢᠶᠠᠯᠠᠩ ᠤᠨ ᠪᠦᠲᠦᠭᠡᠭᠳᠡᠬᠦᠨ ᠢ ︽ ᠬᠤᠲᠠ ᠳᠤ ᠣᠷᠣᠭᠤᠯᠵᠤ | ᠬᠡᠲᠦ ᠳᠡᠯᠭᠡᠬᠦᠷ ᠲᠤ ᠣᠷᠣᠭᠤᠯᠬᠤ ︾ ᠠᠵᠢᠯ ᠢ ᠠᠬᠢᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ | ᠣᠲᠣ ᠦᠶ᠎ᠡ ᠶᠢᠨ ᠭᠦᠶᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠲᠥᠷᠥᠯ ᠤᠨ ᠬᠥᠭᠵᠢᠯᠲᠡ ᠶᠢ ᠠᠬᠢᠭᠤᠯᠤᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠢᠨ ᠤ ᠬᠥᠳᠡᠭᠡ ᠲᠣᠰᠬᠤᠨ ᠤ ᠬᠤᠷᠰᠢᠭᠰᠠᠨ | ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠠᠵᠢᠯ ᠥᠷᠨᠢᠭᠦᠯᠬᠦ ᠶᠢ ᠵᠢᠯᠤᠭᠤᠳᠬᠤ ᠪᠠ ᠬᠠᠮᠢᠶᠠᠷᠴᠤ ᠂ ︽ᠲᠠᠷᠢᠶᠠᠯᠠᠩ ᠳᠠᠷᠢᠶᠠᠯᠠᠬᠤ ᠤᠷᠤᠨ | ᠲᠠᠷᠢᠶᠠᠴᠢᠨ︾ ᠳᠤ ᠪᠠᠯᠠ ᠴᠤᠬᠯᠠᠭᠤᠯᠬᠤ ᠲᠠᠪᠴᠠᠩ ᠬᠠᠩᠭᠠᠵᠤ ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ ᠃ | ︵ᠳᠣᠯᠤᠭ᠎ᠠ︶ ᠵᠠᠰᠠᠭ ᠤᠨ ᠣᠷᠳᠣᠨ ᠤ ᠣᠯᠭᠤᠭᠰᠠᠨ ᠡᠷᠬᠡ ᠶᠢ ᠦᠨᠳᠦᠰᠦᠯᠡᠨ ᠂ ᠲᠠᠷᠢᠶᠠᠯᠠᠩ ᠮᠠᠯ ᠠᠵᠤ ᠠᠬᠤᠶ ᠶᠢᠨ ᠴᠢᠬᠤᠯᠠ | ᠦᠶᠯᠡᠳᠪᠦᠷᠢᠯᠡᠯ ᠤᠨ ᠬᠡᠷᠡᠭᠰᠡᠯ ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠡᠵᠡᠩᠨᠡᠯᠲᠡ ᠶᠢᠨ ᠬᠤᠯᠪᠤᠬᠳᠠᠯ ᠪᠥᠬᠦᠶ ᠠᠵᠢᠯ ᠢ | ᠡᠭᠦᠷᠭᠡᠯᠡᠨ᠎ᠡ ᠃ | ︵ᠨᠠᠶᠮᠠ︶ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠺᠠᠳ᠋ᠷ ᠠᠵᠢᠯᠲᠠᠨ ᠤ ᠪᠣᠯᠪᠠᠰᠤᠷᠠᠯ | ᠬᠥᠮᠦᠵᠢᠯ ᠢ ᠬᠠᠷᠢᠭᠤᠴᠠᠵᠤ ᠂ ᠪᠥᠬᠦ ᠬᠤᠰᠢᠭᠤᠨ ᠤ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠬᠤᠷᠰᠢᠭᠰᠠᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠪᠠ ᠲᠣᠤᠷ ᠴᠡᠭ ᠲᠤ ᠴᠢᠳᠠᠪᠤᠷᠢᠲᠠᠨ ᠬᠥᠮᠦᠵᠢᠭᠦᠯᠬᠦ ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠪᠠ ᠮᠡᠷᠭᠡᠵᠢᠯ ᠤᠨ | ᠦᠶᠯᠡᠴᠢᠯᠡᠭᠡ ᠬᠠᠩᠭᠠᠨ᠎ᠠ ᠃ | ︵ᠶᠢᠰᠦ︶ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ | ᠡᠭᠦᠷᠭᠡᠯᠡᠨ᠎ᠡ ᠃ |