ᠵᠡᠬᠦᠠᠭᠠᠷ ᠵᠠᠰᠠᠭ ᠠᠯᠪᠠᠨ ᠲᠠᠷᠬᠠᠭᠠᠭᠰᠠᠨ ﹇2021﹈  56  ᠲᠣᠭᠠᠲᠤ
ᠨᠡᠶᠢᠲᠡᠯᠡᠭᠰᠡᠨ ᠴᠠᠭ᠄
2021/12/29
 ︽ᠵᠡᠭᠦᠨᠭᠠᠷ ᠬᠤᠰᠢᠭᠤᠨ ᠤ ᠤᠤᠭᠤᠬᠤ ᠤᠰᠤᠨ ᠤ ᠠᠮᠤᠷ ᠲᠦᠪᠰᠢᠨ ᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ     ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ  ᠤᠷᠤᠨ ᠤ ᠬᠠᠮᠢᠶᠠᠷᠤᠯᠲᠠ ᠶᠢᠨ ᠵᠥᠪᠯᠡᠯ᠂  ᠳ᠋ᠠ ᠯᠤ᠋ ᠨᠡᠭᠦᠷᠡᠰᠦ ᠬᠢᠮᠢ ᠶᠢᠨ ᠠᠵᠤ  ᠤᠶᠢᠯᠡᠳᠪᠤᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ  ᠨᠢᠭᠡᠴᠢ᠂ ᠡᠯ᠎ᠡ ᠲᠣᠮᠣ ᠠᠵᠤ ᠠᠬᠤᠶᠢᠯᠠᠯ ᠳᠤ᠄     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠡᠭᠦᠨᠭᠠᠷ ᠬᠤᠰᠢᠭᠤᠨ ᠤ ᠤᠤᠭᠤᠬᠤ ᠤᠰᠤᠨ ᠤ ᠠᠮᠤᠷ ᠲᠦᠪᠰᠢᠨ ᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ  ᠳᠤᠭᠤᠰᠢᠯᠠᠭᠤᠯᠤᠨ ᠬᠡᠷᠡᠭᠵᠢᠭᠦᠯᠲᠦᠭᠡᠶ᠃                                    ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                    2021 ᠣᠨ ᠤ 9 ᠰᠠᠷ᠎ᠠ ᠶᠢᠨ 3 ᠤ ᠡᠳᠤᠷ             ᠵᠡᠭᠦᠨᠭᠠᠷ ᠬᠤᠰᠢᠭᠤᠨ ᠤ  ᠤᠤᠭᠤᠬᠤ ᠤᠰᠤᠨ ᠤ ᠠᠮᠤᠷ ᠲᠦᠪᠰᠢᠨ  ᠤ ᠴᠡᠭᠴᠡᠯᠡᠨ ᠰᠠᠶᠢᠵᠢᠷᠠᠭᠤᠯᠬᠤ ᠲᠥᠰᠦᠯ        ᠮᠠᠨ ᠤ ᠬᠤᠰᠢᠭᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠲᠣᠰ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ  ᠱᠠᠯᠠᠪᠳᠠᠭᠤᠯᠤᠬᠰᠠᠨ ᠪᠠᠶᠢᠴᠠᠭᠠᠯᠲᠠ ᠶᠢᠨ ᠲᠠᠪᠤᠳᠤᠭᠠᠷ  ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠬᠥᠳᠡᠭᠡ ᠲᠣᠰᠬᠤᠨ ᠤ ᠤᠤᠭᠤᠬᠤ ᠤᠰᠤᠨ ᠤ ᠠᠰᠠᠭᠤᠳᠠᠯ  ᠢ ᠲᠡᠷᠡ ᠳᠠᠷᠤᠶ ᠳᠤᠨᠢ  ᠴᠡᠭᠴᠡᠯᠡᠨ ᠰᠠᠶᠢᠵᠢᠷᠠᠭᠤᠯᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂  ᠳᠤᠤᠷᠠᠬᠢ ᠮᠡᠳᠤ ᠭᠡᠷᠡᠭᠵᠢᠬᠦᠯᠬᠦ ᠳᠦᠰᠤᠯ ᠢ ᠳᠤᠬᠳᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ  ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ︽ᠳᠣᠯᠣᠭᠠᠨ ᠰᠠᠷ᠎ᠠ ᠶᠢᠨ ᠨᠢᠭᠡᠨ ︾ ᠤ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ  ᠵᠤᠶᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠬᠤᠰᠢᠭᠤᠨ ᠳᠤ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠡᠷᠡᠭᠳᠡᠢ᠃ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠨᠢᠭᠡ ᠠᠴᠠ ᠵᠤᠶᠢᠴᠢᠯᠡᠨ ᠨᠦᠬᠦᠭᠡ ᠶᠢ ᠮᠡᠳᠡᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ  ᠱᠠᠯᠠᠪᠳᠠᠭᠤᠯᠤᠬᠰᠠᠨ ᠪᠠᠶᠢᠴᠠᠭᠠᠯᠲᠠ ᠶᠢᠨ ᠲᠠᠪᠤᠳᠤᠭᠠᠷ  ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ  ᠪᠠᠳᠤᠯᠠᠬᠤ ᠭᠡᠷᠡᠭᠳᠡᠢ᠃    ᠬᠤᠶᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ    ︵ᠨᠢᠭᠡ︶ ᠤᠰᠤ ᠬᠠᠩᠭᠠᠬᠤ  ᠪᠠᠷᠢᠯᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠵᠢᠯᠯᠠᠭᠠᠨ ᠤ ᠣᠳᠣᠬᠢ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠎ᠡ᠃ ᠪᠦᠬᠦ ᠬᠤᠰᠢᠭᠤᠨ ᠤ ᠬᠡᠪᠴᠢᠶᠡᠨ  ᠳᠠᠬᠢ ᠪᠠᠶᠢᠩᠭᠤ ᠰᠠᠭᠤᠭ᠎ᠠ ᠡᠷᠦᠬᠡ ᠶᠢᠨ  ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ ᠨᠡᠶᠢᠳᠡᠮ ᠪᠠᠶᠢᠴᠠᠭᠠᠵᠤ᠂ ᠤᠰᠤ ᠬᠠᠩᠭᠠᠬᠤ ᠤᠰᠤᠨ  ᠰᠤᠷᠪᠤᠯᠵᠢ ᠶᠢᠨ ᠤᠰᠤᠨ ᠤ ᠬᠡᠮᠵᠢᠶ᠎ᠡ  ᠬᠦᠢᠴᠡᠳ ᠪᠠᠶᠢᠬᠤ ᠡᠰᠡᠬᠦ᠂ ᠤᠰᠤ ᠬᠠᠩᠭᠠᠬᠤ ᠬᠤᠭᠤᠯᠠᠶ ᠲᠣᠤᠷ ᠵᠢᠴᠢ ᠢᠵᠢ ᠪᠥᠷᠢᠳᠦᠭᠦᠯᠬᠦ  ᠳᠦᠬᠦᠭᠡᠷᠤᠮᠵᠢ ᠶᠢᠨ ᠠᠵᠢᠯᠯᠠᠭᠠᠨ ᠬᠡᠪ ᠤᠨ ᠪᠠᠶᠢᠬᠤ ᠡᠰᠡᠬᠦ᠂ ᠤᠯᠠᠷᠢᠯ ᠤᠨ ᠴᠢᠨᠠᠷᠲᠠᠶ ᠤᠰᠤ ᠳᠤᠲᠠᠭᠳᠠᠬᠤ ᠭᠠᠵᠠᠷ ᠣᠷᠣᠨ ᠣᠷᠣᠰᠢᠵᠤ ᠪᠠᠶᠢᠬᠤ ᠡᠰᠡᠬᠦ᠂ ᠤᠰᠤᠨ ᠤ ᠴᠢᠨᠠᠷ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂  ᠰᠢᠢᠳᠪᠤᠷᠢᠯᠡᠬᠦ ᠲᠥᠰᠦᠯ ᠲᠣᠭᠲᠠᠭᠠᠨ᠂ ᠠᠰᠠᠭᠤᠳᠠᠯ ᠢ ᠪᠦᠲᠦᠮᠵᠢᠲᠡᠶ  ᠰᠢᠢᠳᠪᠤᠷᠢᠯᠡᠨ᠎ᠠ᠃    ︵ᠬᠤᠶᠠᠷ︶ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠡᠷᠪᠡ ᠤᠰᠤᠨ  ᠰᠤᠷᠪᠤᠯᠵᠢ ᠶᠢᠨ ᠬᠤᠳᠳᠤᠭ ᠤᠨ ᠤᠰᠤᠨ ᠤ ᠬᠡᠮᠵᠢᠶ᠎ᠡ ᠬᠦᠷᠦᠯᠴᠡᠬᠦ ᠦᠭᠡᠢ ᠠᠰᠠᠭᠤᠳᠠᠯ ᠣᠷᠣᠰᠢᠵᠤ ᠪᠠᠶᠢᠪᠠᠯ᠂ ᠴᠠᠭ ᠲᠤᠬᠠᠶ ᠳᠤᠨᠢ ᠤᠢᠢᠷ᠎ᠠ ᠬᠠᠪᠢ ᠶᠢᠨ ᠤᠰᠤᠨ ᠰᠤᠷᠪᠤᠯᠵᠢ ᠲᠠᠢ ᠬᠦᠷᠦᠯᠴᠡᠭᠦᠯᠬᠦ ᠪᠤᠶᠤ ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠪᠠᠶᠢᠭᠤᠯᠬᠤ ᠠᠷᠭ᠎ᠠ ᠶᠢ ᠠᠪᠤᠨ᠎ᠠ︔ ᠤᠰᠤ ᠬᠠᠩᠭᠠᠬᠤ ᠭᠤᠤᠯ  ᠬᠤᠭᠤᠯᠠᠢ ᠲᠣᠤᠷ ᠲᠤ  ᠤᠳᠠᠵᠤ ᠬᠠᠭᠤᠴᠢᠷᠠᠬᠰᠠᠨ᠂ ᠬᠡᠪ ᠤᠨ ᠪᠠᠶᠢᠳᠠᠯ ᠢᠶᠠᠷ ᠠᠵᠢᠯᠯᠠᠵᠤ ᠳᠡᠶᠢᠯᠬᠦ ᠥᠬᠡᠶ ᠪᠤᠯᠤᠬᠰᠠᠨ ᠵᠡᠷᠭᠡ ᠠᠰᠠᠭᠤᠳᠠᠯ  ᠢᠯᠡᠷᠡᠪᠡᠯ᠂ ᠴᠠᠭ ᠲᠤᠬᠠᠶ ᠳᠤᠨᠢ ᠰᠡᠯᠪᠢᠨ ᠵᠠᠰᠠᠵᠤ  ᠰᠤᠯᠢᠨ᠎ᠠ︔  ᠪᠤᠳᠠᠳᠤ ᠭᠠᠵᠠᠷ ᠤᠨ ᠪᠠᠶᠢᠳᠠᠯ ᠢ ᠦᠨᠳᠦᠰᠦᠯᠡᠨ ᠲᠥᠪᠯᠡᠷᠡᠭᠦᠯᠦᠨ ᠤᠰᠤ ᠬᠠᠩᠭᠠᠬᠤ ᠶᠢ ᠬᠠᠮᠤᠷᠤᠭᠰᠠᠨ ᠥᠬᠡᠶ ᠭᠠᠵᠠᠷ ᠲᠤ ᠬᠤᠭᠤᠯᠠᠶ ᠲᠣᠤᠷ ᠢ ᠤᠷᠲᠤᠳᠬᠠᠨ᠎ᠠ︔ ᠤᠰᠤᠨ ᠤ ᠴᠢᠨᠠᠷ ᠨᠢ ᠪᠠᠷᠢᠮᠵᠢᠶ᠎ᠠ ᠳᠤ ᠬᠥᠷᠬᠦ ᠥᠬᠡᠶ ᠭᠠᠵᠠᠷ ᠣᠷᠣᠨ ᠨᠢ ᠭᠠᠵᠠᠷ ᠣᠷᠣᠨ ᠤ ᠪᠠᠶᠢᠳᠠᠯ  ᠳᠠᠭᠠᠨ ᠳᠣᠭᠢᠷᠠᠭᠤᠯᠤᠨ᠂ ᠤᠰᠤᠨ  ᠰᠤᠷᠪᠤᠯᠵᠢ ᠶᠢᠨ ᠬᠤᠳᠳᠤᠭ ᠢ ᠰᠣᠯᠢᠬᠤ ᠪᠤᠶᠤ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ  ᠰᠢᠢᠳᠪᠤᠷᠢᠯᠡᠨ᠎ᠠ︔ ᠳᠠᠷᠠᠭ᠎ᠠ ᠳᠤᠨᠢ ᠡᠷᠤᠭᠡ ᠳᠤ ᠣᠷᠣᠬᠤ ᠬᠤᠭᠤᠯᠠᠶ ᠶᠢᠨ ᠠᠰᠠᠭᠤᠳᠠᠯ᠂ ᠤᠰᠤᠨ ᠤ  ᠰᠤᠶᠢᠳᠭᠡᠯ ᠲᠤᠰᠢᠶᠠᠬᠤ ᠵᠢᠴᠢ ᠬᠤᠪᠢ ᠬᠥᠮᠦᠨ ᠤ ᠵᠢᠭᠤᠷᠠᠯᠳᠤᠭᠠᠨ ᠠᠴᠠ ᠪᠣᠯᠵᠣ ᠤᠰᠤ ᠬᠡᠷᠡᠭᠯᠡᠬᠦ ᠡᠷᠦᠬᠡ ᠬᠡᠪ ᠤᠨ ᠪᠠᠶᠢᠳᠠᠯ ᠢᠶᠠᠷ ᠤᠰᠤ  ᠤᠤᠭᠤᠵᠤ ᠳᠡᠶᠢᠯᠬᠦ ᠥᠬᠡᠶ ᠪᠣᠯᠤᠭᠰᠠᠨ ᠪᠠᠶᠢᠳᠠᠯ ᠣᠷᠣᠰᠢᠵᠤ ᠪᠠᠶᠢᠪᠠᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠤᠯᠪᠤᠬᠳᠠᠯ ᠪᠥᠬᠦᠶ  ᠨᠢᠭᠡᠴᠢ ᠵᠢᠴᠢ ᠬᠤᠪᠢ ᠬᠥᠮᠦᠨ ᠢ ᠬᠠᠪᠰᠤᠷᠤᠨ ᠴᠠᠭ ᠲᠤᠬᠠᠶ ᠳᠤᠨᠢ  ᠰᠢᠢᠳᠪᠤᠷᠢᠯᠡᠨ ᠦᠭᠴᠤ᠂ ᠲᠣᠰᠬᠤᠨ ᠤ ᠠᠷᠠᠳ ᠤᠨ ᠬᠡᠪ ᠤᠨ ᠪᠠᠶᠢᠳᠠᠯ ᠢᠶᠠᠷ ᠤᠰᠤ ᠬᠡᠷᠡᠭᠯᠡᠬᠦ ᠳᠤ ᠪᠠᠲᠤᠯᠠᠭ᠎ᠠ ᠬᠠᠩᠭᠠᠨ᠎ᠠ︔ ᠤᠯᠠᠷᠢᠯ ᠤᠨ ᠴᠢᠨᠠᠷᠲᠠᠶ ᠤᠰᠤ ᠳᠤᠲᠠᠭᠳᠠᠬᠤ ᠠᠰᠠᠭᠤᠳᠠᠯ ᠭᠠᠷᠪᠠᠯ᠂ ᠪᠠᠴᠢᠮ ᠪᠠᠶᠢᠳᠠᠯ ᠢ  ᠠᠷᠭᠠᠴᠠᠭᠠᠬᠤ ᠤᠰᠤ ᠬᠠᠩᠭᠠᠬᠤ ᠲᠣᠭᠲᠠᠴᠠ ᠶᠢᠨ ᠶᠣᠰᠣᠭᠠᠷ᠂ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠪᠠᠴᠢᠮ ᠪᠠᠶᠢᠳᠠᠯ ᠢ  ᠠᠷᠭᠠᠴᠠᠭᠠᠬᠤ ᠤᠰᠤ ᠬᠠᠩᠭᠠᠨ᠎ᠠ᠃    ︵ᠭᠤᠷᠪᠠ︶ ᠤᠰᠤ ᠬᠠᠩᠭᠠᠬᠤ  ᠪᠠᠷᠢᠯᠭ᠎ᠠ ᠶᠢᠨ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠵᠦ᠂ ᠤᠰᠤ ᠬᠠᠩᠭᠠᠬᠤ  ᠪᠠᠷᠢᠯᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠢ ᠪᠠᠲᠤᠯᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ  ᠭᠡᠷᠡᠭ ᠡᠷᠬᠢᠯᠡᠬᠦ ᠭᠠᠵᠠᠷ ᠤᠰᠤ ᠬᠠᠩᠭᠠᠬᠤ  ᠪᠠᠷᠢᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠠᠵᠢᠯᠯᠠᠭᠠᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠤᠰᠤ ᠬᠠᠩᠭᠠᠬᠤ  ᠪᠠᠷᠢᠯᠭ᠎ᠠ ᠶᠢᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠠᠵᠢᠯ ᠢ ᠲᠠᠰᠤᠷᠠᠯᠲᠠ ᠥᠬᠡᠶ ᠴᠢᠩᠭᠠᠳᠬᠠᠨ ᠂ ᠰᠠᠶᠢᠨ ᠣᠷᠴᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠶᠢ ᠠᠬᠢᠭᠤᠯᠵᠤ᠂ ᠡᠳᠦᠷ ᠲᠤᠲᠤᠮ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠤᠨ ᠰᠢᠯᠲᠠᠭᠠᠨ ᠢ ᠳᠣᠲᠣᠯᠠᠵᠤ᠂ ᠲᠡᠷᠡ ᠳᠠᠷᠤᠶ ᠳᠤᠨᠢ  ᠴᠡᠭᠴᠡᠯᠡᠨ ᠰᠠᠶᠢᠵᠢᠷᠠᠭᠤᠯᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠴᠢᠭᠯᠡᠭᠦᠯᠬᠦ ᠴᠢᠨᠠᠷᠲᠠᠶ ᠪᠠᠷ ᠠᠷᠭ᠎ᠠ ᠬᠡᠮᠵᠢᠶ᠎ᠡ ᠲᠣᠭᠲᠠᠭᠠᠵᠤ ᠪᠠᠶᠢᠭᠠᠳ ᠬᠥᠳᠡᠭᠡ ᠲᠣᠰᠬᠤᠨ ᠤ ᠠᠮᠤᠷ ᠲᠦᠪᠰᠢᠨ ᠤᠤᠭᠤᠬᠤ ᠤᠰᠤᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ  ᠪᠠᠳᠤᠯᠠᠨ᠎ᠠ᠃    ᠭᠤᠷᠪᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠪᠡᠶᠡᠯᠡᠭᠦᠯᠬᠦ ᠴᠠᠭ ᠤᠨ  ᠬᠢᠵᠠᠭᠠᠷᠯᠠᠯ    ᠡᠯ᠎ᠡ ᠰᠤᠮᠤ ᠰᠢᠶᠠᠩ ᠪᠠᠯᠭᠠᠰᠤ  ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠬᠠᠷᠢᠶᠠᠨ ᠳᠠᠬᠢ ᠠᠰᠠᠭᠤᠳᠠᠯ ᠲᠠᠢ ᠤᠰᠤ ᠬᠠᠩᠭᠠᠬᠤ ᠪᠠᠲᠤᠯᠠᠭ᠎ᠠ ᠶᠢᠨ  ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠤᠰᠤ ᠬᠠᠩᠭᠠᠬᠤ ᠬᠤᠭᠤᠯᠠᠶ ᠲᠣᠤᠷ ᠢ ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠬᠤ᠂ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ᠂ ᠤᠰᠤ ᠬᠠᠩᠭᠠᠬᠤ ᠢᠵᠢ ᠪᠥᠷᠢᠳᠦᠭᠦᠯᠬᠦ ᠳᠦᠬᠦᠭᠡᠷᠤᠮᠵᠢ ᠶᠢ ᠰᠡᠯᠪᠢᠨ ᠵᠠᠰᠠᠬᠤ ᠵᠢᠴᠢ ᠪᠠᠴᠢᠮ ᠪᠠᠶᠢᠳᠠᠯ ᠢ  ᠠᠷᠭᠠᠴᠠᠭᠠᠬᠤ ᠤᠰᠤ ᠬᠠᠩᠭᠠᠬᠤ ᠪᠠᠲᠤᠯᠠᠭ᠎ᠠ ᠶᠢ ᠡᠬᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ  ᠰᠢᠢᠳᠪᠤᠷᠢᠯᠡᠨ᠎ᠠ᠃    ᠲᠦᠷᠦᠭᠦᠯᠡᠨ  ᠬᠢᠬᠦ ᠰᠠᠯᠠᠭ᠎ᠠ ᠮᠥᠴᠢᠷ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ    ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ    ᠪᠡᠶᠡᠯᠡᠭᠦᠯᠬᠦ ᠴᠠᠭ ᠤᠨ  ᠬᠢᠵᠠᠭᠠᠷᠯᠠᠯ᠄  ᠲᠡᠷᠡ ᠳᠠᠷᠤᠶ ᠳᠤᠨᠢ  ᠴᠡᠭᠴᠡᠯᠡᠨ ᠰᠠᠶᠢᠵᠢᠷᠠᠭᠤᠯᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ    ᠲᠦᠷᠪᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ    ᠳᠤᠭᠤᠶᠢᠯᠠᠩ ᠤᠨ ᠳᠠᠷᠤᠭ᠎ᠠ᠄  ᠰᠤᠷᠭᠠᠯᠳᠤ    ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂  ᠬᠤᠰᠢᠭᠤᠨ ᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠴᠢᠦᠶ ᠱᠤ᠋ ᠴᠢᠩ   ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤᠨ ᠤ ᠳᠡᠳ᠋ ᠳᠠᠷᠤᠭ᠎ᠠ    ᠸᠠᠩ ᠵᠢᠩ ᠯᠦᠩ    ᠬᠤᠰᠢᠭᠤᠨ ᠤ  ᠳᠡᠳ᠋ ᠳᠠᠷᠤᠭ᠎ᠠ  ᠶᠠᠩ ᡁᠢ    ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠡᠳ᠋ ᠤᠨ ᠵᠠᠰᠠᠭ ᠤᠨ ᠳᠤᠪᠴᠢᠶᠠᠨ ᠤ ᠳᠠᠷᠤᠭ᠎ᠠ    ᠪᠦᠷᠢᠯᠳᠦᠬᠦᠨ᠄ ᠡᠦ ᠵᠢᠶᠦ᠋ᠨ  ᠹᠧᠩ    ᠪᠤᠷᠤᠳᠤᠬᠤᠢ ᠰᠤᠮᠤᠨ ᠤ ᠳᠠᠷᠤᠭ᠎ᠠ    ᠯᠢᠦ ᠵᠧᠨ ᠯᠢᠨ    ᠱᠢ ᠡᠯ ᠯᠢᠶᠠᠨ ᠴᠧᠩ ᠰᠢᠶᠠᠩ ᠤᠨ ᠳᠠᠷᠤᠭ᠎ᠠ    ᠯᠢ ᠵᠧᠨ ᠬᠤᠸᠠ         ᠨᠤᠸᠠᠨ ᠱᠦᠢ ᠰᠢᠶᠠᠩ ᠤᠨ ᠳᠠᠷᠤᠭ᠎ᠠ    ᠴᠧᠨ ᠰᠠᠨ ᠵᠢᠶᠦ᠋ᠨ    ᠰᠢᠤᠸᠠᠢ ᠵᠢᠶᠠ ᠸᠠᠨ ᠪᠠᠯᠭᠠᠰᠤᠨ ᠤ ᠳᠠᠷᠤᠭ᠎ᠠ    ᠰᠢᠤᠸᠠᠢ ᠰᠢᠨ ᠪᠥᠸᠧ    ᠱᠠᠬᠳᠠᠷ ᠪᠠᠯᠭᠠᠰᠤᠨ ᠤ ᠳᠠᠷᠤᠭ᠎ᠠ    ᠵᠢᠶᠠ ᠶᠢᠩ ᠵᠢᠶᠦ᠋ᠨ   ᠳ᠋ᠡ ᠯᠦ ᠪᠠᠯᠭᠠᠰᠤᠨ ᠤ ᠳᠠᠷᠤᠭ᠎ᠠ    ᠬᠤᠤ ᠵᠠᠨ ᠪᠢᠩ          ᠵᠡᠭᠦᠨᠭᠠᠷ ᠵᠤᠤ ᠪᠠᠯᠭᠠᠰᠤᠨ ᠤ ᠳᠠᠷᠤᠭ᠎ᠠ    ᠹᠦ᠋ ᠢᠦᠢ                    ᠨᠠᠷᠠᠰᠤᠨ ᠪᠠᠯᠭᠠᠰᠤᠨ ᠤ ᠳᠠᠷᠤᠭ᠎ᠠ     ᠰᠤ᠋ ᠯᠢᠨ                  ᠯᠦᠩ ᠺᠧᠤ ᠪᠠᠯᠭᠠᠰᠤᠨ ᠤ ᠳᠠᠷᠤᠭ᠎ᠠ    ᠦ᠋  ᠸᠧᠨ ᠯᠢᠶᠠᠩ      ᠸᠧᠶ ᠵᠢᠶᠠ ᠮᠤᠤ ᠪᠠᠯᠭᠠᠰᠤᠨ ᠤ ᠳᠠᠷᠤᠭ᠎ᠠ  ᠮᠠ ᠹᠦ᠋ ᠱᠧᠩ       ᠯᠠᠨ ᠲᠢᠶᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠳ᠋ᠦᠩ ᠰᠢᠤᠸᠠᠢ ᠹᠧᠩ    ᠰᠢᠩ ᠯᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠼᠦᠢ ᠵᠢᠶᠦ᠋ᠨ    ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠯᠢ  ᠸᠧᠨ ᠴᠢᠤᠸᠠᠨ   ᠶᠢᠩ ᠽᠧ  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠭᠧᠩ ᠪᠥᠸᠧ        ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠲᠠᠪᠤ᠂ ᠠᠵᠢᠯ  ᠤᠨ ᠱᠠᠭᠠᠷᠳᠠᠯᠭ᠎ᠠ    ︵ᠨᠢᠭᠡ︶ ᠤᠯᠤᠰ ᠲᠥᠷᠥ ᠶᠢᠨ ᠵᠣᠭᠰᠣᠴᠠ ᠪᠠᠨ  ᠪᠠᠳᠤᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ᠪᠠ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠥᠬᠦᠶ ᠰᠠᠯᠠᠭ᠎ᠠ ᠮᠥᠴᠢᠷ  ᠲᠣᠰ ᠤᠳᠠᠭᠠᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠶ᠃   ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ  ᠴᠢᠩᠭᠠᠳᠬᠠᠨ᠎ᠠ᠃ ᠲᠦᠷᠦᠭᠦᠯᠡᠨ ᠬᠢᠬᠦ ᠨᠢᠭᠡᠴᠢ᠂ ᠬᠠᠷᠢᠭᠤᠴᠠᠯᠭᠠᠲᠤ ᠨᠢᠭᠡᠴᠢ  ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ  ᠱᠠᠯᠠᠪᠳᠠᠭᠤᠯᠤᠬᠰᠠᠨ ᠪᠠᠶᠢᠴᠠᠭᠠᠯᠳᠠ ᠶᠢᠨ ᠲᠠᠪᠤᠳᠤᠭᠠᠷ  ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠪᠥᠬᠦ ᠶᠠᠪᠤᠴᠠ ᠳᠤ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠶ ᠰᠠᠯᠠᠭ᠎ᠠ ᠮᠥᠴᠢᠷ᠂ ᠪᠣᠳᠠᠲᠠᠶ ᠠᠵᠢᠯᠲᠠᠨ ᠳᠤ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠪᠠᠶᠢᠷᠢᠯᠠᠭᠤᠯᠤᠯᠲᠠ ᠶᠢ ᠬᠡᠷᠡᠭᠵᠢᠭᠦᠯᠬᠦ ᠬᠥᠮᠦᠨ ᠲᠠᠢ᠂ ᠠᠰᠠᠭᠤᠳᠠᠯ ᠢ  ᠰᠢᠢᠳᠪᠤᠷᠢᠯᠡᠬᠦ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠪᠠᠶᠢᠬᠤ ᠶᠢ ᠪᠡᠶᠡᠯᠡᠭᠦᠯᠵᠦ᠂ ᠯᠠᠪᠳᠠᠭᠤᠨ ᠢᠶᠠᠷ ᠠᠬᠢᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠪᠣᠯᠤᠨ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠬᠰᠠᠨ ᠪᠠᠶᠢᠴᠠᠭᠠᠯᠲᠠ ᠶᠢᠨ ᠲᠠᠪᠤᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠥᠰᠦᠯ ᠢ ᠪᠦᠷᠢᠯᠳᠦᠭᠦᠯᠵᠦ᠂ ᠪᠣᠳᠠᠲᠠᠢ ᠠᠰᠠᠭᠤᠳᠠᠯ ᠢ ᠪᠡᠶᠡᠯᠡᠭᠦᠯᠬᠦ ᠴᠠᠭ ᠤᠨ  ᠬᠢᠵᠠᠭᠠᠷᠯᠠᠯ ᠢ ᠲᠣᠳᠣᠷᠬᠠᠶᠢᠯᠠᠵᠤ᠂ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ ᠠᠰᠠᠭᠤᠳᠠᠯ ᠢ ᠴᠠᠭ ᠲᠤᠬᠠᠢ ᠳᠤᠨᠢ ᠳ᠋ᠦᠩᠨᠡᠨ ᠦᠨᠡᠯᠡᠨ ᠵᠢᠱᠢᠵᠦ᠂ ᠨᠡᠶᠢᠲᠡᠯᠢᠭ ᠴᠢᠨᠠᠷᠲᠠᠢ ᠠᠰᠠᠭᠤᠳᠠᠯ ᠪᠠ ᠬᠡᠮ ᠰᠣᠭᠤᠭ ᠤᠨ ᠦᠨᠳᠦᠰᠦ  ᠰᠢᠯᠳᠠᠭᠠᠨ  ᠢ  ᠨᠡᠩ ᠭᠦᠨᠵᠡᠭᠡᠢ ᠵᠠᠳᠠᠯᠤᠨ ᠰᠢᠨᠵᠢᠯᠡᠵᠦ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠠᠵᠢᠯ ᠢ ᠦᠨᠡᠨ ᠪᠣᠳᠠᠲᠠᠢ ᠪᠠᠷ ᠰᠠᠶᠢᠵᠢᠷᠠᠭᠤᠯᠬᠤ ᠬᠡᠷᠡᠭᠲᠡᠢ᠃ ᠵᠡᠬᠦᠠᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ2021 ᠤᠨ ᠤ 9  ᠰᠠᠷ᠎ᠠ ᠶᠢᠨ 3 ᠤ ᠡᠳᠤᠷ ᠳᠠᠷᠤᠮᠠᠯᠯᠠᠨ ᠳᠠᠷᠬᠠᠭᠠᠪᠠ    
ᠢᠷᠡᠯᠲᠡ᠄ ᠲᠤᠰ ᠰᠦᠯᠵᠢᠶ᠎ᠡ