ᠬᠤᠰᠢᠭᠤᠨ ᠤ ᠬᠠᠮ ᠵᠠᠭᠤᠴᠢᠯᠠᠭᠤᠷ ᠤᠨ ᠲᠦᠪ
ᠨᠡᠶᠢᠲᠡᠯᠡᠭᠰᠡᠨ ᠴᠠᠭ᠄
2021/12/29
     ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠨᠢ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠪᠠ ᠵᠠᠭᠤᠴᠢᠯᠠᠭᠤᠷ ᠤᠨ ᠠᠭᠤᠰᠤᠯᠴᠠᠭᠰᠠᠨ ᠬᠦᠭᠵᠢᠯᠲᠡ ᠶᠢᠨ ᠲᠤᠬᠠᠢ ᠨᠠᠮ ᠤᠨ ᠲᠦᠪ ᠬᠤᠷᠢᠶᠠᠨ ᠤ ᠴᠢᠭᠯᠡᠯᠲᠡ ᠲᠦᠷᠤ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠤᠷᠳᠣᠰ ᠬᠤᠲᠠ ᠶᠢᠨ ᠨᠠᠮ ᠤᠨ ᠬᠤᠷᠢᠶ᠎ᠠ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠂ ᠭᠤᠣᠯ ᠡᠭᠦᠷᠭᠡ ᠬᠠᠷᠢᠭᠤᠴᠠᠯᠭ᠎ᠠ ᠨᠢ ᠪᠤᠯ᠄  ︵ᠨᠢᠭᠡ ︶ ᠨᠠᠮ ᠪᠠ ᠲᠦᠷᠤ ᠶᠢᠨ ᠰᠤᠨᠢᠨ ᠮᠡᠳᠡᠭᠡᠨ ᠤ ᠤᠬᠠᠭᠤᠯᠭ᠎ᠠ᠂ ᠷᠠᠳᠢᠣ᠋ ᠲᠧᠯᠸᠢᠰ ᠤᠨ ᠬᠠᠮᠢᠶᠠᠷᠤᠯᠲᠠ ᠵᠡᠷᠭᠡ ᠲᠠᠯ᠎ᠠ ᠶᠢᠨ ᠴᠢᠭᠯᠡᠯᠲᠡ ᠲᠦᠷᠤ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠪᠠ ᠵᠠᠰᠠᠭ ᠤᠨ ᠤᠷᠳᠤᠨ ᠤ ᠳᠠᠭᠤᠨ ᠬᠤᠭᠤᠯᠠᠢ ᠶᠢᠨ ᠦᠢᠯᠡᠳᠦᠯ ᠂ ᠤᠯᠠᠨ ᠲᠦᠮᠡᠨ ᠲᠠᠢ ᠬᠠᠷᠢᠯᠴᠠᠬᠤ ᠬᠦᠭᠦᠷᠭᠡ ᠪᠠ ᠬᠤᠯᠪᠤᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠲᠤᠰ ᠭᠠᠵᠠᠷ ᠤᠷᠤᠨ ᠤ  ᠦᠬᠡᠷᠡᠴᠢᠯᠡᠯᠳᠡ ᠨᠡᠬᠡᠭᠡᠯᠲᠡ ᠪᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ︔ ᠪᠦᠬᠦ ᠬᠤᠰᠢᠭᠤᠨ ᠤ ᠬᠠᠮ ᠵᠠᠭᠤᠴᠢᠯᠠᠭᠤᠷ ᠤᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠬᠤ ᠳᠤ ᠤᠷᠤᠯᠴᠠᠨ᠎ᠠ᠃ ︵ᠬᠤᠶᠠᠷ︶ ᠨᠠᠮ ᠤᠨ ᠱᠤᠭᠤᠮ᠂ ᠴᠢᠭᠯᠡᠯᠲᠡ᠂ ᠲᠦᠷᠤ ᠶᠢᠨ ᠪᠤᠳᠤᠯᠭ᠎ᠠ ᠶᠢ ᠤᠬᠠᠭᠤᠯᠵᠤ᠂ ᠵᠦᠪ ᠤᠨᠤᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠬᠦ ᠶᠢ ᠬᠠᠷᠢᠭᠤᠴᠠᠨ᠎ᠠ︔ ᠪᠦᠬᠦ ᠬᠤᠰᠢᠭᠤᠨ ᠤ ᠷᠠᠳᠢᠣ᠋ ᠲᠧᠯᠸᠢᠰ ᠵᠢᠴᠢ ᠴᠠᠭᠠᠰᠤᠨ ᠵᠠᠭᠤᠴᠢᠯᠠᠭᠤᠷ᠂ ᠰᠦᠯᠵᠢᠶᠡᠨ ᠤ ᠵᠠᠭᠤᠴᠢᠯᠠᠭᠤᠷ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ︔ ᠰᠤᠨᠢᠨ ᠮᠡᠳᠡᠭᠡᠨ ᠤ ᠰᠤᠷᠪᠤᠯᠵᠢᠯᠠᠭ᠎ᠠ ᠨᠠᠶᠢᠷᠠᠭᠤᠯᠭ᠎ᠠ ᠮᠡᠳᠡᠭᠡᠯᠡᠯ ᠤᠨ ᠳᠤᠮᠳᠠᠬᠢ  ᠴᠢᠬᠤᠯᠠ  ᠲᠤᠮᠤ ᠠᠰᠠᠭᠤᠳᠠᠯ ᠢ ᠰᠤᠳᠤᠯᠵᠤ᠂ ᠪᠦᠬᠦ ᠲᠠᠯ᠎ᠠ ᠶᠢᠨ ᠴᠢᠨᠠᠷᠲᠠᠢ  ᠴᠢᠬᠤᠯᠠ ᠲᠤᠮᠤ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ ︵ᠭᠤᠷᠪᠠ︶   ᠬᠤᠰᠢᠭᠤ ᠱᠠᠲᠤᠨ ᠤ ᠷᠠᠳᠢᠣ᠋ ᠲᠧᠯᠸᠢᠰ ᠤᠨ ᠰᠢᠰᠲ᠋ᠧᠮ ᠤᠨ ᠲᠤᠰᠬᠠᠢ ᠲᠦᠷᠤᠯ ᠤᠨ ᠪᠡᠯᠡ ᠮᠦᠩᠬᠦ᠂ ᠣᠯᠣᠰ ᠤᠨ ᠡᠳ᠋ ᠬᠦᠷᠣᠩᠭᠡ ᠪᠠ ᠡᠯ᠎ᠡ ᠲᠦᠷᠤᠯ ᠤᠨ ᠣᠨ ᠤ ᠠᠵᠢᠯ ᠦᠢᠯᠡᠰ ᠤᠨ ᠵᠠᠷᠤᠳᠠᠯ ᠤᠨ ᠡᠳᠤᠷ ᠳᠤᠲᠤᠮ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ︵ᠳᠦᠷᠪᠡ︶ ᠷᠠᠳᠢᠣ᠋ ᠲᠧᠯᠸᠢᠰ ᠤᠨ ᠳᠡᠭᠡᠳᠦ ᠰᠢᠨ᠎ᠡ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠨᠡᠬᠡᠭᠡᠨ ᠠᠰᠢᠬᠯᠠᠬᠤ᠂ ᠦᠨᠡᠯᠡᠨ ᠲᠤᠭᠲᠠᠭᠠᠬᠤ  ᠶᠢ ᠮᠡᠳᠡᠭᠦᠯᠬᠦ ᠪᠠ  ᠲᠦᠬᠡᠮᠡᠯᠵᠢᠬᠦᠯᠵᠦ ᠬᠠᠮᠢᠶᠠᠷᠬᠤ ᠶᠢ ᠬᠠᠷᠢᠭᠤᠴᠠᠨ᠎ᠠ᠃ ︵ᠲᠠᠪᠤ ︶ ᠴᠠᠭᠠᠰᠤᠨ ᠵᠠᠭᠤᠴᠢᠯᠠᠭᠤᠷ ᠤᠨ ᠨᠢᠭᠤᠷ ᠤᠨ ᠠᠭᠤᠯᠭ᠎ᠠ ᠪᠠ ᠤᠬᠠᠭᠠᠯᠠᠭ᠎ᠠ᠂ ᠰᠤᠷᠪᠤᠯᠵᠢᠯᠠᠭ᠎ᠠ ᠨᠠᠶᠢᠷᠠᠭᠤᠯᠭ᠎ᠠ᠂ ᠬᠡᠪᠯᠡᠨ ᠲᠠᠷᠤᠮᠠᠯᠯᠠᠬᠤ ᠪᠠ ᠲᠠᠷᠬᠠᠭᠠᠬᠤ ᠶᠢ ᠬᠠᠷᠢᠭᠤᠴᠠᠨ᠎ᠠ︔ ᠷᠠᠳᠢᠣ᠋ ᠲᠧᠯᠸᠢᠰ ᠤᠨ ᠡᠯ᠎ᠡ ᠲᠦᠷᠤᠯ ᠤᠨ ᠫᠷᠤᠭ᠍ᠷᠠᠮ ᠪᠠ ᠴᠠᠭᠠᠰᠤᠨ ᠵᠠᠭᠤᠴᠢᠯᠠᠭᠤᠷ᠂ ᠰᠣᠨᠢᠨ ᠮᠡᠳᠡᠭᠡᠨ ᠤ ᠰᠦᠯᠵᠢᠶᠡᠨ ᠴᠡᠭ ᠤᠨ ᠪᠦᠲᠦᠭᠡᠭᠳᠡᠬᠦᠨ ᠤ ᠰᠢᠨ᠎ᠡ ᠶᠢ ᠡᠭᠦᠳᠤᠨ ᠰᠢᠯᠢᠳᠡᠭ ᠢ ᠪᠦᠲᠦᠭᠡᠬᠦ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ᠂ ᠰᠤᠮᠤ ᠰᠢᠶᠠᠩ ᠪᠠᠯᠭᠠᠰᠤ ᠪᠠ ᠬᠦᠷᠢᠶᠡᠯᠡᠭ ᠲᠣᠭᠤᠷᠢᠭ ᠤᠨ ᠰᠤᠨᠢᠨ ᠮᠡᠳᠡᠭᠡᠨ ᠤ ᠤᠬᠠᠭᠤᠯᠭ᠎ᠠ ᠵᠡᠷᠭᠡ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠢ ᠵᠢᠯᠤᠭᠤᠳᠤᠨ ᠵᠣᠬᠢᠴᠠᠭᠤᠯᠤᠨ᠎ᠠ᠃ ︵ᠳᠤᠯᠤᠭ᠎ᠠ︶ ᠤᠯᠤᠰ ᠤᠨ ᠷᠠᠳᠢᠣ᠋ ᠲᠧᠯᠸᠢᠰ ᠤᠨ ᠮᠡᠷᠭᠡᠵᠢᠯ ᠤᠨ ᠲᠦᠷᠤ ᠶᠢᠨ ᠪᠤᠳᠤᠯᠭ᠎ᠠ ᠶᠢᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠷᠠᠳᠢᠣ᠋ ᠳᠠᠮᠵᠢᠭᠤᠯᠭ᠎ᠠ ᠶᠢᠨ ᠲᠣᠣᠷ ᠰᠦᠯᠵᠢᠶ᠎ᠡ ᠵᠡᠷᠭᠡ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠨᠠᠢᠮᠠ︶ ᠷᠠᠳᠢᠣ᠋ ᠲᠧᠯᠸᠢᠰ ᠤᠨ ᠴᠢᠬᠤᠯᠠ ᠮᠡᠷᠭᠡᠵᠢᠯ ᠲᠦᠭᠦᠭᠡᠷᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠶᠢ ᠴᠢᠩᠭᠠᠳᠬᠠᠨ᠎ᠠ᠃ ᠷᠠᠳᠢᠣ᠋ ᠲᠧᠯᠸᠢᠰ ᠵᠡᠷᠭᠡ ᠶᠢᠨ ᠳᠠᠪᠲᠠᠮᠵᠢ ᠰᠤᠪᠠᠭ ᠤᠨ ᠡᠬᠢ ᠪᠠᠶᠠᠯᠢᠭ ᠢ ᠮᠡᠳᠡᠭᠦᠯᠦᠨ ᠵᠦᠪᠰᠢᠶᠡᠷᠡᠭᠦᠯᠬᠦ᠂ ᠬᠡᠷᠡᠭᠯᠡᠬᠦ ᠪᠠ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠨ᠎ᠡ᠃ ᠰᠡᠭᠦᠳᠡᠷᠯᠡᠨ ᠰᠢᠩᠭᠡᠭᠡᠬᠦ᠂  ᠵᠤᠬᠢᠶᠠᠨ ᠦᠢᠯᠡᠳᠬᠦ᠂ ᠨᠡᠪᠲᠡᠷᠡᠭᠦᠯᠤᠨ ᠳᠠᠮᠵᠢᠭᠤᠯᠬᠤ᠂ ᠰᠠᠴᠤᠬᠤ ᠵᠡᠷᠭᠡ ᠴᠢᠬᠤᠯᠠ ᠮᠡᠷᠭᠡᠵᠢᠯ ᠲᠦᠬᠦᠭᠡᠷᠤᠮᠵᠢ ᠶᠢ ᠰᠠᠶᠢᠳᠤᠷ ᠬᠠᠮᠢᠶᠠᠷᠤᠨ᠎ᠠ᠃ ︵ᠶᠢᠰᠦ ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠡᠭᠦᠷᠭᠡᠯᠡᠨ᠎ᠡ᠃
ᠢᠷᠡᠯᠲᠡ᠄ ᠲᠤᠰ ᠰᠦᠯᠵᠢᠶ᠎ᠡ