ᠵᠡᠬᠦᠡᠭᠠᠷ ᠵᠠᠰᠠᠭ ᠠᠯᠪᠠᠨ ᠲᠠᠷᠬᠠᠭᠠᠬᠰᠠᠨ〔2021﹈ 72 ᠲᠤᠭᠠᠳᠤ
ᠨᠡᠶᠢᠲᠡᠯᠡᠭᠰᠡᠨ ᠴᠠᠭ᠄
2021/12/29
《ᠵᠡᠬᠦᠡᠭᠠᠷ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠤᠷᠳᠤ ᠬᠤᠭᠤᠴᠠᠭ᠎ᠠ ᠪᠠᠷ ᠪᠠᠳᠤᠯᠠᠬᠤ ᠲᠤᠬᠳᠠᠴᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠡᠷᠡᠭᠵᠢᠬᠦᠯᠬᠦ ᠲᠦᠰᠦᠯ 》 ᠢ ᠲᠠᠷᠤᠮᠠᠯᠯᠠᠨ  ᠲᠠᠷᠬᠠᠭᠠᠬᠤ ᠲᠤᠬᠠᠢ ᠵᠡᠬᠦᠡᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯᠵᠡᠬᠦᠡᠭᠠᠷ ᠤᠨ ᠠᠵᠤ ᠠᠬᠤᠢ ᠶᠢᠨ ᠨᠡᠬᠡᠬᠡᠯᠳᠡ ᠶᠢᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠳ᠋ᠠ ᠯᠤ᠋ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠳᠠ ᠶᠢᠨ ᠵᠦᠪᠯᠡᠯ᠂ ᠡᠯ᠎ᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ᠂  ᠡᠯ᠎ᠡ ᠲᠤᠮᠤ ᠠᠵᠤ ᠠᠬᠤᠶᠢᠯᠠᠯ ᠳᠤ᠄      ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠬᠡᠳ᠂ ᠡᠳᠦᠬᠡ《ᠵᠡᠬᠦᠡᠭᠠᠷ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠤᠷᠳᠤ ᠬᠤᠭᠤᠴᠠᠭ᠎ᠠ ᠪᠠᠷ ᠪᠠᠳᠤᠯᠠᠬᠤ ᠲᠤᠬᠳᠠᠴᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠡᠷᠡᠭᠵᠢᠬᠦᠯᠬᠦ ᠲᠦᠰᠦᠯ 》 ᠢ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠡᠢ ᠲᠠᠢ ᠪᠠᠨ ᠤᠶᠠᠯᠳᠤᠭᠤᠯᠤᠨ᠂ ᠨᠠᠶᠢᠳᠠᠪᠤᠷᠢᠵᠢᠭᠤᠯᠤᠯᠳᠠ ᠶᠢ ᠬᠢᠨᠠᠮᠠᠭᠠᠢ ᠰᠠᠶᠢᠳᠤᠷ ᠠᠳᠬᠤᠰᠤᠭᠠᠢ᠃                                   ᠵᠡᠬᠦᠡᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                                    2021 ᠤᠨ ᠤ 10 ᠰᠠᠷ᠎ᠠ ᠶᠢᠨ 12  ᠤᠨ ᠡᠳᠦᠷ     ᠵᠡᠬᠦᠡᠭᠠᠷ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢ ᠤᠷᠳᠤ ᠬᠤᠭᠤᠴᠠᠭ᠎ᠠ ᠪᠠᠷ ᠪᠠᠳᠤᠯᠠᠬᠤ ᠲᠤᠬᠳᠠᠴᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠡᠷᠡᠭᠵᠢᠬᠦᠯᠬᠦ ᠲᠦᠰᠦᠯᠪᠦᠬᠦ ᠤᠯᠤᠰ ᠤᠨ ᠰᠤᠷᠭᠠᠨ ᠬᠦᠮᠥᠵᠢᠯ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠠᠭᠰᠢᠨᠠᠷ ᠤᠨ ᠴᠠᠯᠢᠩ ᠮᠥᠡᠭᠬᠦ ᠶᠢᠨ ᠤᠯᠭᠤᠮᠵᠢ ᠶᠢ ᠪᠠᠳᠤᠯᠬᠠᠤ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠦ᠂《ᠰᠢᠨ᠎ᠠ ᠴᠠᠭ ᠦᠶ᠎ᠠ ᠶᠢᠨ ᠪᠠᠭᠰᠢ  ᠶᠢᠨ ᠡᠩᠨᠡᠬᠡᠨ ᠤ ᠪᠠᠶᠢᠭᠤᠯᠤᠯᠳᠠ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠬᠠᠢ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ  ᠶᠢᠨ ᠰᠠᠨᠠᠯ》 ︵ᠲᠦᠪ ᠲᠠᠷᠬᠠᠭᠠᠬᠰᠠᠨ ﹇2018﹈ 4 ᠲᠤᠭᠠᠳᠤ︶᠂《ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠴᠢᠨᠠᠬᠰᠢᠳᠠ ᠪᠠᠳᠤᠯᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ》 ︵ᠲᠦᠷᠦ ᠠᠯᠪᠠᠨ ᠲᠠᠷᠬᠠᠭᠠᠬᠰᠠᠨ ﹇2018﹈ 89 ᠲᠤᠭᠠᠳᠤ︶᠂《ᠰᠢᠨ᠎ᠠ ᠴᠠᠭ ᠦᠶ᠎ᠡ ᠶᠢᠨ ᠪᠠᠭᠰᠢ ᠶᠢᠨ ᠡᠩᠨᠡᠬᠡᠨ ᠤ ᠪᠠᠶᠢᠭᠤᠯᠤᠯᠳᠠ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠰᠠᠨᠠᠯ 》 ︵ᠦᠪᠦᠷ  ᠨᠠᠮ ᠲᠠᠷᠬᠠᠭᠠᠬᠰᠠᠨ  ﹇2018﹈ 18 ᠲᠤᠭᠠᠳᠤ︶᠂《ᠤᠷᠳᠤᠰ ᠬᠤᠳᠠ ᠶᠢᠨ ᠰᠢᠨ᠎ᠠ ᠴᠠᠭ ᠦᠶ᠎ᠡ ᠶᠢᠨ ᠪᠠᠭᠰᠢ ᠶᠢᠨ ᠡᠩᠨᠡᠬᠡᠨ ᠤ ᠪᠠᠶᠢᠭᠤᠯᠤᠯᠳᠠ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ  ᠶᠢ ᠬᠡᠷᠡᠭᠵᠢᠬᠦᠯᠬᠦ ᠰᠠᠨᠠᠯ》 ︵ᠤᠷᠳᠤᠰ ᠨᠠᠮ ᠲᠠᠷᠬᠠᠭᠠᠬᠰᠠᠨ ﹇2018﹈ 18 ᠲᠤᠭᠠᠳᠤ︶  ᠪᠠ《ᠵᠡᠬᠦᠡᠭᠠᠷ ᠬᠤᠰᠢᠭᠤᠨ ᠤ ᠰᠢᠨ᠎ᠠ ᠴᠠᠭ ᠦᠶ᠎ᠡ ᠶᠢᠨ ᠪᠠᠭᠰᠢ ᠶᠢᠨ ᠡᠩᠨᠡᠬᠡᠨ ᠤ ᠪᠠᠶᠢᠭᠤᠯᠤᠯᠳᠠ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢ ᠬᠡᠷᠡᠭᠵᠢᠬᠦᠯᠬᠦ ᠰᠠᠨᠠᠯ》 ︵ᠵᠡᠬᠦᠡᠭᠠᠷ  ᠨᠠᠮ ᠲᠠᠷᠬᠠᠭᠠᠬᠰᠠᠨ ﹇2019﹈ 12 ᠲᠤᠭᠠᠳᠤ︶ ᠵᠡᠷᠬᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ  ᠶᠢ ᠦᠨᠳᠦᠰᠦᠯᠡᠵᠦ᠂ ᠮᠠᠨ ᠤ ᠬᠤᠳᠠ ᠶᠢᠨ ᠪᠤᠳᠡᠳᠡᠢ ᠲᠠᠢ ᠤᠶᠠᠯᠳᠤᠭᠤᠯᠤᠨ᠂ ᠲᠤᠰ ᠲᠦᠰᠦᠯ ᠢ  ᠤᠨᠴᠠᠭᠠᠶᠢᠯᠠᠨ ᠲᠤᠭᠳᠠᠭᠠᠪᠠ᠃ᠨᠢᠬᠡ᠂ ᠠᠵᠢᠯᠯᠠᠬᠤ ᠬᠠᠷᠠᠯᠳᠠ     ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠬᠡᠷᠡᠭᠵᠢᠬᠦᠯᠬᠦ ᠲᠤᠬᠠᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠦ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ  ᠪᠠᠭᠰᠢᠨᠠᠷ ᠢ ᠲᠤᠬᠠᠢ ᠶᠢᠨ ᠭᠠᠵᠠᠷ ᠤᠨ  ᠤᠯᠤᠰ ᠤᠨ ᠠᠯᠪᠠᠳᠠᠨ ᠤ ᠴᠠᠯᠢᠩ ᠮᠦᠡᠭᠬᠦ ᠲᠠᠢ ᠠᠳᠠᠯᠢᠳᠬᠠᠨ ᠬᠠᠷᠢᠴᠠᠭᠤᠯᠬᠤ ᠶᠢ ᠲᠤᠳᠤᠷᠬᠠᠶᠢᠯᠠᠵᠦ᠂ ᠬᠠᠤᠯᠢ ᠲᠤᠬᠳᠠᠭᠠᠯ ᠶᠤᠰᠤᠭᠠᠷ ᠠᠯᠪᠠᠨ ᠵᠢᠷᠤᠮ ᠤᠨ  ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠦᠨᠡᠨᠬᠦ  ᠪᠠᠳᠤᠯᠠᠨ᠎ᠠ ᠃ᠬᠤᠶᠠᠷ᠂ ᠬᠡᠷᠡᠭᠵᠢᠬᠦᠯᠬᠦ ᠬᠦᠷᠢᠶ᠎ᠠ ᠴᠠᠷᠠᠭ᠎ᠠ     ᠪᠦᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠱᠠᠳᠤᠨ ᠳᠠᠬᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠠᠵᠢᠯᠯᠠᠵᠦ ᠪᠠᠶᠢᠭ᠎ᠠ ᠪᠠᠭᠰᠢᠨᠠᠷ᠂ ᠲᠠᠭᠠᠤ ᠳᠤᠨᠢ ᠡᠩ ᠤᠨ ᠦᠨᠳᠦᠷ ᠵᠡᠷᠬᠡ ᠶᠢᠨ ᠲᠤᠮᠳᠠᠳᠤ ᠰᠤᠷᠭᠠᠭᠤᠯᠢ᠂ ᠠᠵᠢᠯ ᠮᠡᠷᠬᠡᠵᠢᠯ ᠤᠨ  ᠦᠨᠳᠦᠷ ᠵᠡᠷᠬᠡ ᠶᠢᠨ ᠲᠤᠮᠳᠠᠳᠤ ᠰᠤᠷᠭᠠᠭᠤᠯᠢ᠂ ᠴᠡᠴᠡᠷᠯᠢᠭ ᠵᠡᠷᠬᠡ ᠰᠤᠷᠭᠠᠨ ᠬᠦᠮᠥᠵᠢᠯ ᠤᠨ ᠰᠢᠰᠲ᠋ᠧᠮ ᠤᠨ ᠪᠠᠭᠰᠢᠨᠠᠷ ᠤᠨ ᠴᠠᠯᠢᠩ ᠮᠦᠡᠭᠬᠦ ᠶᠢᠨ ᠲᠡᠰ ᠲᠠᠷᠠᠭᠠᠯᠠᠯ ᠢᠶᠠᠷ ᠬᠡᠷᠡᠭᠵᠢᠬᠦᠯᠬᠦ ᠪᠠᠭᠰᠢ ᠶᠢᠨ ᠴᠠᠯᠢᠩ ᠮᠦᠡᠭᠬᠦ ᠶᠢᠨ ᠤᠯᠭᠤᠮᠵᠢ ᠶᠢ ᠨᠢᠬᠡᠳᠦᠯᠳᠡᠢ ᠲᠦᠯᠦᠪᠵᠢᠬᠦᠯᠦᠨ᠎ᠠ᠃  ᠭᠤᠷᠪᠠ᠂ ᠠᠳᠠᠯᠢᠳᠬᠠᠨ ᠬᠠᠷᠢᠴᠠᠭᠤᠯᠬᠤ ᠡᠳᠡᠬᠡᠳ ᠵᠢᠴᠢ ᠪᠤᠳᠤᠬᠤ ᠠᠷᠭ᠎ᠠ ᠮᠠᠶ᠋ᠢᠭ ︵  ᠨᠢᠬᠡ︶ ᠠᠳᠠᠯᠢᠳᠬᠠᠬᠤ ᠡᠳᠡᠬᠡᠳ᠃ ᠪᠦᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ  ᠢ ᠲᠤᠰ ᠬᠤᠰᠢᠭᠤᠨ  ᠤ  ᠤᠯᠤᠰ ᠤᠨ  ᠠᠯᠪᠠᠳᠠᠨ ᠲᠠᠢ  ᠠᠳᠠᠯᠢᠳᠬᠠᠨ  ᠬᠠᠷᠢᠴᠠᠭᠤᠯᠤᠨ᠎ᠠ᠃  ︵ᠬᠤᠶᠠᠷ︶ ᠴᠠᠯᠢᠩ ᠮᠦᠡᠭᠬᠦ ᠶᠢᠨ ᠲᠦᠷᠦᠯ ᠵᠦᠢᠯ ᠤᠨ ᠪᠤᠳᠤᠬᠤ ᠠᠷᠭ᠎ᠠ ᠮᠠᠶ᠋ᠢᠭ᠃ ᠠᠯᠪᠠᠨ ᠵᠢᠷᠤᠮ ᠤᠨ ᠰᠤᠷᠭᠠᠨ ᠬᠦᠮᠥᠵᠢᠯ ᠤᠨ  ᠪᠠᠭᠰᠢᠨᠠᠷ ᠤᠨ ᠲᠤᠮᠳᠠᠴᠢ ᠴᠠᠯᠢᠩ ᠮᠦᠡᠭᠬᠦ ᠶᠢᠨ ᠬᠢᠷᠢ ᠲᠦᠪᠰᠢᠨ ᠢ ᠪᠤᠳᠤᠬᠤ ᠴᠠᠯᠢᠩ ᠮᠦᠡᠭᠬᠦ ᠶᠢᠨ ᠲᠦᠷᠦᠯ ᠵᠦᠢᠯ ᠳᠤ ᠦᠨᠳᠦᠰᠦᠨ ᠴᠠᠯᠢᠩ ︵ᠠᠵᠢᠯ ᠤᠨ ᠪᠠᠶᠢᠷᠢ ᠶᠢᠨ ᠴᠠᠯᠢᠩ ᠮᠦᠡᠭᠬᠦ᠂ ᠴᠡᠯᠢᠩ ᠤᠨ ᠲᠡᠰ ᠤᠨ ᠤᠯᠭᠤᠮᠵᠢ︶  ᠪᠠ ᠠᠵᠢᠯ ᠤᠨ ᠦᠷ᠎ᠠ ᠪᠦᠳᠦᠮᠵᠢ ᠶᠢᠨ  ᠴᠠᠯᠢᠩ  ︵ᠦᠨᠳᠦᠰᠦᠨ ᠴᠢᠨᠠᠷᠳᠡᠢ ᠦᠷ᠎ᠠ ᠪᠦᠳᠦᠮᠵᠢ ᠪᠠ ᠱᠠᠩᠨᠠᠨ ᠵᠤᠷᠢᠬᠵᠢᠭᠤᠯᠬᠤ ᠴᠢᠨᠠᠷᠳᠡᠢ ᠦᠷ᠎ᠠ ᠪᠦᠳᠦᠮᠵᠢ︶᠂ ᠤᠯᠤᠰ ᠤᠨ  ᠨᠢᠬᠡᠳᠦᠯᠳᠡᠢ ᠨᠡᠮᠡᠷᠢ ᠨᠦᠬᠦᠪᠦᠷᠢ ᠤᠯᠭᠤᠮᠵᠢ ᠪᠠ ᠦᠬᠡᠷᠡᠴᠢᠯᠡᠯᠳᠡ ᠶᠢᠨ ᠴᠢᠨᠠᠷᠳᠡᠢ ᠨᠦᠬᠦᠪᠦᠷᠢ ᠶᠢ ᠪᠠᠭᠳᠠᠭᠠᠵᠦ᠂ ᠠᠯᠪᠠᠳᠠᠨ ᠤ  ᠲᠤᠮᠳᠠᠴᠢ ᠴᠠᠯᠢᠩ ᠮᠦᠡᠭᠬᠦ ᠶᠢᠨ ᠬᠢᠷᠢ ᠲᠦᠪᠰᠢᠨ ᠪᠦᠬᠦᠢ ᠴᠠᠯᠢᠩ ᠮᠦᠡᠭᠬᠦ ᠵᠢᠨ‌‍ᠲ᠋ᠦ᠋ᠷᠦᠯ ᠵᠦᠢᠯ ᠳᠤ ᠦᠨᠳᠦᠰᠦᠨ ᠴᠠᠯᠢᠩ ︵ᠲᠤᠬᠠᠶᠢᠯᠠᠬᠰᠠᠨ ᠠᠵᠢᠯ ᠤᠨ ᠴᠠᠯᠢᠩ ᠪᠠ ᠵᠡᠷᠬᠡ ᠲᠡᠰ ᠤᠨ ᠴᠠᠯᠢᠩ︶᠂  ᠲᠦᠷᠢᠮᠵᠢᠭᠰᠡᠨ ᠴᠢᠨᠠᠷᠳᠡᠢ ᠨᠡᠮᠡᠷᠢ ᠨᠦᠬᠦᠪᠦᠷᠢ ᠮᠦᠡᠭᠬᠦ᠂ ᠤᠯᠤᠰ ᠤᠨ ᠨᠢᠬᠡᠳᠦᠯᠳᠡᠢ ᠨᠡᠮᠡᠷᠢ ᠨᠦᠬᠦᠪᠦᠷᠢ ᠤᠯᠭᠤᠮᠵᠢ᠂ ᠦᠬᠡᠷᠡᠴᠢᠯᠡᠯᠳᠡ ᠶᠢᠨ ᠴᠢᠨᠠᠷᠳᠡᠢ ᠨᠦᠬᠦᠪᠦᠷᠢ ᠪᠠ ᠤᠨ ᠤ ᠡᠴᠦᠰ ᠲᠤ ᠨᠢᠬᠡᠯᠡ ᠤᠯᠭᠤᠬᠤ ᠱᠠᠩᠨᠠᠯ ᠤᠨ ᠮᠦᠡᠭᠬᠦ ᠶᠢ ᠪᠠᠭᠳᠠᠭᠠᠨ᠎ᠠ᠃ᠲᠦᠷᠪᠡ᠂  ᠲᠦᠷᠢᠮ ᠤᠨ ᠪᠠᠳᠤᠯᠠᠭ᠎ᠠ ︵ᠨᠢᠬᠡ︶ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠪᠠᠳᠤᠯᠠᠬᠤ ᠤᠷᠳᠤ ᠬᠤᠭᠤᠴᠠᠭᠠᠨ ᠤ ᠲᠤᠬᠳᠠᠴᠠ  ᠶᠢ ᠪᠤᠢ ᠪᠤᠯᠭᠠᠨ᠎ᠠ᠃ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠪᠠ  ᠠᠯᠪᠠᠳᠠᠨ ᠳᠤ ᠰᠠᠷ᠎ᠠ ᠶᠢᠨ ᠴᠠᠯᠢᠩ ᠤᠨ ᠤᠷᠤᠯᠭ᠎ᠠ ᠶᠢ ᠪᠦᠷᠢᠳᠬᠡᠬᠦ ᠲᠦᠷᠢᠮ ᠢ ᠬᠡᠷᠡᠭᠵᠢᠬᠦᠯᠵᠦ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ‍ᠤᠨ‌‍ᠴᠠᠯᠢᠩ ᠮᠦᠡᠭᠬᠦ ᠶᠢᠨ ᠤᠯᠭᠤᠮᠵᠢ ᠶᠢ ᠪᠠᠳᠤᠯᠠᠬᠤ ᠬᠤᠰᠢᠭᠤᠨ ᠤ ᠲᠤᠰᠬᠠᠢ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠵᠦ᠂  ᠲᠡᠳᠡ ᠵᠢᠯ ᠪᠦᠷᠢ  ᠶᠢᠨ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠠᠴᠠ ᠠᠯᠪᠠᠳᠠᠨ ᠤ ᠴᠠᠯᠢᠩ ᠮᠦᠡᠭᠬᠦ ᠶᠢᠨ ᠰᠠᠯᠠᠭ᠎ᠠ ᠮᠦᠴᠢᠷ  ᠢ ᠬᠠᠷᠢᠭᠤᠴᠠᠬᠰᠠᠨ ᠪᠠ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠠᠵᠢᠯ ᠦᠢᠯᠡᠰ ᠤᠨ ᠪᠠᠶᠢᠭᠤᠯᠭ᠎ᠠ ᠨᠢᠬᠡᠴᠢ ᠶᠢᠨ ᠠᠵᠢᠯᠳᠠᠨ ᠤ ᠴᠠᠯᠢᠩ ᠮᠦᠡᠭᠬᠦ  ᠶᠢᠨ ᠰᠠᠯᠠᠭ᠎ᠠ ᠮᠦᠴᠢᠷ ᠢ ᠬᠠᠷᠢᠭᠤᠴᠠᠬᠰᠠᠨ ᠪᠠᠶᠢᠳᠠᠯ ᠢ ᠦᠢᠯᠠᠭᠠᠵᠦ᠂ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠪᠠ ᠤᠯᠤᠰ  ᠤᠨ ᠠᠯᠪᠠᠳᠠᠨ ᠤ ᠰᠠᠷ᠎ᠠ ᠶᠢᠨ ᠲᠤᠮᠳᠠᠴᠢ ᠴᠠᠯᠢᠩ ᠤᠨ ᠪᠠᠶᠢᠳᠠᠯ ᠢ ᠪᠦᠷᠢᠳᠬᠡᠨ ᠵᠠᠳᠠᠯᠵᠦ᠂ ᠬᠡᠷᠪᠡ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠵᠢᠯ ᠤᠨ ᠲᠤᠮᠳᠠᠴᠢ ᠴᠠᠯᠢᠩ ᠤᠨ ᠤᠷᠤᠯᠭ᠎ᠠ ᠨᠢ ᠠᠯᠪᠠᠳᠠᠨ ᠤ ᠵᠢᠯ ᠤᠨ ᠲᠤᠮᠳᠠᠴᠢ ᠴᠠᠯᠢᠩ ᠤᠨ ᠤᠷᠤᠯᠭ᠎ᠠ ᠠᠴᠠ ᠲᠤᠤᠷ᠎ᠠ ᠪᠠᠶᠢᠬᠤ ᠳᠤ ᠬᠦᠷᠪᠡᠯ᠂ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠪᠠᠳᠤᠯᠠᠬᠤ ᠲᠤᠰᠬᠠᠢ ᠠᠵᠢᠯ ᠤᠨ ᠤᠳᠤᠷᠢᠳᠬᠤ ᠲᠤᠭᠤᠶᠢᠯᠠᠩ  ᠳᠤ ᠲᠠᠷᠤᠢ ᠲᠦᠷᠬᠡᠨ ᠬᠠᠷᠢᠭᠤ ᠮᠡᠳᠡᠬᠦᠯᠵᠦ᠂ ᠤᠳᠤᠷᠢᠳᠬᠤ ᠲᠤᠭᠤᠶᠢᠯᠠᠩ ᠨᠢ ᠬᠠᠮᠢᠶ᠎ᠠ ᠪᠦᠬᠦᠢ ᠠᠷᠭ᠎ᠠ ᠪᠠᠷᠢᠯ ᠢ ᠰᠤᠳᠤᠯᠤᠨ ᠲᠤᠬᠳᠠᠭᠠᠵᠦ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠵᠢᠯ ᠤᠨ ᠴᠠᠯᠢᠩ ᠮᠦᠡᠭᠬᠦ ᠶᠢᠨ ᠤᠷᠤᠯᠭ᠎ᠠ ᠶᠢ  ᠤᠯᠤᠰ ᠤᠨ ᠠᠯᠪᠠᠳᠠᠨ ᠤ ᠵᠢᠯ ᠤᠨ ᠴᠠᠯᠢᠩ ᠮᠦᠡᠭᠬᠦ ᠶᠢᠨ ᠤᠷᠤᠯᠭ᠎ᠠ  ᠠᠴᠠ ᠲᠤᠤᠷ᠎ᠠ ᠪᠠᠶᠢᠯᠭᠠᠬᠤ ᠦᠬᠡᠢ ᠶᠢ ᠪᠠᠳᠤᠯᠠᠨ᠎ᠠ᠃ ︵  ᠬᠤᠶᠠᠷ︶  ᠪᠠᠭᠰᠢ ᠶᠢᠨ ᠴᠠᠯᠢᠩ ᠮᠦᠡᠭᠬᠦ ᠶᠢ ᠬᠦᠳᠡᠯᠦᠩᠬᠦᠢ ᠪᠠᠷ ᠲᠤᠬᠢᠷᠠᠭᠤᠯᠬᠤ ᠲᠤᠬᠳᠠᠴᠠ ᠶᠢ ᠪᠤᠢ ᠪᠤᠯᠭᠠᠨ᠎ᠠ᠃ ᠰᠢᠨ᠎ᠠ ᠴᠠᠭ ᠦᠶ᠎ᠠ ᠶᠢᠨ ᠰᠤᠷᠭᠠᠭᠤᠯᠢ  ᠶᠢᠨ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠦ᠂ ᠪᠠᠭᠰᠢ ᠶᠢᠨ ᠡᠩᠨᠡᠬᠡᠨ ᠤ ᠴᠠᠯᠢᠩ ᠮᠦᠡᠭᠬᠦ ᠶᠢᠨ ᠤᠯᠭᠤᠮᠵᠢ ᠶᠢ ᠴᠢᠨᠠᠬᠰᠢᠳᠠ ᠨᠡᠮᠡᠭᠳᠡᠬᠦᠯᠵᠦ᠂ ᠦᠷᠬᠡᠨ ᠤᠯᠠᠨ ᠪᠠᠭᠰᠢ ᠠᠵᠢᠯᠳᠠᠨ ᠤ ᠠᠵᠢᠯ ᠤᠨ ᠢᠳᠡᠪᠬᠢᠳᠤ ᠴᠢᠨᠠᠷ᠂ ᠰᠠᠨᠠᠭᠠᠴᠢᠯᠠᠭᠠᠳᠤ  ᠴᠢᠨᠠᠷ ᠪᠠ ᠡᠬᠦᠳᠦᠨ ᠪᠦᠳᠦᠬᠡᠬᠦ ᠴᠢᠨᠠᠷ ᠢ ᠬᠦᠢᠴᠡᠳ ᠲᠠᠶᠢᠴᠢᠯᠠᠵᠦ᠂ ᠮᠠᠨ ᠤ ᠬᠤᠰᠢᠭᠤ ᠲᠤᠰ ᠭᠠᠵᠠᠷ ᠤᠷᠤᠨ ᠤ ᠪᠠᠨ ᠠᠵᠤ ᠠᠬᠤᠢ ᠶᠢᠨ ᠬᠦᠭᠵᠢᠯᠳᠠ ᠶᠢᠨ ᠬᠢᠷᠢ ᠲᠦᠪᠰᠢᠨ ᠢ ᠦᠨᠳᠦᠰᠦᠯᠡᠨ᠂ ᠲᠤᠰ ᠭᠠᠵᠠᠷ ᠤᠷᠤᠨ ᠤ ᠤᠯᠤᠰ ᠤᠨ ᠠᠯᠪᠠᠳᠠᠨ ᠤ ᠲᠤᠮᠳᠠᠴᠢ ᠴᠠᠯᠢᠩ ᠮᠦᠡᠭᠬᠦ ᠪᠠᠷ ᠦᠨᠳᠦᠰᠦᠨ ᠵᠢᠷᠤᠮᠯᠠᠯ ᠪᠤᠯᠭᠠᠵᠦ᠂ ᠠᠳᠠᠯᠢ ᠠᠯᠬᠤᠮ ᠢᠶᠠᠷ ᠬᠦᠳᠡᠯᠦᠩᠬᠦᠢ ᠲᠤᠬᠢᠷᠠᠭᠤᠯᠬᠤ ᠶᠢ ᠬᠡᠷᠡᠭᠵᠢᠬᠦᠯᠵᠦ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠲᠤᠮᠳᠠᠴᠢ ᠴᠠᠯᠢᠩ ᠮᠦᠡᠭᠬᠦ ᠶᠢᠨ ᠤᠷᠤᠯᠭ᠎ᠠ ᠶᠢᠨ ᠬᠢᠷᠢ ᠲᠦᠪᠰᠢᠨ ᠢ ᠲᠤᠰ ᠭᠠᠵᠠᠷ ᠤᠷᠤᠨ ᠤ ᠤᠯᠤᠰ ᠤᠨ ᠠᠯᠪᠠᠳᠠᠨ ᠤ ᠲᠤᠮᠳᠠᠴᠢ ᠴᠠᠯᠢᠩ ᠮᠦᠡᠭᠬᠦ ᠶᠢᠨ ᠤᠷᠤᠯᠭ᠎ᠠ ᠶᠢᠨ ᠬᠢᠷᠢ ᠲᠦᠪᠰᠢᠨ ᠠᠴᠠ ᠲᠤᠤᠷ᠎ᠠ  ᠪᠠᠶᠢᠯᠭᠠᠬᠤ ᠦᠬᠡᠢ ᠶᠢ ᠪᠠᠳᠤᠯᠠᠨ᠎ᠠ᠃  ︵  ᠭᠤᠷᠪᠠ︶  ᠪᠠᠭᠰᠢ ᠶᠢᠨ ᠴᠠᠯᠢᠩ ᠮᠥᠡᠭᠬᠦ ᠶᠢ ᠤᠷᠢᠳᠠᠪᠡᠷ ᠤᠯᠭᠤᠬᠤ ᠲᠤᠭᠳᠠᠴᠠ ᠶᠢ ᠪᠤᠢ ᠪᠤᠯᠭᠠᠨ᠎ᠠ᠃ ᠬᠤᠰᠢᠭᠤᠨ ᠤ ᠡᠳ᠋ ᠤᠨ  ᠵᠠᠰᠠᠭ ᠤᠨ ᠲᠤᠪᠴᠢᠶ᠎ᠠ  ᠨᠢ ᠡᠳ᠋ ᠤᠨ ᠵᠠᠰᠠᠭ ᠤᠨ ᠰᠤᠷᠭᠠᠨ ᠬᠦᠮᠥᠵᠢᠯ ᠳᠠᠬᠢ ᠵᠠᠷᠤᠳᠠᠯ ᠤᠨ ᠪᠦᠳᠦᠴᠠ ᠪᠠᠨ ᠰᠢᠯᠢᠳᠡᠭᠵᠢᠬᠦᠯᠵᠦ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ  ᠤᠨ ᠴᠠᠯᠢᠩ ᠮᠥᠡᠭᠬᠦ ᠶᠢ ᠤᠷᠢᠳᠡᠪᠡᠷ ᠭᠠᠷᠭᠠᠵᠦ ᠦᠭᠬᠦᠨ᠎ᠠ᠃ ᠠᠯᠪᠠᠨ ᠵᠢᠷᠤᠮ ᠤᠨ  ᠰᠤᠷᠭᠠᠨ ᠬᠦᠮᠦᠵᠢᠯ ᠤᠨ ᠪᠠᠭᠰᠢᠨᠠᠷ ᠤᠨ ᠴᠠᠯᠢᠩ ᠮᠥᠡᠭᠬᠦ ᠶᠢ ᠪᠠᠳᠤᠯᠠᠵᠦ ᠰᠠᠷ᠎ᠠ ᠪᠦᠷᠢ ᠴᠠᠭ ᠲᠤᠬᠠᠢ ᠳᠤᠨᠢ ᠲᠤᠭ᠎ᠠ ᠨᠤᠷᠮ᠎ᠠ ᠪᠠᠷ ᠨᠢ   ᠤᠯᠭᠤᠬᠤ ᠶᠢ ᠪᠠᠳᠤᠯᠠᠨ᠎ᠠ᠃ ᠲᠠᠪᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠᠬᠤᠰᠢᠭᠤᠨ ᠤ ᠲᠠᠷᠤᠭ᠎ᠠ ᠪᠠᠷ ᠲᠤᠭᠤᠶᠢᠯᠠᠩ ᠤᠨ ᠲᠠᠷᠤᠭ᠎ᠠ ᠪᠤᠯᠭᠠᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠦᠮᠥᠵᠢᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ᠂ ᠪᠠᠶᠢᠡᠭᠭᠤ ᠶᠢᠨ ᠶᠠᠪᠤᠳᠠᠯ ᠤᠨ ᠬᠤᠰᠢᠭᠤᠨ ᠤ ᠲᠡᠳ᠋ ᠲᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠬᠤᠪᠢᠶᠠᠷᠢᠯᠠᠨ ᠬᠠᠮᠢᠶᠠᠷᠬᠤ  ᠬᠤᠰᠢᠭᠤᠨ ᠤ ᠲᠡᠳ᠋ ᠲᠠᠷᠤᠭ᠎ᠠ ᠪᠠᠷ ᠲᠡᠳ᠋ ᠲᠤᠭᠤᠶᠢᠯᠠᠩ ᠤᠨ ᠲᠠᠷᠤᠭ᠎ᠠ ᠪᠤᠯᠭᠠᠵᠦ᠂ ᠬᠤᠰᠢᠭᠤᠨ  ᠤ ᠡᠳ᠋ ᠤᠨ ᠵᠠᠰᠠᠭ ᠤᠨ ᠲᠤᠪᠴᠢᠶ᠎ᠠ᠂ ᠬᠤᠰᠢᠭᠤᠨ ᠤ ᠬᠦᠮᠦᠨ ᠤ ᠬᠦᠴᠦᠨ ᠤ ᠪᠠᠳᠤᠯᠠᠭ᠎ᠠ ᠶᠢᠨ ᠲᠤᠪᠴᠢᠶ᠎ᠠ᠂ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ  ᠤᠨ  ᠲᠤᠪᠴᠢᠶ᠎ᠠ ᠶᠢᠨ ᠭᠤᠤᠯ ᠪᠤᠯᠬᠤ ᠬᠠᠷᠢᠭᠤᠴᠠᠯᠭᠠᠳᠠᠨ ᠢᠶᠠᠷ ᠬᠡᠰᠢᠬᠦᠨ ᠪᠤᠯᠭᠠᠬᠰᠠᠨ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠥᠡᠭᠬᠦ ᠶᠢᠨ ᠤᠯᠭᠤᠮᠵᠢ ᠶᠢ ᠪᠠᠳᠤᠯᠠᠬᠤ ᠲᠤᠰᠬᠠᠢ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠦ᠂ ᠤᠳᠤᠷᠢᠳᠬᠤ ᠲᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠰᠤᠷᠭᠠᠨ ᠬᠦᠮᠥᠵᠢᠯ ᠪᠡᠶ᠎ᠠ ᠲᠠᠮᠢᠷ ᠤᠨ ᠲᠤᠪᠴᠢᠶᠠᠨ ᠳᠤ ᠲᠤᠬᠢᠷᠠᠭᠤᠯᠵᠦ᠂ ᠠᠯᠪᠠᠨ ᠬᠡᠷ ᠤᠨ ᠡᠷᠬᠢᠯᠡᠭᠴᠢ ᠶᠢ ᠬᠤᠰᠢᠭᠤᠨ ᠤ  ᠰᠤᠷᠭᠠᠨ ᠬᠦᠮᠥᠵᠢᠯ ᠪᠡᠶ᠎ᠠ ᠶᠢᠨ ᠲᠠᠮᠢᠷ ᠤᠨ  ᠲᠤᠪᠴᠢᠶ᠎ᠠ ᠶᠢᠨ ᠲᠤᠪᠴᠢᠶᠠᠨ ᠤ ᠲᠠᠷᠤᠭ᠎ᠠ ᠬᠠᠪᠰᠤᠷᠭᠠᠨ ᠡᠬᠦᠷᠬᠡᠯᠡᠵᠦ᠂ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠥᠵᠢᠯ  ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠷᠤᠯᠭ᠎ᠠ ᠶᠢ ᠲᠤᠬᠠᠢ ᠶᠢᠨ ᠭᠠᠵᠠᠷ ᠤᠨ  ᠤᠯᠤᠰ ᠤᠨ ᠠᠯᠪᠠᠳᠠᠨ ᠤ ᠲᠤᠮᠳᠠᠴᠢ ᠴᠠᠯᠢᠩ ᠮᠦᠡᠭᠬᠦ ᠶᠢᠨ ᠬᠢᠷᠢ ᠲᠦᠪᠰᠢᠨ  ᠠᠴᠠ ᠲᠤᠤᠷ᠎ᠠ ᠪᠠᠶᠢᠯᠭᠠᠬᠤ ᠦᠬᠡᠢ ᠶᠢ ᠪᠦᠬᠦ ᠲᠠᠯ᠎ᠠ ᠪᠠᠷ  ᠬᠠᠷᠢᠭᠤᠴᠠᠨ ᠪᠠᠳᠤᠯᠠᠨ᠎ᠠ᠃ ᠠᠵᠢᠯ ᠤᠨ ᠤᠳᠤᠷᠢᠳᠬᠤ ᠲᠤᠭᠤᠶᠢᠯᠠᠩ ᠲᠤᠯᠤᠭᠠᠶᠢᠯᠠᠵᠦ᠂ ᠠᠯᠪᠠᠨ ᠵᠢᠷᠤᠮ  ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠪᠠᠳᠤᠯᠠᠬᠤ ᠶᠢ ᠬᠡᠷᠡᠭᠵᠢᠬᠦᠯᠬᠦ ᠬᠤᠯᠪᠤᠭᠠᠳᠤ ᠬᠤᠷᠠᠯ ᠤᠨ ᠲᠦᠷᠢᠮ ᠢ ᠪᠠᠶᠢᠭᠤᠯᠵᠦ᠂ ᠪᠠᠭᠰᠢᠨᠠᠷ ᠤᠨ ᠴᠠᠯᠢᠩ ᠮᠥᠡᠭᠬᠦ ᠶᠢᠨ ᠤᠯᠭᠤᠮᠵᠢ ᠶᠢᠨ ᠠᠰᠠᠭᠤᠳᠠᠯ ᠢ ᠲᠤᠬᠳᠠᠮᠠᠯ ᠬᠤᠭᠤᠴᠠᠭ᠎ᠠ ᠲᠠᠢ ᠪᠠᠷ ᠰᠤᠳᠤᠯᠤᠨ ᠨᠠᠶᠢᠳᠠᠪᠤᠷᠢᠵᠢᠭᠤᠯᠵᠦ᠂ ᠡᠯ᠎ᠠ ᠬᠤᠯᠪᠤᠬᠳᠠᠯ ᠪᠦᠬᠦᠢ ᠪᠠᠶᠢᠭᠤᠯᠭ᠎ᠠ ᠨᠢᠬᠡᠴᠢ ᠠᠵᠢᠯ ᠤᠨ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠦ  ᠪᠠᠶᠢᠭᠠᠳ ᠰᠠᠨᠠᠭᠠᠴᠢᠯᠠᠭ᠎ᠠ ᠲᠠᠢ ᠠᠵᠢᠯᠯᠠᠬᠤ ᠬᠡᠷᠡᠭᠳᠡᠢ᠃  ︵  ᠨᠢᠬᠡ︶  ᠬᠤᠰᠢᠭᠤᠨ ᠤ ᠰᠤᠷᠭᠠᠨ ᠬᠦᠮᠥᠵᠢᠯ ᠪᠡᠶ᠎ᠠ ᠲᠠᠮᠢᠷ ᠤᠨ ᠲᠤᠪᠴᠢᠶ᠎ᠠ᠃ ᠪᠠᠭᠰᠢ ᠶᠢᠨ ᠡᠩᠨᠡᠬᠡᠨ ᠤ ᠦᠵᠡᠯ ᠰᠠᠨᠠᠭ᠎ᠠ ᠤᠯᠤᠰ ᠲᠦᠷᠦ ᠪᠠ ᠪᠠᠭᠰᠢ ᠶᠢᠨ ᠶᠤᠰᠤ ᠮᠤᠷᠠᠯ ᠪᠠᠭᠰᠢ ᠶᠢᠨ ᠬᠡᠪ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠵᠦ᠂ ᠠᠯᠪᠠᠨ ᠵᠢᠷᠤᠮ ᠤᠨ  ᠰᠤᠷᠭᠠᠨ ᠬᠦᠮᠥᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠪᠠᠳᠤᠯᠠᠬᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠵᠦ᠂ ᠵᠤᠬᠢᠶᠠᠨ ᠪᠠᠶᠢᠭᠤᠯᠬᠤ ᠬᠡᠯᠳᠡᠰ᠂ ᠬᠦᠮᠦᠨ ᠤ ᠬᠦᠴᠦᠨ ᠤ ᠪᠠᠳᠤᠯᠠᠭ᠎ᠠ ᠶᠢᠨ ᠰᠠᠯᠠᠭ᠎ᠠ ᠮᠦᠴᠢᠷ  ᠤᠨ ᠬᠠᠨᠭ᠍ᠭᠠᠬᠰᠠᠨ ᠲᠤᠰ ᠵᠢᠯ ᠤᠨ ᠤᠯᠤᠰ ᠤᠨ ᠠᠯᠪᠠᠳᠠᠨ᠂ ᠠᠯᠪᠠᠨ ᠵᠢᠷᠤᠮ ᠤᠨ ᠰᠤᠷᠭᠠᠨ ᠬᠦᠮᠥᠵᠢᠯ  ᠤᠨ ᠪᠠᠭᠰᠢᠨᠠᠷ ᠤᠨ ᠵᠢᠯ ᠤᠨ ᠲᠤᠮᠳᠠᠴᠢ ᠴᠠᠯᠢᠩ ᠮᠦᠡᠭᠬᠦ  ᠶᠢᠨ ᠤᠷᠤᠯᠭ᠎ᠠ ᠶᠢᠨ ᠲᠤᠭ᠎ᠠ ᠮᠠᠭᠠᠳ ᠲᠠᠢ  ᠠᠳᠠᠯᠢᠳᠬᠠᠨ ᠬᠠᠷᠢᠴᠠᠭᠤᠯᠤᠨ᠎ᠠ᠃  ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ᠃ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ  ᠴᠠᠯᠢᠩ ᠮᠦᠡᠭᠬᠦ ᠶᠢᠨ ᠤᠯᠭᠤᠮᠵᠢ ᠶᠢ ᠪᠠᠳᠤᠯᠠᠬᠤ ᠶᠢ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ ᠶᠢᠨ ᠲᠤᠮᠳᠠᠬᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠵᠦ᠂ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠠᠵᠢᠯ ᠤᠨ ᠦᠷ᠎ᠠ ᠪᠦᠳᠦᠮᠵᠢ ᠶᠢᠨ ᠴᠠᠯᠢᠩ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠵᠦ᠂ ᠡᠳ᠋ ᠤᠨ ᠵᠠᠰᠠᠭ ᠤᠨ ᠬᠤᠷᠠᠮᠳᠤᠭᠤᠯᠤᠨ ᠴᠤᠬᠯᠠᠭᠤᠯᠤᠬᠰᠠᠨ ᠪᠡᠯᠡ ᠮᠦᠡᠭᠬᠦ ᠠᠴᠠ ᠪᠠᠳᠤᠯᠠᠵᠦ ᠤᠯᠭᠤᠨ᠎ᠠ᠃  ︵ᠭᠤᠷᠪᠠ︶ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠬᠤᠰᠢᠭᠤᠨ ᠤ ᠬᠦᠮᠦᠨ ᠤ ᠬᠦᠴᠦᠨ ᠤ  ᠪᠠᠳᠤᠯᠠᠭ᠎ᠠ ᠶᠢᠨ ᠲᠤᠪᠴᠢᠶ᠎ᠠ᠃ ᠴᠠᠯᠢᠩ ᠮᠦᠡᠭᠬᠦ ᠶᠢᠨ ᠤᠯᠭᠤᠮᠵᠢ ᠶᠢᠨ ᠲᠦᠷᠦ ᠶᠢᠨ ᠪᠤᠳᠤᠯᠭ᠎ᠠ᠂ ᠠᠷᠭ᠎ᠠ ᠵᠠᠮ ᠪᠠ ᠪᠠᠷᠢᠮᠵᠢᠶ᠎ᠠ ᠶᠢ  ᠤᠨᠢᠨ ᠲᠡᠭᠡᠷ᠎ᠠ ᠨᠢ ᠤᠨᠤᠪᠴᠢᠳᠡᠢ ᠠᠳᠬᠤᠵᠦ᠂ ᠰᠤᠳᠤᠯᠵᠦ ᠮᠠᠭᠠᠳᠯᠠᠨ ᠵᠠᠳᠠᠯᠬᠤ ᠶᠢ ᠴᠢᠩᠭᠠᠳᠬᠠᠵᠦ᠂ ᠬᠤᠰᠢᠭᠤᠨ ᠤ ᠰᠤᠷᠭᠠᠨ ᠬᠦᠮᠥᠵᠢᠯ ᠪᠡᠶ᠎ᠠ ᠲᠠᠮᠢᠷ ᠤᠨ ᠲᠤᠪᠴᠢᠶ᠎ᠠ ᠳᠤ ᠲᠤᠰ ᠵᠢᠯ ᠤᠨ ᠤᠯᠤᠰ ᠤᠨ ᠠᠯᠪᠠᠳᠠᠨ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠵᠢᠯ ᠤᠨ ᠲᠤᠮᠳᠠᠴᠢ ᠴᠠᠯᠢᠩ ᠮᠦᠡᠭᠬᠦ ᠶᠢᠨ ᠤᠷᠤᠯᠭ᠎ᠠ ᠶᠢᠨ ᠪᠠᠶᠢᠳᠠᠯ ᠢ ᠬᠠᠨᠭ᠍ᠭᠠᠨ᠎ᠠ᠃  ︵ᠲᠦᠷᠪᠡ︶ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠥᠵᠢᠯ ᠢ ᠬᠢᠨᠠᠨ ᠪᠠᠶᠢᠴᠠᠭᠠᠬᠠᠤ ᠵᠦᠪᠯᠡᠯ ᠤᠨ ᠠᠯᠪᠠᠨ ᠬᠡᠷ᠃ ᠠᠯᠪᠠᠨ ᠵᠢᠷᠤᠮ  ᠤᠨ ᠰᠤᠷᠭᠠᠨ ᠬᠦᠮᠥᠵᠢᠯ ᠤᠨ ᠪᠠᠭᠰᠢᠨᠠᠷ ᠤᠨ ᠲᠤᠮᠳᠠᠴᠢ ᠴᠠᠯᠢᠩ ᠮᠦᠡᠭᠬᠦ ᠶᠢᠨ ᠤᠷᠤᠯᠭ᠎ᠠ ᠶᠢᠨ ᠬᠢᠷᠢ ᠲᠦᠪᠰᠢᠨ ᠢ ᠲᠤᠬᠠᠢ ᠶᠢᠨ ᠭᠠᠵᠠᠷ ᠤᠨ ᠤᠯᠤᠰ ᠤᠨ ᠠᠯᠪᠠᠳᠠᠨ ᠤ ᠲᠤᠮᠳᠠᠴᠢ ᠤᠷᠤᠯᠭ᠎ᠠ ᠶᠢᠨ ᠬᠢᠷᠢ ᠲᠦᠪᠰᠢᠨ ᠠᠴᠠ ᠲᠤᠤᠷ᠎ᠠ ᠪᠠᠶᠢᠯᠭᠠᠬᠤ ᠦᠬᠡᠢ   ᠶᠢ ᠬᠡᠷᠡᠭᠵᠢᠬᠦᠯᠦᠭᠰᠡᠨ ᠪᠠᠶᠢᠳᠠᠯ ᠳᠤ ᠬᠢᠨᠠᠨ ᠪᠠᠶᠢᠴᠠᠭᠠᠯᠳᠠ ᠬᠢᠵᠦ᠂ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠤᠨ  ᠴᠠᠯᠢᠩ ᠮᠦᠡᠭᠬᠦ ᠶᠢᠨ ᠤᠯᠭᠤᠮᠵᠢ ᠶᠢ ᠲᠤᠬᠢᠷᠠᠭᠤᠯᠬᠤ ᠰᠠᠨᠠᠯ ᠰᠠᠨᠠᠭᠤᠯᠭ᠎ᠠ ᠪᠠᠨ ᠲᠤᠷᠠᠳᠴᠤ᠂ ᠤᠯᠤᠰ ᠤᠨ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠬᠤ ᠶᠢ ᠪᠠᠳᠤᠯᠠᠨ᠎ᠠ᠃ ᠵᠢᠷᠭᠤᠭ᠎ᠠ᠂ ᠠᠵᠢᠯ ᠤᠨ ᠱᠠᠭᠠᠷᠳᠠᠯᠭ᠎ᠠ ︵  ᠨᠢᠬᠡ︶ ᠰᠤᠷᠤᠯᠴᠠᠯᠭ᠎ᠠ ᠶᠢ ᠴᠢᠩᠭᠠᠳᠬᠠᠵᠦ᠂ ᠲᠠᠨᠢᠯᠳᠠ ᠪᠠᠨ ᠲᠡᠭᠡᠭᠰᠢᠯᠡᠬᠦᠯᠦᠨ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠲᠦᠷᠦ  ᠶᠢᠨ ᠶᠠᠪᠤᠳᠠᠯ ᠤᠨ ᠬᠤᠷᠢᠶ᠎ᠠ ᠶᠢᠨ《ᠰᠢᠨ᠎ᠠ ᠴᠠᠭ ᠦᠶ᠎ᠠ ᠶᠢᠨ ᠪᠠᠭᠰᠢ ᠶᠢᠨ ᠡᠩᠨᠡᠬᠡᠨ ᠤ ᠪᠠᠶᠢᠭᠤᠯᠤᠯᠳᠠ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠬᠠᠢ ᠰᠠᠨᠠᠯ》ᠪᠠ《ᠠᠯᠪᠠᠨ ᠵᠢᠷᠤᠮ ᠤᠨ ᠰᠤᠷᠭᠠᠨ ᠬᠦᠮᠥᠵᠢᠯ ᠤᠨ  ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠴᠢᠨᠠᠬᠰᠢᠳᠠ ᠪᠠᠳᠤᠯᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ》ᠵᠡᠷᠬᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠦ ᠰᠤᠷᠤᠯᠴᠠᠨ᠂ ᠲᠦᠷᠦ ᠶᠢᠨ ᠪᠤᠳᠤᠯᠭ᠎ᠠ ᠶᠢ ᠰᠠᠶᠢᠳᠤᠷ ᠦᠢᠯᠠᠭᠠᠵᠦ᠂ ᠬᠠᠷᠠᠯᠳᠠ ᠪᠠᠨ ᠲᠤᠳᠤᠷᠬᠠᠶᠢᠯᠠᠵᠦ᠂  ᠭᠤᠤᠯᠳᠠᠯᠭ᠎ᠠ ᠶᠢ ᠠᠳᠬᠤᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠠᠭᠰᠢᠨᠠᠷ ᠤᠨ ᠴᠠᠯᠢᠩ ᠮᠦᠡᠭᠬᠦ ᠶᠢᠨ ᠤᠯᠭᠤᠮᠵᠢ ᠶᠢ ᠲᠡᠭᠡᠭᠰᠢᠯᠡᠬᠦᠯᠬᠦ ᠪᠠ ᠪᠠᠳᠤᠯᠠᠬᠤ ᠶᠢᠨ ᠴᠢᠬᠤᠯᠠ ᠠᠴᠢ ᠬᠤᠯᠪᠤᠬᠳᠠᠯ ᠢ ᠬᠦᠢᠴᠡᠳ ᠲᠠᠨᠢᠬᠤ ᠬᠡᠷᠡᠭᠳᠡᠢ᠃  ︵  ᠬᠤᠶᠠᠷ︶ ᠦᠨᠡᠨ ᠠᠴᠠ ᠵᠦᠪ ᠢ ᠡᠷᠢᠵᠦ᠂ ᠪᠠᠷᠢᠮᠵᠢᠶ᠎ᠠ ᠶᠢ ᠠᠳᠬᠤᠨ᠎ᠠ᠃ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠪᠠᠭᠰᠢᠨᠠᠷ ᠪᠠ ᠤᠯᠤᠰ ᠤᠨ ᠠᠯᠪᠠᠳᠠᠨ ᠤ ᠴᠠᠯᠢᠩ ᠮᠦᠡᠭᠬᠦ ᠶᠢᠨ ᠤᠷᠤᠯᠭ᠎ᠠ ᠶᠢᠨ ᠪᠠᠶᠢᠳᠠᠯ ᠢ ᠠᠳᠠᠯᠢᠳᠬᠠᠨ ᠬᠠᠷᠢᠴᠠᠭᠤᠯᠬᠤ ᠠᠷᠭ᠎ᠠ ᠮᠠᠶ᠋ᠢᠭ ᠢ ᠲᠤᠳᠤᠷᠬᠠᠶᠢᠯᠠᠵᠦ᠂ ᠦᠨᠡᠨ ᠠᠴᠠ ᠵᠦᠪ ᠢ ᠡᠷᠢᠬᠦ ᠵᠠᠷᠴᠢᠮ ᠶᠤᠰᠤᠭᠠᠷ᠂ ᠲᠤᠭ᠎ᠠ  ᠪᠠᠷᠢᠮᠳᠠ ᠶᠢᠨ ᠦᠷ᠎ᠠ ᠳ᠋ᠥᠡᠭ ᠢ ᠡᠷᠬᠡᠪᠰᠢ ᠦᠨᠡᠨ ᠪᠤᠳᠠᠳᠡᠢ  ᠪᠠᠶᠢᠯᠭᠠᠵᠦ᠂ ᠬᠠᠭᠤᠷᠮᠠᠭ ᠢᠶᠠᠷ ᠮᠡᠳᠡᠬᠦᠯᠵᠦ᠂ ᠨᠢᠭᠤᠨ ᠲᠠᠯᠳᠠᠯᠠᠬᠤ ᠶᠢ ᠡᠷᠡᠰ ᠬᠤᠷᠢᠬᠯᠠᠨ᠎ᠠ᠃                                   ᠵᠡᠬᠦᠡᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                  2021 ᠤᠨ ᠤ 10 ᠰᠠᠷ᠎ᠠ ᠶᠢᠨ12  ᠤᠨ ᠡᠳᠦᠷ ᠲᠠᠷᠤᠮᠠᠯᠯᠠᠨ ᠲᠠᠷᠬᠠᠭᠠᠪᠠ  
ᠢᠷᠡᠯᠲᠡ᠄ ᠲᠤᠰ ᠰᠦᠯᠵᠢᠶ᠎ᠡ