| ︽ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠪᠣᠯᠤᠭᠰᠠᠨ ᠤ ᠬᠤᠪᠢ ᠳᠤ ᠂ ᠪᠢ | ᠬᠦᠳᠡᠭᠡ ᠳᠤᠰᠬᠤᠨ ᠤ ᠬᠦᠮᠤᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠬᠤᠪᠢᠷᠠᠯᠲᠠ ᠶᠢ ᠨᠢᠳᠤ ᠪᠠᠷ ᠢᠶᠠᠨ ᠦᠵᠡᠯ᠎ᠠ ᠂ ᠤᠳᠤᠬᠠᠨ | ᠤ ᠬᠦᠳᠡᠭᠡ ᠲᠣᠰᠬᠤᠨ ᠤ ᠣᠷᠴᠢᠨ ᠲᠣᠭᠤᠷᠢᠨ ᠴᠡᠪᠡᠷᠰᠢᠵᠦ ᠂ ᠲᠠᠷᠢᠶᠠᠴᠢᠳ ᠤᠨ ᠠᠮᠢᠳᠤᠷᠠᠯ ᠤᠨ ᠨᠥᠬᠦᠴᠡᠯ ᠰᠠᠶᠢᠵᠢᠷᠠᠨ ᠂ ᠦᠵᠡᠰᠬᠦᠯᠡᠩᠲᠦ ᠰᠠᠶᠢᠬᠠᠨ | ᠪᠤᠯᠤᠬᠰᠠᠨ ᠮᠦᠷᠳᠡᠭᠡᠨ ᠠᠵᠤ ᠠᠬᠤᠢ ᠨᠢ ᠬᠥᠭᠵᠢᠯᠲᠡ ᠲᠠᠢ ᠪᠤᠯᠵᠤ ᠂ ᠤᠯᠠᠨ ᠲᠦᠮᠡᠨ ᠤ ᠴᠤᠭ ᠵᠢᠪᠬᠤᠭ᠎ᠠ ᠰᠠᠶᠢᠵᠢᠷᠠᠪᠠ ᠂ ᠭᠡᠰᠡᠨ ᠴᠦ ᠬᠤᠳᠠ ᠶᠢᠨ | ᠲᠡᠭᠦᠷᠭᠡ ᠶᠢᠨ ᠠᠭᠤᠯᠵᠠᠷ ᠬᠡᠰᠡᠭ ᠲᠤ ︿ ᠪᠤᠵᠠᠷ ᠳᠤᠷᠠᠪᠠᠷ ᠵᠦᠷᠢᠶᠡᠨ ᠲᠠᠢ ﹀ ᠠᠰᠠᠭᠤᠳᠠᠯ ᠢ ᠮᠥᠨ ᠯᠡ ᠬᠦᠩᠭᠡᠪᠴᠢᠯᠡᠵᠤ ᠪᠣᠯᠬᠤ ᠦᠭᠡᠢ ︾ ᠭᠡᠵᠦ | ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠵᠠᠩ ᠵᠢᠶᠠ ᠭᠧ ᠳ᠋ᠠᠨ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠦᠭᠡᠯᠡᠭᠴᠢ ᠸᠠᠩ ᠵᠧᠨ ᠷᠦᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠳᠤ ᠢᠩᠬᠢᠵᠤ ᠶᠠᠷᠢᠨ᠎ᠠ᠃ | ᠲᠥᠯᠦᠭᠡᠯᠡᠭᠴᠢ ᠸᠠᠩ ᠵᠧᠨ ᠷᠦᠩ ᠬᠡᠯᠡᠬᠦ ᠳᠡᠭᠡᠨ ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠵᠠᠩ ᠵᠢᠶᠠ ᠭᠧ ᠳ᠋ᠠᠨ ᠨᠡᠶᠢᠭᠡᠮ ᠲᠣᠭᠤᠷᠢᠭ ᠤᠨ | ᠬᠠᠭᠤᠴᠢᠨ ᠭᠡᠷ ᠪᠠᠶᠢᠰᠢᠩ ᠤᠨ ᠲᠣᠭᠤᠷᠢᠭ ᠲᠤ ᠣᠲᠣ ᠪᠣᠬᠢᠷ ᠤᠰᠤ ᠶᠢ ᠬᠤᠷᠢᠶᠠᠨ ᠴᠤᠭᠯᠠᠭᠤᠯᠵᠤ ᠭᠠᠳᠠᠬᠰᠢᠯᠠᠭᠤᠯᠬᠤ ᠪᠦᠷᠢᠨ ᠳᠦᠬᠦᠷ ᠰᠢᠰᠲ᠋ᠧᠮ ᠪᠠᠶᠢᠬᠤ | ᠥᠬᠡᠶ ᠪᠤᠯᠬᠤᠷ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠭᠠᠳᠠᠭᠰᠢᠯᠠᠭᠤᠯᠬᠤ ᠪᠦᠳᠦᠬᠦᠯᠢᠭ ᠠᠷᠭ᠎ᠠ ᠮᠠᠶ᠋ᠢᠭ ᠨᠢ ᠶᠡᠬᠡᠩᠬᠢ ᠠᠮᠢᠳᠤᠷᠠᠯ ᠤᠨ | ᠤᠬᠢᠶᠠᠯᠭ᠎ᠠ ᠶᠢᠨ ᠤᠰᠤ ᠪᠣᠯᠤᠨ ᠬᠤᠭᠤᠯᠠᠨ ᠬᠡᠷ ᠤᠨ ᠬᠠᠶᠠᠭᠳᠠᠮᠠᠯ ᠤᠰᠤ ᠵᠢᠴᠢ ᠬᠡᠰᠡᠭ ᠰᠤᠯᠠ ᠲᠡᠵᠢᠭᠡᠵᠦ ᠪᠠᠶᠢᠭ᠎ᠠ ᠮᠠᠯ ᠵᠢᠭᠦᠷᠲᠡᠨ ᠤ ᠪᠠᠭᠠᠰᠤ | ᠰᠢᠭᠡᠰᠦ ᠶᠢ ᠰᠢᠭᠤᠳ ᠭᠠᠵᠠᠷ ᠳᠣᠤᠷ᠎ᠠ ᠨᠡᠪᠴᠢᠭᠦᠯᠬᠦ ᠪᠤᠶᠤ ᠭᠤᠤ ᠰᠤᠪᠠᠭ ᠂ ᠵᠠᠮ ᠳᠡᠭᠡᠷ᠎ᠠ ᠭᠡᠭᠡᠳᠡᠭ ᠪᠠᠶᠢᠨ᠎ᠠ ᠃ ᠡᠭᠦᠨ ᠠᠴᠠ ᠪᠣᠯᠤᠭᠰᠠᠨ | ᠠᠮᠢᠳᠤᠷᠠᠯ ᠤᠨ ᠪᠣᠬᠢᠷ ᠤᠰᠤ ᠤᠷᠤᠰᠬᠤ ᠪᠠ ᠭᠠᠵᠠᠷ ᠳᠣᠤᠷ᠎ᠠ ᠨᠡᠪᠴᠢᠵᠦ ᠭᠤᠭᠤᠵᠢᠬᠤ ᠵᠡᠷᠭᠡ ᠠᠰᠠᠭᠤᠳᠠᠯ ᠨᠢ ᠠᠮᠢᠳᠤᠷᠠᠯ ᠤᠨ ᠣᠷᠴᠢᠨ ᠲᠣᠭᠤᠷᠢᠨ ᠢ | ᠮᠠᠭᠤᠳᠠᠭᠤᠯᠵᠤ ᠪᠠᠶᠢᠬᠤ ᠪᠠᠷ ᠪᠠᠷᠠᠬᠤ ᠥᠬᠡᠶ ᠂ ᠪᠠᠰᠠ ᠠᠮᠤᠷ ᠲᠦᠪᠰᠢᠨ ᠤ ᠳᠠᠯᠳᠠ ᠬᠡᠮ ᠢ ᠪᠣᠶ ᠪᠣᠯᠭᠠᠵᠤ ᠂ ᠭᠠᠵᠠᠷ ᠤᠨ ᠭᠠᠳᠠᠷᠭᠤ ᠵᠢᠴᠢ ᠭᠠᠵᠠᠷ | ᠳᠣᠤᠷᠠᠬᠢ ᠤᠰᠤ ᠶᠢ ᠠᠮᠠᠷᠬᠠᠨ ᠪᠣᠬᠢᠷᠲᠤᠭᠤᠯᠳᠠᠭ ᠪᠠᠶᠢᠨ᠎ᠠ ᠭᠡᠵᠡᠢ ᠃ | ᠸᠠᠩ ᠵᠧᠨ ᠷᠦᠩ ᠰᠠᠨᠠᠭᠤᠯᠬᠤ ᠳᠠᠭᠠᠨ ᠂ ᠬᠥᠳᠡᠭᠡ ᠲᠣᠰᠬᠤᠨ ᠤ ᠣᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ | ᠬᠤᠲᠠ ᠬᠥᠳᠡᠭᠡ ᠶᠢᠨ ᠠᠭᠤᠯᠵᠠᠷ ᠬᠡᠰᠡᠭ ᠂ ᠬᠥᠳᠡᠭᠡ ᠲᠣᠰᠬᠤᠨ ᠤ ᠲᠥᠪᠯᠡᠷᠡᠨ ᠰᠠᠭᠤᠷᠢᠰᠢᠭᠰᠠᠨ ᠬᠡᠰᠡᠭ ᠣᠷᠣᠨ ᠤ ᠪᠣᠬᠢᠷ ᠤᠰᠤ ᠶᠢ ᠬᠤᠭᠤᠯᠠᠢ | ᠲᠣᠤᠷ ᠲᠤ ᠨᠡᠶᠢᠯᠡᠭᠦᠯᠦᠨ ᠥᠭᠡᠷᠡᠴᠢᠯᠡᠬᠦ ᠠᠵᠢᠯ ᠢ ᠠᠬᠢᠭᠤᠯᠵᠤ ᠂ ᠨᠢᠭᠡᠳᠦᠯᠲᠡᠶ ᠲᠥᠯᠥᠪᠵᠢᠭᠦᠯᠤᠨ ᠂ ᠨᠢᠭᠡᠳᠦᠯᠲᠡᠶ ᠪᠥᠲᠥᠭᠡᠨ ᠪᠠᠶᠢᠭᠤᠯᠵᠤ ᠂ | ᠨᠢᠭᠡᠳᠦᠯᠲᠡᠶ ᠬᠠᠮᠢᠶᠠᠷᠬᠤ ᠬᠡᠷᠡᠭᠲᠡᠶ ︔ ᠠᠶᠢᠯ ᠲᠣᠰᠬᠤᠨ ᠤ ᠠᠷᠢᠭᠤᠨ ᠴᠡᠪᠡᠷ ᠢ ᠬᠠᠮᠠᠭᠠᠯᠠᠬᠤ ᠲᠦᠷᠢᠮ ᠢ ᠪᠠᠶᠢᠭᠤᠯᠵᠤ ᠂ ᠬᠤᠭ ᠨᠣᠪᠰᠢ ᠶᠢ ᠲᠦᠷᠦᠯ | ᠬᠤᠪᠢᠶᠠᠬᠤ ᠪᠠ ᠡᠬᠢ ᠪᠠᠶᠠᠯᠢᠭ ᠢ ᠪᠤᠴᠠᠭᠠᠨ ᠠᠰᠢᠬᠯᠠᠬᠤ ᠲᠦᠷᠢᠮ ᠢ ᠬᠡᠷᠡᠭᠵᠢᠭᠦᠯᠪᠡᠯ ᠵᠤᠬᠢᠨ᠎ᠠ︔ ᠬᠥᠳᠡᠭᠡ ᠲᠣᠰᠬᠤᠨ ᠤ ᠠᠷᠢᠭᠤᠨ ᠴᠡᠪᠡᠷ ᠤᠨ ᠪᠠᠷᠢᠯᠭ᠎ᠠ | ᠶᠢ ᠠᠬᠢᠭᠤᠯᠵᠤ ᠂ ᠣᠷᠴᠢᠨ ᠲᠣᠭᠤᠷᠢᠨ ᠢ ᠵᠠᠰᠠᠬᠤ ᠪᠥᠲᠥᠭᠡᠨ ᠪᠠᠶᠢᠭᠤᠯᠤᠯᠲᠠ ᠬᠢᠵᠦ ᠂ ᠵᠠᠰᠠᠭ ᠵᠠᠬᠢᠷᠭᠠᠨ ᠤ ᠳᠤᠰᠬᠤᠨ ᠢᠶᠠᠷ ᠨᠢᠭᠡᠴᠢ ᠪᠣᠯᠭᠠᠨ ᠂ | ᠲᠣᠰᠬᠤᠨ ᠳᠠᠷᠠᠭᠠᠯᠠᠨ ᠠᠬᠢᠭᠤᠯᠵᠤ ᠂ ᠭᠤᠤ ᠰᠤᠪᠠᠭ ᠂ ᠭᠤᠤᠯ ᠤᠨ ᠵᠠᠮ ᠂ ᠵᠠᠰᠠᠮᠠᠯ ᠵᠠᠮ ᠳᠠᠭᠠᠤ ᠶᠢᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠬᠦ | ᠭᠡᠷᠡᠭᠳᠡᠢ ᠭᠡᠵᠡᠢ ᠃ |