ᠬᠤᠰᠢᠭᠤᠨ ᠤ ᠠᠭᠤᠷᠬᠠᠢ ᠶᠢᠨ ᠦᠢᠯᠡᠰ ᠤᠨ ᠬᠦᠭᠵᠢᠯᠲᠡ ᠶᠢᠨ  ᠲᠦᠪ
ᠨᠡᠶᠢᠲᠡᠯᠡᠭᠰᠡᠨ ᠴᠠᠭ᠄
2021/12/29
     ᠵᠡᠭᠦᠨᠭᠠᠷ ᠬᠤᠰᠢᠭᠤᠨ ᠤ ᠠᠭᠤᠷᠬᠠᠢ ᠶᠢᠨ ᠦᠢᠯᠡᠰ ᠤᠨ ᠬᠦᠭᠵᠢᠯᠲᠡ ᠶᠢᠨ ᠲᠦᠪ ᠨᠢ ᠠᠭᠤᠷᠬᠠᠢ ᠶᠢᠨ ᠤᠷᠤᠨ ᠤ ᠰᠠᠭᠤᠭᠠᠯᠢ ᠠᠷᠠᠳ ᠤᠨ ᠨᠦᠬᠦᠪᠦᠷᠢ᠂ ᠤᠷᠴᠢᠨ ᠲᠤᠭᠤᠷᠢᠨ ᠢ ᠰᠡᠷᠭᠦᠭᠡᠨ ᠵᠠᠰᠠᠬᠤ ᠠᠵᠢᠯ ᠤᠨ ᠲᠤᠬᠠᠢ ᠨᠠᠮ ᠤᠨ ᠲᠦᠪ ᠬᠤᠷᠢᠶᠠᠨ ᠤ ᠴᠢᠭᠯᠡᠯᠲᠡ ᠲᠦᠷᠤ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠂ ᠭᠤᠣᠯ ᠡᠭᠦᠷᠭᠡ ᠬᠠᠷᠢᠭᠤᠴᠠᠯᠭ᠎ᠠ ᠨᠢ ᠪᠤᠯ᠄ ︵ᠨᠢᠭᠡ︶ ᠪᠦᠬᠦ ᠬᠤᠰᠢᠭᠤᠨ ᠤ ᠪᠢᠲᠡᠭᠦᠦ ᠨᠡᠭᠦᠷᠡᠰᠦᠨ ᠠᠭᠤᠷᠬᠠᠢ ᠶᠢᠨ ᠨᠡᠭᠦᠯᠭᠡᠨ ᠰᠢᠯᠵᠢᠭᠦᠯᠤᠭ᠍ᠰᠡᠨ ᠨᠦᠬᠦᠪᠦᠷᠢ ᠶᠢᠨ ᠠᠵᠢᠯ ᠢ ᠬᠠᠷᠢᠭᠤᠴᠠᠵᠤ᠂ ᠬᠤᠯᠪᠤᠭᠳᠠᠯ ᠪᠦᠬᠦᠢ ᠭᠡᠷ ᠪᠠᠶᠢᠰᠢᠩ ᠵᠢᠴᠢ ᠳᠠᠭᠠᠯᠲᠠ ᠲᠦᠬᠦᠭᠡᠷᠤᠮᠵᠢ᠂ ᠭᠠᠵᠠᠷ ᠳᠡᠭᠡᠷᠡᠬᠢ ᠳᠠᠭᠠᠯᠲᠠ ᠪᠤᠳᠠᠰ ᠢ ᠲᠣᠭᠠᠯᠠᠨ ᠪᠦᠷᠢᠳᠭᠡᠬᠦ᠂ ᠳᠠᠩᠰᠠᠯᠠᠬᠤ ᠵᠡᠷᠭᠡ ᠬᠤᠯᠪᠤᠭᠳᠠᠯ ᠪᠦᠬᠦᠢ ᠲᠤᠰᠠᠯᠠᠬᠤ ᠴᠢᠨᠠᠷᠲᠠᠢ᠂ ᠮᠡᠷᠭᠡᠵᠢᠯ ᠤᠨ ᠴᠢᠨᠠᠷᠲᠠᠢ ᠠᠵᠢᠯ ᠢ ᠦᠷᠨᠢᠭᠦᠯᠤᠨ᠎ᠡ︔ ᠭᠠᠵᠠᠷ ᠰᠢᠷᠣᠢ ᠶᠢᠨ ᠠᠰᠢᠭ ᠣᠷᠤᠯᠭ᠎ᠠ ᠶᠢᠨ ᠨᠦᠬᠦᠪᠦᠷᠢ ᠶᠢᠨ ᠬᠠᠮᠢᠶ᠎ᠠ ᠪᠦᠬᠦᠢ ᠲᠤᠰᠠᠯᠠᠬᠤ ᠴᠢᠨᠠᠷᠲᠠᠢ᠂ ᠮᠡᠷᠭᠡᠵᠢᠯ ᠤᠨ ᠴᠢᠨᠠᠷᠲᠠᠢ ᠠᠵᠢᠯ ᠢ ᠦᠷᠨᠢᠭᠦᠯᠤᠨ᠎ᠡ︔ ᠨᠡᠭᠦᠯᠭᠡᠨ ᠰᠢᠯᠵᠢᠭᠦᠯᠤᠭ᠍ᠰᠡᠨ ᠨᠦᠬᠦᠪᠦᠷᠢ ᠮᠦᠩᠬᠦ ᠶᠢ ᠲᠦᠰᠦᠭᠡᠯᠡᠨ ᠪᠤᠳᠤᠬᠤ ᠪᠠ ᠣᠯᠭᠤᠬᠤ ᠠᠵᠢᠯ ᠢ ᠡᠭᠦᠷᠭᠡᠯᠡᠨ᠎ᠡ︔ ᠨᠡᠭᠦᠯᠭᠡᠨ ᠰᠢᠯᠵᠢᠭᠦᠯᠤᠭ᠍ᠰᠡᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠢ ᠣᠷᠤᠯᠠᠨ ᠰᠠᠭᠤᠯᠭᠠᠬᠤ ᠪᠠ ᠣᠷᠤᠯᠠᠨ ᠲᠤᠰᠢᠶᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ︵ᠬᠤᠶᠠᠷ︶ ᠪᠦᠬᠦ ᠬᠤᠰᠢᠭᠤᠨ ᠤ ᠠᠭᠤᠷᠬᠠᠢ ᠶᠢᠨ ᠤᠷᠤᠨ ᠤ ᠨᠡᠭᠦᠯᠭᠡᠨ ᠰᠢᠯᠵᠢᠭᠦᠯᠤᠭ᠍ᠰᠡᠨ ᠰᠠᠭᠤᠭᠠᠯᠢ ᠠᠷᠠᠳ ᠤᠨ ᠤᠷᠤᠨ ᠰᠠᠭᠤᠴᠠ ᠶᠢ ᠲᠦᠪᠬᠢᠨᠡᠭᠦᠯᠬᠦ ᠠᠵᠢᠯ ᠢ ᠬᠠᠷᠢᠭᠤᠴᠠᠵᠤ᠂ ᠲᠦᠪᠬᠢᠨᠡᠭᠦᠯᠬᠦ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠤᠷᠢᠶᠠᠨ ᠨᠦᠬᠡᠴᠡᠯᠡᠬᠦ᠂ ᠠᠵᠢᠯ ᠲᠤᠰᠢᠶᠠᠵᠤ ᠰᠢᠯᠭᠠᠨ  ᠬᠤᠷᠢᠶᠠᠬᠤ᠂ ᠬᠤᠪᠢᠶᠠᠷᠢᠯᠠᠬᠤ ᠵᠡᠷᠭᠡ ᠲᠠᠯ᠎ᠠ ᠶᠢᠨ ᠲᠤᠰᠠᠯᠠᠬᠤ ᠴᠢᠨᠠᠷᠲᠠᠢ᠂ ᠮᠡᠷᠭᠡᠵᠢᠯ ᠤᠨ ᠴᠢᠨᠠᠷᠲᠠᠢ ᠠᠵᠢᠯ  ᠢ ᠡᠭᠦᠷᠭᠡᠯᠡᠨ᠎ᠡ︔ ᠠᠭᠤᠷᠬᠠᠢ ᠶᠢᠨ ᠤᠷᠤᠨ ᠤ ᠰᠠᠭᠤᠭᠠᠯᠢ ᠠᠷᠠᠳ ᠤᠨ ᠪᠤᠰᠤᠳ ᠨᠦᠬᠦᠪᠦᠷᠢ ᠶᠢ ᠲᠠᠷᠬᠠᠭᠠᠬᠤ ᠵᠡᠷᠭᠡ ᠭᠠᠷᠳᠠᠨ ᠭᠦᠢᠴᠡᠳᠭᠡᠬᠦ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠠᠭᠤᠷᠬᠠᠢ ᠶᠢᠨ ᠤᠷᠤᠨ ᠤ ᠨᠡᠭᠦᠯᠭᠡᠨ ᠰᠢᠯᠵᠢᠭᠦᠯᠤᠭ᠍ᠰᠡᠨ ᠰᠠᠭᠤᠭᠠᠯᠢ ᠠᠷᠠᠳ ᠤᠨ ᠠᠵᠢᠯ ᠣᠯᠭᠤᠯᠲᠠ᠂ ᠤᠷ᠎ᠠ ᠴᠢᠳᠠᠪᠤᠷᠢ ᠶᠢᠨ ᠪᠤᠯᠪᠠᠰᠤᠷᠠᠯ ᠵᠡᠷᠭᠡ ᠠᠵᠢᠯ ᠢ ᠦᠷᠨᠢᠭᠦᠯᠤᠨ᠎ᠡ︔ ᠪᠦᠬᠦ ᠬᠤᠰᠢᠭᠤᠨ ᠤ ᠠᠭᠤᠷᠬᠠᠢ ᠶᠢᠨ ᠤᠷᠤᠨ ᠤ ᠰᠠᠭᠤᠭᠠᠯᠢ ᠠᠷᠠᠳ ᠤᠨ ᠨᠡᠭᠦᠯᠭᠡᠨ ᠰᠢᠯᠵᠢᠭᠦᠯᠤᠭ᠍ᠰᠡᠨ ᠨᠦᠬᠦᠪᠦᠷᠢ ᠮᠦᠡᠭᠬᠦ ᠶᠢᠨ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠵᠢᠯᠤᠭᠤᠳᠤᠯᠭ᠎ᠠ ᠶᠢᠨ ᠠᠵᠢᠯ  ᠢ ᠰᠠᠶᠢᠳᠤᠷ ᠬᠢᠨ᠎ᠡ᠃ ︵ᠭᠤᠷᠪᠠ︶ ᠠᠭᠤᠷᠬᠠᠢ ᠶᠢᠨ ᠤᠷᠤᠨ ᠤ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠵᠡᠷᠭᠡ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠨ᠎ᠡ᠃ ︵ᠳᠦᠷᠪᠡ︶ ᠪᠣᠬᠢᠷᠲᠤᠯ ᠦᠭᠡᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠵᠢᠴᠢ ᠠᠭᠤᠷᠬᠠᠢ ᠶᠢᠨ ᠤᠷᠤᠨ ᠤ ᠭᠸᠤᠯᠤᠭᠢ ᠶᠢᠨ ᠤᠷᠴᠢᠨ ᠲᠤᠭᠤᠷᠢᠨ ᠢ ᠵᠠᠰᠠᠬᠤ ᠰᠠᠭᠤᠷᠢ ᠮᠦᠩᠭᠦ ᠶᠢ ᠬᠡᠷᠡᠭᠯᠡᠬᠦ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃ ︵ᠲᠠᠪᠤ︶ ᠠᠭᠤᠷᠬᠠᠢ ᠶᠢᠨ ᠤᠷᠤᠨ ᠤ ᠭᠸᠤᠯᠤᠭᠢ ᠶᠢᠨ ᠭᠠᠮᠰᠢᠭ ᠢ ᠪᠠᠶᠢᠴᠠᠭᠠᠨ ᠦᠨᠡᠯᠡᠬᠦ᠂ ᠨᠢᠭᠤᠭᠳᠠᠮᠠᠯ ᠭᠡᠮ ᠢ ᠨᠡᠶᠢᠳᠡᠮ ᠪᠠᠶᠢᠴᠠᠭᠠᠬᠤ᠂ ᠨᠠᠷᠢᠯᠢᠭ ᠪᠠᠶᠢᠴᠠᠭᠠᠬᠤ᠂ ᠳᠠᠷᠠᠭᠠᠯᠠᠨ ᠪᠠᠶᠢᠴᠠᠭᠠᠬᠤ ᠶᠢ ᠡᠭᠦᠷᠭᠡᠯᠡᠵᠤ᠂ ᠠᠭᠤᠷᠬᠠᠢ ᠶᠢᠨ ᠤᠷᠤᠨ ᠤ ᠭᠠᠮᠰᠢᠭ ᠢ ᠴᠡᠭᠴᠡᠯᠡᠨ ᠵᠠᠰᠠᠬᠤ ᠠᠵᠢᠯ ᠢ ᠵᠢᠯᠤᠭᠤᠳᠤᠨ ᠦᠷᠨᠢᠭᠦᠯᠤᠨ᠎ᠡ᠃ ︵ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠡᠨᠧᠷᠭᠢ ᠶᠢᠨ ᠰᠤᠷᠪᠤᠯᠵᠢ ᠶᠢᠨ ᠲᠤᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠤᠨ᠎ᠡ᠃
ᠢᠷᠡᠯᠲᠡ᠄ ᠲᠤᠰ ᠰᠦᠯᠵᠢᠶ᠎ᠡ