ᠰᠠᠭᠠᠯᠢ ᠶᠢᠨ ᠦᠨᠢᠶᠡᠨ ᠤ ᠡᠨᠧᠷᠭᠢ ᠨᠢ ᠶᠠᠭᠤᠨ ᠠᠴᠠ ᠢᠷᠡᠯᠲᠡ ᠲᠠᠢ ᠪᠤᠢ︖ ᠰᠠᠭᠠᠯᠢ ᠶᠢᠨ ᠦᠨᠢᠶᠡᠨ ᠤ ᠭᠤᠤᠯ ᠡᠨᠧᠷᠭᠢ ᠶᠢᠨ ᠢᠷᠡᠯᠲᠡ ᠨᠢ ᠪᠤᠯ | ᠨᠠᠷᠢᠯᠢᠭ ᠪᠦᠳᠦᠭᠦᠯᠢᠭ ᠪᠤᠷᠳᠤᠭ᠎ᠠ ᠳᠠᠬᠢ ᠨᠡᠭᠦᠷᠡᠰᠦ ᠤᠰᠤᠨ ᠤ ᠨᠡᠶᠢᠯᠡᠯᠭᠡ ᠡᠳ᠋ ᠲᠤᠬᠠᠶᠢᠯᠠᠪᠠᠯ ᠰᠢᠷᠬᠡᠭᠯᠢᠭ ᠡᠳ᠋᠂ ᠬᠠᠭᠠᠰ ᠰᠢᠷᠬᠡᠭᠯᠢᠭ ᠡᠳ᠋᠂ ᠵᠢᠮᠢᠰ ᠤᠨ ᠴᠠᠪᠠᠤ᠂ | ᠴᠠᠷᠳᠠᠭᠤᠯ᠂ ᠬᠤᠤᠰ ᠰᠢᠬᠢᠷ ᠪᠤᠯᠤᠨ ᠳᠠᠩ ᠰᠢᠬᠢᠷ ᠵᠡᠷᠭᠡ ᠶᠢ ᠢᠳᠡᠬᠦ ᠠᠴᠠ ᠢᠷᠡᠯᠲᠡ ᠲᠠᠢ᠃ ᠲᠤᠬᠠᠶᠢᠯᠠᠪᠠᠯ ᠨᠠᠷᠢᠯᠢᠭ ᠪᠤᠷᠳᠤᠭ᠎ᠠ ᠳᠤ ᠭᠤᠤᠯ ᠨᠢ ᠡᠷᠳᠡᠨᠢ ᠰᠢᠰᠢ᠂ | ᠬᠡᠪᠡᠭ᠂ ᠪᠤᠭᠤᠳᠠᠢ᠂ ᠠᠷᠪᠠᠢ᠂ ᠬᠤᠰᠢᠭᠤ ᠪᠤᠳᠠᠭ᠎ᠠ᠂ ᠰᠢᠰᠢ᠂ ᠪᠤᠳᠠᠭᠠᠨ ᠤ ᠠᠭ᠎ᠠ ᠵᠡᠷᠭᠡ ᠡᠨᠧᠷᠭᠢ ᠶᠢᠨ ᠪᠤᠷᠳᠤᠭ᠎ᠠ ᠵᠢᠴᠢ ᠪᠤᠷᠴᠠᠭ ᠤᠨ ᠪᠠᠵᠢᠮᠠᠭ᠂ ᠪᠤᠷᠴᠠᠭ ᠤᠨ | ᠰᠢᠭᠠᠷᠤ᠂ ᠭᠠᠶᠢᠮᠤ ᠶᠢᠨ ᠪᠠᠵᠢᠮᠠᠭ᠂ ᠬᠦᠪᠦᠩ ᠤᠨ ᠦᠷ᠎ᠡ ᠶᠢᠨ ᠪᠠᠵᠢᠮᠠᠭ᠂ ᠰᠠᠮᠤᠷ ᠤᠨ ᠰᠢᠭᠠᠷᠤ᠂ ᠨᠠᠷᠠᠨ ᠬᠤᠸᠠᠷ ᠤᠨ ᠦᠷ᠎ᠡ ᠶᠢᠨ ᠰᠢᠭᠠᠷᠤ᠂ ᠬᠤᠮᠠ ᠶᠢᠨ ᠰᠢᠭᠠᠷᠤ | ᠂ ᠵᠢᠭᠠᠰᠤᠨ ᠲᠠᠯᠬ᠎ᠠ᠂ ᠮᠢᠬᠠᠨ ᠤ ᠲᠠᠯᠬ᠎ᠠ ᠵᠡᠷᠭᠡ ᠤᠭᠤᠷᠠᠭᠲᠤ ᠪᠤᠷᠳᠤᠭ᠎ᠠ ᠠᠴᠠ ᠢᠷᠡᠯᠲᠡ ᠲᠠᠢ ᠶᠤᠮ᠃ ᠰᠠᠭᠠᠯᠢ ᠶᠢᠨ ᠦᠨᠢᠶᠡᠨ ᠤ ᠡᠳᠦᠷ ᠤᠨ ᠢᠳᠡᠰᠢᠨ ᠤ | ᠨᠠᠷᠢᠯᠢᠭ ᠮᠠᠲ᠋ᠧᠷᠢᠶᠠᠯ ᠢ ᠨᠦᠬᠦᠪᠦᠷᠢᠯᠡᠨ ᠨᠠᠶᠢᠷᠠᠭᠤᠯᠬᠤ ᠳᠠᠭᠠᠨ ᠡᠳᠡᠭᠡᠷ ᠢ ᠴᠦᠮ ᠰᠤᠩᠭᠤᠨ ᠬᠡᠷᠡᠭᠯᠡᠵᠦ ᠪᠤᠯᠤᠨ᠎ᠠ᠃ ᠲᠡᠵᠢᠭᠡᠯ ᠪᠤᠷᠳᠤᠭᠠᠨ ᠤ ᠳᠦᠭᠦᠬᠡᠢ | ᠮᠠᠲ᠋ᠧᠷᠢᠶᠠᠯ ᠤᠨ ᠲᠦᠷᠦᠯ ᠨᠢ ᠴᠦᠭᠡᠨ ᠪᠠᠶᠢᠵᠤ ᠬᠡᠳᠦ᠋ᠢᠪᠡᠷ ᠶᠠᠰᠤ ᠴᠢᠨᠠᠷ ᠢ ᠨᠢ ᠬᠢᠵᠠᠭᠠᠷᠯᠠᠬᠤ ᠳᠤ ᠳᠦᠭᠦᠮ ᠪᠤᠯᠪᠠᠴᠤ ᠰᠢᠮ᠎ᠡ ᠲᠡᠵᠢᠭᠡᠯ ᠤᠨ ᠲᠡᠩᠴᠡᠭᠦᠷᠢ ᠶᠢ | ᠠᠮᠠᠷᠬᠠᠨ ᠠᠯᠳᠠᠭᠤᠯᠳᠠᠭ᠃ ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠸᠢ ᠨᠠᠷ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ | ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ |