2021 ᠤᠨ ᠤ ᠲᠠᠪᠤᠳᠤᠭᠠᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ  ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/12/29

     5 ᠰᠠᠷ᠎ᠠ ᠶᠢᠨ 1 ᠤ ᠡᠳᠦᠷ᠂ ᠬᠤᠰᠢᠭᠤᠨ ᠤ ᠤᠳᠤᠷᠢᠳᠤᠯᠭ᠎ᠠ ᠸᠠᠩ ᠷᠦᠢ᠂ ᠰᠢᠨ᠎ᠡ᠂ ᠠᠨ ᠰᠢᠶᠠ᠂ ᠴᠢᠦᠶ  ᠱᠦ ᠴᠢᠩ᠂ ᠶᠢᠨ ᠵᠠᠨ ᠢ᠂ ᠸᠠᠩ ᠵᠢᠶᠦ᠋ᠨ

ᠹᠧᠩ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ  ᠱᠢ ᠡᠯ ᠯᠢᠶᠠᠨ ᠴᠧᠩ

ᠰᠢᠶᠠᠩ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠶᠣᠯ ᠤᠨ ᠨᠠᠶᠢᠷ ᠵᠢᠴᠢ ᠲᠠᠪᠤᠳᠤᠭᠠᠷ ᠬᠤᠭᠤᠴᠠᠭᠠᠨ ᠤ ᠠᠮᠲᠠᠲᠤ ᠬᠡᠮᠬᠡ ᠶᠢᠨ ᠪᠠᠶᠠᠷ ᠤᠨ ᠡᠬᠢᠯᠡᠯᠲᠡ ᠶᠢᠨ

ᠶᠣᠰᠣᠯᠠᠯ ᠳᠤ ᠣᠷᠣᠯᠴᠠᠪᠠ᠃

    5 ᠰᠠᠷ᠎ᠠ ᠶᠢᠨ 6 ᠤ ᠡᠳᠦᠷ᠂ ᠬᠤᠰᠢᠭᠤᠨ ᠤ ᠤᠳᠤᠷᠢᠳᠤᠯᠭ᠎ᠠ ᠰᠥᠩ ᠶᠠᠨ᠂ ᠵᠢᠶᠠ ᠭᠤᠸᠠᠩ ᠬᠤᠸᠠ᠂ ᠪᠦᠦ ᠲᠦᠩ᠂ ᠴᠧᠨ ᠵᠢᠶᠧ᠂ ᠸᠠᠩ ᠵᠢᠩ ᠯᠦᠩ᠂

ᠸᠠᠨ ᠮᠢᠩᠭ᠎ᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠵᠢᠴᠢ

ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠰᠤᠷᠤᠯᠭ᠎ᠠ ᠡᠬᠢᠯᠡᠬᠦ ᠳᠤ ᠣᠷᠣᠯᠴᠠᠪᠠ᠃

     5 ᠰᠠᠷ᠎ᠠ ᠶᠢᠨ 8 ᠤ ᠡᠳᠦᠷ᠂ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠸᠠᠩ ᠵᠢᠩ ᠯᠦᠩ᠂ ᠵᠡᠭᠦᠨᠭᠠᠷ ᠠᠵᠤ ᠠᠬᠤᠶ ᠶᠢᠨ ᠨᠡᠭᠡᠭᠡᠨ

ᠬᠥᠭᠵᠢᠭᠦᠯᠦᠯᠲᠡ ᠶᠢᠨ ᠲᠣᠭᠤᠷᠢᠭ᠂ ᠳ᠋ᠠ ᠯᠦ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ  ᠬᠡᠷᠡᠭ

ᠡᠷᠬᠢᠯᠡᠭᠦ ᠵᠦᠪᠯᠡᠯ  ᠤᠨ  ᠨᠠᠮ ᠤᠨ ᠬᠤᠷᠢᠶ᠎ᠠ ︵ᠠᠵᠢᠯᠯᠠᠬᠤ ᠬᠤᠷᠢᠶ᠎ᠠ︶ ᠶᠢᠨ ᠱᠦᠵᠢ ᠵᠢᠴᠢ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠤ ᠪᠣᠬᠢᠷᠲᠤᠯ ᠢ

ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ

ᠲᠣᠭᠤᠷᠢᠨ ᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃

     5 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠬᠥᠮᠦᠵᠢᠯ

ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠷᠦᠢ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ

ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠯᠦ ᠵᠠᠨ

ᠴᠢᠩ᠂ ᠯᠠᠨ ᠲᠢᠶᠠᠨ᠂ ᠪᠠᠶ ᠶᠠᠨ᠂ ᠰᠢᠨ᠎ᠡ᠂ ᠴᠢᠨ ᠸᠧᠶ ᠬᠤᠷᠠᠯ ᠳᠤ ᠣᠷᠣᠯᠴᠠᠵᠠᠶ᠃

     5 ᠰᠠᠷ᠎ᠠ ᠶᠢᠨ 8 ᠤ ᠡᠳᠦᠷ᠂ ᠬᠤᠰᠢᠭᠤᠨ ᠤ ᠤᠳᠤᠷᠢᠳᠤᠯᠭ᠎ᠠ ᠴᠢᠦᠶ  ᠱᠦ ᠴᠢᠩ ᠵᠦᠩᠶᠤᠸᠠᠨ ᠲᠠᠷᠢᠶᠠᠯᠠᠩ ᠤᠨ ᠳᠠᠭᠠᠳᠬᠠᠯ ᠤᠨ ᠬᠤᠪᠢ ᠣᠷᠣᠭᠤᠯᠤᠭᠰᠠᠨ

ᠬᠢᠵᠠᠭᠠᠷᠲᠤ ᠺᠣᠮᠫᠠᠨᠢ ᠶᠢᠨ ᠵᠡᠭᠦᠨᠭᠠᠷ ᠬᠤᠰᠢᠭᠤᠨ ᠤ ᠰᠠᠯᠪᠤᠷᠢ ᠺᠣᠮᠫᠠᠨᠢ ᠶᠢᠨ ᠠᠵᠢᠯ ᠡᠬᠢᠯᠡᠬᠦ ᠶᠣᠰᠣᠯᠠᠯ ᠳᠤ ᠣᠷᠣᠯᠴᠠᠵᠤ᠂ ᠵᠦᠩᠶᠤᠸᠠᠨ ᠲᠠᠷᠢᠶᠠᠯᠠᠩ ᠤᠨ

ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠡᠭᠦᠨᠭᠠᠷ ᠬᠤᠰᠢᠭᠤᠨ ᠤ ᠰᠠᠯᠪᠤᠷᠢ ᠺᠣᠮᠫᠠᠨᠢ ᠶᠢᠨ ᠠᠵᠢᠯ ᠡᠬᠢᠯᠡᠬᠦ ᠳᠤ ᠫᠠᠶᠢᠰᠠ ᠰᠡᠬᠦᠪᠡ᠃

     5 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ

ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 181 ᠳ᠋ᠦ᠋ᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠰᠤᠷᠭᠠᠯᠳᠤ᠂

ᠯᠠᠨ ᠲᠢᠶᠠᠨ᠂ ᠵᠢᠶᠠ ᠭᠤᠸᠠᠩ ᠬᠤᠸᠠ᠂ ᠰᠢᠨ᠎ᠡ᠂ ᠵᠠᠩ ᡁᠢ ᠶᠤᠸᠠᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠦ ᠵᠠᠨ ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠤᠸᠠᠨ ᠵᠢᠴᠢ

ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃

     5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ ᠬᠤᠰᠢᠭᠤᠨ ᠤ ᠨᠠᠮ ᠤᠨ

ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠰᠢᠭᠤᠨ ᠤ ᠨᠠᠮ ᠤᠨ

ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ

ᠡᠷᠭᠢᠯᠡᠨ ᠬᠤᠷᠠᠯᠳᠤᠭᠤᠯᠪᠠ᠃

     5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ ᠬᠤᠰᠢᠭᠤᠨ ᠤ ᠨᠠᠮ ᠤᠨ

ᠬᠤᠷᠢᠶ᠎ᠠ ᠶᠢᠨ ᠨᠠᠮ ᠤᠨ ᠲᠡᠤᠬᠡ  ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠣᠭᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃

     5 ᠰᠠᠷ᠎ᠠ ᠶᠢᠨ 13 ᠤ ᠡᠳᠦᠷ᠂ ᠬᠤᠰᠢᠭᠤᠨ ᠳᠠᠷᠤᠭ᠎ᠠ ᠰᠤᠷᠭᠠᠯᠳᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ  ᠰᠢᠰᠲ᠋ᠧᠮ ᠤᠨ ᠬᠥᠮᠦᠵᠢᠯ

ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠳᠤ ᠣᠷᠣᠯᠴᠠᠪᠠ᠃ ᠬᠤᠰᠢᠭᠤᠨ ᠤ ᠤᠳᠤᠷᠢᠳᠤᠯᠭ᠎ᠠ ᠴᠢᠨ ᠸᠧᠶ

ᠬᠤᠷᠠᠯ ᠳᠤ ᠣᠷᠣᠯᠴᠠᠵᠠᠶ᠃

     5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ  ᠰᠤᠷᠭᠠᠯᠳᠤ  ᠨᠠᠷᠠᠰᠤᠨ ᠪᠠᠯᠭᠠᠰᠤᠨ ᠳᠤ

ᠭᠦᠨᠵᠡᠭᠡᠶᠢᠷᠡᠨ ᠪᠣᠬᠢᠷᠲᠤᠯ ᠣᠢᠭᠡᠢ ᠠᠭᠤᠷᠬᠠᠶ ᠶᠢᠨ  ᠪᠦᠳᠤᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠳᠡᠳ᠋ ᠬᠤᠰᠢᠭᠤᠨ ᠳᠠᠷᠤᠭ᠎ᠠ ᠶᠢᠨ ᠵᠠᠨ ᠢ

ᠵᠢᠴᠢ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 

     5 ᠰᠠᠷ᠎ᠠ ᠶᠢᠨ 20 ᠤ ᠡᠳᠦᠷ᠂ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠸᠠᠩ ᠶᠤᠸᠠᠨ᠂ ᠯᠠᠨ ᠲᠢᠶᠠᠨ᠂ ᠵᠢᠶᠠ ᠭᠤᠸᠠᠩ ᠬᠤᠸᠠ᠂ ᠳ᠋ᠦᠩ ᠡᠤ ᠪᠠᠨ

᠂ ᠵᠣᠣ ᠶᠦᠩ ᠵᠢᠶᠦ᠋ᠨ᠂ ᠸᠠᠨ ᠮᠢᠩᠭ᠎ᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠩᠭᠦᠶ

ᠰᠤᠷᠤᠯᠴᠠᠯᠭ᠎ᠠ ᠶᠢᠨ ᠬᠤᠷᠠᠯ ᠵᠢᠴᠢ ᠳᠥᠷᠪᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠳᠤ ᠣᠷᠣᠯᠴᠠᠪᠠ᠃

     5 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠢᠶᠠ ᠭᠤᠸᠠᠩ ᠬᠤᠸᠠ

ᠪᠥᠬᠦ ᠬᠤᠰᠢᠭᠤᠨ ᠤ ᠡᠳ᠋ ᠤᠨ ᠵᠠᠰᠠᠭ᠂ ᠬᠢᠨᠠᠨ ᠪᠤᠳᠤᠬᠤ᠂ ᠤᠯᠤᠰ ᠤᠨ ᠡᠳ᠋ ᠬᠥᠷᠥᠩᠭᠡ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ

ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠵᠦᠪᠯᠡᠯ ᠂ ᠬᠤᠰᠢᠭᠤᠨ ᠰᠢᠭᠤᠳ ᠬᠠᠷᠢᠶ᠎ᠠ ᠡᠯ᠎ᠡ ᠨᠢᠭᠡᠴᠡ ᠡᠯ᠎ᠡ ᠰᠠᠯᠠᠭ᠎ᠠ ᠮᠥᠴᠢᠷ

ᠬᠤᠷᠠᠯ ᠳᠤ ᠣᠷᠣᠯᠴᠠᠵᠠᠶ᠃

      5 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ  ᠬᠠᠷᠠᠵᠠᠳᠠᠢ ᠰᠢᠶᠠᠩ ᠳᠤ

ᠭᠦᠨᠵᠡᠭᠡᠶᠢᠷᠡᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ

ᠬᠤᠷᠢᠶᠠᠨ ᠤ  ᠪᠠᠶᠢᠩᠭᠤ  ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᡁᠢ ᠶᠤᠸᠠᠨ ᠪᠠᠷ᠎ᠠ ᠪᠣᠯᠪᠠ᠃

     5 ᠰᠠᠷ᠎ᠠ ᠶᠢᠨ 25 ᠤ ᠡᠳᠦᠷ᠂ ᠬᠤᠰᠢᠭᠤᠨ ᠤ ᠤᠳᠤᠷᠢᠳᠤᠯᠭ᠎ᠠ ᠴᠧᠨ ᠵᠢᠶᠧ᠂ ᠸᠠᠩ ᠵᠢᠩ ᠯᠦᠩ ᠳᠤᠮᠳᠠᠳᠤ ᠤᠯᠤᠰ ᠤᠨ ᠡᠪ ᠬᠠᠮᠲᠤ ᠨᠠᠮ

ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠵᠡᠭᠦᠨᠭᠠᠷ ᠬᠤᠰᠢᠭᠤᠨ ᠤ 2021 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠭᠠᠷᠠᠭ ᠤᠨ ᠠᠵᠢᠯᠯᠠᠭ᠎ᠠ ᠳᠤ ᠣᠷᠣᠯᠴᠠᠪᠠ᠃

     5 ᠰᠠᠷ᠎ᠠ ᠶᠢᠨ 25 ᠤ ᠡᠳᠦᠷ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠴᠢᠨ ᠸᠧᠶ

ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠠᠮᠤᠷ ᠲᠦᠪᠰᠢᠨ ᠤ ᠵᠡᠭᠦᠨᠭᠠᠷ ᠤᠨ ᠪᠠᠶᠢᠭᠤᠯᠤᠯᠲᠠ ᠶᠢᠨ

ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ

ᠱᠦᠵᠢ ᠯᠠᠨ ᠲᠢᠶᠠᠨ᠂ ᠬᠤᠰᠢᠭᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ

ᠬᠤᠷᠠᠯ ᠳᠤ ᠣᠷᠣᠯᠴᠠᠵᠠᠶ᠃ 

     5 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ 2021 ᠣᠨ ᠤ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ

ᠤᠳᠤᠷᠢᠳᠤᠯᠭ᠎ᠠ ᠵᠢᠶᠠ ᠭᠤᠸᠠᠩ ᠬᠤᠸᠠ᠂ ᠴᠢᠦᠶ ᠱᠦ ᠴᠢᠩ᠂ ᠵᠡᠭᠦᠨᠭᠠᠷ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠡᠯ᠎ᠡ ᠵᠡᠭᠡᠯᠢ ᠭᠤᠳᠤᠮᠵᠢ

 ᠶᠢᠨ ᠬᠡᠷᠡᠭ ᠡᠷᠬᠢᠯᠡᠭᠦ ᠵᠦᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠶ᠃

      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ

ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ 184  ᠳ᠋ᠦ᠋ᠭᠡᠷ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ

ᠭᠦᠨᠵᠡᠭᠡᠶᠢᠷᠡᠭᠦᠯᠬᠦ ᠵᠥᠪᠯᠡᠯ ᠤᠨ 10 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠯᠠᠨ ᠲᠢᠶᠠᠨ᠂ ᠪᠠᠶ ᠶᠠᠨ᠂

ᠵᠢᠶᠠ ᠭᠤᠸᠠᠩ ᠬᠤᠸᠠ᠂ ᠰᠢᠨ᠎ᠡ᠂ ᠸᠠᠩ ᠶᠦᠩ ᡁᠢ᠂ ᠵᠠᠩ ᡁᠢ ᠶᠤᠸᠠᠨ ᠬᠤᠷᠠᠯ ᠳᠤ ᠣᠷᠣᠯᠴᠠᠵᠤ᠂ ᠯᠦ ᠵᠠᠨ ᠴᠢᠩ᠂ ᠸᠠᠩ ᠶᠤᠸᠠᠨ᠂ ᠳ᠋ᠦᠩ ᠡᠦ ᠪᠠᠨ᠂ ᠸᠠᠩ

ᠵᠢᠩ ᠯᠦᠩ᠂ ᠸᠠᠩ ᠵᠢᠶᠦ᠋ᠨ ᠹᠧᠩ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ

ᠣᠷᠣᠯᠴᠠᠪᠠ᠃

      ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ 2021 ᠣᠨ ᠤ ᠬᠤᠰᠢᠭᠤᠨ ᠤ ᠤᠨᠢᠨ ᠳᠡᠭᠡᠷ᠎ᠡ ᠨᠢ

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ

ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠠᠨ ᠲᠢᠶᠠᠨ᠂ ᠪᠠᠶ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂ ᠰᠢᠨ᠎ᠡ᠂ ᠸᠠᠩ ᠶᠦᠩ ᡁᠢ᠂ ᠵᠠᠩ

ᡁᠢ ᠶᠤᠸᠠᠨ᠂ ᠴᠢᠦᠶ ᠱᠦ ᠴᠢᠩ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠪᠦᠭᠦ ᠬᠤᠰᠢᠭᠤᠨ ᠤ ᠲᠦᠷᠦᠯ ᠵᠦᠢᠯ ᠢ ᠠᠳᠬᠤᠨ ᠪᠠᠯᠠ

ᠣᠷᠣᠭᠤᠯᠤᠯᠲᠠ ᠶᠢ ᠠᠬᠢᠭᠤᠯᠵᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠩᠬᠠᠳᠤᠭᠠᠷ ᠤᠳᠠᠭᠠᠨ ᠤ

ᠳᠤᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ  ᠳᠠᠷᠤᠭ᠎ᠠ

ᠵᠢᠶᠠ ᠭᠤᠸᠠᠩ ᠬᠤᠸᠠ᠂ ᠵᠡᠭᠦᠨᠭᠠᠷ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂  ᠳ᠋ᠠ ᠯᠤ᠋ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ

᠂ ᠬᠠᠮᠢᠶ᠎ᠠ ᠪᠦᠭᠦᠢ ᠨᠢᠭᠡᠴᠡ ᠵᠢᠴᠢ ᠬᠡᠰᠡᠭ ᠲᠦᠷᠦᠯ ᠵᠦᠢᠯ ᠤᠨ ᠥᠮᠴᠢᠲᠡᠨ ᠨᠢᠭᠡᠴᠡ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃

    《ᠪᠥᠬᠦ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠵᠠᠰᠠᠭ ᠤᠨ ᠣᠷᠳᠣᠨ ᠤ ᠡᠭᠦᠷᠭᠡ

ᠴᠢᠳᠠᠪᠤᠷᠢᠲᠤ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠭᠤᠳ ᠨᠡᠪᠲᠡᠷᠡᠯᠴᠡᠨ ᠶᠠᠷᠢᠯᠴᠠᠬᠤ ᠠᠵᠢᠯ ᠤᠨ ᠳᠠᠶᠢᠴᠢᠯᠠᠯᠲᠠ ᠶᠢᠨ

ᠬᠤᠷᠠᠯ》ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᡁᠢ ᠶᠤᠸᠠᠨ

ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ

ᠲᠣᠪᠴᠢᠶ᠎ᠠ ᠶᠢᠨ ᠳᠠᠷᠤᠭ᠎ᠠ ᠴᠢᠨ ᠸᠧᠶ ᠬᠤᠷᠠᠯ ᠢ ᠡᠷᠭᠢᠯᠡᠪᠡ᠃

      5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠬᠤᠰᠢᠭᠤᠨ ᠤ ᠨᠠᠮ ᠤᠨ

ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠰᠢᠭᠤᠨ ᠤ ᠨᠠᠮ ᠤᠨ

ᠬᠤᠷᠢᠶᠠᠨ ᠤ ᠤᠨᠤᠯ  ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ

ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠵᠢᠶᠠ ᠭᠤᠸᠠᠩ ᠬᠤᠸᠠ᠂ ᠳ᠋ᠦᠩ ᠡᠤ ᠪᠠᠨ᠂ ᠰᠢᠶᠠ ᠮᠧᠶ ᠪᠢᠨ᠂ ᠶᠢᠨ ᠵᠠᠨ ᠢ᠂

ᠵᠣᠣ ᠶᠦᠩ ᠵᠢᠶᠦ᠋ᠨ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠬᠤᠰᠢᠭᠤᠨ ᠤ

ᠰᠢᠭᠦᠬᠦ  ᠪᠠᠶᠢᠴᠠᠭᠠᠬᠤ ᠬᠤᠶᠠᠷ ᠬᠤᠷᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃

     5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠩᠭᠦᠶ

ᠰᠤᠷᠤᠯᠴᠠᠯᠭ᠎ᠠ ᠶᠢᠨ ᠬᠤᠷᠠᠯ ᠵᠢᠴᠢ ᠲᠠᠪᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠬᠢᠯᠡᠪᠡ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂

ᠰᠤᠷᠭᠠᠯᠳᠤ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂ ᠰᠢᠨ᠎ᠡ᠂ ᠳ᠋ᠦᠩ ᠡᠤ ᠪᠠᠨ᠂ ᠰᠢᠶᠠ ᠮᠧᠶ ᠪᠢᠨ᠂ ᠶᠢᠨ ᠵᠠᠨ ᠢ᠂ ᠸᠠᠨ ᠮᠢᠩᠭ᠎ᠠ

ᠰᠤᠷᠤᠯᠴᠠᠯᠭ᠎ᠠ ᠶᠢᠨ ᠬᠤᠷᠠᠯ ᠪᠠ ᠨᠣᠮ ᠤᠩᠰᠢᠬᠤ ᠠᠩᠭᠢ ᠳᠤ ᠣᠷᠣᠯᠴᠠᠵᠠᠶ᠃

     5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ  ᠰᠤᠷᠭᠠᠯᠳᠤ  ᠨᠠᠷᠠᠰᠤᠨ ᠪᠠᠯᠭᠠᠰᠤ᠂

ᠵᠡᠭᠦᠨᠭᠠᠷ ᠵᠣᠤ ᠪᠠᠯᠭᠠᠰᠤᠨ ᠳᠤ ᠭᠦᠨᠵᠡᠭᠡᠶᠢᠷᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠳᠡᠳ᠋

ᠬᠤᠰᠢᠭᠤᠨ ᠳᠠᠷᠤᠭ᠎ᠠ ᠶᠢᠨ ᠵᠠᠨ ᠢ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ

ᠣᠷᠣᠯᠴᠠᠵᠠᠶ᠃

     5 ᠰᠠᠷ᠎ᠠ ᠶᠢᠨ 29 ᠠᠴᠠ 30 ᠤ ᠡᠳᠦᠷ ᠪᠣᠯᠲᠠᠯ᠎ᠠ᠂ ᠤᠯᠤᠰ ᠤᠨ ᠠᠭᠤᠷᠬᠠᠶ ᠶᠢᠨ ᠠᠶᠤᠯᠭᠦᠶ ᠦᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠧᠤ ᠳ᠋ᠧ ᠴᠠᠩ ᠨᠠᠷ ᠮᠠᠨ ᠤ ᠬᠤᠰᠢᠭᠤᠨ ᠳᠤ ᠬᠦᠷᠴᠦ ᠠᠭᠤᠷᠬᠠᠶ ᠶᠢᠨ

ᠪᠠᠶᠢᠴᠠᠭᠠᠨ ᠰᠤᠳᠤᠯᠤᠯᠲᠠ ᠬᠢᠪᠠ᠃

ᠢᠷᠡᠯᠲᠡ᠄ ᠲᠤᠰ ᠰᠦᠯᠵᠢᠶ᠎ᠡ