ᠪᠦᠵᠢᠭᠯᠡᠪᠡᠯ ᠦᠳᠡᠯᠬᠦ ᠶᠢ ᠤᠳᠠᠭᠠᠰᠢᠷᠠᠭᠤᠯᠵᠤ ᠪᠤᠯᠤᠨ᠎ᠠ
ᠨᠡᠶᠢᠲᠡᠯᠡᠭᠰᠡᠨ ᠴᠠᠭ᠄
2021/12/9
      ᠠᠮᠧᠷᠢᠺᠠ ᠶᠢᠨ ᠰᠢᠨ᠎ᠠ ᠵᠧᠷᠰᠢ ᠵᠸᠤ ᠶᠢᠨ ᠷᠤᠰᠮᠠᠨ ᠶᠠᠰᠤᠨ ᠤ ᠡᠮᠨᠡᠯᠭᠡ ᠶᠢᠨ ᠰᠤᠳᠤᠯᠭᠠᠨ ᠤ ᠭᠠᠵᠠᠷ ᠤᠨ ᠹᠢᠽᠢᠺ ᠵᠠᠰᠠᠯ ᠢᠶᠠᠷ ᠡᠷᠡᠬᠦᠯᠵᠢᠬᠦᠯᠬᠦ ᠲᠤᠰᠬᠠᠢ ᠮᠡᠷᠭᠡᠵᠢᠯᠳᠡᠨ ᠹᠠᠯᠺᠧᠨ ᠢᠯᠡᠷᠭᠡᠶᠢᠯᠡᠬᠦ ᠳᠡᠭᠡᠨ᠂ ᠪᠦᠵᠢᠭᠯᠡᠪᠡᠯ ᠦᠳᠡᠯᠬᠦ ᠠᠬᠢᠴᠠ ᠶᠢ ᠤᠲᠠᠭᠠᠰᠢᠷᠠᠭᠤᠯᠤᠨ᠎ᠠ᠂ ᠡᠨᠡ ᠨᠢ ᠨᠠᠰᠤᠳᠠᠶᠢᠴᠤᠳ ᠤᠨ ᠡᠷᠡᠬᠦᠯ ᠮᠠᠨᠳᠤ ᠳᠤ ᠦᠨᠡᠨ ᠬᠦ ᠠᠰᠢᠬᠳᠠᠢ᠃ ᠲᠠᠨᠽᠯᠠᠬᠤ ᠪᠤᠯ ᠬᠤᠪᠢ ᠶᠢᠨ ᠪᠡᠶ᠎ᠡ ᠶᠢᠨ ᠬᠥᠨᠳᠤ ᠶᠢ ᠬᠥᠢᠴᠡᠳ ᠠᠰᠢᠭᠯᠠᠬᠤ ᠨᠢᠭᠡ ᠵᠦᠢᠯ ᠤᠨ ᠪᠦᠳᠤᠮᠵᠢᠳᠠᠢ ᠪᠡᠶ᠎ᠡ ᠪᠤᠯᠪᠠᠰᠤᠷᠠᠭᠤᠯᠬᠤ ᠠᠷᠭ᠎ᠠ ᠮᠠᠶ᠋ᠢᠭ ᠮᠦᠨ︔ ᠸᠠᠯᠢᠰ ᠪᠦᠵᠢᠭ ᠨᠢ ᠨᠠᠰᠤᠳᠠᠶᠢᠴᠤᠳ ᠤᠨ ᠵᠢᠷᠤᠭᠡ ᠪᠠ ᠴᠢᠰᠤᠨ ᠰᠤᠳᠠᠯ ᠤᠨ ᠡᠷᠡᠬᠦᠯ ᠮᠠᠨᠳᠤ ᠳᠤ ᠠᠰᠢᠬᠳᠠᠢ ᠶᠤᠮ ᠭᠡᠵᠠᠢ᠃ ᠹᠠᠯᠺᠧᠨ ᠪᠠᠰᠠ ᠴᠢᠬᠤᠯᠠᠴᠢᠯᠠᠬᠤ ᠳᠠᠭᠠᠨ᠂ ᠪᠦᠵᠢᠭᠯᠡᠭᠴᠢ ᠶᠢᠨ ᠵᠠᠪᠠᠯ ᠪᠠᠷᠢᠮᠳᠠᠯᠠᠳᠠᠭ ᠠᠳᠠᠯᠢ ᠪᠤᠰᠤ ᠦᠢᠯᠡ ᠬᠥᠳᠡᠯᠤᠯ ᠨᠢ ᠭᠤᠤᠯᠯᠠᠬᠤ ᠪᠤᠯᠴᠢᠩ ᠤᠨ ᠪᠦᠯᠦᠭ  ᠢ ᠪᠤᠯᠪᠠᠰᠤᠷᠠᠭᠤᠯᠬᠤ ᠳᠤ ᠲᠦᠢᠯ ᠤᠨ ᠴᠢᠬᠤᠯᠠ ᠪᠠᠶᠢᠳᠠᠭ ᠭᠡᠵᠠᠢ᠃ ᠠᠮᠧᠷᠢᠺᠠ ᠶᠢᠨ ︽ᠨᠠᠰᠤᠳᠠᠶᠢᠴᠤᠳ ᠤᠨ ᠡᠪᠡᠳᠴᠢᠨ ᠤ ᠤᠬᠠᠭᠠᠨ ᠬᠢᠭᠡᠳ ᠨᠠᠰᠤᠳᠠᠶᠢᠴᠤᠳ ᠤᠨ ᠠᠨᠠᠭᠠᠬᠤ ᠤᠬᠠᠭᠠᠨ ᠤ ᠲᠠᠩᠰᠠ ᠡᠪᠭᠡᠮᠡᠯ︾ ᠰᠡᠳᠬᠦᠯ ᠳᠤ ᠨᠡᠶᠢᠳᠡᠯᠡᠭᠰᠡᠨ ᠨᠢᠭᠡᠨ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠪᠦᠵᠢᠭ ᠤᠨ ᠪᠤᠯᠪᠠᠰᠤᠷᠠᠭᠤᠯᠤᠯ ᠳᠤ ᠤᠷᠤᠯᠴᠠᠳᠠᠭ ᠪᠡᠶ᠎ᠡ ᠰᠤᠯᠠ ᠨᠠᠰᠤᠳᠠᠶᠢᠴᠤᠳ ᠢ ᠬᠠᠷᠢᠴᠠᠭᠤᠯᠤᠭᠰᠠᠨ ᠲᠤᠭᠤᠶᠢᠯᠠᠩ ᠤᠨ ᠨᠠᠰᠤᠳᠠᠶᠢᠴᠤᠳ ᠲᠠᠢ ᠠᠳᠠᠯᠢᠳᠬᠠᠪᠠᠯ ᠲᠡᠳᠡᠨ ᠤ ᠲᠡᠩᠴᠡᠬᠦᠷᠢᠰᠢᠬᠦᠯᠬᠦ ᠴᠢᠳᠠᠪᠤᠷᠢ ᠨᠢ ᠨᠡᠩ ᠴᠢᠩᠭ᠎ᠠ ᠪᠠᠶᠢᠵᠤ᠂ ᠦᠢᠴᠢᠬᠤ ᠤᠳᠠᠭ᠎ᠠ ᠨᠢ ᠨᠡᠩ ᠴᠦᠭᠡᠨ ᠪᠠᠶᠢᠳᠠᠭ᠃ ᠠᠮᠧᠷᠢᠺᠠ ᠶᠢᠨ ︽ᠰᠢᠨ᠎ᠠ ᠢᠩᠭ᠍ᠯᠠᠨᠳ᠋ ᠤᠨ ᠠᠨᠠᠭᠠᠬᠤ ᠤᠬᠠᠭᠠᠨ ᠤ ᠰᠡᠳᠬᠦᠯ︾ ᠳᠤ ᠨᠡᠶᠢᠳᠡᠯᠡᠭᠰᠡᠨ ᠨᠢᠭᠡᠨ ᠰᠤᠳᠤᠯᠭᠠᠨ ᠳᠤ ᠢᠯᠡᠷᠭᠡᠶᠢᠯᠡᠭᠰᠡᠨ ᠢᠶᠠᠷ᠂ ᠪᠦᠵᠢᠭ ᠪᠤᠯ ᠨᠠᠰᠤᠳᠠᠶᠢᠴᠤᠳ ᠤᠨ ᠮᠡᠨᠡᠭ ᠡᠪᠡᠳᠴᠢᠨ ᠤ ᠲᠦᠭᠰᠢᠬᠦᠷᠢ ᠶᠢ ᠪᠠᠭᠤᠷᠠᠭᠤᠯᠵᠤ ᠲᠠᠶᠢᠯᠬᠦ ᠴᠤᠷ ᠤᠨ ᠭᠠᠭᠴᠠ ᠪᠡᠶ᠎ᠡ ᠶᠢᠨ ᠬᠥᠳᠡᠯᠭᠡᠭᠡᠨ ᠮᠦᠨ᠃ ᠡᠬᠦᠨ ᠠᠴᠠ ᠭᠠᠳᠠᠨ᠎ᠠ᠂ ᠨᠠᠰᠤᠳᠠᠶᠢᠴᠤᠳ ᠪᠦᠵᠢᠭ ᠪᠤᠯᠪᠠᠰᠤᠷᠠᠬᠤ ᠨᠢ ᠮᠦᠨ ᠴᠦ ᠲᠠᠭᠤᠤ ᠬᠥᠭᠵᠢᠮ ᠤᠨ ᠵᠠᠰᠠᠯᠭ᠎ᠠ ᠪᠠ ᠨᠡᠶᠢᠭᠡᠮ  ᠤᠨ ᠬᠠᠷᠢᠯᠴᠠᠭᠠᠨ ᠤ ᠵᠠᠰᠠᠯᠭ᠎ᠠ ᠶᠢᠨ ᠲᠡᠬᠦᠰ ᠰᠠᠶᠢᠬᠠᠨ ᠤᠶᠠᠯᠳᠤᠯ ᠮᠦᠨ᠂ ᠡᠨᠡ ᠨᠢ ᠪᠡᠶ᠎ᠡ ᠶᠢᠨ ᠬᠤᠷᠮᠤᠨ ᠢ ᠨᠡᠩ ᠤᠯᠠᠨ ᠱᠦᠬᠦᠷᠡᠬᠦᠯᠬᠦ ᠳᠤ ᠬᠠᠪᠰᠤᠷᠤᠯᠭ᠎ᠠ ᠪᠤᠯᠵᠤ᠂ ᠬᠥᠮᠤᠨ ᠢ ᠨᠡᠩ ᠪᠠᠶᠠᠷ ᠪᠠᠶᠠᠰᠬᠤᠯᠠᠩᠳᠠᠢ ᠪᠤᠯᠭᠠᠵᠤ ᠴᠢᠳᠠᠳᠠᠭ᠃ ᠪᠦᠵᠢᠭ ᠦᠰᠦᠷᠬᠦ ᠶᠢᠨ ᠪᠡᠶ᠎ᠡ ᠰᠡᠳᠬᠢᠯ ᠳᠤ ᠤᠯᠭᠤᠬᠤ ᠠᠴᠢ ᠲᠤᠰᠠ ᠨᠢ ᠪᠡᠶ᠎ᠡ ᠶᠢ ᠢᠯᠢᠬᠦ  ᠠᠴᠠ ᠨᠢᠭᠡ ᠴᠤ ᠲᠤᠤᠷ᠎ᠠ ᠦᠭᠡᠢ ᠪᠠᠶᠢᠳᠠᠭ᠃
ᠢᠷᠡᠯᠲᠡ᠄ ᠠᠷᠡᠳ ᠤᠨ ᠰᠦᠯᠵᠢᠶ᠎ᠡ