2021ᠤᠨ ᠤ ᠲᠤᠯᠤᠳᠤᠭᠠᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/12/29
     7 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠵᠡᠭᠦᠨᠭᠠᠷ ᠵᠣᠣ ᠳᠤ ᠬᠦᠷᠴᠦ ᠠᠬᠠᠮᠠᠳ ᠨᠠᠮ ᠤᠨ ᠭᠡᠰᠢᠭᠦᠳ ᠢ ᠪᠣᠯᠭᠤᠭᠠᠨ ᠲᠣᠬᠤᠨᠢᠭᠤᠯᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠪᠠᠶᠠᠷ ᠤᠨ ᠡᠳᠦᠷ ᠤᠨ ᠢᠷᠥᠭᠡᠯ ᠳᠡᠪᠰᠢᠭᠦᠯᠵᠦ᠂ ᠨᠠᠮ ᠳᠤ ᠣᠷᠣᠭᠠᠳ 50 ᠵᠢᠯ ᠪᠣᠯᠤᠭᠰᠠᠨ ᠠᠬᠠᠮᠠᠳ ᠨᠠᠮ ᠤᠨ ᠭᠡᠰᠢᠭᠦᠳ ᠲᠤ ︽ᠨᠠᠮ ᠳᠤ ᠢᠷᠠᠭᠤ ᠠᠯᠳᠠᠷᠲᠠᠶ ᠪᠠᠷ 50 ᠵᠢᠯ ᠪᠣᠯᠤᠭᠰᠠᠨ︾ ᠳᠤᠷᠠᠰᠬᠠᠯ ᠤᠨ ᠲᠡᠮᠳᠡᠭ ᠭᠠᠷᠳᠠᠭᠤᠯᠪᠠ᠃      7 ᠰᠠᠷ᠎ᠠ ᠶᠢᠨ 4 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ︽ᠵᠠᠭᠤᠨ ᠵᠢᠯ ᠤᠨ ᠲᠡᠮᠡᠴᠡᠯ ᠤᠨ ᠰᠢᠨ᠎ᠡ ᠠᠶᠠᠨ︾ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠢᠯᠲᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠲᠤ ᠶᠠᠪᠤᠭᠳᠠᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠰᠤᠷᠭᠠᠯᠳᠤ᠂ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠨᠠᠮ ᠤᠨ ᠭᠡᠰᠢᠭᠦᠨ   ᠺᠠᠳ᠋ᠷᠴᠤᠳ ᠠᠵᠢᠯᠯᠠᠭ᠎ᠠ ᠳᠤ ᠣᠷᠣᠯᠴᠠᠵᠠᠶ᠃      7 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠰᠢᠤᠸᠠᠢ ᠵᠢᠶᠠ ᠸᠠᠨ ᠪᠠᠯᠭᠠᠰᠤ᠂ ᠯᠦᠩᠺᠸᠤ ᠪᠠᠯᠭᠠᠰᠤ᠂ ᠸᠧᠶ ᠵᠢᠶᠠ ᠮᠤᠤ ᠪᠠᠯᠭᠠᠰᠤᠨ ᠳᠤ ᠭᠦᠨᠵᠡᠭᠡᠶᠢᠷᠡᠨ ᠬᠠᠲᠤᠨ ᠭᠤᠤᠯ ᠤᠨ ᠳᠠᠭᠤ ᠪᠤᠰᠤ ᠨᠡᠭᠦᠷᠡᠰᠦᠨ ᠠᠭᠤᠷᠬᠠᠶ ᠶᠢᠨ ᠠᠭᠤᠯᠠ ᠶᠢ ᠴᠡᠭᠴᠡᠯᠡᠨ ᠰᠠᠶᠢᠵᠢᠷᠠᠭᠤᠯᠤᠭᠰᠠᠨ ᠪᠠ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠵᠦ ᠬᠠᠮᠠᠭᠠᠯᠠᠭᠰᠠᠨ ᠠᠵᠢᠯ ᠤᠨ ᠪᠠᠶᠢᠳᠠᠯ ᠢ  ᠪᠠᠶᠢᠴᠠᠭᠠᠨ ᠵᠢᠯᠣᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠴᠢᠦᠶ ᠱᠦ ᠴᠢᠩ ᠵᠢᠴᠢ ᠬᠠᠮᠢᠶ᠎ᠠ ᠪᠥᠬᠦᠶ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ  ᠪᠠᠶᠢᠴᠠᠭᠠᠨ ᠵᠢᠯᠣᠭᠤᠳᠬᠤ ᠳᠤ ᠣᠷᠣᠯᠴᠠᠵᠠᠶ᠃       7 ᠰᠠᠷ᠎ᠠ ᠶᠢᠨ 5 ᠤ ᠡᠳᠦᠷ᠂ ᠳᠡᠳ᠋ ᠬᠤᠰᠢᠭᠤᠨ ᠳᠠᠷᠤᠭ᠎ᠠ ᠡᠤ ᠰᠢᠤᠢ ᠳ᠋ᠦᠩ᠂ ᠵᠠᠩ ᠶᠠ ᠨᠠᠨ᠂ ᠵᠤᠸᠠᠩ ᠰᠢᠤᠸᠠᠢ ᠱᠤᠸᠠᠩ᠂ ᠤᠶᠤᠨᠪᠢᠯᠢᠭ᠌ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠠᠷᠢᠯᠴᠠᠬᠤ ᠬᠤᠷᠠᠯ ᠳᠤ ᠣᠷᠣᠯᠴᠠᠪᠠ᠃ 7 ᠰᠠᠷ᠎ᠠ ᠶᠢᠨ 6 ᠤ ᠡᠳᠦᠷ᠂  ᠬᠤᠰᠢᠭᠤᠨ ᠳᠠᠷᠤᠭ᠎ᠠ‌‍ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠳ᠋ ᠳᠠᠷᠤᠭ᠎ᠠ ᠴᠢᠦᠶ ᠱᠦ ᠴᠢᠩ᠂ ᠸᠠᠩ ᠵᠢᠩ ᠯᠦᠩ᠂ ᠵᠤᠸᠠᠩ ᠰᠢᠤᠸᠠᠢ ᠱᠤᠸᠠᠩ᠂ ᠤᠶᠤᠨᠪᠢᠯᠢᠭ᠌᠂ ᠡᠤ ᠰᠢᠤᠢ ᠳ᠋ᠦᠩ᠂ ᠵᠠᠩ ᠶᠠ ᠨᠠᠨ ᠬᠤᠷᠠᠯ ᠳᠤ ᠣᠷᠣᠯᠴᠠᠵᠠᠶ᠃      7 ᠰᠠᠷ᠎ᠠ ᠶᠢᠨ 6 ᠤ ᠡᠳᠦᠷ᠂ ᠳᠡᠳ᠋ ᠬᠤᠰᠢᠭᠤᠨ ᠳᠠᠷᠤᠭ᠎ᠠ ᠵᠤᠸᠠᠩ ᠰᠢᠤᠸᠠᠢ ᠱᠤᠸᠠᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᡁᠢ ᠬᠤᠸᠠ ᠨᠠᠷ ᠲᠤ ᠪᠠᠷ᠎ᠠ ᠪᠣᠯᠵᠣ ᠢ ᠲᠠᠢ ᠨᠡᠭᠦᠷᠡᠰᠦ ᠪᠠᠷ ᠲᠣᠰᠣ ᠦᠢᠯᠡᠳᠭᠦ ᠲᠥᠷᠥᠯ  ᠵᠦᠢᠯ  ᠳᠤ ᠪᠠᠶᠢᠴᠠᠭᠠᠨ ᠰᠤᠳᠤᠯᠤᠯᠲᠠ ᠬᠢᠪᠠ︔ ᠦᠳᠡ ᠶᠢᠨ ᠬᠤᠶᠢᠨ᠎ᠠ᠂ ᠱᠠᠨ ᠰᠢ ᠶᠢᠨ ᠮᠧᠢ ᠶᠢᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠣᠣ ᠶᠢᠨ ᠯᠦᠩ ᠨᠠᠷ ᠲᠠᠢ ᠶᠠᠷᠢᠯᠴᠠᠬᠤ ᠬᠤᠷᠠᠯ ᠳᠤ ᠣᠷᠣᠯᠴᠠᠪᠠ᠃      7 ᠰᠠᠷ᠎ᠠ ᠶᠢᠨ 5 — 6 ᠤ ᠡᠳᠦᠷ᠂ ᠣᠷᠳᠣᠰ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠬᠤ︾ ᠠᠵᠢᠯᠯᠠᠭ᠎ᠠ ᠵᠡᠭᠦᠨᠭᠠᠷ ᠬᠤᠰᠢᠭᠤᠨ ᠳᠤ ᠣᠷᠣᠪᠠ᠃ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠵᠥᠪᠯᠡᠯ ᠤᠨ ᠡᠷᠬᠢᠯᠡᠭᠴᠢ ᠲᠡᠭᠦᠰ᠂ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂  ᠲᠠᠩ ᠳᠠᠯᠠᠢ᠂ ᠷᠧᠨ ᡁᠢ ᠶᠤᠸᠠᠨ᠂ ᠸᠠᠩ ᠵᠢᠩ ᠯᠦᠩ ᠵᠢᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃       7 ᠰᠠᠷ᠎ᠠ ᠶᠢᠨ 7 ᠤ ᠡᠳᠦᠷ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠯᠭᠠᠨ ᠪᠠᠶᠢᠴᠠᠭᠠᠬᠤ ᠲᠥᠪ ᠪᠣᠯᠤᠨ ᠬᠤᠰᠢᠭᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ  ᠦᠢᠯᠡᠴᠢᠯᠡᠭᠡᠨ ᠤ ᠲᠥᠪ ᠵᠡᠷᠭᠡ 3 ᠠᠵᠢᠯ  ᠦᠢᠯᠡᠰ ᠤᠨ ᠨᠢᠭᠡᠴᠡ ᠵᠢᠩᠬᠢᠨᠢ ᠪᠠᠷ ᠪᠠᠶᠢᠭᠤᠯᠤᠭᠳᠠᠵᠤ᠂ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ᠂ ᠡᠯ᠎ᠡ ᠬᠠᠮᠢᠶ᠎ᠠ ᠪᠥᠬᠦᠶ ᠪᠠᠶᠢᠭᠤᠯᠤᠯᠭ᠎ᠠ ᠶᠢᠨ ᠺᠠᠳ᠋ᠷ ᠠᠵᠢᠯᠲᠠᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠠᠶ᠃       7 ᠰᠠᠷ᠎ᠠ ᠶᠢᠨ 7 ᠤ ᠡᠳᠦᠷ᠂ ᠳᠡᠳ᠋ ᠬᠤᠰᠢᠭᠤᠨ ᠳᠠᠷᠤᠭ᠎ᠠ ᠴᠢᠦᠶ ᠱᠦ ᠴᠢᠩ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠳᠤ ᠪᠠᠷ᠎ᠠ ᠪᠣᠯᠵᠣ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ ᠃     7 ᠰᠠᠷ᠎ᠠ ᠶᠢᠨ 7 ᠤ ᠡᠳᠦᠷ᠂ ᠡᠤ ᠰᠢᠤᠢ ᠳ᠋ᠦᠩ ᠬᠤᠰᠢᠭᠤᠨ ᠤ ᠳᠡᠳ᠋ ᠳᠠᠷᠤᠭ᠎ᠠ ᠴᠡᠴᠡᠷᠯᠢᠭ ᠵᠢᠴᠢ ᠲᠠᠢ ᠢᠦᠶ  ᠤᠰᠤᠨ ᠤ ᠶᠠᠪᠤᠳᠠᠯ ᠤᠨ ᠭᠤᠤᠯᠳᠠᠯᠭ᠎ᠠ ᠲᠠᠢ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ᠃      7 ᠰᠠᠷ᠎ᠠ ᠶᠢᠨ 8 ᠤ ᠡᠳᠦᠷ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯ  ᠬᠤᠷᠠᠯᠳᠤᠪᠠ᠃  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠶᠢᠨ ᠴᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋  ᠬᠤᠰᠢᠭᠤᠨ ᠳᠠᠷᠤᠭ᠎ᠠ ᠴᠢᠦᠶ ᠱᠦ ᠴᠢᠩ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ  ᠪᠠᠷ ᠨᠡᠷ᠎ᠡ ᠳᠤᠷᠠᠳᠤᠭᠳᠠᠭᠰᠠᠨ ᠵᠠᠩ ᠪᠢᠩ ᡁᠢ᠂ ᠶᠠᠨ ᠹᠸᠢ᠂ ᠷᠧᠨ ᡁᠢ ᠶᠤᠸᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠡᠤ ᠰᠢᠤᠢ ᠳ᠋ᠦᠩ᠂ ᠵᠠᠩ ᠶᠠ ᠨᠠᠨ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠡᠩᠬᠡᠵᠢᠷᠭᠠᠯ ᠵᠡᠷᠭᠡ ᠬᠥᠮᠦᠰ ᠬᠤᠷᠠᠯ ᠳᠤ ᠰᠤᠯᠠ ᠣᠷᠣᠯᠴᠠᠵᠠᠶ᠃      7 ᠰᠠᠷ᠎ᠠ ᠶᠢᠨ 8 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠴᠷᠤᠯᠠᠯᠭ᠎ᠠ ᠬᠥᠮᠦᠵᠢᠯ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠵᠢᠴᠢ ᠨᠠᠢᠮᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ  ᠶᠢ ᠡᠷᠬᠢᠯᠡᠨ  ᠬᠤᠷᠠᠯᠳᠤᠵᠤ ᠂  ᠬᠤᠰᠢᠭᠤᠨ ᠤᠳᠤᠷᠢᠳᠤᠯᠭ᠎ᠠ ᠯᠠᠨ ᠲᠢᠶᠠᠨ᠂ ᠵᠢᠶᠤᠤ ᠵᠢᠩ ᠂ ᠲᠠᠩ ᠳᠠᠯᠠᠢ᠂ ᠴᠢᠶᠣᠤ ᡁᠢ ᠫᠢᠩ᠂ ᠯᠢ ᠶᠣᠣ ᠵᠢᠶᠦ᠋ᠨ᠂ ᠴᠧᠨ ᠵᠢᠶᠧ᠂ ᠰᠢᠶᠠ ᠮᠧᠶ ᠪᠢᠨ᠂ ᠠᠨ ᠰᠢᠶᠠ᠂ ᠶᠠᠨ ᠹᠸᠢ᠂ ᠷᠧᠨ ᡁᠢ ᠶᠤᠸᠠᠨ᠂ ᠵᠤᠸᠠᠩ ᠰᠢᠤᠸᠠᠢ ᠱᠤᠸᠠᠩ᠂ ᠡᠤ ᠰᠢᠤᠢ ᠳ᠋ᠦᠩ᠂ ᠵᠠᠩ ᠶᠠ ᠨᠠᠨ᠂ ᠭᠦᠸᠧ ᠶᠦᠩ ᠯᠢᠨ ᠰᠤᠷᠤᠯᠴᠠᠯᠭ᠎ᠠ ᠶᠢᠨ ᠬᠤᠷᠠᠯ ᠪᠠ ᠨᠣᠮ ᠤᠩᠰᠢᠬᠤ ᠠᠩᠭᠢ ᠳᠤ ᠣᠷᠣᠯᠴᠠᠪᠠ᠃       7 ᠰᠠᠷ᠎ᠠ ᠶᠢᠨ 8 ᠤ ᠡᠳᠦᠷ᠂ ᠰᠤᠷᠭᠠᠯᠳᠤ ᠬᠤᠰᠢᠭᠤᠨ ᠤ ᠳᠠᠷᠤᠭ᠎ᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠣ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠰᠢᠩ ᠯᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠸᠧᠶ ᠵᠢᠶᠠ ᠮᠤᠤ ᠪᠠᠯᠭᠠᠰᠤᠨ ᠳᠤ ᠭᠤᠤᠯᠳᠠᠯᠭ᠎ᠠ ᠲᠠᠢ ᠲᠥᠷᠥᠯ  ᠵᠦᠢᠯ᠂ ᠰᠣᠶᠣᠯ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃       7 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ  ᠰᠤᠷᠭᠠᠯᠳᠤ  2021 ᠣᠨ ᠤ ᠪᠦᠭᠦ ᠬᠤᠰᠢᠭᠤᠨ ᠤ ᠪᠣᠯᠪᠠᠰᠤᠨ ᠬᠤᠲᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠯᠠᠨ ᠲᠢᠶᠠᠨ᠂ ᠬᠤᠸᠠᠩ  ᠪᠦᠸᠧ ᠸᠧᠢ ᠂ ᠴᠢᠦᠶ ᠱᠦ ᠴᠢᠩ᠂ ᠲᠠᠩ ᠳᠠᠯᠠᠢ᠂ ᠸᠠᠩ ᠶᠦᠩ ᡁᠢ᠂ ᠴᠢᠶᠣᠤ ᡁᠢ ᠫᠢᠩ᠂ ᠸᠠᠩ ᠢᠦᠶ ᠵᠢᠶᠧ᠂ ᠴᠧᠨ ᠵᠢᠶᠧ᠂ ᠠᠨ ᠰᠢᠶᠠ᠂ ᠵᠠᠩ ᠪᠢᠩ ᡁᠢ᠂ ᠶᠠᠨ ᠹᠸᠢ᠂ ᠷᠧᠨ ᡁᠢ ᠶᠤᠸᠠᠨ᠂ ᠵᠤᠸᠠᠩ ᠰᠢᠤᠸᠠᠢ ᠱᠤᠸᠠᠩ᠂ ᠡᠤ ᠰᠢᠤᠢ ᠳ᠋ᠦᠩ᠂ ᠵᠠᠩ ᠶᠠ ᠨᠠᠨ ᠂ ᠵᠣᠣ ᠶᠦᠩ ᠵᠢᠶᠦ᠋ᠨ᠂ ᠸᠠᠩ ᠵᠢᠶᠦ᠋ᠨ ᠹᠧᠩ᠂ ᠭᠦᠸᠧ ᠶᠦᠩ ᠯᠢᠨ᠂ ᠶᠠᠩ ᡁᠢ᠂ ᠡᠯ᠎ᠡ ᠰᠤᠮᠤ ᠰᠢᠶᠠᠩ  ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ ᠣᠶᠤᠨ ᠤ ᠪᠣᠯᠪᠠᠰᠤᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠵᠢᠴᠢ  ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      7 ᠰᠠᠷ᠎ᠠ ᠶᠢᠨ 10 ᠤ ᠡᠳᠦᠷ᠂ ᠵᠡᠭᠦᠨᠭᠠᠷ ᠬᠤᠰᠢᠭᠤᠨ ᠤ ᠬᠡᠷᠡᠭᠯᠡᠭᠡ ᠶᠢ ᠬᠠᠪᠰᠤᠷᠤᠨ ᠲᠡᠳᠬᠦᠬᠦ ᠶᠡᠷᠦᠩᠬᠡᠶᠢᠯᠡᠭᠰᠡᠨ ᠬᠡᠲᠦ ᠳᠡᠯᠭᠡᠭᠦᠷ ᠤᠨ ᠬᠤᠳᠠᠯᠳᠤᠭ᠎ᠠ ᠡᠬᠢᠯᠡᠬᠦ ᠪᠠᠶᠠᠷ ᠤᠨ ᠶᠣᠰᠣᠯᠠᠯ ᠰᠢᠤᠸᠠᠢ ᠵᠢᠶᠠ ᠸᠠᠨ ᠪᠠᠯᠭᠠᠰᠤᠨ ᠲᠤ ᠶᠠᠪᠤᠭᠳᠠᠪᠠ᠃ ᠬᠤᠰᠢᠭᠤᠨ ᠤᠳᠤᠷᠢᠳᠤᠯᠭ᠎ᠠ ᠴᠢᠦᠶ ᠱᠦ ᠴᠢᠩ᠂ ᠸᠠᠩ ᠵᠢᠩ ᠯᠦᠩ᠂  ᠵᠦᠨ ᠨᠧᠩ ᠪᠦᠯᠦᠭᠯᠡᠯ᠂ ᠤᠯᠤᠰ ᠤᠨ ᠪᠠᠯᠠ ᠣᠷᠣᠭᠤᠯᠤᠯᠲᠠ ᠶᠢᠨ ᠪᠦᠯᠦᠭᠯᠡᠯ᠂ ᠬᠤᠰᠢᠭᠤᠨ ᠠᠮᠢ ᠠᠬᠤᠶ ᠶᠢᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠠᠷ ᠤᠨ ᠶᠣᠰᠣᠯᠠᠯ ᠳᠤ ᠣᠷᠣᠯᠴᠠᠵᠠᠶ᠃       7 ᠰᠠᠷ᠎ᠠ ᠶᠢᠨ 11 ᠤ ᠡᠳᠦᠷ᠂ ᠬᠤᠰᠢᠭᠤᠨ  ᠳᠠᠷᠤᠭ᠎ᠠ ᠰᠤᠷᠭᠠᠯᠳᠤ  ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 191 ︵ᠥᠷᠭᠡᠳᠬᠡᠭᠰᠡᠨ︶ ᠬᠤᠷᠠᠯ᠂ 2021 ᠣᠨ ᠤ ᠪᠥᠬᠦ ᠬᠤᠰᠢᠭᠤᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠬᠦ ᠠᠵᠢᠯ ᠤᠨ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠳᠤ ᠣᠷᠣᠯᠴᠠᠪᠠ︔ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ 192 ᠤᠳᠠᠭ᠎ᠠ ᠶᠢᠨ ᠬᠤᠷᠠᠯ ᠳᠤ ᠣᠷᠣᠯᠴᠠᠪᠠ᠃       7 ᠰᠠᠷ᠎ᠠ ᠶᠢᠨ 12 ᠤᠨ ᠡᠳᠦᠷ᠂ ᠵᠡᠭᠦᠨᠭᠠᠷ ᠬᠤᠰᠢᠭᠤᠨ ᠤ ᠪᠥᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠪᠣᠯᠤᠨ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠵᠤ ᠳᠠᠬᠢᠨ ᠦᠨᠡᠯᠡᠬᠦ ᠶᠢ ᠤᠭᠲᠤᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠳᠡᠳ᠋ ᠬᠤᠰᠢᠭᠤᠨ ᠳᠠᠷᠤᠭ᠎ᠠ ᠵᠠᠩ ᠶᠠ ᠨᠠᠨ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       7 ᠰᠠᠷ᠎ᠠ ᠶᠢᠨ 12 ᠤᠨ ᠡᠳᠦᠷ᠂ ᠪᠦᠭᠦ ᠬᠤᠰᠢᠭᠤᠨ ᠤ ᠪᠦᠭᠦ ᠤᠯᠤᠰ ᠤᠨ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠤᠨ ᠰᠢᠯᠭᠠᠨ ᠪᠠᠶᠢᠴᠠᠭᠠᠯᠲᠠ ᠶᠢ ᠤᠭᠲᠤᠬᠤ ᠵᠢᠴᠢ ᠪᠦᠷᠢᠯᠳᠦᠬᠦᠨ ᠨᠢᠭᠡᠴᠡ ᠶᠢᠨ ᠬᠠᠮᠲᠤᠷᠠᠭᠰᠠᠨ ᠬᠤᠷᠠᠯ ᠬᠤᠷᠠᠯᠳᠤᠪᠠ ᠃ ᠬᠤᠰᠢᠭᠤᠨ  ᠳᠡᠳ᠋ ᠳᠠᠷᠤᠭ᠎ᠠ ᠵᠠᠩ ᠶᠠ ᠨᠠᠨ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ       7 ᠰᠠᠷ᠎ᠠ ᠶᠢᠨ 12 ᠤᠨ ᠡᠳᠦᠷ᠂ ᠵᠡᠭᠦᠨᠭᠠᠷ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠵᠥᠪᠳᠡᠯᠴᠡᠨ  ᠰᠤᠳᠤᠯᠤᠯᠴᠠᠵᠤ ᠮᠠᠭᠠᠳᠯᠠᠬᠤ ᠬᠤᠷᠠᠯ ᠬᠤᠷᠠᠯᠳᠤᠪᠠ᠃ ᠬᠤᠰᠢᠭᠤᠨ ᠳᠡᠳ᠋ ᠳᠠᠷᠤᠭ᠎ᠠ ᠵᠠᠩ ᠶᠠ ᠨᠠᠨ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       7 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 195 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 2021 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠯᠠᠨ ᠲᠢᠶᠠᠨ᠂ ᠬᠤᠸᠠᠩ ᠪᠥᠸᠧ  ᠸᠧᠢ᠂ ᠵᠢᠶᠤᠤ ᠵᠢᠩ᠂ ᠴᠢᠦᠶ ᠱᠦ ᠴᠢᠩ᠂ ᠲᠠᠩ ᠳᠠᠯᠠᠢ᠂ ᠸᠠᠩ ᠶᠦᠩ ᡁᠢ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ ᠢᠦᠶ ᠵᠢᠶᠧ ᠬᠤᠷᠠᠯ ᠳᠤ ᠣᠷᠣᠯᠴᠠᠪᠠ︔ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠳ᠋ᠦᠩ ᠡᠤ ᠪᠠᠨ᠂ ᠤᠶᠤᠨᠪᠢᠯᠢᠭ᠌᠂ ᠬᠤᠰᠢᠭᠤᠨ ᠤ ᠰᠢᠭᠦᠬᠦ ᠪᠠᠶᠢᠴᠠᠭᠠᠬᠤ  ᠬᠤᠷᠢᠶᠠᠨ  ᠤ  ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ ᠵᠢᠴᠢ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃        7 ᠰᠠᠷ᠎ᠠ ᠶᠢᠨ 13 ᠤ ᠡᠳᠦᠷ᠂ ᠵᠡᠭᠦᠨᠭᠠᠷ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠷᠠᠯ ᠡᠷᠭᠢᠯᠠᠪᠠ᠃        7 ᠰᠠᠷ᠎ᠠ ᠶᠢᠨ 13 ᠤ ᠡᠳᠦᠷ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ  ᠰᠢᠰᠲ᠋ᠧᠮ ᠤᠨ  ᠬᠥᠮᠦᠵᠢᠯ ᠴᠡᠭᠴᠡᠯᠡᠯᠲᠡ ᠶᠢ ᠠᠬᠢᠭᠤᠯᠬᠤ ᠬᠤᠷᠠᠯ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ  ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠢᠶᠣᠤ ᡁᠢ ᠫᠢᠩ᠂ ᠯᠢ ᠶᠣᠣ ᠵᠢᠶᠦ᠋ᠨ᠂ ᠤᠶᠤᠨᠪᠢᠯᠢᠭ᠌᠂ ᠵᠠᠩ ᠬᠠᠶ ᠯᠦᠩ᠂ ᠡᠩᠬᠡᠵᠢᠷᠭᠠᠯ ᠨᠠᠷ ᠬᠤᠷᠠᠯ ᠳᠤ ᠣᠷᠣᠯᠴᠠᠵᠠᠶ᠃        7 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤᠳᠤᠷᠢᠳᠤᠯᠭ᠎ᠠ ᠯᠠᠨ ᠲᠢᠶᠠᠨ᠂ ᠴᠢᠦᠶ ᠱᠦ ᠴᠢᠩ᠂ ᠸᠠᠩ ᠢᠦᠶ ᠵᠢᠶᠧ᠂ ᠬᠠᠮᠢᠶ᠎ᠠ ᠪᠥᠬᠦᠶ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃        7 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ  ᠬᠤᠷᠠᠯᠳᠤᠪᠠ᠃ ᠬᠤᠰᠢᠭᠤᠨ ᠤᠳᠤᠷᠢᠳᠤᠯᠭ᠎ᠠ ᠯᠦ ᠵᠠᠨ ᠴᠢᠩ᠂ ᠵᠢᠶᠤᠤ ᠵᠢᠩ᠂ ᠲᠠᠩ  ᠳᠠᠯᠠᠢ᠂ ᠸᠠᠩ ᠶᠦᠩ ᡁᠢ᠂ ᠯᠢ ᠶᠣᠣ ᠵᠢᠶᠦ᠋ᠨ᠂ ᠸᠠᠩ ᠢᠦᠶ ᠵᠢᠶᠧ᠂ ᠵᠠᠩ ᠪᠢᠩ ᡁᠢ᠂ ᠶᠠᠨ ᠹᠸᠢ᠂ ᠤᠶᠤᠨᠪᠢᠯᠢᠭ᠌᠂ ᠯᠢ ᠱᠤᠸᠠᠨ᠂ ᠭᠦᠸᠧ ᠶᠦᠩ ᠯᠢᠨ᠂ ᠰᠢᠭᠦᠬᠦ ᠪᠠᠶᠢᠴᠠᠭᠠᠬᠤ ᠬᠤᠶᠠᠷ ᠳᠠᠷᠤᠭ᠎ᠠ᠂ ᠬᠤᠰᠢᠭᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠲᠣᠭᠤᠷᠢᠨ ᠵᠢᠯᠣᠭᠤᠳᠬᠤ ᠳᠤᠭᠤᠶᠢᠯᠠᠩ ᠪᠠ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠶ᠃        7 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠦᠬᠠᠨ ᠤ ᠭᠠᠵᠠᠷ ᠰᠢᠨᠵᠢᠯᠡᠭᠡᠨ ᠤ ᠡᠬᠢ ᠪᠠᠶᠠᠯᠢᠭ ᠣᠷᠴᠢᠨ ᠠᠬᠤᠶ ᠶᠢᠨ ᠠᠵᠤ ᠦᠢᠯᠡᠳᠪᠤᠷᠢ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ︵IGE︶᠂ ᠦᠬᠠᠨ ᠤ ᠭᠷᠤᠹ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡᠨ ᠤ ᠺᠣᠮᠫᠠᠨᠢ ᠶᠢᠨ ᠡᠭᠦᠰᠭᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠬᠤᠤ ᠢ ᠭᠦᠸᠧ ᠨᠡᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠤᠴᠢᠷ ᠶᠠᠪᠤᠳᠠᠯ ᠤᠨ ᠲᠤᠬᠠᠶ ᠶᠠᠷᠢᠯᠴᠠᠵᠤ ᠰᠣᠯᠢᠯᠴᠠᠪᠠ ᠃ ᠬᠤᠰᠢᠭᠤᠨ ᠤ ᠤᠳᠤᠷᠢᠳᠤᠯᠭ᠎ᠠ ᠬᠤᠸᠠᠩ ᠪᠥᠸᠧ  ᠸᠧᠢ᠂ ᠵᠠᠩ ᠪᠢᠩ ᡁᠢ᠂ ᠵᠤᠸᠠᠩ ᠰᠢᠤᠸᠠᠢ ᠱᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃       7 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠳᠤᠭᠤᠶᠢᠯᠠᠩ ᠳᠠᠭᠠᠭᠤᠯᠤᠨ ᠭᠤᠤᠯ ᠮᠥᠷᠡᠨ ᠢ ᠲᠣᠭᠤᠷᠢᠨ ᠪᠠᠶᠢᠴᠠᠭᠠᠬᠤ ᠶᠢᠨ ᠬᠠᠮᠲᠤ ᠦᠶᠡᠷ ᠢ ᠰᠡᠷᠭᠡᠶᠢᠯᠡᠬᠦ ᠵᠡᠷᠭᠡ ᠠᠵᠢᠯ ᠢ ᠬᠢᠨᠠᠨ  ᠵᠢᠯᠤᠭᠤᠳᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠠᠨ ᠲᠢᠶᠠᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠴᠢᠦᠶ ᠱᠦ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃       7 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠨᠠᠷᠠᠰᠤᠨ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠲᠣᠰᠬᠤᠨ ᠤ ᠬᠠᠮᠲᠤ ᠶᠢᠨ ᠠᠵᠤ ᠠᠬᠤᠶ ᠪᠠ ᠠᠵᠤ  ᠦᠢᠯᠡᠰ  ᠤᠨ ᠬᠥᠭᠵᠢᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠤᠳᠤᠷᠢᠳᠤᠯᠭ᠎ᠠ ᠴᠢᠦᠶ ᠱᠦ ᠴᠢᠩ᠂ ᠸᠠᠩ ᠢᠦᠶ ᠵᠢᠶᠧ᠂ ᠸᠠᠩ ᠵᠢᠩ ᠯᠦᠩ᠂ ᠵᠠᠩ ᠶᠠ ᠨᠠᠨ᠂  ᠨᠠᠷᠠᠰᠤᠨ  ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       7 ᠰᠠᠷ᠎ᠠ ᠶᠢᠨ 19 ᠤ ᠡᠳᠦᠷ᠂ ᠪᠦᠭᠦ ᠬᠤᠰᠢᠭᠤᠨ ᠤ ᠭᠤᠣᠯ ᠮᠥᠷᠡᠨ ᠨᠠᠭᠤᠷ ᠤᠨ ᠳᠠᠷᠤᠭ᠎ᠠ ᠨᠠᠷ ᠤᠨ ᠬᠤᠷᠠᠯ ᠵᠢᠴᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ᠂ ᠬᠤᠰᠢᠭᠤᠨ ᠤ ᠭᠤᠣᠯ ᠮᠥᠷᠡᠨ ᠤ ᠳᠠᠷᠤᠭ᠎ᠠ ᠰᠤᠷᠭᠠᠯᠳᠤ ᠬᠤᠷᠠᠯ ᠢ ᠡᠷᠭᠢᠯᠠᠪᠠ᠃ ᠬᠤᠰᠢᠭᠤᠨ ᠤᠳᠤᠷᠢᠳᠤᠯᠭ᠎ᠠ ᠯᠠᠨ ᠲᠢᠶᠠᠨ᠂ ᠸᠠᠩ ᠵᠢᠩ ᠯᠦᠩ᠂ ᠵᠤᠸᠠᠩ ᠰᠢᠤᠸᠠᠢ ᠱᠤᠸᠠᠩ᠂ ᠤᠶᠤᠨᠪᠢᠯᠢᠭ᠌᠂ ᠡᠤ ᠰᠢᠤᠢ ᠳ᠋ᠦᠩ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ 2021 ᠣᠨ ᠤ ᠳᠣᠤᠷ᠎ᠠ ᠬᠠᠭᠠᠰ ᠵᠢᠯ ᠤᠨ ᠪᠥᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠤᠯ   ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ   ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠵᠠᠩ ᠶᠠ ᠨᠠᠨ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠂ ᠵᠡᠭᠡᠯᠢ ᠭᠤᠳᠤᠮᠵᠢ  ᠶᠢᠨ ᠬᠡᠷᠡᠭ ᠡᠷᠬᠢᠯᠡᠭᠦ ᠭᠠᠵᠠᠷ  ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃ 7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠦᠶᠡᠷ ᠢ ᠰᠡᠷᠭᠡᠶᠢᠯᠡᠬᠦ ᠠᠵᠢᠯ ᠤᠨ ᠪᠠᠴᠢᠮ  ᠲᠧᠯᠸᠢᠰ ᠤᠲᠠᠰᠤᠳᠤ ᠬᠤᠷᠠᠯ ᠬᠤᠷᠠᠯᠳᠤᠭᠤᠯᠵᠤ᠂ ᠳᠡᠳ᠋ ᠬᠤᠰᠢᠭᠤᠨ ᠳᠠᠷᠤᠭ᠎ᠠ ᠸᠠᠩ ᠵᠢᠩ ᠯᠦᠩ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃       7 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ ᠤᠨ ᠲᠥᠯᠥᠭᠡᠯᠡᠭᠴᠢᠳ ᠤᠨ ᠬᠤᠷᠠᠯ ᠬᠤᠷᠠᠯᠳᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢᠳ ᠢ ᠰᠣᠩᠭᠤᠪᠠ᠃ ᠬᠤᠷᠠᠯ ᠳᠤ ᠣᠷᠣᠯᠴᠠᠬᠤ ᠶᠣᠰᠣᠲᠠᠶ ᠬᠥᠮᠦᠨ 238 ᠪᠠᠶᠢᠵᠤ᠂ ᠪᠣᠳᠠᠲᠠᠶ ᠣᠷᠣᠯᠴᠠᠭᠰᠠᠨ ᠬᠥᠮᠦᠨ 211 ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃       7 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠰᠢᠤᠸᠠᠢ ᠵᠢᠶᠠ ᠸᠠᠨ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤᠳᠤᠷᠢᠳᠤᠯᠭ᠎ᠠ ᠯᠦ ᠵᠠᠨ ᠴᠢᠩ᠂ ᠯᠠᠨ ᠲᠢᠶᠠᠨ᠂ ᠸᠠᠩ ᠢᠦᠶ ᠵᠢᠶᠧ᠂ ᠸᠠᠩ ᠵᠢᠩ ᠯᠦᠩ᠂ ᠵᠤᠸᠠᠩ ᠰᠢᠤᠸᠠᠢ ᠱᠤᠸᠠᠩ᠂ ᠡᠯ᠎ᠡ ᠰᠤᠮᠤ ᠰᠢᠶᠠᠩ ᠪᠠᠯᠭᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       7 ᠰᠠᠷ᠎ᠠ ᠶᠢᠨ 21 ᠤ ᠡᠳᠦᠷ᠂ ᠳᠡᠳ᠋ ᠬᠤᠰᠢᠭᠤᠨ ᠳᠠᠷᠤᠭ᠎ᠠ ᠵᠠᠩ ᠶᠠ ᠨᠠᠨ ᠪᠥᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠤᠯ  ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠶᠡᠭᠡ ᠵᠠᠮ ᠤᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃       7 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠤᠳᠤᠷᠢᠳᠤᠯᠭ᠎ᠠ ᠬᠤᠸᠠᠩ ᠪᠥᠸᠧ  ᠸᠧᠢ᠂ ᠸᠠᠩ ᠢᠦᠶ ᠵᠢᠶᠧ᠂ ᠵᠠᠩ ᠪᠢᠩ ᡁᠢ᠂ ᠵᠤᠸᠠᠩ ᠰᠢᠤᠸᠠᠢ ᠱᠤᠸᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       7 ᠰᠠᠷ᠎ᠠ ᠶᠢᠨ 22 ᠤᠨ ᠡᠳᠦᠷ᠂ ᠳᠡᠳ᠋ ᠬᠤᠰᠢᠭᠤᠨ ᠳᠠᠷᠤᠭ᠎ᠠ ᠵᠠᠩ ᠶᠠ ᠨᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠢᠩ ᠯᠦᠩ ᠵᠡᠭᠡᠯᠢ ᠭᠤᠳᠤᠮᠵᠢ ᠶᠢᠨ ᠰᠢᠨ ᠺᠠᠶ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠢᠨ᠎ᠡ ᠲᠢᠳᠢᠮᠯᠢᠭ ᠠᠭᠤᠰᠬᠢᠨ ᠦᠷᠪᠢᠰᠤᠯ  ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃       7 ᠰᠠᠷ᠎ᠠ ᠶᠢᠨ 22 ᠤᠨ ᠡᠳᠦᠷ᠂ ᠬᠤᠰᠢᠭᠤᠨ ᠳᠠᠷᠤᠭ᠎ᠠ‌‍ᠰᠤᠷᠭᠠᠯᠳᠤ᠂  ᠳᠡᠳ᠋ ᠬᠤᠰᠢᠭᠤᠨ ᠤ ᠳᠠᠷᠤᠭ᠎ᠠ ᠴᠢᠦᠶ ᠱᠦ ᠴᠢᠩ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 201  ᠳ᠋ᠦ᠋ᠭᠡᠷ ᠤᠳᠠᠭᠠᠨ ᠤ ᠬᠤᠷᠠᠯ ᠳᠤ ᠣᠷᠣᠯᠴᠠᠪᠠ᠃       7 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠳᠤᠭᠤᠶᠢᠯᠠᠩ ᠳᠠᠭᠠᠭᠤᠯᠤᠨ ᠪᠦᠭᠦ ᠬᠤᠰᠢᠭᠤᠨ ᠤ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠸᠠᠩ ᠢᠤᠢ ᠵᠢᠶᠧ᠂ ᠸᠠᠩ ᠵᠢᠩ ᠯᠦᠩ᠂ ᠡᠤ ᠰᠢᠤᠢ ᠳ᠋ᠦᠩ ᠵᠢᠴᠢ ᠡᠯ᠎ᠡ ᠬᠠᠮᠢᠶ᠎ᠠ ᠪᠥᠬᠦᠶ ᠨᠢᠭᠡᠴᠡ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠯᠲᠠ ᠬᠢᠪᠠ᠃      7 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠡᠭᠦᠨᠭᠠᠷ ᠬᠤᠰᠢᠭᠤᠨ ᠤ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠵᠡᠭᠦᠨᠭᠠᠷ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ᠂ ᠸᠧᠶ ᠵᠢᠶᠠ ᠮᠤᠤ ᠪᠠᠯᠭᠠᠰᠤᠨ ᠤ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠡᠭᠦᠳᠡᠨ ᠪᠥᠮᠪᠦᠭᠡ ᠶᠢᠨ ᠨᠡᠶᠢᠭᠡᠮᠯᠢᠭ ᠤᠨ ᠳᠠᠭᠠᠭᠠᠴᠢᠯᠠᠨ ᠡᠷᠭᠢᠯᠡᠭᠰᠡᠨ ᠵᠡᠭᠦᠨᠭᠠᠷ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠤᠮᠤ ᠰᠢᠶᠠᠩ ᠪᠠᠯᠭᠠᠰᠤᠨ ᠤ ᠵᠡᠭᠡᠯᠢ ᠭᠤᠳᠤᠮᠵᠢ ᠶᠢᠨ ᠡᠭᠦᠳᠡᠨ ᠪᠥᠮᠪᠥᠭᠡᠨ ᠤᠷᠤᠯᠳᠤᠭᠠᠨ ᠶᠧᠦ ᠢ ᠴᠡᠴᠡᠷᠯᠢᠭ ᠤᠨ ᠡᠭᠦᠳᠡᠨ ᠪᠥᠮᠪᠥᠭᠡᠨ ᠲᠠᠯᠠᠪᠠᠶ ᠳᠤ ᠶᠠᠪᠤᠭᠳᠠᠵᠤ᠂ ᠬᠤᠰᠢᠭᠤᠨ ᠤᠳᠤᠷᠢᠳᠤᠯᠭ᠎ᠠ ᠯᠠᠨ ᠲᠢᠶᠠᠨ᠂ ᠠᠨ ᠰᠢᠶᠠ᠂ ᠵᠠᠩ ᠶᠠ ᠨᠠᠨ᠂ ᠯᠢ ᠱᠤᠸᠠᠨ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ       7 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳ᠋ᠦ᠋ ᠾᠦᠢ ᠯᠢᠶᠠᠩ ᠪᠥᠬᠦ ᠬᠤᠲᠠ ᠶᠢᠨ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠬᠤᠸᠠᠩ ᠪᠥᠸᠧ  ᠸᠧᠢ᠂ ᠴᠢᠦᠶ ᠱᠦ ᠴᠢᠩ᠂ ᠵᠠᠩ ᠪᠢᠩ ᡁᠢ᠂ ᠸᠠᠩ ᠵᠢᠩ ᠯᠦᠩ᠂ ᠵᠤᠸᠠᠩ ᠰᠢᠤᠸᠠᠢ ᠱᠤᠸᠠᠩ᠂ ᠡᠤ ᠰᠢᠤᠢ ᠳ᠋ᠦᠩ᠂ ᠵᠠᠩ ᠶᠠ ᠨᠠᠨ᠂ ᠶᠠᠩ ᡁᠢ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃       7 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠴᠢᠦᠶ ᠱᠦ ᠴᠢᠩ ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤᠳᠤᠷᠢᠳᠤᠯᠭ᠎ᠠ ᠸᠠᠩ ᠵᠢᠩ ᠯᠦᠩ᠂ ᠵᠤᠸᠠᠩ ᠰᠢᠤᠸᠠᠢ ᠱᠤᠸᠠᠩ ᠂ ᠡᠤ ᠰᠢᠤᠢ ᠳ᠋ᠦᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠ ᠳ᠋ᠠ ᠯᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ᠂ ᠬᠤᠰᠢᠭᠤᠨ ᠠᠶᠤᠯᠭᠦᠶ ᠦᠢᠯᠡᠳᠪᠤᠷᠢᠯᠡᠯ  ᠤᠨ ᠵᠥᠪᠯᠡᠯ ᠤᠨ ᠪᠥᠬᠦ ᠭᠡᠰᠢᠭᠦᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       7 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠤᠤ ᠵᠢᠩ᠂ ᠳᠡᠳ᠋ ᠬᠤᠰᠢᠭᠤᠨ ᠳᠠᠷᠤᠭ᠎ᠠ ᠡᠤ ᠰᠢᠤᠢ ᠳ᠋ᠦᠩ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       7 ᠰᠠᠷ᠎ᠠ ᠶᠢᠨ 27 ᠤ ᠡᠳᠦᠷ᠂ ᠪᠥᠬᠦ ᠤᠯᠤᠰ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠧᠯᠸᠢᠰ ᠤᠲᠠᠰᠤ ᠲᠠᠮᠵᠢᠯᠭᠠᠲᠤ ᠬᠤᠷᠠᠯ ᠪᠡᠭᠡᠵᠢᠩ ᠳᠤ ᠬᠤᠷᠠᠯᠳᠤᠵᠤ᠂ ᠳᠡᠳ᠋ ᠬᠤᠰᠢᠭᠤᠨ ᠳᠠᠷᠤᠭ᠎ᠠ ᠵᠠᠩ ᠶᠠ ᠨᠠᠨ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃       7 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠬᠤ ᠶᠢᠨ ᠭᠡᠰᠢᠭᠦᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ ᠬᠠᠮᠲᠤ ᠪᠠᠷ ᠡᠷᠭᠢᠵᠦ ᠦᠵᠡᠭᠰᠡᠨ ᠪᠥᠭᠡᠳ ᠨᠠᠮ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠶ ᠨᠠᠮ ᠤᠨ ᠲᠥᠯᠥᠭᠡᠯᠡᠭᠴᠢᠳ ᠲᠤ ᠴᠢᠩ ᠰᠡᠳᠬᠢᠯ ᠤᠨ ᠬᠦᠰᠡᠯ ᠳᠤᠷᠠᠳᠴᠠᠶ᠃       7 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ  ᠪᠠᠶᠢᠩᠭᠤ  ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠰᠧ ᠰᠢ ᠸᠧᠨ ᠨᠠᠷ ᠮᠠᠨ ᠤ ᠬᠤᠰᠢᠭᠤᠨ ᠳᠤ ᠢᠷᠡᠵᠦ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠤᠶᠤᠨᠪᠢᠯᠢᠭ᠌᠂ ᠬᠤᠰᠢᠭᠤᠨ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃       7 ᠰᠠᠷ᠎ᠠ ᠶᠢᠨ 29 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠰᠢᠤᠸᠠᠢ ᠵᠢᠶᠠ ᠸᠠᠨ ᠳᠤ ᠦᠪᠡᠳᠡᠭᠰᠢ ᠶᠡᠬᠡᠪᠡᠷ ᠡᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ  ᠰᠤ᠋ ᠰᠢᠨ ᠶᠠ᠂ ᠯᠦ ᠵᠠᠨ ᠴᠢᠩ᠂ ᠰᠤᠷᠭᠠᠯᠳᠤ᠂ ᠯᠠᠨ ᠲᠢᠶᠠᠨ᠂ ᠬᠤᠸᠠᠩ ᠪᠥᠸᠧ  ᠸᠧᠢ᠂ ᠵᠢᠶᠤᠤ ᠵᠢᠩ᠂ ᠴᠢᠦᠶ ᠱᠦ ᠴᠢᠩ᠂ ᠲᠠᠩ ᠳᠠᠯᠠᠢ᠂ ᠸᠠᠩ ᠶᠦᠩ ᡁᠢ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ ᠢᠦᠶ ᠵᠢᠶᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      7 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠤᠨ ᠪᠤᠳᠤᠯᠢᠶᠠᠨᠲᠠᠶ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤᠨ ᠤ ᠤᠳᠤᠷᠢᠳᠤᠯᠭ᠎ᠠ ᠷᠧᠨ ᡁᠢ ᠶᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      7 ᠰᠠᠷ᠎ᠠ ᠶᠢᠨ 30 ᠤ ᠡᠳᠦᠷ᠂ ᠵᠡᠭᠦᠨᠭᠠᠷ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠲᠡᠷᠭᠡ ᠫᠠᠶᠢᠰᠠ ᠡᠯᠭᠦᠬᠦ ᠵᠢᠴᠢ ︽ᠪᠣᠯᠪᠠᠰᠤᠨ ᠵᠠᠮ ᠬᠠᠷᠢᠯᠴᠠᠭ᠎ᠠ᠂ ᠪᠣᠬᠢᠷᠲᠤᠯ ᠥᠬᠡᠶ ᠠᠶᠠᠯᠠᠯ︾ ᠤᠨ ᠡᠬᠢᠯᠡᠯᠲᠡ ᠶᠢᠨ ᠶᠣᠰᠣᠯᠠᠯ ᠵᠡᠭᠦᠨᠭᠠᠷ ᠲᠠᠯᠠᠪᠠᠶ ᠳᠤ ᠶᠠᠪᠤᠭᠳᠠᠪᠠ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠤᠶᠤᠨᠪᠢᠯᠢᠭ᠌ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃       7 ᠰᠠᠷ᠎ᠠ ᠶᠢᠨ 30 ᠤ ᠡᠳᠦᠷ᠂ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ  ᠳᠠᠷᠤᠭ᠎ᠠ ᠰᠤᠷᠭᠠᠯᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠪᠠ ᠠᠵᠢᠯ ᠠᠴᠠ ᠪᠠᠨ  ᠠᠮᠠᠷᠠᠭᠰᠠᠨ ᠠᠬᠠᠮᠠᠳ ᠴᠡᠷᠢᠭ ᠢ ᠪᠣᠯᠭᠤᠭᠠᠨ ᠲᠣᠬᠤᠨᠢᠭᠤᠯᠵᠤ᠂ ᠬᠤᠰᠢᠭᠤᠨ ᠤ ᠤᠳᠤᠷᠢᠳᠤᠯᠭ᠎ᠠ ᠷᠧᠨ ᡁᠢ ᠶᠤᠸᠠᠨ ᠵᠢᠴᠢ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃       7 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠪᠥᠬᠦᠳᠡ ᠬᠤᠷᠠᠯ ᠠᠴᠠ  ᠰᠤ᠋  ᠰᠢᠨ ᠶᠠ᠂ ᠰᠤᠷᠭᠠᠯᠳᠤ᠂ ᠯᠠᠨ ᠲᠢᠶᠠᠨ᠂ ᠬᠤᠸᠠᠩ ᠪᠥᠸᠧ  ᠸᠧᠢ᠂ ᠵᠢᠶᠤᠤ ᠵᠢᠩ᠂ ᠴᠢᠦᠶ ᠱᠦ ᠴᠢᠩ᠂ ᠲᠠᠩ  ᠳᠠᠯᠠᠢ᠂ ᠸᠠᠩ ᠶᠦᠩ ᡁᠢ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ ᠮᠢᠩ ᠵᠢᠶᠧ ᠵᠡᠷᠭᠡ 11 ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ᠃  ᠰᠤ᠋ ᠰᠢᠨ ᠶᠠ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠱᠦᠵᠢ ᠪᠠᠷ ᠰᠣᠩᠭᠤᠵᠤ᠂  ᠰᠤᠷᠭᠠᠯᠳᠤ᠂ ᠯᠠᠨ ᠲᠢᠶᠠᠨ ᠨᠥᠬᠦᠷ ᠢ ᠳᠡᠳ᠋ ᠱᠦᠵᠢ ᠪᠠᠷ ᠰᠣᠩᠭᠤᠪᠠ᠃       7 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠪᠦᠭᠦ ᠬᠤᠰᠢᠭᠤᠨ ᠤ  ᠰᠢᠨ᠎ᠡ ᠲᠢᠳᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠬᠤ ᠬᠤᠷᠠᠯ ᠢ ᠡᠷᠭᠢᠯᠠᠨ ᠬᠤᠷᠠᠯᠳᠤᠭᠤᠯᠵᠤ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠬᠤᠯᠪᠣᠭᠳᠠᠯ ᠪᠦᠭᠦᠢ ᠠᠵᠢᠯ ᠢ ᠪᠠᠶᠢᠷᠢᠯᠠᠭᠤᠯᠵᠤ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
ᠢᠷᠡᠯᠲᠡ᠄ ᠲᠤᠰ ᠰᠦᠯᠵᠢᠶ᠎ᠡ