ᠸᠠᠩ ᠯᠢ ᠰᠢᠶᠠ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠶᠡᠭᠡ ᠲᠠᠯ᠎ᠠ ᠳᠤ ᠦᠶᠯᠡᠴᠢᠯᠡᠵᠦ ᠵᠢᠯᠣᠭᠤᠳᠣᠯᠭ᠎ᠠ ᠶᠢ ᠳᠠᠭᠠᠵᠤ ᠰᠢᠳᠦ ᠵᠠᠭᠤᠨ ᠡᠴᠦᠰ ᠲᠤᠨᠢ ᠲᠤᠯᠲᠠᠯ᠎ᠠ ᠲᠡᠮᠡᠴᠡᠵᠦ ᠡᠨᠡ ᠤᠳᠠᠭᠠᠨ ᠤ ᠬᠢᠵᠢᠭ ᠤᠨ ᠪᠠᠶᠢᠳᠠᠯ ᠤᠨ ᠰᠦᠨᠦᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ
ᠨᠡᠶᠢᠲᠡᠯᠡᠭᠰᠡᠨ ᠴᠠᠭ᠄
2021/12/9
     12 ᠰᠠᠷ᠎ᠠ ᠶᠢᠨ 6 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠢᠷᠠᠭᠤᠯᠤᠨ ᠰᠢᠢᠳᠪᠦᠷᠢᠯᠡᠪᠡ᠃ ᠲᠡᠷᠡ᠂ ᠶᠡᠭᠡ ᠲᠠᠯ᠎ᠠ ᠳᠤ ᠦᠢᠯᠡᠴᠢᠯᠡᠵᠦ᠂ ᠵᠢᠯᠤᠭᠤᠳᠤᠯᠭ᠎ᠠ ᠶᠢ ᠳᠠᠭᠠᠵᠤ᠂ ᠰᠢᠳᠤ ᠵᠠᠭᠤᠨ ᠡᠴᠦᠰ ᠲᠤᠨᠢ ᠲᠤᠯᠲᠠᠯ᠎ᠠ ᠲᠡᠮᠡᠴᠡᠵᠦ᠂ ᠡᠨᠡ ᠤᠳᠠᠭᠠᠨ ᠤ ᠬᠢᠵᠢᠭ ᠤᠨ ᠪᠠᠶᠢᠳᠠᠯ ᠤᠨ ᠰᠦᠨᠦᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠬᠠᠮᠤᠭ ᠤᠨ ᠵᠠᠩᠭᠢᠯᠠᠭ᠎ᠠ ᠶᠢᠨ ᠦᠶ᠎ᠡ ᠳᠤ ᠣᠷᠣᠪᠠ᠂ ᠡᠷᠬᠡᠪᠰᠢ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ᠂ ᠯᠠᠪᠳᠠᠭᠤᠨ ᠪᠠᠲᠤᠲᠠᠢ ᠪᠠᠷ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ᠂ ᠪᠦᠬᠦᠨ ᠢ ᠪᠦᠷᠬᠦᠭᠦᠯᠵᠦ ᠥᠨᠴᠥᠭ ᠪᠤᠯᠤᠩ ᠦᠯᠡᠳᠡᠭᠡᠯ ᠥᠬᠡᠶ ᠪᠠᠷ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ︽ᠰᠠᠭᠤᠷᠢ ᠲᠤᠭ᠎ᠠ ᠶᠢ ᠲᠣᠳᠣᠷᠬᠠᠶᠢᠯᠠᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠲᠤᠳᠤᠷᠬᠠᠶᠢᠯᠠᠬᠤ᠂ ᠨᠢᠭᠲᠠ ᠤᠶᠢᠷᠠᠲᠤᠭᠰᠡᠳ ᠢ ᠲᠤᠳᠤᠷᠬᠠᠶᠢᠯᠠᠬᠤ︾ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠦᠯᠢᠭᠡᠷ ᠶᠠᠩᠵᠤ ᠠᠪᠬᠤ᠂ ᠰᠢᠯᠵᠢᠭᠦᠯᠬᠦ᠂ ᠪᠠᠶᠢᠴᠠᠭᠠᠬᠤ ᠶᠢ ᠨᠢᠭᠡ ᠴᠣᠭᠴᠠᠵᠢᠭᠤᠯᠵᠤ᠂ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ᠂ ᠲᠦᠷᠭᠡᠨ ᠦᠯᠢᠭᠡᠷ ᠶᠠᠩᠵᠤ ᠠᠪᠴᠤ ᠲᠦᠷᠭᠡᠨ ᠪᠠᠶᠢᠴᠠᠭᠠᠬᠤ ᠶᠢ ᠦᠨᠡᠨ ᠬᠦ ᠪᠠᠲᠤᠯᠠᠵᠤ᠂ ᠪᠠᠶᠢᠴᠠᠭᠠᠬᠤ ᠶᠣᠰᠣᠲᠠᠶ ᠪᠠᠶᠢᠭᠠᠳ ᠪᠠᠶᠢᠴᠠᠭᠠᠭᠰᠠᠨ ᠥᠬᠡᠶ ᠪᠦᠬᠦ ᠬᠦᠮᠦᠰ ᠲᠤ ᠦᠯᠡᠳᠡᠭᠡᠯ ᠦᠬᠡᠢ ᠪᠠᠶᠢᠴᠠᠭᠠᠯᠲᠠ ᠬᠢᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠷ ᠲᠤᠰᠠᠭᠠᠷᠯᠠᠬᠤ ᠶᠤᠰᠤᠲᠠᠢ ᠶᠢ ᠨᠢ ᠪᠦᠬᠦᠨ ᠢ ᠲᠤᠰᠠᠭᠠᠷᠯᠠᠵᠤ᠂ ᠬᠥᠮᠦᠨ ᠤ ᠲᠤᠭ᠎ᠠ ᠲᠣᠳᠣᠷᠬᠠᠢ᠂ ᠬᠥᠮᠦᠨ ᠬᠠᠷ᠎ᠠ ᠲᠣᠳᠣᠷᠬᠠᠢ᠂ ᠣᠷᠣᠨ ᠪᠠᠶᠢᠷᠢ ᠲᠣᠳᠣᠷᠬᠠᠢ ᠪᠠᠶᠢᠬᠤ ᠶᠢ ᠪᠡᠶᠡᠯᠡᠭᠦᠯᠵᠦ᠂ ᠲᠤᠰᠠᠭᠠᠷᠯᠠᠬᠤ ᠶᠤᠰᠤᠲᠠᠢ ᠪᠠᠶᠢᠭᠠᠳ ᠲᠤᠰᠠᠭᠠᠷᠯᠠᠭᠰᠠᠨ ᠦᠭᠡᠢ ᠪᠦᠬᠦ ᠬᠦᠮᠦᠰ ᠢ ᠦᠯᠡᠳᠡᠬᠡᠯ ᠦᠬᠡᠢ ᠪᠦᠬᠦᠨ ᠢ ᠲᠤᠰᠠᠭᠠᠷᠯᠠᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠵᠢᠷᠤᠮᠵᠢᠯ ᠪᠠᠷᠢᠮᠵᠢᠶ᠎ᠠ ᠪᠠᠷ ᠪᠠᠷᠢᠮᠵᠢᠶᠠᠯᠠᠨ ᠪᠣᠶ ᠪᠥᠬᠦᠶ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠢ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠤᠨ ᠭᠠᠳᠠᠭᠰᠢ ᠲᠠᠷᠬᠠᠨ ᠳᠡᠯᠭᠡᠷᠡᠬᠦ ᠲᠦᠭᠰᠢᠭᠦᠷᠢ ᠡᠭᠦᠰᠭᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭ᠎ᠠ ᠰᠡᠷᠭᠡᠶᠢᠯᠡᠨ ᠦᠬᠦᠨ ᠰᠠᠬᠢᠵᠤ ᠰᠠᠶᠢᠲᠤᠷ ᠠᠳᠬᠤᠵᠤ᠂ ᠬᠦᠴᠦᠨ ᠴᠢᠳᠠᠯ ᠢ ᠨᠢᠭᠡᠳᠦᠯᠲᠡᠢ ᠲᠥᠯᠥᠪᠵᠢᠭᠦᠯᠦᠨ ᠨᠡᠶᠢᠳᠭᠡᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ᠂ ᠨᠢᠭᠲᠠ᠂ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ᠣᠨᠣᠰᠢᠯᠠᠭᠰᠠᠨ ᠡᠪᠡᠳᠴᠢᠲᠡᠨ ᠢ ᠪᠦᠬᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠪᠡᠯᠡᠳᠭᠡᠯ ᠡᠮᠴᠢᠯᠡᠭᠡᠨ ᠤ ᠡᠬᠢ ᠪᠠᠶᠠᠯᠢᠭ ᠢ ᠰᠠᠶᠢᠲᠤᠷ ᠭᠦᠢᠴᠡᠳ ᠪᠡᠯᠡᠳᠭᠡᠨ᠂ ᠠᠷᠠᠳ ᠤᠯᠠᠨ ᠤ ᠠᠮᠢ ᠨᠠᠰᠤ ᠪᠠ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷ ᠲᠦᠷᠦᠭᠦᠯᠡᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠳᠬᠤᠵᠤ᠂ ᠰᠡᠷᠭᠡᠶᠢᠯᠡᠨ ᠡᠵᠡᠮᠳᠡᠬᠦ ᠠᠵᠢᠯ ᠤᠨ ᠬᠤᠷᠳᠤᠴᠠ ᠪᠠ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭ ᠰᠢᠭᠤᠳᠴᠤ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠡ ᠶᠢ ᠲᠦᠷᠭᠡᠨ ᠲᠠᠰᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠠᠬᠢ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ ᠳᠠᠷᠤᠭ᠎ᠠ ᠸᠠᠩ ᠾᠧ ᠱᠧᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠡᠸᠤ ᠶᠠᠩ ᠰᠢᠶᠤᠤ ᠬᠤᠢ᠂ ᠾᠧᠩ ᠰᠢᠶᠤᠤ ᠹᠠᠨ ᠬᠤᠷᠠᠯ ᠳᠤ ᠣᠷᠣᠯᠴᠠᠵᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠠᠬᠢ ᠵᠢᠭᠠᠨ ᠵᠢᠯᠣᠭᠤᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠲᠤᠰᠬᠠᠢ ᠠᠩᠬᠢ ᠶᠢᠨ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ‍