ᠬᠤᠰᠢᠭᠤᠨ ᠤ ᠴᠡᠴᠡᠷᠯᠢᠭᠵᠢᠭᠦᠯᠤᠯᠲᠡ ᠨᠤᠭᠤᠭᠠᠷᠠᠭᠤᠯᠤᠯᠲᠠ ᠶᠢᠨ ᠦᠢᠯᠡᠰ ᠤᠨ ᠲᠦᠪ
ᠨᠡᠶᠢᠲᠡᠯᠡᠭᠰᠡᠨ ᠴᠠᠭ᠄
2021/12/29
      ᠵᠡᠭᠦᠨᠭᠠᠷ ᠬᠤᠰᠢᠭᠤᠨ ᠤ ᠴᠡᠴᠡᠷᠯᠢᠭᠵᠢᠭᠦᠯᠤᠯᠲᠡ ᠨᠤᠭᠤᠭᠠᠷᠠᠭᠤᠯᠤᠯᠲᠠ ᠶᠢᠨ ᠦᠢᠯᠡᠰ ᠤᠨ ᠲᠦᠪ ᠨᠢ ᠨᠠᠮ ᠤᠨ ᠲᠦᠪ ᠬᠤᠷᠢᠶᠠᠨ ᠤ ᠴᠡᠴᠡᠷᠯᠢᠭᠵᠢᠭᠦᠯᠤᠯᠲᠡ ᠨᠤᠭᠤᠭᠠᠷᠠᠭᠤᠯᠤᠯᠲᠠ ᠶᠢᠨ ᠦᠢᠯᠡᠰ ᠤᠨ ᠴᠢᠭᠯᠡᠯᠲᠡ ᠲᠦᠷᠤ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠂ ᠭᠤᠣᠯ ᠡᠭᠦᠷᠭᠡ ᠬᠠᠷᠢᠭᠤᠴᠠᠯᠭ᠎ᠠ ᠨᠢ ᠪᠤᠯ᠄ ︵ᠨᠢᠭᠡ ︶ ᠣᠯᠣᠰ ᠤᠨ ᠴᠡᠴᠡᠷᠯᠢᠭᠵᠢᠭᠦᠯᠤᠯᠲᠡ ᠨᠤᠭᠤᠭᠠᠷᠠᠭᠤᠯᠤᠯᠲᠠ ᠵᠢᠴᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠠᠯ᠎ᠠ ᠶᠢᠨ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠤᠯᠪᠤᠬᠳᠠᠯ ᠪᠦᠬᠦᠢ ᠲᠦᠯᠦᠪᠵᠢᠬᠦᠯᠬᠡ  ᠲᠦᠯᠦᠪᠯᠡᠭᠡ ᠶᠢ ᠨᠠᠶᠢᠷᠠᠭᠤᠯᠤᠨ ᠲᠤᠬᠳᠠᠭᠠᠬᠤ ᠳᠤ ᠤᠷᠤᠯᠴᠠᠵᠦ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ ᠶᠢᠨ ᠲᠤᠰᠬᠠᠢ ᠮᠡᠷᠬᠡᠵᠢᠯ ᠤᠨ ᠲᠦᠯᠦᠪᠵᠢᠬᠦᠯᠬᠡ ᠶᠢ ᠨᠠᠶᠢᠷᠠᠭᠤᠯᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠠ᠃  ︵ᠬᠤᠶᠠᠷ︶  ᠬᠤᠰᠢᠭᠤᠨ ᠤ ᠤᠷᠤᠨ ᠪᠦᠰᠡ ᠶᠢᠨ ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ ᠶᠢᠨ ᠠᠮᠢ ᠠᠬᠤᠢ ᠶᠢ ᠬᠠᠮᠠᠭᠠᠯᠠᠨ ᠰᠡᠷᠬᠦᠬᠡᠬᠦ᠂ ᠬᠤᠳᠠ ᠪᠠᠯᠭᠠᠰᠤ ᠶᠢᠨ ᠨᠤᠭᠤᠭᠠᠷᠠᠭᠤᠯᠤᠯᠳᠠ ᠭᠤᠶᠤᠵᠢᠭᠤᠯᠤᠯᠳᠠ ᠪᠠ ᠮᠤᠳᠤ ᠲᠠᠷᠢᠵᠦ ᠤᠶᠢᠵᠢᠭᠤᠯᠬᠤ ᠠᠵᠢᠯ ᠢ ᠨᠢᠬᠡᠳᠦᠯᠳᠡᠢ ᠲᠦᠯᠦᠪᠵᠢᠬᠦᠯᠦᠨ ᠵᠤᠬᠢᠴᠠᠭᠤᠯᠤᠨ᠎ᠠ︔  ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ ᠶᠢᠨ ᠴᠢᠬᠤᠯᠠ ᠠᠮᠢ ᠠᠬᠤᠢ ᠶᠢ ᠬᠠᠮᠠᠭᠠᠯᠠᠨ ᠰᠡᠷᠬᠦᠬᠡᠬᠦ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂  ᠲᠦᠷᠦᠯ ᠵᠦᠢᠯ ᠤᠨ ᠵᠢᠷᠤᠭ ᠲᠦᠯᠦᠪᠯᠡᠭᠡ᠂ ᠪᠦᠳᠦᠬᠡᠨ ᠪᠠᠶᠢᠭᠤᠯᠤᠯᠳᠠ᠂ ᠪᠠᠷᠢᠯᠭ᠎ᠠ ᠶᠢᠨ ᠠᠵᠢᠯ ᠬᠢᠬᠦ᠂ ᠠᠵᠢᠯ ᠲᠠᠭᠤᠰᠬᠠᠬᠰᠠᠨ ᠢ ᠰᠢᠯᠭᠠᠨ  ᠬᠤᠷᠢᠶᠠᠬᠤ ᠬᠤᠯᠪᠤᠬᠳᠠᠯ ᠪᠦᠬᠦᠢ ᠮᠡᠷᠬᠡᠵᠢᠯ ᠤᠨ ᠴᠢᠨᠠᠷᠳᠡᠢ ᠠᠵᠢᠯ ᠪᠠ ᠡᠳᠦᠷ ᠲᠤᠳᠤᠮ ᠤᠨ ᠬᠠᠮᠢᠶᠠᠷᠤᠨ  ᠬᠠᠮᠠᠭᠠᠯᠠᠬᠠᠤ  ᠠᠵᠢᠯ ᠢ  ᠡᠬᠦᠷᠬᠡᠯᠡᠨ᠎ᠠ︔  ᠰᠢᠤᠸᠡᠢ ᠵᠢᠶᠠ ᠸᠡᠨ ᠪᠠ ᠳ᠋ᠠ ᠯᠤ᠋ ᠶᠢᠨ ᠬᠤᠳᠠ ᠶᠢᠨ ᠶᠠᠪᠤᠳᠠᠯ ᠤᠨ  ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ ᠶᠢ ᠬᠠᠷᠢᠭᠤᠴᠠᠨ᠎ᠠ᠃  ︵ᠭᠤᠷᠪᠠ︶  ᠬᠤᠰᠢᠭᠤᠨ ᠤ ᠤᠷᠤᠨ ᠪᠦᠰᠡ ᠶᠢᠨ ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠬᠦᠭᠵᠢᠯᠳᠠ ᠶᠢᠨ ᠲᠦᠯᠦᠪᠵᠢᠬᠦᠯᠬᠡ ᠪᠠ ᠤᠨ ᠤ ᠲᠦᠯᠦᠪᠯᠡᠭᠡ ᠶᠢ ᠨᠠᠶᠢᠷᠠᠭᠤᠯᠤᠨ ᠲᠤᠭᠳᠠᠭᠠᠵᠦ᠂ ᠬᠤᠯᠪᠤᠬᠳᠠᠯ ᠪᠦᠬᠦᠢ ᠰᠢᠨᠵᠢᠯᠡᠬᠦ ᠤᠬᠠᠭᠠᠨ ᠮᠡᠷᠬᠡᠵᠢᠯ ᠤᠨ ᠲᠦᠷᠦᠯ ᠵᠦᠢᠯ ᠤᠨ ᠰᠤᠳᠤᠯᠭ᠎ᠠ᠂ ᠨᠡᠬᠡᠬᠡᠯᠳᠡ ᠪᠠ ᠲᠦᠬᠡᠮᠡᠯᠵᠢᠬᠦᠯᠬᠦ ᠶᠢ ᠵᠢᠯᠤᠭᠤᠳᠤᠨ᠎ᠠ︔ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢᠨ ᠴᠢᠮᠡᠭᠡ ᠵᠠᠩᠬᠢᠵᠢᠬᠰᠠᠨ ᠬᠠᠮᠢᠶᠠᠷᠤᠯᠳᠠ ᠶᠢ ᠬᠠᠷᠢᠭᠤᠴᠠᠨ᠎ᠠ︔ ᠲᠤᠰ ᠰᠢᠰᠲ᠋ᠧᠮ ᠤᠨ ᠰᠢᠨᠵᠢᠯᠡᠬᠦ ᠤᠬᠠᠭᠠᠨ ᠮᠡᠷᠬᠡᠵᠢᠯ  ᠢ ᠲᠦᠬᠡᠮᠡᠯᠵᠢᠬᠦᠯᠬᠦ ᠬᠦᠮᠥᠵᠢᠯ ᠪᠤᠯᠪᠠᠰᠤᠷᠠᠯ ᠢ ᠦᠷᠨᠢᠬᠦᠯᠦᠨ᠎ᠠ᠃ ︵ᠲᠦᠷᠪᠡ︶ ᠬᠠᠷᠢᠶ᠎ᠠ ᠲᠤᠭᠤᠷᠢᠭ ᠤᠨ ᠴᠡᠴᠡᠷᠯᠢᠭ᠂ ᠠᠭᠤᠳᠠᠮ ᠲᠠᠯᠠᠪᠡᠢ ᠶᠢ ᠬᠠᠮᠢᠶᠠᠷᠤᠨ ᠬᠠᠮᠠᠭᠠᠯᠠᠬᠤ ᠠᠵᠢᠯ ᠢ ᠬᠠᠷᠢᠭᠤᠴᠠᠨ᠎ᠠ︔ ᠴᠡᠴᠡᠷᠯᠢᠭ᠂ ᠠᠭᠤᠳᠠᠮ ᠲᠠᠯᠠᠪᠡᠢ ᠶᠢᠨ ᠬᠦᠭᠵᠢᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠬᠤ ᠳᠤ ᠤᠷᠤᠯᠴᠠᠵᠦ᠂ ᠴᠡᠴᠡᠷᠯᠢᠭ ᠪᠠ ᠠᠭᠤᠳᠠᠮ ᠲᠠᠯᠠᠪᠡᠢ ᠶᠢᠨ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠵᠢᠯᠤᠭᠤᠳᠤᠨ᠎ᠠ᠃ ᠴᠡᠴᠡᠷᠯᠢᠭ᠂ ᠵᠦᠯᠬᠡ ᠭᠠᠵᠠᠷ ᠤᠨ ᠡᠬᠢ ᠪᠠᠶᠠᠯᠢᠭ ᠤᠨ  ᠪᠠᠶᠢᠴᠠᠭᠠᠯᠳᠠ ᠪᠠ ᠦᠨᠡᠯᠡᠬᠦ ᠠᠵᠢᠯ ᠢ  ᠬᠠᠷᠢᠭᠤᠴᠠᠨ᠎ᠠ᠃  ︵  ᠲᠠᠪᠤ︶  ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ ᠶᠢᠨ ᠬᠠᠮᠢᠶ᠎ᠠ ᠪᠦᠬᠦᠢ ᠬᠠᠤᠯᠢ ᠠᠴᠠ ᠵᠦᠷᠢᠴᠡᠵᠦ ᠲᠦᠷᠢᠮ ᠲᠤᠬᠳᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠬᠡᠬᠦ ᠳᠤ ᠲᠤᠰᠠᠯᠠᠬᠤ ᠴᠢᠨᠠᠷᠳᠡᠢ᠂ ᠮᠡᠷᠬᠡᠵᠢᠯ ᠤᠨ ᠴᠢᠨᠠᠷᠳᠡᠢ ᠠᠵᠢᠯ ᠢ ᠡᠬᠦᠷᠬᠡᠯᠡᠨ᠎ᠠ︔ ᠬᠤᠳᠠ ᠶᠢᠨ ᠮᠤᠳᠤ ᠶᠢ ᠰᠢᠯᠵᠢᠬᠦᠯᠦᠨ ᠤᠬᠳᠤᠯᠬᠤ᠂  ᠵᠦᠯᠬᠡ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠵᠡᠷᠬᠡ ᠤᠴᠢᠷ ᠶᠠᠪᠤᠳᠠᠯ ᠤᠨ ᠴᠢᠨᠠᠷᠳᠡᠢ ᠠᠵᠢᠯ ᠢ ᠡᠬᠦᠷᠬᠡᠯᠡᠨ᠎ᠡ᠃  ︵  ᠵᠢᠷᠭᠤᠭ᠎ᠠ︶  ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠰᠢᠶᠠᠬᠰᠠᠨ ᠪᠤᠰᠤᠳ ᠠᠵᠢᠯ ᠤᠨ  ᠡᠬᠦᠷᠬᠡ ᠶᠢ ᠡᠬᠦᠷᠬᠡᠯᠡᠨ᠎ᠡ᠃
ᠢᠷᠡᠯᠲᠡ᠄ ᠲᠤᠰ ᠰᠦᠯᠵᠢᠶ᠎ᠡ