2021 ᠤᠨ ᠤ  ᠲᠦᠷᠪᠡᠳᠤᠭᠡᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ  ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/12/29

      4 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠵᠢᠩ ᠨᠧᠩ ᠴᠠᠬᠢᠯᠭᠠᠨ ᠬᠦᠴᠦᠨ ᠤ ᠬᠤᠪᠢ ᠣᠷᠣᠭᠤᠯᠤᠭᠰᠠᠨ

ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠶ ᠳᠠᠭᠠᠭᠠᠮᠠᠯ ᠶᠢᠨ ᠱᠧᠩ ᠰᠢᠶᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ

ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ

ᠰᠠᠨᠠᠯ ᠢᠶᠠᠨ ᠰᠣᠯᠢᠯᠴᠠᠵᠤ᠂ ᠬᠤᠰᠢᠭᠤᠨ ᠤᠳᠤᠷᠢᠳᠤᠯᠭ᠎ᠠ  ᠰᠢᠨ᠎ᠡ᠂ ᠶᠢᠨ ᠵᠠᠨ ᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠠᠭᠤᠯᠵᠠᠯᠲᠠ ᠳᠤ ᠣᠷᠣᠯᠴᠠᠵᠠᠶ᠃

      4 ᠰᠠᠷ᠎ᠠ ᠶᠢᠨ 6 ᠤ ᠡᠳᠦᠷ᠂ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂  ᠰᠤᠷᠭᠠᠯᠳᠤ᠂ ᠸᠠᠩ ᠶᠤᠸᠠᠨ᠂  ᠰᠢᠨ᠎ᠡ᠂ ᠶᠢᠨ ᠵᠠᠨ ᠢ᠂ ᠡᠯ᠎ᠡ ᠬᠠᠮᠢᠶ᠎ᠠ

ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠵᠡᠭᠦᠨᠭᠠᠷ ᠬᠤᠰᠢᠭᠤᠨ ᠤ ᠸᠧᠶ ᠵᠢᠶᠠ ᠮᠤᠤ ᠪᠠᠯᠭᠠᠰᠤᠨ ᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ

ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠴᠠᠩ ᠲᠠᠨ ᠴᠠᠬᠢᠯᠭᠠᠨ ᠤ ᠦᠢᠯᠡᠳᠪᠤᠷᠢ ᠶᠢᠨ 2

× 66 ᠲᠦᠮᠡᠨ ᠺᠢᠯᠣᠸᠠᠲ ᠤᠨ ᠮᠠᠰᠢᠨ ᠪᠦᠯᠦᠭ ᠤᠨ ᠪᠠᠷᠢᠯᠭ᠎ᠠ ᠶᠢᠨ ᠠᠵᠢᠯ ᠤᠨ ᠰᠠᠭᠤᠷᠢ ᠲᠠᠯᠪᠢᠬᠤ ᠵᠢᠴᠢ ᠠᠩᠬᠠᠨ ᠤ ᠪᠧᠲ᠋ᠤᠨ ᠴᠢᠳᠬᠤᠬᠤ ᠶᠣᠰᠣᠯᠠᠯ ᠳᠤ

ᠣᠷᠣᠯᠴᠠᠪᠠ᠃

      4 ᠰᠠᠷ᠎ᠠ ᠶᠢᠨ 7 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠪᠥᠬᠦ ᠬᠤᠲᠠ ᠶᠢᠨ ᠭᠤᠤᠯᠳᠠᠯᠭ᠎ᠠ ᠲᠠᠢ

ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠰᠤᠷᠭᠠᠯᠳᠤ᠂ ᠪᠠᠶ ᠶᠠᠨ᠂ ᠰᠥᠩ

ᠶᠠᠨ᠂ ᠵᠢᠶᠠ ᠭᠤᠸᠠᠩ ᠬᠤᠸᠠ᠂ ᠵᠠᠩ ᡁᠢ ᠶᠤᠸᠠᠨ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ  ᠦᠢᠯᠡᠳᠪᠤᠷᠢ ᠶᠢᠨ

ᠬᠦᠷᠢᠶᠡᠯᠡᠩ ᠲᠣᠭᠤᠷᠢᠭ᠂ ᠬᠤᠰᠢᠭᠤᠨ ᠤ ᠰᠢᠭᠦᠬᠦ ᠪᠠᠶᠢᠴᠠᠭᠠᠬᠤ ᠬᠤᠷᠢᠶ᠎ᠠ ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠡᠰᠡᠭ

ᠲᠤᠰᠬᠠᠶ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ  ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠠᠷ ᠵᠡᠭᠦᠨᠭᠠᠷ ᠬᠤᠰᠢᠭᠤᠨ ᠤ ᠬᠤᠪᠢᠶᠠᠷᠢ

ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃

      ᠨᠠᠮ ᠤᠨ ᠲᠡᠤᠬᠡ ᠰᠤᠷᠤᠯᠴᠠᠯᠭ᠎ᠠ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ

ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ

ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠶ᠎ᠠ ᠪᠠᠭᠰᠢ ᠲᠣᠭᠤᠷᠢᠭ ᠲᠤ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠯᠦ ᠵᠠᠨ

ᠴᠢᠩ᠂ ᠰᠤᠷᠭᠠᠯᠳᠤ᠂ ᠸᠠᠩ ᠶᠤᠸᠠᠨ᠂ ᠪᠠᠶ ᠶᠠᠨ᠂ ᠵᠢᠶᠠ ᠭᠤᠸᠠᠩ ᠬᠤᠸᠠ᠂ ᠵᠠᠩ ᡁᠢ ᠶᠤᠸᠠᠨ᠂ ᠴᠧᠨ ᠵᠢᠶᠧ᠂ ᠴᠢᠦᠶ ᠱᠦ ᠴᠢᠩ᠂ ᠬᠤᠰᠢᠭᠤᠨ ᠤ  ᠰᠢᠭᠦᠭᠦ 

ᠪᠠᠶᠢᠴᠠᠭᠠᠬᠤ ︽ᠬᠤᠶᠠᠷ ᠳᠠᠷᠤᠭ᠎ᠠ︾᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ  ᠦᠢᠯᠡᠳᠪᠤᠷᠢ ᠶᠢᠨ ᠬᠦᠷᠢᠶᠡᠯᠡᠩ

ᠲᠣᠭᠤᠷᠢᠭ  ᠤᠨ ᠤᠳᠤᠷᠢᠳᠤᠯᠭ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ

ᠬᠤᠷᠠᠯ ᠳᠤ ᠣᠷᠣᠯᠴᠠᠵᠠᠶ᠃

      4 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠢᠶᠠ ᠭᠤᠸᠠᠩ ᠬᠤᠸᠠ ᠪᠦᠭᠦ

ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠴᠧᠨ ᠵᠢᠶᠧ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ

ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ

ᠮᠥᠴᠢᠷ᠂ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃

       ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠢᠶᠠ ᠭᠤᠸᠠᠩ ᠬᠤᠸᠠ ᠬᠤᠰᠢᠭᠤᠨ ᠤ ᠪᠣᠬᠢᠷᠲᠤᠯ ᠢ ᠰᠡᠷᠭᠡᠶᠢᠯᠡᠨ

ᠵᠠᠰᠠᠬᠤ ᠰᠢᠪᠲᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ

ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ

ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠷᠠᠯ ᠳᠤ ᠣᠷᠣᠯᠴᠠᠵᠤ᠂

ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ

ᠪᠥᠬᠦᠶ ᠤᠳᠤᠷᠢᠳᠤᠯᠭ᠎ᠠ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ᠂

ᠬᠤᠰᠢᠭᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠰᠤᠮᠤ ᠰᠢᠶᠠᠩ

ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ

ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠪᠠᠭ ᠤᠨ ᠪᠦᠷᠢᠯᠳᠦᠬᠦᠨ ᠵᠢᠴᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ

ᠬᠤᠷᠠᠯ ᠳᠤ ᠣᠷᠣᠯᠴᠠᠵᠠᠶ᠃

       4 ᠰᠠᠷ᠎ᠠ ᠶᠢᠨ 9 ᠤ ᠡᠳᠦᠷ ᠂  ᠣᠷᠳᠣᠰ ᠬᠤᠲᠠ ᠶᠢᠨ ᠠᠵᠤ ᠠᠬᠤᠶᠢᠯᠠᠯ  ᠪᠠ ᠣᠷᠣᠨ ᠨᠤᠲᠤᠭ  ᠤᠨ ᠬᠢᠨ ᠬᠦᠴᠦ ᠪᠠᠨ ᠬᠠᠮᠲᠤᠳᠬᠠᠨ ᠬᠡᠷᠡᠭᠯᠡᠭᠡ ᠪᠠᠷ

ᠶᠠᠳᠠᠭᠤ ᠶᠢ ᠲᠡᠳᠬᠦᠬᠦ ᠶᠢ ᠠᠬᠢᠭᠤᠯᠬᠤ ᠪᠡᠯᠡᠳᠬᠡᠯ ᠬᠤᠷᠠᠯ ᠵᠢᠴᠢ ᠲᠠᠷᠢᠶᠠᠯᠠᠩ ᠤᠨ ᠪᠦᠲᠦᠭᠡᠭᠳᠡᠬᠦᠨ ᠤ  ᠦᠢᠯᠡᠳᠪᠤᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠭᠡᠷ᠎ᠡ

ᠲᠣᠭᠲᠠᠬᠤ ᠶᠣᠰᠣᠯᠠᠯ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠵᠤ᠂ ᠬᠤᠰᠢᠭᠤᠨ ᠤᠳᠤᠷᠢᠳᠤᠯᠭ᠎ᠠ ᠵᠠᠩ ᡁᠢ ᠶᠤᠸᠠᠨ᠂ ᠴᠧᠨ ᠵᠢᠶᠧ᠂

ᠴᠢᠦᠶ ᠱᠦ ᠴᠢᠩ᠂ ᠬᠤᠰᠢᠭᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ

ᠣᠷᠣᠨ ᠤ ᠳᠣᠲᠣᠷ᠎ᠠ ᠭᠠᠳᠠᠨᠠᠬᠢ ᠬᠡᠷᠡᠭᠯᠡᠭᠡᠨ ᠤ ᠠᠵᠤ ᠠᠬᠤᠶᠢᠯᠠᠯ᠂ ᠣᠷᠣᠨ ᠤ ᠳᠣᠲᠣᠷᠠᠬᠢ ᠡᠮᠨᠡᠯᠭᠡ ᠶᠢᠨ ᠬᠤᠷᠢᠶ᠎ᠠ ᠪᠠ ᠰᠤᠷᠭᠠᠭᠤᠯᠢ᠂ ᠬᠤᠰᠢᠭᠤᠨ ᠳᠤ ᠰᠠᠭᠤᠭ᠎ᠠ

ᠠᠵᠤ ᠠᠬᠤᠶᠢᠯᠠᠯ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃

     4 ᠰᠠᠷ᠎ᠠ ᠶᠢᠨ 10 ᠤ ᠡᠳᠦᠷ᠂ ᠳᠡᠳ᠋ ᠬᠤᠰᠢᠭᠤᠨ ᠳᠠᠷᠤᠭ᠎ᠠ ᠸᠠᠩ ᠵᠢᠩ ᠯᠦᠩ᠂ ᠬᠤᠰᠢᠭᠤᠨ ᠤ ᠮᠥᠩᠭᠦᠨ   ᠭᠦᠢᠯᠭᠡᠭᠡᠨ ᠤ ᠠᠯᠪᠠᠨ ᠬᠡᠷ᠂ 23 ᠪᠠᠩᠬᠢ

ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ 42 ᠠᠵᠤ ᠠᠬᠤᠶᠢᠯᠠᠯ ᠤᠨ ᠲᠥᠯᠥᠭᠡᠯᠡᠭᠴᠢ 2021 ᠣᠨ ᠤ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠵᠠᠰᠠᠭ ᠤᠨ ᠣᠷᠳᠣᠨ᠂  ᠪᠠᠩᠬᠢ᠂  ᠠᠵᠤ ᠠᠬᠤᠶᠢᠯᠠᠯ  ᠤᠨ ᠵᠣᠯᠭᠠᠭᠤᠯᠬᠤ ᠬᠤᠷᠠᠯ ᠳᠤ ᠣᠷᠣᠯᠴᠠᠪᠠ᠃

     4 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠢᠶᠠ ᠭᠤᠸᠠᠩ ᠬᠤᠸᠠ᠂

ᠳᠡᠳ᠋ ᠬᠤᠰᠢᠭᠤᠨ ᠳᠠᠷᠤᠭ᠎ᠠ ᠴᠢᠦᠶ ᠱᠦ  ᠴᠢᠩ  ᠯᠢ ᠯᠢᠶᠠᠩ ᠨᠡᠭᠦᠷᠡᠰᠦᠨ ᠤ ᠦᠢᠯᠡᠰ ᠤᠨ ᠳ᠋ᠠ ᠹᠠᠨ ᠫᠦ᠋ ᠨᠡᠭᠦᠷᠡᠰᠦᠨ ᠠᠭᠤᠷᠬᠠᠶ ᠳᠤ  ᠯᠢ ᠯᠢᠶᠠᠩ ᠡᠨᠧᠷᠭᠢ ᠶᠢᠨ

2021 ᠣᠨ ᠤ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ

ᠣᠷᠣᠯᠴᠠᠪᠠ᠃

      4 ᠰᠠᠷ᠎ᠠ ᠶᠢᠨ 14 ᠤ ᠡᠳᠦᠷ᠂ ᠸᠠᠩ ᠷᠦᠢ᠂ ᠰᠤᠷᠭᠠᠯᠳᠤ ᠵᠡᠷᠭᠡ ᠬᠤᠰᠢᠭᠤᠨ ᠤ ᠤᠳᠤᠷᠢᠳᠤᠯᠭ᠎ᠠ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠂ ᠪᠠᠭᠰᠢ

ᠰᠤᠷᠤᠭᠴᠢᠳ ᠲᠠᠢ ᠬᠠᠮᠲᠤ ᠪᠠᠷ ᠳ᠋ᠠ ᠯᠤ᠋ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ 

ᠤᠷᠤᠯᠴᠠᠪᠠ᠃

     ᠣᠷᠳᠣᠰ ᠬᠤᠲᠠ ᠶᠢᠨ 2021 ᠣᠨ ᠤ ᠴᠢᠬᠤᠯᠠ ᠶᠡᠭᠡ ᠲᠥᠷᠥᠯ ᠵᠦᠢᠯ ᠤᠨ ᠬᠠᠪᠤᠷ ᠤᠨ ᠤᠯᠠᠷᠢᠯ ᠤᠨ ᠲᠥᠪᠯᠡᠷᠡᠭᠦᠯᠦᠨ ᠪᠠᠷᠢᠯᠭ᠎ᠠ ᠡᠬᠢᠯᠡᠭᠦᠯᠵᠦ ᠪᠥᠲᠥᠭᠡᠨ

ᠪᠠᠶᠢᠭᠤᠯᠬᠤ ᠳᠠᠶᠢᠴᠢᠯᠠᠯᠲᠠ ᠶᠢᠨ ᠬᠤᠷᠠᠯ ᠡᠵᠡᠨ ᠬᠤᠷᠤᠭ᠎ᠠ ᠬᠤᠰᠢᠭᠤᠨ ᠳᠤ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠸᠠᠩ ᠷᠦᠢ᠂  ᠰᠤᠷᠭᠠᠯᠳᠤ᠂ 

ᠰᠢᠨ᠎ᠡ᠂ ᠸᠠᠩ ᠵᠢᠩ ᠯᠦᠩ᠂ ᠶᠢᠨ ᠵᠠᠨ ᠢ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ  ᠦᠢᠯᠡᠳᠪᠤᠷᠢ ᠶᠢᠨ ᠬᠦᠷᠢᠶᠡᠯᠡᠩ

ᠲᠣᠭᠤᠷᠢᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ

ᠣᠷᠣᠯᠴᠠᠵᠠᠶ᠃

     ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ

ᠬᠤᠷᠢᠶ᠎ᠠ ᠶᠢᠨ 178 ᠳ᠋ᠤᠭᠠᠷ ᠤᠳᠠᠭᠠᠨ ᠤ ᠬᠤᠷᠠᠯ ᠵᠢᠴᠢ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ

ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ

ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠸᠠᠩ ᠶᠦᠩ ᡁᠢ᠂ ᠵᠠᠩ ᡁᠢ ᠶᠤᠸᠠᠨ ᠬᠤᠷᠠᠯ ᠳᠤ ᠣᠷᠣᠯᠴᠠᠵᠤ᠂ ᠸᠠᠩ

ᠶᠤᠸᠠᠨ᠂ ᠸᠠᠩ ᠵᠢᠩ ᠯᠦᠩ᠂ ᠴᠢᠨ ᠸᠧᠶ᠂ ᠴᠢᠦᠶ ᠱᠦ ᠴᠢᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ

ᠬᠦᠷᠢᠶᠡᠯᠡᠩ ᠲᠣᠭᠤᠷᠢᠭ᠂ ᠬᠤᠰᠢᠭᠤᠨ ᠤ ᠰᠢᠭᠦᠬᠦ ᠪᠠᠶᠢᠴᠠᠭᠠᠬᠤ ᠬᠤᠷᠢᠶ᠎ᠠ᠂ ᠬᠠᠮᠢᠶ᠎ᠠ ᠪᠥᠬᠦᠶ ᠰᠢᠶᠠᠩ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ

ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃

      4 ᠰᠠᠷ᠎ᠠ ᠶᠢᠨ 15 ᠤ ᠡᠳᠦᠷ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ

ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ

ᠯᠦ ᠵᠠᠨ ᠴᠢᠩ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠠᠵᠢᠯ ᠢ ᠳᠥᠯᠭᠢᠨ ᠠᠬᠢᠭᠤᠯᠬᠤ

ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ

ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠷᠦᠢ ᠬᠤᠷᠠᠯ ᠳᠤ ᠣᠷᠣᠯᠴᠠᠵᠠᠶ᠃ ᠬᠤᠰᠢᠭᠤᠨ ᠤ ᠤᠯᠤᠰ ᠲᠦᠷᠦ ᠬᠠᠤᠯᠢ

ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠠᠢ ᠶᠠᠨ᠂ ᠵᠠᠩ ᡁᠢ ᠶᠤᠸᠠᠨ᠂ ᠴᠢᠨ ᠸᠧᠢ᠂ ᠵᠠᠩ

ᠬᠠᠢ ᠯᠦᠩ᠂ ᠡᠩᠬᠡᠵᠢᠷᠭᠠᠯ ᠬᠤᠷᠠᠯ ᠳᠤ ᠣᠷᠣᠯᠴᠠᠪᠠ᠃

      ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ  ᠳᠠᠷᠤᠭ᠎ᠠ ᠰᠤᠷᠭᠠᠯᠳᠤ ᠬᠤᠰᠢᠭᠤᠨ   ᠳᠡᠳ᠋  ᠳᠠᠷᠤᠭ᠎ᠠ ᠶᠢᠨ ᠵᠠᠨ ᠢ᠂ ᠬᠤᠯᠪᠣᠭᠳᠠᠯ

ᠪᠦᠭᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠵᠢᠴᠢ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠳᠠᠭᠠᠭᠤᠯᠤᠨ ᠣᠲᠤᠭ ᠬᠤᠰᠢᠭᠤᠨ ᠳᠤ ᠭᠦᠷᠴᠤ

ᠠᠭᠤᠷᠬᠠᠶ ᠶᠢᠨ ᠵᠠᠰᠠᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ᠃

      4 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ  ᠳᠠᠷᠤᠭ᠎ᠠ ᠰᠤᠷᠭᠠᠯᠳᠤ ᠵᠡᠭᠦᠨᠭᠠᠷ ᠵᠣᠣ  ᠪᠠᠯᠭᠠᠰᠤᠨ

 ᠳᠤ ᠪᠦᠭᠦ ᠬᠤᠰᠢᠭᠤᠨ ᠤ ᠪᠣᠬᠢᠷᠲᠤᠯ ᠣᠢᠭᠡᠢ ᠠᠭᠤᠷᠬᠠᠶ ᠶᠢᠨ  ᠪᠦᠳᠤᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠠᠨ ᠬᠤᠷᠠᠯᠳᠤᠭᠤᠯᠵᠤ᠂ ᠬᠤᠰᠢᠭᠤᠨ ᠤ

ᠤᠳᠤᠷᠢᠳᠤᠯᠭ᠎ᠠ ᠸᠠᠩ ᠷᠦᠢ᠂ ᠯᠦ ᠵᠠᠨ ᠴᠢᠩ᠂ ᠵᠢᠶᠠ ᠭᠤᠸᠠᠩ ᠬᠤᠸᠠ᠂  ᠰᠢᠨ᠎ᠡ᠂ ᠴᠢᠦᠶ  ᠱᠦ  ᠴᠢᠩ᠂ ᠶᠢᠨ ᠵᠠᠨ ᠢ ᠨᠡᠷ ᠬᠤᠷᠠᠯ ᠳᠤ ᠣᠷᠣᠯᠴᠠᠪᠠ᠃

      4 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠦ ᠵᠠᠨ

ᠴᠢᠩ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠤᠨ ᠬᠠᠤᠯᠢ

ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠠᠶᠢᠴᠢᠯᠠᠨ ᠪᠠᠶᠢᠷᠢᠯᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠳ᠋ᠦᠩ ᠡᠦ ᠪᠠᠨ

᠂ ᠠᠨ ᠰᠢᠶᠠ᠂ ᠶᠢᠨ ᠵᠠᠨ ᠢ ᠬᠤᠷᠠᠯ ᠳᠤ ᠣᠷᠣᠯᠴᠠᠵᠠᠶ᠃

     ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶ ᠢᠨᠵᠧᠨᠧᠷ  ᠸᠧᠨ ᠵᠢᠶᠠᠨ ᠡᠤ ᠨᠡᠷ ᠵᠡᠭᠦᠨᠭᠠᠷ ᠬᠤᠰᠢᠭᠤᠨ ᠳᠤ ᠢᠷᠡᠵᠦ ᠲᠤᠭ᠎ᠠ

ᠪᠦᠷᠢᠳᠬᠡᠯ ᠤᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ  ᠳᠡᠳ᠋  ᠱᠦᠵᠢ᠂ ᠬᠤᠰᠢᠭᠤᠨ  ᠳᠠᠷᠤᠭ᠎ᠠ ᠰᠤᠷᠭᠠᠯᠳᠤ᠂

ᠬᠤᠰᠢᠭᠤᠨ ᠤ  ᠳᠡᠳ᠋ ᠳᠠᠷᠤᠭ᠎ᠠ ᠶᠢᠨ ᠵᠠᠨ ᠢ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠪᠦᠭᠦᠢ ᠰᠠᠯᠠᠭ᠎ᠠ ᠮᠥᠴᠢᠷ᠂ ᠵᠡᠭᠦᠨᠭᠠᠷ ᠠᠵᠤ

ᠠᠬᠤᠶ ᠶᠢᠨ ᠨᠡᠬᠡᠬᠡᠯᠲᠡ ᠶᠢᠨ ᠲᠣᠭᠤᠷᠢᠭ ᠤᠨ  ᠤᠳᠤᠷᠢᠳᠤᠯᠭ᠎ᠠ ᠨᠤᠭᠤᠳ  ᠪᠠᠷ᠎ᠠ ᠪᠣᠯᠪᠠ᠃

      4 ᠰᠠᠷ᠎ᠠ ᠶᠢᠨ 20 ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠮᠠᠨ ᠤ ᠬᠤᠰᠢᠭᠤᠨ ᠳᠤ

ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠲᠥᠷᠥᠯ  ᠵᠦᠢᠯ ᠳᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠵᠦ᠂ ᠬᠤᠰᠢᠭᠤᠨ ᠤ ᠤᠳᠤᠷᠢᠳᠤᠯᠭ᠎ᠠ ᠸᠠᠩ

ᠷᠦᠢ᠂  ᠰᠤᠷᠭᠠᠯᠳᠤ᠂ ᠴᠢᠦᠶ  ᠱᠤ᠋  ᠴᠢᠩ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

      4 ᠰᠠᠷ᠎ᠠ ᠶᠢᠨ 21 ᠤ ᠡᠳᠦᠷ᠂ ᠳᠡᠳ᠋ ᠬᠤᠰᠢᠭᠤᠨ ᠳᠠᠷᠤᠭ᠎ᠠ᠂  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠴᠢᠨ ᠸᠧᠶ ᠪᠥᠬᠦ

ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ

ᠠᠵᠢᠯ ᠤᠨ ᠬᠠᠮᠲᠤᠷᠠᠭᠰᠠᠨ ᠬᠤᠷᠠᠯ ᠳᠤ ᠣᠷᠣᠯᠴᠠᠪᠠ᠃

      4 ᠰᠠᠷ᠎ᠠ ᠶᠢᠨ 21 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠸᠧᠨ ᠵᠥᠩ ᠵᠡᠭᠦᠨᠭᠠᠷ ᠬᠤᠰᠢᠭᠤᠨ ᠳᠤ ᠢᠷᠡᠵᠦ ᠪᠣᠬᠢᠷᠲᠤᠯ ᠥᠬᠡᠶ ᠠᠭᠤᠷᠬᠠᠶ ᠶᠢᠨ

ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ  ᠳᠠᠷᠤᠭ᠎ᠠ ᠰᠤᠷᠭᠠᠯᠳᠤ᠂

ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠭᠢᠯᠡᠭᠴᠢ ᠰᠢᠨ᠎ᠡ᠂ ᠬᠤᠰᠢᠭᠤᠨ ᠤ  ᠳᠡᠳ᠋  ᠳᠠᠷᠤᠭ᠎ᠠ ᠶᠢᠨ ᠵᠠᠨ ᠢ ᠪᠠᠷ᠎ᠠ

ᠪᠤᠯᠵᠤ ᠪᠠᠶᠢᠴᠠᠭᠠᠨ ᠰᠤᠳᠤᠯᠤᠯᠲᠠ ᠬᠢᠵᠡᠶ᠃

     4 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ ᠭᠤᠤᠯ ᠬᠤᠷᠠᠯ ᠤᠨ

ᠲᠠᠯᠠᠪᠠᠶ ᠳᠤ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠲᠧᠯᠸᠢᠰ  ᠤᠳᠠᠰᠤᠳᠤ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠢᠶᠠ ᠭᠤᠸᠠᠩ ᠬᠤᠸᠠ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ

ᠣᠷᠣᠯᠴᠠᠪᠠ᠃

     ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠶᠢᠨ ᠵᠠᠨ ᠢ ᠵᠡᠭᠦᠨᠭᠠᠷ ᠬᠤᠰᠢᠭᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠰ ᠤᠨ

ᠲᠥᠪ᠂ ᠵᠡᠭᠦᠨᠭᠠᠷ ᠬᠤᠰᠢᠭᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠲᠥᠪ᠂ ᠵᠡᠭᠦᠨᠭᠠᠷ ᠬᠤᠰᠢᠭᠤᠨ ᠤ ᠪᠡᠶ᠎ᠡ ᠶᠢᠨ ᠲᠠᠮᠢᠷ ᠤᠨ

ᠦᠢᠯᠡᠰ ᠤᠨ ᠬᠥᠭᠵᠢᠯᠲᠡ ᠶᠢᠨ ᠲᠥᠪ᠂ ᠵᠡᠭᠦᠨᠭᠠᠷ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ

ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃

     ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ  ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ

ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠷᠦᠢ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ

ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠠᠢ ᠶᠠᠨ᠂

ᠴᠢᠨ ᠸᠧᠢ᠂ ᠵᠠᠩ ᠬᠠᠢ ᠯᠦᠩ᠂ ᠡᠩᠬᠡᠵᠢᠷᠭᠠᠯ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠪᠠ᠃

     4 ᠰᠠᠷ᠎ᠠ ᠶᠢᠨ 20 — 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ

ᠳᠠᠷᠤᠭ᠎ᠠ ᠰᠧ ᠰᠢ ᠸᠧᠨ ᠨᠠᠷ ᠵᠡᠭᠦᠨᠭᠠᠷ ᠬᠤᠰᠢᠭᠤᠨ ᠳᠤ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯ

ᠪᠠ ᠭᠤᠤᠯᠳᠠᠯᠭ᠎ᠠ ᠲᠠᠢ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ

ᠤᠳᠤᠷᠢᠳᠤᠯᠭ᠎ᠠ ᠸᠠᠩ ᠷᠦᠢ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠵᠠᠩ ᡁᠢ ᠶᠤᠸᠠᠨ᠂ ᠳ᠋ᠠ ᠯᠦ ᠠᠵᠤ  ᠦᠢᠯᠡᠳᠪᠤᠷᠢ ᠶᠢᠨ ᠬᠦᠷᠢᠶᠡᠯᠡᠩ

ᠲᠣᠭᠤᠷᠢᠭ᠂ ᠬᠤᠲᠠ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠲᠣᠰ ᠲᠣᠰ

ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

     4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠣᠷᠳᠣᠰ

ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠵᠢᠴᠢ ᠬᠤᠰᠢᠭᠤᠨ ᠤ

ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ 4 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ

ᠡᠷᠭᠢᠯᠡᠨ ᠬᠤᠷᠠᠯᠳᠤᠭᠤᠯᠪᠠ᠃ ᠯᠦ ᠵᠠᠨ ᠴᠢᠩ᠂  ᠰᠤᠷᠭᠠᠯᠳᠤ᠂ ᠸᠠᠩ ᠶᠤᠸᠠᠨ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ

ᠬᠤᠷᠠᠯ ᠳᠤ ᠣᠷᠣᠯᠴᠠᠵᠠᠶ᠃

     ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠳ᠋ᠡ ᠲᠠᠩ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠨᠠᠮ ᠤᠨ

ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠵᠣᠣ ᠬᠠᠶ ᠵᠢᠶᠦ᠋ᠨ ᠨᠡᠷ ᠲᠠᠢ ᠠᠭᠤᠯᠵᠠᠵᠤ᠂ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠶᠢᠨ

ᠵᠠᠨ ᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠶ᠃

     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠵᠢᠩ ᠯᠦᠩ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ

ᠲᠣᠪᠴᠢᠶ᠎ᠠ ᠶᠢᠨ ᠵᠡᠭᠦᠨᠭᠠᠷ ᠬᠤᠰᠢᠭᠤᠨ ᠤ ᠬᠤᠪᠢᠶᠠᠷᠢ ᠲᠣᠪᠴᠢᠶ᠎ᠠ᠂ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ

ᠲᠣᠪᠴᠢᠶ᠎ᠠ ᠶᠢᠨ ᠪᠥᠬᠦ ᠺᠠᠳ᠋ᠷ ᠠᠵᠢᠯᠲᠠᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ

ᠭᠤᠳᠤᠮᠵᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠳ ᠪᠥᠬᠦ ᠬᠤᠰᠢᠭᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠤᠰᠬᠠᠶ

ᠰᠡᠳᠦᠪᠲᠦ  ᠪᠤᠯᠪᠠᠰᠤᠷᠠᠯ  ᠤᠨ  ᠬᠤᠷᠠᠯ  ᠳᠤ  ᠣᠷᠣᠯᠴᠠᠪᠠ᠃

     4  ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ

ᠬᠠᠤᠯᠢ ᠲᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠲᠧᠯᠸᠢᠰ ᠤᠳᠠᠰᠤᠳᠤ ᠬᠤᠷᠠᠯ ᠬᠤᠷᠠᠯᠳᠤᠭᠤᠯᠪᠠ

᠃ ᠯᠦ ᠵᠠᠨ ᠴᠢᠩ᠂ ᠰᠤᠷᠭᠠᠯᠳᠤ᠂ ᠸᠠᠩ ᠶᠤᠸᠠᠨ ᠵᠡᠷᠭᠡ ᠬᠡᠷ ᠲᠡᠭᠡᠨ ᠪᠠᠶᠢᠭ᠎ᠠ ᠰᠢᠶᠠᠨ ᠤ ᠱᠠᠲᠤᠨ ᠤ ᠤᠳᠤᠷᠢᠳᠬᠤ ᠨᠥᠬᠦᠳ ᠵᠡᠭᠦᠨᠭᠠᠷ ᠬᠤᠰᠢᠭᠤᠨ ᠤ ᠬᠤᠪᠢᠶᠠᠷᠢ

ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃

     4 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠣᠷᠣᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ  ᠶᠢ

ᠠᠬᠢᠭᠤᠯᠬᠤ ᠠᠵᠢᠯ ᠵᠢᠴᠢ  ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤᠳᠤ

ᠬᠤᠷᠠᠯ ᠬᠥᠬᠡᠬᠤᠲᠠ ᠳᠤ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠸᠠᠩ ᠵᠢᠩ ᠯᠦᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ

ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃

      ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠢᠶᠠ ᠭᠤᠸᠠᠩ ᠬᠤᠸᠠ ᠪᠥᠬᠦ ᠬᠤᠰᠢᠭᠤᠨ ᠤ ᠠᠶᠤᠯᠭᠦᠶ 

ᠦᠢᠯᠡᠳᠪᠤᠷᠢᠯᠡᠯ  ᠤᠨ ᠠᠵᠢᠯ ᠵᠢᠴᠢ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ

᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ  ᠬᠤᠷᠠᠯ ᠳᠤ ᠣᠷᠣᠯᠴᠠᠵᠤ᠂ ᠳᠡᠳ᠋ ᠳᠠᠷᠤᠭ᠎ᠠ ᠸᠠᠩ ᠵᠢᠩ ᠯᠦᠩ᠂

ᠴᠢᠨ ᠸᠧᠶ᠂ ᠴᠢᠦᠶ  ᠱᠦ  ᠴᠢᠩ᠂ ᠶᠢᠨ ᠵᠠᠨ ᠢ ᠬᠤᠷᠠᠯ ᠳᠤ ᠣᠷᠣᠯᠴᠠᠵᠠᠶ᠃

     4 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦᠶ ᠱᠦ ᠴᠢᠩ ᠪᠥᠬᠦ ᠬᠤᠰᠢᠭᠤᠨ ᠤ ᠶᠠᠳᠠᠭᠤ ᠠᠴᠠ

ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ

ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ

ᠤᠳᠤᠷᠢᠳᠤᠯᠭ᠎ᠠ ᠬᠤᠷᠠᠯ ᠳᠤ ᠣᠷᠣᠯᠴᠠᠵᠠᠶ᠃

     ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦᠶ ᠱᠦ ᠴᠢᠩ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ

ᠪᠠᠶᠢᠴᠠᠭᠠᠬᠤ ᠵᠥᠪᠯᠡᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ

ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠨᠢᠭᠡᠴᠡ᠂ ᠡᠯ᠎ᠡ ᠰᠤᠮᠤ ᠰᠢᠶᠠᠩ

ᠪᠠᠯᠭᠠᠰᠤ᠂ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠵᠢᠴᠢ ᠬᠤᠰᠢᠭᠤᠨ ᠰᠣᠶᠣᠯ

ᠵᠢᠭᠤᠯᠴᠢᠯᠠᠯ ᠤᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ 2021 ᠣᠨ ᠤ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠵᠢᠴᠢ ᠨᠠᠮ ᠤᠨ ᠰᠤᠷᠲᠠᠯ

ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠤ ᠣᠷᠣᠯᠴᠠᠪᠠ᠃

      4 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ

ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 180 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ

ᠰᠤᠷᠭᠠᠯᠳᠤ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂  ᠰᠢᠨ᠎ᠡ᠂ ᠵᠠᠩ ᡁᠢ ᠶᠤᠸᠠᠨ᠂ ᠪᠦᠦ ᠲᠦᠩ ᠬᠤᠷᠠᠯ ᠳᠤ ᠣᠷᠣᠯᠴᠠᠵᠤ᠂ ᠯᠦ ᠵᠠᠨ ᠴᠢᠩ᠂

ᠸᠠᠩ ᠶᠤᠸᠠᠨ ᠵᠢᠴᠢ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ

ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃

       ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ

ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠯᠦ ᠵᠠᠨ ᠴᠢᠩ᠂  ᠰᠤᠷᠭᠠᠯᠳᠤ᠂ ᠸᠠᠩ ᠶᠤᠸᠠᠨ ᠵᠡᠷᠭᠡ

ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃

       ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ

ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂  

ᠰᠤᠷᠭᠠᠯᠳᠤ᠂ ᠸᠠᠩ ᠶᠤᠸᠠᠨ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠰᠢᠨᠢ᠂ ᠵᠠᠩ ᡁᠢ ᠶᠤᠸᠠᠨ᠂ ᠪᠦᠦ ᠲᠦᠩ ᠵᠡᠷᠭᠡ᠂ ᠵᠡᠭᠦᠨᠭᠠᠷ ᠤᠨ ᠠᠵᠤ

ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ

ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃

ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ  ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ

ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠷᠦᠢ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ

ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ

ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠦ ᠵᠠᠨ ᠴᠢᠩ᠂ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠠᠶ ᠶᠠᠨ᠂ ᠴᠢᠨ ᠸᠧᠶ᠂ ᠵᠠᠩ ᠬᠠᠶ

ᠯᠦᠩ᠂ ᠡᠩᠬᠡᠵᠢᠷᠭᠠᠯ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠵᠠᠶ᠃

      4 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠢᠳᠡᠭᠡᠨ ᠤ

ᠵᠦᠢᠯ᠂ ᠭᠠᠯ ᠰᠡᠷᠭᠡᠶᠢᠯᠡᠭᠦ ᠵᠢᠴᠢ ᠠᠵᠤ ᠠᠬᠤᠶᠢᠯᠠᠯ ᠤᠨ  ᠦᠢᠯᠡᠳᠪᠤᠷᠢᠯᠠᠯ ᠤᠨ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ

ᠤᠳᠤᠷᠢᠳᠤᠯᠭ᠎ᠠ ᠵᠢᠶᠠ ᠭᠤᠸᠠᠩ ᠬᠤᠸᠠ᠂ ᠰᠢᠨ᠎ᠡ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

      ᠵᠡᠭᠦᠨᠭᠠᠷ ᠬᠤᠰᠢᠭᠤᠨ ᠤ ︽ᠬᠤᠪᠢᠰᠬᠠᠯ ᠤᠨ ᠲᠡᠦᠬᠡᠨ ᠶᠠᠪᠤᠴᠠ ᠶᠢ ᠡᠷᠭᠢᠴᠡᠭᠦᠯᠵᠦ᠂ ︽5 · 4︾ ᠤ ᠵᠣᠷᠢᠭ ᠰᠠᠨᠠᠭ᠎ᠠ ᠶᠢ ᠪᠠᠳᠠᠷᠠᠭᠤᠯᠵᠤ᠂

ᠬᠥᠳᠡᠯᠮᠦᠷᠢ ᠶᠢᠨ ᠭᠤᠸ᠎ᠠ ᠰᠠᠶᠢᠬᠠᠨ ᠢ ᠮᠠᠭᠲᠠᠨ ᠳᠠᠭᠤᠯᠠᠵᠤ᠂ ᠵᠡᠭᠦᠨᠭᠠᠷ ᠢ ᠮᠠᠭᠲᠠᠨ ᠰᠠᠶᠢᠰᠢᠶᠠᠬᠤ︾ 2021 ᠣᠨ ᠤ ︽5 · 1︾ ᠤ ᠬᠥᠬᠢᠭᠦᠯᠦᠨ ᠱᠠᠩᠨᠠᠵᠤ

ᠱᠠᠩᠨᠠᠯ ᠣᠯᠭᠤᠬᠤ ᠦᠳᠡᠰᠢᠯᠡᠭᠡ ᠡᠷᠬᠢᠯᠡᠪᠡ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠠᠨ ᠰᠢᠶᠠ᠂ ᠸᠠᠨ ᠮᠢᠩᠭ᠎ᠠ ᠨᠠᠷ ᠦᠳᠡᠰᠢᠯᠡᠭᠡ ᠶᠢ

ᠰᠣᠨᠢᠷᠬᠠᠭᠰᠠᠨ ᠪᠥᠭᠡᠳ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃

      4 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ  ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ

ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠲᠠ ᠶᠢᠨ ᠬᠤᠶᠠᠳᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ

ᠬᠢᠴᠢᠶᠡᠯ ᠤᠨ ᠲᠠᠩᠬᠢᠮ ᠬᠢᠶ᠎ᠠ ᠪᠠᠭᠰᠢ ᠲᠣᠭᠤᠷᠢᠭ ᠲᠤ ᠶᠠᠪᠤᠭᠳᠠᠪᠠ᠃ ᠸᠠᠩ ᠷᠦᠢ᠂ ᠯᠦ ᠵᠠᠨ ᠴᠢᠩ᠂ ᠸᠠᠩ ᠶᠤᠸᠠᠨ ᠵᠡᠷᠭᠡ ᠬᠡᠷ ᠲᠡᠭᠡᠨ ᠪᠠᠶᠢᠭ᠎ᠠ ᠰᠢᠶᠠᠨ ᠤ

ᠱᠠᠲᠤᠨ ᠤ ᠤᠳᠤᠷᠢᠳᠬᠤ ᠺᠠᠳ᠋ᠷ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ

ᠰᠤᠷᠤᠯᠴᠠᠯᠭ᠎ᠠ ᠳᠤ ᠣᠷᠣᠯᠴᠠᠪᠠ᠃

      ᠬᠤᠰᠢᠭᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ

ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠰᠢᠭᠤᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ

2021 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠦ ᠵᠠᠨ ᠴᠢᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠸᠠᠩ ᠶᠤᠸᠠᠨ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠬᠡᠷ ᠲᠡᠭᠡᠨ  ᠪᠠᠶᠢᠭ᠎ᠠ ᠤᠳᠤᠷᠢᠳᠤᠯᠭ᠎ᠠ᠂ ᠬᠤᠰᠢᠭᠤᠨ ᠰᠢᠭᠦᠭᠦ ᠪᠠᠶᠢᠴᠠᠭᠠᠬᠤ

︽ᠬᠤᠶᠠᠷ ᠳᠠᠷᠤᠭ᠎ᠠ︾᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ

ᠬᠤᠷᠠᠯ ᠳᠤ ᠣᠷᠣᠯᠴᠠᠵᠠᠶ᠃

ᠢᠷᠡᠯᠲᠡ᠄ ᠲᠤᠰ ᠰᠦᠯᠵᠢᠶ᠎ᠡ