ᠬᠤᠰᠢᠭᠤᠨ  ᠤ ᠲᠣᠮᠣ ᠳ᠋ᠠᠶᠢᠲ᠋ᠠ  ᠶᠢᠨ ᠲᠥᠪ
ᠨᠡᠶᠢᠲᠡᠯᠡᠭᠰᠡᠨ ᠴᠠᠭ᠄
2021/12/16
    ᠵᠡᠭᠦᠨᠭᠠᠷ ᠬᠤᠰᠢᠭᠤᠨ  ᠤ ᠲᠣᠮᠣ ᠳ᠋ᠠᠶᠢᠲ᠋ᠠ  ᠶᠢᠨ ᠲᠥᠪ  ᠨᠢ ᠲᠣᠮᠣ ᠳ᠋ᠠᠶᠢᠲ᠋ᠠ ᠂ ᠮᠡᠳᠡᠭᠡ ᠵᠠᠩᠭᠢᠵᠢᠯᠲᠠ  ᠶᠢᠨ ᠠᠵᠢᠯ  ᠤᠨ ᠲᠤᠬᠠᠶ ᠨᠠᠮ  ᠤᠨ ᠲᠥᠪ ᠬᠤᠷᠢᠶ᠎ᠠ ᠶᠢᠨ  ᠴᠢᠭᠯᠡᠯᠲᠡ ᠲᠥᠷᠥ  ᠶᠢᠨ ᠪᠣᠳᠣᠯᠭ᠎ᠠ  ᠶᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ ᠂ ᠣᠷᠳᠣᠰ ᠬᠤᠲᠠ  ᠶᠢᠨ ᠨᠠᠮ  ᠤᠨ ᠬᠤᠷᠢᠶ᠎ᠠ ᠂ ᠵᠡᠭᠦᠨᠭᠠᠷ ᠬᠤᠰᠢᠭᠤᠨ  ᠤ ᠨᠠᠮ  ᠤᠨ ᠬᠤᠷᠢᠶ᠎ᠠ  ᠶᠢᠨ  ᠬᠤᠯᠪᠤᠬᠳᠠᠯ ᠪᠥᠬᠦᠶ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ  ᠶᠢ ᠨᠠᠶᠢᠳᠠᠪᠤᠷᠢᠵᠢᠭᠤᠯᠤᠨ᠎ᠠ ᠂ ᠭᠤᠤᠯ ᠡᠭᠦᠷᠭᠡ ᠬᠠᠷᠢᠭᠤᠴᠠᠯᠭ᠎ᠠ ᠨᠢ ᠪᠣᠯ ᠄    ︵ᠨᠢᠭᠡ︶ ᠪᠥᠬᠦ ᠬᠤᠰᠢᠭᠤᠨ  ᠤ  ᠳᠤᠭᠠᠴᠠᠯᠠᠬᠰᠠᠨ ᠠᠵᠤ ᠠᠬᠤᠶ ᠂ ᠳᠤᠭᠠᠴᠠᠯᠠᠬᠰᠠᠨ ᠵᠠᠰᠠᠭ  ᠤᠨ ᠣᠷᠳᠣᠨ ᠂ ᠳᠤᠭᠠᠴᠠᠯᠠᠬᠰᠠᠨ ᠨᠡᠶᠢᠭᠡᠮ ᠵᠡᠷᠭᠡ ᠬᠦᠷᠢᠶ᠎ᠡ ᠴᠠᠷᠠᠭ᠎ᠠ  ᠶᠢᠨ ᠬᠥᠭᠵᠢᠯᠲᠡ  ᠶᠢᠨ ᠲᠥᠯᠥᠪᠵᠢᠭᠦᠯᠭᠡ ᠪᠠ  ᠬᠤᠯᠪᠤᠬᠳᠠᠯ ᠪᠥᠬᠦᠶ ᠲᠥᠷᠥ  ᠶᠢᠨ ᠪᠣᠳᠣᠯᠭ᠎ᠠ  ᠶᠢ ᠲᠣᠭᠲᠠᠭᠠᠬᠤ  ᠳᠤ ᠣᠷᠣᠯᠴᠠᠨ᠎ᠠ ︔ ᠪᠥᠬᠦ ᠬᠤᠰᠢᠭᠤᠨ  ᠤ ᠲᠣᠮᠣ ᠳ᠋ᠠᠶᠢᠲ᠋ᠠ  ᠶᠢᠨ ᠬᠥᠭᠵᠢᠯᠲᠡ ᠪᠠ ᠮᠡᠳᠡᠭᠡ ᠵᠠᠩᠭᠢᠵᠢᠯᠲᠠ  ᠶᠢᠨ ᠪᠥᠲᠥᠭᠡᠨ ᠪᠠᠶᠢᠭᠤᠯᠤᠯᠲᠠ  ᠳᠤ ᠰᠢᠶᠳᠪᠦᠷᠢᠲᠦ ᠪᠣᠳᠣᠯᠭ᠎ᠠ  ᠶᠢᠨ ᠯᠠᠪᠯᠠᠯᠲᠠ ᠪᠠ ᠣᠶᠤᠨ  ᠤ ᠳᠡᠮᠵᠢᠯᠭᠡ ᠬᠠᠩᠭᠠᠨ᠎ᠠ ᠃    ︵ᠬᠤᠶᠠᠷ︶ ︽ᠳᠤᠭᠠᠴᠠᠯᠠᠬᠰᠠᠨ ᠵᠡᠭᠦᠨᠭᠠᠷ ︾   ᠤᠨ ᠲᠥᠷᠥᠯ ᠵᠦᠶᠯ  ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ  ᠢ ᠡᠭᠦᠷᠭᠡᠯᠡᠵᠦ ᠂ ᠨᠢᠭᠡ ᠴᠤᠭᠴᠠᠵᠢᠭᠤᠯᠤᠨ ᠨᠡᠶᠢᠯᠡᠭᠦᠯᠬᠦ ᠲᠣᠮᠣ ᠲᠠᠪᠴᠠᠩ ᠂ ᠬᠠᠮᠲᠤ  ᠪᠠᠷ ᠡᠳ᠋ᠯᠡᠵᠦ ᠬᠠᠮᠲᠤ  ᠪᠠᠷ ᠬᠡᠷᠡᠭᠯᠡᠬᠦ ᠲᠣᠮᠣ ᠳ᠋ᠠᠶᠢᠲ᠋ᠠ  ᠶᠢ ᠠᠬᠢᠭᠤᠯᠤᠨ ᠂ ᠬᠠᠮᠵᠢᠯᠴᠠᠨ ᠬᠤᠯᠪᠣᠭᠠᠯᠠᠵᠤ ᠬᠥᠳᠡᠯᠦᠯᠴᠡᠬᠦ ᠲᠣᠮᠣ ᠰᠢᠰᠲ᠋ᠧᠮ  ᠤᠨ ᠪᠥᠲᠥᠭᠡᠨ ᠪᠠᠶᠢᠭᠤᠯᠤᠯᠲᠠ  ᠶᠢ ᠠᠬᠢᠭᠤᠯᠵᠤ ᠂ ᠪᠥᠬᠦ ᠬᠤᠰᠢᠭᠤᠨ  ᠤ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠡᠯ᠎ᠡ ᠰᠠᠯᠠᠭ᠎ᠠ ᠮᠥᠴᠢᠷ  ᠢ ᠵᠣᠬᠢᠴᠠᠭᠤᠯᠬᠤ ᠠᠵᠢᠯ  ᠢ ᠥᠷᠨᠢᠭᠦᠯᠦᠨ᠎ᠡ ᠃    ︵ᠭᠤᠷᠪᠠ︶ ᠪᠥᠬᠦ ᠬᠤᠰᠢᠭᠤᠨ  ᠤ ᠵᠠᠰᠠᠭ  ᠤᠨ ᠶᠠᠪᠤᠳᠠᠯ  ᠤᠨ ᠮᠡᠳᠡᠭᠡ ᠵᠠᠩᠭᠢᠵᠢᠯᠲᠠ  ᠶᠢᠨ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ  ᠶᠢᠨ ᠬᠠᠮᠢᠶᠠᠷᠤᠯᠲᠠ  ᠶᠢ ᠨᠢᠭᠡᠳᠤᠯᠳᠡᠢ ᠳᠦᠯᠦᠪᠵᠢᠬᠦᠯᠤᠨ᠎ᠠ︔ ᠪᠥᠬᠦ ᠬᠤᠰᠢᠭᠤᠨ  ᠤ ᠲᠣᠮᠣ ᠳ᠋ᠠᠶᠢᠲ᠋ᠠ ᠂ ᠮᠡᠳᠡᠭᠡ ᠵᠠᠩᠭᠢᠵᠢᠯᠲᠠ  ᠶᠢᠨ ᠬᠦᠷᠢᠶᠡᠨ  ᠳᠠᠬᠢ ᠬᠥᠷᠥᠩᠭᠡ  ᠶᠢᠨ ᠴᠢᠨᠠᠷᠲᠠᠶ ᠵᠠᠷᠤᠯᠭ᠎ᠠ ᠪᠠ ᠡᠯ᠎ᠡ ᠱᠠᠲᠤᠨ  ᠤ ᠡᠳ᠋  ᠤᠨ ᠵᠠᠰᠠᠭ ᠠᠴᠠ ᠳᠡᠮᠵᠢᠭᠰᠡᠨ ᠪᠥᠲᠥᠭᠡᠨ ᠪᠠᠶᠢᠭᠤᠯᠤᠯᠲᠠ  ᠶᠢᠨ ᠪᠠᠯᠠ ᠮᠥᠩᠭᠦ  ᠶᠢᠨ ᠲᠣᠬᠢᠷᠠᠭᠤᠯᠤᠯᠲᠠ  ᠳᠤ ᠰᠢᠶᠳᠪᠦᠷᠢᠲᠦ ᠪᠣᠳᠣᠯᠭ᠎ᠠ  ᠶᠢᠨ ᠰᠠᠨᠠᠭᠤᠯᠭ᠎ᠠ ᠬᠠᠩᠭᠠᠬᠤ  ᠶᠢ ᠬᠠᠷᠢᠭᠤᠴᠠᠨ᠎ᠠ ︔ ᠪᠥᠬᠦ ᠬᠤᠰᠢᠭᠤᠨ  ᠤ ᠡᠯ᠎ᠡ ᠰᠠᠯᠠᠭ᠎ᠠ ᠮᠥᠴᠢᠷ  ᠤᠨ ᠮᠡᠳᠡᠭᠡ ᠵᠠᠩᠭᠢᠵᠢᠯᠲᠠ  ᠶᠢᠨ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ  ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠵᠡᠷᠭᠡ  ᠳᠤ ᠮᠡᠷᠭᠡᠵᠢᠯ  ᠤᠨ ᠬᠢᠨᠠᠨ ᠬᠠᠷᠭᠤᠭᠤᠯᠤᠯᠲᠠ ᠪᠠ ᠬᠡᠷᠡᠭᠵᠢᠭᠦᠯᠬᠦ ᠰᠠᠨᠠᠭᠤᠯᠭ᠎ᠠ ᠬᠠᠩᠭᠠᠨ᠎ᠠ ᠃    ︵ᠳᠥᠷᠪᠡ︶ ᠪᠥᠬᠦ ᠬᠤᠰᠢᠭᠤᠨ  ᠤ ᠰᠠᠭᠤᠷᠢ ᠮᠡᠳᠡᠭᠡ ᠵᠠᠩᠭᠢ  ᠶᠢᠨ ᠡᠬᠢ ᠪᠠᠶᠠᠯᠢᠭ  ᠤᠨ ᠬᠥᠮᠥᠷᠭᠡ ᠂ ᠣᠯᠠᠨ ᠨᠡᠶᠢᠲᠡ  ᠶᠢᠨ ᠮᠡᠳᠡᠭᠡ ᠵᠠᠩᠭᠢ  ᠶᠢᠨ ᠡᠬᠢ ᠪᠠᠶᠠᠯᠢᠭ  ᠤᠨ ᠬᠥᠮᠥᠷᠭᠡ ᠂ ᠭᠤᠤᠯ ᠰᠡᠳᠦᠪᠲᠦ ᠮᠡᠳᠡᠭᠡ ᠵᠠᠩᠭᠢ  ᠶᠢᠨ ᠡᠬᠢ ᠪᠠᠶᠠᠯᠢᠭ  ᠤᠨ ᠬᠥᠮᠥᠷᠭᠡ  ᠶᠢᠨ ᠪᠠᠶᠢᠭᠤᠯᠤᠯᠲᠠ ᠵᠢᠴᠢ ᠲᠤᠭ᠎ᠠ ᠪᠠᠷᠢᠮᠲᠠ  ᠶᠢᠨ ᠡᠬᠢ ᠪᠠᠶᠠᠯᠢᠭ  ᠤᠨ ᠬᠠᠮᠢᠶᠠᠷᠤᠯᠲᠠ  ᠶᠢ ᠨᠢᠭᠡᠳᠦᠯᠲᠡᠶ      ᠳᠦᠯᠦᠪᠵᠢᠬᠦᠯᠤᠨ᠎ᠠ ︔ ᠪᠥᠬᠦ ᠬᠤᠰᠢᠭᠤᠨ  ᠤ ᠲᠤᠭ᠎ᠠ ᠪᠠᠷᠢᠮᠲᠠ  ᠶᠢᠨ ᠡᠬᠢ ᠪᠠᠶᠠᠯᠢᠭ  ᠤᠨ ᠬᠠᠮᠢᠶᠠᠷᠤᠯᠲᠠ  ᠶᠢᠨ ᠰᠢᠰᠲ᠋ᠧᠮ ᠂ ᠰᠠᠭᠤᠷᠢ ᠣᠯᠠᠨ ᠨᠡᠶᠢᠲᠡ  ᠶᠢᠨ ᠲᠤᠭ᠎ᠠ ᠪᠠᠷᠢᠮᠲᠠ  ᠶᠢᠨ ᠲᠠᠪᠴᠠᠩ  ᠤᠨ ᠪᠠᠶᠢᠭᠤᠯᠤᠯᠲᠠ ᠬᠠᠮᠢᠶᠠᠷᠤᠯᠲᠠ ᠵᠢᠴᠢ ᠠᠵᠢᠯᠯᠠᠭᠠᠨ  ᠤ ᠠᠵᠢᠯ  ᠢ ᠡᠭᠦᠷᠭᠡᠯᠡᠨ᠎ᠡ ︔ ᠳ᠋ᠠᠶᠢᠲ᠋ᠠ  ᠶᠢᠨ ᠡᠬᠢ ᠪᠠᠶᠠᠯᠢᠭ  ᠢ ᠡᠮᠬᠢᠯᠡᠨ ᠨᠡᠶᠢᠯᠡᠭᠦᠯᠵᠦ ᠵᠠᠳᠠᠯᠬᠤ ᠂ ᠨᠡᠭᠡᠭᠡᠨ ᠠᠰᠢᠭᠯᠠᠬᠤ ᠪᠠ ᠬᠠᠮᠲᠤᠪᠠᠷ  ᠡᠳ᠋ᠯᠡᠵᠤ ᠨᠡᠭᠡᠭᠡᠯᠲᠡ ᠬᠢᠬᠦ ᠠᠵᠢᠯ  ᠢ ᠡᠭᠦᠷᠭᠡᠯᠡᠨ᠎ᠡ ︔ ᠵᠠᠰᠠᠭ  ᠤᠨ ᠶᠠᠪᠤᠳᠠᠯ  ᠤᠨ ᠲᠤᠭ᠎ᠠ ᠪᠠᠷᠢᠮᠲᠠ ᠬᠢᠭᠡᠳ ᠨᠡᠶᠢᠭᠡᠮ  ᠤᠨ ᠲᠤᠭ᠎ᠠ ᠪᠠᠷᠢᠮᠲᠠ  ᠶᠢ ᠠᠭᠤᠰᠤᠯᠴᠠᠭᠤᠯᠤᠨ ᠬᠡᠷᠡᠭᠯᠡᠬᠦ  ᠶᠢ ᠠᠬᠢᠭᠤᠯᠬᠤ ᠠᠵᠢᠯ  ᠢ ᠡᠭᠦᠷᠭᠡᠯᠡᠨ᠎ᠡ ᠃    ︵ᠲᠠᠪᠤ︶ ᠪᠥᠬᠦ ᠬᠤᠰᠢᠭᠤᠨ  ᠤ ᠨᠢᠭᠤᠴᠠ  ᠳᠤ ᠥᠯᠥ ᠬᠤᠯᠪᠣᠭᠳᠠᠬᠤ ᠵᠠᠰᠠᠭ  ᠤᠨ ᠶᠠᠪᠤᠳᠠᠯ  ᠤᠨ ᠰᠦᠯᠵᠢᠶ᠎ᠡ ᠂ ᠵᠠᠰᠠᠭ  ᠤᠨ ᠶᠠᠪᠤᠳᠠᠯ  ᠤᠨ ᠡᠭᠦᠯᠡᠨ ᠪᠤᠳᠤᠯᠲᠠ ᠵᠡᠷᠭᠡ ᠵᠠᠰᠠᠭ  ᠤᠨ ᠶᠠᠪᠤᠳᠠᠯ  ᠤᠨ ᠮᠡᠳᠡᠭᠡ ᠵᠠᠩᠭᠢ  ᠶᠢᠨ ᠰᠠᠭᠤᠷᠢ ᠲᠥᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ ᠂ ᠠᠵᠢᠯᠯᠠᠭᠠᠨ ᠂ ᠬᠠᠮᠢᠶᠠᠷᠤᠯᠲᠠ ᠂ ᠬᠠᠮᠠᠭᠠᠯᠠᠯᠲᠠ ᠂ ᠡᠮᠬᠢᠯᠡᠨ ᠨᠡᠶᠢᠯᠡᠭᠦᠯᠵᠦ ᠨᠡᠭᠦᠯᠭᠡᠬᠦ ᠠᠵᠢᠯ  ᠢ ᠨᠢᠭᠡᠳᠦᠯᠲᠡᠶ  ᠳᠦᠯᠦᠪᠵᠢᠬᠦᠯᠤᠨ᠎ᠠ ︔ ᠪᠥᠬᠦ ᠬᠤᠰᠢᠭᠤᠨ  ᠤ ᠡᠯ᠎ᠡ ᠵᠠᠰᠠᠭ ᠵᠠᠬᠢᠷᠭ᠎ᠠ ᠠᠵᠢᠯ ᠦᠶᠯᠡᠰ  ᠤᠨ ᠨᠢᠭᠡᠴᠢ  ᠶᠢᠨ ᠠᠯᠪᠠᠯᠠᠬᠤ ᠭᠠᠵᠠᠷ  ᠤᠨ ᠢᠨᠲ᠋ᠧᠷ ᠰᠦᠯᠵᠢᠶ᠎ᠡ ᠂ ᠡᠯᠧᠺᠲᠷᠣᠨ ᠵᠠᠰᠠᠭ  ᠤᠨ ᠶᠠᠪᠤᠳᠠᠯ  ᠤᠨ  ᠭᠠᠳᠠᠬᠰᠢᠯ ᠰᠦᠯᠵᠢᠶ᠎ᠡ ᠵᠢᠴᠢ ᠪᠤᠰᠤᠳ ᠲᠤᠰᠬᠠᠶ ᠱᠤᠭᠤᠮ  ᠤᠨ ᠨᠢᠭᠡᠳᠦᠯᠲᠡᠶ ᠲᠦᠷᠢᠶᠡᠰᠦᠯᠡᠬᠦ ᠂ ᠨᠢᠭᠡᠳᠦᠯᠲᠡᠶ ᠠᠵᠢᠯᠯᠠᠭᠤᠯᠵᠤ ᠪᠠᠲᠤᠯᠠᠬᠤ ᠂ ᠲᠥᠪᠯᠡᠷᠡᠭᠦᠯᠦᠨ  ᠦᠭᠬᠦ  ᠶᠢ ᠡᠭᠦᠷᠭᠡᠯᠡᠨ᠎ᠡ ᠃    ︵ᠵᠢᠷᠭᠤᠭ᠎ᠠ︶ ᠳᠤᠭᠠᠴᠠᠯᠠᠬᠰᠠᠨ ᠠᠵᠤ ᠠᠬᠤᠶ  ᠶᠢᠨ ᠬᠥᠭᠵᠢᠯᠲᠡ  ᠶᠢᠨ ᠦᠶᠯᠡᠴᠢᠯᠡᠭᠡᠨ  ᠤ ᠳᠤᠬᠳᠠᠯᠴᠠᠭ᠎ᠠ  ᠶᠢ ᠬᠠᠪᠰᠤᠷᠤᠨ ᠪᠠᠶᠢᠭᠤᠯᠵᠤ ᠂ ᠪᠥᠬᠦ ᠬᠤᠰᠢᠭᠤᠨ  ᠤ ᠳᠤᠭᠠᠴᠠᠯᠠᠬᠰᠠᠨ ᠠᠵᠤ ᠠᠬᠤᠶ  ᠶᠢᠨ ᠰᠠᠭᠤᠷᠢ ᠲᠥᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ  ᠶᠢᠨ ᠠᠵᠢᠯ  ᠢ ᠵᠣᠬᠢᠴᠠᠭᠤᠯᠤᠨ ᠂ ᠳᠤᠭᠠᠴᠠᠯᠠᠬᠰᠠᠨ ᠠᠵᠤ ᠠᠬᠤᠶ ᠬᠢᠭᠡᠳ ᠪᠣᠳᠠᠲᠤ ᠴᠣᠭᠴᠠ  ᠶᠢᠨ ᠠᠵᠤ ᠠᠬᠤᠶ  ᠶᠢᠨ ᠠᠭᠤᠰᠤᠯᠴᠠᠨ ᠬᠥᠭᠵᠢᠬᠦ  ᠶᠢ ᠠᠬᠢᠭᠤᠯᠤᠨ᠎ᠠ ᠃    ︵ᠳᠣᠯᠤᠭ᠎ᠠ︶ ᠲᠣᠮᠣ ᠳ᠋ᠠᠶᠢᠲ᠋ᠠ ᠂ ᠡᠭᠦᠯᠡᠨ ᠪᠤᠳᠤᠯᠲᠠ ᠂ ᠡᠳ᠋ ᠪᠠᠷᠠᠭᠠᠨ  ᠤ ᠮᠡᠳᠡᠭᠡ ᠵᠠᠩᠭᠢ  ᠶᠢᠨ ᠰᠦᠯᠵᠢᠶ᠎ᠡ ᠂ ᠵᠣᠬᠢᠶᠠᠮᠠᠯ ᠣᠶᠤᠨ ᠂  ᠳᠠᠷᠬᠠᠯᠳᠠ  ᠶᠢᠨ ᠴᠢᠨᠠᠷᠳᠠᠢ ᠡᠯᠧᠺᠲᠷᠤᠨ ᠪᠤᠳᠤᠯᠭ᠎ᠠ ᠶᠢᠨ ᠮᠠᠰᠢᠨ ᠢ ᠬᠤᠯᠪᠤᠬᠤ ᠵᠡᠷᠭᠡ ᠰᠢᠨ᠎ᠡ ᠨᠢᠭᠡ ᠦᠶ᠎ᠡ  ᠶᠢᠨ ᠮᠡᠳᠡᠭᠡ ᠵᠠᠩᠭᠢ  ᠶᠢᠨ ᠮᠡᠷᠭᠡᠵᠢᠯ  ᠤᠨ ᠬᠡᠷᠡᠭᠯᠡᠯᠲᠡ ᠳᠡᠯᠭᠡᠷᠡᠭᠦᠯᠦᠯᠲᠡ  ᠶᠢᠨ ᠠᠵᠢᠯ  ᠢ ᠡᠭᠦᠷᠭᠡᠯᠡᠨ᠎ᠡ ︔ ᠲᠣᠮᠣ ᠳ᠋ᠠᠶᠢᠲ᠋ᠠ  ᠶᠢᠨ ᠠᠵᠢᠯ ᠲᠥᠷᠥᠯ  ᠤᠨ ᠨᠡᠶᠢᠭᠡᠮᠯᠢᠭ ᠂ ᠨᠡᠶᠢᠭᠡᠮᠯᠢᠭ ᠂  ᠬᠠᠮᠳᠤᠷᠠᠬᠰᠠᠨ ᠪᠠᠶᠢᠭᠤᠯᠤᠮᠵᠢ  ᠲᠠᠢ ᠵᠣᠬᠢᠴᠠᠭᠤᠯᠤᠨ ᠬᠠᠷᠢᠯᠴᠠᠵᠤ ᠂ ᠲᠣᠮᠣ ᠳ᠋ᠠᠶᠢᠲ᠋ᠠ ᠂ ᠮᠡᠳᠡᠭᠡ ᠵᠠᠩᠭᠢᠵᠢᠯᠲᠠ  ᠶᠢᠨ ᠬᠦᠷᠢᠶᠡᠨ  ᠳᠠᠬᠢ ᠬᠠᠮᠲᠤᠷᠠᠯᠴᠠᠭ᠎ᠠ ᠰᠣᠯᠢᠯᠴᠠᠭ᠎ᠠ ᠬᠢᠬᠦ ᠂ ᠤᠬᠠᠭᠤᠯᠤᠨ ᠳᠡᠯᠭᠡᠷᠡᠭᠦᠯᠬᠦ ᠵᠢᠴᠢ ᠴᠢᠳᠠᠪᠤᠷᠢᠲᠠᠨ  ᠢ ᠬᠥᠮᠦᠵᠢᠭᠦᠯᠬᠦ ᠠᠵᠢᠯ  ᠢ ᠡᠭᠦᠷᠭᠡᠯᠡᠨ᠎ᠡ ᠃    ︵ᠨᠠᠶᠮᠠ︶ ᠬᠤᠰᠢᠭᠤᠨ ᠤ ᠨᠠᠮ  ᠤᠨ ᠬᠤᠷᠢᠶ᠎ᠠ ᠂ ᠬᠤᠰᠢᠭᠤᠨ ᠤ ᠠᠷᠠᠳ  ᠤᠨ ᠵᠠᠰᠠᠭ  ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ  ᠤᠨ ᠡᠭᠦᠷᠭᠡ  ᠶᠢ ᠡᠭᠦᠷᠭᠡᠯᠡᠨ᠎ᠡ ᠃ 
ᠢᠷᠡᠯᠲᠡ᠄ ᠲᠤᠰ ᠰᠦᠯᠵᠢᠶ᠎ᠡ