ᠬᠤᠰᠢᠭᠤᠨ  ᠤ ᠬᠤᠲᠠ  ᠶᠢᠨ ᠬᠠᠮᠢᠶᠠᠷᠤᠯᠲᠠ  ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠲᠣᠪᠴᠢᠶ᠎ᠠ
ᠨᠡᠶᠢᠲᠡᠯᠡᠭᠰᠡᠨ ᠴᠠᠭ᠄
2021/12/16
      ᠵᠡᠭᠦᠨᠭᠠᠷ ᠬᠤᠰᠢᠭᠤᠨ  ᠤ ᠬᠤᠲᠠ  ᠶᠢᠨ ᠬᠠᠮᠢᠶᠠᠷᠤᠯᠲᠠ  ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠲᠣᠪᠴᠢᠶ᠎ᠠ  ᠨᠢ ᠬᠤᠲᠠ  ᠶᠢᠨ ᠬᠠᠮᠢᠶᠠᠷᠤᠯᠲᠠ  ᠶᠢᠨ ᠠᠵᠢᠯ  ᠤᠨ ᠲᠤᠬᠠᠶ ᠨᠠᠮ  ᠤᠨ ᠲᠥᠪ ᠬᠤᠷᠢᠶ᠎ᠠ  ᠶᠢᠨ ᠴᠢᠭᠯᠡᠯᠲᠡ ᠲᠥᠷᠥ  ᠶᠢᠨ ᠪᠣᠳᠣᠯᠭ᠎ᠠ  ᠶᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ ᠂ ᠣᠷᠳᠣᠰ ᠬᠤᠲᠠ  ᠶᠢᠨ ᠨᠠᠮ  ᠤᠨ ᠬᠤᠷᠢᠶ᠎ᠠ ᠂ ᠵᠡᠭᠦᠨᠭᠠᠷ ᠬᠤᠰᠢᠭᠤᠨ  ᠤ ᠨᠠᠮ  ᠤᠨ ᠬᠤᠷᠢᠶ᠎ᠠ  ᠶᠢᠨ  ᠬᠤᠯᠪᠤᠬᠳᠠᠯ ᠪᠥᠬᠦᠶ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ  ᠶᠢ ᠨᠠᠶᠢᠳᠠᠪᠤᠷᠢᠵᠢᠭᠤᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ  ᠨᠢ ᠪᠣᠯ ᠄   ( ᠨᠢᠭᠡ ) ᠬᠤᠳᠠ  ᠶᠢᠨ ᠬᠠᠮᠢᠶᠠᠷᠤᠯᠲᠠ  ᠶᠢᠨ  ᠳᠤᠬᠠᠢ ᠤᠯᠤᠰ ᠂ ᠥᠪᠡᠷᠲᠡᠭᠡᠨ ᠵᠠᠰᠠᠬᠤ ᠣᠷᠣᠨ ᠂ ᠬᠤᠳᠠ  ᠶᠢᠨ ᠬᠤᠯᠪᠣᠭᠳᠠᠯ ᠪᠥᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠥᠷᠢᠮ  ᠂ ᠲᠥᠷᠥ  ᠶᠢᠨ ᠪᠤᠳᠤᠯᠭ᠎ᠠ  ᠶᠢ  ᠳᠤᠭᠤᠰᠢᠯᠠᠭᠤᠯᠤᠨ ᠬᠡᠷᠡᠭᠵᠢᠭᠦᠯᠦᠨ᠎ᠡ︔ ᠪᠥᠬᠦ ᠬᠤᠰᠢᠭᠤᠨ  ᠤ ᠬᠤᠲᠠ  ᠶᠢᠨ ᠬᠠᠮᠢᠶᠠᠷᠤᠯᠲᠠ  ᠶᠢᠨ ᠲᠣᠭᠲᠠᠭᠠᠯ ᠂ ᠲᠥᠯᠥᠪᠵᠢᠭᠦᠯᠭᠡ ᠂ ᠲᠥᠯᠥᠪᠯᠡᠭᠡ ᠪᠠ  ᠬᠤᠯᠪᠤᠬᠳᠠᠯ ᠪᠥᠬᠦᠶ ᠲᠦᠷᠢᠮ  ᠢ ᠲᠣᠭᠲᠠᠭᠠᠬᠤ  ᠶᠢ ᠬᠠᠷᠢᠭᠤᠴᠠᠬᠤ  ᠶᠢᠨ ᠬᠠᠮᠲᠤ ᠵᠣᠬᠢᠶᠠᠨ ᠪᠠᠶᠢᠭᠤᠯᠤᠨ      ᠬᠡᠷᠡᠭᠵᠢᠭᠦᠯᠦᠨ᠎ᠡ ᠃ ᠡᠯ᠎ᠡ ᠰᠤᠮᠤ ᠰᠢᠶᠠᠩ ᠪᠠᠯᠭᠠᠰᠤ ᠂ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠤᠨ ᠲᠣᠰ ᠭᠠᠵᠠᠷ ᠣᠷᠣᠨ  ᠤ ᠬᠤᠲᠠ  ᠶᠢᠨ ᠣᠯᠠᠨ ᠨᠡᠶᠢᠲᠡ  ᠶᠢᠨ ᠬᠡᠷᠡᠭ ᠶᠠᠪᠤᠳᠠᠯ  ᠤᠨ ᠬᠠᠮᠢᠶᠠᠷᠤᠯᠲᠠ  ᠶᠢᠨ ᠲᠥᠯᠥᠪᠯᠡᠭᠡ ᠪᠠ  ᠬᠤᠯᠪᠤᠬᠳᠠᠯ ᠪᠥᠬᠦᠶ ᠲᠦᠷᠢᠮ  ᠢ ᠲᠣᠭᠲᠠᠭᠠᠬᠤ  ᠶᠢ ᠬᠠᠷᠢᠭᠤᠴᠠᠨ ᠵᠢᠯᠣᠭᠤᠳᠬᠤ  ᠶᠢᠨ ᠬᠠᠮᠲᠤ ᠲᠤᠬᠠᠢᠢᠯᠠᠭᠰᠠᠨ ᠠᠵᠢᠯ  ᠤᠨ ᠰᠢᠯᠭᠠᠨ  ᠬᠤᠷᠢᠶᠠᠬᠤ ᠠᠵᠢᠯ ᠢ ᠵᠣᠬᠢᠶᠠᠨ ᠪᠠᠶᠢᠭᠤᠯᠤᠨ᠎ᠠ ᠃    ︵ᠬᠤᠶᠠᠷ︶ ᠣᠷᠣᠨ ᠰᠠᠭᠤᠴᠠ ᠬᠤᠲᠠ ᠬᠥᠳᠡᠭᠡ  ᠶᠢᠨ ᠪᠥᠲᠥᠭᠡᠨ ᠪᠠᠶᠢᠭᠤᠯᠤᠯᠲᠠ  ᠶᠢᠨ ᠬᠠᠮᠢᠶᠠᠷᠤᠯᠲᠠ  ᠶᠢᠨ ᠲᠠᠯ᠎ᠠ  ᠪᠠᠷ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠦᠷᠢᠮ   ᠳᠤ ᠲᠣᠭᠲᠠᠭᠠᠭᠰᠠᠨ ᠪᠥᠬᠦ ᠵᠠᠰᠠᠭ ᠵᠠᠬᠢᠷᠭᠠᠨ  ᠤ  ᠰᠢᠢᠳᠭᠡᠯ ᠲᠣᠷᠭᠠᠭᠤᠯᠢ ᠶᠠᠪᠤᠭᠤᠯᠬᠤ ᠡᠷᠬᠡ  ᠶᠢ ᠬᠡᠷᠡᠭᠵᠢᠭᠦᠯᠦᠨ᠎ᠡ ᠃ ᠳᠤᠭᠠᠴᠠᠯᠠᠭᠰᠠᠨ ᠂ ᠨᠠᠷᠢᠯᠢᠬᠵᠢᠭᠤᠯᠤᠭᠰᠠᠨ ᠂ ᠣᠷᠳᠣ ᠬᠤᠭᠤᠴᠠᠭᠠᠨ  ᠤ ᠪᠦᠲᠦᠮᠵᠢᠲᠡᠶ ᠬᠤᠲᠠ  ᠶᠢᠨ ᠬᠠᠮᠢᠶᠠᠷᠤᠯᠲᠠ  ᠶᠢ  ᠠᠬᠢᠭᠤᠯᠬᠤ  ᠳᠤ ᠣᠷᠣᠯᠴᠠᠨ᠎ᠠ ︔ ᠬᠤᠯᠪᠣᠭᠳᠠᠯ ᠪᠥᠬᠦᠶ ᠵᠠᠰᠠᠭ ᠵᠠᠬᠢᠷᠭᠠᠨ  ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ  ᠤ ᠵᠠᠷᠭᠤ  ᠶᠢᠨ ᠵᠠᠷᠭᠤ ᠬᠦᠯᠢᠶᠡᠬᠦ ᠠᠵᠢᠯ  ᠳᠤ ᠣᠷᠣᠯᠴᠠᠨ᠎ᠠ ︔ ᠬᠤᠳᠠ  ᠶᠢᠨ  ᠳᠦᠷᠢ ᠳᠦᠷᠬᠦ ᠶᠢᠨ ᠪᠠᠷᠢᠮᠵᠢᠶ᠎ᠠ  ᠶᠢ ᠲᠣᠭᠲᠠᠭᠠᠵᠤ ᠂ ᠬᠤᠳᠠ  ᠶᠢᠨ  ᠳᠦᠷᠢ ᠳᠦᠷᠬᠦ  ᠶᠢ ᠴᠡᠭᠴᠡᠯᠡᠨ ᠵᠠᠰᠠᠬᠤ ᠠᠵᠢᠯ  ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠬᠤᠰᠢᠭᠤᠨ  ᠤ ᠵᠠᠰᠠᠭ  ᠤᠨ ᠣᠷᠳᠣᠨ  ᠤ ᠲᠤᠰᠢᠶᠠᠭᠰᠠᠨ ᠭᠡᠨᠡᠳᠲᠡ  ᠶᠢᠨ ᠴᠢᠨᠠᠷᠲᠠᠶ ᠪᠠ ᠲᠦᠷ ᠴᠠᠭ  ᠤᠨ ᠴᠢᠨᠠᠷᠲᠠᠶ ᠡᠭᠦᠷᠭᠡ  ᠶᠢ ᠪᠡᠶᠡᠯᠡᠭᠦᠯᠦᠨ᠎ᠡ ᠃    ︵ᠭᠤᠷᠪᠠ︶ ᠬᠤᠲᠠ ᠬᠥᠳᠡᠭᠡ  ᠶᠢᠨ ᠲᠥᠯᠥᠪᠵᠢᠭᠦᠯᠭᠡ  ᠶᠢᠨ ᠬᠠᠮᠢᠶᠠᠷᠤᠯᠲᠠ  ᠶᠢᠨ ᠲᠠᠯ᠎ᠠ  ᠪᠠᠷ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠦᠷᠢᠮ   ᠳᠤ ᠲᠣᠭᠲᠠᠭᠠᠭᠰᠠᠨ ᠵᠠᠰᠠᠭ ᠵᠠᠬᠢᠷᠭᠠᠨ  ᠤ ᠰᠢᠢᠳᠭᠡᠯ ᠲᠣᠷᠭᠠᠭᠤᠯᠢ ᠶᠠᠪᠤᠭᠤᠯᠬᠤ ᠡᠷᠬᠡ  ᠶᠢ ᠬᠡᠷᠡᠭᠵᠢᠭᠦᠯᠦᠨ᠎ᠡ ᠃ ᠬᠤᠲᠠ ᠬᠥᠳᠡᠭᠡ ᠶᠢᠨ ᠲᠥᠯᠥᠪᠵᠢᠭᠦᠯᠭᠡ  ᠶᠢᠨ ᠬᠦᠷᠢᠶ᠎ᠠ ᠬᠡᠪᠴᠢᠶᠡᠨ  ᠳᠠᠬᠢ ᠲᠥᠯᠥᠪᠵᠢᠭᠦᠯᠭᠡ ᠂ ᠪᠥᠲᠥᠭᠡᠨ ᠪᠠᠶᠢᠭᠤᠯᠤᠯᠲᠠ  ᠶᠢᠨ ᠵᠥᠪᠰᠢᠶᠡᠷᠡᠯ  ᠢ ᠳᠠᠮᠵᠢᠭᠰᠠᠨ ᠥᠬᠡᠶ ᠪᠠ ᠲᠥᠯᠥᠪᠵᠢᠭᠦᠯᠭᠡ  ᠶᠢᠨ ᠵᠥᠪᠰᠢᠶᠡᠷᠡᠯ  ᠢ ᠥᠯᠥ ᠵᠢᠷᠤᠮᠯᠠᠨ  ᠵᠤᠬᠢᠶᠠᠨ ᠪᠠᠶᠢᠭᠤᠯᠵᠤ ᠪᠥᠲᠥᠭᠡᠨ ᠪᠠᠶᠢᠭᠤᠯᠤᠬᠰᠠᠨ ᠬᠠᠤᠯᠢ ᠲᠣᠭᠲᠠᠭᠠᠯ  ᠢ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ  ᠤ ᠰᠢᠢᠳᠭᠡᠯ ᠲᠣᠷᠭᠠᠭᠤᠯᠢ  ᠶᠠᠪᠤᠭᠤᠯᠬᠤ ᠡᠷᠬᠡ  ᠶᠢ ᠬᠡᠷᠡᠭᠵᠢᠭᠦᠯᠬᠦ  ᠶᠢ ᠬᠠᠷᠢᠭᠤᠴᠠᠨ᠎ᠠ︔ ᠲᠤᠰ ᠭᠠᠵᠠᠷ ᠣᠷᠣᠨ ᠤ ᠪᠠᠨ ᠪᠥᠳᠥᠭᠡᠨ ᠪᠠᠶᠢᠭᠤᠯᠤᠯᠲᠠ  ᠶᠢᠨ ᠪᠠᠷᠢᠯᠭ᠎ᠠ  ᠶᠢᠨ ᠲᠥᠯᠥᠪᠵᠢᠭᠦᠯᠭᠡ  ᠶᠢᠨ ᠵᠢᠷᠤᠭ ᠲᠥᠯᠥᠪᠯᠡᠭᠡ  ᠶᠢ ᠬᠢᠨᠠᠨ ᠬᠠᠷᠭᠤᠭᠤᠯᠬᠤ ᠂ ᠪᠠᠷᠢᠯᠭ᠎ᠠ ᠶᠢᠨ ᠱᠤᠭᠤᠮ ᠢ ᠪᠠᠶᠢᠴᠠᠭᠠᠵᠤ ᠰᠢᠯᠭᠠᠨ  ᠬᠤᠷᠢᠶᠠᠬᠤ ᠵᠡᠷᠭᠡ ᠠᠵᠢᠯ  ᠳᠤ ᠣᠷᠣᠯᠴᠠᠨ᠎ᠠ ᠃ ᠵᠡᠭᠡᠯᠢ ᠭᠤᠳᠤᠮᠵᠢ  ᠶᠢᠨ ᠬᠤᠶᠠᠷ ᠬᠠᠵᠠᠭᠤ ᠪᠠ ᠣᠯᠠᠨ ᠨᠡᠶᠢᠲᠡ  ᠶᠢᠨ ᠲᠠᠯᠠᠪᠤᠷ ᠭᠠᠵᠠᠷ ᠲᠤ ᠲᠦᠷ ᠴᠠᠭ ᠪᠣᠳᠠᠰ  ᠤᠨ ᠮᠠᠲ᠋ᠧᠷᠢᠶᠠᠯ ᠣᠪᠣᠭᠠᠯᠠᠵᠤ     ᠲᠠᠯᠪᠢᠬᠤ ᠂  ᠲᠦᠷ ᠴᠠᠭ ᠤᠨ ᠴᠢᠨᠠᠷᠲᠠᠶ ᠪᠠᠷᠢᠯᠭ᠎ᠠ ᠂ ᠪᠠᠷᠢᠯᠭ᠎ᠠ  ᠶᠢᠨ ᠡᠳ᠋ ᠪᠤᠶᠤ ᠪᠤᠰᠤᠳ  ᠳᠦᠬᠦᠭᠡᠷᠤᠮᠵᠢ ᠪᠠᠶᠢᠭᠤᠯᠬᠤ      ︵ᠪᠥᠲᠥᠭᠡᠨ ᠪᠠᠶᠢᠭᠤᠯᠤᠯᠲᠠ  ᠶᠢᠨ ᠪᠠᠷᠢᠯᠭ᠎ᠠ  ᠶᠢᠨ ᠭᠠᠵᠠᠷ  ᠤᠨ ᠳᠣᠲᠣᠷᠠᠬᠢ ᠲᠦᠷ ᠪᠠᠷᠢᠬᠤ ᠪᠠ ᠬᠦᠷᠢᠶᠡᠯᠡᠨ ᠬᠠᠰᠢᠬᠤ  ᠶᠢ ᠪᠠᠭᠲᠠᠭᠠᠨ᠎ᠠ ︶ ᠂ ᠵᠠᠮ ᠡᠵᠡᠯᠡᠨ ᠪᠠᠷᠢᠯᠭ᠎ᠠ ᠪᠠᠷᠢᠬᠤ  ᠶᠢ ᠬᠢᠨᠠᠨ ᠵᠥᠪᠰᠢᠶᠡᠷᠡᠬᠦ  ᠤᠴᠢᠷ ᠶᠠᠪᠤᠳᠠᠯ  ᠢ ᠬᠠᠷᠢᠭᠤᠴᠠᠨ   ᠭᠦᠶᠴᠡᠳᠬᠡᠨ᠎ᠡ ᠃  ᠪᠠᠶᠢᠭᠤᠯᠵᠤ ᠪᠠᠷᠠᠬᠰᠠᠨ ᠲᠣᠭᠤᠷᠢᠭ  ᠤᠨ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠂ ᠬᠡᠷ  ᠤᠨ ᠭᠠᠳᠠᠨᠠᠬᠢ ᠲᠣᠮᠣ ᠬᠡᠯᠪᠡᠷᠢ  ᠶᠢᠨ ᠵᠠᠷ ᠮᠡᠳᠡᠭᠡ  ᠶᠢᠨ ᠪᠠᠶᠢᠷᠢᠯᠠᠭᠤᠯᠤᠯᠲᠠ  ᠶᠢ ᠬᠢᠨᠠᠨ ᠵᠥᠪᠰᠢᠶᠡᠷᠡᠬᠦ  ᠤᠴᠢᠷ ᠶᠠᠪᠤᠳᠠᠯ ᠢ ᠬᠠᠷᠢᠭᠤᠴᠠᠨ᠎ᠠ ᠃ ᠬᠤᠲᠠ  ᠶᠢᠨ ᠪᠠᠷᠢᠯᠭ᠎ᠠ ᠂  ᠳᠦᠬᠦᠭᠡᠷᠤᠮᠵᠢ ᠳᠡᠭᠡᠷ᠎ᠡ ᠤᠬᠠᠭᠤᠯᠭ᠎ᠠ  ᠶᠢᠨ  ᠵᠠᠷ ᠮᠡᠳᠡᠭᠡ ᠡᠯᠬᠦᠬᠦ ᠨᠠᠭᠠᠬᠤ ᠵᠢᠴᠢ ᠬᠡᠷ ᠪᠠᠶᠢᠰᠢᠩ  ᠤᠨ ᠭᠠᠳᠠᠨᠠᠬᠢ ᠤᠬᠠᠭᠤᠯᠭ᠎ᠠ  ᠶᠢᠨ ᠠᠵᠢᠯᠯᠠᠭ᠎ᠠ  ᠶᠢᠨ ᠬᠢᠨᠠᠨ ᠵᠥᠪᠰᠢᠶᠡᠷᠡᠬᠦ  ᠤᠴᠢᠷ ᠶᠠᠪᠤᠳᠠᠯ  ᠢ  ᠬᠠᠷᠢᠭᠤᠴᠠᠨ᠎ᠠ ᠃ ᠬᠤᠲᠠ  ᠶᠢᠨ ᠪᠠᠷᠢᠯᠭ᠎ᠠ  ᠶᠢᠨ ᠬᠤᠭ ᠨᠣᠪᠰᠢ  ᠶᠢ ᠰᠢᠶᠳᠪᠦᠷᠢᠯᠡᠬᠦ  ᠶᠢ ᠬᠢᠨᠠᠨ ᠵᠥᠪᠰᠢᠶᠡᠷᠡᠬᠦ  ᠤᠴᠢᠷ ᠶᠠᠪᠤᠳᠠᠯ ᠢ ᠬᠠᠷᠢᠭᠤᠴᠠᠨ᠎ᠠ᠃   (ᠳᠥᠷᠪᠡ)ᠣᠷᠴᠢᠨ ᠲᠣᠭᠤᠷᠢᠨ  ᠢ ᠬᠠᠮᠠᠭᠠᠯᠠᠬᠤ ᠬᠠᠮᠢᠶᠠᠷᠤᠯᠲᠠ  ᠶᠢᠨ ᠲᠠᠯ᠎ᠠ   ᠪᠠᠷ ᠬᠢ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠳᠦᠷᠢᠮ ᠳᠤ ᠳᠤᠬᠳᠠᠭᠠᠬᠰᠠᠨ ᠨᠡᠶᠢᠭᠡᠮ  ᠤᠨ ᠠᠮᠢᠳᠤᠷᠠᠯ  ᠤᠨ ᠲᠠᠭᠤ ᠱᠤᠤᠭᠢᠶᠠᠨ  ᠤ ᠪᠣᠬᠢᠷᠲᠤᠯ ᠂ ᠪᠠᠷᠢᠯᠭ᠎ᠠ  ᠶᠢᠨ ᠠᠵᠢᠯ ᠤᠨ ᠲᠠᠭᠤ ᠱᠤᠤᠭᠢᠶᠠᠨ  ᠤ ᠪᠣᠬᠢᠷᠲᠤᠯ ᠂ ᠪᠠᠷᠢᠯᠭ᠎ᠠ  ᠶᠢᠨ ᠠᠵᠢᠯ  ᠤᠨ ᠳᠡᠭᠳᠡᠮᠡᠯ ᠲᠣᠭᠤᠰᠣᠨ  ᠤ ᠪᠣᠬᠢᠷᠲᠤᠯ ᠂ ᠢᠳᠡᠭᠡᠨ ᠤᠮᠳᠠᠭᠠᠨ  ᠤ ᠦᠢᠯᠡᠴᠢᠯᠡᠭᠡᠨ  ᠤ ᠦᠢᠯᠡᠰ  ᠤᠨ  ᠳᠤᠰᠤ ᠣᠳᠤᠭ᠎ᠠ  ᠶᠢᠨ ᠪᠣᠬᠢᠷᠲᠤᠯ ᠂ ᠵᠠᠳᠠᠭᠠᠶ  ᠬᠠᠭᠠᠷᠢᠯᠭ᠎ᠠ ᠰᠢᠷᠠᠯᠭ᠎ᠠ ᠶᠢᠨ ᠪᠣᠬᠢᠷᠲᠤᠯ ᠂ ᠬᠤᠳᠠ  ᠶᠢᠨ ᠪᠠᠷᠤᠭᠰᠢᠨ ᠰᠦᠯᠢᠶᠣᠣ ᠬᠤᠭ ᠨᠣᠪᠰᠢ ᠶᠢ ᠰᠢᠳᠠᠭᠠᠬᠰᠠᠨ ᠵᠡᠷᠭᠡ ᠣᠳᠤᠭ᠎ᠠ ᠲᠣᠭᠤᠰᠣ ᠪᠣᠯᠤᠨ ᠦᠮᠡᠬᠡᠶ ᠦᠨᠦᠷ  ᠤᠨ ᠪᠣᠬᠢᠷᠲᠤᠯ ᠂  ᠡᠰᠢ ᠰᠦᠷᠡᠯ ᠤᠨᠠᠭᠰᠠᠨ ᠨᠠᠪᠴᠢ ᠶᠢ ᠵᠠᠳᠠᠭᠠᠢ ᠪᠠᠷ ᠰᠢᠳᠠᠭᠠᠬᠰᠠᠨ ᠵᠡᠷᠭᠡ ᠣᠳᠤᠭ᠎ᠠ ᠲᠣᠭᠤᠰᠣᠨ  ᠤ ᠪᠣᠬᠢᠷᠲᠤᠯ ᠂ ᠬᠤᠸᠠᠷ ᠫᠤᠤᠵᠢᠩ ᠲᠠᠯᠪᠢᠭᠰᠠᠨ ᠪᠣᠬᠢᠷᠲᠤᠯ ᠵᠡᠷᠭᠡ ᠲᠠᠯ᠎ᠠ  ᠶᠢᠨ ᠵᠠᠰᠠᠭ ᠵᠠᠬᠢᠷᠭᠠᠨ  ᠤ  ᠰᠢᠢᠳᠭᠡᠯ ᠦᠭᠬᠦ ᠡᠷᠬᠡ  ᠲᠠᠢ ᠃    (ᠲᠠᠪᠤ)ᠬᠤᠳᠠ  ᠶᠢᠨ ᠦᠵᠡᠮᠵᠢ ᠣᠷᠴᠢᠨ  ᠳᠤᠭᠤᠷᠢᠨ ᠤ ᠡᠷᠡᠭᠦᠯ ᠬᠠᠮᠠᠭᠠᠯᠠᠯ  ᠤᠨ ᠬᠠᠮᠢᠶᠠᠷᠤᠯᠲᠠ  ᠶᠢᠨ ᠲᠠᠯ᠎ᠠ  ᠪᠠᠷ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠦᠷᠢᠮ   ᠳᠤ ᠲᠣᠭᠲᠠᠭᠠᠭᠰᠠᠨ ᠵᠠᠰᠠᠭ ᠵᠠᠬᠢᠷᠭᠠᠨ  ᠤ  ᠰᠢᠢᠳᠭᠡᠯ ᠥᠭᠬᠦ ᠡᠷᠬᠡ  ᠶᠢ ᠬᠡᠷᠡᠭᠵᠢᠭᠦᠯᠵᠦ ᠂ ᠬᠤᠳᠠ  ᠶᠢᠨ  ᠳᠦᠷᠢ ᠳᠦᠷᠬᠦ ᠶᠢᠨ ᠪᠠᠷᠢᠮᠵᠢᠶ᠎ᠠ ᠂ ᠣᠷᠴᠢᠨ  ᠳᠤᠭᠤᠷᠢᠨ ᠤ ᠡᠷᠡᠭᠦᠯ ᠬᠠᠮᠠᠭᠠᠯᠠᠯ  ᠤᠨ ᠪᠠᠷᠢᠮᠵᠢᠶ᠎ᠠ  ᠳᠤ ᠦᠯᠦ ᠨᠡᠶᠢᠴᠡᠬᠦ ᠵᠥᠪᠰᠢᠶᠡᠷᠡᠭᠦᠯᠦᠭᠰᠡᠨ ᠦᠭᠡᠢ ᠪᠠᠷᠢᠯᠭ᠎ᠠ ᠪᠠ ᠲᠥᠬᠦᠭᠡᠷᠦᠮᠵᠢ  ᠶᠢ ᠠᠯᠪᠠᠳᠠᠯᠭ᠎ᠠ  ᠪᠠᠷ ᠨᠤᠷᠠᠭᠠᠯᠭᠠᠨ᠎ᠠ ᠃    (ᠵᠢᠷᠭᠤᠭ᠎ᠠ)ᠬᠤᠲᠠ  ᠶᠢᠨ ᠶᠠᠪᠤᠳᠠᠯ  ᠤᠨ ᠬᠠᠮᠢᠶᠠᠷᠤᠯᠲᠠ  ᠶᠢᠨ ᠲᠠᠯ᠎ᠠ   ᠪᠠᠷ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ   ᠳᠤ ᠲᠣᠭᠲᠠᠭᠠᠭᠰᠠᠨ ᠵᠠᠰᠠᠭ ᠵᠠᠬᠢᠷᠭᠠᠨ  ᠤ ᠰᠢᠶᠳᠬᠡᠯ ᠦᠭᠬᠦ ᠡᠷᠬᠡ  ᠶᠢ ᠬᠡᠷᠡᠭᠵᠢᠭᠦᠯᠦᠨ᠎ᠡ ᠃    ︵ᠳᠣᠯᠤᠭ᠎ᠠ︶ ᠦᠶᠯᠡᠳᠪᠦᠷᠢ ᠬᠤᠳᠠᠯᠳᠤᠭᠠᠨ  ᠤ ᠬᠠᠮᠢᠶᠠᠷᠤᠯᠲᠠ  ᠶᠢᠨ ᠲᠠᠯ᠎ᠠ  ᠶᠢᠨ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠪᠠ ᠲᠦᠷᠢᠮ  ᠳᠤ ᠲᠣᠭᠲᠠᠭᠠᠭᠰᠠᠨ ᠬᠡᠷ ᠪᠠᠶᠢᠰᠢᠩ  ᠤᠨ ᠭᠠᠳᠠᠨᠠᠬᠢ ᠣᠯᠠᠨ ᠨᠡᠶᠢᠲᠡ  ᠶᠢᠨ ᠲᠠᠯᠠᠪᠤᠷ  ᠲᠤ ᠦᠨᠡᠮᠯᠡᠯ ᠥᠬᠡᠶ  ᠪᠠᠷ ᠡᠵᠡᠩᠨᠡᠬᠦ ᠂ ᠲᠣᠭᠲᠠᠭᠠᠯ  ᠠᠴᠠ ᠵᠥᠷᠢᠴᠡᠨ ᠬᠡᠷ ᠪᠠᠶᠢᠰᠢᠩ  ᠤᠨ ᠭᠠᠳᠠᠨᠠᠬᠢ ᠵᠠᠷ ᠮᠡᠳᠡᠭᠡ ᠭᠠᠷᠭᠠᠬᠤ ᠵᠡᠷᠭᠡ ᠲᠠᠯ᠎ᠠ  ᠶᠢᠨ ᠵᠠᠰᠠᠭ ᠵᠠᠬᠢᠷᠭᠠᠨ  ᠤ  ᠰᠢᠢᠳᠭᠡᠯ ᠲᠣᠷᠭᠠᠭᠤᠯᠢ ᠦᠭᠬᠦ ᠡᠷᠬᠡ  ᠶᠢ ᠬᠡᠷᠡᠭᠵᠢᠭᠦᠯᠦᠨ᠎ᠡ ᠃    ︵ᠨᠠᠶᠮᠠ︶ ᠢᠳᠡᠭᠡᠨ ᠤ ᠪᠠ ᠡᠮ  ᠤᠨ ᠵᠦᠶᠯ ᠳᠤ ᠬᠢᠨᠠᠯᠲᠠ ᠬᠠᠮᠢᠶᠠᠷᠤᠯᠲᠠ ᠬᠢᠬᠦ ᠲᠠᠯ᠎ᠠ  ᠪᠠᠷ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠪᠠ ᠲᠦᠷᠢᠮ   ᠳᠤ ᠲᠣᠭᠲᠠᠭᠠᠭᠰᠠᠨ ᠬᠡᠷ ᠪᠠᠶᠢᠰᠢᠩ  ᠤᠨ ᠭᠠᠳᠠᠨᠠᠬᠢ ᠣᠯᠠᠨ ᠨᠡᠶᠢᠲᠡ  ᠶᠢᠨ ᠲᠠᠯᠠᠪᠤᠷ  ᠲᠤ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ  ᠤ ᠳᠡᠯᠭᠡᠭᠡ ᠮᠠᠶᠢᠮᠠᠶ  ᠶᠢᠨ ᠦᠨᠡᠮᠯᠡᠯ ᠥᠬᠡᠶ  ᠪᠠᠷ ᠡᠵᠡᠩᠨᠡᠬᠦ ᠵᠢᠴᠢ ᠬᠠᠤᠯᠢ  ᠶᠢ ᠵᠥᠷᠢᠴᠡᠨ ᠡᠮ  ᠤᠨ ᠵᠦᠶᠯ  ᠢ ᠬᠤᠷᠢᠶᠠᠨ ᠠᠪᠴᠤ ᠫᠠᠨᠽᠠᠯᠠᠬᠤ ᠵᠡᠷᠭᠡ ᠲᠠᠯ᠎ᠠ  ᠪᠠᠷ ᠬᠢ ᠵᠠᠰᠠᠭ ᠵᠠᠬᠢᠷᠭᠠᠨ  ᠤ  ᠰᠢᠢᠳᠭᠡᠯ ᠲᠣᠷᠭᠠᠭᠤᠯᠢ ᠦᠭᠬᠦ ᠡᠷᠬᠡ  ᠶᠢ ᠬᠡᠷᠡᠭᠵᠢᠭᠦᠯᠦᠨ᠎ᠡ ᠃    ︵ᠶᠢᠰᠦ︶ ᠪᠠᠶᠢᠭᠠᠯᠢ  ᠶᠢᠨ ᠡᠬᠢ ᠪᠠᠶᠠᠯᠢᠭ  ᠤᠨ ᠬᠠᠮᠢᠶᠠᠷᠤᠯᠲᠠ  ᠶᠢᠨ ᠲᠠᠯ᠎ᠠ  ᠪᠠᠷ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠦᠷᠢᠮ   ᠳᠤ ᠲᠣᠭᠲᠠᠭᠠᠭᠰᠠᠨ ᠵᠠᠰᠠᠭ ᠵᠠᠬᠢᠷᠭᠠᠨ  ᠤ  ᠰᠢᠢᠳᠭᠡᠯ ᠥᠭᠬᠦ ᠡᠷᠬᠡ  ᠶᠢ ᠬᠡᠷᠡᠭᠵᠢᠭᠦᠯᠦᠨ᠎ᠡ ᠃     ︵ᠠᠷᠪᠠ ︶ ᠤᠰᠤᠨ ᠠᠰᠢᠭᠯᠠᠯᠲᠠ  ᠶᠢᠨ ᠬᠠᠮᠢᠶᠠᠷᠤᠯᠲᠠ  ᠶᠢᠨ ᠲᠠᠯ᠎ᠠ  ᠪᠠᠷ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠪᠣᠯᠤᠨ ᠲᠥᠷᠢᠮ ᠳᠤ ᠲᠣᠭᠲᠠᠭᠠᠭᠰᠠᠨ ᠬᠤᠳᠠ ᠶᠢᠨ ᠭᠤᠣᠯ  ᠤᠨ ᠵᠠᠮ  ᠳᠤ ᠬᠠᠶᠠᠭᠳᠠᠮᠠᠯ ᠪᠣᠳᠠᠰ ᠪᠠ ᠬᠤᠭ ᠨᠣᠪᠰᠢ ᠴᠢᠳᠬᠤᠬᠤ ᠵᠢᠴᠢ ᠲᠣᠭᠲᠠᠭᠠᠯ ᠠᠴᠠ ᠵᠥᠷᠢᠴᠡᠨ ᠰᠢᠷᠣᠶ ᠠᠪᠬᠤ᠂ ᠬᠤᠳᠠ  ᠶᠢᠨ ᠭᠤᠣᠯ ᠤᠨ ᠵᠠᠮ ᠤᠨ ᠬᠠᠤᠯᠢ  ᠠᠴᠠ ᠵᠥᠷᠢᠴᠡᠭᠰᠡᠨ ᠪᠠᠷᠢᠯᠭ᠎ᠠ  ᠶᠢ ᠨᠤᠷᠠᠭᠠᠬᠤ ᠵᠡᠷᠭᠡ ᠲᠠᠯ᠎ᠠ  ᠪᠠᠷ ᠬᠢ ᠵᠠᠰᠠᠭ ᠵᠠᠬᠢᠷᠭᠠᠨ  ᠤ  ᠰᠢᠢᠳᠭᠡᠯ ᠳᠤᠷᠭᠠᠭᠤᠯᠢ ᠦᠭᠬᠦ ᠡᠷᠬᠡ  ᠶᠢ ᠬᠡᠷᠡᠭᠵᠢᠭᠦᠯᠦᠨ᠎ᠡ ᠃    ︵ᠠᠷᠪᠠᠨ ᠨᠢᠭᠡ︶ ᠵᠠᠮ ᠬᠠᠷᠢᠯᠴᠠᠭᠠᠨ  ᠤ ᠠᠮᠤᠷ ᠲᠦᠪᠰᠢᠨ  ᠤ ᠬᠠᠮᠢᠶᠠᠷᠤᠯᠲᠠ  ᠶᠢᠨ ᠲᠠᠯ᠎ᠠ  ᠶᠢᠨ ᠬᠢ ᠬᠠᠤᠯᠢ ᠴᠠᠭᠠᠵᠠ ᠂ ᠬᠠᠤᠯᠢ ᠲᠣᠭᠲᠠᠭᠠᠯ ᠪᠠ ᠲᠦᠷᠢᠮ ᠳᠤ ᠲᠣᠭᠲᠠᠭᠠᠭᠰᠠᠨ ᠬᠤᠲᠠ  ᠶᠢᠨ ᠵᠠᠮ  ᠢ  ᠡᠵᠡᠯᠡᠭᠰᠡᠨ ᠂ ᠬᠠᠤᠯᠢ  ᠶᠢ ᠵᠥᠷᠢᠴᠡᠨ ᠲᠡᠷᠭᠡ ᠬᠥᠰᠬᠡ  ᠵᠤᠬᠰᠤᠭᠠᠬᠰᠠᠨ ᠵᠡᠷᠭᠡ  ᠳᠤ ᠵᠠᠰᠠᠭ ᠵᠠᠬᠢᠷᠭᠠᠨ  ᠤ  ᠰᠢᠢᠳᠭᠡᠯ ᠲᠣᠷᠭᠠᠭᠤᠯᠢ ᠦᠭᠬᠦ ᠡᠷᠬᠡ  ᠶᠢ ᠬᠡᠷᠡᠭᠵᠢᠭᠦᠯᠦᠨ᠎ᠡ ᠃    ︵ᠠᠷᠪᠠᠨ ᠬᠤᠶᠠᠷ︶ ᠪᠠᠷᠢᠯᠭ᠎ᠠ  ᠶᠢᠨ ᠬᠤᠭ ᠨᠣᠪᠰᠢ ᠂ ᠠᠮᠢᠳᠤᠷᠠᠯ  ᠤᠨ ᠬᠤᠭ ᠨᠣᠪᠰᠢ ᠂ ᠬᠤᠭᠤᠯᠠᠨ ᠬᠡᠷ  ᠤᠨ ᠬᠤᠭ ᠨᠣᠪᠰᠢ  ᠶᠢ ᠬᠠᠤᠯᠢ ᠲᠣᠭᠲᠠᠭᠠᠯ ᠠᠴᠠ ᠵᠥᠷᠢᠴᠡᠨ ᠰᠢᠶᠳᠪᠦᠷᠢᠯᠡᠭᠰᠡᠨ ᠦᠶᠯᠡ ᠠᠵᠢᠯᠯᠠᠭ᠎ᠠ  ᠳᠤ ᠵᠠᠰᠠᠭ ᠵᠠᠬᠢᠷᠭᠠᠨ  ᠤ  ᠰᠢᠢᠳᠭᠡᠯ ᠥᠭᠬᠦ ᠡᠷᠬᠡ  ᠶᠢ ᠬᠡᠷᠡᠭᠵᠢᠭᠦᠯᠦᠨ᠎ᠡ ᠃   ︵ᠠᠷᠪᠠᠨ ᠭᠤᠷᠪᠠ︶ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠠᠷᠠᠳ  ᠤᠨ ᠵᠠᠰᠠᠭ  ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ  ᠤᠨ ᠡᠭᠦᠷᠭᠡ  ᠶᠢ ᠡᠭᠦᠷᠭᠡᠯᠡᠨ᠎ᠡ ᠃ 
ᠢᠷᠡᠯᠲᠡ᠄ ᠲᠤᠰ ᠰᠦᠯᠵᠢᠶ᠎ᠡ