2021 ᠤᠨ ᠤ ᠠᠷᠪᠠᠳᠤᠭᠠᠷ ᠰᠠᠷ᠎ᠠ ᠶᠢᠨ ᠵᠠᠰᠠᠬ  ᠤᠨ ᠤᠷᠳᠤᠨ  ᠤ ᠳᠤᠮᠤ ᠠᠵᠢᠯ ᠶᠠᠪᠤᠳᠠᠯ  ᠤᠨ ᠳᠡᠮᠳᠡᠭᠯᠡᠯ
ᠨᠡᠶᠢᠲᠡᠯᠡᠭᠰᠡᠨ ᠴᠠᠭ᠄
2021/12/29
      10 ᠰᠠᠷ᠎ᠡ  ᠶᠢᠨ 11  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠪᠦᠬᠦ ᠬᠤᠰᠢᠭᠤᠨ  ᠤ ᠬᠤᠰᠢᠭᠤ ᠰᠢᠶᠠᠩ ᠬᠤᠶᠡᠷ ᠱᠠᠳᠤᠨ  ᠤ ᠠᠷᠡᠳ  ᠤᠨ ᠳᠦᠯᠦᠭᠡᠯᠡᠭᠴᠢᠳ  ᠤᠨ ᠶᠡᠭᠡ ᠬᠤᠷᠡᠯ ᠪᠠ ᠬᠤᠰᠢᠭᠤᠨ  ᠤ ᠤᠯᠤᠰ ᠳᠦᠷᠦ  ᠶᠢᠨ ᠵᠦᠪᠯᠡᠯᠬᠡᠨ  ᠤ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ  ᠤᠨ ᠳᠠᠶᠢᠴᠢᠯᠠᠯᠳᠠ ᠪᠠᠶᠢᠷᠢᠯᠠᠭᠤᠯᠤᠯᠳᠠ  ᠶᠢᠨ ᠬᠤᠷᠡᠯ  ᠢ ᠡᠷᠬᠢᠯᠡᠨ ᠬᠤᠷᠠᠯᠳᠤᠭᠤᠯᠪᠠ  ᠃ ᠬᠤᠰᠢᠭᠤᠨ  ᠤ ᠨᠠᠮ  ᠤᠨ ᠬᠤᠷᠢᠶᠡᠨ  ᠤ ᠱᠦᠵᠢ ᠰᠤ᠋ ᠰᠢᠨ ᠶᠠ ᠬᠤᠷᠡᠯ  ᠳᠤ ᠤᠷᠤᠯᠴᠠᠬᠰᠠᠨ ᠪᠦᠬᠡᠳ ᠶᠠᠷᠢᠶ᠎ᠡ ᠳᠠᠯᠪᠢᠪᠠ  ᠃ ᠯᠦ ᠵᠠᠨ ᠴᠢᠩ  ᠂ ᠵᠢᠶᠠ ᠭᠤᠸᠠᠩ ᠬᠤᠸᠠ ᠵᠡᠷᠬᠡ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ  ᠂ ᠬᠤᠰᠢᠭᠤᠨ  ᠤ ᠰᠢᠬᠦᠬᠦ ᠬᠤᠷᠢᠶ᠎ᠡ ᠪᠠᠶᠢᠴᠠᠭᠠᠬᠤ ᠬᠤᠷᠢᠶᠡᠨ  ᠤ ᠳᠠᠷᠤᠭ᠎ᠠ  ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠤᠨ ᠬᠠᠷᠢᠭᠤᠴᠠᠯᠭᠠᠳᠠᠨ  ᠂ ᠬᠤᠰᠢᠭᠤ ᠰᠢᠶᠠᠩ ᠬᠤᠶᠠᠷ ᠱᠠᠳᠤᠨ  ᠤ ᠠᠷᠡᠳ  ᠤᠨ ᠳᠦᠯᠦᠭᠡᠯᠡᠭᠴᠢᠳ  ᠤᠨ ᠶᠡᠭᠡ ᠬᠤᠷᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ  ᠤᠨ ᠤᠳᠤᠷᠢᠳᠬᠤ ᠳᠤᠭᠤᠢᠢᠯᠠᠩ  ᠤᠨ ᠪᠦᠷᠢᠯᠳᠦᠬᠦᠨ ᠨᠢᠬᠡᠴᠢ  ᠶᠢᠨ ᠬᠠᠷᠢᠭᠤᠴᠠᠯᠭᠠᠳᠠᠨ  ᠂ ᠬᠤᠰᠢᠭᠤᠨ  ᠤ ᠰᠤᠩᠭᠤᠭᠤᠯᠢ  ᠶᠢᠨ ᠵᠦᠪᠯᠡᠯ  ᠤᠨ ᠪᠦᠷᠢᠯᠳᠦᠬᠦᠨ  ᠂ ᠬᠤᠰᠢᠭᠤᠨ  ᠤ ᠤᠯᠤᠰ ᠳᠦᠷᠦ  ᠶᠢᠨ ᠵᠦᠪᠯᠡᠯᠬᠡᠨ  ᠤ ᠡᠯ᠎ᠡ ᠵᠦᠪᠯᠡᠯ ᠠᠯᠪᠠᠨ ᠬᠡᠷ  ᠤᠨ ᠭᠤᠤᠯ ᠬᠠᠷᠢᠭᠤᠴᠠᠯᠭᠠᠳᠠᠨ ᠵᠢᠴᠢ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ  ᠤᠨ ᠵᠢᠭᠠᠨ ᠵᠢᠯᠤᠭᠤᠳᠬᠤ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ  ᠤᠨ ᠪᠦᠷᠢᠯᠳᠦᠬᠦᠨ ᠬᠤᠷᠡᠯ ᠳᠤ ᠤᠷᠤᠯᠴᠠᠪᠠ  ᠃      10 ᠰᠠᠷ᠎ᠡ  ᠶᠢᠨ 15  ᠤ ᠡᠳᠦᠷ  ᠂ ︽ ᠡᠯᠪᠡᠭ ᠬᠤᠷᠢᠶᠡᠯᠳᠡ ᠪᠠᠨ ᠪᠡᠯᠬᠡᠯᠡᠨ ᠨᠠᠮ  ᠤᠨ ᠠᠴᠢ ᠳᠤ ᠳᠠᠯᠠᠷᠬᠠᠵᠤ ᠨᠠᠮ ᠢᠶᠠᠨ ᠡᠬᠦᠷᠢᠳᠡ ᠳᠠᠭᠠᠬᠤ  ︾ ᠪᠠᠷ ᠭᠤᠤᠯ ᠰᠡᠳᠦᠪ ᠢᠶᠠᠨ ᠪᠤᠯᠭᠠᠬᠰᠠᠨ ᠬᠠᠷᠠᠵᠠᠳᠡᠢ ᠰᠢᠶᠠᠩ  ᠤᠨ 2021ᠤᠨ  ᠤ ᠳᠤᠮᠳᠠᠳᠤ ᠤᠯᠤᠰ  ᠤᠨ ᠳᠠᠷᠢᠶᠠᠴᠢᠨ  ᠤ ᠡᠯᠪᠡᠭ ᠬᠤᠷᠢᠶᠡᠯᠳᠡ  ᠶᠢᠨ ᠪᠠᠶᠠᠷ  ᠢ ᠪᠡᠯᠬᠡᠯᠡᠬᠦ ᠵᠢᠴᠢ ᠠᠯᠮᠤᠷᠡᠳ  ᠤᠨ ᠪᠠᠶᠠᠷ ᠳᠤᠰ ᠰᠢᠶᠠᠩ  ᠤᠨ ᠵᠢᠤᠢ ᠰᠢᠨ ᠨᠡᠶᠢᠬᠡᠮ ᠳᠤᠭᠤᠷᠢᠬ ᠲᠤ ᠡᠷᠬᠢᠯᠡᠨ ᠶᠠᠪᠤᠬᠳᠠᠪᠠ  ᠃ ᠬᠤᠰᠢᠭᠤᠨ  ᠤ ᠤᠳᠤᠷᠢᠳᠤᠯᠭ᠎ᠠ ᠳᠠᠩ ᠳᠠᠯᠠᠢ  ᠂ ᠸᠠᠩ ᠵᠢᠩ ᠯᠦᠩ  ᠂ ᠵᠠᠩ ᠳ᠋ᠦᠩ  ᠂ ᠬᠠᠷᠠᠵᠠᠳᠡᠢ ᠰᠢᠶᠠᠩ  ᠤᠨ ᠤᠳᠤᠷᠢᠳᠬᠤ ᠪᠠᠬ  ᠂ ᠬᠤᠰᠢᠭᠤᠨ  ᠤ ᠬᠤᠯᠪᠤᠬᠳᠠᠯ ᠪᠦᠬᠦᠢ ᠰᠠᠯᠠᠭ᠎ᠠ ᠮᠦᠴᠢᠷ  ᠂ ᠳᠤᠬᠠᠢ  ᠶᠢᠨ ᠭᠠᠵᠠᠷ ᠲᠤ ᠰᠠᠭᠤᠭ᠎ᠠ ᠠᠵᠤ ᠠᠬᠤᠢᠢᠯᠡᠯ  ᠤᠨ ᠳᠦᠯᠦᠭᠡᠯᠡᠭᠴᠢ ᠠᠵᠢᠯᠯᠠᠭ᠎ᠠ ᠳᠤ ᠤᠷᠤᠯᠴᠠᠪᠠ  ᠃     10 ᠰᠠᠷ᠎ᠡ  ᠶᠢᠨ 16  ᠤ ᠡᠳᠦᠷ  ᠂ ︽ ᠬᠡᠪ ᠴᠢᠨᠡᠷ ᠢᠶᠠᠨ ᠳᠡᠭᠡᠭᠰᠢᠯᠡᠬᠦᠯᠦᠨ ᠴᠤᠬ ᠵᠢᠪᠬᠤᠭ᠎ᠠ ᠪᠠᠨ ᠢᠯᠡᠷᠡᠬᠦᠯᠵᠤ ᠡᠩᠨᠡᠭᠡ ᠪᠠᠨ ᠴᠢᠩᠭᠠᠳᠬᠠᠬᠤ  ︾ ᠪᠠᠷ ᠭᠤᠤᠯ ᠰᠡᠳᠦᠪ ᠢᠶᠠᠨ ᠪᠤᠯᠭᠠᠬᠰᠠᠨ ᠨᠠᠮ ᠪᠠᠶᠢᠭᠤᠯᠤᠬᠳᠠᠬᠰᠠᠨ 100 ᠵᠢᠯ  ᠤᠨ ᠤᠢ  ᠶᠢ ᠪᠡᠯᠬᠡᠯᠡᠬᠦ ᠵᠢᠴᠢ ᠳᠦᠷᠪᠡᠳᠦᠬᠡᠷ ᠬᠤᠭᠤᠴᠠᠭᠠᠨ  ᠤ ᠪᠦᠬᠦ ᠬᠤᠳᠠ  ᠶᠢᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ  ᠤᠨ ᠺᠠᠳ᠋ᠷ ᠠᠵᠢᠯᠳᠠᠨ  ᠤ ᠪᠡᠶ᠎ᠡ ᠳᠠᠮᠢᠷ  ᠤᠨ ᠴᠤᠬᠯᠠᠭᠠᠨ ᠵᠡᠬᠦᠨᠭᠠᠷ ᠬᠤᠰᠢᠭᠤᠨ ᠳᠤ ᠡᠬᠢᠯᠡᠪᠡ  ᠃ ᠬᠤᠰᠢᠭᠤᠨ  ᠤ ᠨᠠᠮ  ᠤᠨ ᠬᠤᠷᠢᠶᠡᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ  ᠂ ᠬᠤᠳᠠ  ᠶᠢᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ  ᠤᠨ ᠤᠳᠤᠷᠢᠳᠬᠤ ᠪᠠᠬ  ᠤᠨ ᠪᠦᠷᠢᠯᠳᠦᠬᠦᠨ  ᠂ ᠡᠯ᠎ᠡ ᠬᠤᠰᠢᠭᠤ ᠳᠤᠭᠤᠷᠢᠬ  ᠤᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ  ᠤᠨ ᠭᠤᠤᠯ ᠬᠠᠷᠢᠭᠤᠴᠠᠯᠭᠠᠳᠠᠨ ᠨᠡᠷ ᠠᠵᠢᠯᠯᠠᠭ᠎ᠠ ᠳᠤ ᠤᠷᠤᠯᠴᠠᠪᠠ  ᠃      10 ᠰᠠᠷ᠎ᠡ  ᠶᠢᠨ 19  ᠤ ᠡᠳᠦᠷ  ᠂ ᠬᠤᠳᠡ  ᠶᠢᠨ ᠨᠠᠮ  ᠤᠨ ᠬᠤᠷᠢᠶᠡᠨ  ᠤ ᠳᠡᠳ᠋ ᠱᠦᠵᠢ  ᠂ ᠬᠤᠳᠠ  ᠶᠢᠨ ᠤᠷᠤᠯᠠᠬᠴᠢ ᠳᠠᠷᠤᠭ᠎ᠠ  ᠂ ᠬᠤᠳᠠ  ᠶᠢᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ  ᠤᠨ ᠶᠡᠷᠦᠩᠬᠡᠢ ᠵᠢᠯᠤᠭᠤᠳᠤᠭᠴᠢ ᠳ᠋ᠦ᠋ ᠬᠤᠢ ᠯᠢᠶᠠᠩ ᠬᠤᠳᠠ  ᠶᠢᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ  ᠤᠨ 2021ᠤᠨ  ᠤ 15 ᠳ᠋ᠤᠭᠠᠷ ᠤᠳᠠᠭᠠᠨ  ᠤ ᠳᠤᠬᠢᠷᠠᠭᠤᠯᠤᠯᠳᠠ  ᠶᠢᠨ ᠬᠤᠷᠡᠯ  ᠢ ᠡᠷᠬᠢᠯᠡᠨ ᠬᠤᠷᠠᠯᠳᠤᠭᠤᠯᠪᠠ  ᠃ ᠬᠤᠷᠡᠯ  ᠢ ᠸᠢᠳᠢᠣ᠋ ᠬᠤᠷᠡᠯ  ᠤᠨ ᠬᠡᠯᠪᠡᠷᠢ ᠪᠠᠷ ᠬᠤᠷᠠᠯᠳᠤᠭᠤᠯᠵᠤ  ᠂ ᠬᠤᠰᠢᠭᠤᠨ  ᠤ ᠤᠳᠤᠷᠢᠳᠤᠯᠭ᠎ᠠ ᠰᠤᠷᠭᠠᠯᠳᠤ  ᠂ ᠷᠧᠨ ᡁᠢ ᠶᠤᠸᠠᠨ  ᠂ ᠵᠠᠩ ᠶᠠ ᠨᠠᠨ  ᠂ ᠵᠡᠬᠦᠨᠭᠠᠷ ᠠᠵᠤ ᠠᠬᠤᠢ  ᠶᠢᠨ ᠨᠡᠬᠡᠬᠡᠯᠳᠡ  ᠶᠢᠨ ᠤᠷᠤᠨ  ᠂ ᠳ᠋ᠠ ᠯᠦ ᠠᠵᠤ ᠦᠢᠯᠡᠳᠪᠦᠷᠢ  ᠶᠢᠨ ᠬᠦᠷᠢᠶᠡᠯᠡᠩ ᠳᠤᠭᠤᠷᠢᠬ  ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠵᠡᠬᠦᠨᠭᠠᠷ ᠬᠤᠰᠢᠭᠤᠨ  ᠳᠠᠬᠢ ᠬᠤᠪᠢᠶᠠᠷᠢ ᠬᠤᠷᠡᠯ  ᠤᠨ ᠳᠠᠯᠠᠪᠠᠢ ᠳᠤ ᠬᠤᠷᠡᠯ  ᠳᠤ ᠤᠷᠤᠯᠴᠠᠪᠠ  ᠃ ᠸᠢᠳᠢᠣ᠋ ᠬᠤᠷᠡᠯ  ᠤᠨ ᠳᠠᠷᠠᠭ᠎ᠠ  ᠂ ᠬᠤᠰᠢᠭᠤᠨ  ᠤ ᠨᠠᠮ  ᠤᠨ ᠬᠤᠷᠢᠶᠠᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠳᠠᠷᠤᠢ ᠳᠦᠷᠬᠡᠨ ᠬᠤᠷᠡᠯ ᠬᠤᠷᠠᠯᠳᠤᠭᠤᠯᠵᠤ  ᠂ ᠬᠤᠳᠠ  ᠶᠢᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ  ᠤᠨ 2021ᠤᠨ  ᠤ 15 ᠳ᠋ᠤᠭᠠᠷ ᠤᠳᠠᠭᠠᠨ  ᠤ ᠳᠤᠬᠢᠷᠠᠭᠤᠯᠤᠯᠳᠠ  ᠶᠢᠨ ᠬᠤᠷᠡᠯ  ᠤᠨ ᠵᠤᠷᠢᠬ ᠰᠠᠨᠠᠭ᠎ᠠ  ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢᠨ ᠬᠠᠮᠳᠤ ᠵᠡᠬᠦᠨᠭᠠᠷ ᠬᠤᠰᠢᠭᠤᠨ  ᠤ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠬᠤᠯᠪᠤᠬᠳᠠᠯ ᠪᠦᠬᠦᠢ ᠠᠵᠢᠯ  ᠢ ᠳᠤᠬᠢᠷᠠᠭᠤᠯᠤᠨ ᠪᠠᠶᠢᠷᠢᠯᠠᠭᠤᠯᠪᠠ  ᠃ ᠬᠤᠰᠢᠭᠤᠨ  ᠤ ᠤᠳᠤᠷᠢᠳᠤᠯᠭ᠎ᠠ ᠷᠧᠨ ᡁᠢ ᠶᠤᠸᠠᠨ  ᠂ ᠵᠠᠩ ᠶᠠ ᠨᠠᠨ  ᠂ ᠵᠡᠬᠦᠨᠭᠠᠷ ᠠᠵᠤ ᠠᠬᠤᠢ  ᠶᠢᠨ ᠨᠡᠬᠡᠬᠡᠯᠳᠡ  ᠶᠢᠨ ᠤᠷᠤᠨ  ᠂ ᠳ᠋ᠠ ᠯᠦ ᠠᠵᠤ ᠦᠢᠯᠡᠳᠪᠦᠷᠢ  ᠶᠢᠨ ᠬᠦᠷᠢᠶᠡᠯᠡᠩ ᠳᠤᠭᠤᠷᠢᠬ  ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ  ᠃      10 ᠰᠠᠷ᠎ᠡ  ᠶᠢᠨ 19  ᠤ ᠡᠳᠦᠷ  ᠂ ᠬᠤᠳᠠ  ᠶᠢᠨ ᠠᠷᠡᠳ  ᠤᠨ ᠳᠦᠯᠦᠭᠡᠯᠡᠭᠴᠢᠳ  ᠤᠨ ᠶᠡᠭᠡ ᠬᠤᠷᠡᠯ  ᠤᠨ ᠪᠠᠶᠢᠩᠭᠤ  ᠶᠢᠨ ᠬᠤᠷᠢᠶᠡᠨ  ᠤ ᠪᠠᠶᠢᠴᠠᠭᠠᠨ ᠰᠤᠳᠤᠯᠤᠯᠳᠠ  ᠶᠢᠨ ᠪᠦᠯᠬᠦᠮ ᠮᠠᠨ  ᠤ ᠬᠤᠰᠢᠭᠤᠨ ᠳᠤ ᠢᠷᠡᠵᠤ ᠠᠷᠡᠳ  ᠤᠨ ᠳᠦᠯᠦᠭᠡᠯᠡᠭᠴᠢᠳ  ᠤᠨ ᠶᠡᠭᠡ ᠬᠤᠷᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ ᠪᠠ ︽  ᠴᠠᠬᠢᠯᠭᠠᠨ ᠱᠠᠳᠤᠨ  ᠤ ᠠᠶᠤᠯ ᠦᠬᠡᠢ  ᠶᠢᠨ ᠬᠠᠮᠢᠶᠠᠷᠤᠯᠳᠡ  ᠶᠢᠨ ᠳᠦᠷᠢᠮ  ︾   ᠢ ᠳᠤᠬᠳᠠᠭᠠᠬᠤ ᠠᠵᠢᠯ ᠳᠤ ᠳᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠳᠠ ᠬᠢᠬᠦ  ᠶᠢᠨ ᠬᠠᠮᠳᠤ ᠰᠠᠭᠤᠳᠠᠯ  ᠤᠨ ᠬᠤᠷᠡᠯ ᠬᠢᠪᠠ  ᠃ ᠬᠤᠰᠢᠭᠤᠨ  ᠤ ᠠᠷᠡᠳ  ᠤᠨ ᠳᠦᠯᠦᠭᠡᠯᠡᠭᠴᠢᠳ  ᠤᠨ ᠶᠡᠭᠡ ᠬᠤᠷᠡᠯ  ᠤᠨ ᠪᠠᠶᠢᠩᠭᠤ  ᠶᠢᠨ ᠬᠤᠷᠢᠶᠡᠨ  ᠤ ᠳᠡᠳ᠋ ᠡᠷᠬᠢᠯᠡᠭᠴᠢ ᠳ᠋ᠦᠩ ᠪᠠᠨ ᠡᠦ  ᠂ ᠬᠤᠰᠢᠭᠤᠨ  ᠤ ᠳᠡᠳ᠋ ᠳᠠᠷᠤᠭ᠎ᠠ ᠵᠠᠩ ᠶᠠ ᠨᠠᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ  ᠂ ᠠᠵᠤ ᠠᠬᠤᠢᠢᠯᠡᠯ  ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ  ᠃      10 ᠰᠠᠷ᠎ᠠ  ᠶᠢᠨ 19  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠰᠤᠯᠠ ᠨᠡᠬᠦᠷᠡᠰᠦ ᠰᠢᠳᠠᠭᠠᠯᠳᠠ  ᠶᠢ ᠴᠡᠭᠴᠡᠯᠡᠨ ᠵᠠᠰᠠᠬᠤ ᠪᠠ ᠴᠡᠪᠡᠷ ᠡᠨᠧᠷᠬᠢ  ᠪᠠᠷ ᠳᠤᠯᠠᠭᠠᠯᠠᠯ ᠬᠠᠩᠭᠠᠬᠤ ᠳᠦᠬᠦᠬᠡᠷᠦᠮᠵᠢ  ᠶᠢ ᠳᠦᠬᠡᠮᠡᠯᠵᠢᠬᠦᠯᠬᠦ ᠠᠵᠢᠯ  ᠢ ᠪᠤᠳᠠᠳᠤ ᠭᠠᠵᠠᠷ ᠲᠤ ᠨᠢ ᠪᠠᠶᠢᠴᠠᠭᠠᠨ ᠰᠤᠳᠤᠯᠪᠠ  ᠃ ᠬᠤᠰᠢᠭᠤᠨ  ᠤ ᠳᠡᠳ᠋ ᠳᠠᠷᠤᠭ᠎ᠠ ᠸᠠᠩ ᠵᠢᠩ ᠯᠦᠩ ᠵᠢᠴᠢ ᠬᠤᠯᠪᠤᠬᠳᠠᠯ ᠪᠦᠬᠦᠢ ᠪᠠᠶᠢᠭᠤᠯᠭ᠎ᠠ ᠨᠢᠬᠡᠴᠢ  ᠶᠢᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ  ᠃      10 ᠰᠠᠷ᠎ᠡ  ᠶᠢᠨ 21  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠱᠦᠵᠢ ᠰᠤ᠋ ᠰᠢᠨ ᠶᠠ ᠵᠡᠬᠦᠨᠭᠠᠷ ᠠᠵᠤ ᠠᠬᠤᠢ  ᠶᠢᠨ ᠨᠡᠬᠡᠬᠡᠯᠳᠡ  ᠶᠢᠨ ᠤᠷᠤᠨ ᠳᠤ ᠬᠦᠨᠵᠡᠬᠡᠶᠢᠷᠡᠨ ᠴᠢᠬᠤᠯᠠ ᠳᠦᠷᠦᠯ ᠵᠦᠢᠯ  ᠤᠨ ᠪᠦᠳᠦᠬᠡᠨ ᠪᠠᠶᠢᠭᠤᠯᠤᠯᠳᠠ  ᠳᠤ ᠪᠠᠶᠢᠴᠠᠭᠠᠨ ᠰᠤᠳᠤᠯᠤᠯᠳᠠ ᠬᠢᠪᠠ  ᠃ ᠬᠤᠰᠢᠭᠤᠨ  ᠤ ᠤᠳᠤᠷᠢᠳᠤᠯᠭ᠎ᠠ ᠸᠠᠩ ᠢᠤᠢ ᠵᠢᠶᠧ  ᠂ ᠵᠤᠸᠠᠩ ᠰᠢᠤᠸᠠᠢ ᠱᠤᠸᠠᠩ  ᠂ ᠵᠡᠬᠦᠨᠭᠠᠷ ᠠᠵᠤ ᠠᠬᠤᠢ  ᠶᠢᠨ ᠨᠡᠬᠡᠬᠡᠯᠳᠡ  ᠶᠢᠨ ᠤᠷᠤᠨ ᠵᠢᠴᠢ ᠬᠤᠰᠢᠭᠤᠨ  ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ  ᠃      10 ᠰᠠᠷ᠎ᠡ  ᠶᠢᠨ 19  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠬᠤᠰᠢᠭᠤᠨ  ᠤ ᠠᠷᠡᠳ  ᠤᠨ ᠵᠠᠰᠠᠬ  ᠤᠨ ᠤᠷᠳᠤᠨ  ᠤ 2021ᠤᠨ  ᠤ 15 ᠳ᠋ᠤᠭᠠᠷ ᠤᠳᠠᠭ᠎ᠠ  ᠶᠢᠨ ᠪᠠᠶᠢᠩᠭᠤ  ᠶᠢᠨ ᠬᠤᠷᠡᠯ  ᠢ ᠡᠷᠬᠢᠯᠡᠨ ᠬᠤᠷᠠᠯᠳᠤᠭᠤᠯᠪᠠ  ᠃ ᠬᠤᠰᠢᠭᠤᠨ  ᠤ ᠤᠳᠤᠷᠢᠳᠤᠯᠭ᠎ᠠ ᠴᠢᠤᠢ ᠱᠦ ᠴᠢᠩ  ᠂ ᠷᠧᠨ ᡁᠢ ᠶᠤᠸᠠᠨ  ᠂ ᠸᠠᠩ ᠵᠢᠩ ᠯᠦᠩ  ᠂ ᠵᠤᠸᠠᠩ ᠰᠢᠤᠸᠠᠢ ᠱᠤᠸᠠᠩ  ᠂ ᠡᠦ ᠰᠢᠤᠢ ᠳ᠋ᠦᠩ  ᠂ ᠵᠠᠩ ᠶᠠ ᠨᠠᠨ  ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ  ᠃      10 ᠰᠠᠷ᠎ᠡ  ᠶᠢᠨ 25  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠱᠦᠵᠢ ᠰᠤ᠋ ᠰᠢᠨ ᠶᠠ 2021ᠤᠨ  ᠤ 8 ᠳ᠋ᠤᠭᠠᠷ ᠤᠳᠠᠭ᠎ᠠ  ᠶᠢᠨ ᠱᠦᠵᠢ ᠨᠡᠷ  ᠤᠨ ᠳᠤᠰᠬᠠᠢ ᠰᠡᠳᠦᠪᠳᠤ ᠬᠤᠷᠡᠯ  ᠢ ᠡᠷᠬᠢᠯᠡᠨ ᠬᠤᠷᠠᠯᠳᠤᠭᠤᠯᠪᠠ  ᠃ ᠬᠤᠰᠢᠭᠤᠨ  ᠤ ᠤᠳᠤᠷᠢᠳᠤᠯᠭ᠎ᠠ ᠯᠦ ᠵᠠᠨ ᠴᠢᠩ  ᠂ ᠰᠤᠷᠭᠠᠯᠳᠤ  ᠂ ᠯᠠᠨ ᠲᠢᠶᠡᠨ  ᠂ ᠸᠠᠩ ᠢᠤᠢ ᠵᠢᠶᠧ  ᠂ ᠴᠧᠨ ᠵᠢᠶᠧ  ᠂ ᠶᠠᠨ ᠹᠸᠢ  ᠂ ᠡᠦ ᠰᠢᠤᠢ ᠳ᠋ᠦᠩ  ᠂ ᠯᠢ ᠱᠤᠸᠠᠨ  ᠂ ᠭᠦᠸᠧ ᠶᠦᠩ ᠯᠢᠨ  ᠂ ᠶᠠᠩ ᡁᠢ  ᠂ ᠡᠯ᠎ᠡ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠂ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ  ᠃      10 ᠰᠠᠷ᠎ᠠ  ᠶᠢᠨ 25  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠮᠠᠨ  ᠤ ᠬᠤᠰᠢᠭᠤᠨ  ᠤ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠤᠷᠤᠨ ᠪᠦᠰᠡ ᠳᠤ ᠬᠦᠨᠵᠡᠬᠡᠶᠢᠷᠡᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠠᠵᠢᠯ  ᠢ ᠪᠠᠶᠢᠴᠠᠭᠠᠨ ᠰᠤᠳᠤᠯᠪᠠ  ᠃ ᠳᠡᠷᠡ ᠴᠢᠬᠤᠯᠠᠴᠢᠯᠠᠬᠤ ᠳᠠᠭᠠᠨ  ᠂ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠡᠯ᠎ᠡ ᠳᠦᠷᠦᠯ  ᠤᠨ ᠠᠵᠢᠯ  ᠢ ᠪᠤᠳᠠᠳᠠᠢ ᠴᠢᠩᠭ᠎ᠠ ᠪᠠᠷ ᠠᠳᠬᠤᠵᠤ  ᠂ ᠬᠢᠵᠢᠭ  ᠤᠨ ᠪᠠᠶᠢᠳᠠᠯ ᠨᠠᠪᠴᠢᠨ ᠤᠷᠤᠵᠤ ᠢᠷᠡᠬᠦ ᠠᠶᠤᠯ ᠳᠦᠭᠰᠢᠬᠦᠷᠢ  ᠶᠢ ᠴᠢᠩᠭ᠎ᠠ ᠰᠡᠷᠬᠡᠶᠢᠯᠡᠵᠤ  ᠂ ᠠᠶᠤᠯ ᠳᠦᠪᠰᠢᠨ  ᠤ ᠬᠠᠯᠬᠠᠪᠴᠢ  ᠶᠢ ᠪᠦᠬᠦ ᠳᠠᠯ᠎ᠠ ᠪᠠᠷ ᠴᠤᠬᠴᠠᠯᠠᠬᠤ ᠬᠡᠷᠡᠭᠳᠡᠢ ᠬᠡᠵᠡᠢ  ᠃      10 ᠰᠠᠷ᠎ᠡ  ᠶᠢᠨ 26  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠱᠦᠵᠢ ᠰᠤ᠋ ᠰᠢᠨ ᠶᠠ ᠬᠡᠰᠡᠭ ᠠᠭᠤᠷᠬᠠᠢ ᠳᠤ ᠬᠦᠨᠵᠡᠬᠡᠶᠢᠷᠡᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠪᠠ ᠨᠡᠬᠦᠷᠡᠰᠦᠨ  ᠤ ᠬᠠᠩᠭᠠᠯᠭ᠎ᠠ  ᠶᠢ ᠪᠠᠳᠤᠯᠠᠬᠤ ᠠᠵᠢᠯ  ᠳᠤ ᠪᠠᠶᠢᠴᠠᠭᠠᠨ ᠰᠤᠳᠤᠯᠤᠯᠳᠠ ᠬᠢᠪᠠ  ᠃ ᠬᠤᠰᠢᠭᠤᠨ  ᠤ ᠤᠳᠤᠷᠢᠳᠤᠯᠭ᠎ᠠ ᠸᠠᠩ ᠢᠤᠢ ᠵᠢᠶᠧ  ᠂ ᠵᠤᠸᠠᠩ ᠰᠢᠤᠸᠠᠢ ᠱᠤᠸᠠᠩ  ᠂ ᠵᠡᠬᠦᠨᠭᠠᠷ ᠵᠤᠤ ᠪᠠᠯᠭᠠᠰᠤ ᠵᠢᠴᠢ ᠬᠤᠰᠢᠭᠤᠨ  ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ  ᠃      10 ᠰᠠᠷ᠎ᠡ  ᠶᠢᠨ 26  ᠤ ᠡᠳᠦᠷ  ᠂ ᠪᠦᠬᠦ ᠬᠤᠳᠠ  ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ  ᠤᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠡᠳ᠋ ᠪᠠᠷᠠᠭᠠᠨ  ᠤ ᠪᠠᠳᠤᠯᠠᠭ᠎ᠠ  ᠶᠢᠨ ᠠᠵᠢᠯ  ᠤᠨ ᠳᠤᠬᠢᠷᠠᠭᠤᠯᠤᠯᠳᠠ  ᠶᠢᠨ ᠬᠤᠷᠡᠯ ᠬᠤᠷᠠᠯᠳᠤᠪᠠ  ᠃ ᠬᠤᠳᠠ  ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ  ᠤᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠡᠳ᠋ ᠪᠠᠷᠠᠭᠠᠨ  ᠤ ᠪᠠᠳᠤᠯᠠᠭ᠎ᠠ  ᠶᠢᠨ ᠠᠵᠢᠯ  ᠤᠨ ᠳᠤᠭᠤᠢᠢᠯᠠᠩ  ᠤᠨ ᠳᠠᠷᠤᠭ᠎ᠠ ᠬᠤᠸᠠᠩ ᠪᠦᠸᠧ ᠸᠧᠢ ᠬᠤᠷᠡᠯ ᠳᠤ ᠤᠷᠤᠯᠴᠠᠬᠰᠠᠨ ᠪᠦᠬᠡᠳ ᠶᠠᠷᠢᠶ᠎ᠡ ᠳᠠᠯᠪᠢᠪᠠ  ᠃ ᠬᠤᠰᠢᠭᠤᠨ  ᠤ ᠳᠡᠳ᠋ ᠳᠠᠷᠤᠭ᠎ᠠ ᠵᠠᠩ ᠶᠠ ᠨᠠᠨ  ᠂ ᠬᠤᠰᠢᠭᠤᠨ  ᠤ ᠰᠢᠨ᠎ᠡ ᠲᠢᠳᠢᠮᠯᠢᠭ ᠠᠭᠤᠰᠬᠢᠨ ᠦᠷᠪᠢᠰᠤᠯ  ᠤᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠡᠳ᠋ ᠪᠠᠷᠠᠭᠠᠨ  ᠤ ᠪᠠᠳᠤᠯᠠᠭ᠎ᠠ  ᠶᠢᠨ ᠠᠵᠢᠯ  ᠤᠨ ᠪᠦᠷᠢᠯᠳᠦᠬᠦᠨ ᠨᠢᠬᠡᠴᠢ  ᠶᠢᠨ ᠬᠠᠷᠢᠭᠤᠴᠠᠯᠭᠠᠳᠠᠨ ᠵᠠᠬᠦᠨᠭᠠᠷ ᠬᠤᠰᠢᠭᠤᠨ  ᠳᠠᠬᠢ ᠬᠤᠪᠢᠶᠠᠷᠢ ᠬᠤᠷᠡᠯ  ᠤᠨ ᠳᠠᠯᠠᠪᠠᠢ ᠳᠤ ᠬᠤᠷᠡᠯ ᠳᠤ ᠤᠷᠤᠯᠴᠠᠪᠠ  ᠃      10 ᠰᠠᠷ᠎ᠡ  ᠶᠢᠨ 27  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠱᠦᠵᠢ ᠰᠤ᠋ ᠰᠢᠨ ᠶᠠ ᠠᠷᠪᠠᠨ ᠵᠢᠷᠭᠤᠳᠤᠭᠠᠷ ᠬᠤᠭᠤᠴᠠᠭᠠᠨ  ᠤ ᠬᠤᠰᠢᠭᠤᠨ  ᠤ ᠨᠠᠮ  ᠤᠨ ᠬᠤᠷᠢᠶᠡᠨ  ᠤ ᠪᠠᠶᠢᠩᠭᠤ  ᠶᠢᠨ ᠬᠤᠷᠢᠶᠡᠨ  ᠤ 8 ᠳ᠋ᠤᠭᠠᠷ ᠤᠳᠠᠭ᠎ᠠ  ᠶᠢᠨ ᠬᠤᠷᠡᠯ ᠵᠢᠴᠢ ᠬᠤᠰᠢᠭᠤᠨ  ᠤ ᠨᠠᠮ  ᠤᠨ ᠬᠤᠷᠢᠶᠡᠨ  ᠤ ᠨᠠᠮ  ᠤᠨ ᠪᠠᠶᠢᠭᠤᠯᠤᠯᠳᠠ  ᠶᠢᠨ ᠠᠵᠢᠯ  ᠤᠨ ᠤᠳᠤᠷᠢᠳᠬᠤ ᠳᠤᠭᠤᠢᠢᠯᠠᠩ  ᠤᠨ ᠬᠤᠷᠡᠯ  ᠂ ᠬᠤᠰᠢᠭᠤᠨ  ᠤ ᠨᠠᠮ  ᠤᠨ ᠬᠤᠷᠢᠶᠡᠨ  ᠤ ᠤᠷᠤᠨ ᠳᠤᠭ᠎ᠠ  ᠶᠢᠨ ᠵᠦᠪᠯᠡᠯ  ᠤᠨ 2021ᠤᠨ  ᠤ 3 ᠳ᠋ᠤᠭᠠᠷ ᠤᠳᠠᠭ᠎ᠠ  ᠶᠢᠨ ᠬᠤᠷᠡᠯ  ᠢ ᠡᠷᠬᠢᠯᠡᠨ ᠬᠤᠷᠠᠯᠳᠤᠭᠤᠯᠪᠠ  ᠃ ᠬᠤᠰᠢᠭᠤᠨ  ᠤ ᠤᠳᠤᠷᠢᠳᠤᠯᠭ᠎ᠠ ᠯᠦ ᠵᠠᠨ ᠴᠢᠩ  ᠂ ᠰᠤᠷᠭᠠᠯᠳᠤ  ᠂ ᠯᠠᠨ ᠲᠢᠶᠡᠨ  ᠂ ᠵᠢᠶᠤᠤ ᠵᠢᠩ  ᠂ ᠳᠠᠩ ᠳᠠᠯᠠᠢ  ᠂ ᠴᠢᠶᠤᠤ ᡁᠢ ᠫᠢᠩ  ᠂ ᠯᠢ ᠶᠤᠤ ᠵᠢᠶᠦ᠋ᠨ  ᠂ ᠸᠠᠩ ᠢᠤᠢ ᠵᠢᠶᠧ  ᠂ ᠵᠡᠬᠦᠨᠭᠠᠷ ᠠᠵᠤ ᠠᠬᠤᠢ  ᠶᠢᠨ ᠨᠡᠬᠡᠬᠡᠯᠳᠡ  ᠶᠢᠨ ᠤᠷᠤᠨ  ᠂ ᠳ᠋ᠠ ᠯᠦ ᠨᠡᠬᠦᠷᠡᠰᠦ ᠬᠢᠮᠢ  ᠶᠢᠨ ᠠᠵᠤ ᠦᠢᠯᠡᠳᠪᠦᠷᠢ  ᠶᠢᠨ ᠰᠠᠭᠤᠷᠢᠨ ᠭᠠᠵᠠᠷ  ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠵᠢᠴᠢ ᠬᠤᠰᠢᠭᠤᠨ  ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ  ᠃      10 ᠰᠠᠷ᠎ᠡ  ᠶᠢᠨ 27  ᠤ ᠡᠳᠦᠷ  ᠂ ᠬᠤᠳᠠ  ᠶᠢᠨ ᠳᠡᠳ᠋ ᠳᠠᠷᠤᠭ᠎ᠠ ᠯᠢᠦ ᠹᠸᠡᠭ ᠶᠦᠨ ᠵᠡᠬᠦᠨᠭᠠᠷ ᠬᠤᠰᠢᠭᠤᠨ ᠳᠤ ᠬᠦᠨᠵᠡᠬᠡᠶᠢᠷᠡᠨ ᠤᠯᠤᠰ  ᠂ ᠦᠪᠡᠷᠳᠡᠬᠡᠨ ᠵᠠᠰᠠᠬᠤ ᠤᠷᠤᠨ  ᠂ ᠬᠤᠳᠠ  ᠶᠢᠨ ᠨᠡᠬᠦᠷᠡᠰᠦᠨ  ᠤ ᠬᠠᠩᠭᠠᠯᠭ᠎ᠠ  ᠶᠢ ᠪᠠᠳᠤᠯᠠᠵᠤ ᠦᠨ᠎ᠡ ᠬᠠᠩᠰᠢ  ᠶᠢ ᠳᠤᠬᠳᠠᠪᠤᠷᠢᠵᠢᠭᠤᠯᠬᠤ  ᠂ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ  ᠂ ᠠᠶᠤᠯ ᠦᠬᠡᠢ ᠦᠢᠯᠡᠳᠪᠦᠷᠢᠯᠡᠯ ᠵᠡᠷᠬᠡ ᠬᠤᠷᠡᠯ  ᠤᠨ ᠵᠤᠷᠢᠬ ᠰᠠᠨᠠᠭ᠎ᠠ  ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠳᠠ ᠬᠢᠪᠠ  ᠃ ᠬᠤᠳᠠ  ᠶᠢᠨ ᠵᠠᠰᠠᠬ  ᠤᠨ ᠤᠷᠳᠤᠨ  ᠤ ᠨᠠᠷᠢᠨ ᠪᠢᠴᠢᠭ  ᠤᠨ ᠳᠡᠳ᠋ ᠳᠠᠷᠤᠭ᠎ᠠ ᠶᠢᠨ ᠵᠠᠨ ᠢ  ᠂ ᠬᠤᠰᠢᠭᠤᠨ  ᠤ ᠨᠠᠮ  ᠤᠨ ᠬᠤᠷᠢᠶᠡᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠪᠠᠷ᠎ᠡ ᠪᠤᠯᠪᠠ  ᠃      10 ᠰᠠᠷ᠎ᠠ  ᠶᠢᠨ 27  ᠤ ᠡᠳᠦᠷ  ᠂ ᠵᠡᠬᠦᠨᠭᠠᠷ ᠬᠤᠰᠢᠭᠤᠨ  ᠤ ᠨᠡᠬᠦᠷᠡᠰᠦᠨ  ᠤ ᠬᠠᠩᠭᠠᠯᠭ᠎ᠠ  ᠶᠢ ᠪᠠᠳᠤᠯᠠᠵᠤ ᠦᠨ᠎ᠡ ᠬᠠᠩᠰᠢ  ᠶᠢ ᠳᠤᠬᠳᠠᠪᠤᠷᠢᠵᠢᠭᠤᠯᠬᠤ ᠠᠵᠢᠯ  ᠤᠨ ᠬᠤᠷᠡᠯ ᠬᠤᠷᠠᠯᠳᠤᠪᠠ  ᠃ ᠬᠤᠰᠢᠭᠤᠨ  ᠤ ᠳᠡᠳ᠋ ᠳᠠᠷᠤᠭ᠎ᠠ ᠵᠤᠸᠠᠩ ᠰᠢᠤᠸᠠᠢ ᠱᠤᠸᠠᠩ  ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠵᠢᠴᠢ ᠨᠡᠬᠦᠷᠡᠰᠦᠨ ᠳᠤ ᠬᠤᠯᠪᠤᠬᠳᠠᠬᠰᠠᠨ ᠡᠯ᠎ᠡ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠤᠨ ᠬᠠᠷᠢᠭᠤᠴᠠᠯᠭᠠᠳᠠᠨ  ᠂ ᠡᠯ᠎ᠡ ᠨᠡᠬᠦᠷᠡᠰᠦᠨ  ᠤ ᠠᠵᠤ ᠠᠬᠤᠢᠢᠯᠡᠯ  ᠂ ᠨᠡᠬᠦᠷᠡᠰᠦ ᠤᠬᠢᠶᠠᠬᠤ ᠦᠢᠯᠡᠳᠪᠦᠷᠢ  ᠂ ᠨᠡᠬᠦᠷᠡᠰᠦᠨ  ᠤ ᠦᠢᠯᠡᠳᠪᠦᠷᠢ  ᠶᠢᠨ ᠭᠤᠤᠯ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ  ᠃      10 ᠰᠠᠷ᠎ᠡ  ᠶᠢᠨ 28  ᠤ ᠡᠳᠦᠷ  ᠂ ᠬᠤᠰᠢᠭᠤᠨ  ᠤ ᠨᠠᠮ  ᠤᠨ ᠬᠤᠷᠢᠶᠡᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠰᠢᠨ᠎ᠡ ᠨᠡᠮᠡᠨ ᠳᠤᠬᠢᠷᠠᠭᠤᠯᠤᠬᠰᠠᠨ ᠬᠢᠵᠢᠭ  ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠳᠦᠪᠯᠡᠷᠡᠬᠦᠯᠦᠨ ᠳᠤᠰᠭᠠᠷᠯᠠᠬᠤ ᠴᠡᠭ ᠵᠡᠷᠬᠡ ᠪᠡᠯᠡᠳᠬᠡᠯ ᠠᠵᠢᠯ  ᠤᠨ ᠪᠠᠶᠢᠳᠠᠯ  ᠢ ᠪᠤᠳᠠᠳᠤ ᠭᠠᠵᠠᠷ ᠲᠤ ᠨᠢ ᠪᠠᠶᠢᠴᠠᠭᠠᠨ ᠰᠤᠳᠤᠯᠪᠠ  ᠃ ᠬᠤᠰᠢᠭᠤᠨ  ᠤ ᠤᠳᠤᠷᠢᠳᠤᠯᠭ᠎ᠠ ᠷᠧᠨ ᡁᠢ ᠶᠤᠸᠠᠨ  ᠂ ᠵᠠᠩ ᠶᠠ ᠨᠠᠨ  ᠂ ᠬᠤᠰᠢᠭᠤᠨ  ᠤ ᠡᠷᠡᠬᠦᠯ ᠬᠠᠮᠠᠭᠠᠯᠠᠯ ᠡᠷᠡᠬᠦᠯ ᠮᠡᠨᠳᠦ  ᠶᠢᠨ ᠵᠦᠪᠯᠡᠯ  ᠂ ᠳᠤᠳᠤᠭᠠᠳᠤ  ᠶᠢ ᠬᠠᠮᠠᠭᠠᠯᠠᠬᠤ ᠳᠤᠪᠴᠢᠶ᠎ᠡ  ᠂ ᠬᠤᠳᠠ  ᠶᠢᠨ ᠵᠠᠬ᠎ᠠ ᠳᠡᠯᠬᠡᠬᠦᠷ  ᠤᠨ ᠬᠢᠨᠠᠯᠳᠠ ᠬᠠᠮᠢᠶᠠᠷᠤᠯᠳᠡ  ᠶᠢᠨ ᠳᠤᠪᠴᠢᠶ᠎ᠡ  ᠶᠢᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ  ᠃
ᠢᠷᠡᠯᠲᠡ᠄ ᠲᠤᠰ ᠰᠦᠯᠵᠢᠶ᠎ᠡ