ᠬᠦᠷᠰᠢ ᠠᠶᠢᠯ ᠳᠤ ᠲᠠᠬᠢᠶᠠᠨ ᠬᠢᠵᠢᠭ ᠳᠡᠯᠭᠡᠷᠡᠪᠡᠯ ᠶᠠᠭᠠᠬᠢᠬᠤ ᠪᠤᠢ
ᠨᠡᠶᠢᠲᠡᠯᠡᠭᠰᠡᠨ ᠴᠠᠭ᠄
2021/12/7
      ᠲᠠᠬᠢᠶᠠᠨ ᠬᠢᠵᠢᠭ ᠪᠣᠯ ᠲᠦᠷᠭᠡᠨ ᠪᠦᠭᠡᠳ ᠳᠤᠭᠰᠢᠨ ᠴᠢᠨᠠᠷ ᠲᠠᠢ ᠬᠠᠯᠳᠠᠪᠤᠷᠢᠲᠤ ᠡᠪᠡᠳᠴᠢᠨ ᠮᠦᠨ᠃       ᠰᠡᠷᠭᠡᠶᠢᠯᠡᠬᠦ ᠠᠷᠭ᠎ᠠ᠄      1. ᠴᠢᠩᠳᠠ ᠪᠢᠲᠡᠭᠦᠮᠵᠢᠯᠡᠨ᠎ᠡ᠃ ᠢᠯᠠᠩᠭᠤᠶ᠎ᠠ ᠠᠶᠢᠯ ᠬᠦᠷᠰᠢ ᠶᠢᠨ ᠬᠢᠨ ᠲᠤᠭᠤᠷᠢᠨ ᠦᠵᠡᠬᠦ ᠶᠢ ᠲᠠᠰᠤ ᠬᠤᠷᠢᠭᠯᠠᠨ᠎ᠠ᠃      2. ᠬᠦᠷᠢᠶᠡᠨ ᠡᠭᠦᠳᠡ ᠪᠠ ᠭᠡᠷ ᠤᠨ ᠡᠭᠦᠳᠡᠨ ᠳᠡᠭᠡᠨ ᠲᠦᠭᠦᠬᠡᠢ ᠴᠤᠬᠤᠢ ᠶᠢᠨ ᠠᠷᠢᠭᠤᠳᠬᠠᠬᠤ ᠤᠩᠭᠤᠴᠠ ᠪᠠᠷᠢᠵᠤ᠂ ᠲᠠᠬᠢᠶᠠᠨ ᠬᠤᠨᠤᠭᠤᠷᠢ ᠳᠤ ᠤᠷᠤᠵᠤ ᠭᠠᠷᠬᠤ ᠳᠠᠭᠠᠨ ᠡᠷᠬᠡᠪᠰᠢ ᠠᠷᠢᠭᠤᠳᠬᠠᠨ᠎ᠠ᠃      3. ᠰᠡᠷᠭᠡᠶᠢᠯᠡᠬᠦ ᠲᠠᠷᠢᠯᠭ᠎ᠠ ᠲᠠᠷᠢᠵᠤ᠂ ᠬᠢᠵᠢᠭ ᠲᠤ ᠨᠡᠷᠪᠡᠭᠳᠡᠭᠰᠡᠨ ᠲᠠᠬᠢᠶ᠎ᠠ ᠶᠢ ᠤᠷᠢᠳᠴᠢᠯᠠᠨ ᠡᠪᠡᠳᠴᠢᠯᠡᠭᠦᠯᠦᠨ ᠰᠢᠢᠳᠪᠦᠷᠢᠯᠡᠵᠦ᠂ ᠡᠷᠡᠭᠦᠯ ᠲᠠᠬᠢᠶ᠎ᠠ ᠶᠢ ᠨᠢ 24~27 ᠴᠠᠭ ᠤᠨ ᠳᠤᠲᠤᠷ᠎ᠠ ᠶᠡᠷᠦᠨᠳᠡᠭᠯᠡᠬᠦ ᠴᠢᠳᠠᠯ ᠲᠠᠢ ᠪᠣᠯᠭᠠᠵᠤ ᠬᠢᠵᠢᠭ ᠠᠴᠠ ᠵᠠᠶᠢᠯᠠᠭᠤᠯᠤᠨ᠎ᠠ᠃      4. ᠬᠢᠵᠢᠭ ᠲᠤ ᠨᠡᠷᠪᠡᠭᠳᠡᠭᠰᠡᠨ ᠲᠠᠬᠢᠶ᠎ᠠ ᠶᠢ ᠴᠠᠭ ᠲᠤᠬᠠᠢ ᠳᠤᠨᠢ ᠲᠤᠰᠠᠭᠠᠷᠯᠠᠵᠤ᠂ ᠪᠤᠯᠠᠬᠤ ᠪᠣᠶᠣ ᠰᠢᠲᠠᠭᠠᠨ᠎ᠠ᠃ ᠰᠢᠩᠭᠡᠯᠢᠭ᠂ ᠲᠡᠵᠢᠭᠡᠯ ᠪᠤᠷᠳᠤᠭᠠᠨ ᠤ ᠬᠡᠷᠡᠭᠰᠡᠯ ᠢ 2% ᠤᠨ ᠬᠤᠵᠢᠷ ᠤᠨ ᠠᠭᠤᠰᠤᠮᠠᠯ ᠢᠶᠠᠷ ᠦᠷᠭᠦᠯᠵᠢ ᠠᠷᠢᠭᠤᠳᠬᠠᠨ᠎ᠠ᠃      5. ᠠᠷᠠᠴᠢᠯᠠᠭ᠎ᠠ ᠲᠡᠵᠢᠭᠡᠯᠭᠡ ᠪᠠᠨ ᠴᠢᠩᠭᠠᠳᠬᠠᠨ ᠲᠠᠬᠢᠶᠠᠨ ᠤ ᠡᠪᠡᠳᠴᠢᠨ ᠡᠰᠡᠷᠭᠦᠴᠡᠬᠦ ᠴᠢᠳᠠᠯ ᠢ ᠨᠢ ᠳᠡᠭᠡᠭᠰᠢᠯᠡᠭᠦᠯᠦᠨ᠎ᠡ᠃ ︵ᠢᠷᠡᠯᠲᠡ᠄ ᠰᠠᠨ᠎ᠠ ᠶᠢᠨ ᠨᠠᠶᠢᠷᠠᠭᠤᠯᠤᠭᠰᠠᠨ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ