2021 ᠤᠨ ᠤ ᠵᠢᠷᠭᠤᠳᠤᠭᠠᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/12/29
     6 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠰᠢᠭᠤᠨ ᠤ ᠨᠠᠮ ᠤᠨ ᠬᠤᠷᠢᠶᠠᠨ ᠤ ᠤᠨᠤᠯ  ᠤᠨ ᠰᠤᠷᠤᠯᠴᠠᠯᠭ᠎ᠠ ᠶᠢᠨ ᠲᠥᠪ ᠤᠨ ᠳᠤᠭᠤᠶᠢᠯᠠᠩ ᠤᠨ 2021 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠵᠢᠴᠢ ᠪᠦᠭᠦ ᠬᠤᠰᠢᠭᠤᠨ ᠤ ᠤᠯᠤᠰ ᠲᠦᠷᠤ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠨᠠᠢᠮᠠᠳᠤᠭᠠᠷ ᠤᠳᠠᠭᠠᠨ ᠤ ᠬᠤᠷᠠᠯ ᠢ ᠡᠷᠭᠢᠯᠠᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠯᠠᠨ ᠲᠢᠶᠠᠨ᠂ ᠪᠠᠶ ᠶᠠᠨ᠂ ᠰᠦᠩ ᠶᠠᠨ᠂ ᠵᠢᠶᠠ ᠭᠤᠸᠠᠩ ᠬᠤᠸᠠ᠂ ᠵᠠᠩ ᡁᠢ ᠶᠤᠸᠠᠨ᠂ ᠴᠢᠨ ᠸᠧᠶ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠵᠢᠴᠢ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ ᠸᠧᠶ ᠵᠢᠶᠠ ᠮᠤᠤ ᠪᠠᠯᠭᠠᠰᠤ᠂ ᠰᠢᠤᠸᠠᠢ ᠵᠢᠶᠠ ᠸᠠᠨ ᠪᠠᠯᠭᠠᠰᠤᠨ ᠳᠤ ᠭᠦᠨᠵᠡᠭᠡᠶᠢᠷᠡᠨ ᠬᠡᠰᠡᠭ ᠴᠠᠬᠢᠯᠭᠠᠨ ᠤ ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠳᠡᠳ᠋ ᠬᠤᠰᠢᠭᠤᠨ ᠳᠠᠷᠤᠭ᠎ᠠ ᠶᠢᠨ ᠵᠠᠨ ᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ 20 ᠳ᠋ᠤᠭᠠᠷ ᠪᠥᠬᠦ ᠤᠯᠤᠰ ᠤᠨ ︽ᠠᠶᠤᠯᠭᠦᠶ ᠦᠢᠯᠡᠳᠪᠤᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠡᠬᠢᠯᠡᠭᠦᠯᠵᠦ᠂ ᠳᠡᠳ᠋ ᠬᠤᠰᠢᠭᠤᠨ ᠳᠠᠷᠤᠭ᠎ᠠ ᠵᠢᠶᠠ ᠭᠤᠸᠠᠩ ᠬᠤᠸᠠ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤᠨ ᠠᠶᠤᠯᠭᠦᠶ ᠦᠢᠯᠡᠳᠪᠤᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠡᠯ᠎ᠡ ᠨᠡᠭᠦᠷᠡᠰᠦ᠂ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠤᠷᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       6 ᠰᠠᠷ᠎ᠠ ᠶᠢᠨ 2 ᠤᠨ ᠡᠳᠦᠷ᠂ ᠵᠡᠭᠦᠨᠭᠠᠷ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠥᠩ ᠶᠠᠨ᠂ ᠳᠡᠳ᠋ ᠳᠠᠷᠤᠭ᠎ᠠ ᠴᠢᠦᠶ ᠱᠦ ᠴᠢᠩ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠺᠠᠳ᠋ᠷ ᠠᠵᠢᠯᠲᠠᠨ ᠠᠵᠢᠯᠴᠢᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃       ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠶᠢᠰᠤᠳᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤᠳᠤᠷᠢᠳᠤᠯᠭ᠎ᠠ ᠵᠢᠶᠠ ᠭᠤᠸᠠᠩ ᠬᠤᠸᠠ᠂ ᠸᠠᠩ ᠵᠢᠩ ᠯᠦᠩ᠂ ᠴᠢᠨ ᠸᠧᠶ᠂ ᠶᠢᠨ ᠵᠠᠨ ᠢ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃       ᠲᠥᠷᠥ ᠶᠢᠨ ᠶᠠᠪᠤᠳᠠᠯ ᠤᠨ ᠬᠤᠷᠢᠶ᠎ᠠ ᠪᠥᠬᠦ ᠤᠯᠤᠰ ᠤᠨ ︽ᠲᠠᠯᠪᠢᠬᠤ ᠬᠠᠮᠢᠶᠠᠷᠬᠤ  ᠦᠢᠯᠡᠴᠢᠯᠡᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠳᠠᠰᠤᠳᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ ᠂ ᠸᠠᠩ ᠵᠢᠩ ᠯᠦᠩ᠂ ᠶᠢᠨ ᠵᠠᠨ ᠢ᠂ ᠵᠡᠭᠦᠨᠭᠠᠷ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃       ᠪᠥᠬᠦ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠬᠤᠷᠠᠯ ᠨᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠵᠢᠶᠠ ᠭᠤᠸᠠᠩ ᠬᠤᠸᠠ᠂ ᠸᠠᠩ ᠵᠢᠩ ᠯᠦᠩ᠂ ᠴᠢᠨ ᠸᠧᠶ᠂ ᠶᠢᠨ ᠵᠠᠨ ᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃      6 ᠰᠠᠷ᠎ᠠ ᠶᠢᠨ 3 ᠤ ᠡᠳᠦᠷ᠂ ᠪᠥᠬᠦ ᠤᠯᠤᠰ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠵᠢᠴᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠲᠧᠯᠸᠢᠰ  ᠤᠳᠠᠰᠤᠳᠤ ᠬᠤᠷᠠᠯ ᠪᠡᠭᠡᠵᠢᠩ ᠳᠤ ᠬᠤᠷᠠᠯᠳᠤᠪᠠ᠃ ᠳᠡᠳ᠋ ᠬᠤᠰᠢᠭᠤᠨ ᠳᠠᠷᠤᠭ᠎ᠠ ᠶᠢᠨ ᠵᠠᠨ ᠢ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 6 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠠᠨ ᠲᠢᠶᠠᠨ ᠵᠡᠭᠦᠨᠭᠠᠷ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠡᠰᠡᠭ ᠰᠢᠯᠭᠠᠯᠲᠠ ᠶᠢᠨ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠢᠯᠭᠠᠯᠲᠠ ᠶᠢᠨ ᠴᠡᠭ ᠤᠨ ᠪᠡᠯᠡᠳᠬᠡᠯ ᠠᠵᠢᠯ ᠢ ᠪᠠᠶᠢᠴᠠᠭᠠᠨ ᠦᠵᠡᠵᠦ᠂ ᠳᠡᠳ᠋ ᠬᠤᠰᠢᠭᠤᠨ ᠳᠠᠷᠤᠭ᠎ᠠ ᠸᠠᠩ ᠵᠢᠩ ᠯᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      6 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ  ᠰᠤᠷᠭᠠᠯᠳᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠬᠤᠷᠢᠶᠠᠨ ᠤ 186 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠯᠠᠨ ᠲᠢᠶᠠᠨ᠂ ᠪᠠᠶ ᠶᠠᠨ᠂ ᠵᠢᠶᠠ ᠭᠤᠸᠠᠩ ᠬᠤᠸᠠ᠂ ᠪᠦᠦ ᠲᠦᠩ ᠬᠤᠷᠠᠯ ᠳᠤ ᠣᠷᠣᠯᠴᠠᠵᠤ᠂ ᠸᠠᠩ ᠶᠤᠸᠠᠨ᠂ ᠸᠠᠩ ᠵᠢᠩ ᠯᠦᠩ᠂ ᠴᠢᠨ ᠸᠧᠶ᠂ ᠴᠢᠦᠶ ᠱᠦ ᠴᠢᠩ᠂ ᠶᠢᠨ ᠵᠠᠨ ᠢ᠂ ᠬᠤᠰᠢᠭᠤᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃      6 ᠰᠠᠷ᠎ᠠ ᠶᠢᠨ 8 ᠤ ᠡᠳᠦᠷ᠂ ᠵᠡᠭᠦᠨᠭᠠᠷ ᠬᠤᠰᠢᠭᠤᠨ ᠤ ᠬᠢᠨ 2021 ᠣᠨ ᠤ ᠪᠦᠭᠦ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠰᠢᠭᠤᠨ ᠤᠳᠤᠷᠢᠳᠤᠯᠭ᠎ᠠ ᠠᠨ ᠰᠢᠶᠠ᠂ ᠸᠠᠩ ᠵᠢᠩ ᠯᠦᠩ᠂ ᠵᠣᠣ ᠶᠦᠩ ᠵᠢᠶᠦ᠋ᠨ᠂ ᠪᠥᠬᠦ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠤᠯᠢ ᠬᠡᠷᠡᠭᠵᠢᠭᠦᠯᠬᠦ ᠠᠵᠢᠯᠲᠠᠨ᠂ ᠢᠳᠡᠭᠡᠨ  ᠦᠢᠯᠡᠳᠪᠤᠷᠢᠯᠡᠵᠤ ᠡᠳ᠋ᠰᠢᠭᠦᠯᠬᠦ᠂ ᠢᠳᠡᠭᠡᠨ ᠤᠮᠳᠠᠭᠠᠨ ᠤ  ᠦᠢᠯᠡᠴᠢᠯᠡᠭᠡᠨ ᠤ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠣᠯᠠᠨ ᠲᠦᠮᠡᠨ ᠤ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      6  ᠰᠠᠷ᠎ᠠ ᠶᠢᠨ 8 ᠤ ᠡᠳᠦᠷ᠂ ᠪᠥᠬᠦ ᠬᠤᠰᠢᠭᠤᠨ ᠤ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠪᠠ ᠵᠣᠨ ᠤ ᠤᠯᠠᠷᠢᠯ ᠤᠨ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠰᠢᠨ᠎ᠡ ᠲᠢᠳᠢᠮᠯᠢᠭ ᠤᠨ ᠸᠠᠺᠼᠢᠨ ᠤ ᠲᠠᠷᠢᠯᠭ᠎ᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠳᠡᠳ᠋ ᠬᠤᠰᠢᠭᠤᠨ ᠳᠠᠷᠤᠭ᠎ᠠ ᠸᠠᠩ ᠵᠢᠩ ᠯᠦᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃       6 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ 187 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠯᠠᠨ ᠲᠢᠶᠠᠨ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠸᠠᠩ ᠶᠦᠩ ᡁᠢ᠂ ᠵᠠᠩ ᡁᠢ ᠶᠤᠸᠠᠨ᠂ ᠪᠦᠦ ᠲᠦᠩ ᠬᠤᠷᠠᠯ ᠳᠤ ᠣᠷᠣᠯᠴᠠᠵᠤ᠂ ᠯᠦ ᠵᠠᠨ ᠴᠢᠩ᠂ ᠴᠢᠨ ᠸᠧᠶ᠂ ᠯᠢ ᠱᠤᠸᠠᠨ᠂ ᠬᠠᠮᠢᠶ᠎ᠠ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      6 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠩᠭᠦᠶ ᠰᠤᠷᠤᠯᠴᠠᠯᠭ᠎ᠠ ᠶᠢᠨ ᠬᠤᠷᠠᠯ ᠵᠢᠴᠢ ᠵᠢᠷᠭᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠬᠢᠯᠡᠪᠡ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂  ᠰᠤᠷᠭᠠᠯᠳᠤ᠂ ᠯᠠᠨ ᠲᠢᠶᠠᠨ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠸᠠᠩ ᠶᠦᠩ ᡁᠢ᠂ ᠵᠠᠩ ᡁᠢ ᠶᠤᠸᠠᠨ᠂ ᠪᠦᠦ ᠲᠦᠩ᠂ ᠴᠧᠨ ᠵᠢᠶᠧ᠂ ᠰᠢᠶᠠ ᠮᠧᠶ ᠪᠢᠨ᠂ ᠠᠨ ᠰᠢᠶᠠ᠂ ᠴᠢᠨ ᠸᠧᠶ᠂ ᠯᠢ ᠱᠤᠸᠠᠨ ᠰᠤᠷᠤᠯᠴᠠᠯᠭ᠎ᠠ ᠶᠢᠨ ᠬᠤᠷᠠᠯ ᠪᠠ ᠨᠣᠮ ᠤᠩᠰᠢᠬᠤ ᠠᠩᠭᠢ ᠳᠤ ᠣᠷᠣᠯᠴᠠᠪᠠ᠃       6 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ  ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠤᠨᠤᠯ  ᠤᠨ ᠰᠤᠷᠤᠯᠴᠠᠯᠭ᠎ᠠ ᠶᠢᠨ  ᠭᠤᠣᠯ ᠳᠤᠭᠤᠶᠢᠯᠠᠩ ᠤᠨ 2021 ᠣᠨ ᠤ 9  ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠵᠠᠩ ᡁᠢ ᠶᠤᠸᠠᠨ ᠂ ᠪᠦᠦ ᠲᠦᠩ᠂ ᠰᠢᠶᠠ ᠮᠧᠶ ᠪᠢᠨ᠂ ᠠᠨ ᠰᠢᠶᠠ᠂ ᠴᠢᠨ ᠸᠧᠶ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ ᠲᠣᠭᠤᠷᠢᠭ ᠤᠨ ᠬᠠᠷᠢᠭᠤᠴᠠᠯᠭᠠᠲᠠᠨ᠂ ᠬᠤᠰᠢᠭᠤᠨ ᠤ ᠰᠢᠭᠦᠬᠦ ᠂  ᠪᠠᠶᠢᠴᠠᠭᠠᠬᠤ  ᠬᠤᠷᠢᠶ᠎ᠠ ᠶᠢᠨ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       6 ᠰᠠᠷ᠎ᠠ ᠶᠢᠨ 15 ᠤ ᠡᠳᠦᠷ᠂ ᠪᠦᠭᠦ ᠬᠤᠲᠠ ᠶᠢᠨ ᠠᠶᠤᠯᠭᠦᠶ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠧᠯᠸᠢᠰ  ᠤᠳᠠᠰᠤᠳᠤ  ᠬᠤᠷᠠᠯ  ᠬᠤᠷᠠᠯᠳᠤᠵᠤ᠂ ᠬᠤᠰᠢᠭᠤᠨ ᠤ ᠤᠳᠤᠷᠢᠳᠤᠯᠭ᠎ᠠ ᠰᠤᠷᠭᠠᠯᠳᠤ᠂  ᠵᠢᠶᠠ ᠭᠤᠸᠠᠩ ᠬᠤᠸᠠ᠂ ᠴᠢᠨ ᠸᠧᠶ᠂ ᠶᠢᠨ ᠵᠠᠨ ᠢ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂  ᠳ᠋ᠠ ᠯᠤ᠋ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃         ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠾᠧ ᠸᠧᠶ ᠬᠤᠸᠠ ᠨᠠᠷ ᠵᠡᠭᠦᠨᠭᠠᠷ ᠬᠤᠰᠢᠭᠤᠨ ᠳᠤ ᠢᠷᠡᠵᠦ ᠴᠡᠷᠢᠭ ᠠᠴᠠ ᠬᠠᠯᠠᠭᠳᠠᠭᠰᠠᠳ ᠤᠨ  ᠦᠢᠯᠡᠴᠢᠯᠡᠭᠡᠨ  ᠤ ᠳᠡᠳ᠋ ᠬᠤᠰᠢᠭᠤᠨ ᠳᠠᠷᠤᠭ᠎ᠠ ᠸᠠᠩ ᠵᠢᠩ ᠯᠦᠩ᠂ ᠬᠤᠲᠠ᠂ ᠬᠤᠰᠢᠭᠤᠨ ᠤ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃        6 ᠰᠠᠷ᠎ᠠ ᠶᠢᠨ 16 ᠤ ᠡᠳᠦᠷ᠂ ᠵᠡᠭᠦᠨᠭᠠᠷ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠵᠡᠭᠦᠨᠭᠠᠷ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠴᠢᠨ ᠸᠧᠶ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ ᠵᠡᠭᠦᠨᠭᠠᠷ ᠬᠤᠰᠢᠭᠤᠨ ᠤ ᠡᠨᠧᠷᠭᠢ ᠶᠢᠨ ᠶᠡᠷᠦᠩᠬᠡᠶᠢᠯᠡᠭᠰᠡᠨ  ᠦᠢᠯᠡᠴᠢᠯᠡᠭᠡᠨ  ᠤ ᠲᠥᠪ᠂ ᠵᠡᠭᠦᠨᠭᠠᠷ ᠬᠤᠰᠢᠭᠤᠨ ᠤ ᠡᠨᠧᠷᠭᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠢᠩᠬᠢᠨᠢ ᠪᠠᠷ ᠫᠠᠶᠢᠰᠠ ᠰᠡᠬᠦᠵᠦ᠂ ᠳᠡᠳ᠋ ᠬᠤᠰᠢᠭᠤᠨ ᠳᠠᠷᠤᠭ᠎ᠠ ᠶᠢᠨ ᠵᠠᠨ ᠢ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃       ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠳ᠋ᠠ ᠯᠤ᠋ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠪᠠ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠶᠤᠯᠭᠦᠶ ᠦᠢᠯᠡᠳᠪᠤᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂  ᠰᠢᠨ᠎ᠡ᠂ ᠶᠢᠨ ᠵᠠᠨ ᠢ᠂ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       6 ᠰᠠᠷ᠎ᠠ ᠶᠢᠨ 16 ᠤ ᠡᠳᠦᠷ᠂ ︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠵᠡᠭᠦᠨᠭᠠᠷ ᠬᠤᠰᠢᠭᠤᠨ ᠤ 2021 ᠣᠨ ᠤ ᠠᠶᠤᠯᠭᠦᠶ ᠦᠢᠯᠡᠳᠪᠤᠷᠢᠯᠡᠯ ᠤᠨ ᠰᠠᠷ᠎ᠠ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠡᠭᠦᠨᠭᠠᠷ ᠲᠠᠯᠠᠪᠠᠶ ᠳᠤ ᠶᠠᠪᠤᠭᠳᠠᠪᠠ᠃ ᠬᠤᠰᠢᠭᠤᠨ ᠳᠠᠷᠤᠭ᠎ᠠ ᠰᠤᠷᠭᠠᠯᠳᠤ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ 2021 ᠣᠨ ᠤ ᠠᠶᠤᠯᠭᠦᠶ ᠦᠢᠯᠡᠳᠪᠤᠷᠢᠯᠡᠯ ᠤᠨ ᠰᠠᠷ᠎ᠠ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ︔ ᠬᠤᠰᠢᠭᠤᠨ ᠳᠡᠳ᠋ ᠳᠠᠷᠤᠭ᠎ᠠ ᠵᠢᠶᠠ ᠭᠤᠸᠠᠩ ᠬᠤᠸᠠ᠂ ᠠᠨ ᠰᠢᠶᠠ᠂ ᠸᠠᠩ ᠵᠢᠩ ᠯᠦᠩ᠂ ᠶᠢᠨ ᠵᠠᠨ ᠢ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       6 ᠰᠠᠷ᠎ᠠ ᠶᠢᠨ 17 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠵᠢᠶᠠ ᠭᠤᠸᠠᠩ ᠬᠤᠸᠠ᠂ ᠶᠢᠨ ᠵᠠᠨ ᠢ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃      6 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳ᠋ᠦ᠋ ᠾᠦᠢ ᠯᠢᠶᠠᠩ ᠪᠥᠬᠦ ᠬᠤᠲᠠ ᠶᠢᠨ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠ ᠵᠣᠨ ᠤ ᠤᠯᠠᠷᠢᠯ ᠤᠨ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠧᠯᠸᠢᠰ ᠤᠳᠠᠰᠤᠳᠤ ᠬᠤᠷᠠᠯ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 8 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ ᠤᠨ ᠵᠦᠪᠯᠡᠯ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠯ᠎ᠡ ᠲᠣᠮᠣ ᠡᠮᠨᠡᠯᠭᠡ ᠶᠢᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃       6 ᠰᠠᠷ᠎ᠠ ᠶᠢᠨ 17 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠦ ᠵᠠᠨ ᠴᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠳᠤ ᠬᠤᠲᠠ ᠶᠢᠨ ᠪᠦᠲᠣᠭᠠ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠶᠢᠨ ᠵᠠᠨ ᠢ᠂ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃       6 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠤᠯᠤᠰ ᠳᠦᠷᠤ ᠬᠠᠤᠯᠢ ᠴᠠᠭᠠᠵᠠ ᠶᠢᠨ  ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠳᠦᠷᠤ ᠶᠢᠨ ᠮᠠᠭᠠᠳᠯᠠᠬᠤ ᠴᠢᠳᠠᠪᠤᠷᠢ ᠪᠠ ᠤᠯᠤᠰ ᠳᠦᠷᠤ ᠶᠢᠨ  ᠬᠡᠷᠡᠭᠵᠢᠭᠦᠯᠭᠦ ᠴᠢᠳᠠᠯ ᠢ ᠲᠠᠰᠣᠷᠠᠯᠲᠠ ᠣᠢᠭᠡᠢ ᠳᠡᠭᠡᠭᠰᠢᠯᠡᠭᠦᠯᠵᠦ᠂ ᠤᠯᠤᠰ ᠳᠦᠷᠤ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠪᠣᠳᠠᠲᠤ ᠪᠦᠲᠦᠮᠵᠢ ᠣᠯᠬᠤ ᠶᠢ ᠪᠠᠲᠤᠯᠠᠬᠤ  ᠬᠡᠷᠡᠭᠳᠡᠢ ᠭᠡᠵᠦ ᠴᠢᠬᠤᠯᠠᠴᠢᠯᠠᠵᠠᠶ᠃ ᠬᠤᠰᠢᠭᠤᠨ ᠤ ᠤᠳᠤᠷᠢᠳᠤᠯᠭ᠎ᠠ ᠯᠠᠨ ᠲᠢᠶᠠᠨ᠂ ᠰᠢᠨ᠎ᠡ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       6 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠯᠤᠰ ᠬᠡᠲᠦ ᠶᠢ ᠪᠣᠳᠣᠯᠬᠢᠯᠠᠨ᠂ ᠣᠷᠣᠨ ᠨᠤᠲᠤᠭ ᠤᠨ ᠪᠣᠳᠠᠲᠠᠶ ᠳᠤ ᠨᠡᠶᠢᠴᠡᠭᠦᠯᠵᠦ᠂ ᠡᠶ᠎ᠡ ᠵᠣᠬᠢᠴᠠᠯ ᠲᠠᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠡᠭᠡᠨᠴᠢᠷ ᠰᠠᠶᠢᠬᠠᠨ ᠵᠠᠩ ᠴᠢᠨᠠᠷ ᠲᠠᠢ ᠵᠡᠭᠦᠨᠭᠠᠷ ᠢ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂  ᠰᠢᠨ᠎ᠡ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       6 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠨ ᠡᠷᠭᠢᠯᠡᠭᠰᠡᠨ 2021 · ᠥᠪᠥᠷ ᠮᠣᠩᠭᠤᠯ  ᠳᠠᠬᠢ ᠬᠠᠲᠤᠨ ᠭᠤᠤᠯ ᠤᠨ ᠲᠤᠬᠤᠢ ᠬᠡᠰᠡᠭ ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ ᠤᠯᠠᠷᠢᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠵᠡᠭᠦᠨᠭᠠᠷ ᠤᠨ ᠬᠠᠲᠤᠨ ᠭᠤᠤᠯ ᠤᠨ ᠶᠡᠭᠡ ᠬᠠᠪᠴᠢᠯ ᠤᠨ ᠦᠵᠡᠮᠵᠢ ᠶᠢᠨ ᠣᠷᠣᠨ ᠳᠤ ᠶᠠᠪᠤᠭᠳᠠᠪᠠ᠃       6 ᠰᠠᠷ᠎ᠠ ᠶᠢᠨ 20 ᠤ ᠡᠳᠦᠷ᠂ ︽ᠠᠮᠢ ᠠᠬᠤᠶ ᠶᠢ ᠲᠡᠷᠢᠭᠦᠨ ᠳᠤ  ᠲᠠᠯᠪᠢᠵᠤ · ᠪᠣᠬᠢᠷᠲᠤᠯ ᠥᠬᠡᠶ ᠪᠠᠷ ᠬᠥᠭᠵᠢᠭᠦᠯᠬᠦ︾ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠵᠡᠭᠦᠨᠭᠠᠷ ᠬᠠᠲᠤᠨ ᠭᠤᠤᠯ ᠤᠨ ᠶᠡᠭᠡ ᠬᠠᠪᠴᠢᠯ ᠤᠨ ᠦᠵᠡᠮᠵᠢ ᠶᠢᠨ ᠣᠷᠣᠨ ᠳᠤ ᠠᠮᠵᠢᠯᠲᠠ ᠲᠠᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠢᠶᠠ ᠭᠤᠸᠠᠩ ᠬᠤᠸᠠ ᠶᠠᠷᠢᠶᠠᠨ ᠤ ᠲᠠᠪᠴᠠᠩ ᠳᠤ ᠣᠷᠣᠯᠴᠠᠪᠠ᠃       6 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠵᠡᠭᠦᠨᠭᠠᠷ ᠵᠤᠤ ᠪᠠᠯᠭᠠᠰᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠥᠭᠵᠢᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠳᠡᠳ᠋ ᠬᠤᠰᠢᠭᠤᠨ ᠳᠠᠷᠤᠭ᠎ᠠ ᠴᠢᠦᠶ ᠱᠦ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      6 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ  ᠤᠨ ᠰᠤᠷᠤᠯᠴᠠᠯᠭ᠎ᠠ ᠶᠢᠨ ᠭᠤᠤᠯ  ᠳᠤᠭᠤᠶᠢᠯᠠᠩ ᠤᠨ 2021 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠪᠠᠶ ᠶᠠᠨ᠂ ᠵᠢᠶᠠ ᠭᠤᠸᠠᠩ ᠬᠤᠸᠠ᠂ ᠸᠠᠩ ᠶᠦᠩ ᡁᠢ᠂ ᠳ᠋ᠦᠩ ᠡᠤ ᠪᠠᠨ᠂ ᠴᠧᠨ ᠵᠢᠶᠧ᠂ ᠠᠨ ᠰᠢᠶᠠ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠤᠳᠤᠷᠢᠳᠬᠤ ᠪᠠᠭ ᠤᠨ ᠭᠡᠰᠢᠭᠦᠨ᠂ ᠰᠢᠭᠦᠬᠦ  ᠪᠠᠶᠢᠴᠠᠭᠠᠬᠤ  ᠬᠤᠶᠠᠷ ᠬᠤᠷᠢᠶ᠎ᠠ ᠶᠢᠨ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       6 ᠰᠠᠷ᠎ᠠ ᠶᠢᠨ 23 ᠤ ᠡᠳᠦᠷ᠂ ᠳᠡᠳ᠋ ᠬᠤᠰᠢᠭᠤᠨ ᠳᠠᠷᠤᠭ᠎ᠠ ᠸᠠᠩ ᠵᠢᠩ ᠯᠦᠩ ᠪᠥᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠸᠠᠺᠼᠢᠨ ᠤ ᠲᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠶᠡᠭᠡ ᠵᠠᠮ ᠤᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       6 ᠰᠠᠷ᠎ᠠ ᠶᠢᠨ 24 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠳᠡᠳ᠋ ᠡᠷᠭᠢᠯᠡᠭᠴᠢ ᠠᠨ ᠰᠢᠶᠠ᠂ ᠳᠡᠳ᠋ ᠬᠤᠰᠢᠭᠤᠨ ᠤ ᠳᠠᠷᠤᠭ᠎ᠠ ᠸᠠᠩ ᠵᠢᠩ ᠯᠦᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠦᠭᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠶ᠃        6 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠰᠢᠤᠸᠠᠢ ᠵᠢᠶᠠ ᠸᠠᠨ ᠪᠠᠯᠭᠠᠰᠤᠨ ᠳᠤ ᠭᠦᠨᠵᠡᠭᠡᠶᠢᠷᠡᠨ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠵᠠᠰᠠᠨ ᠰᠡᠷᠭᠦᠭᠡᠬᠦ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ  ᠪᠠᠲᠤᠯᠠᠵᠤ᠂ ᠠᠵᠤ ᠠᠬᠤᠶ ᠶᠢᠨ ᠬᠥᠭᠵᠢᠯᠲᠡ ᠬᠢᠭᠡᠳ ᠣᠷᠴᠢᠨ ᠠᠬᠤᠶ ᠶᠢᠨ ᠬᠠᠮᠠᠭᠠᠯᠠᠯᠲᠠ ᠶᠢᠨ ᠬᠤᠤᠰ ᠠᠮᠵᠢᠯᠲᠠ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠳᠡᠳ᠋ ᠬᠤᠰᠢᠭᠤᠨ ᠳᠠᠷᠤᠭ᠎ᠠ ᠸᠠᠩ ᠵᠢᠩ ᠯᠦᠩ ᠵᠢᠴᠢ ᠬᠠᠮᠢᠶ᠎ᠠ ᠪᠥᠬᠦᠶ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃        6 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳ᠋ᠦ᠋ ᠾᠦᠢ ᠯᠢᠶᠠᠩ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠳᠠᠷᠤᠭ᠎ᠠ  ᠰᠤᠷᠭᠠᠯᠳᠤ  ᠵᠡᠭᠦᠨᠭᠠᠷ ᠬᠤᠰᠢᠭᠤᠨ ᠤ ᠬᠤᠪᠢᠶᠠᠷᠢ ᠲᠠᠯᠠᠪᠠᠶ ᠳᠤ ᠬᠤᠷᠠᠯ ᠳᠤ ᠣᠷᠣᠯᠴᠠᠵᠤ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠲᠠᠯᠠᠪᠠᠶ ᠳᠤ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ